ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠡᠩᠨᠡᠭᠡᠨ᠎ᠤ ᠲᠤᠬᠠᠶ ᠵᠢᠨ ᠲᠠᠯᠠᠪᠠᠶ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠠᠯᠤᠰ᠎ᠠᠴᠠ ᠪᠠᠶ᠋ᠢᠯᠳᠤᠬᠤ ᠪᠠ ᠴᠢᠮᠡᠭᠡ ᠬᠣᠯᠪᠣᠭ᠋ᠠᠨ᠎ᠤ ᠠᠷᠤ ᠲᠠᠯ᠎ᠠ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ ᠦᠬᠠᠶ ᠬᠢᠭᠡᠳ ᠡᠷᠭᠢᠨ ᠲᠣᠭᠣᠷᠢᠨ᠎ᠤ ᠠᠶ᠋ᠢᠮᠠᠭ ᠬᠣᠲᠠ ᠵᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠬᠢᠷᠢ ᠬᠡᠮᠵᠢᠶ᠎ᠡ ᠵᠢ ᠴᠢᠩᠭ᠋ᠠᠷᠠᠭᠤᠯᠤᠨ᠎ᠠ᠃ 5 ᠳ᠋ᠤᠭ᠋ᠠᠷ ᠰᠠᠷ᠎ᠠ ᠵᠢᠨ 23᠎ᠤ ᠡᠳᠦᠷ᠂ ᠦᠬᠠᠶ ᠬᠣᠲᠠ᠂ ᠠᠯᠠᠱ᠌ᠠ ᠠᠶ᠋ᠢᠮᠠᠭ ᠬᠣᠶᠠᠷ ᠭᠠᠵᠠᠷ ᠬᠠᠮᠲᠤᠷᠠᠨ ᠣᠷᠣᠨ ᠪᠦᠰᠡ ᠠᠯᠤᠰᠯᠠᠭᠰᠠᠨ ᠶᠡᠷᠦᠩᠬᠡᠶ᠋ᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠥᠷᠨᠢᠭᠦᠯᠪᠡ᠃ ᠲᠣᠰ ᠤᠳᠠᠭ᠋ᠠᠨ᠎ᠤ ᠰᠣᠷᠢᠯᠲᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠠᠴᠠ ᠭᠤᠤᠯᠯᠠᠨ ᠡᠷᠭᠢᠯᠡᠵᠦ᠂ ᠦᠬᠠᠶ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠠᠯᠠᠱ᠌ᠠ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠦᠬᠠᠶ ᠵᠢᠨ ᠡᠨᠧᠷᠭᠢ ᠵᠢᠨ ᠺᠣᠮᠫᠠᠨᠢ ᠳᠠᠭ᠋ᠠᠭ᠋ᠠᠴᠢᠯᠠᠨ ᠡᠷᠭᠢᠯᠡᠪᠡ᠃

ᠰᠣᠷᠢᠯᠲᠠ᠎ᠳᠤ ᠠᠯᠠᠱ᠌ᠠ ᠣᠷᠣᠨ᠎ᠳᠤ 4 . 8 ᠲᠡᠰ᠎ᠤᠨ ᠭᠠᠵᠠᠷ ᠬᠥᠳᠡᠯᠦᠯᠲᠡ ᠡᠭᠦᠰᠴᠦ᠂ ᠲᠢᠶᠠᠨ ᠷᠦᠩ ᠺᠣᠮᠫᠠᠨᠢ ᠵᠢᠨ 1 ᠳ᠋ᠦ᠍ᠭᠡᠷ ᠨᠣᠮᠧᠷᠲᠤ ᠬᠤᠳᠳᠤᠭ ᠬᠦᠨᠳᠦ ᠨᠣᠴᠢᠲᠠᠢ ᠭᠠᠮᠰᠢᠭᠳᠠᠵᠤ᠂ ᠬᠤᠳᠳᠤᠭ ᠳᠣᠣᠷ᠎ᠠ ᠡᠨᠳᠡᠯ ᠭᠠᠷᠴᠤ᠂ 2 ᠬᠥᠮᠦᠨ ᠬᠠᠰᠢᠭᠳᠠᠵᠠᠢ᠃ ᠦᠬᠠᠶ ᠬᠣᠲᠠ᠂ ᠠᠯᠠᠱ᠌ᠠ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠡᠬᠢᠯᠡᠭᠦᠯᠬᠦ ᠵᠢᠨ ᠬᠠᠮᠲᠤ ᠭᠠᠮᠰᠢᠭ᠎ᠤᠨ ᠮᠡᠳᠡᠭᠡ ᠵᠠᠩᠭᠢ ᠵᠢ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠦᠬᠠᠶ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠵᠢᠯᠴᠠᠨ ᠤᠯᠤᠰ᠎ᠤᠨ ᠠᠭᠤᠷᠬᠠᠶ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠤᠯᠤᠰ᠎ᠤᠨ ᠡᠨᠧᠷᠭᠢ ᠵᠢᠨ ᠦᠬᠠᠶ ᠵᠢᠨ ᠠᠩᠭᠢ ᠵᠢ ᠲᠣᠮᠢᠯᠠᠨ ᠠᠯᠠᠱ᠌ᠠ ᠠᠶ᠋ᠢᠮᠠᠭ᠎ᠲᠤ ᠣᠴᠢᠭᠤᠯᠵᠤ ᠠᠶᠤᠯ᠎ᠠᠴᠠ ᠠᠪᠤᠷᠬᠠᠤ᠎ᠳᠤ ᠣᠷᠣᠯᠴᠠᠭᠤᠯᠪᠠ᠃ ᠰᠣᠷᠢᠯᠲᠠ ᠵᠢᠨ ᠲᠤᠬᠠᠶ ᠵᠢᠨ ᠲᠠᠯᠠᠪᠠᠶ᠎ᠳᠤ᠂ ᠤᠯᠤᠰ᠎ᠤᠨ ᠠᠭᠤᠷᠬᠠᠶ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠤᠯᠤᠰ᠎ᠤᠨ ᠡᠨᠧᠷᠭᠢ ᠵᠢᠨ ᠦᠬᠠᠶ ᠵᠢᠨ ᠠᠩᠭᠢ ᠠᠮᠢ ᠨᠠᠰᠤᠨ᠎ᠤ ᠬᠠᠶ᠋ᠢᠭᠤᠷ᠂ ᠲᠤᠷᠰᠢᠨ ᠪᠠᠶ᠋ᠢᠴᠠᠭ᠋ᠠᠬᠤ ᠵᠢᠯᠣᠭᠣᠴᠢ ᠥᠬᠡᠶ ᠨᠢᠰᠬᠡᠯ ᠵᠡᠷᠭᠡ ᠲᠣᠨᠣᠭᠯᠠᠯ ᠵᠶ᠋ᠠᠷ ᠬᠠᠰᠢᠭᠳᠠᠭᠰᠠᠨ ᠬᠥᠮᠦᠰ᠎ᠢ ᠡᠷᠢᠵᠦ᠂ ᠲᠤᠬᠠᠶ ᠵᠢᠨ ᠲᠠᠯᠠᠪᠠᠶ᠎ᠳᠤ ᠡᠪᠳᠡᠯᠡᠨ ᠵᠠᠳᠠᠯᠬᠤ᠂ ᠲᠤᠰᠠᠯᠠᠨ ᠬᠠᠮᠠᠭ᠋ᠠᠯᠠᠬᠤ᠂ ᠡᠮᠴᠢᠯᠡᠭᠡᠨ᠎ᠤ ᠲᠦᠷᠭᠡᠨ ᠠᠪᠤᠷᠠᠯᠳᠠ ᠬᠢᠬᠦ ᠵᠡᠷᠭᠡ ᠠᠵᠢᠯ᠎ᠢ ᠥᠷᠨᠢᠭᠦᠯᠪᠡ᠃ ᠡᠴᠦᠰ᠎ᠲᠡᠭᠡᠨ ᠬᠠᠰᠢᠭᠳᠠᠭᠰᠠᠨ ᠬᠥᠮᠦᠰ᠎ᠢ ᠠᠪᠤᠷᠠᠨ ᠭᠠᠷᠭ᠋ᠠᠵᠤ᠂ ᠰᠣᠷᠢᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃

ᠲᠣᠰ ᠤᠳᠠᠭ᠋ᠠᠨ᠎ᠤ ᠰᠣᠷᠢᠯᠲᠠ᠎ᠨᠢ ᠳᠠᠭ᠋ᠠᠭᠤᠯᠢ ᠣᠳᠣᠨ᠎ᠤ ᠠᠪᠴᠤ ᠶᠠᠪᠤᠬᠤ᠎ᠳᠤ ᠲᠥᠬᠥᠮ ᠦᠵᠡᠭᠦᠯᠬᠦ ᠥᠷᠲᠡᠭᠡ᠂ 5 G ᠡᠭᠦᠷᠬᠦ ᠬᠡᠯᠪᠡᠷᠢ ᠵᠢᠨ ᠭᠠᠭᠴᠠ ᠴᠡᠷᠢᠭ ᠵᠡᠷᠭᠡ ᠰᠢᠨ᠎ᠡ ᠬᠡᠯᠪᠡᠷᠢ ᠵᠢᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠲᠥᠬᠥᠭᠡᠷᠦᠮᠵᠢ ᠵᠢ ᠠᠰᠢᠭᠯᠠᠨ ᠠᠯᠤᠰ ᠡᠵᠡᠮᠰᠢᠯᠲᠦ ᠲᠠᠭᠤ ᠳᠦᠷᠰᠦ ᠰᠢᠩᠭᠡᠭᠡᠯᠲᠡ ᠵᠢᠨ ᠳᠣᠬᠢᠶ᠎ᠠ ᠵᠢ ᠳᠠᠮᠵᠢᠭᠤᠯᠵᠤ᠂ ᠰᠣᠷᠢᠯᠲᠠ ᠵᠢᠨ ᠠᠬᠤᠶ ᠲᠠᠯᠠᠪᠠᠶ ᠵᠢᠨ ᠸᠢᠳᠢᠣ᠋ ᠵᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠂ ᠦᠬᠠᠶ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠵᠢᠯᠣᠭᠣᠳᠬᠤ ᠲᠥᠪ᠎ᠲᠤ ᠴᠠᠭ ᠲᠤᠬᠠᠶ᠎ᠳᠤᠨᠢ ᠪᠤᠴᠠᠭ᠋ᠠᠨ ᠳᠠᠮᠵᠢᠭᠤᠯᠵᠤ᠂ 《ᠰᠣᠷᠢᠯᠲᠠ ᠵᠢᠨ ᠠᠬᠤᠶ ᠲᠠᠯᠠᠪᠠᠶ》᠂ 《ᠬᠣᠲᠠ ᠵᠢᠨ ᠵᠢᠯᠣᠭᠣᠳᠬᠤ ᠲᠥᠪ》᠂ 《ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠲᠥᠪ》 ᠭᠤᠷᠪᠠᠨ ᠭᠠᠵᠠᠷ᠎ᠤᠨ ᠬᠠᠮᠵᠢᠯᠴᠠᠭᠰᠠᠨ ᠠᠯᠤᠰ ᠡᠵᠡᠮᠰᠢᠯᠲᠦ ᠵᠢᠯᠣᠭᠣᠳᠣᠯᠭ᠎ᠠ ᠲᠣᠬᠢᠷᠠᠭᠤᠯᠤᠯᠲᠠ ᠵᠢ ᠤᠷᠤᠭᠰᠢᠲᠠᠶ ᠪᠡᠶᠡᠯᠡᠭᠦᠯᠵᠦ᠂ 《ᠭᠤᠷᠪᠠᠨ ᠲᠠᠰᠤᠯᠳᠠᠯ》᠎ᠤᠨ ᠪᠠᠶ᠋ᠢᠳᠠᠯ ᠳᠤᠤᠷᠠᠬᠢ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠣᠭᠣᠳᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠡᠷᠬᠢᠨ ᠲᠣᠭᠣᠷᠢᠨ᠎ᠤ ᠠᠶ᠋ᠢᠮᠠᠭ ᠬᠣᠲᠠ᠎ᠯᠤᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠵᠢᠯᠴᠠᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠲᠣᠭᠲᠠᠴᠠ ᠵᠢᠨ ᠪᠠᠶ᠋ᠢᠭᠤᠯᠤᠯᠲᠠ᠂ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠬᠤ᠂ ᠰᠣᠷᠢᠯᠲᠠ ᠵᠢ ᠦᠷᠭᠦᠯᠵᠢᠯᠡᠨ ᠰᠠᠶ᠋ᠢᠲᠤᠷ ᠬᠢᠵᠦ᠂ ᠮᠠᠨ᠎ᠤ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃