ᠶᠡᠷᠦᠩᠬᠡᠶ ᠱᠦᠵᠢ ᠰᠢ ᠵᠢᠨ ᠫᠢᠩ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠨᠡᠶ᠋ᠢᠭᠡᠮ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠤᠬᠠᠮᠰᠠᠷ ᠪᠠ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠳᠬᠠᠬᠤ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 15᠎ᠤ ᠡᠳᠦᠷ᠂ ᠠᠶ᠋ᠢᠮᠠᠭ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠵᠥᠪᠯᠡᠯ᠎ᠤᠨ ᠠᠯᠪᠠᠨ ᠬᠡᠷ᠂ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠠᠶ᠋ᠢᠮᠠᠭ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠠᠶ᠋ᠢᠮᠠᠭ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠪᠠ ᠪᠠᠷᠠᠭᠤᠨ ᠦᠵᠦᠮᠦᠴᠢᠨ ᠬᠣᠰᠢᠭᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠬᠣᠰᠢᠭᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠪᠠᠷᠠᠭᠤᠨ ᠦᠵᠦᠮᠦᠴᠢᠨ ᠬᠣᠰᠢᠭᠤᠨ᠎ᠤ ᠭᠣᠷᠣᠬᠠᠨ ᠪᠠᠯᠭ᠋ᠠᠰᠤᠨ᠎ᠳᠤ ᠭᠦᠨᠵᠡᠭᠡᠶ᠋ᠢᠷᠡᠨ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠤᠷᠠᠯ ᠪᠣᠯᠭ᠋ᠠᠨ ᠪᠠᠴᠢᠮ ᠪᠠᠶ᠋ᠢᠳᠠᠯ᠎ᠢ ᠠᠷᠭ᠋ᠠᠴᠠᠵᠤ ᠳᠡᠷᠭᠡᠳᠡᠬᠢ ᠭᠠᠮᠰᠢᠭ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ》 ᠭᠤᠤᠯ ᠰᠡᠳᠦᠪᠲᠦ ᠦᠨᠳᠦᠰᠦᠨ ᠱᠠᠲᠤᠨ᠎ᠤ ᠰᠢᠷᠢᠰ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃
ᠭᠣᠷᠣᠬᠠᠨ ᠪᠠᠯᠭ᠋ᠠᠰᠤᠨ᠎ᠤ ᠵᠠᠰᠠᠭ᠎ᠤᠨ ᠣᠷᠳᠣᠨ᠎ᠳᠤ᠂ ᠭᠠᠵᠠᠷ ᠬᠥᠳᠡᠯᠦᠯᠲᠡ ᠵᠢᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠲᠠᠶ᠋ᠢᠯᠤᠮᠵᠢ ᠬᠢᠬᠦ ᠠᠵᠢᠯᠯᠠᠭ᠎ᠠ ᠵᠢᠩᠬᠢᠨᠢ᠎ᠪᠠᠷ ᠡᠬᠢᠯᠡᠪᠡ᠂ ᠠᠶ᠋ᠢᠮᠠᠭ᠎ᠤᠨ ᠭᠠᠵᠠᠷ ᠬᠥᠳᠡᠯᠦᠯᠲᠡ ᠵᠢᠨ ᠲᠣᠪᠴᠢᠶᠠᠨ᠎ᠤ ᠭᠠᠵᠠᠷ ᠬᠥᠳᠡᠯᠦᠯᠲᠡ ᠵᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠯᠠᠮᠵᠢᠯᠠᠭᠴᠢ ᠪᠥᠬᠥ ᠠᠶ᠋ᠢᠮᠠᠭ᠎ᠤᠨ ᠭᠠᠵᠠᠷ ᠬᠥᠳᠡᠯᠦᠯᠲᠡ ᠵᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ 《ᠭᠤᠷᠪᠠᠨ ᠰᠦᠯᠵᠢᠶ᠎ᠡ ᠨᠢᠭᠡ ᠭᠡᠰᠢᠭᠦᠨ》᠎ᠤ ᠴᠢᠬᠤᠯᠠ ᠠᠴᠢ ᠬᠣᠯᠪᠣᠭᠳᠠᠯ᠂ ᠡᠭᠦᠷᠭᠡ ᠬᠠᠷᠢᠭᠤᠴᠠᠯᠭ᠎ᠠ ᠪᠠ ᠪᠣᠳᠠᠲᠠᠶ ᠠᠵᠢᠯ᠎ᠤᠨ ᠦᠢ᠍ᠯᠡᠳᠦᠯᠭᠡ᠎ᠳᠤ ᠨᠠᠷᠢᠨ ᠲᠠᠶ᠋ᠢᠯᠤᠮᠵᠢ ᠬᠢᠪᠠ᠃ ᠠᠶ᠋ᠢᠮᠠᠭ᠂ ᠬᠣᠰᠢᠭᠤ ᠬᠣᠶᠠᠷ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠠᠵᠢᠯᠲᠠᠳ ᠴᠡᠭᠡᠵᠢᠨ ᠭᠠᠳᠠᠨᠠᠬᠢ ᠳᠠᠷᠤᠯᠲᠠ ᠵᠢ ᠳᠠᠷᠤᠬᠤ᠂ ᠬᠥᠮᠦᠨ᠎ᠤ ᠬᠦᠴᠦ᠎ᠪᠠᠷ ᠠᠮᠢᠰᠬᠤᠭᠤᠯᠬᠤ ᠵᠡᠷᠭᠡ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠤᠷ᠎ᠠ ᠴᠢᠳᠠᠪᠤᠷᠢ ᠵᠢ ᠲᠤᠬᠠᠶ ᠵᠢᠨ ᠲᠠᠯᠠᠪᠠᠶ᠎ᠳᠤ ᠳᠡᠯᠭᠡᠨ ᠦᠵᠡᠭᠦᠯᠵᠦ᠂ ᠣᠷᠣᠯᠴᠠᠭᠰᠠᠨ ᠬᠥᠮᠦᠰ᠎ᠤᠨ ᠬᠥᠳᠡᠯᠭᠡᠭᠡᠨ᠎ᠤ ᠠᠷᠭ᠎ᠠ ᠪᠠᠷᠢᠯ᠎ᠢ ᠡᠵᠡᠮᠰᠢᠬᠦ ᠵᠢ ᠨᠠᠷᠢᠨ ᠨᠢᠮᠪᠠᠶ ᠵᠢᠭ᠋ᠠᠨ ᠵᠢᠯᠣᠭᠣᠳᠪᠠ᠃
ᠭᠣᠷᠣᠬᠠᠨ ᠪᠠᠯᠭ᠋ᠠᠰᠤᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠤ᠂ ᠤᠬᠠᠭᠤᠯᠭ᠎ᠠ ᠵᠢᠨ ᠬᠠᠭᠤᠳᠠᠰᠤ ᠵᠢ ᠡᠯᠭᠦᠬᠦ᠂ ᠤᠬᠠᠭᠤᠯᠭ᠎ᠠ ᠵᠢᠨ ᠰᠠᠮᠪᠠᠷ᠎ᠠ ᠵᠢ ᠳᠡᠯᠭᠡᠨ ᠦᠵᠡᠭᠦᠯᠬᠦ᠂ ᠠᠰᠠᠭᠤᠨ ᠯᠠᠪᠯᠠᠬᠤ ᠲᠠᠪᠴᠠᠩ ᠪᠠᠶ᠋ᠢᠭᠤᠯᠬᠤ᠂ ᠣᠯᠠᠨ ᠲᠦᠮᠡᠨ᠎ᠤ ᠠᠰᠠᠭᠤᠯᠲᠠ ᠵᠢ ᠬᠠᠷᠢᠭᠤᠯᠬᠤ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ ᠳᠤᠷᠠᠰᠬᠠᠯ᠎ᠤᠨ ᠪᠣᠳᠠᠰ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠥᠷᠭᠡᠨ ᠣᠯᠠᠨ ᠠᠷᠠᠳ ᠲᠦᠮᠡᠨ᠎ᠳᠤ ᠪᠠᠶ᠋ᠢᠭ᠋ᠠᠯᠢ ᠵᠢᠨ ᠭᠠᠮᠰᠢᠭ᠎ᠤᠨ ᠠᠶᠤᠯ ᠲᠦᠭᠰᠢᠭᠦᠷᠢ ᠪᠠ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠵᠠᠶ᠋ᠢᠯᠠᠬᠤ ᠵᠢᠴᠢ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠠᠷᠭ᠎ᠠ ᠵᠢ ᠲᠦᠭᠡᠮᠡᠯᠵᠢᠭᠦᠯᠦᠨ᠎ᠡ᠃
ᠭᠣᠷᠣᠬᠠᠨ ᠪᠠᠯᠭ᠋ᠠᠰᠤᠨ᠎ᠤ ᠬᠡᠦᠬᠡᠳ᠎ᠤᠨ ᠴᠡᠴᠡᠷᠯᠢᠭ᠎ᠲᠤ᠂ ᠬᠡᠦᠬᠡᠳ᠎ᠤᠳ᠎ᠲᠤ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠤᠷᠢᠶ᠎ᠠ ᠯᠣᠽᠦ᠋ᠩ ᠳᠠᠷᠤᠮᠠᠯᠯᠠᠭᠰᠠᠨ ᠪᠢᠴᠢᠭ᠎ᠤᠨ ᠪᠣᠭᠴᠣ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢᠷᠤᠭᠲᠤ ᠳᠡᠪᠲᠡᠷ᠂ ᠪᠢᠴᠢᠭ᠎ᠤᠨ ᠬᠡᠷᠡᠭᠰᠡᠯ᠎ᠤᠨ ᠬᠠᠶ᠋ᠢᠷᠴᠠᠭ᠂ ᠤᠰᠤᠨ ᠴᠣᠮᠣ᠂ ᠬᠠᠷᠠᠭ᠎ᠠ ᠵᠢᠨ ᠬᠦᠰᠦᠨᠦᠭᠲᠦ᠂ ᠡᠪᠬᠡᠮᠡᠯ ᠰᠠᠨᠳᠠᠯᠢ ᠵᠡᠷᠭᠡ ᠤᠬᠠᠭᠤᠯᠭ᠎ᠠ ᠵᠢᠨ ᠳᠤᠷᠠᠰᠬᠠᠯ᠎ᠤᠨ ᠵᠦᠢ᠍ᠯᠡᠰ᠎ᠢ ᠨᠠᠷᠢᠯᠢᠭ ᠦᠢ᠍ᠯᠡᠳᠴᠦ᠂ ᠬᠡᠦᠬᠡᠳ᠎ᠤᠨ ᠪᠠᠶ᠋ᠢᠭ᠋ᠠᠯᠢ ᠵᠢᠨ ᠭᠠᠮᠰᠢᠭ᠎ᠤᠨ ᠠᠶᠤᠯ ᠲᠦᠭᠰᠢᠭᠦᠷᠢ ᠵᠢ ᠪᠠᠭ᠎ᠠ᠎ᠠᠴᠠ᠎ᠨᠢ ᠣᠶ᠋ᠢᠯᠠᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ᠎ᠨᠢ ᠪᠣᠶ ᠪᠣᠯᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠠᠶᠤᠯ᠎ᠠᠴᠠ ᠵᠠᠶ᠋ᠢᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠪᠡ᠃
ᠭᠣᠷᠣᠬᠠᠨ ᠪᠠᠯᠭ᠋ᠠᠰᠤᠨ᠎ᠤ ᠴᠠᠬᠢᠯᠭ᠋ᠠᠨ ᠬᠠᠩᠭ᠋ᠠᠬᠤ ᠭᠠᠵᠠᠷ᠎ᠲᠤ᠂ ᠲᠤᠬᠠᠶ ᠵᠢᠨ ᠲᠠᠯᠠᠪᠠᠶ᠎ᠳᠤ ᠭᠠᠵᠠᠷ ᠬᠥᠳᠡᠯᠦᠯᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠲᠠᠷᠬᠠᠭ᠋ᠠᠬᠤ ᠰᠣᠷᠢᠯᠲᠠ ᠵᠢ ᠲᠣᠭᠣᠷᠢᠨ ᠦᠵᠡᠵᠦ᠂ ᠠᠵᠤ ᠠᠬᠤᠶ᠋ᠢᠯᠠᠯ᠎ᠤᠨ ᠠᠵᠢᠯᠲᠠᠨ᠎ᠤ ᠭᠡᠨᠡᠳᠲᠡ ᠵᠢᠨ ᠭᠠᠵᠠᠷ ᠬᠥᠳᠡᠯᠦᠯᠲᠡ ᠵᠢᠨ ᠪᠠᠶ᠋ᠢᠳᠠᠯ᠎ᠳᠤ ᠬᠠᠨᠳᠤᠬᠤ ᠦᠶ᠎ᠡ ᠵᠢᠨ ᠬᠤᠪᠢᠷᠠᠯᠲᠠ ᠵᠢ ᠠᠷᠭ᠋ᠠᠴᠠᠬᠤ ᠪᠠ ᠠᠮᠢ ᠵᠢᠭᠤᠲᠠᠬᠤ ᠴᠢᠳᠠᠪᠤᠷᠢ ᠵᠢ ᠰᠢᠯᠭ᠋ᠠᠨ ᠪᠠᠶ᠋ᠢᠴᠠᠭ᠋ᠠᠵᠤ᠂ ᠰᠣᠷᠢᠯᠲᠠ ᠵᠢᠨ ᠶᠠᠪᠤᠴᠠ᠎ᠳᠤ ᠬᠠᠨᠳᠤᠯᠭ᠋ᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
ᠲᠤᠰ ᠤᠳᠠᠭ᠋ᠠᠨ᠎ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ᠎ᠳᠤ ᠣᠯᠠᠨ ᠲᠦᠮᠡᠨ ᠥᠷᠭᠡᠨ ᠵᠶ᠋ᠠᠷ ᠣᠷᠣᠯᠴᠠᠵᠤ᠂ ᠦᠷ᠎ᠡ ᠪᠦᠲᠦᠮᠵᠢ᠎ᠨᠢ ᠴᠢᠩᠭ᠎ᠠ ᠲᠤᠰᠬᠠᠯ᠎ᠲᠠᠢ ᠪᠠᠶ᠋ᠢᠵᠤ᠂ ᠠᠵᠢᠯᠯᠠᠭ᠎ᠠ ᠵᠢᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠠᠷᠠᠳ ᠣᠯᠠᠨ᠎ᠤ ᠠᠵᠢᠯᠯᠠᠭ᠎ᠠ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠵᠢᠨ ᠴᠢᠬᠤᠯᠠ ᠠᠴᠢ ᠬᠣᠯᠪᠣᠭᠳᠠᠯ᠎ᠢ ᠨᠡᠩ ᠭᠦᠨᠵᠡᠭᠡᠶ ᠲᠠᠨᠢᠵᠤ᠂ ᠠᠮᠤᠷ ᠲᠦᠪᠰᠢᠨ ᠡᠶ᠎ᠡ ᠵᠣᠬᠢᠴᠠᠯ᠎ᠲᠠᠢ ᠨᠡᠶ᠋ᠢᠭᠡᠮ᠎ᠢ ᠪᠦᠲᠦᠭᠡᠨ ᠪᠠᠶ᠋ᠢᠭᠤᠯᠬᠤ᠎ᠳᠤ ᠬᠠᠮᠲᠤ᠎ᠪᠠᠷ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃