ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠬᠥᠯᠥᠨ ᠪᠣᠶ᠋ᠢᠷ ᠬᠣᠲᠠ 《ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2025-06-18

    ᠡᠨᠡ ᠵᠢᠯ᠎ᠤᠨ 6 ᠰᠠᠷ᠎ᠠ ᠪᠣᠯ ᠬᠣᠷᠢᠨ ᠳᠥᠷᠪᠡᠳᠡᠬᠢ ᠪᠦᠬᠦ ᠤᠯᠤᠰ᠎ᠤᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ᠎ᠠ᠂ ᠭᠣᠣᠯ ᠰᠡᠳᠦᠪ᠎ᠨᠢ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶ᠋ᠢᠳᠠᠯ᠎ᠢ  ᠠᠷᠭ᠋ᠠᠴᠠᠵᠤ ᠳᠡᠷᠭᠡᠳᠡᠬᠢ ᠠᠮᠤᠷ ᠲᠦᠪᠰᠢᠨ᠎ᠤ ᠭᠡᠮ ᠰᠣᠭᠣᠭ᠎ᠢ ᠡᠷᠢᠨ᠎ᠡ》᠃ 6 ᠳ᠋ᠤᠭ᠋ᠠᠷ ᠰᠠᠷ᠎ᠠ ᠵᠢᠨ 16᠎ᠤ ᠡᠳᠦᠷ᠂ ᠬᠣᠲᠠ ᠵᠢᠨ ᠠᠶᠤᠯ ᠥᠬᠡᠶ ᠦᠢ᠍ᠯᠡᠳᠪᠦᠷᠢᠯᠡᠯ ᠎ᠤᠨ ᠵᠥᠪᠯᠡᠯ᠎ᠤᠨ ᠠᠯᠪᠠᠨ ᠬᠡᠷ᠂ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠪᠣᠯᠤᠨ ᠬᠠᠶ᠋ᠢᠯᠠᠷ ᠲᠣᠭᠣᠷᠢᠭ᠎ᠤᠨ ᠠᠶᠤᠯ ᠥᠬᠡᠶ ᠦᠢ᠍ᠯᠡᠳᠪᠦᠷᠢᠯᠡᠯ ᠎ᠤᠨ ᠵᠥᠪᠯᠡᠯ᠎ᠤᠨ ᠠᠯᠪᠠᠨ ᠬᠡᠷ᠂ ᠬᠠᠶ᠋ᠢᠯᠠᠷ ᠲᠣᠭᠣᠷᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 2025 ᠣᠨ᠎ᠤ 《ᠠᠶᠤᠯ ᠥᠬᠡᠶ ᠵᠢᠨ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ ᠥᠷᠨᠢᠭᠦᠯᠪᠡ᠃ 50 ᠭᠠᠷᠤᠢ ᠬᠤᠳᠠ ᠲᠣᠭᠣᠷᠢᠭ ᠬᠣᠶᠠᠷ ᠱᠠᠲᠤᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠪᠦᠷᠢᠯᠳᠦᠬᠦᠨ ᠨᠢᠭᠡᠴᠢ ᠵᠢᠴᠢ ᠭᠣᠣᠯᠳᠠᠯᠭ᠎ᠠ᠎ᠲᠠᠢ ᠠᠵᠤ ᠠᠬᠤᠶ᠋ᠢᠯᠠᠯ᠂ ᠠᠵᠢᠯ ᠲᠦᠷᠦᠯ᠎ᠤᠨ ᠨᠡᠶ᠋ᠢᠭᠡᠮᠯᠢᠭ ᠠᠵᠢᠯᠯᠠᠭ᠎ᠠ᠎ᠳᠤ ᠣᠷᠣᠯᠴᠠᠪᠠ᠃

1.png


    ᠠᠵᠢᠯᠯᠠᠭ᠎ᠠ᠎ᠨᠢ ᠠᠮᠤᠷ ᠲᠦᠪᠰᠢᠨ᠎ᠤ ᠤᠬᠠᠭᠤᠯᠭ᠎ᠠ ᠵᠢᠨ ᠦᠵᠡᠭᠦᠯᠭᠡ ᠵᠢᠨ ᠲᠣᠭᠣᠷᠢᠭ᠂ ᠲᠤᠰᠬᠠᠶ ᠲᠥᠷᠥᠯ᠎ᠤᠨ ᠯᠠᠪᠯᠠᠭ᠎ᠠ ᠵᠢᠨ ᠦᠢ᠍ᠯᠡᠴᠢᠯᠡᠭᠡᠨ᠎ᠤ ᠲᠣᠭᠣᠷᠢᠭ᠂ ᠲᠣᠨᠣᠭ ᠲᠥᠬᠥᠭᠡᠷᠦᠮᠵᠢ ᠵᠢᠨ ᠦᠵᠡᠭᠦᠯᠭᠡ ᠵᠢᠨ ᠲᠣᠭᠣᠷᠢᠭ᠂ ᠠᠮᠢ ᠵᠢᠭᠤᠲᠠᠬᠤ ᠵᠢ ᠪᠡᠶᠡᠴᠢᠯᠡᠨ ᠣᠶ᠋ᠢᠯᠠᠭ᠋ᠠᠬᠤ ᠲᠣᠭᠣᠷᠢᠭ ᠵᠡᠷᠭᠡ ᠠᠵᠢᠯᠯᠠᠭ᠋ᠠᠨ᠎ᠤ ᠣᠷᠣᠨ ᠪᠦᠰᠡ ᠵᠢ ᠲᠣᠬᠢᠷᠠᠭᠤᠯᠪᠠ᠃

2.png


    ᠠᠮᠤᠷ ᠲᠦᠪᠰᠢᠨ᠎ᠤ ᠤᠬᠠᠭᠤᠯᠭ᠎ᠠ ᠵᠢᠨ ᠦᠵᠡᠭᠦᠯᠦᠯᠭᠡ ᠵᠢᠨ ᠰᠠᠮᠪᠠᠷ᠎ᠠ ᠪᠣᠯᠤᠨ ᠲᠤᠰᠬᠠᠶ   ᠵᠦᠢ᠍ᠯ᠎ᠤᠨ ᠯᠠᠪᠯᠠᠯᠭ᠎ᠠ ᠵᠢᠨ   ᠦᠢ᠍ᠯᠡᠴᠢᠯᠡᠭᠡᠨ᠎ᠤ ᠲᠣᠭᠣᠷᠢᠭ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠠᠶᠤᠯ ᠦᠭᠡᠶ ᠦᠢ᠍ᠯᠡᠳᠪᠦᠷᠢᠯᠡᠯ ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠭᠠᠯ ᠰᠡᠷᠭᠡᠶ᠋ᠢᠯᠡᠬᠦ᠂ ᠦᠶᠡᠷ᠎ᠢ ᠰᠡᠷᠭᠡᠶ᠋ᠢᠯᠡᠬᠦ᠂ ᠤᠰᠤᠨ᠎ᠳᠤ ᠴᠠᠴᠠᠬᠤ ᠵᠢ ᠰᠡᠷᠭᠡᠶ᠋ᠢᠯᠡᠬᠦ᠂ ᠪᠠᠶ᠋ᠢᠭ᠋ᠠᠯᠢ ᠵᠢᠨ ᠭᠠᠮᠰᠢᠭ ᠵᠡᠷᠭᠡ ᠲᠠᠯ᠎ᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠭᠦᠯᠦᠯᠭᠡ ᠵᠢᠨ ᠰᠠᠮᠪᠠᠷ᠎ᠠ 60 ᠵᠢ ᠪᠠᠶ᠋ᠢᠷᠢᠯᠠᠭᠤᠯᠵᠤ᠂ ᠲᠤᠰᠬᠠᠶ ᠵᠦᠢ᠍ᠯ᠎ᠤᠨ ᠦᠢ᠍ᠯᠡᠴᠢᠯᠡᠭᠡᠨ᠎ᠤ ᠯᠠᠪᠯᠠᠯᠭ᠎ᠠ ᠵᠢᠨ ᠲᠠᠶ᠋ᠢᠰᠠ 41 ᠵᠢ ᠪᠠᠶ᠋ᠢᠷᠢᠯᠠᠭᠤᠯᠤᠨ᠂ ᠥᠷᠭᠡᠨ ᠣᠯᠠᠨ ᠬᠣᠲᠠ ᠵᠢᠨ ᠠᠷᠠᠳ ᠪᠠ ᠬᠣᠲᠠ ᠵᠢᠨ ᠠᠷᠠᠳ᠎ᠲᠤ ᠤᠬᠠᠭᠤᠯᠭ᠎ᠠ ᠵᠢᠨ   ᠵᠦᠢ᠍ᠯ᠎ᠢ ᠲᠠᠷᠬᠠᠭ᠋ᠠᠵᠤ᠂ ᠠᠮᠤᠷ ᠲᠦᠪᠰᠢᠨ᠎ᠤ ᠳᠠᠯᠳᠠ ᠭᠡᠮ᠎ᠤᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠦᠨ᠂ ᠣᠯᠠᠨ ᠲᠦᠮᠡᠨ᠎ᠤ ᠠᠰᠠᠭᠤᠯᠲᠠ ᠵᠢ ᠬᠠᠷᠢᠭᠤᠯᠪᠠ᠃ ᠲᠣᠨᠣᠭᠯᠠᠯ᠎ᠤᠨ ᠦᠵᠡᠭᠦᠯᠦᠯᠭᠡ ᠵᠢᠨ ᠲᠣᠭᠣᠷᠢᠭ᠎ᠲᠤ ᠬᠣᠲᠠ ᠪᠠᠯᠭ᠋ᠠᠰᠤ ᠵᠢᠨ ᠭᠠᠯ ᠤᠨᠲᠠᠷᠠᠭ᠋ᠠᠬᠤ᠂ ᠣᠶ ᠰᠢᠭᠤᠶ ᠵᠢᠨ ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠥᠬᠥᠭᠡᠷᠦᠮᠵᠢ ᠵᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ   ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠲᠤᠰᠬᠠᠬᠤ ᠬᠡᠷᠡᠭᠲᠡᠶ᠃ ᠠᠮᠢ ᠵᠢᠭᠤᠲᠠᠬᠤ ᠵᠢ ᠪᠡᠶᠡᠴᠢᠯᠡᠨ ᠣᠶ᠋ᠢᠯᠠᠭ᠋ᠠᠬᠤ ᠲᠣᠭᠣᠷᠢᠭ᠎ᠲᠤ ᠠᠮᠢ ᠵᠢᠭᠤᠲᠠᠬᠤ ᠵᠢ ᠪᠡᠶᠡᠴᠢᠯᠡᠨ ᠣᠶ᠋ᠢᠯᠠᠭ᠋ᠠᠬᠤ ᠬᠣᠶᠠᠷ ᠬᠥᠮᠥᠷᠭᠡ ᠲᠣᠬᠢᠷᠠᠭᠤᠯᠵᠤ᠂ ᠲᠦᠢ᠍ᠮᠡᠷ᠎ᠤᠨ ᠲᠠᠯᠠᠪᠠᠶ ᠵᠢᠨ ᠣᠲᠣᠭ᠎ᠠ ᠮᠠᠨᠠᠨ ᠲᠤᠨᠤᠷᠠᠭᠰᠠᠨ ᠣᠷᠴᠢᠨ ᠲᠣᠭᠣᠷᠢᠨ᠎ᠢ ᠳᠠᠭᠤᠷᠢᠶᠠᠬᠤ᠎ᠪᠠᠷ ᠳᠠᠮᠵᠢᠭᠤᠯᠤᠨ᠂ ᠥᠷᠭᠡᠨ ᠣᠯᠠᠨ ᠬᠣᠲᠠ ᠵᠢᠨ ᠠᠷᠠᠳ᠎ᠲᠤ ᠲᠦᠢ᠍ᠮᠡᠷ᠎ᠤᠨ ᠠᠶᠤᠯ᠎ᠠᠴᠠ ᠳᠤᠲᠠᠭ᠋ᠠᠬᠤ ᠤᠷ᠎ᠠ ᠴᠢᠳᠠᠪᠤᠷᠢ ᠵᠢ ᠲᠦᠭᠡᠮᠡᠯᠵᠢᠭᠦᠯᠦᠨ᠎ᠡ; ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠠᠶᠤᠯ ᠦᠭᠡᠶ ᠵᠢᠨ ᠦᠵᠡᠭᠦᠯᠦᠯᠭᠡ ᠵᠢᠨ  ᠰᠢᠰᠲ᠋ᠧᠮ ᠲᠣᠬᠢᠷᠠᠭᠤᠯᠵᠤ᠂ ᠲᠤᠷᠰᠢᠯᠲᠠ ᠬᠢᠬᠦ᠂ ᠵᠠᠮ ᠱᠤᠭᠤᠮ᠎ᠢ ᠬᠠᠭᠤᠴᠢᠷᠠᠭᠤᠯᠬᠤ ᠲᠤᠷᠰᠢᠯᠲᠠ ᠬᠢᠬᠦ ᠪᠠ ᠡᠨᠳᠡᠯ᠎ᠤᠨ ᠬᠡᠷᠡᠭ᠎ᠤᠨ ᠵᠢᠱ᠌ᠢᠶ᠎ᠡ ᠵᠢ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠠᠶᠤᠯ ᠦᠭᠡᠶ ᠵᠢᠨ ᠮᠡᠳᠡᠯᠭᠡ ᠵᠢ ᠲᠦᠭᠡᠮᠡᠯᠵᠢᠭᠦᠯᠬᠦ ᠬᠡᠷᠡᠭᠲᠡᠶ᠃

3333333333333.png

   

    ᠡᠯ᠎ᠡ ᠬᠣᠰᠢᠭᠤ ᠬᠣᠲᠠ ᠲᠣᠭᠣᠷᠢᠭ 《ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ ᠵᠢ ᠵᠡᠷᠭᠡᠪᠡᠷ ᠥᠷᠨᠢᠭᠦᠯᠵᠦ᠂ ᠠᠮᠤᠷ ᠲᠦᠪᠰᠢᠨ᠎ᠤ ᠭᠠᠷ ᠪᠢᠴᠢᠮᠡᠯ ᠮᠡᠳᠡᠭᠡ᠂ ᠤᠷᠠᠨ ᠰᠠᠶ᠋ᠢᠬᠠᠨ᠎ᠤ ᠲᠣᠭᠯᠠᠯᠲᠠ ᠵᠡᠷᠭᠡ ᠬᠡᠯᠪᠡᠷᠢ᠎ᠪᠠᠷ ᠠᠮᠤᠷ ᠲᠦᠪᠰᠢᠨ᠎ᠤ ᠤᠬᠠᠭᠤᠯᠭ᠎ᠠ ᠵᠢ ᠲᠥᠪᠯᠡᠷᠡᠭᠦᠯᠦᠨ ᠥᠷᠨᠢᠭᠦᠯᠵᠦ᠂ ᠪᠥᠬᠥ ᠨᠡᠶ᠋ᠢᠭᠡᠮ ᠵᠶ᠋ᠠᠷ ᠵᠶ᠋ᠠᠨ ᠠᠮᠤᠷ ᠲᠦᠪᠰᠢᠨ᠎ᠢ ᠠᠩᠬᠠᠷᠬᠤ᠂ ᠠᠮᠤᠷ ᠲᠦᠪᠰᠢᠨ᠎ᠢ ᠳᠡᠮᠵᠢᠬᠦ᠂ ᠠᠮᠤᠷ ᠲᠦᠪᠰᠢᠨ᠎ᠳᠤ ᠣᠷᠣᠯᠴᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠦᠨᠡᠨ ᠬᠦ᠌ ᠪᠣᠶ ᠪᠣᠯᠭ᠋ᠠᠨ᠎ᠠ᠃

44444.png


    ᠲᠠᠷᠠᠭ᠋ᠠᠴᠢ ᠵᠢᠨ ᠠᠯᠬᠤᠮ᠎ᠳᠤ᠂ ᠬᠣᠲᠠ ᠬᠣᠰᠢᠭᠤ ᠬᠣᠲᠠ ᠲᠣᠭᠣᠷᠢᠭ ᠬᠣᠶᠠᠷ ᠱᠠᠲᠤᠨ᠎ᠤ ᠰᠠᠯᠠᠭ᠎ᠠ ᠮᠥᠴᠢᠷ ᠠᠮᠤᠷ ᠲᠦᠪᠰᠢᠨ᠎ᠤ ᠤᠬᠠᠭᠤᠯᠭ᠎ᠠ 《ᠲᠠᠪᠤ ᠵᠢ ᠣᠷᠣᠭᠤᠯᠬᠤ》᠂ 《ᠲᠤᠰᠬᠠᠶ ᠮᠡᠷᠭᠡᠵᠢᠯᠲᠡᠨ᠎ᠢ ᠠᠵᠤ ᠠᠬᠤᠶ᠋ᠢᠯᠠᠯ᠎ᠳᠤ ᠣᠷᠣᠭᠤᠯᠬᠤ》 ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠠᠶᠤᠯᠭᠦᠶ ᠦᠢ᠍ᠯᠡᠳᠪᠦᠷᠢᠯᠡᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠠᠶᠤᠯ᠎ᠠᠴᠠ ᠵᠠᠶ᠋ᠢᠯᠠᠬᠤ ᠪᠠ ᠥᠪᠡᠷ᠎ᠢ᠎ᠪᠠᠨ ᠠᠪᠤᠷᠬᠠᠤ ᠪᠠ ᠬᠠᠷᠢᠯᠴᠠᠨ ᠠᠪᠤᠷᠬᠠᠤ ᠮᠡᠳᠡᠯᠭᠡ ᠵᠢ ᠲᠦᠭᠡᠮᠡᠯᠵᠢᠭᠦᠯᠵᠦ᠂ ᠪᠥᠬᠥ ᠠᠷᠠᠳ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠳᠡᠭᠡᠭᠰᠢᠯᠡᠭᠦᠯᠦᠨ᠎ᠡ᠃


ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠡᠷᠢᠶᠡᠨ ᠬᠣᠲᠠ᠄ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠵᠦ᠂ ᠴᠢᠳᠠᠪᠤᠷᠢ᠎ᠪᠠᠨ ᠳᠡᠭᠡᠭᠰᠢᠯᠡᠭᠦᠯᠬᠦ —— ᠡᠷᠢᠶᠡᠨ ᠬᠣᠲᠠ 2025 ᠣᠨ᠎ᠤ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠰᠢᠯᠢ ᠵᠢᠨ ᠭᠤᠤᠯ ᠠᠶ᠋ᠢᠮᠠᠭ᠄ ᠰᠢᠯᠢ ᠵᠢᠨ ᠭᠤᠤᠯ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠠᠮᠤᠷ ᠲᠦᠪᠰᠢᠨ᠎ᠤ ᠬᠠᠷᠢᠭᠤᠴᠠᠯᠭ᠎ᠠ᠎ᠳᠤ ᠲᠤᠰᠬᠠᠶ ᠬᠢᠨᠠᠯᠲᠠ ᠲᠠᠯᠪᠢᠵᠤ ᠵᠢᠯᠣᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠣᠷᠳᠣᠰ ᠬᠣᠲᠠ ᠵᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠪᠡ
ᠲᠦᠩᠯᠢᠶᠣᠤ ᠬᠣᠲᠠ ᠪᠥᠬᠥ ᠬᠣᠲᠠ ᠵᠢᠨ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠬᠢᠪᠠ
 
            