ᠮᠠᠨ᠎ᠤ ᠬᠣᠲᠠ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠵᠢᠯᠣᠭᠣᠳᠬᠤ ᠰᠢᠢ᠍ᠳᠪᠦᠷᠢᠲᠦ ᠪᠣᠳᠣᠯᠭ᠎ᠠ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠬᠤ ᠵᠢᠨ ᠲᠥᠯᠥᠭᠡ᠂ ᠡᠷᠢᠶᠡᠨ ᠬᠣᠲᠠ ᠵᠢᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠵᠢᠯᠣᠭᠣᠳᠬᠤ ᠭᠠᠵᠠᠷ᠎ᠤᠨ ᠠᠯᠪᠠᠨ ᠬᠡᠷ 6 ᠰᠠᠷ᠎ᠠ ᠵᠢᠨ 17᠎ᠤ ᠦᠳᠡ ᠵᠢᠨ ᠡᠮᠦᠨ᠎ᠡ 2025 ᠣᠨ᠎ᠤ ᠪᠥᠬᠥ ᠬᠣᠲᠠ ᠵᠢᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠲᠤᠬᠠᠶ᠋ᠢᠯᠠᠭᠰᠠᠨ ᠠᠵᠢᠯ᠎ᠤᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠣᠳᠬᠤ ᠭᠠᠵᠠᠷ᠎ᠤᠨ ᠡᠯ᠎ᠡ ᠪᠦᠷᠢᠯᠳᠦᠬᠦᠨ ᠨᠢᠭᠡᠴᠢ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠵᠢᠴᠢ ᠲᠤᠬᠠᠶ᠋ᠢᠯᠠᠭᠰᠠᠨ ᠠᠵᠢᠯ᠎ᠤᠨ ᠭᠣᠣᠯᠯᠠᠭᠴᠢ 20 ᠬᠥᠮᠦᠨ ᠪᠣᠯᠪᠠᠰᠤᠷᠠᠯ᠎ᠳᠤ ᠣᠷᠣᠯᠴᠠᠪᠠ᠃

ᠲᠣᠰ ᠤᠳᠠᠭ᠋ᠠᠨ᠎ᠤ ᠪᠣᠯᠪᠠᠰᠤᠷᠠᠭᠤᠯᠤᠯ᠎ᠨᠢ ᠰᠢᠨ᠎ᠡ ᠪᠠᠶ᠋ᠢᠳᠠᠯ ᠳᠤᠤᠷᠠᠬᠢ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠠᠳᠠᠯᠤᠯᠲᠠ ᠬᠢᠪᠠ᠂ ᠠᠭᠤᠯᠭ᠎ᠠ᠎ᠨᠢ ᠭᠤᠷᠪᠠᠨ ᠶᠡᠬᠡ ᠬᠡᠰᠡᠭ᠎ᠲᠤ ᠬᠤᠪᠢᠶᠠᠭᠳᠠᠵᠠᠶ᠂ ᠨᠢᠭᠡ᠎ᠳᠤ ᠶᠡᠷᠦᠩᠬᠡᠶ ᠱᠦᠵᠢ ᠰᠢ ᠵᠢᠨ ᠫᠢᠩ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ᠂ ᠬᠣᠶᠠᠷ᠎ᠲᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠤᠨ ᠲᠤᠬᠠᠶ ᠲᠠᠨᠢᠯᠲᠠ᠂ ᠭᠤᠷᠪᠠ᠎ᠳᠤ ᠰᠡᠷᠭᠡᠶ᠋ᠢᠯᠡᠨ ᠠᠷᠭ᠋ᠠᠴᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠶ ᠪᠥᠭᠡᠳ ᠨᠠᠷᠢᠯᠢᠭ ᠠᠳᠬᠤᠪᠠ᠃
ᠮᠠᠨ᠎ᠤ ᠬᠣᠲᠠ ᠵᠢᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠠᠵᠢᠯ᠎ᠤᠨ ᠳᠠᠪᠠᠭᠤᠯᠢᠭ᠂ ᠪᠥᠬᠥ ᠤᠯᠤᠰ᠎ᠤᠨ ᠣᠶ᠋ᠢᠷ᠎ᠠ ᠵᠢᠨ ᠬᠡᠳᠦᠨ ᠵᠢᠯ᠎ᠤᠨ ᠦᠶᠡᠷ ᠤᠰᠤᠲᠤᠯ᠎ᠤᠨ ᠭᠠᠮᠰᠢᠭ᠎ᠤᠨ ᠬᠠᠨᠳᠤᠰᠢ᠂ ᠣᠷᠣᠰᠢᠵᠤ ᠪᠠᠶ᠋ᠢᠭ᠎ᠠ ᠠᠶᠤᠯ ᠲᠦᠭᠰᠢᠭᠦᠷᠢ᠎ᠠᠴᠠ ᠣᠳᠣᠬᠠᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠵᠠᠩᠭᠢᠯᠠᠭ᠎ᠠ ᠵᠢᠨ ᠭᠣᠭᠴᠣᠭ᠎ᠠ ᠪᠠ ᠵᠢᠷᠤᠮᠵᠢᠯ᠎ᠤᠨ ᠱᠠᠭ᠋ᠠᠷᠳᠠᠯᠭ᠎ᠠ ᠵᠢ ᠰᠢᠰᠲ᠋ᠧᠮ᠎ᠲᠠᠢ ᠲᠠᠶ᠋ᠢᠯᠪᠤᠷᠢᠯᠠᠪᠠ᠃

ᠰᠡᠷᠭᠡᠶ᠋ᠢᠯᠡᠨ ᠠᠷᠭ᠋ᠠᠴᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠪᠣᠳᠠᠲᠠᠶ ᠠᠳᠬᠤᠵᠤ᠂ ᠤᠷᠢᠳᠴᠢᠯᠠᠨ ᠰᠡᠷᠭᠡᠶ᠋ᠢᠯᠡᠬᠦ ᠪᠡᠯᠡᠳᠬᠡᠯ ᠬᠢᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠂ ᠳ᠋ᠦᠩᠨᠡᠨ ᠳᠡᠭᠡᠭᠰᠢᠯᠡᠭᠦᠯᠬᠦ ᠭᠤᠷᠪᠠᠨ ᠶᠡᠬᠡ ᠭᠣᠭᠴᠣᠭ᠎ᠠ ᠵᠢ ᠰᠠᠶ᠋ᠢᠲᠤᠷ ᠡᠵᠡᠮᠳᠡᠵᠦ᠂ 《ᠲᠠᠪᠤ ᠵᠢ ᠠᠳᠬᠤᠬᠤ》 《ᠲᠠᠪᠤ ᠵᠢ ᠨᠢᠭᠡᠳᠬᠡᠬᠦ》 《ᠬᠣᠶᠠᠷ᠎ᠢ ᠳᠡᠭᠡᠭᠰᠢᠯᠡᠭᠦᠯᠬᠦ》 ᠵᠡᠷᠭᠡ 12 ᠵᠦᠢ᠍ᠯ᠎ᠤᠨ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠳᠣᠪᠣᠶ᠋ᠢᠯᠭ᠋ᠠᠨ᠎ᠠ᠃ ᠳᠤᠲᠠᠭᠤᠳᠠᠯ ᠪᠠᠭᠤᠷᠠᠶ ᠲᠠᠯ᠎ᠠ᠎ᠪᠠᠨ ᠨᠥᠬᠥᠪᠥᠷᠢᠯᠡᠵᠦ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠴᠢᠳᠠᠪᠤᠷᠢ᠎ᠪᠠᠨ ᠦᠨᠳᠦᠰᠦᠨ᠎ᠠᠴᠠ᠎ᠨᠢ ᠳᠡᠭᠡᠭᠰᠢᠯᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠬᠣᠲᠠ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠦᠶᠡᠷ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠥ ᠬᠦᠴᠦᠨ ᠵᠶ᠋ᠠᠷ ᠵᠶ᠋ᠠᠨ ᠪᠡᠬᠢᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠡᠩᠨᠡᠭᠡ ᠵᠢᠨ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠬᠠᠷᠢᠶ᠎ᠠ ᠣᠷᠣᠨ᠎ᠤ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠡᠷᠡᠰ ᠰᠠᠬᠢᠨ ᠬᠠᠮᠠᠭ᠋ᠠᠯᠠᠨ᠎ᠠ᠃