ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-04-21

    4 ᠰᠠᠷ᠎ᠠ ᠵᠢᠨ 16᠎ᠠᠴᠠ 17᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠤᠨ ᠰᠢᠯᠤᠭᠤᠨ ᠬᠥᠬᠡ ᠬᠤᠰᠢᠭᠤᠨ᠎ᠳᠤ ᠭᠦᠨᠵᠡᠭᠡᠶ᠋ᠢᠷᠡᠵᠦ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠤᠨ ᠲᠤᠬᠠᠢ ᠪᠠᠶ᠋ᠢᠴᠠᠭ᠋ᠠᠨ ᠰᠤᠳᠤᠯᠪᠠ᠃
     ᠰᠦᠨ ᠱᠤᠤ ᠴᠧᠩ ᠤᠷᠢᠳ ᠬᠤᠵᠢᠳ ᠰᠢᠯᠤᠭᠤᠨ ᠬᠥᠬᠡ ᠬᠤᠰᠢᠭᠤᠨ᠎ᠤ ᠠᠯᠲᠠᠲᠠᠢ ᠭᠠᠴᠠᠭ᠋ᠠᠨ᠎ᠤ ᠲᠦᠷᠦᠯ ᠵᠦᠢ᠍ᠯ᠎ᠤᠨ ᠲᠣᠭᠤᠷᠢᠭ ᠪᠣᠯᠣᠨ 《5•1》 ᠮᠠᠯᠵᠢᠯ᠎ᠤᠨ ᠲᠠᠯᠠᠪᠠᠢ ᠵᠢᠨ ᠲᠦᠷᠦᠯ ᠵᠦᠢ᠍ᠯ᠎ᠤᠨ ᠲᠣᠭᠤᠷᠢᠭ᠎ᠲᠤ ᠬᠦᠷᠴᠦ᠂ ᠡᠯᠡᠰᠦᠷᠬᠡᠭ ᠭᠠᠵᠠᠷ᠎ᠢ ᠵᠠᠰᠠᠭᠰᠠᠨ ᠠᠬᠢᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠡᠯᠡᠰᠦ ᠵᠢ ᠵᠠᠰᠠᠬᠤ ᠲᠤᠬᠠᠢ ᠵᠢᠨ ᠲᠠᠯᠠᠪᠠᠢ ᠵᠢᠨ ᠺᠠᠳ᠋ᠷ ᠤᠯᠠᠨ ᠲᠦᠮᠡᠨ᠎ᠲᠠᠢ ᠭᠦᠨᠵᠡᠭᠡᠢ ᠶᠠᠷᠢᠯᠴᠠᠪᠠ᠃ ᠲᠡᠷᠡ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠪᠣᠯ ᠮᠠᠨ᠎ᠤ ᠣᠷᠣᠨ᠎ᠤ ᠨᠡᠶ᠋ᠢᠰᠯᠡᠯ᠎ᠠᠴᠠ ᠬᠠᠮᠤᠭ᠎ᠤᠨ ᠣᠶ᠋ᠢᠷ᠎ᠠ ᠪᠠᠶ᠋ᠢᠭ᠎ᠠ ᠡᠯᠡᠰᠦᠨ᠎ᠤ ᠡᠬᠢ ᠵᠢᠨ ᠭᠠᠵᠠᠷ ᠪᠣᠯᠣᠨ᠎ᠠ᠃ ᠪᠣᠭᠤᠮᠲᠠ ᠰᠢᠪᠲᠤᠯᠬᠤ ᠪᠠᠶ᠋ᠢᠳᠠᠯ ᠵᠶ᠋ᠠᠨ ᠪᠠᠲᠤᠯᠠᠵᠤ᠂ ᠵᠠᠰᠠᠯᠲᠠ ᠵᠢᠨ ᠠᠬᠢᠴᠠ᠎ᠪᠠᠨ ᠲᠦᠷᠭᠡᠳᠬᠡᠵᠦ᠂ ᠨᠢᠭᠡ ᠯᠡ ᠠᠮᠢᠰᠬᠤᠭ᠎ᠠ᠎ᠪᠠᠷ ᠠᠵᠢᠯᠯᠠᠵᠤ᠂ ᠰᠥᠨᠥᠭᠡᠵᠦ ᠳᠡᠶ᠋ᠢᠯᠭᠦ ᠡᠯᠡᠰᠦᠷᠬᠡᠭ ᠭᠠᠵᠠᠷ᠎ᠢ ᠲᠦᠷᠭᠡᠨ ᠰᠥᠨᠥᠭᠡᠬᠦ ᠬᠡᠷᠡᠭᠲᠡᠢ᠃ ᠡᠯᠡᠰᠦᠷᠬᠡᠭ ᠭᠠᠵᠠᠷ᠎ᠢ ᠵᠠᠰᠠᠬᠤ ᠪᠠ ᠨᠤᠲᠤᠭ ᠪᠡᠯᠴᠢᠭᠡᠷ᠎ᠢ ᠬᠠᠮᠠᠭ᠋ᠠᠯᠠᠬᠤ ᠵᠢ ᠨᠢᠭᠲᠠ ᠤᠶᠠᠯᠳᠤᠭᠤᠯᠵᠤ᠂ ᠰᠢᠰᠲ᠋ᠧᠮ᠎ᠲᠠᠢ ᠪᠠᠶ᠋ᠢᠷᠢᠰᠢᠭᠤᠯᠵᠤ᠂ ᠪᠦᠬᠦᠯᠢ ᠴᠣᠭᠴᠠ᠎ᠪᠠᠷ ᠠᠬᠢᠭᠤᠯᠵᠤ᠂ ᠶᠡᠷᠦᠩᠬᠡᠶ᠋ᠢᠯᠡᠭᠰᠡᠨ ᠦᠷ᠎ᠡ ᠠᠰᠢᠭ᠎ᠢ ᠬᠠᠮᠤᠭ᠎ᠤᠨ ᠶᠡᠭᠡ ᠪᠤᠯᠭ᠋ᠠᠬᠤ᠎ᠪᠠᠷ ᠴᠢᠷᠮᠠᠶ᠋ᠢᠬᠤ ᠬᠡᠷᠡᠭᠲᠡᠢ ᠭᠡᠵᠡᠢ᠃ ᠰᠦᠨ ᠱᠤᠤ ᠴᠧᠩ ᠪᠠᠰᠠ ᠱᠠᠩᠳᠤ ᠪᠠᠯᠭ᠋ᠠᠰᠤᠨ᠎ᠤ ᠴᠡᠩᠭᠡᠯᠲᠦ ᠭᠠᠴᠠᠭ᠋ᠠᠨ᠎ᠤ ᠮᠠᠯᠴᠢᠨ ᠡᠷᠦᠭᠡ᠎ᠳᠤ ᠬᠦᠷᠴᠦ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠣᠶ᠋ᠢᠯᠠᠭ᠋ᠠᠪᠠ᠃
    17᠎ᠤ ᠦᠳᠡ ᠵᠢᠨ ᠡᠮᠦᠨ᠎ᠡ᠂ ᠰᠢᠯᠢ ᠵᠢᠨ ᠭᠤᠣᠯ ᠠᠶ᠋ᠢᠮᠠᠭ ᠪᠣᠯᠣᠨ ᠰᠢᠯᠤᠭᠤᠨ ᠬᠥᠬᠡ ᠬᠤᠰᠢᠭᠤᠨ᠎ᠤ ᠬᠤᠯᠪᠣᠭᠳᠠᠯ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠰᠦᠨ ᠱᠤᠤ ᠴᠧᠩ᠂ ᠰᠢᠯᠢ ᠵᠢᠨ ᠭᠤᠣᠯ ᠠᠶ᠋ᠢᠮᠠᠭ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠳᠠ᠎ᠠᠴᠠ ᠥᠭᠡᠷ᠎ᠡ ᠬᠡᠨ ᠡᠭᠦᠷᠭᠡᠯᠡᠵᠦ ᠲᠡᠶ᠋ᠢᠯᠭᠦ ᠪᠤᠢ ᠭᠡᠬᠦ ᠡᠷᠴᠢ ᠵᠣᠷᠢᠭ ᠵᠶ᠋ᠠᠷ ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠭᠡ᠎ᠪᠠᠷ ᠪᠠᠳᠠᠷᠠᠭᠤᠯᠵᠤ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠡᠨᠡ ᠬᠦ᠌ ᠥᠷᠭᠡᠨ ᠠᠭᠤᠳᠠᠮ ᠲᠠᠯ᠎ᠠ ᠨᠤᠲᠤᠭ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠡᠯᠡᠰᠦ ᠵᠢ ᠵᠠᠰᠠᠬᠤ ᠠᠵᠢᠯ᠎ᠢ ᠲᠦᠷᠭᠡᠨ ᠪᠥᠭᠡᠳ ᠴᠢᠨᠠᠷ᠎ᠢ ᠪᠠᠲᠤᠯᠠᠨ ᠠᠬᠢᠭᠤᠯᠵᠤ᠂ ᠲᠤᠬᠠᠢ ᠵᠢᠨ ᠭᠠᠵᠠᠷ᠎ᠠᠴᠠ ᠮᠠᠲ᠋ᠧᠷᠢᠶᠠᠯ ᠠᠪᠬᠤ ᠵᠢ ᠴᠢᠩᠭ᠋ᠠᠳᠬᠠᠨ᠂ ᠠᠷᠭ᠎ᠠ ᠪᠦᠭᠦᠨ᠎ᠢ ᠰᠦᠪᠡᠭᠴᠢᠯᠡᠵᠦ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠪᠠᠭᠤᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠡᠯᠡᠰᠦ ᠵᠢ ᠵᠠᠰᠠᠬᠤ᠂ ᠮᠠᠰᠢᠨ ᠵᠶ᠋ᠠᠷ ᠡᠯᠡᠰᠦ ᠵᠢ ᠵᠠᠰᠠᠬᠤ ᠵᠢ ᠶᠡᠭᠡ᠎ᠪᠠᠷ ᠳᠡᠯᠭᠡᠷᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠷᠭᠤᠮᠠᠯ᠎ᠤᠨ ᠬᠤᠴᠢᠯᠭ᠎ᠠ ᠵᠢᠨ ᠲᠦᠷᠦᠯ ᠭᠡᠯᠪᠡᠷᠢ ᠪᠣᠯᠣᠨ ᠨᠢᠭᠲᠠᠴᠠ ᠵᠢ ᠵᠣᠬᠢᠰᠲᠠᠢ ᠲᠣᠬᠢᠷᠠᠭᠤᠯᠤᠨ᠂ ᠴᠢᠬᠢ ᠮᠣᠳᠣᠨ᠎ᠤ ᠡᠳᠡᠭᠡᠷᠡᠯᠲᠡ ᠵᠢᠨ ᠨᠤᠷᠮ᠎ᠠ ᠵᠢ ᠳᠡᠭᠡᠭᠰᠢᠯᠡᠭᠦᠯᠵᠦ᠂ ᠨᠢᠭᠡ ᠬᠡᠰᠡᠭ᠎ᠢ ᠵᠠᠰᠠᠪᠠᠯ ᠲᠡᠷᠡ ᠬᠡᠰᠡᠭ᠎ᠲᠤ ᠦᠷ᠎ᠡ ᠪᠦᠲᠦᠮᠵᠢ ᠭᠠᠷᠭ᠋ᠠᠵᠤ ᠨᠣᠭᠤᠭ᠋ᠠᠷᠠᠭᠤᠯᠬᠤ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃ ᠴᠤᠬᠤᠶ᠋ᠢᠮᠠᠬ᠍ᠴᠠ ᠴᠣᠬᠢᠯᠲᠠ ᠥᠭᠬᠦ ᠵᠢ ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ᠎ᠢ ᠡᠪᠳᠡᠵᠦ ᠰᠦᠢ᠍ᠳᠬᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠬᠦᠴᠦᠲᠡᠢ ᠠᠬᠢᠭᠤᠯᠵᠤ᠂ ᠡᠯ᠎ᠡ ᠲᠦᠷᠦᠯ᠎ᠤᠨ ᠠᠮᠢ ᠠᠬᠤᠢ ᠵᠢᠨ ᠨᠥᠬᠦᠪᠦᠷᠢ ᠱᠠᠩᠨᠠᠯ᠎ᠤᠨ ᠪᠡᠯᠡ ᠮᠥᠩᠭᠦ ᠵᠢ ᠳᠦᠷᠢᠮᠵᠢᠭᠦᠯᠦᠨ ᠣᠯᠭᠤᠵᠤ᠂ ᠥᠴᠥᠬᠡᠨ ᠴᠦ᠍ ᠨᠠᠶ᠋ᠢᠷ ᠬᠠᠶᠠᠬᠤ ᠦᠭᠡᠢ᠎ᠪᠠᠷ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠵᠠᠭᠪᠤᠷ᠎ᠤᠨ ᠰᠢᠨ᠎ᠡ ᠵᠢ ᠡᠭᠦᠳᠴᠦ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ᠃ 《ᠬᠡᠨ ᠵᠠᠰᠠᠪᠠᠯ ᠬᠡᠨ ᠠᠰᠢᠭ ᠭᠦᠷᠳᠡᠭᠦ》 ᠨᠡᠩ ᠤᠯᠠᠨ ᠪᠣᠳᠠᠲᠠᠢ ᠠᠷᠭ᠎ᠠ ᠬᠡᠮᠵᠢᠶ᠎ᠡ ᠵᠢ ᠰᠦᠪᠡᠭᠴᠢᠯᠡᠵᠦ᠂ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠵᠠᠭᠪᠤᠷ᠎ᠢ ᠶᠡᠭᠡ᠎ᠪᠠᠷ ᠳᠡᠯᠭᠡᠷᠡᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠬᠦ ᠵᠢ ᠨᠡᠩ ᠰᠠᠶ᠋ᠢᠲᠤᠷ ᠳᠠᠶ᠋ᠢᠴᠢᠯᠠᠬᠤ ᠬᠡᠷᠡᠭᠲᠡᠢ᠃ ᠡᠪᠡᠰᠦᠨ᠎ᠤ ᠠᠵᠤ ᠦᠢ᠍ᠯᠡᠰ᠎ᠢ ᠤᠯᠠᠮ ᠨᠢᠭᠡ ᠠᠯᠬᠤᠮ ᠪᠤᠵᠠᠭ᠋ᠠᠶ᠋ᠢᠷᠠᠭᠤᠯᠵᠤ᠂ ᠡᠯᠡᠰᠦᠨ᠎ᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠦᠯᠢᠭᠡᠷ᠎ᠢ ᠰᠠᠶ᠋ᠢᠲᠤᠷ ᠶᠠᠷᠢᠵᠤ᠂ ᠨᠡᠩ ᠤᠯᠠᠨ ᠡᠬᠢ ᠪᠠᠶᠠᠯᠢᠭ ᠪᠠ ᠬᠦᠴᠦᠨ᠎ᠢ ᠲᠠᠲᠠᠵᠤ ᠮᠠᠨ᠎ᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ ᠦᠢ᠍ᠯᠡᠰ᠎ᠲᠤ ᠣᠷᠣᠯᠴᠠᠭᠤᠯᠬᠤ ᠬᠡᠷᠡᠭᠲᠡᠢ ᠭᠡᠵᠡᠢ᠃
     ᠰᠦᠨ ᠱᠤᠤ ᠴᠧᠩ ᠪᠠᠰᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠣᠨ ᠲᠥᠪ᠎ᠤᠨ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ᠎ᠢ ᠲᠡᠮᠵᠢᠨ ᠬᠠᠮᠵᠢᠯᠴᠠᠬᠤ ᠲᠤᠬᠠᠢ ᠱᠠᠭ᠋ᠠᠷᠳᠠᠯᠭ᠎ᠠ ᠳᠤᠷᠠᠳᠴᠠᠢ᠃
     ᠢᠦᠢ ᠯᠢ ᠰᠢᠨ᠂ ᠵᠠᠩ ᠪᠠᠢ ᠴᠧᠩ ᠠᠵᠢᠯᠯᠠᠭ᠎ᠠ᠎ᠳᠤ ᠣᠷᠣᠯᠴᠠᠪᠠ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ
ᠴᠠᠭ ᠲᠥᠷᠥ ᠵᠢ ᠨᠠᠷᠢᠨ ᠠᠵᠢᠭᠯᠠᠬᠤᠢ | 《ᠲᠡᠦᠬᠡ ᠵᠢᠨ ᠪᠤᠤᠬᠢᠶ᠎ᠠ᠎ᠪᠠᠨ ᠰᠠᠶ᠋ᠢᠲᠤᠷ ᠵᠠᠯᠭ᠋ᠠᠶ᠎ᠠ》
ᠰᠢᠯᠢ ᠵᠢᠨ ᠭᠣᠣᠯ᠄ ᠬᠤᠪᠢᠰᠬᠠᠯ᠎ᠤᠨ ᠤᠳᠤᠮᠰᠢᠯ ᠵᠶ᠋ᠠᠷ ᠬᠠᠤᠯᠢᠵᠢᠯ᠎ᠤᠨ ᠰᠣᠶᠣᠯ᠎ᠤᠨ ᠰᠦᠭ ᠰᠦᠨᠡᠰᠦ ᠪᠣᠯᠭ᠋ᠠᠨ᠎ᠠ
ᠮᠣᠳᠣ ᠣᠭᠲᠣᠯᠬᠤ ᠵᠢ ᠵᠣᠭᠰᠣᠭ᠋ᠠᠭᠰᠠᠨ 10 ᠵᠢᠯ᠎ᠤᠨ ᠲᠤᠷᠰᠢᠬᠢ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠭᠤᠷᠪᠠᠨ ᠬᠤᠪᠢᠷᠠᠯᠲᠠ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠳᠤᠨ ᠭᠤᠣᠯ᠎ᠤᠨ 《ᠶᠡᠭᠡ ᠲᠣᠬᠤᠢ ᠣᠷᠣᠨ》᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠾᠧ ᠯᠢ ᠹᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
 
            