ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠥᠷ ᠮᠣᠩᠭᠤᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ (2025.2.9 — 2025.2.15)
ᠨᠡᠶ᠋ᠢᠲᠡᠯᠡᠭᠰᠡᠨ ᠴᠠᠭ᠄ 2025-02-19

      《ᠥᠪᠥᠷ ᠮᠣᠩᠭᠤᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ》 ᠭᠡᠬᠦ ᠪᠤᠯᠤᠩ᠎ᠨᠢ ᠲᠠᠨ᠎ᠳᠤ ᠭᠠᠷᠠᠭ ᠪᠦᠷᠢ ᠵᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠵᠠᠰᠠᠭ᠎ᠤᠨ ᠶᠠᠪᠤᠳᠠᠯ᠎ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ ᠬᠢᠭᠡᠳ ᠲᠡᠭᠦᠨ᠎ᠤ ᠲᠠᠶ᠋ᠢᠯᠤᠮᠵᠢ ᠵᠢ ᠡᠮᠬᠢᠯᠡᠨ ᠲᠢᠭᠯᠡᠵᠦ᠂ ᠭᠠᠷᠠᠭ ᠪᠦᠷᠢ ᠵᠢᠨ ᠵᠠᠰᠠᠭ᠎ᠤᠨ ᠰᠢᠨ᠎ᠡ ᠶᠠᠪᠤᠳᠠᠯ᠎ᠢ ᠲᠦᠷᠭᠡᠨ ᠣᠶ᠋ᠢᠯᠠᠭ᠋ᠠᠭᠤᠯᠬᠤ ᠪᠣᠯᠣᠨ᠎ᠠ᠃
ᠤᠳᠤᠷᠢᠳᠤᠯᠭ᠎ᠠ ᠵᠢᠨ ᠠᠵᠢᠯᠯᠠᠭ᠎ᠠ
ᠰᠦᠨ ᠱᠣᠣ ᠴᠧᠩ

     ᠰᠦᠨ ᠱᠣᠣ ᠴᠧᠩ ᠪᠦᠯᠭᠦᠮ ᠳᠠᠭ᠋ᠠᠭᠤᠯᠤᠨ ᠪᠷᠠᠽᠢᠯ ᠪᠣᠯᠣᠨ ᠦᠷᠦ᠋ᠭᠤᠸᠠᠶ᠎ᠳᠤ ᠠᠶ᠋ᠢᠯᠴᠢᠯᠠᠪᠠ
     ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠳᠤᠮᠳᠠᠳᠤ ᠪᠷᠠᠽᠢᠯ᠂ ᠳᠤᠮᠳᠠᠳᠤ ᠦᠷᠦ᠋ᠭᠤᠸᠠᠶ ᠵᠢᠨ ᠲᠡᠷᠢᠭᠦᠨ ᠨᠠᠷ᠎ᠤᠨ ᠲᠣᠬᠢᠷᠠᠯᠴᠠᠭᠰᠠᠨ ᠴᠢᠬᠤᠯᠠ ᠬᠠᠮᠲᠤ ᠵᠢᠨ ᠲᠠᠨᠢᠯᠲᠠ ᠵᠢ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠡᠨᠡ ᠬᠦ᠌ ᠬᠤᠶᠠᠷ ᠤᠯᠤᠰ᠎ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠵᠢ ᠴᠢᠩᠭ᠋ᠠᠳᠬᠠᠵᠤ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠵᠢ ᠨᠠᠩ ᠰᠠᠶ᠋ᠢᠲᠤᠷ ᠪᠡᠶᠡᠯᠡᠭᠦᠯᠬᠦ ᠵᠢᠨ ᠲᠣᠭᠤᠷᠢᠨ᠎ᠳᠤ᠂ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 9᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠤᠤ ᠴᠧᠩ ᠪᠦᠯᠭᠦᠮ ᠳᠠᠭ᠋ᠠᠭᠤᠯᠤᠨ ᠪᠷᠠᠽᠢᠯ᠂ ᠦᠷᠦ᠋ᠭᠤᠸᠠᠶ᠎ᠳᠤ ᠠᠶ᠋ᠢᠯᠴᠢᠯᠠᠪᠠ᠃
     ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ᠎ᠢ ᠡᠷᠬᠢᠯᠡᠪᠡ
    2 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠬᠤᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠣᠳᠣᠯᠣᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠣᠣ ᠴᠧᠩ ᠲᠤᠰ ᠬᠤᠷᠠᠯ᠎ᠢ ᠡᠷᠬᠢᠯᠡᠪᠡ᠃
     ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠣᠨᠣᠯ ᠰᠤᠷᠤᠯᠴᠠᠬᠤ ᠭᠤᠣᠯ ᠳᠤᠭᠤᠶ᠋ᠢᠯᠠᠩ 2025 ᠣᠨ᠎ᠤ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ
    2 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠣᠨᠣᠯ ᠰᠤᠷᠤᠯᠴᠠᠬᠤ ᠭᠤᠣᠯ ᠳᠤᠭᠤᠶ᠋ᠢᠯᠠᠩ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠠᠮᠤᠷ ᠲᠦᠪᠰᠢᠨ᠎ᠤ ᠲᠤᠬᠠᠢ ᠴᠢᠬᠤᠯᠠ ᠦᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢᠨ ᠲᠣᠭᠤᠷᠢᠨ᠎ᠳᠤ ᠬᠠᠮᠲᠤ ᠵᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠣᠣ ᠴᠧᠩ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃
ᠵᠧᠩ ᠭᠤᠸᠠᠩ ᠵᠣᠣ
     ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠲᠠᠪᠤᠳᠤᠭ᠋ᠠᠷ ᠬᠤᠷᠠᠯᠳᠤᠭ᠋ᠠᠨ᠎ᠳᠤ ᠰᠤᠯᠠ ᠣᠷᠣᠯᠴᠠᠪᠠ
    2 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠲᠠᠪᠤᠳᠤᠭ᠋ᠠᠷ ᠬᠤᠷᠠᠯᠳᠤᠭ᠋ᠠᠨ ᠭᠦᠭᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠪᠦᠷᠢᠯᠳᠦᠭᠦᠨ ᠣᠲᠣ 70 ᠬᠥᠮᠥᠨ ᠪᠤᠶ᠂ 51 ᠬᠥᠮᠥᠨ᠎ᠨᠢ ᠲᠣᠰ ᠤᠳᠠᠭ᠎ᠠ ᠵᠢᠨ ᠬᠤᠷᠠᠯᠳᠤᠭ᠋ᠠᠨ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠤᠭ᠎ᠠ᠎ᠳᠤ ᠨᠡᠶ᠋ᠢᠴᠡᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠭᠢᠯᠡᠭᠴᠢ ᠰᠦᠨ ᠱᠤᠤ ᠴᠧᠩ᠎ᠤᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠡᠷᠭᠢᠯᠡᠭᠴᠢ ᠵᠠᠩ ᠱᠤᠤ ᠴᠦᠨ ᠬᠤᠷᠠᠯ᠎ᠢ ᠡᠷᠭᠢᠯᠡᠵᠦ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ᠂ ᠵᠧᠩ ᠬᠤᠩ ᠹᠠᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠸᠠᠨ ᠴᠤᠤ ᠴᠢ ᠬᠤᠷᠠᠯᠳᠤᠭ᠋ᠠᠨ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠵᠧᠩ ᠭᠤᠸᠠᠩ ᠵᠣᠣ᠂ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶᠠᠨ᠎ᠤ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠪᠠᠶ᠋ᠢᠴᠠᠭ᠋ᠠᠬᠤ ᠳᠠᠷᠤᠭ᠎ᠠ ᠯᠢ ᠶᠦᠩ ᠵᠢᠶᠦ᠋ᠨ ᠲᠤᠰ ᠬᠤᠷᠠᠯᠳᠤᠭ᠋ᠠᠨ᠎ᠳᠤ ᠰᠤᠯᠠ ᠣᠷᠣᠯᠴᠠᠵᠠᠢ᠃
ᠲᠥᠷᠥ ᠵᠢᠨ ᠪᠣᠳᠣᠯᠭ᠎ᠠ ᠵᠢᠨ ᠨᠡᠶ᠋ᠢᠲᠡᠯᠡᠯ
    2025 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠪᠠᠭᠤᠯᠭ᠋ᠠᠬᠤ ᠲᠤᠬᠠᠢ ᠮᠡᠳᠡᠭᠳᠡᠯ
     ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2025 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠪᠠᠭᠤᠯᠭ᠋ᠠᠬᠤ ᠲᠤᠬᠠᠢ ᠮᠡᠳᠡᠭᠳᠡᠯ (ᠥᠪᠥᠷ ᠵᠠᠰᠠᠭ ᠲᠠᠷᠬᠠᠭ᠋ᠠᠭᠰᠠᠨ 【2025 】1 ᠳ᠋ᠦ᠍ᠭᠡᠷ ᠲᠣᠭ᠋ᠠᠲᠤ) ᠨᠡᠶ᠋ᠢᠲᠡᠯᠡᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠵᠠᠰᠠᠬᠤ ᠮᠡᠷᠭᠡᠵᠢᠯ᠎ᠤᠨ ᠳᠦᠷᠢᠮ》᠎ᠨᠢ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠰᠡᠷᠭᠦᠭᠡᠬᠦ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ
ᠣᠷᠳᠣᠰ᠄ ᠲᠣᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠤᠪᠢᠰᠬᠠᠬᠤ ᠢᠨᠵᠧᠨᠧᠷᠢᠩ᠎ᠢ ᠤᠷᠤᠭᠰᠢᠲᠠᠶ ᠬᠢᠨᠠᠨ ᠵᠥᠪᠰᠢᠶᠡᠷᠡᠪᠡ
ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠲᠤ ᠴᠠᠭ᠋ᠠᠨ ᠬᠡᠷᠡᠮ᠎ᠢ ᠪᠠᠲᠤ ᠴᠣᠭᠴᠠᠯᠠᠨ᠎ᠠ
《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠳᠠᠯᠠᠳ ᠬᠣᠰᠢᠭᠤᠨ᠎ᠤ 2025 ᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠥᠬᠥ ᠲᠠᠯ᠎ᠠ᠎ᠪᠠᠷ ᠠᠵᠢᠯ ᠡᠬᠢᠯᠡᠪᠡ
ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠥᠪᠥᠷ ᠮᠣᠩᠭᠤᠯ᠎ᠤᠨ ᠢᠲᠡᠭᠡᠯ ᠵᠣᠷᠢᠭ
 
            