ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠤᠯᠠᠭ᠋ᠠᠨᠴᠠᠪ ᠬᠣᠲᠠ᠄ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠶᠤᠯᠭᠦᠶ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ
ᠨᠡᠶ᠋ᠢᠲᠡᠯᠡᠭᠰᠡᠨ ᠴᠠᠭ᠄ 2025-06-09

    ᠡᠨᠡ ᠵᠢᠯ᠎ᠠᠴᠠ ᠨᠠᠭ᠋ᠠᠰᠢ᠂ ᠤᠯᠠᠭ᠋ᠠᠨᠴᠠᠪ ᠬᠣᠲᠠ ᠣᠯᠠᠨ   ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠴᠢᠩᠭ᠎ᠠ ᠰᠡᠷᠭᠡᠶ᠋ᠢᠯᠡᠨ ᠴᠢᠩᠭ᠎ᠠ ᠰᠠᠬᠢᠵᠤ᠂ 《ᠳᠠᠷᠤᠬᠤ᠂ ᠪᠠᠶ᠋ᠢᠴᠠᠭ᠋ᠠᠬᠤ᠂ ᠱᠠᠯᠠᠪᠳᠠᠭᠤᠯᠬᠤ᠂ ᠴᠢᠩᠭ᠋ᠠᠳᠬᠠᠬᠤ》 ᠲᠠᠪᠤᠨ ᠲᠠᠯ᠎ᠠ᠎ᠪᠠᠷ ᠬᠦᠴᠦ ᠣᠷᠣᠭᠤᠯᠵᠤ᠂ ᠠᠶᠤᠯᠭᠦᠶ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠵᠤ᠂ ᠪᠥᠬᠥ ᠬᠣᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠠᠮᠤᠷ ᠲᠦᠪᠰᠢᠨ ᠲᠣᠭᠲᠠᠭᠤᠨ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠪᠣᠶ ᠪᠣᠯᠭ᠋ᠠᠪᠠ᠃
     ᠦᠵᠡᠯ ᠤᠬᠠᠮᠰᠠᠷ᠎ᠤᠨ 《ᠳᠠᠷᠤᠬᠤ》 ᠬᠠᠷᠢᠭᠤᠴᠠᠯᠭ᠎ᠠ ᠵᠢ ᠴᠢᠩᠭ᠋ᠠᠳᠬᠠᠨ᠎ᠠ᠃ 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠤᠨ ᠲᠣᠭᠲᠠᠭ᠋ᠠᠯ》᠎ᠢ ᠨᠠᠶ᠋ᠢᠳᠠᠪᠤᠷᠢᠵᠢᠭᠤᠯᠵᠤ᠂ ᠬᠣᠲᠠ ᠰᠢᠶᠠᠨ ᠬᠣᠶᠠᠷ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ 2025 ᠣᠨ᠎ᠤ ᠠᠶᠤᠯᠭᠦᠢ ᠦᠢ᠍ᠯᠡᠳᠪᠦᠷᠢᠯᠡᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠲᠠᠩᠰᠠ ᠵᠢ ᠵᠢᠷᠤᠮᠵᠢᠭᠤᠯᠤᠨ ᠪᠠᠶ᠋ᠢᠭᠤᠯᠤᠨ᠎ᠠ᠃ ᠪᠦᠬᠦ ᠬᠣᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ 《3 + 6 + 5 + 2》 ᠬᠣᠲᠠ ᠵᠢᠨ ᠳᠠᠷᠤᠭ᠎ᠠ ᠵᠢᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠂ ᠳᠡᠳ᠋ ᠬᠣᠲᠠ ᠵᠢᠨ ᠳᠠᠷᠤᠭ᠎ᠠ᠂ ᠡᠯ᠎ᠡ ᠬᠣᠰᠢᠭᠤ ᠰᠢᠶᠠᠨ᠎ᠤ ᠬᠣᠲᠠ ᠲᠣᠭᠣᠷᠢᠭ᠎ᠤᠨ ᠳᠠᠷᠤᠭ᠎ᠠ᠂ ᠬᠣᠲᠠ ᠵᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ᠎ᠤᠨ ᠲᠣᠪᠴᠢᠶᠠᠨ ᠳᠠᠷᠤᠭ᠎ᠠ ᠵᠢᠨ 《ᠭᠤᠷᠪᠠᠨ ᠳᠠᠪᠬᠤᠷᠭ᠎ᠠ》᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠰᠢᠮᠳᠠᠭᠤᠯᠤᠨ ᠨᠠᠶ᠋ᠢᠳᠠᠪᠤᠷᠢᠵᠢᠭᠤᠯᠤᠨ᠎ᠠ᠂ ᠳᠠᠯᠳᠠ ᠭᠡᠮ᠎ᠢ ᠴᠡᠭᠴᠡᠯᠡᠨ ᠵᠠᠰᠠᠬᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠂ ᠦᠨᠳᠦᠰᠦᠨ᠎ᠠᠴᠠ᠎ᠨᠢ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠂ ᠡᠨᠳᠡᠭᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠂ 《6 ᠶᠠᠪᠤᠳᠠᠯ》᠎ᠢ ᠤᠬᠠᠭᠤᠯᠤᠨ ᠪᠣᠯᠪᠠᠰᠤᠷᠠᠭᠤᠯᠤᠨ᠎ᠠ᠂ ᠵᠠᠷᠯᠠᠨ ᠲᠣᠬᠢᠷᠠᠭᠤᠯᠬᠤ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠬᠤᠷᠠᠯ ᠬᠢᠬᠦ᠂ ᠦᠷ᠎ᠡ ᠪᠦᠲᠦᠮᠵᠢ ᠎ᠢ ᠮᠥᠷᠳᠡᠨ ᠠᠰᠠᠭᠤᠬᠤ᠂ ᠠᠰᠠᠭᠤᠳᠠᠯ᠎ᠢ  ᠯᠡᠪᠡᠷᠡᠭᠦᠯᠬᠦ᠂ 《5 ᠵᠦᠢ᠍ᠯ᠎ᠤᠨ ᠠᠵᠢᠯ᠎ᠤᠨ ᠲᠦᠷᠢᠮ》᠎ᠢ ᠪᠣᠯᠵᠣᠨ ᠶᠠᠷᠢᠯᠴᠠᠪᠠ᠂ ᠲᠣᠬᠢᠷᠠᠭᠤᠯᠬᠤ ᠠᠯᠪᠠᠨ ᠬᠡᠷ᠂ ᠬᠢᠨᠠᠯᠲᠠ ᠲᠠᠯᠪᠢᠬᠤ ᠠᠯᠪᠠᠨ ᠬᠡᠷ 《2 ᠲᠤᠰᠬᠠᠶ ᠵᠦᠢ᠍ᠯ᠎ᠤᠨ ᠠᠯᠪᠠᠨ ᠬᠡᠷ》 ᠪᠠᠶ᠋ᠢᠭᠤᠯᠬᠤ᠂ ᠤᠳᠤᠷᠢᠳᠬᠤ ᠺᠠᠳ᠋ᠷ᠎ᠤᠨ ᠬᠤᠪᠢ ᠬᠥᠮᠦᠨ᠎ᠤ ᠠᠶᠤᠯᠭᠦᠶ ᠦᠢ᠍ᠯᠡᠳᠪᠦᠷᠢᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ  ᠭᠦᠢ᠍ᠴᠡᠳᠭᠡᠭᠰᠨ ᠲᠠᠩᠰᠠ ᠡᠪᠬᠡᠮᠡᠯ ᠪᠠᠶ᠋ᠢᠭᠤᠯᠬᠤ ᠵᠢ ᠠᠬᠢᠭᠤᠯᠤᠨ᠎ᠠ᠂ ᠲᠣᠭᠲᠠᠭᠰᠠᠨ ᠬᠤᠭᠤᠴᠠᠭ᠎ᠠ᠎ᠲᠠᠢ ᠲᠣᠬᠢᠷᠠᠭᠤᠯᠤᠯᠲᠠ ᠵᠢᠨ ᠬᠤᠷᠠᠯ   ᠬᠢᠵᠦ᠂ ᠠᠩᠭᠢ ᠳᠠᠭ᠋ᠠᠭᠤᠯᠤᠨ ᠠᠶᠤᠯᠭᠦᠶ ᠦᠢ᠍ᠯᠡᠳᠪᠦᠷᠢᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠭᠰᠨ ᠪᠠᠶ᠋ᠢᠳᠠᠯ᠎ᠢ   ᠪᠠᠢ᠌ᠴᠠᠭ᠋ᠠᠨ᠎ᠠ᠂ ᠲᠤᠰᠢᠶᠠᠯ ᠵᠶ᠋ᠠᠨ ᠰᠠᠶ᠋ᠢᠲᠤᠷ ᠭᠦᠢ᠍ᠴᠡᠳᠭᠡᠭᠰᠨ ᠦᠭᠡᠢ ᠪᠣᠯ ᠴᠠᠭ ᠲᠤᠬᠠᠶ᠎ᠳᠤᠨᠢ ᠴᠡᠭ᠎ᠠᠴᠠ ᠴᠡᠭ ᠵᠦᠭ ᠰᠠᠨᠠᠭᠤᠯᠭ᠎ᠠ ᠵᠢᠨ ᠵᠠᠬᠢᠳᠠᠯ ᠶᠠᠪᠤᠭᠤᠯᠤᠨ᠎ᠠ᠂ ᠬᠤᠪᠢ ᠬᠥᠮᠦᠨ᠎ᠤ ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠰᠢᠪᠠᠳᠠᠨ᠎ᠠ᠃ ᠬᠣᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ ᠵᠢᠴᠢ ᠡᠨᠧᠷᠭᠢ᠂ ᠠᠶᠤᠯᠲᠠᠶ ᠬᠢᠮᠢ ᠵᠢᠨ ᠪᠣᠳᠠᠰ ᠵᠡᠷᠭᠡ 12 ᠠᠮᠤᠷ ᠲᠦᠪᠰᠢᠨ᠎ᠤ ᠲᠤᠰᠬᠠᠶ ᠵᠥᠪᠯᠡᠯ᠎ᠤᠨ ᠪᠦᠷᠢᠯᠳᠦᠬᠦᠨ᠎ᠳᠤ ᠲᠣᠬᠢᠷᠠᠭᠤᠯᠤᠯᠲᠠ ᠬᠢᠵᠦ᠂ ᠡᠯ᠎ᠡ ᠠᠮᠤᠷ ᠲᠦᠪᠰᠢᠨ᠎ᠤ ᠲᠤᠰᠬᠠᠶ ᠵᠥᠪᠯᠡᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠤᠰᠬᠠᠶ ᠬᠢᠨᠠᠯᠲᠠ ᠬᠠᠮᠢᠶᠠᠷᠤᠯᠲᠠ ᠵᠢᠨ ᠳᠠᠪᠠᠭᠤᠯᠢᠭ᠎ᠢ  ᠭᠦᠢ᠍ᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠎ᠤᠨ ᠠᠶᠤᠯᠭᠦᠶ ᠦᠢ᠍ᠯᠡᠳᠪᠦᠷᠢᠯᠡᠯ᠎ᠢ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠤᠨ᠎ᠠ᠃ ᠡᠯ᠎ᠡ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠲᠠᠢ ᠤᠶᠠᠯᠳᠤᠭᠤᠯᠤᠨ᠂ ᠲᠤᠰ ᠠᠵᠢᠯ ᠲᠥᠷᠥᠯ᠎ᠤᠨ ᠬᠦᠷᠢᠶᠡᠨ᠎ᠤ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠋ᠠᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠡᠭᠦᠷᠭᠡ ᠬᠠᠷᠢᠭᠤᠴᠠᠯᠭ᠎ᠠ ᠵᠢᠨ ᠮᠡᠳᠡᠭᠳᠡᠬᠦ ᠪᠢᠴᠢᠭ᠎ᠢ ᠲᠣᠭᠲᠠᠭ᠋ᠠᠵᠤ᠂ ᠬᠢᠨᠠᠨ ᠬᠠᠮᠢᠶᠠᠷᠬᠤ ᠨᠢᠭᠡᠴᠡ ᠨᠢᠭᠡᠪᠦᠷᠢ ᠵᠢᠨ ᠭᠣᠣᠯ ᠬᠠᠷᠢᠭᠤᠴᠠᠯᠭ᠋ᠠᠲᠠᠨ ᠭᠠᠷ᠎ᠤᠨ ᠦᠰᠦᠭ ᠵᠢᠷᠳ ᠨᠤᠲᠠᠯᠠᠵᠤ᠂ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃
     ᠳᠠᠯᠳᠠ ᠭᠡᠮ᠎ᠢ ᠪᠦᠬᠦ ᠲᠠᠯ᠎ᠠ᠎ᠪᠠᠷ ᠭᠦᠨᠵᠡᠭᠡᠶ 《ᠪᠠᠶ᠋ᠢᠴᠠᠭ᠋ᠠᠬᠤ》 ᠬᠡᠷᠡᠭᠲᠡᠶ᠃ ᠠᠶᠤᠯᠭᠦᠶ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ᠎ᠲᠠᠢ ᠤᠶᠠᠯᠳᠤᠭᠤᠯᠤᠨ᠎ᠠ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠢ ᠵᠣᠬᠢᠶᠠᠨ ᠪᠠᠶ᠋ᠢᠭᠤᠯᠬᠤ᠂ ᠨᠡᠭᠡᠭᠡᠯᠲᠡ ᠵᠢᠨ ᠣᠷᠣᠨ ᠵᠢᠴᠢ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠠᠭᠤᠷᠬᠠᠶ᠎ᠳᠤ᠂ ᠠᠶᠤᠯᠲᠠᠶ ᠬᠢᠮᠢ ᠵᠢᠨ ᠪᠣᠳᠠᠰ᠂ ᠦᠢ᠍ᠯᠡᠳᠪᠦᠷᠢ ᠠᠷᠠᠯᠵᠢᠶ᠎ᠠ᠂ ᠭᠠᠯ ᠤᠨᠲᠠᠷᠠᠭ᠋ᠠᠬᠤ᠂ ᠵᠠᠮ ᠬᠠᠷᠢᠯᠴᠠᠭ᠎ᠠ ᠵᠡᠷᠭᠡ 12 ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶ᠎ᠡ᠂ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠶᠡᠷᠦᠩᠬᠡᠶ᠋ᠢᠯᠡᠨ ᠬᠡᠷᠡᠭᠯᠡᠬᠦ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ᠂ ᠰᠣᠯᠪᠢᠴᠠᠯ ᠬᠠᠷᠢᠯᠴᠠᠨ ᠪᠠᠶ᠋ᠢᠴᠠᠭ᠋ᠠᠯᠲᠠ᠂ ᠳᠠᠯᠳᠠᠭᠤᠷ ᠰᠤᠷᠪᠤᠯᠵᠢᠯᠠᠵᠤ ᠰᠣᠩᠭᠣᠨ ᠪᠠᠶ᠋ᠢᠴᠠᠭ᠋ᠠᠬᠤ᠂ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠣᠶᠤᠨᠴᠢ ᠬᠢᠨᠠᠨ ᠬᠡᠮᠵᠢᠯᠲᠡ ᠵᠢᠨ 《ᠵᠢᠷᠭᠤᠭ᠎ᠠ ᠵᠢ ᠪᠠᠶ᠋ᠢᠴᠠᠭ᠋ᠠᠬᠤ ᠠᠷᠭ᠎ᠠ》᠂ ᠠᠰᠠᠭᠤᠳᠠᠯ᠎ᠤᠨ ᠳᠠᠯᠳᠠ ᠬᠡᠮ᠎ᠢ ᠭᠦᠨᠵᠡᠭᠡᠶ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠬᠡᠷᠡᠭᠲᠡᠶ᠂ 《ᠭᠠᠳᠠᠭᠰᠢ ᠳᠠᠭ᠋ᠠᠭ᠋ᠠᠴᠢᠯᠠᠭᠤᠯᠬᠤ ᠲᠥᠷᠥᠯ   ᠵᠦᠢ᠍ᠯ᠎ᠤᠨ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠶ ᠴᠡᠭᠴᠡᠯᠡᠨ ᠵᠠᠰᠠᠬᠤ》 《ᠥᠪᠡᠷ ᠵᠶ᠋ᠠᠨ ᠪᠠᠶ᠋ᠢᠴᠠᠭ᠋ᠠᠵᠤ ᠳᠣᠲᠣᠯᠠᠵᠤ ᠳᠡᠶ᠋ᠢᠯᠬᠦ ᠥᠬᠡᠶ ᠠᠰᠠᠭᠤᠳᠠᠯ᠎ᠤᠨ ᠳᠠᠯᠳᠠ ᠬᠡᠮ》 2 ᠲᠤᠰᠬᠠᠶ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠪᠡ᠂ ᠨᠢᠭᠡ ᠪᠦᠯᠦᠭ ᠠᠮᠤᠷ ᠲᠦᠪᠰᠢᠨ᠎ᠤ ᠠᠶᠤᠯ ᠲᠦᠭᠰᠢᠭᠦᠷᠢ ᠪᠠ ᠡᠨᠳᠡᠯ᠎ᠤᠨ ᠳᠠᠯᠳᠠ ᠭᠡᠮ᠎ᠢ ᠠᠷᠢᠯᠭ᠋ᠠᠪᠠ᠂ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ ᠲᠣᠭᠲᠠᠭᠤᠨ ᠪᠠᠶ᠋ᠢᠳᠠᠯ ᠵᠶ᠋ᠠᠨ ᠪᠠᠲᠤᠯᠠᠪᠠ᠃ ᠡᠯ᠎ᠡ ᠠᠵᠢᠯ ᠲᠦᠷᠦᠯ᠎ᠤᠨ ᠬᠦᠷᠢᠶ᠎ᠡ ᠵᠢ ᠵᠣᠬᠢᠶᠠᠨ ᠪᠠᠶ᠋ᠢᠭᠤᠯᠵᠤ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠥᠷᠭᠡᠨ ᠵᠶ᠋ᠠᠷ ᠰᠤᠷᠤᠯᠴᠠᠭᠤᠯᠵᠤ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠪᠠ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ 《ᠤᠯᠠᠭ᠋ᠠᠨᠴᠠᠪ ᠬᠣᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠠᠷᠭ᠎ᠠ》 ᠵᠢ ᠲᠣᠭᠲᠠᠭ᠋ᠠᠵᠤ᠂ ᠡᠨᠳᠡᠯ᠎ᠤᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠬᠠᠷᠢᠭᠤᠴᠠᠯᠭ᠎ᠠ᠂ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠡᠨᠳᠡᠯ᠎ᠤᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯ ᠥᠬᠡᠶ ᠦᠢ᠍ᠯᠡᠳᠪᠦᠷᠢᠯᠡᠯ᠎ᠤᠨ ᠵᠠᠰᠠᠯᠲᠠ ᠵᠢᠨ ᠵᠠᠭᠪᠤᠷ᠎ᠢ ᠬᠡᠷᠡᠭ᠎ᠠᠴᠠ ᠡᠮᠦᠨ᠎ᠡ ᠤᠷᠢᠳᠴᠢᠯᠠᠨ ᠰᠡᠷᠭᠡᠶ᠋ᠢᠯᠡᠬᠦ ᠳᠠᠰᠢ ᠬᠤᠪᠢᠷᠠᠭᠤᠯᠬᠤ ᠵᠢ ᠠᠬᠢᠭᠤᠯᠤᠨ᠎ᠠ᠃
     ᠤᠨᠢᠨ ᠳᠡᠭᠡᠷ᠎ᠡ᠎ᠨᠢ ᠬᠠᠪᠰᠤᠷᠤᠨ ᠲᠡᠳᠬᠦᠵᠦ ᠨᠠᠶ᠋ᠢᠳᠠᠪᠤᠷᠢᠵᠢᠭᠤᠯᠬᠤ᠃ ᠪᠥᠬᠥ ᠬᠣᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠴᠡᠭ᠎ᠲᠤ ᠰᠠᠭᠤᠵᠤ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ 6 ᠬᠣᠲᠠ ᠵᠢᠨ ᠲᠠᠰ᠎ᠤᠨ ᠴᠡᠭ᠎ᠲᠤ ᠰᠠᠭᠤᠵᠤ ᠬᠠᠪᠰᠤᠷᠤᠨ ᠲᠡᠳᠬᠦᠬᠦ ᠳᠤᠭᠤᠶ᠋ᠢᠯᠠᠩ ᠪᠠᠶ᠋ᠢᠭᠤᠯᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ᠂ ᠭᠤᠤᠯᠳᠠᠯᠭ᠎ᠠ᠎ᠲᠠᠢ ᠴᠠᠭ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ᠂ 《ᠨᠢᠭᠡ ᠶᠠᠪᠤᠳᠠᠯ》᠎ᠤᠨ ᠪᠥᠬᠥ ᠬᠡᠯᠬᠢᠶ᠎ᠡ ᠵᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠵᠢᠴᠢ ᠨᠡᠭᠡᠭᠡᠯᠲᠡ ᠵᠢᠨ ᠲᠣᠭᠣᠷᠢᠭ᠎ᠲᠤ ᠴᠡᠭ᠎ᠲᠤ ᠰᠠᠭᠤᠵᠤ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠠᠶᠤᠯᠭᠦᠶ ᠦᠢ᠍ᠯᠡᠳᠪᠦᠷᠢᠯᠡᠯ᠎ᠤᠨ ᠡᠯ᠎ᠡ   ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠨᠠᠷᠢᠯᠢᠭ ᠪᠣᠳᠠᠲᠠᠶ ᠨᠠᠶ᠋ᠢᠳᠠᠪᠤᠷᠢᠵᠢᠭᠤᠯᠬᠤ ᠵᠢ ᠱᠠᠯᠠᠪᠳᠠᠭᠤᠯᠤᠨ ᠠᠬᠢᠭᠤᠯᠪᠠ᠃
     ᠡᠨᠳᠡᠯ᠎ᠢ ᠪᠠᠶ᠋ᠢᠴᠠᠭ᠋ᠠᠨ 《ᠴᠢᠩᠭ᠎ᠠ》   ᠰᠢᠢ᠍ᠳᠪᠦᠷᠢᠯᠡᠬᠦ᠃ ᠡᠨᠡ ᠵᠢᠯ᠎ᠠᠴᠠ ᠨᠠᠰᠢ ᠭᠠᠷᠤᠭᠰᠠᠨ ᠡᠩ᠎ᠤᠨ ᠦᠢ᠍ᠯᠡᠳᠪᠦᠷᠢᠯᠡᠯ᠎ᠤᠨ ᠠᠶᠤᠯ ᠦᠭᠡᠶ ᠵᠢᠨ ᠡᠨᠳᠡᠯ᠎ᠢ ᠪᠦᠬᠦᠨ᠎ᠢ ᠨᠡᠪᠲᠡᠷᠡᠭᠦᠯᠵᠦ ᠰᠢᠮᠳᠠᠭᠤᠯᠤᠨ ᠭᠦᠢ᠍ᠴᠡᠳᠬᠡᠯᠭᠡᠬᠦ ᠪᠤᠶᠤ ᠳᠡᠰ ᠳᠡᠪᠰᠢᠭᠦᠯᠦᠨ ᠪᠠᠶ᠋ᠢᠴᠠᠭ᠋ᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠵᠤ᠂ ᠡᠨᠳᠡᠯ᠎ᠢ ᠪᠠᠶ᠋ᠢᠴᠠᠭ᠋ᠠᠵᠤ ᠰᠦᠷᠳᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠨᠡᠶ᠋ᠢᠲᠡᠯᠢᠭ ᠡᠨᠳᠡᠯ᠎ᠳᠤ ᠴᠢᠭᠯᠡᠭᠦᠯᠦᠨ᠂ ᠰᠡᠷᠡᠮᠵᠢᠯᠡᠭᠦᠯᠬᠦ ᠬᠥᠮᠦᠵᠢᠯ᠎ᠤᠨ ᠣᠬᠣᠷ ᠹᠢᠯᠢᠮ ᠦᠢ᠍ᠯᠡᠳᠴᠦ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠬᠡᠷᠡᠭ ᠵᠶ᠋ᠠᠷ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠵᠢ ᠴᠢᠩᠭ᠋ᠠᠳᠬᠠᠪᠠ᠃ ᠠᠶᠤᠯ ᠦᠭᠡᠶ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠣᠲᠠ ᠰᠢᠶᠠᠨ ᠬᠣᠶᠠᠷ ᠱᠠᠲᠤ᠎ᠨᠢ ᠠᠶᠤᠯ ᠦᠭᠡᠶ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠳᠠᠩᠰᠠ ᠡᠷᠦᠬᠡ ᠵᠢ ᠨᠡᠶ᠋ᠢᠲᠡ 13 ᠪᠠᠶ᠋ᠢᠭᠤᠯᠵᠤ᠂ ᠲᠤᠰᠬᠠᠶ ᠵᠦᠢ᠍ᠯ᠎ᠤᠨ ᠪᠡᠯᠡ ᠮᠥᠩᠭᠥ 700 ᠲᠦᠮᠡᠨ ᠲᠥᠭᠥᠷᠢᠭ ᠲᠣᠬᠢᠷᠠᠭᠤᠯᠵᠤ᠂ ᠪᠦᠬᠦ ᠨᠡᠶ᠋ᠢᠭᠡᠮ ᠵᠢᠴᠢ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠡᠨᠳᠡᠯ᠎ᠤᠨ ᠳᠠᠯᠳᠠ ᠭᠡᠮ ᠪᠣᠯᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠤᠨ᠎ᠠ᠃
     ᠪᠠᠴᠢᠮ ᠪᠠᠶ᠋ᠢᠳᠠᠯ᠎ᠢ ᠠᠷᠭ᠋ᠠᠴᠠᠬᠤ ᠰᠢᠰᠲ᠋ᠧᠮᠵᠢ ᠵᠢᠨ 《ᠬᠦᠴᠦᠷᠬᠡᠭ》 ᠪᠠᠶ᠋ᠢᠭᠤᠯᠤᠯᠲᠠ᠃ ᠪᠥᠬᠥ ᠬᠣᠲᠠ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ 43 ᠲᠤᠰᠬᠠᠶ   ᠵᠦᠢ᠍ᠯ᠎ᠤᠨ ᠪᠡᠯᠡᠳᠬᠡᠯ ᠲᠥᠰᠦᠯ᠎ᠢ ᠪᠥᠬᠥ ᠲᠠᠯ᠎ᠠ᠎ᠪᠠᠷ ᠡᠮᠬᠢᠯᠡᠵᠦ᠂ ᠬᠦᠴᠦᠨ᠎ᠲᠠᠢ ᠬᠤᠭᠤᠴᠠᠭ᠋ᠠᠨ᠎ᠤ ᠳᠣᠲᠣᠷ᠎ᠠ ᠳᠠᠷᠤᠶ᠋ᠢᠬᠠᠨ ᠵᠠᠰᠠᠪᠤᠷᠢ ᠣᠷᠣᠭᠤᠯᠤᠭᠰᠠᠨ ᠥᠬᠡᠶ ᠪᠠᠶ᠋ᠢᠬᠤ ᠵᠢ ᠰᠢᠮᠳᠠᠭᠤᠯᠵᠤ᠂ 2025 ᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠲᠥᠯᠥᠪᠯᠡᠭᠡ ᠵᠢ ᠲᠣᠳᠣᠷᠬᠠᠶ᠋ᠢᠯᠠᠨ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠪᠥᠬᠥ ᠲᠠᠯ᠎ᠠ᠎ᠪᠠᠷ ᠥᠷᠨᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠬᠡᠷᠡᠭᠵᠢᠭᠦᠯᠵᠦ ᠪᠣᠯᠬᠤᠶ᠋ᠢᠴᠠ ᠴᠢᠨᠠᠷ ᠪᠠ ᠬᠡᠷᠡᠭᠯᠡᠭᠡᠨ᠎ᠤ ᠴᠢᠨᠠᠷ᠎ᠢ ᠰᠢᠯᠭ᠋ᠠᠨ ᠪᠠᠶ᠋ᠢᠴᠠᠭ᠋ᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠣᠲᠠ ᠰᠢᠶᠠᠨ ᠬᠣᠶᠠᠷ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠶ᠋ᠢᠯᠡᠭᠰᠡᠨ ᠠᠪᠤᠷᠠᠨ ᠲᠤᠰᠠᠯᠠᠬᠤ ᠡᠩᠨᠡᠭᠡ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠡᠩᠨᠡᠭᠡ᠎ᠪᠠᠷ ᠭᠤᠤᠯ ᠪᠣᠯᠭ᠋ᠠᠨ᠂ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠶᠡᠷᠦᠩᠬᠡᠶ᠋ᠢᠯᠡᠭᠰᠡᠨ ᠴᠢᠨᠠᠷᠲᠠᠶ ᠡᠩᠨᠡᠭᠡ ᠵᠢ 19 ᠰᠠᠯᠠᠭ᠎ᠠ 510 ᠬᠥᠮᠦᠨ ᠪᠠᠶ᠋ᠢᠭᠤᠯᠵᠤ᠂ ᠠᠵᠤ ᠠᠬᠤᠶ᠋ᠢᠯᠠᠯ᠎ᠳᠤ ᠲᠦᠰᠢᠭᠯᠡᠨ ᠠᠭᠤᠷᠬᠠᠶ ᠵᠢᠨ ᠠᠪᠤᠷᠠᠨ ᠲᠤᠰᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠵᠡᠷᠭᠡ ᠲᠤᠰᠬᠠᠶ ᠠᠵᠢᠯ᠎ᠤᠨ ᠴᠢᠨᠠᠷᠲᠠᠶ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠡᠩᠨᠡᠭᠡ ᠵᠢ 25 ᠰᠠᠯᠠᠭ᠎ᠠ 1049 ᠬᠥᠮᠦᠨ ᠪᠠᠶ᠋ᠢᠭᠤᠯᠪᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ 《ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ ᠡᠷᠭᠢᠯᠡᠪᠡ
ᠡᠷᠢᠶᠡᠨ ᠬᠣᠲᠠ᠄ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠵᠦ᠂ ᠴᠢᠳᠠᠪᠤᠷᠢ᠎ᠪᠠᠨ ᠳᠡᠭᠡᠭᠰᠢᠯᠡᠭᠦᠯᠬᠦ —— ᠡᠷᠢᠶᠡᠨ ᠬᠣᠲᠠ 2025 ᠣᠨ᠎ᠤ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠰᠢᠯᠢ ᠵᠢᠨ ᠭᠤᠤᠯ ᠠᠶ᠋ᠢᠮᠠᠭ᠄ ᠰᠢᠯᠢ ᠵᠢᠨ ᠭᠤᠤᠯ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠠᠮᠤᠷ ᠲᠦᠪᠰᠢᠨ᠎ᠤ ᠬᠠᠷᠢᠭᠤᠴᠠᠯᠭ᠎ᠠ᠎ᠳᠤ ᠲᠤᠰᠬᠠᠶ ᠬᠢᠨᠠᠯᠲᠠ ᠲᠠᠯᠪᠢᠵᠤ ᠵᠢᠯᠣᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠣᠷᠳᠣᠰ ᠬᠣᠲᠠ ᠵᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠪᠡ
ᠲᠦᠩᠯᠢᠶᠣᠤ ᠬᠣᠲᠠ ᠪᠥᠬᠥ ᠬᠣᠲᠠ ᠵᠢᠨ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
 
            