ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠪᠤᠭᠤᠲᠤ ᠬᠣᠲᠠ᠄ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠎ᠨᠢ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠦᠷᠦᠯ᠎ᠤᠨ ᠪᠠᠶ᠋ᠢᠴᠠᠭ᠋ᠠᠨ ᠰᠡᠯᠪᠢᠨ ᠵᠠᠰᠠᠬᠤ ᠵᠡᠷᠭᠡ ᠬᠡᠪ᠎ᠤᠨ ᠪᠤᠰᠤ ᠦᠢ᠍ᠯᠡᠳᠪᠦᠷᠢᠯᠡᠯ᠎ᠤᠨ ᠠᠵᠢᠯᠯᠠᠭ᠋ᠠᠨ᠎ᠤ ᠭᠣᠭᠴᠣᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠶ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-24

    ᠡᠨᠳᠡᠯ᠎ᠠᠴᠠ ᠭᠦᠨᠵᠡᠭᠡᠶ ᠰᠤᠷᠭ᠋ᠠᠮᠵᠢ ᠠᠪᠴᠤ᠂ ᠪᠥᠬᠥ ᠬᠣᠲᠠ ᠵᠢᠨ ᠠᠵᠤ  ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠠᠶᠤᠯ ᠥᠬᠡᠶ ᠦᠢ᠍ᠯᠡᠳᠪᠦᠷᠢᠯᠡᠯ ᠎ᠤᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 4 ᠰᠠᠷ᠎ᠠ ᠵᠢᠨ 17᠎ᠤ ᠡᠳᠦᠷ᠂ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠪᠠᠶ᠋ᠢᠴᠠᠭ᠋ᠠᠨ ᠰᠡᠯᠪᠢᠨ ᠵᠠᠰᠠᠬᠤ ᠵᠡᠷᠭᠡ ᠬᠡᠪ᠎ᠤᠨ ᠪᠤᠰᠤ ᠦᠢ᠍ᠯᠡᠳᠪᠦᠷᠢᠯᠡᠯ ᠎ᠤᠨ ᠠᠵᠢᠯᠯᠠᠭ᠋ᠠᠨ᠎ᠤ ᠭᠣᠭᠴᠣᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠶ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠪᠠᠶ᠋ᠢᠷᠢᠯᠠᠭᠤᠯᠤᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠲᠠᠨ ᠬᠤᠷᠠᠯ᠎ᠳᠤ ᠣᠷᠣᠯᠴᠠᠪᠠ᠃
     ᠬᠤᠷᠠᠯ᠎ᠠᠴᠠ 2025 ᠣᠨ᠎ᠠᠴᠠ ᠨᠠᠭ᠋ᠠᠰᠢᠬᠢ ᠪᠤᠭᠤᠲᠤ ᠬᠣᠲᠠ ᠵᠢᠨ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠳᠤ ᠭᠠᠷᠤᠭᠰᠠᠨ ᠦᠢ᠍ᠯᠡᠳᠪᠦᠷᠢᠯᠡᠯ ᠎ᠤᠨ ᠠᠮᠤᠷ ᠲᠦᠪᠰᠢᠨ᠎ᠤ ᠡᠨᠳᠡᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠣᠶ᠋ᠢᠷ᠎ᠠ ᠵᠢᠨ ᠭᠤᠷᠪᠠᠨ ᠵᠢᠯ᠎ᠤᠨ ᠲᠤᠷᠰᠢᠬᠢ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠦᠢ᠍ᠯᠡᠳᠪᠦᠷᠢᠯᠡᠯ ᠎ᠤᠨ ᠠᠮᠤᠷ ᠲᠦᠪᠰᠢᠨ᠎ᠤ ᠡᠨᠳᠡᠯ᠎ᠤᠨ ᠣᠨᠴᠠᠯᠢᠭ᠎ᠢ ᠳ᠋ᠦᠩᠨᠡᠨ ᠵᠠᠳᠠᠯᠵᠤ᠂ ᠣᠳᠣᠬᠠᠨ᠎ᠤ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠠᠶᠤᠯ ᠥᠬᠡᠶ ᠦᠢ᠍ᠯᠡᠳᠪᠦᠷᠢᠯᠡᠯ ᠎ᠤᠨ ᠠᠵᠢᠯ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠡᠮᠬᠢᠯᠡᠪᠡ᠃ ᠬᠤᠷᠠᠯ᠎ᠳᠤ ᠣᠷᠣᠯᠴᠠᠭᠰᠠᠳ ᠠᠵᠤ ᠦᠢ᠍ᠯᠡᠳᠪᠦᠷᠢ ᠠᠷᠠᠯᠵᠢᠶᠠᠨ᠎ᠤ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠬᠡᠷᠬᠢᠨ ᠪᠣᠳᠠᠲᠠᠶ᠋ᠢᠵᠢᠭᠤᠯᠬᠤ᠂ ᠪᠠᠶ᠋ᠢᠴᠠᠭ᠋ᠠᠨ ᠵᠠᠰᠠᠬᠤ ᠵᠡᠷᠭᠡ ᠬᠡᠪ᠎ᠤᠨ ᠪᠤᠰᠤ ᠦᠢ᠍ᠯᠡᠳᠪᠦᠷᠢᠯᠡᠯ ᠎ᠤᠨ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠠᠶᠤᠯᠭᠦᠶ ᠦᠢ᠍ᠯᠡᠳᠪᠦᠷᠢᠯᠡᠯ ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ 《23456》 ᠠᠵᠢᠯ᠎ᠤᠨ ᠠᠷᠭ᠎ᠠ ᠬᠡᠮᠵᠢᠶ᠎ᠡ ᠵᠡᠷᠭᠡ ᠠᠵᠢᠯ᠎ᠤᠨ ᠲᠣᠭᠣᠷᠢᠨ᠎ᠳᠤ ᠰᠤᠳᠤᠯᠤᠨ ᠶᠠᠷᠢᠯᠴᠠᠪᠠ᠃

 

1111.png

    ᠬᠤᠷᠠᠯ᠎ᠠᠴᠠ ᠱᠠᠭ᠋ᠠᠷᠳᠠᠭᠰᠠᠨ᠎ᠨᠢ᠂ ᠬᠣᠶᠠᠳᠤᠭ᠋ᠠᠷ ᠤᠯᠠᠷᠢᠯ ᠪᠣᠯ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠦᠢ᠍ᠯᠡᠳᠪᠦᠷᠢᠯᠡᠯ ᠎ᠤᠨ ᠠᠮᠤᠷ ᠲᠦᠪᠰᠢᠨ᠎ᠤ ᠠᠳᠠᠯ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠂ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠵᠢᠷᠭᠤᠭ᠋ᠠᠨ   ᠵᠦᠢ᠍ᠯ᠎ᠤᠨ ᠠᠵᠢᠯ᠎ᠢ ᠡᠷᠬᠡᠪᠰᠢ ᠲᠡᠷᠡ ᠬᠡᠪ ᠵᠶ᠋ᠠᠷ᠎ᠨᠢ ᠰᠠᠶ᠋ᠢᠲᠤᠷ ᠬᠢᠬᠦ ᠬᠡᠷᠡᠭᠲᠡᠶ᠃ ᠨᠢᠭᠡ᠎ᠳᠤ᠂ ᠡᠷᠬᠡᠪᠰᠢ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠡᠷᠬᠡᠪᠰᠢ ᠠᠶᠤᠯᠭᠦᠶ ᠦᠢ᠍ᠯᠡᠳᠪᠦᠷᠢᠯᠡᠯ ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ 《23456》 ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ ᠬᠢᠵᠦ᠂ ᠳᠠᠭ᠋ᠠᠭ᠋ᠠᠴᠢᠯᠠᠨ ᠬᠠᠷᠢᠯᠴᠠᠬᠤ ᠠᠵᠢᠯᠲᠠᠨ ᠡᠳᠦᠷ ᠪᠦᠷᠢ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠬᠠᠪᠰᠤᠷᠤᠨ ᠲᠡᠳᠬᠦᠵᠦ᠂ 《ᠨᠢᠭᠡ ᠠᠵᠤ ᠠᠬᠤᠶ᠋ᠢᠯᠠᠯ᠎ᠳᠤ ᠨᠢᠭᠡ ᠲᠠᠩᠰᠠ》 ᠵᠢᠨ ᠡᠬᠡ ᠲᠠᠩᠰᠠ ᠵᠢ ᠪᠠᠶ᠋ᠢᠭᠤᠯᠵᠤ᠂ 《ᠭᠤᠷᠪᠠᠨ ᠱᠠᠲᠤ ᠲᠠᠰ》 《ᠳᠥᠷᠪᠡᠨ   ᠵᠦᠢ᠍ᠯ᠎ᠤᠨ ᠪᠠᠲᠤᠯᠠᠭ᠎ᠠ》 ᠵᠢᠨ ᠭᠤᠤᠯᠳᠠᠯᠭ᠎ᠠ᠎ᠲᠠᠢ ᠠᠭᠤᠯᠭ᠎ᠠ ᠵᠢ ᠰᠠᠶ᠋ᠢᠲᠤᠷ ᠠᠳᠬᠤᠵᠤ᠂ ᠠᠵᠤ ᠠᠬᠤᠶ᠋ᠢᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠭᠤᠷᠪᠠ᠎ᠳᠤ ᠪᠥᠬᠥ ᠬᠣᠲᠠ ᠵᠢᠨ ᠠᠵᠤ ᠦᠢ᠍ᠯᠡᠳᠪᠦᠷᠢ ᠠᠷᠠᠯᠵᠢᠶ᠎ᠠ ᠠᠵᠤ ᠠᠬᠤᠶ᠋ᠢᠯᠠᠯ᠎ᠤᠨ ᠪᠠᠶ᠋ᠢᠴᠠᠭ᠋ᠠᠨ ᠵᠠᠰᠠᠬᠤ ᠵᠡᠷᠭᠡ ᠬᠡᠪ᠎ᠤᠨ ᠪᠤᠰᠤ   ᠦᠢ᠍ᠯᠡᠳᠪᠦᠷᠢᠯᠡᠯ᠎ᠤᠨ ᠠᠵᠢᠯᠯᠠᠭ᠋ᠠᠨ᠎ᠤ ᠭᠣᠭᠴᠣᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠶ ᠲᠥᠷᠥᠯ ᠵᠶ᠋ᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠡᠷᠬᠡᠪᠰᠢ ᠳᠠᠷᠤᠶ ᠲᠦᠷᠭᠡᠨ ᠥᠷᠨᠢᠭᠦᠯᠵᠦ᠂ ᠠᠵᠤ ᠠᠬᠤᠶ᠋ᠢᠯᠠᠯ᠎ᠤᠨ ᠪᠠᠶ᠋ᠢᠴᠠᠭ᠋ᠠᠨ ᠬᠠᠮᠠᠭ᠋ᠠᠯᠠᠵᠤ ᠠᠵᠢᠯᠯᠠᠭᠰᠠᠨ ᠪᠠᠶ᠋ᠢᠳᠠᠯ᠎ᠳᠤ ᠡᠳᠦᠷ ᠪᠦᠷᠢ ᠲᠣᠬᠢᠷᠠᠭᠤᠯᠤᠯᠲᠠ ᠬᠢᠵᠦ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠪᠠᠶ᠋ᠢᠳᠠᠯ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠡᠨᠳᠡᠯ ᠭᠠᠷᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃ ᠲᠦᠷᠪᠡ᠎ᠳᠤ᠂ ᠡᠷᠬᠡᠪᠰᠢ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠦᠴᠦᠨ᠎ᠢ ᠪᠦᠬᠦ ᠲᠠᠯ᠎ᠠ᠎ᠪᠠᠷ ᠲᠠᠢ᠍ᠢ᠍ᠴᠢᠯᠠᠵᠤ᠂ ᠤᠯᠠᠨ ᠲᠠᠯ᠎ᠠ ᠵᠢᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠰᠢᠶᠠᠩ ᠪᠠᠯᠭ᠋ᠠᠰᠤ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ ᠵᠡᠷᠭᠡ ᠡᠯ᠎ᠡ ᠱᠠᠲᠤᠨ᠎ᠤ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠬᠥᠨᠳᠡᠯᠡᠨ ᠵᠶ᠋ᠠᠷ ᠬᠣᠯᠪᠣᠭ᠋ᠠᠯᠠᠨ ᠬᠥᠳᠡᠯᠦᠯᠴᠡᠭᠰᠡᠨ᠂ ᠭᠤᠯᠳᠤ᠎ᠪᠠᠷ ᠨᠡᠪᠲᠡᠷᠡᠭᠰᠡᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠲᠠᠪᠤ᠎ᠳᠤ᠂ ᠡᠷᠬᠡᠪᠰᠢ ᠰᠢᠰᠲ᠋ᠧᠮᠲᠦ ᠰᠡᠳᠬᠢᠬᠦᠢ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠦᠬᠦ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ ᠶᠡᠬᠡ ᠵᠢ ᠠᠳᠬᠤᠭ᠋ᠠᠳ ᠪᠠᠭ᠎ᠠ ᠵᠢ ᠦᠯᠦ ᠲᠠᠯᠪᠢᠬᠤ ᠵᠠᠷᠴᠢᠮ᠎ᠢ ᠪᠠᠷᠢᠮᠲᠠᠯᠠᠵᠤ ᠡᠯ᠎ᠡ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠠᠷᠢᠶ᠎ᠠ ᠣᠷᠣᠨ᠎ᠤ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠢ᠃ ᠵᠢᠷᠭᠤᠭ᠎ᠠ᠎ᠳᠤ᠂ ᠡᠷᠬᠡᠪᠰᠢ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠴᠢᠩᠭ᠎ᠠ ᠠᠩᠬᠠᠷᠴᠤ᠂ ᠠᠵᠢᠯ ᠲᠦᠷᠦᠯ᠎ᠤᠨ ᠣᠨᠴᠠᠯᠢᠭ᠂ ᠤᠯᠠᠷᠢᠯ᠎ᠤᠨ ᠣᠨᠴᠠᠯᠢᠭ᠎ᠲᠠᠢ ᠤᠶᠠᠯᠳᠤᠭᠤᠯᠤᠨ᠂ ᠲᠡᠮᠦᠷᠯᠢᠭ ᠪᠣᠯᠪᠠᠰᠤᠷᠠᠭᠤᠯᠬᠤ᠂ ᠲᠣᠭᠣᠰᠣ ᠳᠡᠯᠪᠡᠷᠡᠯᠲᠡ᠎ᠳᠤ ᠬᠣᠯᠪᠣᠭᠳᠠᠬᠤ ᠵᠡᠷᠭᠡ ᠠᠶᠤᠯ ᠲᠦᠭᠰᠢᠭᠦᠷᠢ ᠶᠡᠬᠡᠲᠡᠢ  ᠬᠦᠷᠢᠶ᠎ᠡ᠂ ᠬᠢᠵᠠᠭ᠋ᠠᠷ᠎ᠲᠠᠢ ᠣᠷᠣᠨ ᠵᠠᠢ᠂ ᠬᠥᠮᠥᠷᠭᠡᠯᠡᠬᠦ ᠵᠢ ᠴᠡᠪᠡᠷᠯᠡᠬᠦ᠂ ᠥᠨᠳᠥᠷ ᠭᠠᠵᠠᠷ᠎ᠲᠤ ᠪᠠᠷᠢᠯᠭ᠎ᠠ ᠪᠠᠷᠢᠬᠤ ᠵᠡᠷᠭᠡ ᠠᠶᠤᠯ ᠲᠦᠭᠰᠢᠭᠦᠷᠢ ᠶᠡᠬᠡᠲᠡᠢ ᠠᠵᠢᠯ᠎ᠳᠤ ᠭᠣᠣᠯᠳᠠᠯᠭ᠎ᠠ᠎ᠲᠠᠢ ᠲᠤᠬᠢᠷᠠᠭᠤᠯᠤᠯᠳᠠ ᠪᠠ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ᠃


2222222222.png    

    ᠲᠠᠷᠠᠭ᠋ᠠᠴᠢ ᠵᠢᠨ ᠠᠯᠬᠤᠮ᠎ᠳᠤ᠂ ᠪᠥᠬᠥ ᠬᠣᠲᠠ ᠵᠢᠨ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ᠎ᠬᠢᠨ ᠠᠶᠤᠯᠭᠦᠶ ᠦᠢ᠍ᠯᠡᠳᠪᠦᠷᠢᠯᠡᠯ ᠎ᠢ ᠬᠠᠪᠰᠤᠷᠤᠨ ᠲᠡᠳᠬᠦᠵᠦ ᠳᠠᠭ᠋ᠠᠭ᠋ᠠᠴᠢᠯᠠᠨ ᠬᠣᠯᠪᠣᠭ᠋ᠠᠯᠠᠬᠤ ᠵᠢ ᠦᠷᠭᠦᠯᠵᠢᠯᠡᠨ ᠴᠢᠩᠭ᠋ᠠᠳᠬᠠᠵᠤ᠂ ᠠᠶᠤᠯᠭᠦᠶ ᠦᠢ᠍ᠯᠡᠳᠪᠦᠷᠢᠯᠡᠯ ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ 《23456》 ᠠᠵᠢᠯ᠎ᠤᠨ ᠠᠷᠭ᠎ᠠ ᠬᠡᠮᠵᠢᠶ᠎ᠡ᠎ᠪᠠᠷ ᠭᠠᠷᠳᠠᠴᠠ ᠪᠣᠯᠭ᠋ᠠᠵᠤ᠂ ᠠᠵᠤ ᠦᠢ᠍ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠤᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠎ᠪᠠᠷ ᠴᠡᠭᠡᠷᠯᠡᠯ ᠪᠣᠯᠭ᠋ᠠᠵᠤ᠂  ᠦᠢ᠍ᠯᠡᠴᠢᠯᠡᠬᠦ ᠪᠠ ᠬᠠᠤᠯᠢ ᠬᠡᠷᠡᠭᠵᠢᠭᠦᠯᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠢ ᠱᠠᠯᠠᠪᠳᠠᠭᠤᠯᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠳᠠᠯᠳᠠ ᠬᠡᠮ᠎ᠢ ᠬᠥᠳᠡᠯᠦᠩᠭᠦᠶ᠎ᠪᠠᠷ ᠠᠷᠢᠯᠭ᠋ᠠᠵᠤ᠂ ᠠᠶᠤᠯᠭᠦᠶ ᠦᠢ᠍ᠯᠡᠳᠪᠦᠷᠢᠯᠡᠯ ᠎ᠤᠨ ᠪᠠᠶ᠋ᠢᠳᠠᠯ᠎ᠤᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠳᠠ᠄ ᠪᠦᠬᠦ ᠬᠤᠳᠠ ᠵᠢᠨ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠵᠢᠨ ᠲᠠᠯᠠᠪᠠᠢ ᠵᠢᠨ ᠲᠣᠭᠣᠷᠢᠨ ᠦᠵᠡᠬᠦ ᠬᠤᠷᠠᠯ ᠬᠤᠷᠠᠯᠳᠤᠪᠠ
ᠣᠷᠳᠣᠰ ᠬᠣᠲᠠ᠄ 2025 ᠣᠨ᠎ᠤ ᠲᠣᠭᠣᠰᠣᠨ᠎ᠳᠤ ᠬᠣᠯᠪᠣᠭᠳᠠᠭᠰᠠᠨ ᠳᠡᠯᠪᠡᠷᠡᠯᠲᠡ ᠪᠣᠯᠤᠨ ᠬᠢᠵᠠᠭ᠋ᠠᠷ᠎ᠲᠠᠢ ᠣᠷᠣᠨ ᠵᠠᠢ᠎ᠳᠤ ᠠᠵᠢᠯᠯᠠᠬᠤ ᠭᠤᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠣᠯᠪᠠᠰᠤᠷᠠᠯ᠎ᠤᠨ ᠠᠩᠭᠢ ᠡᠬᠢᠯᠡᠪᠡ
ᠤᠯᠠᠭ᠋ᠠᠨᠬᠠᠳᠠ ᠬᠣᠲᠠ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ ᠪᠥᠬᠥ ᠬᠣᠲᠠ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠬᠤ ᠠᠵᠢᠯ᠎ᠢ ᠲᠦᠷᠭᠡᠳᠬᠡᠨ ᠠᠬᠢᠭᠤᠯᠤᠨ᠎ᠠ
ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ 《ᠡᠷᠳᠡᠮ ᠰᠢᠨᠵᠢᠯᠡᠭᠡᠨ᠎ᠤ ᠶᠠᠷᠢᠶ᠎ᠠ ᠢᠯᠡᠳᠬᠡᠯ ᠬᠢᠬᠦ ᠠᠵᠢᠯᠯᠠᠭ᠎ᠠ》 ᠵᠢᠨ ᠭᠤᠷᠪᠠᠨ ᠬᠡᠮᠵᠢᠯᠳᠦ ᠬᠥᠳᠡᠯᠭᠡᠭᠦᠷ᠎ᠨᠢ ᠦᠨᠳᠦᠰᠦᠲᠡᠨ᠎ᠤ ᠪᠦᠯᠬᠦᠮᠳᠡᠯ᠎ᠳᠤ ᠬᠦᠴᠦᠨ ᠨᠡᠮᠡᠷᠢᠯᠡᠪᠡ
ᠬᠥᠬᠡᠬᠣᠲᠠ ᠵᠢᠨ ᠭᠠᠵᠠᠷ ᠬᠥᠳᠡᠯᠦᠯᠲᠡ ᠵᠢ ᠬᠢᠨᠠᠨ ᠬᠡᠮᠵᠢᠬᠦ ᠲᠥᠪ 2025 ᠣᠨ᠎ᠤ 《ᠪᠥᠬᠥ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ》᠎ᠤᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
 
            