ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ
ᠨᠡᠶ᠋ᠢᠲᠡᠯᠡᠭᠰᠡᠨ ᠴᠠᠭ᠄ 2025-04-27

    ᠦᠴᠦᠸᠠᠨ ᠰᠢᠶᠠᠨ᠎ᠳᠤ᠂ 79 . 35 ᠲᠦᠮᠡᠨ ᠮᠦ᠍ ᠣᠶ᠋ᠢᠲᠤ ᠭᠠᠵᠠᠷ ᠪᠣᠯᠤᠨ 351 ᠲᠦᠮᠡᠨ ᠮᠦ᠍ ᠪᠡᠯᠴᠢᠭᠡᠷ ᠦᠷᠭᠦᠯᠵᠢᠯᠡᠵᠦ᠂ ᠥᠷᠭᠡᠨ ᠠᠭᠤᠳᠠᠮ ᠨᠣᠮᠢᠨ ᠨᠣᠭᠣᠭ᠋ᠠᠨ ᠭᠡᠷ ᠣᠷᠣᠨ᠎ᠢ ᠪᠦᠷᠢᠯᠳᠦᠭᠦᠯᠪᠡ᠃ ᠡᠨᠡᠬᠦ ᠬᠣᠪᠣᠷ ᠨᠠᠨᠳᠢᠨ ᠠᠮᠢ ᠠᠬᠤᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠵᠢᠨ ᠲᠥᠯᠥᠭᠡ᠂ ᠦᠴᠦᠸᠠᠨ ᠰᠢᠶᠠᠨ ᠢᠳᠡᠪᠬᠢᠲᠡᠢ ᠬᠥᠳᠡᠯᠦᠯᠴᠡᠵᠦ᠂ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠬᠦ 《ᠠᠮᠤᠷ ᠲᠦᠪᠰᠢᠨ᠎ᠤ ᠲᠣᠣᠷ》᠎ᠢ ᠪᠦᠬᠦ ᠲᠠᠯ᠎ᠠ᠎ᠪᠠᠷ᠂ ᠤᠯᠠᠨ ᠳᠠᠪᠬᠤᠷᠭ᠎ᠠ᠎ᠪᠠᠷ ᠨᠢᠭᠲᠠ ᠰᠦᠯᠵᠢᠪᠡ᠃
     ᠭᠠᠯ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ᠎ᠳᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠣᠯ ᠵᠠᠩᠭᠢᠯᠠᠭ᠎ᠠ ᠪᠣᠯᠤᠨ᠎ᠠ᠃ ᠡᠭᠦᠨ᠎ᠤ ᠲᠤᠯᠠᠳᠠ᠂ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠬᠤ᠂ ᠨᠢᠭᠡ ᠠᠵᠢᠯ᠎ᠤᠨ ᠪᠠᠶ᠋ᠢᠷᠢ᠎ᠳᠤ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠠᠶᠤᠯ ᠥᠬᠡᠶ   ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ》 ᠪᠠ 《ᠣᠶ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ》 ᠵᠢᠨ ᠬᠣᠶᠠᠷ ᠶᠡᠬᠡ ᠭᠠᠷᠳᠠᠴᠠ ᠵᠢ ᠠᠰᠢᠭᠯᠠᠨ᠂ ᠭᠤᠯᠳᠤ᠎ᠪᠠᠷ ᠡᠴᠦᠰ᠎ᠲᠤᠨᠢ ᠲᠤᠯᠲᠠᠯ᠎ᠠ᠂ ᠬᠥᠨᠳᠡᠯᠡᠨ ᠵᠶ᠋ᠠᠷ ᠬᠥᠪᠡᠭᠡ ᠵᠠᠬ᠎ᠠ᠎ᠳᠤᠨᠢ ᠭᠦᠷᠦᠭᠰᠡᠨ ᠬᠠᠷᠢᠭᠤᠴᠠᠯᠭ᠎ᠠ ᠵᠢᠨ ᠲᠤᠤᠷ ᠰᠦᠯᠵᠢᠶ᠎ᠡ ᠵᠢ ᠦᠳᠲᠡᠷ ᠲᠦᠷᠭᠡᠨ ᠨᠡᠭᠡᠭᠡᠵᠦ᠂ ᠣᠶ᠋ᠢᠲᠤ ᠭᠠᠵᠠᠷ᠂ ᠡᠪᠡᠰᠦ ᠪᠡᠯᠴᠢᠭᠡᠷ ᠨᠢᠭᠡᠪᠦᠷᠢ᠎ᠳᠤ ᠴᠥᠮ ᠲᠣᠳᠣᠷᠬᠠᠶ ᠬᠠᠷᠢᠭᠤᠴᠠᠯᠭ᠎ᠠ᠎ᠲᠠᠢ ᠪᠣᠯᠭ᠋ᠠᠵᠤ᠂ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠵᠠᠪᠰᠠᠷ ᠥᠬᠡᠶ ᠵᠣᠯᠭ᠋ᠠᠯᠳᠤᠭᠤᠯᠪᠠ᠃ ᠦᠴᠦᠸᠠᠨ ᠰᠢᠶᠠᠨ᠎ᠤ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ᠂ ᠭᠣᠣᠯᠳᠠᠯᠭ᠎ᠠ᠎ᠲᠠᠢ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ ᠬᠡᠰᠡᠭ ᠭᠠᠵᠠᠷ᠎ᠢ ᠳᠠᠭ᠋ᠠᠭ᠋ᠠᠴᠢᠯᠠᠬᠤ ᠦᠢ᠍ᠯᠡᠴᠢᠯᠡᠭᠡᠨ᠎ᠤ ᠵᠢᠯᠣᠭᠣᠳᠬᠤ ᠳᠤᠭᠤᠶ᠋ᠢᠯᠠᠩ ᠪᠠᠶ᠋ᠢᠭᠤᠯᠵᠤ᠂ ᠲᠡᠳᠡ ᠠᠭᠤᠯᠠ ᠰᠢᠭᠤᠢ ᠨᠤᠲᠤᠭ ᠪᠡᠯᠴᠢᠭᠡᠷ᠎ᠤᠨ ᠬᠣᠭᠣᠷᠣᠨᠳᠣ ᠰᠦᠯᠵᠢᠯᠳᠦᠵᠦ᠂ ᠬᠠᠮᠢᠭ᠎ᠠ ᠬᠡᠮ ᠰᠣᠭᠣᠭ ᠣᠷᠣᠰᠢᠵᠤ ᠪᠠᠶ᠋ᠢᠪᠠᠯ᠂ ᠬᠠᠮᠢᠭ᠎ᠠ ᠲᠡᠳᠡᠨ᠎ᠤ ᠪᠠᠷ᠎ᠠ ᠰᠡᠭᠦᠳᠡᠷ ᠪᠠᠶ᠋ᠢᠵᠤ᠂ ᠭᠠᠯ ᠰᠡᠷᠭᠡᠶ᠋ᠢᠯᠡᠬᠦ ᠠᠵᠢᠯ᠎ᠤᠨ ᠭᠣᠭᠴᠣᠭ᠎ᠠ ᠪᠣᠯᠭ᠋ᠠᠨ᠎ᠳᠤ ᠴᠥᠮ ᠲᠤᠰᠬᠠᠢ ᠬᠥᠮᠦᠨ ᠬᠠᠷᠢᠭᠤᠴᠠᠬᠤ ᠵᠢ ᠪᠠᠲᠤᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠦᠨᠡᠨ ᠬᠦ᠌ ᠪᠡᠶᠡᠯᠡᠭᠦᠯᠪᠡ᠃
     ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ ᠪᠣᠯ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠭᠤᠤᠯᠳᠠᠯᠭ᠎ᠠ ᠵᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠦᠴᠦᠸᠠᠨ ᠰᠢᠶᠠᠨ᠎ᠤ ᠡᠯ᠎ᠡ ᠠᠭᠤᠯᠠᠨ᠎ᠳᠤ ᠣᠷᠣᠬᠤ ᠵᠠᠮ᠎ᠤᠨ ᠠᠭᠤᠯᠵᠠᠷ᠎ᠤᠨ ᠪᠠᠶ᠋ᠢᠴᠠᠭ᠋ᠠᠬᠤ ᠴᠡᠭ᠎ᠲᠤ᠂ ᠠᠵᠢᠯᠲᠠᠳ ᠠᠭᠤᠯᠠᠨ᠎ᠳᠤ ᠣᠷᠣᠬᠤ ᠬᠥᠮᠦᠰ᠎ᠢ ᠨᠠᠷᠢᠨ ᠬᠢᠨᠠᠮᠠᠭ᠋ᠠᠶ ᠪᠦᠷᠢᠳᠬᠡᠨ ᠲᠡᠮᠳᠡᠭᠯᠡᠬᠦ ᠵᠢᠨ ᠬᠠᠮᠲᠤ ᠭᠠᠯ ᠰᠡᠷᠭᠡᠶ᠋ᠢᠯᠡᠬᠦ ᠤᠬᠠᠭᠤᠯᠭ᠎ᠠ ᠥᠷᠨᠢᠭᠦᠯᠵᠦ᠂   ᠲᠦᠢ᠍ᠮᠡᠷ᠎ᠤᠨ ᠲᠥᠷᠥᠯ᠎ᠢ ᠡᠭᠦᠳᠡᠨ ᠭᠠᠳᠠᠨ᠎ᠠ ᠵᠣᠭᠰᠣᠭ᠋ᠠᠪᠠ᠃ ᠣᠶ ᠰᠢᠭᠤᠶ ᠲᠠᠷᠢᠶᠠᠨ ᠭᠠᠵᠠᠷ ᠰᠣᠯᠪᠢᠴᠠᠭᠰᠠᠨ ᠭᠠᠵᠠᠷ᠎ᠲᠤ᠂ ᠬᠢᠨᠠᠨ ᠬᠠᠮᠢᠶᠠᠷᠬᠤ ᠠᠵᠢᠯᠲᠠᠨ ᠲᠣᠭᠣᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠠᠷᠢᠶᠠᠯᠠᠩ᠎ᠤᠨ ᠶᠠᠪᠤᠳᠠᠯ᠎ᠳᠤ ᠭᠠᠯ ᠬᠡᠷᠡᠭᠯᠡᠬᠦ ᠵᠢ ᠨᠢᠭᠲᠠ ᠠᠩᠬᠠᠷᠴᠤ᠂ ᠠᠰᠢᠭ ᠥᠬᠡᠶ ᠠᠭᠤᠷ ᠠᠮᠢᠰᠬᠤᠯ ᠲᠣᠬᠢᠶᠠᠯᠳᠤᠪᠠᠯ ᠴᠠᠭ ᠲᠤᠬᠠᠶ᠎ᠳᠤᠨᠢ ᠲᠣᠰᠬᠣᠨ᠎ᠤ ᠠᠷᠠᠳ᠎ᠤᠨ ᠭᠠᠯ ᠬᠡᠷᠡᠭᠯᠡᠬᠦ ᠵᠢ ᠢᠳᠬᠠᠨ ᠬᠣᠷᠢᠭᠯᠠᠬᠤ ᠬᠡᠷᠡᠭᠲᠡᠶ᠃ ᠪᠤᠩᠬᠤᠨ᠎ᠤ ᠭᠠᠵᠠᠷ᠎ᠤᠨ ᠡᠷᠬᠢᠨ ᠲᠣᠭᠣᠷᠢᠨ᠎ᠳᠤ᠂ ᠠᠵᠢᠯᠲᠠᠳ ᠰᠢᠲᠠᠮᠠᠬᠠᠢ ᠪᠣᠳᠠᠰ᠎ᠢ ᠤᠷᠢᠳᠴᠢᠯᠠᠨ ᠴᠡᠪᠡᠷᠯᠡᠵᠦ᠂ ᠲᠥᠪᠯᠡᠷᠡᠭᠦᠯᠦᠨ ᠳᠠᠬᠢᠯᠭ᠎ᠠ ᠵᠢᠨ ᠣᠷᠣᠨ ᠭᠠᠷᠭ᠋ᠠᠬᠤ ᠪᠥᠭᠡᠳ ᠤᠯᠠᠨ ᠲᠦᠮᠡᠨ᠎ᠤ ᠪᠣᠯᠪᠠᠰᠤᠨ ᠵᠶ᠋ᠠᠷ ᠳᠠᠬᠢᠯᠭ᠎ᠠ ᠬᠢᠬᠦ ᠵᠢ ᠤᠬᠠᠭᠤᠯᠵᠤ ᠬᠦᠳᠦᠯᠥᠨ ᠵᠢᠯᠣᠭᠣᠳᠬᠤ᠎ᠪᠠᠷ ᠳᠠᠮᠵᠢᠭᠤᠯᠵᠤ᠂ ᠭᠠᠯ᠎ᠤᠨ ᠭᠠᠮᠰᠢᠭ ᠡᠭᠦᠰᠬᠦ ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠪᠠᠭ᠋ᠠᠰᠬᠠᠨ᠎ᠠ᠃
     ᠭᠠᠯ᠎ᠤᠨ ᠠᠶᠤᠯ᠎ᠢ ᠡᠷᠲᠡ ᠢᠯᠡᠷᠡᠭᠦᠯᠵᠦ ᠡᠷᠲᠡ ᠰᠢᠢ᠍ᠳᠪᠦᠷᠢᠯᠡᠬᠦ ᠵᠢᠨ ᠲᠥᠯᠥᠭᠡ᠂ ᠦᠴᠦᠸᠠᠨ ᠰᠢᠶᠠᠨ᠎ᠤ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ ᠵᠶ᠋ᠠᠨ ᠭᠦᠢ᠍ᠴᠡᠳ ᠪᠠᠳᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠪᠠ᠃ ᠣᠶ ᠰᠢᠭᠤᠶ ᠡᠪᠡᠰᠦ ᠪᠡᠯᠴᠢᠭᠡᠷ ᠬᠢᠭᠡᠳ ᠴᠠᠭ ᠠᠭᠤᠷ ᠵᠡᠷᠭᠡ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠵᠦ᠂ ᠴᠠᠭ ᠠᠭᠤᠷ᠎ᠤᠨ ᠰᠠᠯᠠᠭ᠎ᠠ ᠮᠥᠴᠢᠷ᠎ᠤᠳ ᠴᠠᠭ ᠠᠭᠤᠷ᠎ᠢ ᠬᠢᠨᠠᠨ ᠬᠡᠮᠵᠢᠬᠦ ᠲᠥᠬᠥᠭᠡᠷᠦᠮᠵᠢ ᠪᠣᠯᠤᠨ ᠮᠡᠷᠭᠡᠵᠢᠯ᠎ᠢ ᠠᠰᠢᠭᠯᠠᠨ᠂ ᠣᠬᠣᠷ ᠬᠤᠭᠤᠴᠠᠭ᠋ᠠᠨ᠎ᠤ ᠲᠦᠷ ᠴᠠᠭ᠎ᠤᠨ ᠤᠷᠢᠳᠴᠢᠯᠠᠭᠰᠠᠨ ᠮᠡᠳᠡᠭᠡ ᠵᠢ ᠰᠠᠶ᠋ᠢᠲᠤᠷ ᠬᠢᠵᠦ᠂ ᠭᠠᠯ ᠰᠡᠷᠭᠡᠶ᠋ᠢᠯᠡᠨ ᠤᠨᠲᠠᠷᠠᠭ᠋ᠠᠬᠤ᠎ᠳᠤ ᠣᠨᠣᠪᠴᠢᠲᠠᠶ ᠴᠠᠭ ᠠᠭᠤᠷ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠶ᠃ ᠬᠢᠨᠠᠨ ᠬᠡᠮᠵᠢᠬᠦ ᠠᠷᠭ᠎ᠠ ᠪᠠᠷᠢᠯ᠎ᠤᠨ ᠲᠠᠯ᠎ᠠ᠎ᠪᠠᠷ᠂ ᠦᠴᠦᠸᠠᠨ ᠰᠢᠶᠠᠨ ᠪᠦᠬᠦ ᠲᠠᠯ᠎ᠠ ᠵᠢᠨ᠂ ᠪᠣᠰᠣᠭ᠎ᠠ ᠴᠣᠭᠴᠠᠲᠤ ᠬᠢᠨᠠᠨ ᠬᠡᠮᠵᠢᠬᠦ ᠰᠢᠰᠲ᠋ᠧᠮ᠎ᠢ ᠪᠠᠶ᠋ᠢᠭᠤᠯᠪᠠ᠃ ᠸᠢᠳᠢᠣ᠋᠎ᠪᠠᠷ 24 ᠴᠠᠭ ᠬᠢᠨᠠᠨ ᠡᠵᠡᠮᠳᠡᠵᠦ᠂ ᠠᠭᠤᠯᠠ ᠰᠢᠭᠤᠶ ᠵᠢᠨ ᠬᠥᠳᠡᠯᠦᠯ ᠪᠠᠶ᠋ᠢᠳᠠᠯ᠎ᠢ ᠲᠠᠰᠤᠷᠠᠯᠲᠠ ᠥᠬᠡᠶ ᠠᠵᠢᠭᠯᠠᠵᠤ᠂ ᠰᠤᠪᠤᠷᠭ᠋ᠠᠨ ᠲᠠᠶ᠋ᠢᠰᠠ ᠵᠢᠨ ᠦᠵᠡᠭᠴᠢ ᠠᠯᠤᠰ᠎ᠢ ᠴᠠᠭ ᠢᠮᠠᠭᠲᠠ ᠰᠡᠷᠡᠮᠵᠢᠯᠡᠵᠦ᠂ ᠭᠠᠵᠠᠷ ᠳᠡᠭᠡᠷᠡᠬᠢ ᠴᠠᠭᠳᠠᠨ ᠪᠠᠶ᠋ᠢᠴᠠᠭ᠋ᠠᠬᠤ ᠠᠵᠢᠯᠲᠠᠳ ᠠᠭᠤᠯᠠ ᠰᠢᠭᠤᠶ᠎ᠳᠤ ᠭᠦᠨᠵᠡᠭᠡᠶ᠋ᠢᠷᠡᠨ᠂ ᠠᠯᠢ ᠨᠢᠭᠡ ᠥᠨᠴᠥᠭ ᠪᠤᠯᠤᠩ᠎ᠢ ᠴᠤ᠌ ᠣᠷᠬᠢᠭᠳᠠᠭᠤᠯᠬᠤ ᠥᠬᠡᠶ ᠪᠠᠶ᠋ᠢᠪᠠ᠃ ᠡᠭᠦᠰᠴᠦ ᠮᠡᠳᠡᠬᠦ ᠭᠠᠯ᠎ᠤᠨ ᠠᠶᠤᠯ᠎ᠤᠨ ᠡᠮᠦᠨ᠎ᠡ᠂ ᠦᠴᠦᠸᠠᠨ ᠰᠢᠶᠠᠨ ᠴᠠᠭ ᠢᠮᠠᠭᠲᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠶ᠋ᠢᠳᠠᠯ ᠵᠶ᠋ᠠᠨ ᠪᠠᠲᠤᠯᠠᠵᠤ ᠪᠠᠶ᠋ᠢᠨ᠎ᠠ᠃ ᠭᠠᠯ ᠤᠨᠲᠠᠷᠠᠭ᠋ᠠᠬᠤ ᠡᠩᠨᠡᠭᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠠ ᠬᠠᠮᠵᠢᠯᠴᠠᠨ ᠪᠠᠶ᠋ᠢᠯᠳᠤᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠦᠴᠦᠸᠠᠨ ᠰᠢᠶᠠᠨ ᠲᠣᠭᠲᠠᠭᠰᠠᠨ ᠬᠤᠭᠤᠴᠠᠭ᠎ᠠ᠎ᠲᠠᠢ᠎ᠪᠠᠷ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠬᠣᠣᠰ ᠪᠠᠯᠠᠢ ᠳᠠᠢ᠍ᠢ᠍ᠴᠢᠯᠠᠯᠳᠠ ᠬᠢᠵᠡᠢ᠃ ᠡᠳᠦᠭᠡ᠂ ᠦᠴᠦᠸᠠᠨ ᠰᠢᠶᠠᠨ ᠨᠢᠭᠡᠨᠲᠡ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠪᠣᠳᠠᠰ᠎ᠤᠨ ᠰᠡᠷᠭᠡᠶ᠋ᠢᠯᠡᠯᠲᠡ᠂ ᠮᠡᠷᠭᠡᠵᠢᠯ᠎ᠤᠨ ᠰᠡᠷᠭᠡᠶ᠋ᠢᠯᠡᠯᠲᠡ ᠵᠢ ᠠᠭᠤᠰᠤᠯᠴᠠᠭᠤᠯᠤᠭᠰᠠᠨ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠠᠮᠢ ᠠᠬᠤᠢ ᠵᠢᠨ ᠠᠮᠤᠷ ᠲᠦᠪᠰᠢᠨ ᠪᠣᠯᠤᠨ ᠤᠯᠠᠨ ᠲᠦᠮᠡᠨ᠎ᠤ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠳᠤ ᠪᠠᠲᠤ ᠪᠡᠬᠢ ᠰᠡᠷᠭᠡᠶ᠋ᠢᠯᠡᠯᠲᠡ ᠵᠢᠨ ᠱᠤᠭᠤᠮ ᠪᠠᠶ᠋ᠢᠭᠤᠯᠵᠤ ᠥᠭᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠴᠠᠭ ᠲᠥᠷᠥ ᠵᠢ ᠨᠠᠷᠢᠨ ᠠᠵᠢᠭᠯᠠᠬᠤᠢ | 《ᠲᠡᠦᠬᠡ ᠵᠢᠨ ᠪᠤᠤᠬᠢᠶ᠎ᠠ᠎ᠪᠠᠨ ᠰᠠᠶ᠋ᠢᠲᠤᠷ ᠵᠠᠯᠭ᠋ᠠᠶ᠎ᠠ》
ᠰᠢᠯᠢ ᠵᠢᠨ ᠭᠣᠣᠯ᠄ ᠬᠤᠪᠢᠰᠬᠠᠯ᠎ᠤᠨ ᠤᠳᠤᠮᠰᠢᠯ ᠵᠶ᠋ᠠᠷ ᠬᠠᠤᠯᠢᠵᠢᠯ᠎ᠤᠨ ᠰᠣᠶᠣᠯ᠎ᠤᠨ ᠰᠦᠭ ᠰᠦᠨᠡᠰᠦ ᠪᠣᠯᠭ᠋ᠠᠨ᠎ᠠ
ᠮᠣᠳᠣ ᠣᠭᠲᠣᠯᠬᠤ ᠵᠢ ᠵᠣᠭᠰᠣᠭ᠋ᠠᠭᠰᠠᠨ 10 ᠵᠢᠯ᠎ᠤᠨ ᠲᠤᠷᠰᠢᠬᠢ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠭᠤᠷᠪᠠᠨ ᠬᠤᠪᠢᠷᠠᠯᠲᠠ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠳᠤᠨ ᠭᠤᠣᠯ᠎ᠤᠨ 《ᠶᠡᠭᠡ ᠲᠣᠬᠤᠢ ᠣᠷᠣᠨ》᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠾᠧ ᠯᠢ ᠹᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ 《ᠦᠨᠡᠨ》 ᠰᠡᠳᠬᠦᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠣᠣ ᠴᠧᠩ᠎ᠤᠨ ᠨᠡᠷ᠎ᠡ ᠬᠠᠲᠠᠭᠰᠠᠨ ᠵᠣᠬᠢᠶᠠᠯ᠎ᠢ ᠨᠡᠶ᠋ᠢᠲᠡᠯᠡᠪᠡ
 
            