ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠭᠦᠯᠬᠦ ᠵᠢ ᠠᠬᠢᠭᠤᠯᠵᠤ ᠪᠤᠢ
ᠨᠡᠶ᠋ᠢᠲᠡᠯᠡᠭᠰᠡᠨ ᠴᠠᠭ᠄ 2025-04-09

    ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠤᠬᠠᠮᠰᠠᠷ᠎ᠠᠴᠠ᠎ᠪᠠᠨ ᠤᠶᠠᠯᠳᠤᠭᠤᠯᠵᠤ᠂ ᠨᠢᠭᠡ ᠭᠤᠣᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠲᠠᠪᠤᠨ ᠶᠡᠭᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠯᠦᠭᠡ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠶ᠋ᠢᠵᠤ ᠪᠠᠶ᠋ᠢᠨ᠎ᠠ᠃
     ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠪᠠᠶ᠋ᠢᠭᠤᠯᠭ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠬᠦ ᠲᠤᠬᠠᠢ ᠲᠣᠬᠢᠷᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠪᠠᠶ᠋ᠢᠭᠤᠯᠭ᠎ᠠ ᠵᠢᠨ᠎ᠬᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠬᠤ᠎ᠪᠠᠷ ᠭᠤᠣᠯ ᠰᠡᠳᠦᠪ ᠪᠤᠯᠭ᠋ᠠᠵᠤ᠂ ᠲᠤᠰᠬᠠᠢ ᠰᠡᠳᠦᠪ ᠵᠶ᠋ᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠵᠶ᠋ᠠᠨ ᠰᠤᠷᠤᠯᠴᠠᠬᠤ ᠵᠢ ᠤᠶᠠᠯᠳᠤᠭᠤᠯᠬᠤ ᠭᠡᠯᠪᠡᠷᠢ᠎ᠪᠠᠷ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠯ ᠦᠭᠡᠢ ᠨᠠᠶ᠋ᠢᠳᠠᠪᠤᠷᠢᠵᠢᠭᠤᠯᠵᠤ᠂ ᠲᠠᠨᠢᠯᠲᠠ᠎ᠪᠠᠨ ᠳᠡᠭᠡᠭᠰᠢᠯᠡᠭᠦᠯᠵᠦ᠂ ᠢᠲᠡᠭᠡᠯ ᠵᠶ᠋ᠠᠨ ᠨᠡᠮᠡᠭᠳᠡᠭᠦᠯᠵᠦ᠂ ᠨᠠᠶ᠋ᠢᠳᠠᠪᠤᠷᠢᠵᠢᠭᠤᠯᠤᠯᠲᠠ ᠵᠢ ᠡᠷᠡᠰ ᠭᠤᠶ᠋ᠢᠪᠢᠰᠢ ᠦᠭᠡᠢ ᠰᠠᠶ᠋ᠢᠲᠤᠷ ᠠᠳᠬᠤᠬᠤ ᠵᠢ ᠬᠥᠲᠥᠯᠥᠨ ᠵᠢᠯᠣᠭᠤᠳᠪᠠ᠃ ᠤᠯᠠᠨ ᠵᠶ᠋ᠠᠷ ᠵᠶ᠋ᠠᠨ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠨᠡ ᠵᠢᠯ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠪᠤᠯᠭ᠋ᠠᠵᠤ᠂ ᠰᠤᠷᠤᠯᠴᠠᠬᠤ ᠵᠢᠨ ᠳᠠᠭ᠋ᠠᠤ ᠪᠠᠶ᠋ᠢᠴᠠᠭ᠋ᠠᠵᠤ᠂ ᠪᠠᠶ᠋ᠢᠴᠠᠭ᠋ᠠᠬᠤ ᠵᠢᠨ ᠳᠠᠭ᠋ᠠᠤ ᠰᠠᠶ᠋ᠢᠵᠢᠷᠠᠭᠤᠯᠵᠤ᠂ ᠰᠤᠷᠲᠠᠯ᠎ᠢ ᠰᠠᠶ᠋ᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ᠎ᠪᠠᠷ 《ᠬᠤᠶᠠᠷ᠎ᠢ ᠲᠣᠭᠲᠠᠭ᠋ᠠᠭᠰᠠᠨ》᠎ᠢ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠬᠡᠯᠲᠡᠰ᠎ᠤᠨ ᠤᠳᠤᠷᠢᠳᠤᠯᠭ᠎ᠠ᠂ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠣᠮ ᠤᠩᠰᠢᠬᠤ ᠠᠩᠭᠢ ᠵᠢᠨ ᠰᠤᠷᠤᠯᠴᠠᠯᠭ᠎ᠠ᠎ᠳᠤ ᠣᠷᠣᠯᠴᠠᠪᠠ᠃
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠬᠡᠯᠲᠡᠰ᠎ᠤᠨ ᠪᠠᠶ᠋ᠢᠭᠤᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠬᠦᠴᠦᠲᠡᠢ ᠪᠦᠲᠦᠮᠵᠢᠲᠡᠶ ᠯᠠᠪᠳᠠᠭᠤᠨ ᠪᠠᠲᠤᠲᠠᠢ ᠥᠷᠨᠢᠭᠦᠯᠬᠦ ᠵᠢ ᠠᠬᠢᠭᠤᠯᠪᠠ᠃ ᠨᠣᠮ ᠤᠩᠰᠢᠬᠤ ᠠᠩᠭᠢ ᠵᠢ ᠲᠤᠰᠬᠠᠢ ᠰᠡᠳᠦᠪ ᠵᠶ᠋ᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠢ ᠤᠶᠠᠯᠳᠤᠭᠤᠯᠬᠤ ᠭᠡᠯᠪᠡᠷᠢ᠎ᠪᠠᠷ ᠶᠠᠪᠤᠭᠳᠠᠭᠤᠯᠪᠠ᠃ 《ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠠᠶ᠋ᠢᠷᠢᠯᠠᠭᠤᠯᠤᠨ ᠥᠷᠨᠢᠭᠦᠯᠵᠦ᠂ ᠪᠦᠭᠦ ᠨᠠᠮ᠎ᠳᠤ ᠰᠤᠷᠲᠠᠯ᠎ᠤᠨ ᠪᠠᠶ᠋ᠢᠭᠤᠯᠤᠯᠲᠠ ᠡᠭᠦᠷᠢᠳᠡ ᠵᠣᠭᠰᠣᠰᠢ ᠦᠭᠡᠢ ᠪᠠᠶ᠋ᠢᠬᠤ ᠵᠢ ᠳᠠᠬᠢᠨᠲᠠ ᠲᠤᠩᠬᠠᠭᠯᠠᠵᠤ᠂ ᠨᠢᠭᠡ ᠨᠢᠭᠡ ᠠᠯᠬᠤᠮ ᠵᠶ᠋ᠠᠷ ᠬᠢᠵᠦ᠂ ᠡᠴᠦᠰ᠎ᠲᠤᠨᠢ ᠲᠤᠯᠲᠠᠯ᠎ᠠ ᠠᠳᠬᠤᠬᠤ ᠡᠷᠡᠰ ᠪᠠᠲᠤ ᠵᠣᠷᠢᠭ᠎ᠢ ᠢᠯᠡᠷᠡᠭᠦᠯᠪᠡ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠲᠠᠶ᠋ᠢᠸᠠᠨ᠎ᠤ ᠠᠵᠢᠯ ᠪᠠ ᠬᠡᠷᠡᠭ ᠶᠠᠪᠤᠳᠠᠯ᠎ᠤᠨ ᠭᠠᠵᠠᠷ᠎ᠤᠨ ᠳᠠᠷᠤᠭ᠎ᠠ ᠵᠦ᠍ ᠵᠢᠶᠧ᠂ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠵᠢᠨ ᠳᠤᠮᠳᠠ ᠪᠢᠰᠢᠷᠡᠨ ᠵᠢᠷᠦᠬᠡᠰᠢᠶᠡᠬᠦ ᠵᠢ ᠮᠡᠳᠡᠵᠦ᠂ ᠪᠠᠶ᠋ᠢᠴᠠᠭ᠋ᠠᠯᠲᠠ ᠵᠢᠨ ᠳᠤᠮᠳᠠ ᠵᠥᠷᠢᠶ᠎ᠡ᠎ᠪᠠᠨ ᠡᠷᠢᠵᠦ᠂ ᠥᠭᠡᠷᠡᠴᠢᠯᠡᠯᠲᠡ ᠵᠢᠨ ᠳᠤᠮᠳᠠ ᠪᠣᠳᠠᠲᠤ ᠦᠷ᠎ᠡ ᠪᠦᠲᠦᠮᠵᠢ ᠣᠯᠵᠤ᠂ ᠨᠠᠮ᠎ᠳᠠᠭᠠᠨ ᠦᠨᠡᠨᠴᠢ ᠰᠢᠳᠤᠷᠭᠤ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠰᠠᠬᠢᠯᠭ᠎ᠠ ᠪᠠᠲᠤ ᠴᠢᠩᠭ᠎ᠠ ᠨᠢᠭᠡᠳᠦᠮᠡᠯ ᠹᠷᠣᠨᠲ᠎ᠤᠨ ᠺᠠᠳ᠋ᠷ ᠪᠣᠯᠵᠤ᠂ ᠣᠳᠣᠬᠢᠴᠢᠯᠠᠭᠰᠠᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ᠎ᠳᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠢᠭᠲᠠᠷᠠᠭᠤᠯᠤᠨ᠎ᠠ ᠭᠡᠵᠦ ᠢᠯᠡᠷᠬᠡᠶ᠋ᠢᠯᠡᠪᠡ᠃
     ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ᠃ ᠲᠣᠰ ᠤᠳᠠᠭ᠎ᠠ ᠵᠢᠨ ᠨᠣᠮ ᠤᠩᠰᠢᠬᠤ ᠠᠩᠭᠢ᠎ᠳᠤ ᠲᠤᠰᠬᠠᠢ ᠮᠡᠷᠭᠡᠵᠢᠯᠲᠡᠨ ᠵᠶ᠋ᠠᠷ ᠬᠠᠪᠰᠤᠷᠤᠨ ᠵᠢᠯᠣᠭᠤᠳᠤᠭᠤᠯᠬᠤ᠂ ᠸᠢᠳᠢᠤ᠋ ᠦᠵᠡᠬᠦ᠂ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠭᠡᠯᠪᠡᠷᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠢᠰᠲ᠋ᠧᠮ᠎ᠲᠠᠢ ᠰᠤᠷᠤᠯᠴᠠᠵᠤ᠂ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠥᠭᠦᠯᠡᠯᠲᠡ ᠵᠢᠨ ᠲᠡᠭᠦᠪᠦᠷᠢ》 ᠵᠢ ᠲᠥᠪᠯᠡᠷᠡᠭᠦᠯᠦᠨ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠡᠷᠭᠡ ᠠᠭᠤᠯᠭ᠎ᠠ ᠵᠢ ᠭᠦᠨᠵᠡᠭᠡᠢ ᠰᠤᠷᠤᠯᠴᠠᠪᠠ᠃ ᠨᠣᠮ ᠤᠩᠰᠢᠬᠤ ᠠᠩᠭᠢ᠎ᠳᠤ ᠣᠷᠣᠯᠴᠠᠬᠰᠠᠨ ᠨᠠᠮ᠎ᠤᠨ ᠭᠡᠰᠢᠭᠦᠨ ᠺᠠᠳ᠋ᠷᠴᠤᠳ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ ᠪᠣᠯᠣᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠵᠶ᠋ᠠᠷ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠰᠤᠷᠲᠠᠯ᠎ᠢ ᠦᠷᠭᠦᠯᠵᠢᠯᠡᠨ ᠰᠠᠶ᠋ᠢᠵᠢᠷᠠᠭᠤᠯᠬᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠪᠣᠳᠠᠲᠤ ᠦᠷ᠎ᠡ ᠪᠦᠲᠦᠮᠵᠢ᠎ᠪᠠᠷ ᠵᠶ᠋ᠠᠨ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃
     ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠥᠰᠥᠯ᠎ᠢ ᠬᠢᠨᠠᠨ ᠵᠥᠪᠯᠡᠵᠦ ᠪᠠᠲᠤᠯᠠᠵᠠᠢ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ᠂ ᠲᠦᠷᠦᠯ ᠬᠤᠪᠢᠶᠠᠨ ᠬᠤᠪᠢᠶᠠᠷᠢᠴᠢᠯᠠᠨ ᠰᠤᠳᠤᠯᠤᠨ ᠶᠠᠷᠢᠯᠴᠠᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠵᠦ᠂ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ᠎ᠢ ᠪᠠᠶ᠋ᠢᠴᠠᠭ᠋ᠠᠨ ᠳᠡᠯᠭᠡᠵᠦ᠂ ᠪᠦᠭᠦ ᠲᠠᠯ᠎ᠠ᠎ᠪᠠᠷ ᠦᠨᠳᠦᠰᠦ ᠰᠤᠷᠪᠤᠯᠵᠢ ᠵᠢ᠎ᠨᠢ ᠣᠨᠣᠪᠴᠢᠲᠠᠢ ᠡᠷᠢᠨ᠂ ᠭᠤᠣᠯᠳᠠᠯᠭ᠎ᠠ ᠵᠢ ᠲᠣᠪᠤᠶ᠋ᠢᠯᠭ᠋ᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠠᠯᠲᠠ᠎ᠲᠠᠢ᠎ᠪᠠᠷ ᠬᠦᠴᠦᠯᠡᠵᠦ ᠰᠤᠷᠲᠠᠯ᠎ᠤᠨ ᠠᠷᠬᠠᠭ ᠭᠡᠮ᠎ᠢ ᠠᠷᠢᠯᠭ᠋ᠠᠨ᠂ ᠪᠣᠳᠠᠲᠠᠢ ᠦᠷ᠎ᠡ ᠪᠦᠲᠦᠮᠵᠢ᠎ᠪᠠᠷ ᠵᠶ᠋ᠠᠨ ᠤᠯᠠᠨ ᠲᠦᠮᠡᠨ᠎ᠢ ᠬᠠᠨᠤᠮᠵᠢᠳᠠᠢ ᠪᠠᠶ᠋ᠢᠯᠭ᠋ᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠢ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ᠎ᠢ ᠪᠠᠶ᠋ᠢᠩᠭᠤ ᠥᠷᠨᠢᠭᠦᠯᠬᠦ᠂ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢᠨ ᠲᠥᠯᠦᠪᠵᠢᠭᠦᠯᠭᠡ ᠵᠢᠨ ᠬᠥᠲᠥᠯᠪᠦᠷᠢ ᠵᠢ ᠨᠠᠶ᠋ᠢᠳᠠᠪᠤᠷᠢᠵᠢᠭᠤᠯᠬᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠤ ᠪᠠᠶ᠋ᠢᠭᠤᠯᠤᠯᠲᠠ ᠵᠢ ᠲᠦᠷᠭᠡᠳᠬᠡᠬᠦ᠎ᠯᠦᠭᠡ ᠤᠶᠠᠯᠳᠤᠭᠤᠯᠬᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ᠎ᠳᠤ ᠶᠠᠰᠤ ᠴᠢᠨᠠᠷ᠎ᠲᠠᠢ᠂ ᠪᠠᠶ᠋ᠢᠴᠠᠭ᠋ᠠᠬᠤ᠎ᠳᠤ ᠡᠷᠴᠢᠮ᠎ᠲᠠᠢ᠂ ᠥᠭᠡᠷᠡᠴᠢᠯᠡᠯᠲᠡ ᠵᠢᠨ ᠦᠷ᠎ᠡ ᠪᠦᠲᠦᠮᠵᠢ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃
     ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠋ᠠᠨ᠎ᠤ ᠭᠤᠣᠯ ᠠᠭᠤᠯᠭ᠎ᠠ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠬᠤ᠎ᠪᠠᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠤᠯᠠᠮ ᠴᠢᠨᠠᠭᠰᠢᠳᠠ ᠪᠠᠬᠢᠵᠢᠭᠦᠯᠬᠦ ᠵᠢ ᠠᠬᠢᠭᠤᠯᠪᠠ᠃ ᠲᠢᠩᠬᠢᠮ᠎ᠤᠨ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠭᠦᠨ ᠲᠦᠷᠦᠭᠦᠯᠡᠨ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠦᠨᠡᠨ ᠬᠦ᠌ ᠤᠷᠢᠳ ᠵᠶ᠋ᠠᠷ ᠰᠤᠷᠤᠯᠴᠠᠵᠤ᠂ ᠭᠦᠨᠵᠡᠭᠡᠢ ᠰᠤᠷᠤᠯᠴᠠᠵᠠᠢ᠃ ᠨᠣᠮ ᠤᠩᠰᠢᠬᠤ ᠠᠩᠭᠢ ᠵᠢᠨ᠎ᠬᠢᠨ ᠪᠠᠰᠠ ᠲᠤᠰᠬᠠᠢ ᠮᠡᠷᠭᠡᠵᠢᠯᠲᠡᠨ ᠡᠷᠳᠡᠮᠲᠡᠨ ᠵᠶ᠋ᠠᠷ ᠵᠢᠯᠤᠭᠤᠳᠤᠯᠤᠨ ᠰᠤᠷᠤᠯᠴᠠᠬᠤ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠰᠤᠷᠲᠠᠯ᠎ᠤᠨ ᠪᠠᠶ᠋ᠢᠭᠤᠯᠤᠯᠲᠠ ᠵᠢ ᠶᠠᠭᠤᠨ᠎ᠳᠤ ᠠᠳᠬᠤᠬᠤ᠂ ᠶᠠᠭᠤ ᠵᠢ ᠠᠳᠬᠤᠬᠤ᠂ ᠶᠠᠭ᠋ᠠᠬᠢᠵᠤ ᠠᠳᠬᠤᠬᠤ ᠵᠡᠷᠭᠡ ᠴᠢᠬᠤᠯᠠ ᠠᠰᠠᠭᠤᠳᠠᠯ᠎ᠢ ᠭᠦᠨᠵᠡᠭᠡᠢ ᠣᠶ᠋ᠢᠯᠠᠭ᠋ᠠᠬᠤ ᠵᠢᠨ ᠲᠣᠭᠤᠷᠢᠨ᠎ᠳᠤ ᠪᠦᠭᠦ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪ ᠵᠶ᠋ᠠᠷ ᠬᠠᠪᠰᠤᠷᠤᠨ ᠵᠢᠯᠣᠭᠤᠳᠤᠯᠭ᠎ᠠ ᠬᠢᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠰᠤᠷᠲᠠᠯ᠎ᠤᠨ ᠪᠣᠯᠪᠠᠰᠤᠷᠠᠯ ᠵᠶ᠋ᠠᠨ ᠴᠢᠩᠭ᠋ᠠᠳᠬᠠᠬᠤ ᠵᠢ ᠬᠥᠲᠥᠯᠥᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮ᠎ᠤᠨ᠎ᠬᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠢ ᠪᠦᠲᠦᠮᠵᠢᠲᠡᠶ ᠥᠷᠨᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠤᠳᠴᠤ ᠨᠠᠩ ᠰᠢᠯᠢᠳᠡᠭ ᠰᠤᠷᠲᠠᠯ ᠵᠶ᠋ᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠦᠢ᠍ᠯᠡᠰ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠢᠯᠡᠷᠬᠡᠶ᠋ᠢᠯᠡᠪᠡ᠃
     ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠥᠯ ᠵᠢᠴᠢ ᠡᠭᠦᠷᠭᠡ ᠵᠢᠨ ᠨᠠᠷᠢᠨ ᠲᠠᠩᠰᠠ ᠵᠢ ᠲᠣᠭᠲᠠᠭ᠋ᠠᠵᠤ᠂ 17 ᠵᠦᠢ᠍ᠯ᠎ᠤᠨ ᠪᠣᠳᠠᠲᠠᠢ ᠡᠭᠦᠷᠭᠡ ᠵᠢ ᠳᠤᠷᠠᠳᠴᠤ᠂ ᠲᠦᠷᠦᠭᠦᠯᠡᠨ ᠬᠢᠬᠦ ᠰᠠᠯᠠᠭ᠎ᠠ ᠮᠥᠴᠢᠷ (ᠨᠢᠭᠡᠴᠢ) ᠪᠣᠯᠣᠨ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠪᠠ᠃ ᠲᠦᠷᠦᠭᠦᠬᠡᠨ᠂ ᠬᠠᠮᠲᠤ᠎ᠪᠠᠷ ᠰᠤᠷᠤᠯᠴᠠᠬᠤ᠂ ᠲᠤᠰᠬᠠᠢ ᠰᠡᠳᠦᠪ ᠵᠶ᠋ᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠢ ᠤᠶᠠᠯᠳᠤᠭᠤᠯᠬᠤ ᠭᠡᠯᠪᠡᠷᠢ᠎ᠪᠠᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠤᠳᠤᠷᠢᠳᠬᠤ ᠪᠠᠭ᠎ᠤᠨ ᠪᠦᠷᠢᠯᠳᠦᠭᠦᠨ ᠨᠠᠷ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠥᠭᠦᠯᠡᠯᠲᠡ ᠵᠢᠨ ᠲᠡᠭᠦᠪᠦᠷᠢ》 ᠵᠢᠨ ᠤᠭ ᠵᠣᠬᠢᠶᠠᠯ᠎ᠢ ᠪᠦᠯᠦᠭ ᠪᠦᠯᠦᠭ ᠵᠶ᠋ᠠᠷ ᠳᠠᠭ᠋ᠠᠭᠤᠯᠤᠨ ᠰᠤᠷᠤᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ᠂ 《ᠰᠤᠷᠲᠠᠯ᠎ᠤᠨ ᠪᠠᠶ᠋ᠢᠭᠤᠯᠤᠯᠲᠠ ᠵᠢ ᠥᠷᠭᠡᠳᠬᠡᠬᠦ ᠣᠨ》᠎ᠤ ᠠᠵᠢᠯᠯᠠᠭ᠎ᠠ ᠵᠢ ᠪᠠᠶ᠋ᠢᠩᠭᠤ ᠥᠷᠨᠢᠭᠦᠯᠬᠦ᠎ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠠᠵᠢᠯᠴᠢᠨ᠎ᠤ ᠡᠪᠯᠡᠯ᠎ᠤᠨ 《ᠵᠢᠷᠭᠤᠭ᠋ᠠᠨ ᠠᠵᠢᠯᠯᠠᠭ᠎ᠠ》 ᠵᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ
ᠴᠠᠭ ᠲᠥᠷᠥ ᠵᠢ ᠨᠠᠷᠢᠨ ᠠᠵᠢᠭᠯᠠᠬᠤᠢ | 《ᠲᠡᠦᠬᠡ ᠵᠢᠨ ᠪᠤᠤᠬᠢᠶ᠎ᠠ᠎ᠪᠠᠨ ᠰᠠᠶ᠋ᠢᠲᠤᠷ ᠵᠠᠯᠭ᠋ᠠᠶ᠎ᠠ》
ᠰᠢᠯᠢ ᠵᠢᠨ ᠭᠣᠣᠯ᠄ ᠬᠤᠪᠢᠰᠬᠠᠯ᠎ᠤᠨ ᠤᠳᠤᠮᠰᠢᠯ ᠵᠶ᠋ᠠᠷ ᠬᠠᠤᠯᠢᠵᠢᠯ᠎ᠤᠨ ᠰᠣᠶᠣᠯ᠎ᠤᠨ ᠰᠦᠭ ᠰᠦᠨᠡᠰᠦ ᠪᠣᠯᠭ᠋ᠠᠨ᠎ᠠ
ᠮᠣᠳᠣ ᠣᠭᠲᠣᠯᠬᠤ ᠵᠢ ᠵᠣᠭᠰᠣᠭ᠋ᠠᠭᠰᠠᠨ 10 ᠵᠢᠯ᠎ᠤᠨ ᠲᠤᠷᠰᠢᠬᠢ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠭᠤᠷᠪᠠᠨ ᠬᠤᠪᠢᠷᠠᠯᠲᠠ
 
            