ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ ᠪᠠᠶ᠋ᠢᠭ᠎ᠠ ᠴᠠᠭ ᠦᠶ᠎ᠡ ᠵᠢᠨ ᠠᠬᠤᠢ ᠪᠠᠶ᠋ᠢᠳᠠᠯ ᠳᠣᠣᠷ᠎ᠠ᠂ ᠬᠣᠷᠴᠢᠨ ᠲᠣᠭᠣᠷᠢᠭ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠲᠤᠷᠰᠢᠯᠭ᠎ᠠ᠎ᠪᠠᠷ ᠪᠠᠶᠠᠯᠢᠭ ᠳᠠᠪᠠᠭᠤᠯᠢᠭ ᠢ ᠭᠦᠢ᠍ᠴᠡᠳ ᠪᠠᠳᠠᠷᠠᠭᠤᠯᠵᠤ᠂ ᠪᠤᠭᠤᠷᠤᠯᠴᠤᠳ᠎ᠤᠨ ᠬᠣᠰᠢᠭᠤᠴᠢ ᠬᠦᠴᠦᠨ ᠵᠶ᠋ᠠᠷ ᠭᠠᠷᠳᠠᠴᠠ ᠪᠣᠯᠭ᠋ᠠᠵᠤ᠂ 《ᠰᠤᠷᠤᠯᠴᠠᠬᠤ᠂ ᠶᠠᠷᠢᠬᠤ᠂ ᠶᠠᠪᠤᠬᠤ》 ᠭᠤᠷᠪᠠᠨ ᠬᠡᠮᠵᠢᠯᠳᠦ ᠤᠬᠠᠭᠤᠯᠭ᠎ᠠ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠠᠬᠠᠮᠠᠳ ᠺᠠᠳ᠋ᠷᠴᠤᠳ᠎ᠤᠨ ᠳᠤᠮᠳᠠ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠪᠦᠬᠦ ᠬᠦᠴᠦ᠎ᠪᠠᠷ ᠵᠶ᠋ᠠᠨ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠪᠤᠭᠤᠷᠤᠯᠴᠤᠳ᠎ᠤᠨ ᠳᠤᠮᠳᠠ ᠰᠢᠨ᠎ᠡ ᠭᠡᠷᠡᠯ ᠭᠢᠯᠪᠠᠭ᠎ᠠ ᠰᠠᠴᠤᠷᠠᠭᠤᠯᠤᠨ ᠳᠡᠯᠭᠡᠷᠡᠭᠦᠯᠪᠡ᠃
ᠬᠣᠷᠴᠢᠨ ᠲᠣᠭᠣᠷᠢᠭ᠎ᠤᠨ᠎ᠬᠢᠨ ᠤᠯᠤᠰ ᠲᠦᠷᠦ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠬᠤ ᠵᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠵᠢ ᠪᠠᠲᠤ ᠴᠣᠭᠴᠠᠯᠠᠬᠤ ᠵᠢ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》 ᠪᠣᠯᠤᠨ ᠭᠣᠣᠯ ᠰᠡᠳᠦᠪᠲᠦ ᠨᠠᠮ᠎ᠤᠨ ᠡᠳᠦᠷ᠎ᠤᠨ ᠰᠤᠷᠤᠯᠴᠠᠯᠭ᠎ᠠ ᠵᠢᠨ ᠠᠭᠤᠯᠭ᠎ᠠ᠎ᠳᠤ ᠣᠷᠣᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠠᠮᠠᠳ ᠺᠠᠳ᠋ᠷᠴᠤᠳ᠎ᠤᠨ ᠡᠳᠦᠷ ᠲᠤᠳᠤᠮ᠎ᠤᠨ ᠪᠠᠶ᠋ᠢᠴᠠᠭ᠋ᠠᠨ ᠰᠤᠳᠤᠯᠤᠯᠲᠠ ᠵᠢᠴᠢ ᠶᠠᠷᠢᠯᠴᠠᠬᠤ ᠬᠤᠷᠠᠯ᠎ᠤᠨ ᠠᠭᠤᠯᠭ᠎ᠠ᠎ᠳᠤ ᠠᠭᠤᠰᠤᠯᠴᠠᠭᠤᠯᠵᠦ᠂ ᠠᠬᠠᠮᠠᠳ ᠺᠠᠳ᠋ᠷᠴᠤᠳ᠎ᠤᠨ ᠠᠵᠢᠯᠯᠠᠭ᠋ᠠᠨ᠎ᠤ ᠲᠥᠪ᠂ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ ᠵᠡᠷᠭᠡ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠣᠯᠪᠠᠰᠤᠷᠠᠯ ᠪᠣᠯᠤᠨ ᠰᠤᠷᠤᠯᠴᠠᠯᠭ᠎ᠠ ᠵᠢᠨ ᠠᠭᠤᠯᠭ᠎ᠠ᠎ᠳᠤ ᠠᠭᠤᠰᠤᠯᠴᠠᠭᠤᠯᠵᠦ᠂ ᠠᠬᠠᠮᠠᠳ ᠺᠠᠳ᠋ᠷᠴᠤᠳ᠎ᠢ ᠰᠤᠷᠤᠯᠴᠠᠯᠭ᠎ᠠ ᠵᠢᠨ ᠳᠤᠮᠳᠠ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ ᠪᠣᠯᠭ᠋ᠠᠵᠠᠢ᠃
《ᠤᠯᠠᠭ᠋ᠠᠨ ᠠᠨᠠᠷ》᠎ᠤᠨ ᠪᠤᠭᠤᠷᠤᠯᠴᠤᠳ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ 《ᠪᠤᠭᠤᠷᠤᠯᠴᠤᠳ᠎ᠤᠨ ᠡᠷᠳᠡᠮ ᠰᠢᠨᠵᠢᠯᠡᠭᠡᠨ》᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠢᠩᠬᠢᠮ᠎ᠢ ᠨᠡᠭᠡᠭᠡᠵᠦ᠂ 《ᠲᠠᠪᠤᠨ ᠲᠡᠦᠬᠡ ᠲᠠᠪᠤᠨ ᠦᠵᠡᠯᠲᠡ ᠲᠠᠪᠤᠨ ᠮᠡᠳᠡᠷᠡᠮᠵᠢ》 ᠵᠢᠨ ᠬᠥᠮᠦᠵᠢᠯ᠎ᠢ ᠥᠷᠭᠡᠨ ᠵᠶ᠋ᠠᠷ ᠥᠷᠨᠢᠭᠦᠯᠦᠨ᠂ ᠠᠬᠠᠮᠠᠳ ᠺᠠᠳ᠋ᠷᠴᠤᠳ᠎ᠤᠨ ᠨᠣᠮ ᠤᠩᠰᠢᠬᠤ ᠠᠩᠭᠢ᠂ ᠲᠤᠰᠬᠠᠶ ᠰᠡᠳᠦᠪᠲᠦ ᠬᠠᠪᠰᠤᠷᠤᠨ ᠵᠢᠯᠣᠭᠣᠳᠣᠯᠭ᠎ᠠ ᠵᠢᠴᠢ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ᠎ᠪᠠᠷ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠣᠶᠤᠨ ᠰᠠᠨᠠᠭ᠋ᠠᠨ᠎ᠤ ᠬᠡᠷ ᠣᠷᠣᠨ᠎ᠢ ᠪᠠᠶ᠋ᠢᠭᠤᠯᠪᠠ᠃ ᠡᠭᠦᠨ᠎ᠤ ᠬᠠᠮᠲᠤ᠂ 《ᠭᠤᠷᠪᠠ᠎ᠳᠤ ᠬᠠᠨᠳᠤᠭᠤᠯᠬᠤ》᠂ 《ᠲᠠᠪᠤ ᠵᠢ ᠬᠦᠷᠭᠡᠬᠦ》᠂ 《ᠵᠢᠷᠭᠤᠭ᠎ᠠ ᠵᠢ ᠡᠷᠬᠢᠮᠯᠡᠬᠦ》 ᠠᠵᠢᠯᠯᠠᠭ᠎ᠠ ᠵᠢ ᠡᠭᠦᠳᠦᠨ ᠥᠷᠨᠢᠭᠦᠯᠵᠦ᠂ ᠪᠦᠬᠦ ᠲᠠᠯ᠎ᠠ᠎ᠪᠠᠷ᠂ ᠤᠯᠠᠨ ᠬᠠᠷᠠᠭ᠋ᠠᠰᠤ᠎ᠠᠴᠠ ᠴᠠᠭ ᠦᠶ᠎ᠡ ᠵᠢᠨ ᠭᠣᠣᠯ ᠬᠦᠭ ᠠᠶᠠᠰ᠎ᠢ ᠴᠢᠪᠬᠠᠳᠠᠵᠤ᠂ ᠥᠷᠭᠡᠨ ᠤᠯᠠᠨ ᠠᠬᠠᠮᠠᠳ ᠺᠠᠳ᠋ᠷ᠎ᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠳᠤ ᠣᠷᠣᠯᠴᠠᠭᠤᠯᠪᠠ᠃
ᠠᠬᠠᠮᠠᠳ ᠺᠠᠳ᠋ᠷᠴᠤᠳ᠎ᠤᠨ ᠠᠵᠢᠯᠯᠠᠭ᠋ᠠᠨ᠎ᠤ ᠲᠥᠪ᠂ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ᠂ ᠠᠬᠠᠮᠠᠳ ᠺᠠᠳ᠋ᠷᠴᠤᠳ᠎ᠤᠨ ᠨᠠᠮ᠎ᠤᠨ ᠰᠤᠷᠭ᠋ᠠᠭᠤᠯᠢ ᠵᠢᠨ ᠲᠠᠪᠴᠠᠩ᠎ᠳᠤ ᠲᠦᠰᠢᠭᠯᠡᠨ᠂ ᠬᠣᠷᠴᠢᠨ ᠨᠤᠲᠤᠭ᠎ᠤᠨ ᠰᠣᠶᠣᠯ᠎ᠤᠨ ᠡᠯᠧᠮᠧᠨ᠋ᠲ᠎ᠢ ᠭᠦᠨᠵᠡᠭᠡᠶ ᠠᠭᠤᠳᠠᠯᠵᠤ᠂ ᠴᠤᠭᠯᠠᠭᠤᠯᠤᠨ ᠡᠮᠬᠢᠳᠬᠡᠵᠦ᠂ ᠠᠰᠠᠷ᠎ᠤᠨ ᠭᠤᠳᠤᠮᠵᠢᠢ ᠭᠦᠢ᠍ᠴᠡᠳ ᠠᠰᠢᠭᠯᠠᠨ ᠤᠬᠠᠭᠤᠯᠭ᠎ᠠ ᠬᠥᠮᠦᠵᠢᠯ᠎ᠤᠨ ᠣᠷᠳᠣ ᠬᠣᠩᠭᠢᠯ᠎ᠢ ᠡᠭᠦᠳᠦᠨ ᠪᠠᠶ᠋ᠢᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠤᠨ᠎ᠠ᠃ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ᠎ᠳᠤ ᠦᠨᠳᠦᠰᠦᠲᠡᠨ᠎ᠤ ᠪᠦᠯᠬᠦᠮᠳᠡᠯ᠎ᠤᠨ ᠬᠢᠴᠢᠶᠡᠯ᠎ᠢ ᠨᠡᠭᠡᠭᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠤᠷᠠᠨ ᠪᠢᠴᠢᠯᠭᠡ᠂ ᠴᠠᠭ᠋ᠠᠰᠤᠨ ᠬᠠᠶ᠋ᠢᠴᠢᠯᠠᠮᠠᠯ᠂ ᠰᠡᠶ᠋ᠢᠯᠦᠮᠡᠯ᠂ ᠰᠢᠯᠦᠭ ᠳᠠᠭᠤᠯᠠᠯ ᠰᠣᠨᠢᠷᠬᠠᠬᠤ ᠵᠡᠷᠭᠡ ᠦᠨᠳᠦᠰᠦᠲᠡᠨ᠎ᠤ ᠰᠣᠶᠣᠯ᠎ᠤᠨ ᠬᠢᠴᠢᠶᠡᠯ᠎ᠢ ᠰᠤᠷᠤᠯᠴᠠᠬᠤ᠂ ᠤᠯᠠᠮᠵᠢᠯᠠᠬᠤ᠂ ᠣᠷᠣᠨ ᠨᠤᠲᠤᠭ᠎ᠤᠨ ᠦᠨᠳᠦᠰᠦᠲᠡᠨ᠎ᠤ ᠣᠨᠴᠠᠯᠢᠭᠲᠤ ᠰᠣᠶᠣᠯ᠎ᠳᠤ ᠣᠷᠣᠯᠴᠠᠬᠤ ᠪᠣᠯᠭ᠋ᠠᠵᠤ ᠪᠠᠶ᠋ᠢᠨ᠎ᠠ᠃ 《ᠰᠢᠯᠦᠭ ᠪᠢᠴᠢᠯᠭᠡ ᠵᠢᠷᠤᠭ ᠰᠡᠭᠦᠳᠡᠷ᠎ᠤᠨ ᠦᠵᠡᠭᠦᠯᠭᠡ》᠂ 《ᠤᠳᠬ᠎ᠠ ᠤᠷᠠᠯᠢᠭ᠎ᠤᠨ ᠦᠵᠡᠭᠦᠯᠭᠡ》᠂ 《ᠢᠳᠡᠪᠬᠢ ᠬᠦᠴᠦᠨ ᠨᠡᠮᠡᠷᠢᠯᠡᠵᠦ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ》᠂ 《ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ᠂ ᠮᠥᠩᠭᠥᠨ ᠴᠠᠭ᠋ᠠᠨ ᠬᠡᠷᠡᠯᠲᠦ ᠬᠣᠷᠴᠢ᠎ᠨᠢ ᠭᠡᠶ᠋ᠢᠭᠦᠯᠦᠶᠡ》 ᠵᠡᠷᠭᠡ ᠭᠤᠤᠯ ᠰᠡᠳᠦᠪᠲᠦ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠠᠬᠠᠮᠠᠳ ᠺᠠᠳ᠋ᠷᠴᠤᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠠᠮ᠎ᠤᠨ ᠲᠡᠦᠬᠡ᠎ᠠᠴᠠ ᠬᠦᠴᠦᠨ ᠴᠢᠳᠠᠯ ᠰᠢᠩᠭᠡᠭᠡᠨ ᠠᠪᠴᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠢᠲᠡᠭᠡᠯ ᠤᠬᠠᠮᠰᠠᠷ᠎ᠢ᠎ᠨᠢ ᠴᠢᠩᠭ᠋ᠠᠷᠠᠭᠤᠯᠤᠨ᠎ᠠ᠃ ᠡᠭᠦᠨ᠎ᠠᠴᠠ ᠭᠠᠳᠠᠨ᠎ᠠ᠂ 《ᠪᠣᠳᠠᠰ᠎ᠤᠨ ᠪᠤᠰᠤ ᠰᠣᠶᠣᠯ᠎ᠤᠨ ᠥᠪ》᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ ᠠᠬᠠᠮᠠᠳ ᠪᠤᠭᠤᠷᠤᠯ ᠲᠤᠰᠬᠠᠶ ᠮᠡᠷᠭᠡᠵᠢᠯᠲᠡᠨ ᠴᠢᠳᠠᠪᠤᠷᠢᠲᠠᠨ᠎ᠢ ᠵᠣᠬᠢᠶᠠᠨ ᠪᠠᠶ᠋ᠢᠭᠤᠯᠤᠨ ᠠᠭᠤᠳᠠᠮ ᠲᠠᠯᠠᠪᠠᠶ᠂ ᠰᠤᠷᠭ᠋ᠠᠭᠤᠯᠢ᠂ ᠨᠡᠶ᠋ᠢᠭᠡᠮ ᠲᠣᠭᠣᠷᠢᠭ᠎ᠲᠤ ᠣᠷᠣᠭᠤᠯᠵᠤ᠂ ᠠᠯᠪᠠᠨ ᠵᠢᠷᠤᠮ᠎ᠤᠨ ᠴᠠᠭ᠋ᠠᠨ ᠰᠠᠷ᠎ᠠ ᠵᠢᠨ ᠬᠣᠣᠰ ᠤᠶᠠᠩᠭ᠎ᠠ ᠪᠢᠴᠢᠬᠦ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭᠳᠡᠬᠦᠨ ᠦᠢ᠍ᠯᠡᠳᠬᠦ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠭᠣᠷᠢᠭ᠎ᠤᠨ᠎ᠬᠢᠨ 《ᠪᠤᠭᠤᠷᠤᠯᠴᠤᠳ + ᠦᠨᠳᠦᠰᠦᠲᠡᠨ᠎ᠤ ᠪᠦᠯᠬᠦᠮᠳᠡᠯ》᠎ᠤᠨ ᠬᠥᠮᠦᠵᠢᠯ᠎ᠤᠨ ᠵᠠᠭᠪᠤᠷ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠠᠷᠢᠶᠠᠲᠤ ᠣᠷᠣᠨ᠎ᠤ ᠠᠵᠢᠯ᠎ᠠᠴᠠ᠎ᠪᠠᠨ ᠠᠮᠠᠷᠠᠭᠰᠠᠨ 7612 ᠠᠬᠠᠮᠠᠳ ᠺᠠᠳ᠋ᠷ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠷᠡᠰ ᠪᠠᠲᠤ ᠤᠯᠠᠮᠵᠢᠯᠠᠭᠴᠢ᠂ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠠ ᠬᠦᠴᠦᠲᠡᠶ ᠠᠬᠢᠭᠤᠯᠤᠭᠴᠢ ᠪᠣᠯᠭ᠋ᠠᠨ᠎ᠠ᠃