ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠣᠷᠳᠣᠰ᠄ ᠲᠣᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠤᠪᠢᠰᠬᠠᠬᠤ ᠢᠨᠵᠧᠨᠧᠷᠢᠩ᠎ᠢ ᠤᠷᠤᠭᠰᠢᠲᠠᠶ ᠬᠢᠨᠠᠨ ᠵᠥᠪᠰᠢᠶᠡᠷᠡᠪᠡ
ᠨᠡᠶ᠋ᠢᠲᠡᠯᠡᠭᠰᠡᠨ ᠴᠠᠭ᠄ 2025-02-28

    ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ᠎ᠤᠨ ᠣᠷᠳᠣᠰ᠎ᠤᠨ ᠴᠠᠬᠢᠯᠭ᠋ᠠᠨ ᠬᠠᠩᠭ᠋ᠠᠬᠤ ᠺᠣᠮᠫᠠᠨᠢ ᠵᠢᠨ ᠲᠣᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠢ ᠵᠢᠩᠬᠢᠨᠢ᠎ᠪᠠᠷ ᠬᠢᠨᠠᠨ ᠵᠥᠪᠰᠢᠶᠡᠷᠡᠪᠡ᠂ ᠡᠨᠡ᠎ᠨᠢ ᠲᠣᠰ ᠢᠨᠵᠧᠨᠧᠷᠢᠩ ᠪᠥᠬᠥ ᠲᠠᠯ᠎ᠠ᠎ᠪᠠᠷ ᠬᠡᠷᠡᠭᠵᠢᠭᠦᠯᠬᠦ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠶ᠋ᠢᠨ᠎ᠠ᠃ ᠲᠣᠰ ᠲᠥᠷᠥᠯ   ᠵᠦᠢ᠍ᠯ᠎ᠢ ᠬᠢᠨᠠᠨ ᠵᠥᠪᠰᠢᠶᠡᠷᠡᠭᠰᠡᠨ᠎ᠨᠢ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠵᠶ᠋ᠠᠷ ᠪᠠᠷᠠᠬᠤ ᠥᠬᠡᠶ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠨᠧᠷᠭᠢ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
     ᠲᠤᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠴᠠᠬᠢᠯᠭ᠋ᠠᠨ ᠬᠦᠴᠦᠨ᠎ᠤ ᠬᠥᠭᠵᠢᠯᠲᠡ ᠵᠢᠨ ᠲᠥᠯᠥᠪᠵᠢᠭᠦᠯᠭᠡ ᠵᠢᠨ ᠴᠢᠬᠤᠯᠠ ᠲᠦᠷᠦᠯ ᠵᠦᠢ᠍ᠯ᠎ᠤᠨ ᠨᠢᠭᠡ ᠪᠣᠯᠤᠨ᠎ᠠ᠂ ᠪᠠᠰᠠ ᠴᠤ᠌ ᠤᠯᠤᠰ᠎ᠤᠨ 《ᠪᠠᠷᠠᠭᠤᠨ ᠣᠷᠣᠨ᠎ᠤ ᠴᠠᠬᠢᠯᠭ᠋ᠠᠨ᠎ᠢ ᠵᠡᠭᠦᠨᠰᠢ ᠬᠦᠷᠭᠡᠬᠦ》 ᠪᠠᠶ᠋ᠢᠯᠳᠤᠬᠤ ᠪᠤᠳᠤᠯᠭ᠎ᠠ ᠵᠢᠨ ᠵᠠᠩᠭᠢᠯᠠᠭ᠎ᠠ ᠵᠢᠨ ᠪᠦᠷᠢᠯᠳᠦᠬᠦᠨ ᠬᠡᠰᠡᠭ ᠪᠣᠯᠤᠨ᠎ᠠ᠃ ᠢᠨᠵᠧᠨᠧᠷᠢᠩ᠎ᠨᠢ ᠦᠦᠰᠢᠨ ᠬᠣᠰᠢᠭᠤᠨ᠎ᠳᠤ   ᠪᠠᠢ᠌ᠨ᠎ᠠ᠂ ᠶᠡᠷᠦᠩᠬᠡᠶ ᠪᠡᠯᠡ ᠣᠷᠣᠭᠤᠯᠤᠯᠲᠠ᠎ᠨᠢ 5 . 8 ᠳ᠋ᠦᠩᠰᠢᠭᠤᠷ ᠲᠥᠭᠥᠷᠢᠭ᠂ ᠲᠤᠰ ᠢᠨᠵᠧᠨᠧᠷᠢᠩ᠎ᠤᠨ ᠪᠦᠲᠦᠭᠡᠨ ᠪᠠᠢ᠍ᠭᠤᠯᠤᠯᠲᠠ᠎ᠨᠢ ᠴᠢᠬᠤᠯᠠ ᠠᠴᠢ ᠬᠣᠯᠪᠣᠭᠳᠠᠯ᠎ᠲᠠᠢ᠃ ᠨᠢᠭᠡ᠎ᠳᠤ ᠣᠷᠣᠨ ᠪᠦᠰᠡ ᠵᠢᠨ ᠡᠨᠧᠷᠭᠢ ᠵᠢᠨ ᠪᠦᠲᠦᠴᠡ ᠵᠢ ᠰᠢᠯᠢᠳᠡᠭᠵᠢᠭᠦᠯᠵᠦ᠂ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠳᠤ ᠬᠦᠴᠦᠨ ᠨᠡᠮᠡᠷᠢᠯᠡᠨ᠎ᠡ᠃ ᠣᠷᠳᠣᠰ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠵᠢᠨ ᠡᠬᠢ ᠪᠠᠶᠠᠯᠢᠭ ᠡᠯᠪᠡᠭ ᠪᠣᠯᠪᠠᠴᠤ ᠤᠷᠲᠤ ᠬᠤᠭᠤᠴᠠᠭ᠋ᠠᠨ᠎ᠤ ᠲᠤᠷᠰᠢ ᠭᠠᠳᠠᠭᠰᠢ ᠬᠦᠷᠭᠡᠬᠦ ᠨᠡᠪᠲᠡᠷᠡᠯ ᠵᠠᠮ ᠬᠦᠷᠦᠯᠴᠡᠬᠦ ᠦᠭᠡᠶ᠂ ᠡᠨᠧᠷᠭᠢ ᠵᠢᠨ ᠰᠢᠩᠭᠡᠭᠡᠵᠦ ᠠᠪᠬᠤ ᠴᠢᠳᠠᠪᠤᠷᠢ ᠬᠢᠵᠠᠭ᠋ᠠᠷᠲᠠᠶ ᠵᠡᠷᠭᠡ ᠬᠦᠴᠦᠨ ᠵᠦᠢ᠍ᠯ᠎ᠤᠨ ᠬᠢᠵᠠᠭ᠋ᠠᠷᠯᠠᠯ᠎ᠠᠴᠠ ᠪᠣᠯᠤᠭᠰᠠᠨ ᠶᠤᠮ᠃ ᠲᠤᠭ 500 ᠺᠢᠯᠤᠸᠤᠯᠲ᠎ᠤᠨ ᠬᠦᠴᠦᠳᠡᠯ ᠬᠤᠪᠢᠰᠬᠠᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠨᠢ ᠴᠡᠪᠡᠷ ᠡᠨᠧᠷᠭᠢ ᠵᠢ ᠶᠡᠬᠡ ᠬᠡᠪᠴᠢᠶ᠎ᠡ᠎ᠪᠠᠷ ᠭᠠᠳᠠᠭᠰᠢ ᠬᠦᠷᠭᠡᠬᠦ᠎ᠳᠤ ᠥᠨᠳᠥᠷ ᠪᠦᠲᠦᠮᠵᠢᠲᠡᠶ ᠵᠠᠮ ᠬᠠᠩᠭ᠋ᠠᠬᠤ ᠪᠣᠯᠤᠨ᠎ᠠ᠃ ᠬᠣᠶᠠᠷ᠎ᠲᠤ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠤᠨ᠎ᠠ᠃ ᠲᠤᠰ ᠬᠤᠭᠤᠴᠠᠭ᠋ᠠᠨ᠎ᠤ ᠢᠨᠵᠧᠨᠧᠷᠢᠩ᠎ᠤᠨ ᠪᠠᠶ᠋ᠢᠭᠤᠯᠤᠭᠳᠠᠭᠰᠠᠨ᠎ᠨᠢ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠬᠦᠴᠦᠨ᠎ᠤ ᠬᠦᠷᠭᠡᠬᠦ ᠴᠢᠳᠠᠪᠤᠷᠢ ᠵᠢ ᠢᠯᠡᠳᠲᠡ ᠨᠡᠮᠡᠭᠳᠡᠭᠦᠯᠵᠦ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠨᠠᠮᠳᠠᠭᠤᠯᠵᠤ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢᠨ ᠠᠶᠤᠯ ᠦᠭᠡᠶ ᠴᠢᠨᠠᠷ ᠪᠣᠯᠤᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠬᠦ ᠵᠢᠨ ᠬᠠᠮᠲᠤ ᠬᠠᠮᠢᠶ᠎ᠠ ᠪᠦᠬᠦᠢ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠳᠠᠶ᠋ᠢᠴᠢᠯᠠᠵᠤ᠂ ᠣᠷᠣᠨ ᠨᠤᠲᠤᠭ᠎ᠤᠨ ᠠᠵᠢᠯ ᠣᠯᠭᠣᠯᠲᠠ ᠪᠣᠯᠤᠨ ᠠᠵᠤ ᠠᠬᠤᠶ ᠵᠢᠨ ᠨᠡᠮᠡᠭᠳᠡᠯ᠎ᠢ ᠠᠬᠢᠭᠤᠯᠬᠤ ᠪᠣᠯᠤᠨ᠎ᠠ᠃
     ᠲᠤᠺ 500 ᠺᠢᠯᠤᠸᠤᠯᠲ᠎ᠤᠨ ᠬᠦᠴᠦᠳᠡᠯ ᠬᠤᠪᠢᠰᠬᠠᠬᠤ ᠢᠨᠵᠧᠨᠧᠷᠢᠩ᠎ᠤᠨ ᠭᠠᠵᠠᠷ ᠰᠣᠩᠭᠣᠬᠤ ᠱᠠᠲᠤᠨ᠎ᠳᠤ ᠭᠠᠵᠠᠷ ᠣᠷᠣᠨ᠎ᠤ ᠣᠳᠣᠬᠢ ᠪᠠᠶ᠋ᠢᠳᠠᠯ᠂ ᠲᠥᠯᠥᠪᠵᠢᠭᠦᠯᠭᠡ ᠵᠢᠨ ᠰᠡᠳᠬᠢᠴᠡ ᠪᠠ ᠰᠦᠯᠵᠢᠶᠡᠨ᠎ᠤ ᠵᠢᠶᠠᠰᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠭᠦᠢ᠍ᠴᠡᠳ ᠤᠶᠠᠯᠳᠤᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠨᠢᠭᠡᠴᠡ ᠵᠢᠨ ᠰᠢᠨᠵᠢᠯᠡᠬᠦ ᠤᠬᠠᠭ᠋ᠠᠨᠴᠢ᠎ᠪᠠᠷ ᠭᠠᠵᠠᠷ ᠰᠣᠩᠭᠣᠨ᠂ ᠥᠨᠳᠥᠷ ᠪᠦᠲᠦᠮᠵᠢᠲᠡᠶ᠎ᠪᠠᠷ ᠠᠬᠢᠭᠤᠯᠵᠤ᠂ ᠨᠡᠶ᠋ᠢᠲᠡ 12 ᠥᠷᠲᠡᠭᠡ ᠭᠠᠵᠠᠷ ᠰᠣᠩᠭᠣᠬᠤ ᠵᠢᠨ ᠬᠠᠮᠲᠤ᠂ ᠪᠦᠯᠦᠭᠯᠡᠯ ᠺᠣᠮᠫᠠᠨᠢ ᠵᠢᠴᠢ ᠬᠠᠷᠢᠶ᠎ᠠ ᠭᠠᠵᠠᠷ᠎ᠤᠨ ᠬᠠᠮᠢᠶ᠎ᠠ ᠪᠥᠬᠥᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠤᠷᠢᠵᠤ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠨᠤᠲᠠᠯᠠᠯᠲᠠ ᠬᠢᠯᠭᠡᠵᠦ᠂  ᠭᠦᠢ᠍ᠴᠡᠳ ᠬᠠᠷᠢᠴᠠᠭᠤᠯᠤᠨ ᠰᠣᠩᠭᠣᠵᠤ᠂ ᠲᠤᠰᠬᠠᠶ ᠮᠡᠷᠭᠡᠵᠢᠯ᠎ᠤᠨ ᠬᠢᠨᠠᠨ ᠲᠣᠭᠲᠠᠭ᠋ᠠᠯᠲᠠ᠎ᠪᠠᠷ ᠳᠡᠮᠵᠢᠨ ᠬᠠᠮᠤᠭ ᠡᠴᠦᠰ᠎ᠤᠨ ᠥᠷᠲᠡᠭᠡ ᠭᠠᠵᠠᠷ᠎ᠤᠨ ᠪᠠᠶ᠋ᠢᠷᠢ ᠵᠢ ᠲᠣᠭᠲᠠᠭ᠋ᠠᠨ᠎ᠠ᠃ ᠭᠠᠷᠳᠠᠮ  ᠭᠦᠢ᠍ᠴᠳᠭᠡᠵᠦ ᠬᠤᠭᠤᠴᠠᠭ᠋ᠠᠨ᠎ᠳᠤ᠂ ᠴᠠᠬᠢᠯᠭ᠋ᠠᠨ᠎ᠤ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢᠨ 《ᠬᠤᠤᠰ ᠳᠠᠷᠤᠭ᠎ᠠ》 ᠵᠢᠨ ᠲᠦᠷᠢᠮ᠎ᠤᠨ ᠠᠵᠢᠯ᠎ᠤᠨ ᠲᠣᠭᠲᠠᠴᠠ ᠵᠢ  ᠭᠦᠢ᠍ᠴᠡᠳ ᠪᠠᠳᠠᠷᠠᠭᠤᠯᠵᠤ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠠᠴᠠ ᠵᠣᠬᠢᠴᠠᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠨᠢᠭᠡᠳᠦᠯᠲᠡᠶ ᠬᠠᠷᠢᠭᠤ ᠮᠡᠳᠡᠭᠦᠯᠵᠦ᠂ ᠨᠢᠭᠡᠳᠦᠯᠲᠡᠶ ᠴᠣᠬᠣᠯᠠᠪᠤᠷᠢᠯᠠᠬᠤ ᠵᠢᠨ ᠬᠠᠮᠲᠤ ᠲᠤᠰᠬᠠᠶ ᠬᠥᠮᠦᠨ ᠲᠣᠮᠢᠯᠠᠨ ᠲᠤᠰᠬᠠᠶ ᠡᠭᠡᠯᠵᠢ᠎ᠪᠠᠷ ᠬᠢᠨᠠᠯᠲᠠ ᠳᠡᠯᠪᠢᠨ ᠭᠦᠢ᠍ᠴᠳᠭᠡᠵᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠢ ᠵᠣᠬᠢᠴᠠᠭᠤᠯᠤᠨ 《ᠬᠠᠪᠰᠤᠷᠤᠨ ᠭᠦᠢ᠍ᠴᠳᠭᠡᠵᠦ ᠣᠷᠣᠯᠠᠨ ᠭᠦᠢ᠍ᠴᠳᠭᠡᠵᠦ》᠂ ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠨ ᠵᠥᠪᠰᠢᠶᠡᠷᠡᠬᠦ ᠪᠠ ᠨᠡᠶ᠋ᠢᠭᠡᠮ᠎ᠤᠨ ᠲᠣᠭᠲᠠᠭᠤᠨ᠎ᠢ ᠬᠢᠨᠠᠨ ᠵᠥᠪᠰᠢᠶᠡᠷᠡᠬᠦ ᠵᠢ ᠲᠦᠷᠭᠡᠨ ᠪᠡᠶᠡᠯᠡᠭᠦᠯᠵᠦ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢ ᠬᠠᠮᠤᠭ᠎ᠤᠨ ᠲᠡᠷᠢᠭᠦᠨ᠎ᠳᠤ ᠪᠡᠶᠡᠯᠡᠭᠦᠯᠬᠦ᠎ᠳᠤ ᠪᠠᠲᠤ ᠴᠢᠩᠭ᠎ᠠ ᠬᠦᠴᠦᠨ ᠬᠠᠩᠭ᠋ᠠᠨ᠎ᠠ᠃
     ᠲᠤᠭ 500 ᠺᠢᠯᠤᠸᠤᠯᠲ᠎ᠤᠨ ᠴᠠᠬᠢᠯᠭ᠋ᠠᠨ ᠬᠦᠷᠭᠡᠬᠦ ᠬᠤᠪᠢᠰᠬᠠᠬᠤ ᠢᠨᠵᠧᠨᠧᠷᠢᠩ᠎ᠤᠨ ᠬᠢᠨᠠᠨ ᠵᠥᠪᠰᠢᠶᠡᠷᠡᠯ᠎ᠨᠢ ᠡᠨᠧᠷᠭᠢ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠠᠲᠤ ᠨᠤᠲᠠᠲᠠᠢ ᠨᠢᠭᠡ ᠠᠯᠬᠤᠮ ᠠᠯᠬᠤᠭᠰᠠᠨ᠎ᠢ ᠬᠠᠷᠠᠭᠤᠯᠵᠤ᠂ ᠲᠤᠰ ᠺᠣᠮᠫᠠᠨᠢ ᠵᠢᠨ ᠪᠠᠲᠤ ᠪᠡᠬᠢ ᠲᠣᠣᠷ᠎ᠢ ᠴᠣᠭᠴᠠᠯᠠᠬᠤ᠎ᠳᠤ ᠴᠢᠬᠤᠯᠠ ᠨᠢᠭᠡ ᠠᠯᠬᠤᠮ ᠨᠡᠮᠡᠭᠰᠡᠨ ᠪᠠᠶ᠋ᠢᠨ᠎ᠠ᠃ ᠢᠷᠡᠭᠡᠳᠦᠶ᠎ᠳᠤ᠂ ᠢᠨᠵᠧᠨᠧᠷᠢᠩ᠎ᠤᠨ ᠤᠷᠤᠭᠰᠢᠲᠠᠶ ᠠᠭᠢᠬᠤ ᠵᠢ ᠳᠠᠭ᠋ᠠᠯᠳᠤᠨ᠂ ᠣᠷᠣᠨ ᠪᠦᠰᠡ ᠵᠢᠨ ᠡᠨᠧᠷᠭᠢ ᠵᠢᠨ ᠯᠤᠭᠰᠢᠭᠤᠨ ᠰᠤᠳᠠᠯ᠎ᠤᠨ ᠪᠥᠲᠥᠭᠡᠨ ᠪᠠᠶ᠋ᠢᠭᠤᠯᠤᠯᠲᠠ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠪᠠ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ᠎ᠳᠤ ᠨᠠᠩ ᠶᠡᠬᠡ ᠬᠦᠴᠦᠨ ᠨᠡᠮᠡᠷᠢᠯᠡᠬᠦ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠲᠤ ᠴᠠᠭ᠋ᠠᠨ ᠬᠡᠷᠡᠮ᠎ᠢ ᠪᠠᠲᠤ ᠴᠣᠭᠴᠠᠯᠠᠨ᠎ᠠ
《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠳᠠᠯᠠᠳ ᠬᠣᠰᠢᠭᠤᠨ᠎ᠤ 2025 ᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠥᠬᠥ ᠲᠠᠯ᠎ᠠ᠎ᠪᠠᠷ ᠠᠵᠢᠯ ᠡᠬᠢᠯᠡᠪᠡ
ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠥᠪᠥᠷ ᠮᠣᠩᠭᠤᠯ᠎ᠤᠨ ᠢᠲᠡᠭᠡᠯ ᠵᠣᠷᠢᠭ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠭᠦᠯᠬᠦ ᠵᠢ ᠠᠬᠢᠭᠤᠯᠵᠤ ᠪᠤᠢ
 
            