ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠰᠢᠯᠢ ᠵᠢᠨ ᠭᠤᠤᠯ ᠠᠶ᠋ᠢᠮᠠᠭ᠄ ᠰᠢᠯᠢ ᠵᠢᠨ ᠭᠤᠤᠯ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠠᠮᠤᠷ ᠲᠦᠪᠰᠢᠨ᠎ᠤ ᠬᠠᠷᠢᠭᠤᠴᠠᠯᠭ᠎ᠠ᠎ᠳᠤ ᠲᠤᠰᠬᠠᠶ ᠬᠢᠨᠠᠯᠲᠠ ᠲᠠᠯᠪᠢᠵᠤ ᠵᠢᠯᠣᠭᠣᠳᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-06-27

    ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠡᠨᠳᠡᠯ᠎ᠢ ᠤᠷᠢᠳᠴᠢᠯᠠᠨ ᠰᠡᠷᠭᠡᠶ᠋ᠢᠯᠡᠬᠦ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠵᠠᠰᠠᠯᠲᠠ ᠵᠢᠨ ᠵᠠᠭᠪᠤᠷ᠎ᠢ ᠤᠷᠢᠳᠴᠢᠯᠠᠨ ᠰᠡᠷᠭᠡᠶ᠋ᠢᠯᠡᠬᠦ ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠬᠤ ᠵᠢᠨ ᠲᠥᠯᠥᠭᠡ  ᠠᠶ᠋ᠢᠮᠠᠭ᠎ᠤᠨ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ 2025 ᠣᠨ᠎ᠤ 6 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 18᠎ᠤ ᠡᠳᠦᠷ ᠪᠣᠯᠲᠠᠯ᠎ᠠ᠂ ᠠᠷᠠᠳ᠎ᠤᠨ ᠡᠳ᠋ ᠬᠥᠷᠥᠩᠭᠡ ᠵᠢᠨ ᠳᠠᠭ᠋ᠠᠳᠬᠠᠯ᠂᠎ᠲᠠᠢ ᠫᠢᠩ ᠡᠳ᠋ ᠬᠥᠷᠥᠩᠭᠡ ᠵᠢᠨ ᠳᠠᠭ᠋ᠠᠳᠬᠠᠯ᠂ ᠭᠦᠸᠧ ᠱᠸᠦ ᠡᠳ᠋ ᠬᠥᠷᠥᠩᠭᠡ ᠵᠢᠨ ᠳᠠᠭ᠋ᠠᠳᠬᠠᠯ᠂ ᠫᠢᠩ ᠠᠨ ᠡᠳ᠋ ᠬᠥᠷᠥᠩᠭᠡ ᠵᠢᠨ ᠳᠠᠭ᠋ᠠᠳᠬᠠᠯ ᠵᠡᠷᠭᠡ ᠳᠥᠷᠪᠡᠨ ᠳᠠᠭ᠋ᠠᠳᠬᠠᠯ᠎ᠤᠨ ᠪᠠᠶ᠋ᠢᠭᠤᠯᠤᠮᠵᠢ᠎ᠳᠤ ᠲᠤᠰᠬᠠᠶ ᠬᠢᠨᠠᠯᠲᠠ ᠵᠢᠯᠣᠭᠣᠳᠣᠯᠭ᠎ᠠ ᠬᠢᠵᠦ᠂ ᠡᠯ᠎ᠡ ᠪᠠᠶ᠋ᠢᠭᠤᠯᠤᠮᠵᠢ ᠵᠢᠨ ᠡᠨᠳᠡᠯ᠎ᠢ ᠰᠡᠷᠭᠡᠶ᠋ᠢᠯᠡᠬᠦ  ᠦᠢ᠍ᠯᠡᠴᠢᠯᠡᠭᠡ ᠥᠷᠨᠢᠭᠦᠯᠦᠭᠰᠡᠨ ᠪᠠᠶ᠋ᠢᠳᠠᠯ᠎ᠢ ᠭᠤᠤᠯᠳᠠᠯᠭ᠎ᠠ᠎ᠲᠠᠢ ᠪᠠᠶ᠋ᠢᠴᠠᠭ᠋ᠠᠪᠠ᠃ ᠡᠨᠳᠡᠯ᠎ᠢ ᠰᠡᠷᠭᠡᠶ᠋ᠢᠯᠡᠬᠦ ᠦᠢ᠍ᠯᠡᠴᠢᠯᠡᠭᠡᠨ᠎ᠤ ᠲᠥᠰᠦᠯ᠂ ᠮᠡᠳᠡᠭᠦᠯᠦᠯᠲᠡ᠂ ᠵᠠᠷᠤᠳᠠᠯ ᠭᠠᠷᠭ᠋ᠠᠨ ᠠᠪᠬᠤ ᠬᠢᠭᠡᠳ ᠬᠡᠷᠡᠭᠯᠡᠬᠦ ᠵᠢᠴᠢ ᠭᠤᠷᠪᠠᠳᠠᠬᠢ ᠡᠲᠡᠭᠡᠳ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠢᠷᠢ ᠬᠡᠮ ᠬᠢᠭᠡᠳ ᠬᠠᠮᠢᠶᠠᠷᠤᠯᠲᠠ ᠵᠢᠨ ᠪᠠᠶ᠋ᠢᠳᠠᠯ᠎ᠢ ᠭᠦᠨᠵᠡᠭᠡᠶ ᠪᠠᠶ᠋ᠢᠴᠠᠭ᠋ᠠᠨ ᠦᠵᠡᠬᠦ᠎ᠪᠠᠷ ᠳᠠᠮᠵᠢᠭᠤᠯᠤᠨ᠂ ᠡᠯ᠎ᠡ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠡᠨᠳᠡᠯ᠎ᠢ ᠰᠡᠷᠭᠡᠶ᠋ᠢᠯᠡᠬᠦ ᠵᠠᠷᠤᠳᠠᠯ᠎ᠢ ᠦᠨᠡᠨᠬᠦ ᠳᠠᠭ᠋ᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠳᠤ ᠦᠢ᠍ᠯᠡᠴᠢᠯᠡᠬᠦ᠎ᠳᠤ ᠬᠡᠷᠡᠭᠯᠡᠬᠦ ᠵᠢ ᠦᠨᠡᠨᠬᠦ ᠪᠠᠲᠤᠯᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠂ ᠲᠦᠭᠰᠢᠭᠦᠷᠢ ᠵᠢ ᠦᠨᠡᠯᠡᠨ ᠵᠢᠱ᠌ᠢᠵᠦ ᠬᠠᠮᠢᠶᠠᠷᠤᠨ ᠡᠵᠡᠮᠳᠡᠬᠦ ᠪᠠ ᠠᠵᠤ ᠠᠬᠤᠶ᠋ᠢᠯᠠᠯ᠎ᠢ ᠬᠠᠪᠰᠤᠷᠤᠨ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠠᠬᠢ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠤᠨ᠎ᠠ᠃

112.jpg

   

     ᠲᠠᠷᠠᠭ᠋ᠠᠴᠢ ᠵᠢᠨ ᠠᠯᠬᠤᠮ᠎ᠳᠤ᠂ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠭᠰᠢᠭᠦᠷᠢ ᠵᠢᠨ ᠴᠢᠳᠠᠮᠵᠢ ᠵᠢᠨ ᠦᠢ᠍ᠯᠡᠳᠦᠯ᠎ᠢ  ᠭᠦᠢ᠍ᠴᠡᠳ ᠪᠠᠳᠠᠷᠠᠭᠤᠯᠵᠤ᠂ ᠣᠯᠠᠨ   ᠵᠦᠢ᠍ᠯ᠎ᠤᠨ ᠠᠷᠭ᠎ᠠ ᠬᠡᠮᠵᠢᠶ᠎ᠡ᠎ᠪᠠᠷ ᠠᠶᠤᠯ ᠥᠬᠡᠶ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ᠎ᠳᠤ ᠬᠦᠴᠦᠨ ᠨᠡᠮᠡᠷᠢᠯᠡᠬᠦ ᠪᠣᠯᠤᠨ᠎ᠠ᠃ ᠨᠢᠭᠡ᠎ᠳᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠡᠨᠳᠡᠯ᠎ᠢ ᠤᠷᠢᠳᠴᠢᠯᠠᠨ ᠰᠡᠷᠭᠡᠶ᠋ᠢᠯᠡᠬᠦ   ᠦᠢ᠍ᠯᠡᠴᠢᠯᠡᠭᠡᠨ᠎ᠤ ᠲᠥᠰᠦᠯ᠎ᠢ ᠰᠢᠯᠢᠳᠡᠭᠵᠢᠭᠦᠯᠦᠨ᠂ ᠡᠨᠳᠡᠯ᠎ᠢ ᠤᠷᠢᠳᠴᠢᠯᠠᠨ ᠰᠡᠷᠭᠡᠶ᠋ᠢᠯᠡᠬᠦ ᠵᠠᠷᠤᠳᠠᠯ᠎ᠢ ᠵᠢᠷᠤᠮᠵᠢᠭᠤᠯᠤᠨ ᠬᠡᠷᠡᠭᠯᠡᠵᠦ᠂ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠪᠠ ᠬᠦᠨᠳᠦ ᠶᠡᠬᠡ ᠬᠡᠮ ᠰᠣᠭᠣᠭ᠎ᠤᠨ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ; ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠶ ᠵᠢᠨ ᠬᠠᠷᠢᠭᠤᠴᠠᠯᠭ᠎ᠠ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠭᠦᠨᠵᠡᠭᠡᠶ ᠬᠡᠷᠡᠭᠯᠡᠭᠳᠡᠬᠦ ᠵᠢ ᠲᠦᠯᠬᠢᠨ ᠠᠬᠢᠭᠤᠯᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢ ᠵᠢᠯᠣᠭᠣᠳᠤᠨ ᠰᠢᠰᠲ᠋ᠧᠮ ᠵᠶ᠋ᠠᠷ ᠳᠠᠮᠵᠢᠭᠤᠯᠤᠨ ᠦᠢ᠍ᠯᠡᠴᠢᠯᠡᠭᠡᠨ᠎ᠤ ᠪᠦᠬᠦ ᠶᠠᠪᠤᠴᠠ ᠵᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ; ᠭᠤᠷᠪᠠ᠎ᠳᠤ᠂ ᠰᠠᠯᠠᠭ᠎ᠠ ᠮᠥᠴᠢᠷ᠎ᠤᠨ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠠᠶ᠋ᠢᠮᠠᠭ᠎ᠤᠨ ᠰᠢᠭᠤᠳ ᠬᠠᠷᠢᠶ᠎ᠠ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠣᠯᠪᠣᠭ᠋ᠠᠯᠠᠨ᠂ ᠠᠶᠤᠯ ᠶᠡᠬᠡᠲᠡᠶ ᠠᠵᠤ ᠠᠬᠤᠶ᠋ᠢᠯᠠᠯ᠎ᠤᠨ 《ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠬᠤ》 ᠵᠢ ᠬᠠᠮᠵᠢᠯᠴᠠᠨ ᠰᠢᠮᠳᠠᠭᠤᠯᠵᠤ᠂ ᠳᠠᠭ᠋ᠠᠳᠬᠠᠯ᠎ᠤᠨ ᠪᠠᠶ᠋ᠢᠭᠤᠯᠤᠮᠵᠢ ᠵᠢᠨ 《ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠡᠨᠳᠡᠯ᠎ᠢ ᠰᠡᠷᠭᠡᠶ᠋ᠢᠯᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠵᠢᠷᠤᠮᠵᠢᠯ》᠎ᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠡᠬᠢ ᠡᠭᠦᠰᠦᠯ᠎ᠢ ᠰᠡᠷᠭᠡᠶ᠋ᠢᠯᠡᠨ ᠡᠵᠡᠮᠳᠡᠬᠦ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠪᠥᠬᠥ ᠠᠶ᠋ᠢᠮᠠᠭ᠎ᠤᠨ ᠠᠶᠤᠯᠭᠦᠶ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ᠎ᠳᠤ ᠪᠠᠲᠤ ᠴᠢᠩᠭ᠎ᠠ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃

34.jpg

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠳᠣᠰ ᠬᠣᠲᠠ ᠵᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠪᠡ
ᠲᠦᠩᠯᠢᠶᠣᠤ ᠬᠣᠲᠠ ᠪᠥᠬᠥ ᠬᠣᠲᠠ ᠵᠢᠨ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠬᠢᠪᠠ
2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠠᠯᠠᠱ᠌ᠠ ᠠᠢ᠌ᠮᠠᠭ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
 
            