ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠳᠠᠯᠠᠳ ᠬᠣᠰᠢᠭᠤᠨ᠎ᠤ 2025 ᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠥᠬᠥ ᠲᠠᠯ᠎ᠠ᠎ᠪᠠᠷ ᠠᠵᠢᠯ ᠡᠬᠢᠯᠡᠪᠡ
ᠨᠡᠶ᠋ᠢᠲᠡᠯᠡᠭᠰᠡᠨ ᠴᠠᠭ᠄ 2025-03-17

    3 ᠳ᠋ᠤᠭ᠋ᠠᠷ ᠰᠠᠷ᠎ᠠ ᠵᠢᠨ 12᠎ᠤᠨ ᠡᠳᠦᠷ᠂ ᠬᠥᠪᠴᠢ ᠵᠢᠨ ᠡᠯᠡᠰᠦᠨ᠎ᠤ ᠬᠥᠪᠡᠭᠡᠨ᠎ᠳᠠᠬᠢ ᠳᠠᠯᠠᠳ ᠬᠣᠰᠢᠭᠤᠨ᠎ᠤ ᠭᠤᠸᠠᠨ ᠵᠢᠩ ᠲᠣᠰᠬᠣᠨ᠎ᠤ ᠫᠸᠢ ᠵᠢᠶᠠ ᠬᠤᠤ᠎ᠳᠠᠬᠢ ᠠᠵᠢᠯᠯᠠᠬᠤ ᠲᠣᠭᠣᠷᠢᠭ᠎ᠲᠤ᠂ ᠠᠵᠢᠯᠴᠢᠨ᠎ᠤ ᠨᠠᠷᠢᠯᠢᠭ ᠣᠨᠣᠪᠴᠢᠲᠠᠶ ᠦᠵᠢᠷᠡᠭᠰᠡᠨ ᠪᠣᠳᠠ ᠮᠣᠳᠣ ᠵᠢ ᠰᠡᠯᠪᠢᠨ ᠵᠠᠰᠠᠬᠤ ᠵᠢ  ᠳᠠᠭ᠋ᠠᠯᠳᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠳᠠᠯᠠᠳ ᠬᠣᠰᠢᠭᠤᠨ᠎ᠤ 2025 ᠣᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠪᠦᠬᠦ ᠲᠠᠯ᠎ᠠ᠎ᠪᠠᠷ ᠥᠷᠨᠢᠭᠦᠯᠪᠡ᠃    

    《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠴᠢᠬᠤᠯᠠ ᠨᠢᠭᠡ ᠭᠣᠭᠴᠣᠭ᠎ᠠ ᠪᠣᠯᠤᠭᠰᠠᠨ᠎ᠤ ᠬᠤᠪᠢ᠎ᠳᠤ᠂ ᠳᠠᠯᠠᠳ ᠬᠣᠰᠢᠭᠤ ᠶᠠᠭ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠲᠠᠯ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠨ ᠰᠡᠷᠭᠦᠭᠡᠬᠦ ᠲᠥᠷᠥᠯ   ᠵᠦᠢ᠍ᠯ᠎ᠢ ᠶᠡᠬᠡ᠎ᠪᠠᠷ ᠠᠬᠢᠭᠤᠯᠵᠤ ᠪᠠᠶ᠋ᠢᠨ᠎ᠠ᠃ ᠳᠠᠯᠠᠳ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠯᠡᠰᠦ ᠵᠢ ᠵᠠᠰᠠᠵᠤ ᠣᠶ᠋ᠢᠵᠢᠭᠤᠯᠬᠤ ᠠᠯᠪᠠᠨ ᠬᠡᠷ᠎ᠤᠨ ᠡᠷᠬᠢᠯᠡᠭᠴᠢ ᠯᠢᠦ ᠫᠢᠩ᠎ᠤᠨ ᠲᠠᠨᠢᠯᠴᠠᠭᠤᠯᠤᠭᠰᠠᠨ ᠵᠶ᠋ᠠᠷ᠂ 2025 ᠣᠨ᠎ᠳᠤ 95 . 87 ᠲᠦᠮᠡᠨ ᠮᠥ᠍ ᠠᠮᠢ ᠠᠬᠤᠶ ᠵᠢ ᠵᠠᠰᠠᠨ ᠰᠡᠷᠭᠦᠭᠡᠬᠦ ᠡᠭᠦᠷᠭᠡ ᠵᠢ ᠪᠡᠶᠡᠯᠡᠭᠦᠯᠵᠦ᠂ ᠭᠤᠷᠪᠠᠨ ᠵᠢᠯ᠎ᠤᠨ ᠳᠣᠲᠣᠷ᠎ᠠ ᠨᠡᠶ᠋ᠢᠲᠡ 306 . 04 ᠲᠦᠮᠡᠨ ᠮᠥ᠍ ᠵᠢ ᠪᠡᠶᠡᠯᠡᠭᠦᠯᠵᠦ᠂ ᠵᠢᠱ᠌ᠢᠯᠲᠡ᠎ᠪᠠᠷ 2026 ᠣᠨ᠎ᠤ ᠡᠴᠦᠰ᠎ᠲᠤ ᠪᠥᠬᠥ ᠲᠠᠯ᠎ᠠ᠎ᠪᠠᠷ ᠪᠠᠷᠢᠯᠭ᠎ᠠ ᠳᠠᠭᠤᠰᠤᠨ᠎ᠠ᠃
     ᠲᠣᠰ ᠤᠳᠠᠭ᠋ᠠᠨ᠎ᠤ ᠲᠥᠷᠥᠯ   ᠵᠦᠢ᠍ᠯ᠎ᠨᠢ ᠰᠢᠨ᠎ᠡ ᠵᠢ ᠡᠭᠦᠳᠬᠦ ᠴᠢᠨᠠᠷᠲᠠᠶ᠎ᠪᠠᠷ 《1 + 4》 ᠭᠡᠷ᠎ᠡ ᠵᠢᠨ ᠵᠠᠭᠪᠤᠷ᠎ᠢ ᠬᠡᠷᠡᠭᠵᠢᠭᠦᠯᠪᠡ᠂ ᠲᠤᠬᠠᠶ᠋ᠢᠯᠠᠪᠠᠯ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠵᠶ᠋ᠠᠷ ᠭᠤᠤᠯ ᠪᠣᠯᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂ ᠰᠤᠮᠤ ᠪᠠᠯᠭ᠋ᠠᠰᠤ᠂ ᠭᠠᠴᠠᠭ᠎ᠠ ᠲᠣᠰᠬᠣᠨ᠂ ᠬᠣᠷᠰᠢᠶ᠎ᠠ ᠳᠥᠷᠪᠡᠨ ᠲᠠᠯ᠎ᠠ᠎ᠪᠠᠷ ᠵᠶ᠋ᠠᠨ ᠬᠦᠴᠦ᠎ᠪᠠᠨ ᠬᠠᠮᠲᠤᠳᠬᠠᠨ᠂ ᠲᠥᠷᠥᠯ   ᠵᠦᠢ᠍ᠯ᠎ᠤᠨ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠵᠢ ᠬᠠᠮᠲᠤ᠎ᠪᠠᠷ ᠠᠬᠢᠭᠤᠯᠤᠨ᠎ᠠ᠃ ᠡᠭᠦᠨ ᠎ᠤ ᠵᠡᠷᠭᠡᠴᠡᠪᠡᠷ᠂ ᠲᠥᠷᠥᠯ ᠵᠦᠢ᠍ᠯ᠎ᠲᠤ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠲᠣᠭᠲᠠᠴᠠ ᠵᠢ ᠵᠡᠷᠭᠡ᠎ᠲᠤᠨᠢ ᠨᠠᠶ᠋ᠢᠳᠠᠪᠤᠷᠢᠵᠢᠭᠤᠯᠵᠤ᠂ ᠲᠤᠬᠠᠢ ᠵᠢᠨ ᠭᠠᠵᠠᠷ᠎ᠤᠨ ᠲᠠᠷᠢᠶᠠᠴᠢᠨ ᠮᠠᠯᠴᠢᠳ᠎ᠢ ᠡᠩ ᠲᠡᠷᠢᠭᠦᠨ᠎ᠲᠤ ᠣᠷᠣᠭᠤᠯᠤᠨ ᠪᠥᠳᠥᠭᠡᠨ ᠪᠠᠶ᠋ᠢᠭᠤᠯᠤᠯᠲᠠ᠎ᠲᠤ ᠣᠷᠣᠯᠴᠠᠭᠤᠯᠵᠤ᠂ ᠪᠠᠷᠢᠯᠭ᠎ᠠ ᠵᠢᠨ ᠠᠬᠢᠴᠠ ᠵᠢ ᠦᠨᠡᠨᠬᠦ ᠪᠠᠲᠤᠯᠠᠬᠤ᠎ᠪᠠᠷ ᠪᠠᠷᠠᠬᠤ ᠥᠭᠡᠢ᠂ ᠤᠯᠠᠨ ᠲᠦᠮᠡᠨ ᠎ᠳᠤ ᠣᠷᠣᠯᠭ᠎ᠠ ᠨᠡᠮᠡᠭᠳᠡᠭᠦᠯᠬᠦ ᠠᠷᠭ᠎ᠠ ᠵᠠᠮ᠎ᠢ ᠥᠷᠭᠡᠵᠢᠭᠦᠯᠬᠦ ᠬᠡᠷᠡᠭᠲᠡᠢ᠃
     ᠲᠠᠯᠠᠳ ᠬᠣᠰᠢᠭᠤᠨ᠎ᠤ ᠭᠤᠸᠠᠨᠵᠢᠩ ᠲᠣᠰᠬᠣᠨ᠎ᠤ ᠫᠸᠢ ᠵᠢᠶᠠ ᠬᠤᠤ ᠨᠢᠭᠡᠳᠦᠯ᠎ᠤᠨ ᠲᠣᠰᠬᠣᠨ᠎ᠤ ᠠᠷᠠᠳ ᠫᠸᠢ ᠹᠸᠢ ᠡᠭᠦᠨ᠎ᠤ ᠲᠤᠬᠠᠢ ᠭᠦᠨ ᠲᠦᠷᠦᠭᠳᠡᠯ᠎ᠲᠠᠢ ᠪᠠᠶ᠋ᠢᠯ᠎ᠠ᠄ 《ᠪᠢ 3000 ᠭᠠᠷᠤᠢ ᠮᠦ᠍ ᠭᠠᠵᠠᠷ᠎ᠲᠠᠢ᠂ ᠡᠨᠡ ᠤᠳᠠᠭ᠎ᠠ ᠵᠢᠨ ᠭᠤᠤᠷᠰᠤ ᠲᠡᠭᠰᠢᠯᠡᠬᠦ ᠪᠠ ᠲᠠᠴᠢᠷᠳᠠᠭᠰᠠᠨ ᠤᠢ ᠰᠢᠭᠤᠢ ᠵᠢ ᠰᠡᠯᠪᠢᠨ ᠵᠠᠰᠠᠬᠤ᠎ᠪᠠᠷ ᠲᠠᠮᠵᠢᠨ᠂ 40 ᠭᠠᠷᠤᠢ ᠡᠳᠦᠷ᠎ᠲᠤ 10 ᠲᠦᠮᠡᠨ ᠲᠥᠭᠥᠷᠢᠭ᠎ᠤᠨ ᠣᠷᠣᠯᠭ᠎ᠠ ᠣᠯᠵᠤ᠂ ᠣᠷᠣᠯᠭ᠎ᠠ᠎ᠨᠢ ᠨᠡᠯᠢᠶᠡᠳ ᠰᠠᠢ᠍ᠢ᠍ᠨ ᠪᠠᠶ᠋ᠢᠨ᠎ᠠ᠃ ᠡᠯᠡᠰᠦᠨ ᠪᠤᠷᠭ᠋ᠠᠰᠤ ᠵᠢ ᠪᠢᠳᠡ ᠦᠷ᠎ᠡ ᠪᠣᠯᠭ᠋ᠠᠵᠤ ᠬᠤᠳᠠᠯᠳᠤᠵᠤ ᠪᠣᠯᠤᠨ᠎ᠠ᠂ ᠨᠢᠮᠪᠡᠭᠡ ᠵᠢ ᠪᠣᠷᠳᠣᠭ᠎ᠠ ᠪᠣᠯᠭ᠋ᠠᠵᠤ ᠪᠣᠯᠤᠨ᠎ᠠ᠂ ᠠᠮᠢ ᠠᠬᠤᠶ ᠵᠢᠨ ᠣᠷᠴᠢᠨ ᠲᠣᠭᠣᠷᠢᠨ ᠴᠤ᠌ ᠢᠯᠡᠳᠲᠡ ᠰᠠᠶ᠋ᠢᠵᠢᠷᠠᠪᠠ᠃》
     ᠡᠲᠡᠭᠡᠷ ᠠᠮᠢ ᠠᠬᠤᠶ ᠵᠢᠨ ᠲᠥᠷᠥᠯ   ᠵᠦᠢ᠍ᠯ᠎ᠢ ᠬᠡᠷᠡᠭᠵᠢᠭᠦᠯᠬᠦ᠎ᠪᠠᠷ ᠳᠡᠮᠵᠢᠨ᠂ 2025 ᠣᠨ᠎ᠳᠤ ᠳᠠᠯᠠᠳ ᠬᠣᠰᠢᠭᠤ ᠬᠥᠪᠴᠢ ᠵᠢᠨ ᠡᠯᠡᠰᠦ ᠵᠢᠨ ᠵᠠᠰᠠᠯᠲᠠ ᠵᠢᠨ ᠨᠣᠷᠮ᠎ᠠ ᠵᠢ 82 % ᠪᠣᠯᠭ᠋ᠠᠨ ᠳᠡᠭᠡᠭᠰᠢᠯᠡᠭᠦᠯᠵᠦ᠂ ᠪᠥᠬᠥ ᠬᠣᠰᠢᠭᠤᠨ᠎ᠤ ᠣᠶ ᠰᠢᠭᠤᠶ ᠵᠢᠨ ᠪᠦᠷᠬᠦᠴᠡ ᠵᠢ 21 . 94 % ᠪᠣᠯᠭ᠋ᠠᠨ ᠳᠡᠭᠡᠭᠰᠢᠯᠡᠭᠦᠯᠵᠦ᠂ ᠨᠣᠮᠢᠨ ᠨᠣᠭᠣᠭ᠋ᠠᠨ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠦᠵᠡᠮᠵᠢ ᠵᠢ ᠳᠠᠯᠠᠳ ᠬᠣᠰᠢᠭᠤᠨ᠎ᠤ ᠰᠢᠨ᠎ᠡ ᠨᠡᠷ᠎ᠡ ᠵᠢᠨ ᠬᠠᠭᠤᠳᠠᠰᠤ ᠪᠣᠯᠭ᠋ᠠᠬᠤ᠎ᠪᠠᠷ ᠴᠢᠷᠮᠠᠶ᠋ᠢᠵᠤ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠥᠪᠥᠷ ᠮᠣᠩᠭᠤᠯ᠎ᠤᠨ ᠢᠲᠡᠭᠡᠯ ᠵᠣᠷᠢᠭ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠭᠦᠯᠬᠦ ᠵᠢ ᠠᠬᠢᠭᠤᠯᠵᠤ ᠪᠤᠢ
ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ
 
            