ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠤᠯᠠᠭ᠋ᠠᠨᠬᠠᠳᠠ ᠬᠣᠲᠠ᠄ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠪᠥᠬᠥ ᠬᠣᠲᠠ ᠵᠢᠨ ᠠᠶᠤᠯᠲᠠᠶ ᠬᠢᠮᠢ ᠵᠢᠨ ᠪᠣᠳᠠᠰ᠂ ᠥᠩᠭᠡᠲᠦ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ ᠵᠡᠷᠭᠡ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠲᠠᠨ ᠵᠢᠴᠢ ᠪᠥᠬᠥ ᠬᠣᠲᠠ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2025-06-03

    ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠠᠶᠤᠯᠭᠦᠶ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠠᠶᠤᠯᠲᠠᠶ ᠬᠢᠮᠢ ᠵᠢᠨ ᠪᠣᠳᠠᠰ᠎ᠤᠨ ᠬᠦᠷᠢᠶᠡᠨ᠎ᠳᠠᠬᠢ ᠬᠦᠨᠳᠦ ᠣᠨᠴᠠ ᠶᠡᠬᠡ ᠡᠨᠳᠡᠯ᠎ᠢ ᠰᠡᠷᠭᠡᠶ᠋ᠢᠯᠡᠨ ᠬᠣᠷᠢᠭᠯᠠᠬᠤ ᠬᠠᠲᠠᠭᠤ ᠠᠷᠭ᠎ᠠ ᠬᠡᠮᠵᠢᠶ᠎ᠡ》 ᠵᠢᠨ ᠠᠵᠢᠯ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠤᠨ᠎ᠠ᠂ ᠪᠦᠬᠦ ᠬᠣᠲᠠ ᠵᠢᠨ ᠠᠶᠤᠯ᠎ᠲᠠᠢ ᠬᠢᠮᠢ ᠵᠢᠨ ᠪᠣᠳᠠᠰ᠎ᠢ ᠴᠢᠩᠭ᠋ᠠᠷᠠᠭᠤᠯᠤᠨ᠎ᠠ᠂ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠬᠢᠷᠢ ᠬᠡᠮᠵᠢᠶ᠎ᠡ᠂ ᠵᠢᠯ᠎ᠤᠨ ᠠᠵᠢᠯ᠎ᠤᠨ ᠲᠥᠯᠥᠪᠯᠡᠭᠡ ᠶᠣᠰᠣᠭ᠋ᠠᠷ᠂ ᠤᠯᠠᠭ᠋ᠠᠨᠬᠠᠳᠠ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 28᠎ᠤ ᠡᠳᠦᠷ ᠪᠣᠯᠲᠠᠯ᠎ᠠ᠂ ᠪᠦᠬᠦ ᠬᠣᠲᠠ ᠵᠢᠨ ᠠᠶᠤᠯᠲᠠᠢ ᠬᠢᠮᠢ ᠵᠢᠨ ᠪᠣᠳᠠᠰ᠎ᠢ ᠡᠷᠬᠢᠯᠡᠨᠡᠮ᠂ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ᠎ᠤᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠲᠠᠨ ᠵᠢᠴᠢ ᠬᠢᠮᠢ ᠵᠢᠨ ᠠᠵᠤ   ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ᠂ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠣᠪᠴᠢᠶ᠎ᠠ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ᠂ ᠲᠠᠰᠤᠭ᠎ᠤᠨ ᠬᠠᠷᠢᠭᠤᠴᠠᠯᠭ᠋ᠠᠲᠠᠨ ᠵᠢᠴᠢ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠂ ᠡᠯ᠎ᠡ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠲᠠᠨ ᠨᠡᠶ᠋ᠢᠲᠡ 100 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃


111111111111.jpg  


2222222222222.jpg


    ᠲᠣᠰ ᠤᠳᠠᠭ᠋ᠠᠨ᠎ᠤ ᠪᠣᠯᠪᠠᠰᠤᠷᠠᠭᠤᠯᠤᠯ᠎ᠢ ᠡᠩ ᠲᠡᠷᠢᠭᠦᠨ᠎ᠳᠤ ᠪᠥᠬᠥ ᠬᠣᠲᠠ ᠵᠢᠨ 2025 ᠣᠨ᠎ᠤ ᠠᠶᠤᠯᠲᠠᠶ ᠬᠢᠮᠢ ᠵᠢᠨ ᠪᠣᠳᠠᠰ᠂ ᠥᠩᠭᠡᠲᠦ ᠲᠡᠮᠦᠷᠯᠢᠭ ᠪᠣᠯᠪᠠᠰᠤᠷᠠᠭᠤᠯᠬᠤ᠂ ᠬᠤᠸᠠᠷ ᠫᠤᠤᠵᠢᠩ᠎ᠤᠨ ᠠᠵᠢᠯ ᠲᠥᠷᠥᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠭᠤᠤᠯᠳᠠᠯᠭ᠎ᠠ᠎ᠲᠠᠢ ᠠᠵᠢᠯ᠎ᠢ ᠱᠠᠲᠤ ᠦᠶᠡᠴᠢ ᠴᠢᠨᠠᠷᠲᠠᠶ᠎ᠪᠠᠷ ᠵᠠᠷᠯᠠᠨ ᠮᠡᠳᠡᠭᠳᠡᠵᠦ᠂ 《ᠨᠢᠭᠡ ᠵᠢ ᠰᠡᠷᠭᠡᠶ᠋ᠢᠯᠡᠵᠦ ᠳᠥᠷᠪᠡ ᠵᠢ ᠳᠡᠭᠡᠭᠰᠢᠯᠡᠭᠦᠯᠬᠦ》 ᠠᠵᠢᠯ᠎ᠤᠨ ᠭᠤᠤᠯ ᠱᠤᠭᠤᠮ ᠪᠠ 《ᠨᠢᠭᠡ ᠶᠠᠪᠤᠳᠠᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠬᠡᠯᠬᠢᠶᠡᠨ᠎ᠤ ᠬᠢᠨᠠᠯᠲᠠ ᠬᠠᠮᠢᠶᠠᠷᠤᠯᠲᠠ ᠵᠢᠨ ᠰᠡᠳᠬᠢᠮᠵᠢ ᠵᠢᠨ ᠭᠤᠤᠯᠳᠠᠯᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠵᠤ᠂ ᠡᠬᠢ ᠡᠭᠦᠰᠦᠯ᠎ᠠᠴᠠ᠎ᠨᠢ ᠵᠠᠰᠠᠬᠤ᠂ ᠥᠩᠭᠡᠨ ᠲᠠᠯ᠎ᠠ ᠪᠠ ᠦᠨᠳᠦᠰᠦ᠎ᠠᠴᠠ᠎ᠨᠢ ᠵᠡᠷᠭᠡ᠎ᠪᠠᠷ ᠵᠠᠰᠠᠬᠤ᠂ ᠰᠢᠰᠲ᠋ᠧᠮ᠎ᠲᠠᠢ ᠠᠬᠢᠭᠤᠯᠬᠤ ᠵᠢ ᠦᠷᠭᠦᠯᠵᠢᠯᠡᠨ ᠪᠠᠷᠢᠮᠲᠠᠯᠠᠵᠤ᠂ ᠲᠤᠰᠬᠠᠶ ᠮᠡᠷᠭᠡᠵᠢᠯᠲᠡᠨ᠎ᠤ ᠵᠢᠯᠣᠭᠣᠳᠣᠯᠭ᠎ᠠ  ᠦᠢ᠍ᠯᠡᠴᠢᠯᠡᠭᠡ ᠪᠠ ᠡᠯ᠎ᠡ ᠬᠦᠷᠢᠶᠡᠨ᠎ᠤ ᠲᠤᠰᠬᠠᠶ ᠰᠢᠮᠳᠠᠭᠤᠯᠤᠨ ᠪᠠᠶ᠋ᠢᠴᠠᠭ᠋ᠠᠯᠲᠠ ᠵᠢ ᠰᠠᠶ᠋ᠢᠲᠤᠷ ᠠᠰᠢᠭᠯᠠᠨ᠂ ᠠᠮᠤᠷ ᠲᠦᠪᠰᠢᠨ᠎ᠤ ᠵᠠᠰᠠᠯᠲᠠ ᠵᠢᠨ ᠵᠠᠭᠪᠤᠷ᠎ᠢ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠶ᠋ᠢᠯᠡᠵᠦ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠬᠦᠨᠳᠦ ᠣᠨᠴᠠ ᠶᠡᠬᠡ ᠡᠨᠳᠡᠯ ᠭᠠᠷᠬᠤ ᠵᠢ ᠡᠷᠡᠰ   ᠰᠡᠷᠭᠡᠢ᠌ᠯᠡᠨ᠎ᠡ᠃ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠠᠯᠠᠭ᠎ᠠ ᠮᠥᠴᠢᠷ᠎ᠤᠨ᠎ᠬᠢᠨ ᠪᠥᠬᠥ ᠵᠢᠯ᠎ᠤᠨ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠶᠤᠯᠲᠠᠶ ᠬᠢᠮᠢ ᠵᠢᠨ ᠪᠣᠳᠠᠰ᠂ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ ᠬᠡᠷᠡᠭᠲᠡᠶ ᠭᠡᠵᠦ ᠱᠠᠭ᠋ᠠᠷᠳᠠᠪᠠ; ᠲᠣᠰ ᠲᠣᠰ᠎ᠤᠨ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠶᠤᠯ ᠲᠦᠭᠰᠢᠭᠦᠷᠢ ᠵᠢ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠶ᠃ ᠨᠡᠩ ᠬᠦᠴᠦᠲᠡᠢ ᠠᠷᠭ᠎ᠠ  ᠬᠡᠮᠵᠢᠶ᠎ᠡ ᠠᠪᠴᠤ ᠪᠠᠶ᠋ᠢᠭ᠋ᠠᠳ ᠠᠶᠤᠯᠭᠦᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠨ᠎ᠠ᠃


333333333333.jpg

4444444444444.jpg


     ᠪᠣᠯᠪᠠᠰᠤᠷᠠᠭᠤᠯᠤᠯ᠎ᠨᠢ 《ᠬᠢᠴᠢᠶᠡᠯᠯᠡᠬᠦ + ᠰᠤᠳᠤᠯᠤᠨ ᠶᠠᠷᠢᠯᠴᠠᠬᠤ》 ᠠᠷᠭ᠎ᠠ ᠮᠠᠶᠢᠭ ᠵᠶ᠋ᠠᠷ ᠶᠠᠪᠤᠭᠳᠠᠨ᠎ᠠ᠂ ᠪᠦᠬᠦ ᠬᠣᠲᠠ ᠵᠢᠨ ᠠᠶᠤᠯ᠎ᠲᠠᠢ ᠬᠢᠮᠢ ᠵᠢᠨ ᠪᠣᠳᠠᠰ ᠵᠶ᠋ᠠᠷ᠂ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ᠎ᠤᠨ ᠬᠦᠷᠢᠶᠡᠨ᠎ᠤ ᠬᠠᠮᠢᠶᠠᠷᠤᠯᠲᠠ ᠵᠢᠨ ᠴᠢᠳᠠᠪᠤᠷᠢ ᠪᠠ ᠮᠥᠨ ᠴᠢᠨᠠᠷ᠎ᠤᠨ ᠠᠮᠤᠷ ᠲᠦᠪᠰᠢᠨ᠎ᠤ ᠲᠦᠪᠰᠢᠨ᠎ᠢ ᠳᠡᠭᠡᠭᠰᠢᠯᠡᠭᠦᠯᠬᠦ᠎ᠪᠠᠷ ᠵᠣᠷᠢᠯᠲᠠ ᠪᠣᠯᠭ᠋ᠠᠨ᠎ᠠ᠃ ᠪᠣᠯᠪᠠᠰᠤᠷᠠᠭᠤᠯᠤᠯ ᠳᠠᠭᠤᠰᠤᠭᠰᠠᠨ᠎ᠤ ᠳᠠᠷᠠᠭ᠎ᠠ᠂ ᠪᠣᠯᠪᠠᠰᠤᠷᠠᠭᠤᠯᠤᠯ᠎ᠳᠤ ᠣᠷᠣᠯᠴᠠᠭᠰᠠᠨ ᠪᠥᠬᠥ ᠬᠥᠮᠦᠰ᠎ᠢ ᠵᠣᠬᠢᠶᠠᠨ ᠪᠠᠶ᠋ᠢᠭᠤᠯᠤᠨ ᠠᠶᠤᠯ ᠥᠬᠡᠶ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠮᠡᠳᠡᠯᠭᠡ ᠵᠢᠨ ᠰᠢᠯᠭ᠋ᠠᠯᠲᠠ ᠬᠢᠵᠦ᠂ ᠪᠣᠯᠪᠠᠰᠤᠷᠠᠭᠤᠯᠤᠯ᠎ᠤᠨ ᠦᠷ᠎ᠡ ᠪᠦᠲᠦᠮᠵᠢ ᠵᠢ ᠰᠢᠯᠭ᠋ᠠᠨ ᠪᠠᠶ᠋ᠢᠴᠠᠭ᠋ᠠᠬᠤ ᠵᠢᠨ ᠬᠠᠮᠲᠤ ᠪᠣᠯᠪᠠᠰᠤᠷᠠᠭᠤᠯᠤᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠦᠨ ᠳᠡᠭᠡᠭᠰᠢᠯᠡᠭᠦᠯᠪᠡ᠃

555555555555.jpg


     ᠲᠣᠰ ᠤᠳᠠᠭ᠋ᠠᠨ᠎ᠤ ᠪᠣᠯᠪᠠᠰᠤᠷᠠᠭᠤᠯᠤᠯ᠎ᠨᠢ ᠪᠥᠬᠥ ᠬᠣᠲᠠ ᠵᠢᠨ ᠠᠶᠤᠯᠲᠠᠶ ᠬᠢᠮᠢ ᠵᠢᠨ ᠪᠣᠳᠠᠰ᠂ ᠥᠩᠭᠡᠲᠦ ᠲᠡᠮᠦᠷᠯᠢᠭ ᠬᠠᠶ᠋ᠢᠯᠤᠭᠤᠯᠬᠤ᠂ ᠬᠤᠸᠠᠷ ᠫᠤᠤᠵᠢᠩ᠎ᠤᠨ ᠠᠵᠢᠯ ᠲᠥᠷᠥᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠂ ᠪᠥᠬᠥ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠨᠢ ᠬᠢᠨᠠᠨ ᠬᠠᠮᠢᠶᠠᠷᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂  ᠦᠢ᠍ᠯᠡᠴᠢᠯᠡᠭᠡ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠠᠮᠤᠷ ᠲᠦᠪᠰᠢᠨ ᠪᠥᠭᠡᠳ ᠲᠣᠭᠲᠠᠭᠤᠨ   ᠦᠢ᠍ᠯᠡᠳᠪᠦᠷᠢᠯᠡᠯ᠎ᠤᠨ ᠣᠷᠴᠢᠨ ᠨᠥᠬᠥᠴᠡᠯ᠎ᠢ ᠬᠠᠮᠲᠤ᠎ᠪᠠᠷ ᠪᠣᠶ ᠪᠣᠯᠭ᠋ᠠᠬᠤ ᠪᠣᠯᠤᠨ᠎ᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ᠄ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠶᠤᠯᠭᠦᠶ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ
ᠬᠥᠯᠥᠨ ᠪᠣᠶ᠋ᠢᠷ ᠬᠣᠲᠠ 《ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ ᠡᠷᠭᠢᠯᠡᠪᠡ
ᠡᠷᠢᠶᠡᠨ ᠬᠣᠲᠠ᠄ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠵᠦ᠂ ᠴᠢᠳᠠᠪᠤᠷᠢ᠎ᠪᠠᠨ ᠳᠡᠭᠡᠭᠰᠢᠯᠡᠭᠦᠯᠬᠦ —— ᠡᠷᠢᠶᠡᠨ ᠬᠣᠲᠠ 2025 ᠣᠨ᠎ᠤ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠰᠢᠯᠢ ᠵᠢᠨ ᠭᠤᠤᠯ ᠠᠶ᠋ᠢᠮᠠᠭ᠄ ᠰᠢᠯᠢ ᠵᠢᠨ ᠭᠤᠤᠯ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠠᠮᠤᠷ ᠲᠦᠪᠰᠢᠨ᠎ᠤ ᠬᠠᠷᠢᠭᠤᠴᠠᠯᠭ᠎ᠠ᠎ᠳᠤ ᠲᠤᠰᠬᠠᠶ ᠬᠢᠨᠠᠯᠲᠠ ᠲᠠᠯᠪᠢᠵᠤ ᠵᠢᠯᠣᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠣᠷᠳᠣᠰ ᠬᠣᠲᠠ ᠵᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠪᠡ
 
            