ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠥᠪᠥᠷ ᠮᠣᠩᠭᠤᠯ᠎ᠤᠨ ᠢᠲᠡᠭᠡᠯ ᠵᠣᠷᠢᠭ
ᠨᠡᠶ᠋ᠢᠲᠡᠯᠡᠭᠰᠡᠨ ᠴᠠᠭ᠄ 2025-03-26

    ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ 2024 ᠣᠨ᠎ᠳᠤ ᠳᠠᠬᠢᠨᠲᠠ ᠲᠡᠦᠬᠡᠲᠦ ᠴᠢᠨᠠᠷᠲᠠᠢ ᠠᠯᠬᠤᠮ᠎ᠢ ᠠᠯᠬᠤᠪᠠ —
    《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠭᠦᠨᠵᠡᠭᠡᠢ ᠠᠬᠢᠭᠤᠯᠵᠤ᠂ ᠪᠦᠭᠦ ᠣᠷᠣᠨ᠎ᠤ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠤᠬᠠᠮᠰᠠᠷ᠎ᠠᠴᠠ᠎ᠪᠠᠨ ᠭᠤᠣᠯ ᠬᠦᠴᠦᠨ ᠪᠣᠯᠵᠤ᠂ ᠭᠤᠣᠯ ᠳᠠᠭ᠋ᠠᠷᠢᠯᠲᠠ ᠬᠢᠵᠦ᠂ ᠪᠦᠭᠦ ᠵᠢᠯ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠵᠢ 1954 ᠲᠦᠮᠡᠨ ᠮᠦ᠍ ᠪᠡᠶᠡᠯᠡᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠷᠬᠡᠭᠵᠢᠯ᠎ᠢ ᠵᠠᠰᠠᠭᠰᠠᠨ ᠲᠠᠯᠠᠪᠠᠢ 238 ᠲᠦᠮᠡᠨ ᠮᠦ᠍᠎ᠳᠤ ᠬᠦᠷᠴᠦ᠂ ᠡᠳᠦᠷ ᠳᠤᠮᠳᠠᠴᠢ᠎ᠪᠠᠷ 6 ᠲᠦᠮᠡᠨ ᠮᠦ᠍ ᠡᠯᠡᠰᠦ ᠵᠢ ᠵᠠᠰᠠᠭᠰᠠᠨ ᠠᠮᠵᠢᠯᠲᠠ᠎ᠪᠠᠷ ᠪᠦᠭᠦ ᠤᠯᠤᠰ᠎ᠲᠤ ᠲᠦᠷᠦᠭᠦᠯᠡᠵᠦ᠂ 《ᠳᠡᠯᠡᠬᠡᠢ ᠳ᠋ᠠᠬᠢᠨ᠎ᠳᠤ ᠡᠯᠡᠰᠦ ᠵᠢ ᠵᠠᠰᠠᠬᠤ᠎ᠳᠤ ᠳᠤᠮᠳᠠᠳᠤ ᠤᠯᠤᠰ ᠵᠶ᠋ᠠᠷ ᠲᠣᠯᠢ ᠪᠤᠯᠭ᠋ᠠᠬᠤ᠂ ᠳᠤᠮᠳᠠᠳᠤ ᠤᠯᠤᠰ᠎ᠲᠤ ᠡᠯᠡᠰᠦ ᠵᠢ ᠵᠠᠰᠠᠬᠤ᠎ᠳᠤ ᠥᠪᠥᠷ ᠮᠣᠩᠭᠤᠯ ᠵᠶ᠋ᠠᠷ ᠲᠣᠯᠢ ᠪᠤᠯᠭ᠋ᠠᠬᠤ》 ᠲᠣᠮᠢᠶᠠᠯᠠᠯ᠎ᠢ ᠳᠠᠬᠢᠨᠲᠠ ᠰᠢᠨᠡᠳᠬᠡᠪᠡ᠃
     ᠡᠶ᠋ᠢᠮᠦᠷᠬᠦᠦ ᠭᠢᠯᠠᠯᠵᠠᠮ᠎ᠠ ᠠᠮᠵᠢᠯᠲᠠ ᠵᠢ ᠬᠡᠷᠬᠢᠨ ᠡᠭᠦᠳᠦᠭᠰᠡᠨ ᠪᠤᠢ?
     ᠪᠦᠭᠦ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠤᠣᠯ ᠳᠠᠶ᠋ᠢᠯᠠᠯᠳᠤᠭ᠋ᠠᠨ᠎ᠤ ᠲᠠᠯᠠᠪᠤᠷ᠂ ᠡᠯᠡᠰᠦᠨ ᠰᠢᠭᠤᠷᠭ᠎ᠠ ᠵᠢ ᠰᠡᠷᠭᠡᠶ᠋ᠢᠯᠡᠬᠦ ᠭᠤᠣᠯ ᠰᠡᠷᠭᠡᠶ᠋ᠢᠯᠡᠯᠲᠡ ᠵᠢᠨ ᠱᠤᠭᠤᠮ ᠪᠣᠯᠤᠭᠰᠠᠨ᠎ᠤ ᠬᠤᠪᠢ᠎ᠳᠤ ᠥᠪᠥᠷ ᠮᠣᠩᠭᠤᠯ ᠪᠣᠳᠠᠲᠤ ᠦᠢ᠍ᠯᠡᠳᠦᠯᠭᠡ᠎ᠪᠠᠷ ᠵᠶ᠋ᠠᠨ ᠬᠠᠷᠢᠭᠤᠯᠲᠠ ᠥᠭᠴᠡᠢ᠃
     ᠶᠠᠭ᠋ᠠᠬᠢᠵᠤ ᠵᠠᠰᠠᠭᠰᠠᠨ ᠪᠤᠢ
    — ᠵᠠᠭᠪᠤᠷ᠎ᠤᠨ ᠰᠢᠨ᠎ᠡ ᠵᠢ ᠡᠭᠦᠳᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠦᠴᠦᠨ ᠨᠡᠮᠡᠷᠢᠯᠡᠵᠦ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢ 《ᠳᠠᠭᠢᠨ ᠵᠶ᠋ᠠᠷ ᠲᠦᠷᠭᠡᠳᠬᠡᠬᠦ ᠵᠠᠭᠪᠤᠷ》᠎ᠢ ᠬᠡᠷᠡᠭᠵᠢᠭᠦᠯᠪᠡ
     ᠪᠦᠭᠦ ᠤᠯᠤᠰ᠎ᠤᠨ 《ᠠᠷᠪᠠᠨ ᠶᠡᠭᠡ ᠬᠠᠮᠤᠭ᠎ᠤᠨ ᠭᠤᠶᠤ ᠬᠥᠳᠡᠭᠡ ᠲᠣᠰᠬᠤᠨ᠎ᠤ ᠵᠠᠰᠠᠮᠠᠯ ᠵᠠᠮ》 ᠵᠶ᠋ᠠᠷ ᠦᠨᠡᠯᠡᠭᠳᠡᠭᠰᠡᠨ ᠤᠯᠠᠭ᠋ᠠᠨᠬᠠᠳᠠ ᠬᠤᠳᠠ ᠵᠢᠨ ᠣᠩᠨᠢᠭᠤᠳ ᠬᠤᠰᠢᠭᠤᠨ᠎ᠤ ᠪᠣᠷᠣᠬᠤᠲᠠ᠎ᠠᠴᠠ ᠪᠠᠶᠠᠨᠲᠤᠬᠤᠢ ᠬᠦᠷᠲᠡᠯᠡᠬᠢ ᠠᠮᠢ ᠠᠬᠤᠢ ᠵᠢᠨ ᠵᠢᠭᠤᠯᠴᠢᠯᠠᠯ᠎ᠤᠨ ᠵᠠᠰᠠᠮᠠᠯ ᠵᠠᠮ 2021 ᠣᠨ᠎ᠳᠤ ᠲᠡᠷᠭᠡ ᠨᠡᠪᠳᠡᠷᠡᠵᠡᠢ᠂ ᠪᠦᠭᠦ ᠤᠷᠳᠤ᠎ᠨᠢ 91 ᠺᠢᠯᠣᠮᠧᠲᠷ ᠪᠠᠶ᠋ᠢᠵᠤ ᠬᠤᠷᠴᠢᠨ᠎ᠤ ᠡᠯᠡᠰᠦᠷᠬᠡᠭ ᠭᠠᠵᠠᠷ᠎ᠢ ᠰᠤᠨᠳᠠᠯᠠᠵᠤ᠂ ᠵᠠᠰᠠᠮᠠᠯ ᠵᠠᠮ᠎ᠤᠨ ᠬᠤᠶᠠᠷ ᠬᠠᠵᠠᠭᠤ᠎ᠪᠠᠷ ᠨᠠᠶ᠋ᠢᠯᠵᠠᠭᠤᠷ ᠬᠠᠷᠭ᠋ᠠᠨ᠎ᠠ᠂ ᠬᠠᠶ᠋ᠢᠯᠠᠷ ᠨᠠᠷᠠᠰᠤ᠂ ᠢᠮᠠᠭ᠋ᠠᠨ ᠪᠤᠷᠭ᠋ᠠᠰᠤ ᠢᠭᠴᠤᠷᠠᠨ ᠵᠠᠯᠭ᠋ᠠᠯᠳᠤᠵᠤ ᠪᠠᠶ᠋ᠢᠳᠠᠭ᠃
     ᠡᠨᠡ ᠵᠠᠮ ᠪᠣᠯ ᠡᠯᠡᠰᠦ ᠵᠢ ᠵᠠᠰᠠᠬᠤ ᠵᠠᠮ᠂ ᠪᠠᠰᠠ ᠴᠤ᠌ ᠬᠥᠭᠵᠢᠯᠲᠡ ᠵᠢᠨ ᠵᠠᠮ ᠮᠥᠨ᠃ ᠡᠨᠡ ᠵᠠᠮ ᠵᠶ᠋ᠠᠷ ᠡᠯᠡᠰᠦ ᠵᠢ ᠵᠠᠰᠠᠬᠤ ᠡᠳ᠋ ᠪᠣᠳᠠᠰ᠂ ᠠᠷᠭ᠎ᠠ ᠬᠡᠮᠵᠢᠶ᠎ᠡ ᠵᠢ ᠬᠦᠷᠭᠡᠵᠦ᠂ ᠡᠨᠡ ᠵᠠᠮ᠎ᠨᠢ ᠪᠠᠰᠠ ᠵᠠᠮ ᠳᠠᠭ᠋ᠠᠤ ᠵᠢᠨ 4 ᠰᠤᠮᠤ ᠪᠠᠯᠭ᠋ᠠᠰᠤ ᠵᠢᠨ ᠣᠨᠴᠠᠯᠢᠭᠲᠤ ᠠᠵᠤ ᠦᠢ᠍ᠯᠡᠰ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ᠂ ᠬᠤᠪᠢᠰᠬᠠᠯᠲᠤ ᠬᠥᠮᠦᠵᠢᠯ᠎ᠤᠨ ᠰᠤᠳᠤᠯᠤᠨ ᠰᠤᠷᠤᠯᠴᠠᠬᠤ ᠴᠡᠭ ᠪᠣᠯᠣᠨ ᠣᠨᠴᠠᠯᠢᠭᠲᠤ ᠵᠢᠭᠤᠯᠴᠢᠯᠠᠯ᠎ᠤᠨ ᠡᠬᠢ ᠪᠠᠶᠠᠯᠢᠭ᠎ᠢ ᠬᠤᠯᠪᠣᠵᠤ᠂ ᠡᠯᠡᠰᠦᠷᠬᠡᠭ ᠭᠠᠵᠠᠷ ᠣᠷᠣᠨ᠎ᠳᠤ ᠬᠢᠵᠠᠭ᠋ᠠᠯᠠᠰᠢ ᠦᠭᠡᠢ ᠬᠥᠭᠵᠢᠯᠲᠡ ᠵᠢᠨ ᠪᠣᠯᠣᠮᠵᠢ ᠵᠢ ᠬᠠᠩᠭ᠋ᠠᠭᠰᠠᠨ ᠪᠠᠶ᠋ᠢᠨ᠎ᠠ᠃
     ᠪᠣᠷᠣᠬᠤᠲᠠ᠎ᠠᠴᠠ ᠪᠠᠶᠠᠨᠲᠤᠬᠤᠢ ᠬᠦᠷᠲᠡᠯᠡᠬᠢ ᠠᠮᠢ ᠠᠬᠤᠢ ᠵᠢᠨ ᠵᠢᠭᠤᠯᠴᠢᠯᠠᠯ᠎ᠤᠨ ᠠᠵᠤ ᠦᠢ᠍ᠯᠡᠰ᠎ᠤᠨ ᠵᠠᠰᠠᠮᠠᠯ ᠵᠠᠮ ᠪᠣᠯ ᠣᠩᠨᠢᠭᠤᠳ ᠬᠤᠰᠢᠭᠤᠨ᠎ᠤ ᠪᠠᠶ᠋ᠢᠭᠤᠯᠤᠭᠰᠠᠨ 13 ᠳ᠋ᠤᠭ᠋ᠠᠷ ᠵᠤᠷᠪᠤᠰ ᠡᠯᠡᠰᠦ ᠵᠢ ᠳᠤᠭᠤᠯᠤᠬᠰᠠᠨ ᠵᠠᠰᠠᠮᠠᠯ ᠵᠠᠮ ᠪᠣᠯᠣᠨ᠎ᠠ᠃ 2003 ᠣᠨ᠎ᠠᠴᠠ ᠤᠳᠤ ᠪᠤᠯᠲᠠᠯ᠎ᠠ ᠵᠠᠰᠠᠭᠰᠠᠨ 16 ᠵᠤᠷᠪᠤᠰ ᠡᠯᠡᠰᠦ ᠵᠢ ᠲᠤᠭᠤᠯᠤᠬᠰᠠᠨ ᠵᠠᠰᠠᠮᠠᠯ ᠵᠠᠮ᠎ᠨᠢ ᠬᠤᠷᠴᠢᠨ᠎ᠤ ᠡᠯᠡᠰᠦᠷᠬᠡᠭ ᠭᠠᠵᠠᠷ᠎ᠢ ᠠᠯᠢ ᠤᠯᠠᠨ ᠠᠮᠢ ᠠᠬᠤᠢ ᠵᠢᠨ ᠵᠠᠰᠠᠯᠲᠠ ᠵᠢᠨ ᠣᠷᠣᠨ ᠪᠣᠯᠭ᠋ᠠᠨ ᠬᠡᠰᠡᠭᠯᠡᠵᠦ᠂ ᠨᠡᠶ᠋ᠢᠳᠡ 351 ᠲᠦᠮᠡᠨ ᠮᠦ᠍ ᠡᠯᠡᠰᠦᠷᠬᠡᠭ ᠭᠠᠵᠠᠷ᠎ᠢ ᠪᠦᠲᠦᠮᠵᠢᠲᠡᠢ ᠵᠠᠰᠠᠪᠠ᠃
    《ᠵᠠᠮ ᠵᠠᠰᠠᠵᠤ ᠡᠯᠡᠰᠦ ᠵᠢ ᠵᠠᠰᠠᠬᠤ》᠎ᠨᠢ ᠡᠯᠡᠰᠦ ᠵᠢ ᠲᠡᠭᠡᠭᠡᠪᠦᠷᠢᠯᠡᠬᠦ ᠵᠠᠮ ᠪᠣᠯᠣᠨ ᠡᠯᠡᠰᠦᠷᠬᠡᠭ ᠣᠷᠣᠨ᠎ᠤ ᠤᠯᠠᠨ ᠲᠦᠮᠡᠨ᠎ᠤ ᠭᠠᠳᠠᠨᠠᠬᠢ᠎ᠲᠠᠢ ᠬᠠᠷᠢᠯᠴᠠᠬᠤ ᠵᠠᠮ᠎ᠢ ᠨᠠᠪᠲᠠᠷᠡᠭᠦᠯᠵᠦ᠂ ᠥᠪᠥᠷ ᠮᠣᠩᠭᠤᠯ᠎ᠤᠨ ᠡᠯᠡᠰᠦ ᠵᠢ ᠵᠠᠰᠠᠬᠤ ᠲᠡᠦᠬᠡᠨ ᠳᠡᠭᠡᠷᠡᠬᠢ ᠨᠢᠭᠡᠨ ᠶᠡᠭᠡ ᠡᠭᠦᠳᠦᠯᠲᠡ ᠪᠣᠯᠤᠭᠰᠠᠨ ᠪᠠᠶ᠋ᠢᠨ᠎ᠠ᠃ ᠬᠤᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠴᠢᠨᠠᠷᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠳᠤᠮᠳᠠ ᠥᠪᠥᠷ ᠮᠣᠩᠭᠤᠯ 《ᠵᠠᠮ ᠵᠠᠰᠠᠵᠤ ᠡᠯᠡᠰᠦ ᠵᠢ ᠵᠠᠰᠠᠬᠤ》 ᠵᠠᠭᠪᠤᠷ᠎ᠢ ᠶᠡᠭᠡ᠎ᠪᠠᠷ ᠳᠡᠯᠭᠡᠷᠡᠭᠦᠯᠵᠦ᠂ 2024 ᠣᠨ᠎ᠳᠤ 26 ᠵᠤᠷᠪᠤᠰ ᠡᠯᠡᠰᠦ ᠵᠢ ᠳᠤᠭᠤᠯᠤᠬᠰᠠᠨ ᠵᠠᠰᠠᠮᠠᠯ ᠵᠠᠮ᠎ᠢ ᠡᠬᠢᠯᠡᠨ ᠪᠦᠲᠦᠭᠡᠨ ᠪᠠᠶ᠋ᠢᠭᠤᠯᠵᠤ᠂ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ᠎ᠨᠢ 450   ᠺᠢᠯᠣᠮᠧᠲᠷ᠎ᠲᠤ ᠬᠦᠷᠴᠦ᠂ 85.8 ᠲᠦᠮᠡᠨ ᠮᠦ᠍ ᠡᠯᠡᠰᠦ ᠵᠢ ᠵᠠᠰᠠᠬᠤ ᠵᠢ ᠳᠠᠶ᠋ᠢᠴᠢᠯᠠᠵᠤ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠬᠤᠷᠳᠤᠴᠠ ᠵᠢ ᠲᠦᠷᠭᠡᠳᠬᠡᠪᠡ᠃
     ᠳᠥᠷᠪᠡᠨ ᠶᠡᠭᠡ ᠡᠯᠡᠰᠦᠨ ᠴᠥᠯ᠂ ᠳᠥᠷᠪᠡᠨ ᠶᠡᠭᠡ ᠡᠯᠡᠰᠦᠷᠬᠡᠭ ᠭᠠᠵᠠᠷ ᠪᠠᠷᠠᠭᠤᠨ᠎ᠠᠴᠠ ᠵᠡᠭᠦᠨᠰᠢ ᠲᠠᠷᠬᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠬᠤᠶᠠᠷ ᠬᠠᠭ᠋ᠠᠰ᠎ᠨᠢ᠂ 60% ᠵᠢᠨ ᠢᠨᠵᠧᠨᠧᠷᠢᠩ᠎ᠨᠢ ᠥᠪᠥᠷ ᠮᠣᠩᠭᠤᠯ᠎ᠳᠤ ᠪᠤᠢ᠃
     ᠡᠯᠡᠰᠦ ᠵᠢ ᠶᠠᠭ᠋ᠠᠬᠢᠵᠤ ᠵᠠᠰᠠᠬᠤ ᠪᠤᠶ? ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠶ᠋ᠢᠷᠢᠰᠢᠯ᠎ᠢ ᠡᠷᠡᠰ ᠪᠠᠲᠤ ᠪᠤᠢ ᠪᠤᠯᠭ᠋ᠠᠵᠤ᠂ ᠤᠳᠠᠭ᠋ᠠᠨ ᠳᠠᠭ᠋ᠠᠭ᠋ᠠᠮᠠᠭ᠋ᠠᠢ ᠡᠷᠡᠰ ᠪᠠᠲᠤ ᠳᠠᠶ᠋ᠢᠲᠤᠬᠤ ᠬᠡᠷᠡᠭᠲᠡᠢ᠂ ᠨᠡᠩ ᠴᠤ᠌ ᠰᠢᠨᠵᠢᠯᠡᠬᠦ ᠤᠬᠠᠭ᠋ᠠᠨᠴᠢ ᠤᠯᠠᠨ ᠶᠠᠩᠵᠤ ᠵᠢᠨ ᠵᠠᠰᠠᠯᠲᠠ ᠵᠢᠨ ᠵᠠᠭᠪᠤᠷ ᠪᠠ ᠠᠷᠭ᠎ᠠ ᠪᠠᠷᠢᠯ ᠪᠠᠶ᠋ᠢᠬᠤ ᠬᠡᠷᠡᠭᠲᠡᠢ᠃
     ᠣᠯᠠᠨ ᠵᠢᠯ᠎ᠤᠨ ᠲᠤᠷᠰᠢ᠂ ᠥᠪᠥᠷ ᠮᠣᠩᠭᠤᠯ ᠬᠥᠪᠴᠢ ᠵᠢᠨ ᠵᠠᠭᠪᠤᠷ᠂ ᠳ᠋ᠧᠩᠺᠧᠦ ᠵᠢᠨ ᠵᠠᠭᠪᠤᠷ᠂ 《ᠵᠠᠮ ᠵᠠᠰᠠᠵᠤ ᠡᠯᠡᠰᠦ ᠵᠢ ᠵᠠᠰᠠᠬᠤ》 ᠵᠡᠷᠭᠡ ᠪᠦᠲᠦᠮᠵᠢᠲᠡᠶ ᠵᠠᠭᠪᠤᠷ᠎ᠢ ᠬᠠᠶ᠋ᠢᠨ ᠰᠦᠪᠡᠭᠴᠢᠯᠡᠵᠦ᠂ ᠪᠦᠭᠦ ᠪᠥᠮᠪᠥᠷᠴᠡᠭ᠎ᠤᠨ ᠴᠦᠯᠯᠡᠷᠭᠡᠭᠵᠢᠯ᠎ᠢ ᠵᠠᠰᠠᠬᠤ᠎ᠳᠤ ᠳᠤᠮᠳᠠᠳᠤ ᠤᠯᠤᠰ᠎ᠤᠨ ᠲᠤᠷᠰᠢᠯᠭ᠎ᠠ ᠵᠢ ᠬᠠᠩᠭ᠋ᠠᠪᠠ᠃ ᠥᠨᠥᠳᠥᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠵᠶ᠋ᠠᠷ ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ 《ᠳᠠᠭᠢᠨ ᠵᠶ᠋ᠠᠷ ᠲᠦᠷᠭᠡᠳᠬᠡᠬᠦ ᠵᠠᠭᠪᠤᠷ》᠎ᠲᠤ ᠣᠷᠣᠪᠠ᠃
     ᠮᠣᠳᠣ ᠲᠠᠷᠢᠬᠤ ᠮᠠᠰᠢᠨ ᠬᠥᠮᠥᠨ ᠡᠳᠦᠷ ᠪᠦᠷᠢ ᠪᠠᠷᠤᠭ 180 ᠮᠦ᠍ ᠮᠣᠳᠣ ᠲᠠᠷᠢᠵᠤ᠂ ᠬᠥᠮᠥᠨ᠎ᠤ ᠬᠦᠴᠦ᠎ᠪᠠᠷ ᠮᠣᠳᠣ ᠲᠠᠷᠢᠬᠤ ᠠᠵᠢᠯ᠎ᠢ ᠬᠡᠳᠦᠨ ᠠᠷᠪᠠᠨ ᠳᠠᠭᠢᠨ ᠵᠶ᠋ᠠᠷ ᠲᠦᠷᠭᠡᠳᠬᠡᠵᠦ᠂ ᠥᠪᠡᠷ᠎ᠤᠨ ᠥᠷᠲᠡᠭ᠎ᠨᠢ ᠵᠦᠪᠭᠡᠨ ᠬᠥᠮᠥᠨ᠎ᠤ ᠬᠦᠴᠦᠨ᠎ᠤ 30% ᠣᠷᠴᠢᠮ ᠯᠠ ᠪᠠᠶ᠋ᠢᠳᠠᠭ; ᠡᠯᠡᠰᠦᠨ ᠬᠠᠯᠬᠠᠪᠴᠢ ᠳᠡᠪᠢᠰᠬᠦ ᠪᠤᠳᠠ ᠮᠣᠳᠣ ᠬᠠᠳᠬᠤᠨ ᠰᠠᠭᠤᠯᠭ᠋ᠠᠬᠤ ᠵᠢ ᠨᠢᠭᠡ ᠴᠣᠭᠴᠠᠵᠢᠭᠤᠯᠤᠭᠰᠠᠨ ᠮᠠᠰᠢᠨ᠎ᠨᠢ ᠡᠯᠡᠰᠦ ᠵᠠᠰᠠᠬᠤ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠤᠨ ᠠᠵᠢᠯᠯᠠᠬᠤ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠠ; ᠵᠢᠯᠣᠭᠤᠴᠢ ᠦᠭᠡᠢ ᠨᠢᠰᠬᠡᠯ ᠵᠶ᠋ᠠᠷ ᠳᠠᠷᠢᠬᠤ ᠦᠷ᠎ᠡ ᠪᠦᠲᠦᠮᠵᠢ᠎ᠨᠢ ᠬᠥᠮᠥᠨ᠎ᠤ ᠬᠦᠴᠦ᠎ᠪᠠᠷ ᠳᠠᠷᠢᠬᠤ᠎ᠠᠴᠠ 100 ᠳᠠᠭᠢᠨ ᠳᠡᠭᠡᠭᠰᠢᠯᠡᠵᠦ᠂ ᠡᠩ᠎ᠤᠨ ᠮᠠᠰᠢᠨ ᠮᠧᠬᠠᠨᠢᠭ ᠵᠶ᠋ᠠᠷ ᠳᠠᠷᠢᠬᠤ᠎ᠠᠴᠠ 10 ᠳᠠᠭᠢᠨ ᠳᠡᠭᠡᠭᠰᠢᠯᠡᠵᠡᠢ ᠁
    2024 ᠣᠨ᠎ᠳᠤ᠂ ᠥᠪᠥᠷ ᠮᠣᠩᠭᠤᠯ 1.06 ᠳ᠋ᠦᠩᠰᠢᠭᠤᠷ ᠲᠥᠭᠦᠷᠢᠭ ᠭᠠᠷᠭ᠋ᠠᠵᠤ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ᠎ᠳᠤ ᠬᠡᠷᠡᠭᠯᠡᠵᠡᠢ᠃ ᠣᠳᠣᠬᠠᠨ᠎ᠳᠤ᠂ ᠵᠠᠷᠢᠮ ᠲᠡᠷᠢᠭᠦᠨ᠎ᠤ ᠮᠠᠰᠢᠨ ᠮᠧᠬᠠᠨᠢᠭ ᠪᠠ ᠮᠡᠷᠭᠡᠵᠢᠯ᠎ᠢ ᠨᠢᠭᠡᠨᠲᠡ ᠳᠡᠯᠭᠡᠷᠡᠭᠦᠯᠦᠨ ᠬᠡᠷᠡᠭᠯᠡᠵᠦ᠂ ᠠᠮᠢ ᠠᠬᠤᠢ ᠵᠢᠨ ᠢᠨᠵᠧᠨᠧᠷᠢᠩ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠪᠡ᠂ ᠡᠭᠦᠨ᠎ᠳᠤ ᠣᠷᠳᠣᠰ ᠬᠤᠲᠠ ᠵᠢᠨ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠮᠠᠰᠢᠨᠴᠢᠯᠠᠯᠲᠠ ᠵᠢᠨ ᠨᠣᠷᠮ᠎ᠠ ᠨᠢᠭᠡᠨᠲᠡ 75%᠎ᠠᠴᠠ ᠳᠡᠭᠡᠭᠰᠢ᠎ᠳᠤ ᠬᠦᠷᠴᠡᠢ᠃
     ᠶᠠᠭᠤ ᠵᠢ ᠵᠠᠰᠠᠭᠰᠠᠨ ᠪᠤᠢ
    — ᠠᠵᠤ ᠦᠢ᠍ᠯᠡᠰ᠎ᠤᠨ ᠰᠢᠨ᠎ᠡ ᠵᠢ ᠡᠭᠦᠳᠴᠦ᠂ ᠡᠯᠡᠰᠦᠨ᠎ᠠᠴᠠ ᠠᠯᠲᠠ ᠮᠠᠯᠲᠠᠵᠤ᠂ ᠡᠯᠡᠰᠦ ᠵᠢ ᠵᠠᠰᠠᠭᠰᠠᠨ ᠮᠥᠷᠲᠡᠭᠡᠨ ᠪᠠᠶᠠᠵᠢᠨ ᠴᠢᠨᠡᠭᠡᠯᠢᠭᠵᠢᠬᠦ ᠵᠢ ᠪᠡᠶᠡᠯᠡᠭᠦᠯᠪᠡ
    2024 ᠣᠨ᠎ᠤ 12 ᠰᠠᠷ᠎ᠠ ᠵᠢᠨ 30᠎ᠤ ᠡᠳᠦᠷ᠂ ᠠᠮᠧᠷᠢᠺᠠ ᠵᠢᠨ ᠤᠯᠤᠰ᠎ᠤᠨ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠪᠴᠢᠶ᠎ᠠ (NASA) ᠥᠪᠥᠷ ᠮᠣᠩᠭᠤᠯ᠎ᠤᠨ ᠬᠥᠪᠴᠢ ᠵᠢᠨ ᠡᠯᠡᠰᠦᠨ ᠴᠥᠯ᠎ᠳᠤ ᠰᠡᠭᠦᠳᠡᠷᠯᠡᠭᠰᠡᠨ ᠭᠡᠷᠡᠯᠴᠢ ᠴᠡᠨᠡᠭ᠎ᠤᠨ ᠴᠠᠭᠢᠯᠭ᠋ᠠᠨ ᠥᠷᠲᠡᠭᠡᠨ᠎ᠤ ᠳᠠᠭ᠋ᠠᠭᠤᠯᠢ ᠣᠳᠣᠨ᠎ᠤ ᠵᠢᠷᠤᠭ ᠳᠦᠷᠰᠦ ᠵᠢ ᠨᠡᠶ᠋ᠢᠲᠡᠯᠡᠪᠡ᠄ 2017 ᠣᠨ᠎ᠳᠤ ᠡᠵᠡᠭᠦᠢ ᠡᠯᠡᠰᠦᠨ ᠴᠥᠯ ᠪᠠᠶ᠋ᠢᠭᠰᠠᠨ᠎ᠠᠴᠠ᠎ᠪᠠᠨ ᠣᠬᠤᠷᠬᠠᠨ ᠬᠡᠳᠦᠨ ᠵᠢᠯ᠎ᠤᠨ ᠳᠣᠲᠣᠷ᠎ᠠ ᠨᠢᠭᠡᠨᠲᠡ ᠶᠡᠭᠡ ᠬᠡᠪᠴᠢᠶᠡᠨ᠎ᠤ ᠰᠢᠨ᠎ᠡ ᠡᠨᠧᠷᠭᠢ ᠵᠢᠨ ᠬᠠᠩᠭ᠋ᠠᠯᠭ᠎ᠠ ᠵᠢᠨ ᠰᠠᠭᠤᠷᠢᠨ ᠪᠣᠯᠵᠤ᠂ 《ᠦᠬᠦᠮᠡᠯ ᠲᠡᠯᠡᠶ》᠎ᠨᠢ ᠭᠡᠷᠡᠯᠴᠢ ᠴᠡᠨᠡᠭ ᠵᠶ᠋ᠠᠷ ᠴᠠᠭᠢᠯᠭ᠋ᠠᠨ ᠭᠠᠷᠭ᠋ᠠᠬᠤ 《ᠳᠠᠯᠳᠠ ᠬᠦᠴᠦᠨ᠎ᠤ ᠲᠡᠯᠡᠶ》 ᠪᠣᠯᠤᠭᠰᠠᠨ ᠪᠠᠶ᠋ᠢᠨ᠎ᠠ᠃
     ᠡᠨᠡ᠎ᠨᠢ ᠵᠥᠪᠭᠡᠨ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠥᠷᠭᠡᠨ ᠳᠡᠯᠭᠡᠷ ᠮᠠᠭᠲᠠᠭ᠋ᠠᠯ ᠰᠠᠶ᠋ᠢᠰᠢᠶᠠᠯ᠎ᠢ ᠣᠯᠣᠭᠰᠠᠨ 《ᠭᠡᠷᠡᠯᠴᠢ ᠴᠡᠨᠡᠭ᠎ᠤᠨ ᠤᠷᠳᠤ ᠴᠠᠭ᠋ᠠᠨ ᠬᠡᠷᠡᠮ》᠎ᠤᠨ ᠨᠢᠭᠡ ᠬᠡᠰᠡᠭ ᠪᠣᠯᠣᠨ᠎ᠠ᠃ ᠣᠷᠳᠣᠰ ᠬᠤᠳᠠ ᠵᠢᠨ ᠬᠠᠩᠭᠢᠨ ᠬᠤᠰᠢᠭᠤᠨ᠎ᠠᠴᠠ ᠲᠠᠯᠠᠳ ᠬᠤᠰᠢᠭᠤ ᠭᠦᠷᠲᠡᠯ᠎ᠡ᠂ ᠳᠠᠭᠢᠭ᠋ᠠᠳ ᠵᠡᠭᠦᠨᠭ᠋ᠠᠷ ᠬᠤᠰᠢᠭᠤ ᠭᠦᠷᠲᠡᠯ᠎ᠡ᠂ 400 ᠺᠢᠯᠣᠮᠧᠲᠷ ᠦᠷᠭᠦᠯᠵᠢᠯᠡᠭᠰᠡᠨ ᠳᠤᠮᠳᠠᠴᠢ ᠥᠷᠭᠡᠨ᠎ᠨᠢ 5  ᠺᠢᠯᠣᠮᠧᠲᠷ ᠪᠦᠬᠦᠢ 《ᠭᠡᠷᠡᠯᠴᠢ ᠴᠡᠨᠡᠭ᠎ᠤᠨ ᠤᠷᠳᠤ ᠴᠠᠭ᠋ᠠᠨ ᠬᠡᠷᠡᠮ》᠎ᠨᠢ ᠡᠯᠡᠰᠦ ᠵᠢ ᠵᠠᠰᠠᠬᠤ ᠪᠦᠰᠡ ᠪᠣᠯᠣᠨ ᠰᠦᠨᠳᠡᠷᠯᠡᠵᠦ᠂ ᠬᠠᠳᠤᠨ ᠭᠤᠣᠯ ᠪᠣᠯᠣᠨ ᠬᠥᠪᠴᠢ ᠵᠢᠨ ᠡᠯᠡᠰᠦ ᠵᠢ ᠲᠤᠰᠠᠭ᠋ᠠᠷᠯᠠᠨ ᠰᠠᠯᠭ᠋ᠠᠵᠠᠢ᠃
    《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ》 ᠪᠣᠯ ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠤᠯᠬᠤ ᠪᠥᠭᠡᠳ ᠥᠪᠥᠷ ᠮᠣᠩᠭᠤᠯ᠎ᠤᠨ ᠠᠵᠤ ᠦᠢ᠍ᠯᠡᠰ᠎ᠤᠨ ᠡᠯᠡᠰᠦ ᠵᠢ ᠵᠠᠰᠠᠬᠤ ᠰᠢᠨ᠎ᠡ ᠵᠢ ᠡᠭᠦᠳᠬᠦ ᠦᠢ᠍ᠯᠡᠳᠦᠯᠭᠡ ᠪᠣᠯᠣᠨ᠎ᠠ᠃ 《ᠭᠡᠷᠡᠯᠴᠢ ᠴᠡᠨᠡᠭ ᠵᠶ᠋ᠠᠷ ᠴᠠᠭᠢᠯᠭ᠋ᠠᠨ ᠭᠠᠷᠭ᠋ᠠᠬᠤ + ᠠᠮᠢ ᠠᠬᠤᠢ ᠵᠢᠨ ᠵᠠᠰᠠᠯᠲᠠ + ᠬᠠᠪᠲᠠᠰᠤ ᠵᠢᠨ ᠳᠣᠣᠷᠠᠬᠢ ᠠᠵᠤ ᠠᠬᠤᠢ》 ᠵᠢᠨ ᠪᠣᠰᠤᠭ᠎ᠠ ᠴᠣᠭᠴᠠᠲᠤ ᠵᠠᠭᠪᠤᠷ ᠵᠶ᠋ᠠᠷ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢ ᠪᠡᠶᠡᠯᠡᠭᠦᠯᠪᠡ᠃ 2024 ᠣᠨ᠎ᠳᠤ ᠨᠢᠭᠡ ᠴᠣᠭᠴᠠᠵᠢᠭᠤᠯᠤᠭᠰᠠᠨ ᠢᠨᠵᠧᠨᠧᠷᠢᠩ ᠵᠶ᠋ᠠᠷ 238 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠵᠤ᠂ 2727 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠢᠵᠢ ᠪᠦᠷᠢᠳᠦᠭᠦᠯᠪᠡ᠃
     ᠴᠦᠯᠯᠡᠷᠭᠡᠭᠵᠢᠯ᠎ᠨᠢ ᠠᠮᠢ ᠠᠬᠤᠢ ᠵᠢᠨ ᠠᠰᠠᠭᠤᠳᠠᠯ ᠪᠤᠯᠬᠤ᠎ᠪᠠᠷ ᠪᠠᠷᠠᠬᠤ ᠦᠭᠡᠢ ᠨᠡᠩ ᠴᠤ᠌ ᠬᠥᠭᠵᠢᠯᠲᠡ ᠵᠢᠨ ᠠᠰᠠᠭᠤᠳᠠᠯ ᠪᠣᠯᠣᠨ᠎ᠠ᠃ ᠥᠪᠥᠷ ᠮᠣᠩᠭᠤᠯ᠎ᠤᠨ 12 ᠠᠶ᠋ᠢᠮᠠᠭ ᠬᠤᠳᠠ ᠵᠢᠨ 103 ᠬᠤᠰᠢᠭᠤ ᠰᠢᠶᠠᠨ᠎ᠤ ᠡᠯᠡᠰᠦᠷᠬᠡᠭᠵᠢᠭᠰᠡᠨ ᠭᠠᠵᠠᠷ ᠰᠢᠷᠣᠢ 12 ᠠᠶ᠋ᠢᠮᠠᠭ ᠬᠤᠳᠠ ᠵᠢᠨ 92 ᠬᠤᠰᠢᠭᠤ ᠰᠢᠶᠠᠨ᠎ᠳᠤ ᠲᠠᠷᠬᠠᠵᠤ᠂ ᠥᠷᠭᠡᠨ ᠠᠭᠤᠳᠠᠮ ᠡᠯᠡᠰᠦᠷᠬᠡᠭ ᠣᠷᠣᠨ᠎ᠤ ᠤᠯᠠᠨ ᠲᠦᠮᠡᠨ ᠨᠢᠭᠡᠨ ᠦᠶ᠎ᠡ ᠭᠠᠴᠢᠭᠳᠠᠯ᠎ᠳᠤ ᠲᠤᠯᠭ᠋ᠠᠷᠠᠵᠤ ᠪᠠᠶ᠋ᠢᠪᠠ᠃
     ᠡᠯᠡᠰᠦ ᠵᠢ ᠵᠠᠰᠠᠬᠤ᠎ᠳᠤ ᠶᠠᠭᠤ ᠵᠢ ᠵᠠᠰᠠᠬᠤ ᠪᠤᠢ? ᠠᠮᠢ ᠠᠬᠤᠢ ᠵᠢ ᠵᠠᠰᠠᠬᠤ᠎ᠪᠠᠷ ᠪᠠᠷᠠᠬᠤ ᠦᠭᠡᠢ ᠪᠠᠰᠠ ᠶᠠᠳᠠᠭᠤᠷᠠᠯ᠎ᠤᠨ ᠦᠨᠳᠦᠰᠦ ᠵᠢ ᠵᠠᠰᠠᠬᠤ ᠬᠡᠷᠡᠭᠲᠡᠢ᠃
    2024 ᠣᠨ᠎ᠤ ᠨᠠᠮᠤᠷ᠂ ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤᠨ᠎ᠤ ᠤᠯᠠᠭ᠋ᠠᠨᠬᠤᠰᠢᠭᠤ ᠭᠠᠴᠠᠭ᠎ᠠ ᠵᠢᠨ 1600 ᠭᠠᠷᠤᠢ ᠮᠦ᠍ ᠬᠡᠭᠡᠷ᠎ᠡ ᠵᠢᠨ ᠴᠢᠪᠠᠭ᠎ᠠ ᠡᠯᠪᠡᠭ ᠬᠤᠷᠢᠶᠠᠯᠲᠠ ᠣᠯᠪᠠ᠃ ᠬᠡᠭᠡᠷ᠎ᠡ ᠵᠢᠨ ᠴᠢᠪᠠᠭ᠎ᠠ ᠵᠢᠨ ᠮᠣᠳᠣ ᠭᠠᠩ ᠬᠠᠭᠤᠷᠠᠢ᠎ᠳᠤ ᠲᠡᠰᠪᠦᠷᠢᠲᠡᠢ ᠮᠥᠷᠲᠡᠭᠡᠨ ᠰᠠᠯᠬᠢ ᠰᠢᠭᠤᠷᠭ᠋ᠠᠨ᠎ᠢ ᠴᠤ᠌ ᠳᠠᠭ᠋ᠠᠭ᠋ᠠᠳᠠᠭ᠂ ᠬᠡᠭᠡᠷ᠎ᠡ ᠵᠢᠨ ᠴᠢᠪᠠᠭ᠎ᠠ ᠵᠢᠨ ᠴᠥᠮ᠎ᠡ᠎ᠨᠢ ᠬᠢᠲᠠᠳ ᠡᠮ᠎ᠤᠨ ᠮᠠᠲ᠋ᠧᠷᠢᠶᠠᠯ᠎ᠳᠤ ᠪᠠᠭᠲᠠᠵᠤ᠂ ᠨᠠᠪᠴᠢ᠎ᠪᠠᠷ᠎ᠨᠢ ᠴᠢᠳᠠᠮᠵᠢᠲᠤ ᠴᠢᠨᠠᠷᠲᠠᠢ ᠴᠠᠢ ᠬᠢᠵᠦ᠂ ᠵᠢᠮᠢᠰ᠎ᠤᠨ ᠮᠢᠬ᠎ᠠ᠎ᠪᠠᠷ᠎ᠨᠢ ᠴᠢᠪᠠᠭ᠎ᠠ ᠵᠢᠨ ᠪᠣᠣᠪᠤ ᠬᠢᠵᠦ ᠪᠤᠯᠲᠠᠭ ᠲᠤᠯᠠ ᠮᠠᠰᠢ ᠶᠡᠭᠡ ᠠᠵᠤ ᠠᠬᠤᠢ ᠵᠢᠨ ᠦᠨ᠎ᠡ ᠥᠷᠲᠡᠭ᠎ᠲᠠᠢ ᠪᠠᠶ᠋ᠢᠳᠠᠭ᠃ 2014 ᠣᠨ᠎ᠳᠤ᠂ ᠲᠣᠰᠬᠤᠨ᠎ᠤ ᠠᠷᠠᠳ ᠷᠧᠨ ᠡᠯ ᠬᠤᠸᠠᠨ ᠨᠠᠷ ᠬᠡᠭᠡᠷ᠎ᠡ ᠵᠢᠨ ᠴᠢᠪᠠᠭ᠎ᠠ ᠲᠠᠷᠢᠵᠤ᠂ ᠬᠤᠪᠠᠭ᠍ᠠᠢ ᠡᠯᠡᠰᠦ ᠮᠠᠩᠬ᠎ᠠ ᠵᠢ ᠲᠣᠭᠲᠠᠭᠤᠨ ᠭᠠᠷᠤᠯᠲᠠ᠎ᠲᠠᠢ ᠴᠢᠪᠠᠭ᠎ᠠ ᠵᠢᠨ ᠬᠦᠷᠢᠶᠡᠯᠡᠩ ᠪᠤᠯᠭ᠋ᠠᠬᠰᠠᠨ᠎ᠠᠴᠠ ᠡᠷᠭᠢᠨ ᠲᠣᠭᠤᠷᠢᠨ᠎ᠤ ᠲᠣᠰᠬᠤᠨ᠎ᠤ ᠠᠷᠠᠳ ᠬᠤᠶ᠋ᠢᠨ᠎ᠠ ᠬᠤᠶ᠋ᠢᠨ᠎ᠠ᠎ᠠᠴᠠ᠎ᠪᠠᠨ ᠳᠠᠭᠤᠷᠢᠶᠠᠨ ᠳᠠᠷᠢᠵᠠᠢ᠃
     ᠬᠠᠲᠤᠨ ᠭᠤᠣᠯ᠎ᠤᠨ 《ᠶᠡᠭᠡ ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠬᠤᠰᠢᠭᠤᠴᠢ ᠬᠦᠴᠦᠨ ᠪᠣᠯᠤᠭᠰᠠᠨ᠎ᠤ ᠬᠤᠪᠢ᠎ᠳᠤ ᠪᠠᠶᠠᠨᠨᠠᠭᠤᠷ ᠬᠤᠲᠠ ᠵᠢᠨ᠎ᠬᠢᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠭᠤᠣᠯᠳᠠᠯᠭ᠎ᠠ᠎ᠲᠠᠢ ᠳᠡᠮᠵᠢᠵᠦ ᠴᠠᠭ᠋ᠠᠨ ᠭᠤᠶᠣᠣ᠂ ᠠᠷᠢᠬᠢ ᠨᠡᠷᠡᠬᠦ ᠦᠵᠦᠮ᠂ ᠬᠢᠲᠠᠳ ᠡᠮ᠎ᠤᠨ ᠮᠠᠲ᠋ᠧᠷᠢᠶᠠᠯ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠳᠠᠷᠢᠬᠤ᠂ ᠦᠢ᠍ᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭ᠋ᠠᠯᠠᠬᠤ ᠡᠳ᠋ ᠪᠠᠷᠠᠭ᠋ᠠᠨ᠎ᠤ ᠭᠦᠢ᠍ᠯᠭᠡᠭᠡ᠂ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠤᠯᠠᠭᠤᠯᠭ᠎ᠠ ᠵᠢ ᠨᠢᠭᠡ ᠴᠣᠭᠴᠠᠵᠢᠭᠤᠯᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠪᠤᠶ ᠪᠣᠯᠭ᠋ᠠᠵᠠᠢ᠃
     ᠠᠮᠢ ᠠᠬᠤᠢ ᠵᠢ ᠠᠵᠤ ᠦᠢ᠍ᠯᠡᠰᠵᠢᠭᠦᠯᠬᠦ ᠪᠣᠯ ᠠᠮᠢ ᠠᠬᠤᠢ ᠵᠢᠨ ᠦᠷᠳᠡᠭ᠎ᠢ ᠪᠡᠶᠡᠯᠡᠭᠦᠯᠬᠦ ᠵᠢᠨ ᠭᠤᠣᠯ ᠵᠠᠩᠭᠢᠯᠠᠭ᠎ᠠ ᠮᠥᠨ᠂ ᠪᠠᠰᠠ ᠴᠤ᠌ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠦᠷᠭᠦᠯᠵᠢᠯᠡᠬᠦ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠲᠣᠬᠢᠷᠠᠭᠤᠯᠵᠤ᠂ ᠡᠯᠡᠰᠦ ᠵᠢ ᠠᠯᠲᠠ ᠪᠤᠯᠭ᠋ᠠᠵᠤ᠂ ᠠᠮᠢ ᠠᠬᠤᠢ ᠪᠣᠯᠣᠨ ᠠᠵᠤ ᠠᠬᠤᠢ ᠬᠤᠶᠠᠷ ᠲᠠᠯ᠎ᠠ᠎ᠪᠠᠷ ᠵᠶ᠋ᠠᠨ ᠠᠰᠢᠭ ᠭᠦᠷᠳᠡᠭᠦ ᠪᠣᠬᠢᠷᠳᠤᠯ ᠦᠭᠡᠢ ᠬᠥᠭᠵᠢᠯᠲᠡ ᠵᠢᠨ ᠵᠠᠮ᠎ᠢ ᠨᠡᠭᠡᠭᠡᠪᠡ᠃
     ᠣᠳᠣᠬᠠᠨ᠎ᠳᠤ᠂ ᠪᠦᠭᠦ ᠣᠷᠣᠨ᠎ᠳᠤ ᠨᠢᠭᠡᠨᠲᠡ ᠣᠨᠴᠠᠯᠢᠭᠲᠤ ᠠᠵᠤ ᠠᠬᠤᠢ ᠵᠢᠨ ᠣᠶ᠂ ᠬᠢᠲᠠᠳ ᠡᠮ᠎ᠤᠨ ᠮᠠᠲ᠋ᠧᠷᠢᠶᠠᠯ᠂ ᠪᠤᠳᠠ ᠮᠣᠳᠣᠨ᠎ᠤ ᠲᠦᠭᠦᠬᠡᠢ ᠮᠠᠲ᠋ᠧᠷᠢᠶᠠᠯ᠂ ᠡᠯᠡᠰᠦᠨ ᠴᠥᠯ᠎ᠤᠨ ᠠᠮᠢ ᠠᠬᠤᠢ ᠵᠢᠨ ᠵᠢᠭᠤᠯᠴᠢᠯᠠᠯ᠂ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠵᠡᠷᠭᠡ ᠠᠵᠤ ᠦᠢ᠍ᠯᠡᠰ ᠵᠶ᠋ᠠᠷ ᠭᠤᠣᠯ ᠪᠤᠯᠭ᠋ᠠᠬᠰᠠᠨ᠂ ᠳᠠᠭ᠋ᠠᠭᠤᠯᠤᠭᠴᠢ ᠠᠵᠤ ᠠᠬᠤᠶ᠋ᠢᠯᠠᠯ ᠵᠶ᠋ᠠᠷ ᠤᠳᠤᠷᠢᠳᠤᠮᠵᠢ ᠪᠤᠯᠭ᠋ᠠᠬᠰᠠᠨ᠂ 《ᠠᠵᠤ ᠠᠬᠤᠶ᠋ᠢᠯᠠᠯ + ᠬᠤᠷᠰᠢᠶ᠎ᠠ + ᠰᠠᠭᠤᠷᠢᠨ + ᠲᠠᠷᠢᠶᠠᠴᠢᠨ ᠡᠷᠦᠭᠡ》᠎ᠪᠠᠷ ᠠᠰᠢᠭ ᠲᠤᠰᠠ ᠵᠢᠨ ᠬᠤᠯᠪᠤᠯᠴᠠᠭ᠋ᠠᠨ᠎ᠤ ᠲᠣᠭᠲᠠᠴᠠ ᠪᠤᠯᠭ᠋ᠠᠬᠰᠠᠨ ᠣᠯᠠᠨ ᠲᠠᠰ ᠳᠠᠪᠬᠤᠷᠭ᠎ᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠵᠠᠭᠪᠤᠷ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠡᠯᠡᠰᠦ ᠮᠠᠩᠬ᠎ᠠ ᠡᠯᠡᠰᠦᠨ ᠴᠥᠯ᠎ᠢ ᠬᠥᠭᠵᠢᠯᠲᠡ ᠵᠢᠨ ᠥᠩ ᠰᠢᠮᠡᠯᠢᠭ ᠬᠥᠷᠥᠰᠥ ᠪᠣᠯᠭ᠋ᠠᠨ ᠬᠤᠪᠢᠷᠠᠭᠤᠯᠵᠤ᠂ ᠵᠠᠰᠠᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠪᠠᠶ᠋ᠢᠬᠤ ᠵᠢ ᠪᠡᠶᠡᠯᠡᠭᠦᠯᠪᠡ᠃
     ᠬᠡᠨ ᠵᠠᠰᠠᠭᠰᠠᠨ ᠪᠤᠢ
    — ᠣᠯᠠᠨ ᠲᠠᠯ᠎ᠠ᠎ᠪᠠᠷ ᠪᠡᠯᠡ ᠣᠷᠣᠭᠤᠯᠵᠤ ᠣᠯᠠᠨ ᠲᠠᠯ᠎ᠠ᠎ᠪᠠᠷ ᠣᠷᠣᠯᠴᠠᠵᠤ᠂ ᠪᠦᠭᠦ ᠠᠷᠠᠳ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠪᠡ
     ᠡᠳᠦᠷ ᠪᠦᠷᠢ ᠥᠪᠡᠷ᠎ᠤᠨ ᠨᠤᠲᠤᠭ ᠪᠡᠯᠴᠢᠭᠡᠷ ᠵᠶ᠋ᠠᠷ ᠵᠶ᠋ᠠᠨ ᠲᠣᠭᠤᠷᠢᠨ ᠪᠠᠶ᠋ᠢᠴᠠᠭ᠋ᠠᠵᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠢᠬᠦ᠎ᠪᠠᠷ ᠪᠠᠷᠠᠬᠤ ᠦᠭᠡᠢ ᠪᠠᠰᠠ ᠤᠯᠤᠰ᠎ᠤᠨ ᠲᠥᠷᠥᠯ ᠵᠦᠢ᠍ᠯ᠎ᠤᠨ ᠬᠠᠮᠢᠶᠠᠷᠤᠨ ᠬᠠᠮᠠᠭ᠋ᠠᠯᠠᠬᠤ ᠪᠡᠯᠡ ᠮᠥᠩᠭᠦ ᠵᠢ ᠣᠯᠣᠨ᠎ᠠ᠃ ᠰᠢᠯᠢ ᠵᠢᠨ ᠭᠤᠣᠯ ᠠᠶ᠋ᠢᠮᠠᠭ᠎ᠤᠨ ᠰᠥᠨᠢᠳ ᠪᠠᠷᠠᠭᠤᠨ ᠬᠤᠰᠢᠭᠤᠨ᠎ᠤ ᠭᠦᠪᠦᠷ ᠭᠠᠴᠠᠭ᠋ᠠᠨ᠎ᠤ ᠮᠠᠯᠴᠢᠨ ᠴᠣᠯᠮᠣᠨ 《ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ》 ᠲᠦᠷᠦ ᠵᠢᠨ ᠪᠣᠳᠣᠯᠭ᠎ᠠ ᠵᠢᠨ ᠠᠰᠢᠭ᠎ᠢ ᠦᠨᠡᠨᠬᠦ ᠭᠦᠷᠳᠡᠪᠡ᠃
    2023 ᠣᠨ᠎ᠳᠤ᠂ ᠴᠣᠯᠮᠣᠨ᠎ᠤ 5190 ᠮᠦ᠍ ᠵᠢᠨ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠠᠮᠢ ᠠᠬᠤᠢ ᠵᠢᠨ ᠵᠠᠰᠠᠯᠲᠠ ᠵᠢᠨ ᠲᠦᠷᠦᠯ ᠵᠦᠢ᠍ᠯ᠎ᠤᠨ ᠲᠣᠭᠤᠷᠢᠭ᠎ᠲᠤ ᠬᠤᠪᠢᠶᠠᠷᠢᠯᠠᠨ ᠣᠷᠣᠭᠤᠯᠵᠠᠢ᠃ ᠲᠦᠷᠦᠯ ᠵᠦᠢ᠍ᠯ᠎ᠢ ᠬᠡᠷᠡᠭᠵᠢᠭᠦᠯᠦᠭᠰᠡᠨ 3 ᠵᠢᠯ᠎ᠤᠨ ᠬᠤᠭᠤᠴᠠᠭ᠋ᠠᠨ᠎ᠳᠤ ᠲᠤᠬᠠᠢ ᠵᠢᠨ ᠭᠠᠵᠠᠷ᠎ᠤᠨ᠎ᠬᠢᠨ ᠵᠢᠯ ᠪᠦᠷᠢ ᠮᠦ᠍ ᠪᠦᠷᠢ ᠵᠢ 3 ᠲᠥᠭᠦᠷᠢᠭ᠎ᠤᠨ ᠪᠠᠷᠢᠮᠵᠢᠶ᠎ᠠ᠎ᠪᠠᠷ ᠬᠠᠮᠢᠶᠠᠷᠤᠨ ᠬᠠᠮᠠᠭ᠋ᠠᠯᠠᠬᠤ ᠵᠠᠷᠤᠳᠠᠯ᠎ᠢ ᠨᠠᠶ᠋ᠢᠳᠠᠪᠤᠷᠢᠵᠢᠭᠤᠯᠵᠤ᠂ ᠴᠣᠯᠮᠣᠨ 15570 ᠲᠥᠭᠦᠷᠢᠭ᠎ᠤᠨ ᠠᠰᠢᠭ ᠭᠦᠷᠳᠡᠪᠡ᠃
    《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠥᠪᠥᠷ ᠮᠣᠩᠭᠤᠯ 《ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ》 ᠵᠢ ᠶᠡᠭᠡ᠎ᠪᠠᠷ ᠳᠡᠯᠭᠡᠷᠡᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠲᠥᠷᠥᠯ ᠵᠦᠢ᠍ᠯ᠎ᠤᠨ 《ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ》 ᠭᠦᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠤᠮᠵᠢ ᠵᠢᠨ ᠬᠡᠪᠴᠢᠶ᠎ᠡ ᠵᠢ ᠲᠥᠷᠥᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ ᠵᠢᠨ 10%᠎ᠠᠴᠠ ᠳᠣᠣᠷ᠎ᠠ ᠪᠠᠶ᠋ᠢᠯᠭ᠋ᠠᠵᠤ ᠪᠤᠯᠬᠤ ᠦᠭᠡᠢ ᠭᠡᠵᠦ ᠱᠠᠭ᠋ᠠᠷᠳᠠᠪᠠ᠃ ᠡᠯ᠎ᠡ ᠭᠠᠵᠠᠷ᠎ᠤᠨ᠎ᠬᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠭᠤᠭᠴᠤᠭ᠎ᠠ ᠵᠢᠨ ᠠᠵᠢᠯᠴᠢᠨ ᠬᠡᠷᠡᠭᠯᠡᠬᠦ ᠳᠠᠯᠳᠠ ᠬᠦᠴᠦᠨ᠎ᠢ ᠭᠦᠢ᠍ᠴᠡᠳ ᠠᠭᠤᠳᠠᠯᠵᠤ᠂ ᠮᠠᠯᠴᠢᠨ ᠲᠠᠷᠢᠶᠠᠴᠢᠨ᠎ᠢ ᠦᠨᠡᠨ ᠬᠦ᠌ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠯᠴᠠᠭᠴᠢ ᠪᠠ ᠠᠰᠢᠭ ᠭᠦᠷᠲᠡᠭᠴᠢ ᠪᠤᠯᠭ᠋ᠠᠵᠤ᠂ ᠪᠦᠭᠦ ᠣᠷᠣᠨ᠎ᠳᠤ ᠪᠦᠭᠦ ᠠᠷᠠᠳ ᠵᠶ᠋ᠠᠷ ᠵᠶ᠋ᠠᠨ ᠡᠯᠡᠰᠦ ᠵᠢ ᠵᠠᠰᠠᠬᠤ ᠬᠠᠯᠠᠭᠤᠨ ᠥᠷᠨᠢᠯᠲᠡ ᠭᠠᠷᠭ᠋ᠠᠪᠠ᠃
    2024 ᠣᠨ᠎ᠳᠤ ᠪᠦᠭᠦ ᠣᠷᠣᠨ ᠵᠶ᠋ᠠᠷ ᠵᠶ᠋ᠠᠨ 《ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ》 ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ ᠵᠢ᠎ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ ᠰᠢᠨ᠎ᠡ ᠡᠨᠧᠷᠭᠢ ᠵᠢ ᠬᠥᠭᠵᠢᠭᠦᠯᠬᠦ᠂ ᠠᠷᠠᠳ ᠣᠯᠠᠨ᠎ᠤ ᠣᠷᠣᠯᠭ᠎ᠠ ᠵᠢ ᠨᠡᠮᠡᠭᠳᠡᠭᠦᠯᠦᠨ ᠬᠠᠮᠲᠤ᠎ᠪᠠᠷ ᠠᠰᠢᠭ ᠭᠦᠷᠳᠡᠭᠦ ᠵᠢ ᠠᠬᠢᠭᠤᠯᠪᠠ᠃
    《ᠤᠮᠠᠷᠠᠲᠤ ᠵᠢᠨ ᠭᠤᠷᠪᠠᠨ ᠣᠷᠣᠨ》᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠤᠯ 7824 ᠲᠦᠮᠡᠨ ᠮᠦ᠍ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠵᠡᠢ᠂ ᠦᠯᠡᠳᠡᠵᠦ ᠪᠦᠬᠦᠢ ᠡᠭᠦᠷᠭᠡ ᠮᠥᠨ ᠬᠦ᠌ ᠪᠠᠭ᠎ᠠ ᠪᠤᠰᠤ ᠮᠥᠷᠲᠡᠭᠡᠨ ᠶᠠᠪᠤᠬᠤ ᠲᠤᠲᠤᠮ ᠬᠦᠴᠢᠷ ᠪᠣᠯᠵᠤ ᠪᠠᠶ᠋ᠢᠨ᠎ᠠ᠃
     ᠬᠡᠨ ᠡᠯᠡᠰᠦ ᠵᠢ ᠵᠠᠰᠠᠭᠰᠠᠨ ᠪᠤᠢ? ᠨᠡᠶ᠋ᠢᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠳᠠᠶ᠋ᠢᠴᠢᠯᠠᠬᠤ ᠪᠣᠯ ᠥᠪᠥᠷ ᠮᠣᠩᠭᠤᠯ᠎ᠤᠨ ᠬᠠᠭ᠋ᠠᠰ ᠢᠯᠡᠭᠦᠦ ᠵᠠᠭᠤᠨ ᠦᠷᠭᠦᠯᠵᠢᠯᠡᠭᠰᠡᠨ ᠡᠯᠡᠰᠦ ᠵᠢ ᠵᠠᠰᠠᠬᠤ 《ᠵᠣᠷ》 ᠪᠤᠯᠬᠤ ᠪᠥᠭᠡᠳ ᠥᠪᠥᠷ ᠮᠣᠩᠭᠤᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ ᠢᠯᠠᠯᠲᠠ ᠣᠯᠬᠤ ᠢᠲᠡᠭᠡᠯ ᠵᠣᠷᠢᠭ ᠪᠣᠯᠣᠨ᠎ᠠ᠃
     ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠠᠬᠢᠴᠠ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ ᠥᠪᠥᠷ ᠮᠣᠩᠭᠤᠯ 《ᠤᠯᠤᠰ᠎ᠤᠨ ᠣᠷᠣᠭᠤᠯᠤᠯᠲᠠ᠎ᠪᠠᠷ ᠭᠤᠣᠯ ᠪᠤᠯᠭ᠋ᠠᠵᠤ᠂ ᠣᠷᠣᠨ ᠨᠤᠲᠤᠭ᠎ᠤᠨ᠎ᠬᠢᠨ ᠢᠵᠢ ᠪᠦᠷᠢᠳᠦᠭᠦᠯᠬᠦ᠎ᠪᠠᠷ ᠬᠠᠪᠰᠤᠷᠤᠮᠵᠢ ᠪᠤᠯᠭ᠋ᠠᠵᠤ᠂ ᠨᠡᠶ᠋ᠢᠭᠡᠮ᠎ᠤᠨ᠎ᠬᠢᠨ ᠥᠷᠭᠡᠨ ᠵᠶ᠋ᠠᠷ ᠣᠷᠤᠯᠴᠠᠬᠤ》 ᠣᠯᠠᠨ ᠡᠰᠢᠲᠦ ᠣᠷᠣᠭᠤᠯᠤᠯᠲᠠ ᠵᠢ ᠢᠳᠡᠪᠬᠢᠲᠡᠢ ᠰᠦᠪᠡᠭᠴᠢᠯᠡᠨ ᠪᠠᠶ᠋ᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠰᠠᠭᠤᠷᠢ ᠮᠥᠩᠭᠦᠨ᠎ᠤ ᠨᠡᠶ᠋ᠢᠭᠡᠮᠯᠢᠭ᠎ᠢ ᠪᠠᠶ᠋ᠢᠭᠤᠯᠵᠤ᠂ ᠨᠡᠶ᠋ᠢᠲᠡ 8150 ᠲᠦᠮᠡᠨ ᠲᠥᠭᠦᠷᠢᠭ᠎ᠤᠨ ᠨᠡᠶ᠋ᠢᠭᠡᠮ᠎ᠤᠨ ᠬᠠᠨᠳᠢᠪ᠎ᠢ ᠭᠥᠯᠢᠶᠡᠨ ᠠᠪᠴᠤ᠂ ᠪᠦᠭᠦ ᠨᠡᠶ᠋ᠢᠭᠡᠮ ᠵᠶ᠋ᠠᠷ ᠵᠶ᠋ᠠᠨ ᠳᠡᠮᠵᠢᠬᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠎ᠳᠤ ᠣᠷᠤᠯᠴᠠᠬᠤ ᠬᠦᠴᠦᠷᠬᠡᠭ ᠶᠡᠭᠡ ᠨᠡᠶ᠋ᠢᠯᠡᠯ ᠬᠦᠴᠦᠨ᠎ᠢ ᠪᠤᠶ ᠪᠣᠯᠭ᠋ᠠᠪᠠ᠃
     ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠪᠣᠯᠣᠨ ᠬᠠᠮᠠᠭ᠋ᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠵᠥᠪᠭᠡᠨ ᠥᠪᠥᠷ ᠮᠣᠩᠭᠤᠯ᠎ᠳᠤ ᠲᠦᠰᠢᠭᠯᠡᠭᠡᠳ ᠪᠡᠶᠡᠯᠡᠭᠦᠯᠵᠦ ᠳᠡᠶ᠋ᠢᠯᠭᠦ ᠦᠭᠡᠢ ᠶᠤᠮ᠃ ᠡᠭᠦᠨ᠎ᠤ ᠲᠥᠯᠥᠭᠡ ᠥᠪᠥᠷ ᠮᠣᠩᠭᠤᠯ ᠣᠷᠣᠨ ᠪᠦᠰᠡ ᠬᠤᠯᠪᠤᠭ᠋ᠠᠯᠠᠨ ᠬᠥᠳᠡᠯᠦᠯᠴᠡᠵᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠵᠠᠰᠠᠬᠤ ᠲᠣᠭᠲᠠᠴᠠ ᠵᠢ ᠪᠠᠶ᠋ᠢᠭᠤᠯᠪᠠ᠃
     ᠣᠷᠣᠨ᠎ᠤ ᠭᠠᠳᠠᠨ᠎ᠠ᠂ ᠨᠢᠩᠰᠢᠶᠠ᠎ᠯᠤᠭ᠎ᠠ ᠮᠤᠤᠡᠤᠰᠤ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠠᠵᠢᠯ᠎ᠢ ᠥᠷᠨᠢᠭᠦᠯᠵᠦ᠂ ᠭᠠᠨᠰᠤ᠎ᠯᠤᠭ᠎ᠠ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠯᠢᠶᠣᠤᠨᠢᠩ᠎ᠯᠤᠭ᠎ᠠ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠵᠠᠰᠠᠬᠤ ᠵᠢᠱ᠌ᠢᠶ᠎ᠡ ᠦᠵᠡᠭᠦᠯᠭᠦ ᠣᠷᠣᠨ᠎ᠢ ᠪᠠᠶ᠋ᠢᠭᠤᠯᠪᠠ᠃ ᠣᠷᠣᠨ᠎ᠤ ᠳᠣᠲᠣᠷ᠎ᠠ᠂ ᠪᠠᠶᠠᠨᠨᠠᠭᠤᠷ᠂ ᠪᠤᠭᠤᠲᠤ᠂ ᠣᠷᠳᠣᠰ᠂ ᠦᠬᠠᠢ᠂ ᠠᠯᠠᠱ᠌ᠠ ᠵᠡᠷᠭᠡ ᠠᠶ᠋ᠢᠮᠠᠭ ᠬᠤᠲᠠ ᠬᠠᠲᠤᠨ ᠭᠤᠣᠯ᠎ᠤᠨ 《ᠶᠡᠭᠡ ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠷᠣᠨ ᠪᠦᠰᠡ ᠵᠢᠨ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠪᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠤᠨ ᠭᠦᠨᠵᠡᠭᠡᠶ᠋ᠢᠷᠡᠨ ᠠᠭᠢᠬᠤ ᠵᠢ ᠳᠠᠭ᠋ᠠᠯᠳᠤᠨ ᠥᠪᠥᠷ ᠮᠣᠩᠭᠤᠯ ᠨᠡᠩ ᠤᠯᠠᠨ ᠨᠥᠯᠥᠭᠡᠯᠡᠬᠦ ᠬᠦᠴᠦᠨ᠎ᠲᠠᠢ ᠵᠢᠱ᠌ᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ᠎ᠢ ᠬᠦᠴᠦᠯᠡᠨ ᠪᠠᠶ᠋ᠢᠭᠤᠯᠵᠤ᠂ ᠨᠡᠩ ᠤᠯᠠᠨ ᠡᠯᠡᠰᠦᠷᠬᠡᠭᠵᠢᠯ᠎ᠢ ᠵᠠᠰᠠᠭᠰᠠᠨ ᠲᠤᠷᠰᠢᠯᠭ᠎ᠠ᠎ᠪᠠᠨ 《ᠤᠮᠠᠷᠠᠲᠤ ᠵᠢᠨ ᠭᠤᠷᠪᠠᠨ ᠣᠷᠣᠨ》 ᠲᠡᠶ᠋ᠢᠰᠢ ᠠᠬᠢᠭᠤᠯᠵᠤ᠂ ᠳᠡᠯᠡᠬᠡᠢ ᠳ᠋ᠠᠬᠢᠨ᠎ᠳᠤ ᠳᠡᠯᠭᠡᠷᠡᠭᠦᠯᠵᠦ᠂ ᠬᠥᠮᠥᠨ ᠲᠥᠷᠥᠯᠬᠢᠲᠡᠨ᠎ᠳᠤ ᠪᠤᠶᠠᠨ ᠦᠢ᠍ᠯᠡᠳᠴᠦ ᠪᠤᠢ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠭᠦᠯᠬᠦ ᠵᠢ ᠠᠬᠢᠭᠤᠯᠵᠤ ᠪᠤᠢ
ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ
ᠴᠠᠭ ᠲᠥᠷᠥ ᠵᠢ ᠨᠠᠷᠢᠨ ᠠᠵᠢᠭᠯᠠᠬᠤᠢ | 《ᠲᠡᠦᠬᠡ ᠵᠢᠨ ᠪᠤᠤᠬᠢᠶ᠎ᠠ᠎ᠪᠠᠨ ᠰᠠᠶ᠋ᠢᠲᠤᠷ ᠵᠠᠯᠭ᠋ᠠᠶ᠎ᠠ》
 
            