ᠥᠪᠡᠷᠲᠡᠭᠡᠨ ᠨᠠᠶ᠋ᠢᠷᠠᠭᠤᠯᠤᠭᠰᠠᠨ ᠴᠠᠷᠭᠢᠯ ᠬᠣᠯᠪᠣᠭ᠎ᠠ᠂ ᠱᠣᠭ ᠵᠦᠴᠦᠭᠡ᠂ ᠳᠡᠯᠭᠡᠷᠡᠵᠦ ᠪᠠᠶ᠋ᠢᠭ᠎ᠠ ᠦᠭᠡᠯᠡᠨ ᠳᠠᠭᠤᠯᠠᠬᠤ ᠲᠣᠭᠯᠠᠯᠲᠠ ᠤᠢ᠍ᠢ᠍ᠷ᠎ᠠ᠎ᠳᠤ᠂ ᠰᠥᠨᠢᠳ ᠵᠡᠭᠦᠨ ᠬᠣᠰᠢᠭᠤᠨ᠎ᠤ 《ᠬᠠᠤᠯᠢᠵᠢᠯ᠎ᠤᠨ ᠤᠯᠠᠭ᠋ᠠᠨᠮᠥ᠋ᠴᠢᠷ》᠎ᠤᠨ ᠭᠡᠰᠢᠭᠦᠳ ᠲᠤᠬᠠᠢ ᠵᠢᠨ ᠭᠠᠵᠠᠷ᠎ᠤᠨ ᠠᠷᠠᠳ᠎ᠤᠨ ᠴᠠᠭᠳᠠᠭ᠎ᠠ᠂ ᠪᠠᠶ᠋ᠢᠴᠠᠭ᠋ᠠᠭᠴᠢ ᠲᠤᠰᠢᠶᠠᠯᠲᠠᠨ᠂ ᠰᠢᠭᠦᠭᠴᠢ᠂ ᠬᠠᠤᠯᠢᠴᠢ᠂ ᠬᠠᠤᠯᠢ ᠲᠦᠭᠡᠮᠡᠯᠵᠢᠭᠦᠯᠬᠦ ᠰᠠᠢ᠍ᠢ᠍ᠨ ᠲᠤᠷᠠᠴᠤᠳ᠎ᠲᠠᠢ ᠬᠠᠮᠲᠤᠷᠠᠨ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠨᠢᠭᠡ ᠤᠳᠠᠭ᠋ᠠᠨ᠎ᠤ ᠬᠥᠳᠡᠯᠭᠡᠭᠡᠨ ᠵᠶ᠋ᠠᠷ ᠳᠠᠮᠵᠢᠨ᠂ ᠮᠠᠯᠴᠢᠳ ᠪᠠᠶᠠᠷ ᠬᠥᠷ᠎ᠲᠠᠢ᠎ᠪᠠᠷ ᠮᠠᠰᠢ ᠣᠯᠠᠨ ᠬᠠᠤᠯᠢ ᠴᠠᠭ᠋ᠠᠵᠠ ᠵᠢᠨ ᠮᠡᠳᠡᠯᠭᠡ ᠵᠢ ᠴᠡᠭᠡᠵᠢᠯᠡᠪᠡ᠃ ᠪᠦᠬᠦ ᠠᠶ᠋ᠢᠮᠠᠭ᠎ᠤᠨ 13 ᠰᠠᠯᠠᠭ᠎ᠠ 《ᠬᠠᠤᠯᠢᠵᠢᠯ᠎ᠤᠨ ᠤᠯᠠᠭ᠋ᠠᠨᠮᠥ᠋ᠴᠢᠷ》 ᠥᠷᠭᠡᠨ ᠠᠭᠤᠳᠠᠮ ᠲᠠᠯ᠎ᠠ ᠨᠤᠲᠤᠭ᠎ᠲᠤ ᠠᠵᠢᠯᠯᠠᠭ᠎ᠠ ᠥᠷᠨᠢᠭᠦᠯᠵᠦ᠂ ᠡᠨᠡ ᠬᠦ᠌ 《ᠬᠤᠪᠢᠰᠬᠠᠯᠲᠤ ᠤᠳᠬ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》᠎ᠨᠢ ᠮᠠᠯᠴᠢᠨ ᠲᠠᠷᠢᠶᠠᠴᠢᠨ᠎ᠤ ᠬᠠᠤᠯᠢᠵᠢᠯ᠎ᠤᠨ ᠰᠣᠶᠣᠯ᠎ᠢ ᠤᠬᠠᠭᠤᠯᠬᠤ ᠦᠢ᠍ᠯᠡᠴᠢᠯᠡᠭᠡᠨ᠎ᠤ 《 ᠬᠠᠮᠤᠭ ᠡᠴᠦᠰ᠎ᠤᠨ ᠨᠢᠭᠡ ᠮᠧᠲᠷ》᠎ᠤᠨ ᠠᠯᠳᠠᠨ ᠦᠰᠦᠭᠲᠦ ᠫᠠᠶ᠋ᠢᠰᠠ ᠪᠣᠯᠪᠠ᠃
ᠬᠠᠤᠯᠢᠵᠢᠯ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠪᠣᠯ ᠰᠢᠯᠢ ᠵᠢᠨ ᠭᠣᠣᠯ ᠠᠶ᠋ᠢᠮᠠᠭ᠎ᠤᠨ 《ᠤᠯᠤᠰ ᠵᠶ᠋ᠡᠨ ᠬᠠᠢ᠌ᠷᠠᠯᠠᠬᠤ 》 ᠬᠠᠷᠢᠭᠤᠴᠠᠯᠭ᠎ᠠ ᠡᠭᠦᠷᠭᠡᠯᠡᠯ᠎ᠢ ᠪᠠᠲᠤ ᠴᠡᠭᠡᠵᠢᠯᠡᠵᠦ᠂ ᠨᠡᠩ ᠴᠤ᠌ ᠡᠬᠡ ᠤᠯᠤᠰ᠎ᠤᠨ 《ᠤᠮᠠᠷᠠᠲᠤ ᠵᠢᠨ ᠶᠡᠬᠡ ᠬᠠᠭ᠋ᠠᠯᠭ᠎ᠠ》 ᠵᠢ ᠰᠠᠶ᠋ᠢᠲᠤᠷ ᠰᠠᠬᠢᠵᠤ᠂ ᠨᠡᠶ᠋ᠢᠰᠯᠡᠯ᠎ᠤᠨ 《ᠬᠠᠮᠠᠭ᠋ᠠᠯᠠᠯᠲᠠ ᠵᠢᠨ ᠭᠣᠣᠯ》᠎ᠢ ᠪᠠᠲᠤ ᠴᠣᠭᠴᠠᠯᠠᠬᠤ ᠪᠣᠯ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠪᠣᠯᠤᠨ᠎ᠠ᠃ 《ᠡᠨᠡ ᠵᠢᠯ ᠥᠪᠡᠷᠲᠡᠭᠡᠨ ᠵᠠᠰᠠᠬᠤ ᠣᠷᠣᠨ ᠤᠮᠠᠷᠠᠲᠤ ᠬᠢᠯᠢ ᠵᠢᠨ ᠰᠣᠶᠣᠯ᠎ᠢ ᠳᠡᠭᠡᠭᠰᠢᠯᠡᠭᠦᠯᠬᠦ ᠠᠵᠢᠯᠯᠠᠭ᠎ᠠ ᠵᠢ ᠡᠬᠢᠯᠡᠭᠦᠯᠵᠦ᠂ ᠰᠢᠯᠢ ᠵᠢᠨ ᠭᠤᠤᠯ ᠠᠶ᠋ᠢᠮᠠᠭ᠎ᠤᠨ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠦᠳᠲᠡᠷ ᠲᠦᠷᠭᠡᠨ ᠴᠤᠤᠷᠢᠶᠠᠲᠤᠨ ᠳᠠᠭ᠋ᠠᠵᠤ᠂ ᠰᠢᠨ᠎ᠡ ᠴᠠᠭ ᠦᠶ᠎ᠡ ᠵᠢᠨ ᠬᠠᠤᠯᠢᠵᠢᠯ᠎ᠤᠨ ᠰᠣᠶᠣᠯ᠎ᠤᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠣᠷᠣᠨ ᠪᠦᠰᠡ ᠵᠢᠨ ᠣᠨᠴᠠᠯᠢᠭ᠎ᠲᠠᠢ ᠬᠠᠤᠯᠢᠵᠢᠯ᠎ᠤᠨ ᠰᠣᠶᠣᠯ᠎ᠤᠨ ᠲᠥᠷᠥᠯ ᠲᠡᠮᠳᠡᠭ᠎ᠢ ᠡᠭᠦᠳᠬᠦ᠎ᠪᠠᠷ ᠴᠢᠷᠮᠠᠶ᠋ᠢᠨ᠎ᠠ᠃ ᠰᠢᠯᠢ ᠵᠢᠨ ᠭᠤᠤᠯ ᠠᠶ᠋ᠢᠮᠠᠭ᠎ᠤᠨ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠳᠡᠳ᠋ ᠱᠦᠵᠢ ᠭᠤᠤ ᠶᠦᠨ ᠹᠧᠡᠭ᠄ 《ᠪᠢᠳᠡ ᠰᠣᠶᠣᠯ ᠵᠶ᠋ᠠᠷ ᠬᠠᠤᠯᠢᠵᠢᠯ᠎ᠢ ᠤᠮᠳᠠᠯᠠᠵᠤ᠂ ᠬᠠᠤᠯᠢᠵᠢᠯ᠎ᠤᠨ ᠰᠣᠶᠣᠯ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ᠎ᠳᠤ ᠬᠦᠴᠦᠨ ᠨᠡᠮᠡᠷᠢᠯᠡᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠭᠦᠨ ᠵᠤᠵᠠᠭ᠋ᠠᠨ ᠬᠠᠤᠯᠢᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠪᠠᠰᠠ ᠤᠮᠠᠷᠠᠲᠤ ᠬᠢᠯᠢ ᠵᠢᠨ ᠰᠣᠶᠣᠯ᠎ᠢ ᠳᠡᠭᠡᠭᠰᠢᠯᠡᠭᠦᠯᠬᠦ ᠠᠵᠢᠯᠯᠠᠭ᠎ᠠ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃》
ᠬᠠᠤᠯᠢᠵᠢᠯ᠎ᠤᠨ ᠰᠣᠶᠣᠯ᠎ᠤᠨ ᠲᠦᠷᠦᠯ ᠲᠡᠮᠳᠡᠭ᠎ᠢ ᠱᠤᠭᠤᠬᠤ ᠮᠥᠷᠲᠡᠭᠡᠨ ᠰᠦᠭ ᠰᠦᠨᠡᠰᠦ ᠵᠢ ᠱᠤᠭᠤᠬᠤ ᠬᠡᠷᠡᠭᠲᠡᠢ᠃ ᠰᠢᠯᠢ ᠵᠢᠨ ᠭᠤᠤᠯ ᠠᠶ᠋ᠢᠮᠠᠭ ᠬᠤᠪᠢᠰᠬᠠᠯ᠎ᠤᠨ ᠤᠳᠤᠮᠰᠢᠯ᠎ᠢ ᠬᠠᠤᠯᠢᠵᠢᠯ᠎ᠤᠨ ᠰᠣᠶᠣᠯ᠎ᠤᠨ ᠲᠥᠷᠥᠯ ᠲᠡᠮᠳᠡᠭ᠎ᠲᠠᠢ ᠠᠭᠤᠰᠤᠯᠴᠠᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠬᠠᠤᠯᠢᠵᠢᠯ᠎ᠤᠨ ᠰᠣᠶᠣᠯ᠎ᠤᠨ ᠲᠥᠷᠥᠯ ᠲᠡᠮᠳᠡᠭ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠬᠤᠪᠢᠰᠬᠠᠯ᠎ᠤᠨ ᠣᠨᠴᠠᠯᠢᠭ᠎ᠢ ᠬᠠᠤᠯᠢᠵᠢᠯ᠎ᠤᠨ ᠰᠣᠶᠣᠯ᠎ᠤᠨ ᠲᠥᠷᠥᠯ ᠲᠡᠮᠳᠡᠭ᠎ᠤᠨ ᠬᠠᠮᠤᠭ᠎ᠤᠨ ᠢᠯᠡ ᠲᠣᠳᠣ ᠰᠠᠭᠤᠷᠢ ᠥᠩᠭᠡ ᠪᠣᠯᠭ᠋ᠠᠪᠠ᠃
ᠰᠢᠨ᠎ᠡ ᠵᠠᠭᠪᠤᠷ᠎ᠢ ᠠᠭᠤᠰᠬᠠᠨ ᠭᠠᠷᠭ᠋ᠠᠬᠤ᠃ 《ᠨᠢᠭᠡ ᠤᠯᠠᠭ᠋ᠠᠨ ᠪᠢᠴᠢᠭ᠎ᠤᠨ ᠪᠣᠭᠴᠣ᠂ ᠨᠢᠭᠡ ᠲᠠᠯ᠎ᠠ ᠨᠤᠲᠤᠭ᠎ᠤᠨ ᠵᠠᠮ᠂ ᠨᠢᠭᠡ ᠵᠤᠷᠪᠤᠰ ᠬᠥᠪᠡᠭᠡ ᠬᠢᠵᠠᠭ᠋ᠠᠷ ᠦᠭᠡᠢ ᠰᠣᠯᠣᠩᠭ᠎ᠠ ᠴᠢ ᠪᠢᠳᠡᠨ᠎ᠢ ᠬᠣᠯᠪᠣᠨ᠎ᠠ》᠃ ᠡᠨᠡ ᠬᠦ᠌ 《ᠤᠯᠠᠭ᠋ᠠᠨ ᠪᠢᠴᠢᠭ᠎ᠤᠨ ᠪᠣᠭᠴᠣ ᠵᠢᠨ ᠳᠠᠭᠤᠤ》᠎ᠨᠢ ᠬᠥᠮᠦᠰ᠎ᠢ ᠬᠠᠭ᠋ᠠᠰ ᠵᠠᠭᠤᠨ᠎ᠤ ᠡᠮᠦᠨᠡᠬᠢ ᠰᠥᠨᠢᠳ ᠪᠠᠷᠠᠭᠤᠨ ᠬᠣᠰᠢᠭᠤᠨ᠎ᠳᠤ ᠠᠪᠠᠴᠢᠪᠠ᠃ ᠲᠤᠬᠠᠶ ᠵᠢᠨ ᠵᠢᠯ᠎ᠳᠤ᠂ ᠰᠥᠨᠢᠳ ᠪᠠᠷᠠᠭᠤᠨ ᠬᠣᠰᠢᠭᠤᠨ᠎ᠤ ᠪᠠᠶᠠᠨ ᠠᠭᠤᠯᠠ ᠭᠠᠴᠠᠭ᠎ᠠ 《ᠤᠯᠠᠭ᠋ᠠᠨ ᠪᠢᠴᠢᠭ᠎ᠤᠨ ᠪᠣᠭᠴᠣ》 ᠵᠢ ᠰᠤᠷᠭ᠋ᠠᠭᠤᠯᠢ᠎ᠳᠤ ᠬᠦᠷᠭᠡᠬᠦ ᠠᠵᠢᠯᠯᠠᠭ᠎ᠠ ᠥᠷᠨᠢᠭᠦᠯᠵᠦ᠂ 《ᠤᠯᠠᠭ᠋ᠠᠨ ᠪᠢᠴᠢᠭ᠎ᠤᠨ ᠪᠣᠭᠴᠣ》 ᠪᠠ 《ᠠᠷᠠᠳ ᠲᠦᠮᠡᠨ᠎ᠳᠤ ᠦᠢ᠍ᠯᠡᠴᠢᠯᠡᠬᠦ》 ᠭᠡᠬᠦ ᠥᠰᠥᠭ᠎ᠢ ᠳᠠᠷᠤᠮᠠᠯᠯᠠᠭᠰᠠᠨ ᠠᠩᠬᠠᠨ᠎ᠤ ᠪᠦᠯᠦᠭ ᠪᠢᠴᠢᠭ᠎ᠤᠨ ᠪᠣᠭᠴᠣ᠂ ᠨᠠᠮ᠎ᠤᠨ ᠲᠥᠷᠥ ᠵᠢᠨ ᠪᠣᠳᠣᠯᠭ᠎ᠠ ᠵᠡᠷᠭᠡ ᠰᠤᠷᠤᠯᠴᠠᠬᠤ ᠮᠠᠲ᠋ᠧᠷᠢᠶᠠᠯ᠎ᠢ ᠪᠦᠬᠦᠨ᠎ᠢ ᠡᠷᠦᠬᠡ ᠵᠢᠨ ᠴᠡᠷᠢᠭ ᠠᠩᠭᠢ᠂ ᠡᠮᠡᠭᠲᠡᠶ᠋ᠢᠴᠦᠳ᠎ᠤᠨ ᠵᠣᠬᠢᠶᠠᠨ ᠪᠠᠶ᠋ᠢᠭᠤᠯᠤᠯᠲᠠ᠂ ᠵᠠᠯᠠᠭᠤᠴᠤᠳ᠎ᠤᠨ ᠳᠤᠭᠤᠶ᠋ᠢᠯᠠᠩ ᠪᠠ ᠰᠤᠷᠭ᠋ᠠᠭᠤᠯᠢ᠎ᠳᠤ ᠬᠤᠪᠢᠶᠠᠨ ᠥᠭᠴᠡᠶ᠃ ᠣᠳᠣᠬᠠᠨ᠎ᠳᠤ᠂ 《ᠤᠯᠠᠭ᠋ᠠᠨ ᠪᠢᠴᠢᠭ᠎ᠤᠨ ᠪᠣᠭᠴᠣ》 ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ 《ᠨᠢᠭᠡ ᠱᠤᠭᠤᠮ ᠳᠥᠷᠪᠡᠨ ᠪᠣᠭᠴᠣ》 ᠵᠢᠨ ᠦᠢ᠍ᠯᠡᠴᠢᠯᠡᠭᠡᠨ᠎ᠤ ᠵᠠᠭᠪᠤᠷ᠎ᠢ ᠠᠪᠴᠤ᠂ ᠬᠠᠤᠯᠢ ᠴᠠᠭ᠋ᠠᠵᠠ ᠵᠢᠨ ᠮᠡᠳᠡᠯᠭᠡ ᠵᠢ ᠮᠣᠩᠭᠣᠯ ᠬᠡᠷ ᠨᠢᠭᠡᠪᠦᠷᠢ᠎ᠳᠤ ᠬᠦᠷᠭᠡᠵᠦ᠂ ᠬᠠᠤᠯᠢ᠎ᠪᠠᠷ ᠵᠠᠰᠠᠬᠤ ᠦᠷ᠎ᠡ ᠵᠢ ᠲᠠᠯ᠎ᠠ ᠨᠤᠲᠤᠭ᠎ᠲᠤ ᠦᠨᠳᠦᠰᠦᠯᠡᠭᠦᠯᠦᠨ ᠰᠣᠶᠣᠭ᠋ᠠᠯᠠᠭᠤᠯᠪᠠ᠃ ᠡᠨᠡ ᠬᠦ᠌ ᠵᠠᠭᠪᠤᠷ᠎ᠨᠢ ᠬᠠᠤᠯᠢ ᠴᠠᠭ᠋ᠠᠵᠠ ᠵᠢᠨ ᠮᠡᠳᠡᠯᠭᠡ ᠵᠢ ᠤᠯᠠᠮᠵᠢᠯᠠᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠴᠠᠭ ᠣᠷᠣᠨ ᠵᠠᠢ ᠵᠢ ᠠᠯᠤᠰᠯᠠᠭᠰᠠᠨ ᠬᠤᠪᠢᠰᠬᠠᠯᠲᠤ ᠰᠣᠶᠣᠯ᠎ᠳᠤ ᠴᠠᠭ ᠦᠶ᠎ᠡ ᠵᠢᠨ ᠬᠡᠷᠡᠯ ᠭᠢᠯᠪᠠᠭ᠎ᠠ ᠵᠢ ᠰᠠᠴᠤᠷᠠᠭᠤᠯᠪᠠ᠃
ᠬᠦᠴᠦᠷᠬᠡᠭ ᠨᠡᠷᠡᠲᠦ ᠲᠡᠮᠳᠡᠭ᠎ᠢ ᠠᠭᠤᠰᠤᠯᠴᠠᠭᠤᠯᠤᠨ ᠭᠠᠷᠭ᠋ᠠᠬᠤ᠃ ᠰᠥᠨᠢᠳ ᠪᠠᠷᠠᠭᠤᠨ ᠬᠣᠰᠢᠭᠤᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ 《ᠤᠯᠠᠭ᠋ᠠᠨ ᠨᠣᠭᠣᠭ᠋ᠠᠨ ᠬᠥᠬᠡ ᠤᠯᠠ ᠮᠥᠷ》᠎ᠤᠨ ᠨᠠᠷᠠᠲᠤ ᠲᠡᠮᠳᠡᠭ᠎ᠢ ᠡᠭᠦᠳᠴᠦ᠂ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠪᠠ ᠤᠯᠠᠭ᠋ᠠᠨᠮᠥ᠋ᠴᠢᠷ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠤᠬᠠᠭᠤᠯᠭ᠎ᠠ ᠵᠢᠨ ᠠᠩᠭᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠷᠠᠳ ᠣᠯᠠᠨ᠎ᠤ ᠦᠵᠡᠵᠦ ᠰᠣᠨᠢᠷᠬᠠᠬᠤ ᠳᠤᠷᠠᠲᠠᠶ ᠤᠯᠤᠰ ᠲᠥᠷᠥ ᠵᠢ ᠡᠷᠬᠢᠮᠯᠡᠬᠦ᠂ ᠣᠯᠠᠨ ᠲᠦᠮᠡᠨ᠎ᠲᠠᠢ ᠣᠶ᠋ᠢᠷᠠᠳᠬᠤ᠂ ᠭᠦᠨᠵᠡᠭᠡᠶ ᠪᠠᠶ᠋ᠢᠴᠠᠭ᠋ᠠᠬᠤ ᠤᠬᠠᠭᠤᠯᠭ᠎ᠠ ᠵᠢᠨ ᠪᠦᠲᠦᠭᠡᠯ᠎ᠢ ᠵᠣᠬᠢᠶᠠᠨ ᠪᠦᠲᠦᠭᠡᠪᠡ᠃ 《ᠤᠯᠠᠭ᠋ᠠᠨᠮᠥ᠋ᠴᠢᠷ》᠎ᠢ 《ᠪᠠᠶ᠋ᠢᠴᠠᠭ᠋ᠠᠬᠤ ᠠᠵᠢᠯ᠎ᠤᠨ ᠬᠥᠬᠡ ᠥᠩᠭᠡ》᠎ᠳᠤ ᠠᠭᠤᠰᠬᠠᠵᠤ᠂ ᠪᠠᠶ᠋ᠢᠴᠠᠭ᠋ᠠᠬᠤ ᠠᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠰᠠᠶ᠋ᠢᠨ ᠲᠠᠭᠤᠨ᠎ᠢ ᠲᠠᠯ᠎ᠠ ᠨᠤᠲᠤᠭ᠎ᠤᠨ ᠭᠦᠨᠳᠤ ᠳᠠᠮᠵᠢᠭᠤᠯᠪᠠ᠃ ᠡᠨᠡ ᠬᠦ᠌ ᠨᠠᠷᠠᠲᠤ ᠲᠡᠮᠳᠡᠭ᠎ᠤᠨ ᠪᠠᠶ᠋ᠢᠭᠤᠯᠤᠯᠲᠠ᠎ᠪᠠᠷ ᠳᠠᠮᠵᠢᠭᠤᠯᠤᠨ᠂ ᠬᠤᠪᠢᠰᠬᠠᠯ᠎ᠤᠨ ᠭᠧᠨ ᠬᠢᠭᠡᠳ ᠬᠠᠤᠯᠢ᠎ᠪᠠᠷ ᠵᠠᠰᠠᠬᠤ ᠰᠣᠶᠣᠯ᠎ᠤᠨ ᠭᠦᠨᠵᠡᠭᠡᠶ ᠠᠭᠤᠰᠤᠯᠴᠠᠯ᠎ᠨᠢ ᠬᠠᠤᠯᠢ᠎ᠪᠠᠷ ᠵᠠᠰᠠᠬᠤ ᠰᠣᠶᠣᠯ᠎ᠤᠨ ᠨᠠᠷᠠᠲᠤ ᠲᠡᠮᠳᠡᠭ᠎ᠤᠨ ᠥᠷᠭᠡᠨ ᠳᠡᠯᠭᠡᠷ ᠨᠥᠯᠥᠭᠡᠯᠡᠬᠦ ᠬᠦᠴᠦᠨ᠎ᠢ ᠪᠣᠶ ᠪᠣᠯᠭ᠋ᠠᠪᠠ᠃
ᠭᠣᠣᠯ ᠵᠢᠭᠰᠠᠭ᠋ᠠᠯ᠎ᠤᠨ ᠭᠠᠵᠠᠷ᠎ᠲᠤ ᠣᠷᠣᠬᠤ᠃ ᠰᠢᠯᠢ ᠵᠢᠨ ᠭᠤᠤᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠰᠢᠷᠡᠭᠡ ᠬᠥᠭᠵᠢᠮ᠎ᠤᠨ ᠠᠩᠭᠢ 《ᠬᠠᠯᠠᠭᠤᠨ ᠴᠢᠰᠤ ᠢᠷᠠᠭᠤ ᠠᠯᠳᠠᠷ》 ᠭᠡᠬᠦ ᠳᠠᠭᠤᠤ᠎ᠪᠠᠷ ᠥᠪᠥᠷ ᠮᠣᠩᠭᠣᠯ᠎ᠤᠨ ᠰᠢᠨ᠎ᠡ ᠣᠳᠣᠨ ᠰᠢᠨ᠎ᠡ ᠪᠦᠲᠦᠭᠡᠯ᠎ᠤᠨ ᠲᠣᠭᠯᠠᠯᠲᠠ᠎ᠳᠤ ᠣᠷᠣᠯᠴᠠᠪᠠ᠃ 《ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ +》 ᠭᠡᠬᠦ ᠬᠠᠤᠯᠢᠵᠢᠯ᠎ᠤᠨ ᠰᠣᠶᠣᠯ᠎ᠤᠨ ᠨᠠᠷᠠᠲᠤ ᠲᠡᠮᠳᠡᠭ᠎ᠨᠢ ᠨᠠᠭ᠋ᠠᠳᠤᠮ᠎ᠤᠨ ᠶᠡᠬᠡ ᠬᠤᠷᠠᠯ᠂ ᠳᠠᠭᠤᠤ ᠬᠥᠭᠵᠢᠮ᠎ᠤᠨ ᠨᠠᠶ᠋ᠢᠷ ᠵᠡᠷᠭᠡ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠢ ᠠᠰᠢᠭᠯᠠᠨ ᠤᠬᠠᠭᠤᠯᠭ᠎ᠠ ᠵᠢᠨ ᠭᠤᠤᠯ ᠵᠢᠭᠰᠠᠭ᠋ᠠᠯ᠎ᠤᠨ ᠭᠠᠵᠠᠷ᠎ᠲᠤ ᠠᠭᠤᠰᠤᠯᠴᠠᠵᠤ᠂ ᠣᠯᠠᠨ ᠲᠦᠮᠡᠨ᠎ᠳᠤ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃ ᠰᠢᠯᠢ ᠵᠢᠨ ᠭᠣᠣᠯ ᠠᠶ᠋ᠢᠮᠠᠭ᠎ᠤᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ 《ᠬᠤᠪᠢᠰᠬᠠᠯᠲᠤ ᠬᠠᠤᠯᠢᠵᠢᠯ᠎ᠤᠨ ᠰᠣᠶᠣᠯ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠰᠢᠭᠦᠭᠴᠢ ᠰᠤᠷᠭ᠋ᠠᠭᠤᠯᠢ᠂ ᠨᠡᠶ᠋ᠢᠭᠡᠮ ᠲᠣᠭᠣᠷᠢᠭ᠎ᠲᠤ ᠬᠦᠷᠴᠦ᠂ ᠬᠤᠪᠢᠰᠬᠠᠯᠲᠤ ᠬᠠᠤᠯᠢᠵᠢᠯ᠎ᠤᠨ ᠦᠯᠢᠭᠡᠷ᠎ᠢ ᠶᠠᠷᠢᠵᠤ᠂ ᠬᠤᠪᠢᠰᠬᠠᠯᠲᠤ ᠬᠠᠤᠯᠢᠵᠢᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠬᠤᠪᠢᠰᠬᠠᠯᠲᠤ ᠤᠳᠤᠮᠰᠢᠯ᠎ᠢ ᠬᠠᠤᠯᠢᠵᠢᠯ᠎ᠤᠨ ᠬᠥᠮᠦᠵᠢᠯ᠎ᠳᠤ ᠠᠭᠤᠰᠤᠯᠴᠠᠭᠤᠯᠵᠤ᠂ ᠬᠤᠪᠢᠰᠬᠠᠯᠲᠤ ᠬᠠᠤᠯᠢᠵᠢᠯ᠎ᠤᠨ ᠰᠣᠶᠣᠯ᠎ᠢ ᠰᠢᠨ᠎ᠡ ᠴᠠᠭ ᠦᠶ᠎ᠡ᠎ᠳᠤ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠪᠠ᠃
ᠴᠢᠷᠮᠠᠶ᠋ᠢᠯᠭ᠎ᠠ ᠬᠥᠮᠦᠨ᠎ᠢ ᠭᠣᠮᠣᠳᠠᠭ᠋ᠠᠬᠤ ᠦᠭᠡᠢ᠃ 2024 ᠣᠨ᠎ᠳᠤ᠂ ᠰᠥᠨᠢᠳ ᠪᠠᠷᠠᠭᠤᠨ ᠬᠣᠰᠢᠭᠤᠨ᠎ᠤ ᠰᠠᠩᠪᠤᠯᠠᠭ ᠰᠤᠮᠤ ᠵᠢᠨ ᠪᠠᠶᠠᠨ ᠠᠭᠤᠯᠠ ᠭᠠᠴᠠᠭ᠋ᠠᠨ᠎ᠤ ᠨᠠᠮ᠎ᠤᠨ ᠡᠭᠦᠷ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ》 ᠵᠢᠨ ᠢᠷᠠᠭᠤ ᠠᠯᠳᠠᠷ᠎ᠢ ᠭᠥᠷᠳᠡᠪᠡ᠃ ᠰᠥᠨᠢᠳ ᠪᠠᠷᠠᠭᠤᠨ ᠬᠣᠰᠢᠭᠤᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠢᠨ 《ᠤᠯᠠᠭ᠋ᠠᠨ ᠨᠣᠭᠣᠭ᠋ᠠᠨ ᠬᠥᠬᠡ ᠤᠯᠠ ᠮᠥᠷ》 ᠨᠠᠷᠠᠲᠤ ᠲᠡᠮᠳᠡᠭ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠰᠣᠶᠣᠯ᠎ᠤᠨ ᠨᠠᠷᠠᠲᠤ ᠲᠡᠮᠳᠡᠭ᠎ᠢ ᠰᠣᠩᠭᠣᠵᠤ ᠪᠣᠶ ᠪᠣᠯᠭ᠋ᠠᠬᠤ ᠦᠵᠡᠭᠦᠯᠦᠯᠭᠡ ᠵᠢᠨ ᠠᠵᠢᠯᠯᠠᠭ᠎ᠠ 《ᠰᠢᠯᠢᠳᠡᠭ ᠰᠣᠶᠣᠯ᠎ᠤᠨ ᠨᠠᠷᠠᠲᠤ ᠲᠡᠮᠳᠡᠭ》 ᠵᠶ᠋ᠠᠷ ᠦᠨᠡᠯᠡᠭᠳᠡᠪᠡ᠃ 《ᠪᠠᠶ᠋ᠢᠴᠠᠭ᠋ᠠᠬᠤ + ᠤᠯᠠᠭ᠋ᠠᠨᠮᠥ᠋ᠴᠢᠷ》᠎ᠤᠨ ᠤᠬᠠᠭᠤᠯᠭ᠎ᠠ ᠵᠢᠨ ᠵᠠᠭᠪᠤᠷ᠎ᠨᠢ 2024 ᠣᠨ᠎ᠤ ᠪᠥᠬᠥ ᠤᠯᠤᠰ᠎ᠤᠨ ᠪᠠᠶ᠋ᠢᠴᠠᠭ᠋ᠠᠬᠤ ᠠᠵᠢᠯ᠎ᠤᠨ ᠰᠢᠨ᠎ᠡ ᠵᠠᠭᠤᠴᠢᠯᠠᠭᠤᠷ᠎ᠤᠨ ᠰᠣᠳᠣᠨ ᠪᠦᠲᠦᠭᠡᠯ ᠵᠶ᠋ᠠᠷ ᠦᠨᠡᠯᠡᠭᠳᠡᠪᠡ᠃ ᠡᠨᠡᠬᠦ ᠢᠷᠠᠭᠤ ᠠᠯᠳᠠᠷ ᠪᠣᠯ ᠤᠮᠠᠷᠠᠲᠤ ᠬᠢᠯᠢ ᠵᠢᠨ ᠬᠠᠤᠯᠢᠵᠢᠯ᠎ᠤᠨ ᠰᠣᠶᠣᠯ᠎ᠤᠨ ᠬᠤᠪᠢᠰᠬᠠᠯ᠎ᠤᠨ ᠭ᠋ᠸᠨᠤ ᠡᠨᠡ ᠬᠦ᠌ ᠲᠠᠯ᠎ᠠ ᠨᠤᠲᠤᠭ᠎ᠲᠠᠬᠢ ᠦᠨᠡᠨ ᠪᠣᠳᠠᠲᠠᠢ ᠴᠣᠣᠷᠢᠶ᠎ᠠ ᠪᠣᠯᠤᠨ᠎ᠠ᠃
ᠣᠯᠠᠨ ᠵᠢᠯ᠎ᠤᠨ ᠲᠤᠷᠰᠢ᠂ ᠰᠢᠯᠢ ᠵᠢᠨ ᠭᠤᠤᠯ ᠠᠶ᠋ᠢᠮᠠᠭ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠤᠨ᠎ᠬᠢᠨ ᠬᠤᠪᠢᠰᠬᠠᠯ᠎ᠤᠨ ᠤᠳᠤᠮᠰᠢᠯ ᠵᠶ᠋ᠠᠨ ᠵᠠᠯᠭ᠋ᠠᠮᠵᠢᠯᠠᠵᠤ᠂ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠤᠨ᠂ ᠬᠤᠪᠢᠰᠬᠠᠯ᠎ᠤᠨ ᠳᠤᠷᠠᠳᠬᠠᠯ ᠵᠶ᠋ᠠᠷ ᠳᠠᠮᠵᠢᠭᠤᠯᠤᠨ ᠬᠠᠤᠯᠢᠵᠢᠯ᠎ᠤᠨ ᠰᠣᠶᠣᠯ᠎ᠤᠨ ᠤᠬᠠᠭᠤᠯᠭ᠎ᠠ ᠵᠢ ᠮᠠᠯᠴᠢᠨ ᠲᠠᠷᠢᠶᠠᠴᠢᠨ᠎ᠤ ᠰᠡᠳᠬᠢᠯ᠎ᠳᠤ ᠬᠠᠳᠠᠩᠰᠢᠭᠤᠯᠵᠤ᠂ ᠬᠤᠪᠢᠰᠬᠠᠯ᠎ᠤᠨ ᠬᠠᠤᠯᠢᠵᠢᠯ᠎ᠤᠨ ᠰᠣᠶᠣᠯ᠎ᠤᠨ ᠲᠥᠷᠥᠯ ᠲᠡᠮᠳᠡᠭ᠎ᠤᠨ ᠵᠢᠭᠰᠠᠭ᠋ᠠᠯ᠎ᠢ ᠪᠦᠷᠢᠯᠳᠦᠭᠦᠯᠵᠦ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠬᠤ ᠳᠠᠬᠢᠨ ᠵᠶ᠋ᠠᠷ ᠦᠷᠡᠵᠢᠭᠦᠯᠬᠦ ᠦᠢ᠍ᠯᠡᠳᠦᠯ᠎ᠢ ᠪᠡᠶᠡᠯᠡᠭᠦᠯᠵᠦ᠂ ᠬᠠᠤᠯᠢᠵᠢᠯ᠎ᠤᠨ ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠡᠬᠡ ᠤᠯᠤᠰ᠎ᠤᠨ ᠤᠮᠠᠷᠠᠲᠤ ᠬᠢᠯᠢ ᠵᠢᠨ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ᠎ᠳᠤ ᠪᠠᠲᠤ ᠪᠠᠬᠢ ᠰᠠᠭᠤᠷᠢ ᠵᠢ ᠲᠠᠯᠪᠢᠪᠠ᠃