ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ ᠰᠦᠨ ᠱᠤᠤ ᠴᠧᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2025-01-15

   

    1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ᠃
   6387245008212483756514216.jpg    

    1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃
     ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠪᠡ᠃ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠪᠠ᠃
     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠣᠲᠣ 532 ᠬᠥᠮᠥᠨ ᠪᠤᠶ᠂ ᠪᠡᠯᠡᠳᠬᠡᠯ ᠬᠤᠷᠠᠯ᠎ᠳᠤ 501 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠤᠭ᠎ᠠ᠎ᠳᠤ ᠨᠡᠶ᠋ᠢᠴᠡᠪᠡ᠃
     ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠡᠯ᠎ᠡ ᠵᠦᠢ᠍ᠯ᠎ᠤᠨ ᠠᠵᠢᠯ ᠪᠡᠯᠡᠬᠡᠨ ᠪᠣᠯᠵᠤ᠂ ᠶᠡᠭᠡ ᠬᠤᠷᠠᠯ ᠲᠣᠭᠲᠠᠭᠰᠠᠨ ᠬᠤᠭᠤᠴᠠᠭ᠋ᠠᠨ᠎ᠳᠠᠭᠠᠨ ᠬᠤᠷᠠᠯᠳᠤᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ ᠪᠣᠯ ᠣᠷᠣᠨ ᠳᠠᠶᠠᠭ᠋ᠠᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ ᠪᠠᠶ᠋ᠢᠭ᠎ᠠ ᠵᠠᠩᠭᠢᠯᠠᠭ᠎ᠠ ᠵᠢᠨ ᠴᠠᠭ ᠮᠥᠴᠡ᠎ᠳᠤ ᠬᠤᠷᠠᠯᠳᠤᠬᠤ ᠨᠢᠭᠡ ᠤᠳᠠᠭ᠎ᠠ ᠵᠢᠨ ᠮᠠᠰᠢ ᠴᠢᠬᠤᠯᠠ ᠬᠤᠷᠠᠯ ᠪᠠᠶ᠋ᠢᠵᠤ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠯᠤᠰ ᠲᠦᠷᠦ ᠵᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠃ ᠡᠨᠡ ᠤᠳᠠᠭ᠎ᠠ ᠵᠢᠨ ᠶᠡᠭᠡ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠵᠶ᠋ᠠᠨ ᠨᠢᠭᠲᠠᠷᠠᠭᠤᠯᠤᠨ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠶ᠋ᠢᠴᠢᠯᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠭᠰᠠᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
     ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠣᠷᠭ᠋ᠠᠨᠢᠭ ᠵᠶ᠋ᠠᠷ ᠨᠢᠭᠡᠳᠬᠡᠬᠦ ᠵᠢ ᠪᠠᠷᠢᠮᠲᠠᠯᠠᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠶ᠋ᠢᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ᠎ᠪᠠᠨ ᠪᠦᠭᠦ ᠲᠠᠯ᠎ᠠ᠎ᠪᠠᠷ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂ 《ᠨᠢᠭᠡ ᠭᠤᠣᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠭᠤᠣᠯ ᠠᠵᠢᠯ ᠶᠡᠭᠡ ᠲᠠᠯ᠎ᠠ᠎ᠲᠠᠢ ᠨᠢᠭᠲᠠ ᠤᠶᠠᠯᠳᠤᠭᠤᠯᠤᠨ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠶ᠋ᠢᠴᠢᠯᠠᠨ ᠤᠷᠢᠶᠠᠯᠠᠵᠤ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠪᠣᠯᠣᠨ᠎ᠠ᠃
     ᠬᠤᠷᠠᠯ᠎ᠠᠴᠠ᠂ ᠲᠥᠯᠥᠭᠡᠯᠡᠭᠴᠢᠳ ᠶᠡᠭᠡ ᠬᠤᠷᠠᠯ᠎ᠤᠨ ᠵᠢᠯᠤᠭᠤᠳᠬᠤ ᠦᠵᠡᠯ ᠰᠠᠨᠠᠭ᠎ᠠ ᠶᠣᠰᠣᠭ᠋ᠠᠷ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠡᠯ᠎ᠡ ᠵᠦᠢ᠍ᠯ᠎ᠤᠨ ᠵᠥᠪᠯᠡᠬᠦ ᠰᠡᠳᠦᠪ᠎ᠢ ᠨᠠᠷᠢᠨ ᠬᠢᠨᠠᠮᠠᠭ᠋ᠠᠢ ᠬᠢᠨᠠᠨ ᠵᠥᠪᠯᠡᠵᠦ᠂ ᠦᠨᠳᠦᠰᠦᠨ ᠬᠠᠤᠯᠢ ᠪᠣᠯᠣᠨ ᠬᠠᠤᠯᠢ ᠴᠠᠭ᠋ᠠᠵᠠ᠎ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠬᠠᠮᠲᠤ᠎ᠪᠠᠷ ᠴᠢᠷᠮᠠᠶ᠋ᠢᠵᠤ ᠡᠨᠡ ᠤᠳᠠᠭ᠎ᠠ ᠵᠢᠨ ᠬᠤᠷᠠᠯ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠭᠰᠠᠨ᠂ ᠪᠣᠳᠠᠲᠠᠢ ᠵᠢ ᠡᠷᠬᠢᠮᠯᠡᠨ ᠡᠷᠡᠮᠡᠬᠡᠶ᠋ᠢᠯᠡᠨ ᠤᠷᠤᠭᠰᠢᠯᠠᠭᠰᠠᠨ ᠶᠡᠭᠡ ᠬᠤᠷᠠᠯ ᠪᠣᠯᠭ᠋ᠠᠨ ᠬᠤᠷᠠᠯᠳᠤᠭᠤᠯᠬᠤ ᠬᠡᠷᠡᠭᠲᠡᠢ ᠭᠡᠵᠦ ᠱᠠᠭ᠋ᠠᠷᠳᠠᠪᠠ᠃
     ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ ᠪᠣᠯᠣᠨ ᠨᠠᠷᠢᠨ ᠪᠢᠴᠢᠭ᠎ᠤᠨ ᠳᠠᠷᠤᠭ᠎ᠠ ᠵᠢ ᠰᠣᠩᠭᠤᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠠᠨᠠᠯ ᠵᠥᠪᠯᠡᠯᠭᠡ ᠵᠢ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠦᠷᠢᠯᠳᠦᠭᠦᠨ᠎ᠳᠤ ᠲᠣᠬᠢᠷᠠᠭᠤᠯᠤᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠪᠡᠯᠡᠳᠬᠡᠯ ᠬᠤᠷᠠᠯ᠎ᠤᠨ ᠲᠣᠭᠲᠠᠭ᠋ᠠᠯ᠎ᠢ ᠪᠠᠲᠤᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠳᠤᠭᠤᠶ᠋ᠢᠯᠠᠩ ᠬᠠᠮᠲᠤᠷᠠᠭᠰᠠᠨ ᠶᠠᠷᠢᠯᠴᠠᠭ᠎ᠠ᠎ᠳᠤ ᠣᠷᠣᠯᠴᠠᠪᠠ ᠵᠠᠩ ᠶᠠᠨ ᠺᠦᠨ ᠣᠷᠣᠯᠴᠠᠵᠠᠢ
ᠥᠪᠥᠷ ᠮᠣᠩᠭᠤᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ (2025.2.9 — 2025.2.15)
《ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠵᠠᠰᠠᠬᠤ ᠮᠡᠷᠭᠡᠵᠢᠯ᠎ᠤᠨ ᠳᠦᠷᠢᠮ》᠎ᠨᠢ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠰᠡᠷᠭᠦᠭᠡᠬᠦ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ
ᠣᠷᠳᠣᠰ᠄ ᠲᠣᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠤᠪᠢᠰᠬᠠᠬᠤ ᠢᠨᠵᠧᠨᠧᠷᠢᠩ᠎ᠢ ᠤᠷᠤᠭᠰᠢᠲᠠᠶ ᠬᠢᠨᠠᠨ ᠵᠥᠪᠰᠢᠶᠡᠷᠡᠪᠡ
 
            