ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠲᠤ ᠴᠠᠭ᠋ᠠᠨ ᠬᠡᠷᠡᠮ᠎ᠢ ᠪᠠᠲᠤ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2025-03-10

    ᠰᠢᠨ᠎ᠡ ᠬᠠᠪᠤᠷ᠂ ᠰᠢᠨ᠎ᠡ ᠠᠶᠠᠨ᠂ ᠰᠢᠨ᠎ᠡ  ᠡᠬᠢᠯᠡᠯ᠃
     ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 《ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠠᠬᠢᠭᠤᠯᠬᠤ》 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ》 《〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠴᠢᠬᠤᠯᠠ ᠦᠷ᠎ᠡ ᠪᠦᠲᠦᠭᠡᠯ ᠤᠯᠬᠤ ᠵᠢ ᠠᠬᠢᠭᠤᠯᠬᠤ》 ᠵᠢ ᠳᠤᠷᠠᠳᠴᠠᠢ᠃
     ᠡᠨᠡᠬᠦ ᠨᠣᠮᠢᠨ ᠨᠣᠭᠣᠭ᠋ᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠰᠠᠶ᠋ᠢᠲᠤᠷ ᠰᠠᠬᠢᠨ ᠬᠠᠮᠠᠭ᠋ᠠᠯᠠᠬᠤ ᠪᠣᠯ ᠥᠪᠥᠷ ᠮᠣᠩᠭᠣᠯ᠎ᠤᠨ ᠬᠤᠪᠢᠷᠠᠰᠢ ᠦᠭᠡᠢ ᠤᠭ ᠰᠠᠨᠠᠭ᠎ᠠ ᠪᠣᠯᠤᠨ᠎ᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠮᠥᠨ ᠴᠦ᠍ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠲᠥᠯᠥᠭᠡᠯᠡᠭᠴᠢᠳ ᠭᠡᠰᠢᠭᠦᠳ᠎ᠤᠨ ᠬᠠᠯᠠᠭᠤᠨ ᠵᠶ᠋ᠠᠷ ᠶᠠᠷᠢᠯᠴᠠᠵᠤ ᠪᠠᠶ᠋ᠢᠭᠰᠠᠨ ᠶᠠᠷᠢᠶᠠᠨ᠎ᠤ ᠰᠡᠳᠦᠪ ᠪᠣᠯᠤᠨ᠎ᠠ᠃
    《ᠬᠣᠷᠴᠢᠨ᠎ᠤ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠠᠨ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠠᠶ᠋ᠢᠷᠢᠯᠠᠭᠤᠯᠤᠭᠰᠠᠨ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠨᠢᠭᠡ ᠪᠣᠯᠤᠨ᠎ᠠ᠂ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠢ 〈ᠠᠷᠠᠳ᠎ᠢ ᠪᠠᠶᠠᠵᠢᠭᠤᠯᠬᠤ ᠢᠨᠵᠧᠨᠧᠷᠢᠩ〉 ᠪᠣᠯᠭ᠋ᠠᠵᠤ᠂ ᠠᠵᠤ ᠠᠬᠤᠶ᠋ᠢᠯᠠᠯ᠎ᠢ ᠬᠦᠳᠦᠯᠥᠨ ᠳᠠᠭ᠋ᠠᠭᠤᠯᠵᠤ ᠤᠢ᠍ᠢ᠍ᠷ᠎ᠠ ᠬᠠᠪᠢ᠎ᠳᠠᠭᠠᠨ ᠲᠤᠬᠠᠢ ᠵᠢᠨ ᠭᠠᠵᠠᠷ᠎ᠲᠤᠨᠢ ᠠᠵᠢᠯᠴᠢᠨ ᠬᠡᠷᠡᠭᠯᠡᠵᠦ᠂ ᠤᠯᠠᠨ ᠲᠦᠮᠡᠨ᠎ᠤ ᠣᠷᠣᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠬᠦ᠎ᠪᠠᠷ ᠴᠢᠷᠮᠠᠶ᠋ᠢᠬᠤ ᠬᠡᠷᠡᠭᠲᠡᠢ᠃ ᠬᠡᠷᠬᠢᠨ ᠠᠮᠢ ᠠᠬᠤᠶ ᠵᠢᠨ ᠲᠠᠩᠰᠠ ᠵᠢ ᠪᠤᠳᠤᠬᠤ ᠮᠥᠷᠲᠡᠭᠡᠨ ᠪᠠᠰᠠ ᠠᠵᠤ ᠠᠬᠤᠶ ᠵᠢᠨ ᠲᠠᠩᠰᠠ ᠵᠢ ᠪᠤᠳᠤᠵᠤ᠂ ᠡᠯᠡᠰᠦ ᠵᠢ ᠵᠠᠰᠠᠵᠤ ᠪᠠᠶᠠᠵᠢᠨ ᠴᠢᠨᠡᠭᠡᠯᠢᠭᠵᠢᠬᠦ ᠵᠢ ᠪᠡᠶᠡᠯᠡᠭᠦᠯᠬᠦ ᠲᠤᠬᠠᠶ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠠᠵᠤ ᠠᠬᠤᠶ ᠵᠢᠨ ᠳᠡᠭᠡᠳᠦ ᠰᠤᠷᠭ᠋ᠠᠭᠤᠯᠢ ᠵᠢᠨ ᠵᠠᠬᠢᠷᠤᠯ ᠴᠧᠨ ᠠᠶ ᠰᠢᠤᠸᠠᠢ ᠭᠦᠨᠵᠡᠭᠡᠶ ᠪᠣᠳᠣᠯᠬᠢᠯᠠᠪᠠ᠃ ᠲᠡᠭᠦᠨ᠎ᠤ ᠦᠵᠡᠬᠦ᠎ᠪᠠᠷ᠂ 《ᠵᠠᠮ ᠵᠶ᠋ᠠᠷ ᠡᠯᠡᠰᠦ ᠵᠢ ᠵᠠᠰᠠᠬᠤ》᠂ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠵᠡᠷᠭᠡ ᠪᠣᠯ ᠴᠥᠮ ᠡᠯᠡᠰᠦ ᠵᠢ ᠰᠡᠷᠭᠡᠶ᠋ᠢᠯᠡᠨ ᠪᠠᠶᠠᠵᠢᠬᠤ ᠰᠠᠶ᠋ᠢᠨ ᠵᠠᠭᠪᠤᠷ ᠮᠥᠨ᠂ ᠪᠠᠰᠠ ᠲᠤᠬᠠᠶ ᠵᠢᠨ ᠭᠠᠵᠠᠷ᠎ᠤᠨ ᠣᠨᠴᠠᠯᠢᠭ ᠪᠥᠬᠥᠶ ᠣᠶ ᠰᠢᠭᠤᠶ ᠵᠢᠮᠢᠰ᠎ᠤᠨ ᠠᠵᠤ   ᠦᠢ᠍ᠯᠡᠰ᠎ᠢ ᠲᠤᠬᠠᠶ ᠵᠢᠨ ᠭᠠᠵᠠᠷ᠎ᠲᠤᠨᠢ ᠲᠣᠬᠢᠷᠠᠭᠤᠯᠤᠨ ᠬᠥᠭᠵᠢᠭᠦᠯᠵᠦ᠂ ᠡᠯᠡᠰᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠵᠢᠨ ᠬᠠᠮᠲᠤ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ ᠪᠣᠯᠤᠨ᠎ᠠ᠃
     ᠤᠰᠤ ᠪᠣᠯ ᠠᠮᠢ ᠨᠠᠰᠤᠨ᠎ᠤ ᠡᠬᠢ᠂   ᠦᠢ᠍ᠯᠡᠳᠪᠦᠷᠢᠯᠡᠯ᠎ᠤᠨ ᠴᠢᠬᠤᠯᠠ ᠵᠦᠢ᠍ᠯ᠂ ᠠᠮᠢ ᠠᠬᠤᠶ ᠵᠢᠨ ᠰᠠᠭᠤᠷᠢ ᠮᠥᠨ᠃ 《ᠡᠨᠡ ᠵᠢᠯ᠎ᠠᠴᠠ ᠨᠠᠭ᠋ᠠᠰᠢ ᠪᠢᠳᠡ ᠤᠰᠤ ᠠᠷᠪᠢᠯᠠᠬᠤ ᠠᠵᠢᠯᠯᠠᠭ᠎ᠠ ᠵᠢ ᠪᠥᠬᠥ ᠬᠦᠴᠦ᠎ᠪᠠᠷ ᠵᠶ᠋ᠠᠨ ᠠᠬᠢᠭᠤᠯᠵᠤ᠂ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ〉᠎ᠢ ᠲᠤᠭᠤᠷᠪᠢᠨ ᠲᠣᠭᠲᠠᠭ᠋ᠠᠭᠰᠠᠨ ᠪᠥᠭᠡᠳ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠶᠡᠷᠦᠩᠬᠡᠶ᠋ᠢᠯᠡᠨ ᠵᠠᠰᠠᠬᠤ ᠠᠵᠢᠯ᠎ᠤᠨ ᠭᠤᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠤ᠂ 15   ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠠᠶ᠋ᠢᠷᠢᠯᠠᠭᠤᠯᠤᠭᠰᠠᠨ᠎ᠤ ᠬᠠᠮᠲᠤ᠂ ᠭᠠᠵᠠᠷ ᠳᠤᠤᠷᠠᠬᠢ ᠤᠰᠤᠨ᠎ᠤ ᠲᠦᠪᠰᠢᠨ ᠢᠯᠡᠳᠲᠡ ᠳᠣᠷᠣᠭᠰᠢᠯᠠᠭᠰᠠᠨ ᠣᠷᠣᠨ ᠪᠦᠰᠡ ᠵᠢᠨ ᠲᠤᠰᠬᠠᠶ ᠰᠡᠳᠦᠪᠲᠦ ᠵᠥᠪᠳᠡᠯᠴᠡᠬᠦ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠡᠲᠦᠷᠡᠲᠡᠯ᠎ᠡ ᠠᠪᠤᠭᠰᠠᠨ ᠣᠷᠣᠨ᠎ᠤ ᠵᠠᠰᠠᠯᠲᠠ ᠵᠢᠨ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠪᠠ᠃ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ ᠢᠯᠡᠷᠬᠡᠶ᠋ᠢᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ 《ᠬᠠᠮᠢᠶᠠᠷᠬᠤ᠂ ᠠᠷᠪᠢᠯᠠᠬᠤ᠂ ᠵᠠᠰᠠᠬᠤ᠂ ᠨᠡᠮᠡᠭᠳᠡᠭᠦᠯᠬᠦ᠂ ᠥᠭᠡᠷᠡᠴᠢᠯᠡᠬᠦ》 ᠲᠠᠪᠤᠨ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠳᠡᠭᠡᠭᠰᠢᠯᠡᠭᠦᠯᠦᠨ᠎ᠡ ᠭᠡᠵᠡᠶ᠃
     ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠡᠨᠧᠷᠭᠢ ᠣᠯᠭᠣᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠠᠮᠢ ᠠᠬᠤᠶ ᠵᠢᠨ ᠰᠠᠭᠤᠷᠢ ᠵᠢ ᠵᠤᠵᠠᠭ᠋ᠠᠳᠬᠠᠨ᠎ᠠ᠃ 《ᠪᠢᠳᠡ ᠡᠪᠡᠰᠦᠨ᠎ᠤ ᠦᠷ᠎ᠡ ᠵᠢ ᠰᠣᠩᠭᠣᠨ ᠪᠣᠶ᠋ᠢᠵᠢᠭᠤᠯᠬᠤ᠂ ᠠᠮᠢ ᠠᠬᠤᠶ ᠵᠢ ᠰᠡᠷᠭᠦᠭᠡᠬᠦ᠂ ᠬᠡᠷᠡᠯ ᠴᠡᠨᠡᠭ ᠵᠶ᠋ᠠᠷ ᠡᠯᠡᠰᠦ ᠵᠢ ᠵᠠᠰᠠᠬᠤ ᠵᠡᠷᠭᠡ ᠲᠠᠯ᠎ᠠ᠎ᠪᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠳᠡᠮᠵᠢᠨ᠂ ᠣᠳᠣᠬᠠᠨ᠎ᠳᠤ ᠣᠷᠣᠰᠢᠵᠤ ᠪᠠᠶ᠋ᠢᠭ᠎ᠠ ᠬᠦᠴᠢᠷ ᠠᠰᠠᠭᠤᠳᠠᠯ᠎ᠢ   ᠰᠢᠢ᠍ᠳᠪᠦᠷᠢᠯᠡᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠨᠢ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠵᠦ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠮᠤᠩ ᠼᠤᠤ ᠠᠮᠢ ᠠᠬᠤᠢ ᠵᠢᠨ ᠡᠭᠦᠳᠦᠭᠴᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠡᠷᠦᠩᠬᠡᠢ ᠬᠠᠷᠢᠭᠤᠴᠠᠯᠭ᠋ᠠᠲᠠᠨ ᠸᠠᠩ ᠵᠤᠤ ᠮᠢᠩ ᠢᠲᠡᠭᠡᠯ ᠲᠡᠭᠦᠯᠳᠡᠷ ᠪᠠᠶ᠋ᠢᠨ᠎ᠠ᠃ ᠲᠡᠷᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠵᠢ ᠪᠣᠬᠢᠷᠲᠤᠯ ᠦᠭᠡᠢ ᠠᠵᠤ ᠦᠢ᠍ᠯᠡᠰ᠎ᠤᠨ ᠬᠡᠯᠬᠢ᠊ ᠢ᠎ᠡ ᠵᠢᠨ ᠬᠥᠭᠵᠢᠯᠲᠡ ᠳᠤᠮᠳᠠ ᠴᠢᠷᠮᠠᠶ᠋ᠢᠨ ᠬᠡᠷᠡᠭᠯᠡᠵᠦ᠂ 《ᠦᠷ᠎ᠡ ᠵᠢᠨ ᠡᠬᠢ ᠪᠠᠶᠠᠯᠢᠭ + ᠠᠮᠢ ᠠᠬᠤᠢ ᠵᠢᠨ ᠲᠤᠮᠤ ᠳ᠋ᠠᠶ᠋ᠢᠲ᠋ᠠ》 ᠵᠢᠨ ᠭᠣᠣᠯᠯᠠᠭᠴᠢ ᠮᠡᠷᠭᠡᠵᠢᠯ᠎ᠤᠨ ᠵᠠᠭᠪᠤᠷ᠎ᠢ ᠢᠳᠡᠪᠬᠢᠲᠡᠢ ᠰᠦᠪᠡᠭᠴᠢᠯᠡᠨ ᠠᠮᠢ ᠠᠬᠤᠢ ᠣᠷᠴᠢᠨ ᠲᠣᠭᠣᠷᠢᠨ᠎ᠢ ᠵᠠᠰᠠᠵᠤ᠂ ᠠᠮᠢ ᠠᠬᠤᠢ ᠵᠢᠨ ᠬᠠᠮᠢᠶᠠᠷᠤᠯᠲᠠ ᠵᠢᠨ ᠤᠶᠤᠨᠴᠢᠯᠠᠬᠰᠠᠨ ᠲᠦᠪᠰᠢᠨ᠎ᠢ ᠳᠡᠭᠡᠭᠰᠢᠯᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠨᠡᠩ ᠥᠨᠳᠥᠷ ᠪᠦᠲᠦᠮᠵᠢᠲᠡᠢ᠂ ᠨᠡᠩ ᠣᠨᠣᠴᠠᠲᠠᠢ᠂ ᠨᠡᠩ ᠰᠢᠨᠵᠢᠯᠡᠬᠦ ᠤᠬᠠᠭ᠋ᠠᠨᠴᠢ ᠪᠣᠯᠭ᠋ᠠᠬᠤ ᠬᠡᠷᠡᠭᠲᠡᠢ ᠭᠡᠵᠦ ᠢᠯᠡᠳᠬᠡᠪᠡ᠃
     ᠰᠢᠨ᠎ᠡ ᠠᠶᠠᠨ ᠵᠶ᠋ᠠᠨ ᠡᠬᠢᠯᠡᠭᠦᠯᠵᠦ᠂ ᠢᠲᠡᠭᠡᠯ ᠲᠡᠭᠦᠯᠳᠡᠷ ᠵᠶ᠋ᠠᠷ ᠢᠷᠡᠭᠡᠳᠦᠢ ᠵᠦᠭ ᠤᠷᠤᠭᠰᠢᠯᠠᠨ᠎ᠠ᠃ ᠥᠪᠥᠷ ᠮᠣᠩᠭᠣᠯ 《ᠤᠯᠤᠰ᠎ᠤᠨ ᠶᠡᠬᠡ ᠲᠠᠯ᠎ᠠ》 ᠵᠢ ᠢᠮᠠᠭᠲᠠ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠳᠠᠯᠠᠳ ᠬᠣᠰᠢᠭᠤᠨ᠎ᠤ 2025 ᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠥᠬᠥ ᠲᠠᠯ᠎ᠠ᠎ᠪᠠᠷ ᠠᠵᠢᠯ ᠡᠬᠢᠯᠡᠪᠡ
ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠥᠪᠥᠷ ᠮᠣᠩᠭᠤᠯ᠎ᠤᠨ ᠢᠲᠡᠭᠡᠯ ᠵᠣᠷᠢᠭ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠭᠦᠯᠬᠦ ᠵᠢ ᠠᠬᠢᠭᠤᠯᠵᠤ ᠪᠤᠢ
ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
 
            