ᠳᠤᠮᠳᠠᠳᠤ ᠤᠯᠤᠰ᠎ᠤᠨ ᠬᠠᠮᠤᠭ᠎ᠤᠨ ᠶᠡᠭᠡ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠭᠤᠣᠯᠳᠠᠯᠭ᠎ᠠ᠎ᠲᠠᠢ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠤ 10.67 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠠᠮᠢ ᠠᠬᠤᠢ ᠵᠢᠨ ᠴᠢᠳᠠᠮᠵᠢᠲᠤ ᠣᠷᠣᠨ᠎ᠨᠢ ᠠᠮᠠᠽᠤᠨᠠᠰᠤᠨ ᠬᠠᠯᠠᠭᠤᠨ ᠪᠦᠰᠡᠨ᠎ᠤ ᠪᠣᠷᠣᠭ᠋ᠠᠨ᠎ᠲᠤ ᠤᠢ᠎ᠲᠠᠢ ᠬᠠᠮᠲᠤ 《ᠳᠡᠯᠡᠬᠡᠢ ᠵᠢᠨ ᠪᠥᠮᠪᠥᠷᠴᠡᠭ᠎ᠤᠨ ᠠᠭᠤᠰᠬᠢ》 ᠬᠡᠮᠡᠭᠳᠡᠪᠡ᠃ ᠲᠡᠷᠡ᠎ᠨᠢ ᠬᠠᠷᠠᠮᠥ᠋ᠷᠡᠨ᠂ ᠨᠤᠨ ᠮᠥᠷᠡᠨ᠎ᠤ ᠤᠰᠤᠨ ᠰᠢᠰᠲ᠋ᠧᠮ ᠪᠣᠯᠣᠨ ᠰᠤᠩᠭ᠋ᠠᠷᠢ ᠮᠥᠷᠡᠨ ᠨᠤᠨ ᠮᠥᠷᠡᠨ᠎ᠤ ᠲᠠᠯ᠎ᠠ ᠭᠠᠵᠠᠷ᠂ ᠬᠥᠯᠥᠨ ᠪᠤᠶ᠋ᠢᠷ᠎ᠤᠨ ᠲᠠᠯ᠎ᠠ ᠨᠤᠲᠤᠭ᠎ᠤᠨ ᠠᠮᠢ ᠠᠬᠤᠢ ᠵᠢᠨ ᠲᠡᠩᠴᠡᠭᠦᠷᠢ ᠵᠢ ᠪᠠᠲᠤᠯᠠᠵᠤ ᠪᠠᠶ᠋ᠢᠬᠤ ᠪᠥᠭᠡᠳ ᠪᠦᠭᠦᠶ᠋ᠢᠯᠡ ᠵᠡᠭᠦᠨ ᠬᠤᠶ᠋ᠢᠲᠤ ᠣᠷᠣᠨ᠎ᠤ ᠠᠵᠤ ᠦᠢ᠍ᠯᠡᠳᠪᠦᠷᠢ᠂ ᠲᠠᠷᠢᠶᠠᠯᠠᠩ᠂ ᠮᠠᠯ ᠠᠵᠤ ᠠᠬᠤᠢ᠂ ᠵᠢᠭ᠋ᠠᠰᠤᠨ ᠠᠵᠤ ᠠᠬᠤᠢ ᠵᠡᠷᠭᠡ ᠠᠵᠤ ᠦᠢ᠍ᠯᠡᠰ᠎ᠤᠨ ᠠᠮᠢᠨ ᠰᠤᠳᠠᠰᠤ ᠵᠢ ᠲᠤᠯᠭ᠋ᠠᠭᠤᠷᠢᠯᠠᠵᠤ᠂ ᠠᠮᠤ ᠵᠢᠨ ᠰᠠᠩ ᠪᠣᠯᠣᠨ ᠤᠰᠤᠨ᠎ᠤ ᠡᠬᠢ ᠰᠤᠷᠪᠤᠯᠵᠢ ᠪᠣᠯᠵᠤ ᠪᠠᠶ᠋ᠢᠳᠠᠭ᠃
ᠥᠩᠭᠡᠷᠡᠭᠰᠡᠨ᠎ᠳᠤ ᠲᠦᠮᠡ ᠮᠢᠩᠭ᠎ᠠ᠎ᠪᠠᠷ ᠲᠣᠭ᠋ᠠᠯᠠᠭᠳᠠᠬᠤ ᠨᠢᠷᠤᠭᠤ ᠮᠣᠳᠣ ᠠᠳᠡ᠎ᠠᠴᠠ ᠡᠯ᠎ᠡ ᠭᠠᠵᠠᠷ᠎ᠲᠤ ᠵᠥᠭᠡᠭᠡᠪᠦᠷᠢᠯᠡᠭᠳᠡᠵᠦ ᠪᠠᠶ᠋ᠢᠪᠠ᠃ 2015 ᠣᠨ᠎ᠤ 3 ᠰᠠᠷ᠎ᠠ ᠵᠢᠨ 31᠎ᠤ ᠡᠳᠦᠷ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠮᠣᠳᠣ ᠣᠭᠲᠣᠯᠬᠤ᠎ᠪᠠᠨ ᠵᠤᠬᠰᠤᠬᠤ ᠲᠤᠩᠬᠠᠭ ᠨᠡᠶ᠋ᠢᠲᠡᠯᠡᠵᠦ᠂ 63 ᠵᠢᠯ᠎ᠤᠨ ᠤᠢ ᠮᠣᠳᠣ ᠣᠭᠲᠣᠯᠣᠭᠰᠠᠨ ᠲᠡᠦᠬᠡ᠎ᠪᠠᠨ ᠡᠴᠦᠰᠯᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢ ᠨᠡᠭᠡᠭᠡᠵᠡᠢ᠃ ᠮᠣᠳᠣ ᠣᠭᠲᠣᠯᠬᠤ᠎ᠪᠠᠨ ᠵᠣᠭᠰᠣᠭᠰᠠᠨ 10 ᠵᠢᠯ᠎ᠳᠤ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶ᠋ᠢᠷᠬᠠᠨ ᠮᠥᠨ ᠭᠡᠬᠦ ᠠᠮᠢ ᠠᠬᠤᠢ ᠵᠢᠨ ᠪᠣᠯᠪᠠᠰᠤᠨ᠎ᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠶᠡᠭᠡ ᠬᠢᠩᠭ᠋ᠠᠨ ᠳᠠᠪᠠᠭ᠎ᠠ ᠰᠦᠷᠯᠢᠭ ᠰᠠᠶ᠋ᠢᠬᠠᠨ ᠨᠣᠮᠢᠨ ᠨᠣᠭᠤᠭ᠋ᠠᠨ ᠰᠢᠯᠦᠭ ᠳᠠᠭᠤᠯᠠᠯ᠎ᠢ ᠪᠢᠴᠢᠭᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠬᠠᠷᠢᠭᠤᠴᠠᠯᠭ᠎ᠠ ᠡᠭᠦᠷᠭᠡᠯᠡᠯ᠎ᠢ ᠲᠠᠶ᠋ᠢᠯᠪᠤᠷᠢᠯᠠᠪᠠ᠃
ᠮᠣᠳᠣ ᠣᠭᠲᠣᠯᠬᠤ ᠠᠵᠢᠯᠴᠢᠨ᠎ᠠᠴᠠ ᠣᠢ ᠰᠢᠭᠤᠢ ᠰᠠᠬᠢᠭᠴᠢ ᠪᠣᠯᠵᠤ ᠨᠣᠮᠢᠨ ᠤᠰᠤ ᠬᠥᠬᠡᠮᠳᠦᠭ ᠠᠭᠤᠯᠠ ᠵᠢ ᠬᠠᠮᠠᠭ᠋ᠠᠯᠠᠬᠤ ᠳᠣᠮᠤᠭ᠎ᠢ ᠦᠷᠭᠦᠯᠵᠢᠯᠡᠨ ᠬᠦᠦᠷᠨᠢᠨ᠎ᠡ
ᠴᠠᠭᠢᠯᠭ᠋ᠠᠨ ᠬᠢᠷᠦᠭᠡᠨᠤ ᠬᠦᠩᠭᠢᠨᠡᠬᠦ ᠳᠠᠭᠤᠨ ᠤᠢ ᠵᠢᠨ ᠨᠠᠮ ᠵᠢᠮ᠎ᠢ ᠡᠪᠳᠡᠵᠦ᠂ ᠠᠷᠪᠠᠨ ᠬᠡᠳᠦᠬᠡᠨ ᠰᠧᠺᠦ᠋ᠨ᠋ᠳ᠋᠎ᠤᠨ ᠳᠣᠲᠣᠷ᠎ᠠ ᠨᠢᠭᠡ ᠮᠣᠳᠣ ᠭᠠᠵᠠᠷ ᠣᠶ᠋ᠢᠴᠢᠪᠠ᠃
《ᠡᠨᠡ ᠮᠣᠳᠣ ᠵᠢᠰᠢᠭᠦᠦ ᠤᠷᠭᠤᠪᠠ᠂ ᠪᠤᠰᠤᠳ ᠮᠣᠳᠣᠨ᠎ᠤ ᠤᠷᠭᠤᠯᠲᠠ ᠵᠢ ᠨᠥᠯᠥᠭᠡᠯᠡᠨ᠎ᠡ᠂ ᠡᠷᠬᠡᠪᠰᠢ ᠤᠨᠠᠭ᠋ᠠᠬᠤ ᠬᠡᠷᠡᠭᠲᠡᠢ》᠃ 3 ᠰᠠᠷ᠎ᠠ ᠵᠢᠨ 28᠎ᠤ ᠡᠳᠦᠷ᠂ ᠭᠡᠭᠡᠨ ᠭᠤᠣᠯ᠎ᠤᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠺᠤᠮᠫᠠᠨᠢ ᠵᠢᠨ ᠦᠯᠢᠺᠦ᠋ᠮᠠ ᠬᠠᠮᠢᠶᠠᠷᠤᠨ ᠬᠠᠮᠠᠭ᠋ᠠᠯᠠᠬᠤ ᠲᠥᠪ᠎ᠤᠨ ᠱᠠᠩ ᠶᠠᠩ ᠭᠧ ᠴᠢ ᠪᠠᠷᠢᠯᠭ᠎ᠠ ᠵᠢᠨ ᠠᠵᠢᠯ᠎ᠤᠨ ᠲᠣᠭᠤᠷᠢᠭ᠎ᠲᠤ ᠵᠢᠶᠠᠩ ᠵᠢᠶᠠᠨ ᠭᠦᠸᠧ ᠤᠢ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢᠨ ᠠᠵᠢᠯ ᠬᠢᠵᠦ᠂ ᠤᠢ ᠳᠣᠲᠣᠷᠠᠬᠢ ᠬᠤᠪᠠᠭ᠍ᠠᠢ ᠮᠣᠳᠣ᠂ ᠡᠪᠡᠳᠴᠢᠨ᠎ᠲᠠᠢ ᠢᠯᠵᠢᠷᠡᠮᠡᠯ ᠮᠣᠳᠣ ᠵᠢ ᠴᠡᠪᠡᠷᠯᠡᠵᠦ᠂ ᠡᠷᠡᠭᠦᠯ ᠮᠣᠳᠣᠨ᠎ᠳᠤ ᠥᠰᠦᠯᠲᠡ ᠵᠢᠨ ᠣᠷᠣᠨ ᠵᠠᠢ ᠭᠠᠷᠭ᠋ᠠᠵᠤ ᠪᠠᠶ᠋ᠢᠪᠠ᠃ ᠤᠢ ᠳᠣᠲᠣᠷ᠎ᠠ᠂ ᠡᠮᠦᠨ᠎ᠡ ᠡᠳᠦᠷ᠎ᠨᠢ ᠣᠭᠲᠣᠯᠵᠤ ᠤᠨᠠᠭ᠋ᠠᠭᠰᠠᠨ ᠮᠣᠳᠣᠳ᠎ᠨᠢ ᠬᠥᠨᠳᠡᠯᠡᠨ ᠭᠤᠯᠳᠤ ᠭᠠᠵᠠᠷ ᠰᠠᠢ ᠦᠭᠡᠢ ᠬᠠᠷᠠᠭᠳᠠᠵᠤ᠂ ᠲᠡᠷᠡ ᠠᠵᠢᠯᠴᠢᠨ ᠨᠥᠬᠦᠳ᠎ᠲᠠᠢ᠎ᠪᠠᠨ ᠬᠠᠮᠲᠤ ᠠᠵᠢᠯᠯᠠᠬᠤ ᠵᠢᠨ ᠳᠠᠭ᠋ᠠᠤ ᠬᠦᠴᠦ ᠮᠡᠳᠡᠨ ᠣᠪᠣᠭ᠋ᠠᠯᠠᠵᠤ᠂ ᠳᠠᠷᠠᠭ᠎ᠠ᠎ᠨᠢ ᠨᠡᠶ᠋ᠢᠯᠡᠭᠦᠯᠵᠦ ᠤᠶᠠᠭ᠋ᠠᠳ ᠲᠷᠠᠺᠲ᠋ᠣᠷ ᠵᠶ᠋ᠠᠷ ᠴᠢᠷᠴᠦ ᠵᠠᠮ ᠳᠡᠭᠡᠷ᠎ᠡ ᠭᠠᠷᠭ᠋ᠠᠪᠠ᠃
2024 ᠣᠨ᠎ᠤ 12 ᠰᠠᠷ᠎ᠠ ᠵᠢᠨ 14᠎ᠤ ᠡᠳᠦᠷ ᠠᠭᠤᠯᠠᠨ᠎ᠳᠤ ᠭᠠᠷᠤᠭᠰᠠᠨ᠎ᠠᠴᠠ ᠤᠳᠤ ᠪᠤᠯᠲᠠᠯ᠎ᠠ ᠨᠢᠭᠡᠨᠲᠡ 100 ᠭᠠᠷᠤᠢ ᠡᠳᠦᠷ ᠥᠩᠭᠡᠷᠡᠪᠡ᠃ ᠴᠠᠭ᠋ᠠᠨ ᠰᠠᠷ᠎ᠠ ᠭᠡᠷ᠎ᠲᠡᠭᠡᠨ ᠬᠠᠷᠢᠵᠤ ᠬᠡᠳᠦᠨ ᠡᠳᠦᠷ ᠠᠮᠠᠷᠠᠭᠰᠠᠨ᠎ᠠᠴᠠ ᠭᠠᠳᠠᠨ᠎ᠠ᠂ ᠵᠢᠶᠠᠩ ᠵᠢᠶᠠᠨ ᠭᠦᠸᠧ ᠠᠵᠢᠯᠴᠢᠨ ᠨᠥᠬᠦᠳ᠎ᠲᠠᠢ᠎ᠪᠠᠨ ᠨᠡᠶ᠋ᠢᠳᠡᠮ ᠠᠭᠤᠯᠠᠨ᠎ᠳᠤ ᠠᠵᠢᠯᠯᠠᠵᠤ᠂ ᠨᠢᠭᠡ ᠭᠠᠵᠠᠷ᠎ᠤᠨ ᠠᠵᠢᠯ ᠵᠶ᠋ᠠᠨ ᠳᠠᠭᠤᠰᠬᠠᠪᠠᠯ ᠳᠠᠷᠠᠭ᠎ᠠ ᠨᠢᠭᠡ ᠴᠡᠭ᠎ᠲᠤ ᠰᠢᠯᠵᠢᠨ᠎ᠡ᠃
《ᠪᠠᠰᠠ ᠨᠢᠭᠡ ᠬᠤᠶᠠᠷ ᠡᠳᠦᠷ ᠠᠵᠢᠯᠯᠠᠪᠠᠯ ᠣᠶ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢᠨ ᠠᠵᠢᠯ ᠳᠠᠷᠤᠢ ᠳᠠᠭᠤᠰᠴᠤ᠂ ᠰᠢᠭᠤᠶ᠋ᠢᠲᠤ ᠣᠷᠣᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ ᠣᠷᠣᠨ᠎ᠠ᠂ ᠪᠢᠳᠡ ᠠᠭᠤᠯᠠᠨ᠎ᠳᠤ ᠣᠷᠣᠵᠤ ᠲᠣᠭᠤᠷᠢᠨ ᠬᠠᠮᠠᠭ᠋ᠠᠯᠠᠵᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠩᠭᠢ ᠪᠠᠶ᠋ᠢᠭᠤᠯᠬᠤ ᠪᠣᠯᠣᠨ᠎ᠠ》᠃ ᠬᠠᠪᠤᠷ᠎ᠤᠨ ᠤᠯᠠᠷᠢᠯ᠎ᠳᠤ ᠭᠠᠯ ᠰᠡᠷᠭᠡᠶ᠋ᠢᠯᠡᠵᠦ᠂ 5 ᠰᠠᠷ᠎ᠠ᠎ᠳᠤ ᠭᠠᠵᠠᠷ ᠭᠡᠰᠬᠦ ᠴᠠᠭ᠎ᠢ ᠠᠮᠵᠢᠨ ᠣᠶ᠋ᠢᠵᠢᠭᠤᠯᠵᠤ᠂ ᠵᠣᠨ ᠨᠠᠮᠤᠷ᠎ᠤᠨ ᠤᠯᠠᠷᠢᠯ᠎ᠳᠤ ᠡᠪᠡᠳᠴᠢᠨ ᠬᠤᠷᠣᠬᠠᠢ ᠵᠢᠨ ᠬᠥᠨᠥᠭᠡᠯ᠎ᠢ ᠰᠡᠷᠭᠡᠶ᠋ᠢᠯᠡᠵᠦ᠂ ᠡᠪᠦᠯ᠎ᠤᠨ ᠤᠯᠠᠷᠢᠯ᠎ᠳᠤ ᠣᠶ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢᠨ ᠣᠭᠲᠣᠯᠬᠤ ᠠᠵᠢᠯ ᠬᠢᠵᠦ᠂ ᠵᠢᠯ᠎ᠤᠨ ᠳᠥᠷᠪᠡᠨ ᠤᠯᠠᠷᠢᠯ᠎ᠳᠤ ᠡᠳᠡᠭᠡᠷ ᠠᠵᠢᠯ ᠵᠶ᠋ᠠᠨ ᠳᠠᠭᠢᠨ ᠳᠠᠪᠲᠠᠨ ᠬᠢᠳᠡᠭ ᠠᠵᠢ᠃
ᠡᠨᠡ ᠵᠢᠯ 58 ᠨᠠᠰᠤᠲᠠᠢ ᠵᠢᠶᠠᠩ ᠵᠢᠶᠠᠨ ᠭᠦᠸᠧ 1987 ᠣᠨ᠎ᠳᠤ ᠠᠵᠢᠯ᠎ᠳᠤ ᠭᠠᠷᠤᠭᠰᠠᠨ᠎ᠠᠴᠠ ᠤᠳᠤ ᠪᠤᠯᠲᠠᠯ᠎ᠠ 38 ᠵᠢᠯ᠎ᠤᠨ 28 ᠵᠢᠯ᠎ᠨᠢ ᠮᠣᠳᠣ ᠣᠭᠲᠣᠯᠵᠠᠢ᠃
ᠣᠭᠲᠣᠯᠬᠤ ᠵᠢ ᠵᠣᠭᠰᠣᠭ᠋ᠠᠭᠰᠠᠨ ᠴᠢᠮᠡᠭᠡ ᠵᠢ ᠰᠣᠨᠣᠰᠤᠭ᠋ᠠᠳ᠂ ᠲᠡᠷᠡ ᠪᠠᠶᠠᠷᠯᠠᠵᠤ ᠪᠠᠶ᠋ᠢᠭᠰᠠᠨ ᠴᠤ᠌ ᠰᠠᠨᠠᠭ᠋ᠠᠰᠢᠷᠠᠯ ᠪᠣᠯᠪᠠ᠃ ᠪᠠᠶᠠᠷᠯᠠᠭᠤᠰᠢᠲᠠᠢ᠎ᠨᠢ᠂ ᠡᠨᠡ ᠬᠡᠰᠡᠭ ᠳᠠᠭ᠋ᠠᠭ᠋ᠠᠵᠤ ᠳᠡᠶ᠋ᠢᠯᠦᠰᠢ ᠦᠭᠡᠢ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠭᠰᠠᠨ ᠣᠶ ᠰᠢᠭᠤᠢ ᠣᠲᠣ ᠠᠮᠤᠷᠵᠢᠨ ᠲᠡᠩᠬᠡᠷᠡᠬᠦ ᠴᠠᠭ ᠪᠣᠯᠵᠠᠢ᠃ ᠲᠡᠭᠡᠪᠡᠯ ᠮᠣᠳᠣ ᠣᠭᠲᠣᠯᠬᠤ ᠦᠭᠡᠢ᠎ᠪᠠᠷ ᠶᠠᠭ᠋ᠠᠬᠢᠵᠤ ᠠᠮᠢᠳᠤᠷᠠᠬᠤ ᠪᠤᠢ?
ᠲᠡᠷᠡ᠎ᠪᠠᠷ ᠰᠦᠬᠡ ᠬᠢᠷᠦᠭᠡ᠎ᠪᠠᠨ ᠲᠠᠯᠪᠢᠵᠤ 《ᠣᠢ ᠰᠢᠭᠤᠢ ᠵᠢᠨ ᠬᠠᠮᠠᠭ᠋ᠠᠯᠠᠭᠴᠢ》 ᠪᠣᠯᠣᠨ ᠬᠤᠪᠢᠷᠠᠪᠠ᠃ 《ᠡᠳᠦᠷ ᠪᠦᠷᠢ ᠠᠭᠤᠯᠠᠨ᠎ᠳᠤ ᠭᠠᠷᠴᠤ ᠲᠣᠭᠤᠷᠢᠨ ᠬᠠᠮᠠᠭ᠋ᠠᠯᠠᠵᠤ᠂ ᠣᠢ ᠮᠣᠳᠣ ᠡᠪᠳᠡᠭᠳᠡᠭᠰᠡᠨ ᠡᠰᠡᠬᠦ᠂ ᠬᠡᠭᠡᠷ᠎ᠡ ᠵᠢᠨ ᠠᠮᠢᠲᠠᠨ ᠰᠢᠷᠬᠠᠲᠤᠭᠰᠠᠨ ᠡᠰᠡᠬᠦ᠂ ᠣᠢ ᠰᠢᠭᠤᠢ ᠵᠢᠨ ᠡᠪᠡᠳᠴᠢᠨ ᠬᠤᠷᠣᠬᠠᠢ ᠵᠢᠨ ᠭᠠᠮᠰᠢᠭ ᠭᠠᠷᠤᠭᠰᠠᠨ ᠡᠰᠡᠬᠦ ᠵᠡᠷᠭᠡ ᠪᠠᠶ᠋ᠢᠳᠠᠯ᠎ᠢ ᠦᠵᠡᠨ᠎ᠡ᠃ ᠡᠨᠡ ᠣᠢ ᠵᠢ ᠪᠢᠳᠡᠨ᠎ᠠᠴᠠ ᠢᠯᠡᠭᠦᠦ ᠣᠶ᠋ᠢᠯᠠᠭ᠋ᠠᠬᠤ ᠬᠥᠮᠥᠨ ᠦᠭᠡᠢ》 ᠭᠡᠵᠦ ᠵᠢᠶᠠᠩ ᠵᠢᠶᠠᠨ ᠭᠦᠸᠧ ᠬᠡᠯᠡᠪᠡ᠃
ᠣᠢ ᠰᠢᠭᠤᠢ ᠵᠢᠯ᠎ᠤᠨ ᠳᠥᠷᠪᠡᠨ ᠤᠯᠠᠷᠢᠯ ᠬᠥᠮᠥᠨ᠎ᠠᠴᠠ ᠰᠠᠯᠵᠤ ᠴᠢᠳᠠᠬᠤ ᠦᠭᠡᠢ᠂ ᠵᠢᠶᠠᠩ ᠵᠢᠶᠠᠨ ᠭᠦᠸᠧ ᠴᠤ᠌ ᠵᠢᠯ᠎ᠤᠨ ᠳᠥᠷᠪᠡᠨ ᠤᠯᠠᠷᠢᠯ ᠣᠢ ᠰᠢᠭᠤᠢ᠎ᠳᠤ ᠠᠵᠢᠯᠯᠠᠨ᠎ᠠ᠃ ᠡᠬᠡᠨᠡᠷ᠎ᠨᠢ ᠮᠡᠰᠡ ᠵᠠᠰᠠᠯ ᠬᠢᠵᠦ᠂ ᠥᠬᠢᠨ᠎ᠨᠢ ᠬᠤᠷᠢᠮᠯᠠᠵᠤ᠂ ᠬᠦᠦ ᠲᠦᠷᠦᠭᠦ᠎ᠳᠤ᠂ ᠲᠡᠷᠡ ᠪᠦᠷ ᠣᠢ ᠵᠢᠨ ᠭᠦᠨᠳᠤ ᠪᠠᠶ᠋ᠢᠯ᠎ᠠ᠃ ᠨᠢᠳᠦ ᠢᠷᠮᠡᠬᠦ ᠵᠢᠨ ᠵᠠᠭᠤᠷ᠎ᠠ 40 ᠰᠢᠬᠠᠮ ᠵᠢᠯ ᠪᠣᠯᠣᠯ᠎ᠠ᠃
《ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠎ᠠ᠂ ᠪᠢ ᠬᠥᠭᠰᠢᠨ ᠵᠶ᠋ᠠᠨ ᠳᠠᠭ᠋ᠠᠭᠤᠯᠤᠨ ᠲᠢᠶᠠᠨ ᠠᠨ ᠮᠧᠨ ᠠᠰᠠᠷ᠂ ᠳᠠᠯᠠᠢ ᠲᠠᠩᠭᠢᠰ᠂ ᠡᠬᠡ ᠤᠯᠤᠰ᠎ᠤᠨ ᠵᠶ᠋ᠠᠨ ᠦᠵᠡᠰᠬᠦᠯᠡᠩᠲᠦ ᠰᠠᠶ᠋ᠢᠬᠠᠨ ᠠᠭᠤᠯᠠ ᠤᠰᠤ ᠵᠢ ᠦᠵᠡᠬᠦ᠎ᠪᠠᠷ ᠣᠴᠢᠨ᠎ᠠ᠃ ᠥᠬᠢᠨ᠎ᠤ᠎ᠪᠠᠨ ᠠᠵᠢᠯᠯᠠᠵᠤ ᠪᠠᠶ᠋ᠢᠭ᠎ᠠ ᠬᠤᠲᠠ᠎ᠳᠤ ᠣᠴᠢᠵᠤ ᠵᠢᠭᠡ ᠣᠮᠪᠣᠯᠣ᠎ᠪᠠᠨ ᠬᠠᠷᠠᠨ᠎ᠠ》 ᠭᠡᠵᠦ ᠵᠢᠶᠠᠩ ᠵᠢᠶᠠᠨ ᠭᠦᠸᠧ ᠤᠳᠠᠯ ᠦᠭᠡᠢ ᠬᠦᠷᠴᠦ ᠢᠷᠡᠬᠦ ᠭᠡᠵᠦ ᠪᠠᠶ᠋ᠢᠭ᠎ᠠ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠋ᠠᠬᠢ ᠠᠮᠢᠳᠤᠷᠠᠯ ᠵᠶ᠋ᠠᠨ ᠬᠦᠰᠡᠨ ᠮᠥᠷᠥᠭᠡᠳᠴᠦ ᠪᠠᠶ᠋ᠢᠭ᠎ᠠ ᠴᠤ᠌ ᠤᠢ ᠰᠢᠭᠤᠢ᠎ᠲᠠᠢ ᠬᠠᠮᠲᠤ ᠪᠠᠶ᠋ᠢᠬᠤ ᠳᠡᠮᠡᠢ ᠬᠡᠳᠦᠨ ᠡᠳᠦᠷ ᠬᠤᠨᠤᠭ ᠵᠶ᠋ᠠᠨ ᠨᠡᠩ ᠨᠠᠨᠳᠢᠩᠨᠠᠨ᠎ᠠ᠃
ᠵᠢᠶᠠᠩ ᠵᠢᠶᠠᠨ ᠭᠦᠸᠧ ᠵᠢᠨ ᠪᠡᠶ᠎ᠡ ᠳᠡᠭᠡᠷ᠎ᠡ᠎ᠠᠴᠠ ᠶᠡᠭᠡ ᠬᠢᠩᠭ᠋ᠠᠨ ᠳᠠᠪᠠᠭ᠎ᠠ ᠵᠢᠨ ᠪᠠᠷ᠎ᠠ ᠰᠡᠭᠦᠳᠡᠷ᠎ᠢ ᠣᠯᠵᠤ ᠬᠠᠷᠠᠭᠰᠠᠨ ᠰᠢᠭ᠋ ᠪᠣᠯᠣᠯ᠎ᠠ᠂ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ ᠪᠠ ᠠᠮᠢ ᠠᠬᠤᠢ ᠵᠢᠨ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠳᠤ ᠴᠥᠮ ᠴᠢᠳᠠᠯ᠎ᠤᠨ ᠬᠢᠷᠢ᠎ᠪᠠᠷ ᠵᠶ᠋ᠠᠨ ᠬᠤᠪᠢ ᠨᠡᠮᠡᠷᠢ ᠦᠵᠡᠭᠦᠯᠵᠦ ᠪᠠᠶ᠋ᠢᠨ᠎ᠠ᠃
ᠮᠣᠳᠣᠨ ᠮᠠᠲ᠋ᠧᠷᠢᠶᠠᠯ᠎ᠤᠨ ᠦᠢ᠍ᠯᠡᠳᠪᠦᠷᠢᠯᠡᠯ᠎ᠠᠴᠠ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠭᠦᠷᠲᠡᠯ᠎ᠡ ᠡᠶ᠎ᠡ ᠵᠣᠬᠢᠴᠠᠩᠭᠤᠢ ᠬᠠᠮᠲᠤ ᠣᠷᠣᠰᠢᠬᠤ ᠳᠠᠪᠠᠯᠲᠠ ᠵᠢ ᠪᠡᠶᠡᠯᠡᠭᠦᠯᠪᠡ
ᠠᠵᠢᠯᠯᠠᠬᠤ ᠭᠠᠵᠠᠷ᠎ᠠᠴᠠ᠎ᠨᠢ 50 ᠭᠠᠷᠤᠢ ᠺᠢᠯᠣᠮᠧᠳ᠋ᠷ ᠵᠠᠶ᠋ᠢᠲᠠᠢ ᠭᠠᠵᠠᠷ᠎ᠲᠤ 《ᠮᠣᠳᠣ ᠣᠭᠲᠣᠯᠬᠤ᠎ᠪᠠᠨ ᠵᠤᠬᠰᠤᠬᠤ ᠲᠤᠩᠬᠠᠭ》᠎ᠤᠨ ᠳᠤᠷᠠᠰᠬᠠᠯ᠎ᠤᠨ ᠮᠣᠳᠣᠨ ᠲᠠᠪᠴᠠᠩ ᠤᠢ ᠵᠢᠨ ᠳᠤᠮᠳᠠ ᠨᠠᠮ ᠵᠢᠮ ᠰᠦᠨᠳᠡᠷᠯᠡᠨ᠎ᠡ᠃ ᠣᠯᠠᠨ ᠵᠢᠯ᠎ᠤᠨ ᠲᠤᠷᠰᠢ᠂ ᠵᠢᠶᠠᠩ ᠵᠢᠶᠠᠨ ᠭᠦᠸᠧ ᠦᠷᠭᠦᠯᠵᠢ ᠠᠳᠡ ᠢᠷᠡᠵᠦ ᠲᠣᠭᠤᠷᠢᠳᠠᠭ᠃
ᠪᠦᠷᠢᠳᠬᠡᠯ᠎ᠢ ᠦᠨᠳᠦᠰᠦᠯᠡᠪᠡᠯ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠤ ᠣᠭᠲᠣᠯᠬᠤ ᠵᠢ ᠵᠣᠭᠰᠣᠭ᠋ᠠᠭᠰᠠᠨ 10 ᠵᠢᠯ᠎ᠤᠨ ᠬᠤᠭᠤᠴᠠᠭ᠋ᠠᠨ᠎ᠳᠤ ᠣᠶ ᠰᠢᠭᠤᠢ ᠵᠢᠨ ᠬᠠᠳᠠᠭ᠋ᠠᠯᠠᠭᠳᠠᠴᠠ 8.03 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶ᠋ᠢᠭᠰᠠᠨ᠎ᠠᠴᠠ᠎ᠪᠠᠨ ᠨᠡᠮᠡᠭᠳᠡᠭᠡᠳ 10.29 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠠᠨ᠎ᠤ ᠭᠤᠷᠪᠠᠨ ᠬᠤᠪᠢ ᠰᠢᠬᠠᠮ ᠨᠡᠮᠡᠭᠳᠡᠵᠡᠢ᠃ ᠬᠡᠭᠡᠷ᠎ᠡ ᠵᠢᠨ ᠤᠷᠭᠤᠮᠠᠯ 1848 ᠵᠦᠢ᠍ᠯ ᠪᠠᠶ᠋ᠢᠭᠰᠠᠨ᠎ᠠᠴᠠ᠎ᠪᠠᠨ ᠨᠡᠮᠡᠭᠳᠡᠭᠡᠳ 1937 ᠵᠦᠢ᠍ᠯ ᠪᠣᠯᠵᠤ᠂ ᠬᠡᠭᠡᠷ᠎ᠡ ᠵᠢᠨ ᠠᠮᠢᠲᠠᠨ 390 ᠵᠦᠢ᠍ᠯ ᠪᠠᠶ᠋ᠢᠭᠰᠠᠨ᠎ᠠᠴᠠ᠎ᠪᠠᠨ ᠨᠡᠮᠡᠭᠳᠡᠭᠡᠳ 439 ᠵᠦᠢ᠍ᠯ ᠪᠣᠯᠵᠠᠢ᠃
《ᠥᠩᠭᠡᠷᠡᠭᠰᠡᠨ᠎ᠳᠤ ᠮᠣᠳᠣᠨ ᠮᠠᠲ᠋ᠧᠷᠢᠶᠠᠯ ᠴᠢᠷᠴᠦ ᠪᠠᠶ᠋ᠢᠭᠰᠠᠨ ᠵᠥᠷᠢᠭ ᠵᠠᠮ᠎ᠳᠤ ᠤᠳᠤ ᠵᠢᠵᠢᠭ ᠮᠣᠳᠣ ᠤᠷᠭᠤᠵᠤ᠂ ᠨᠢᠭᠡᠨᠲᠡ ᠬᠥᠮᠥᠨ᠎ᠤ ᠬᠢᠷᠢ ᠥᠨᠳᠥᠷ ᠪᠣᠯᠵᠤ᠂ ᠵᠠᠮ᠎ᠢ ᠪᠦᠷ ᠪᠥᠭᠯᠡᠪᠡ᠃ ᠬᠠᠳᠠᠵᠤ ᠰᠢᠷᠭᠢᠭᠰᠡᠨ ᠭᠤᠣᠯ ᠮᠥᠷᠡᠨ᠎ᠳᠤ ᠤᠰᠤ᠎ᠲᠠᠢ ᠪᠣᠯᠵᠤ᠂ ᠥᠩᠭᠡᠷᠡᠭᠰᠡᠨ᠎ᠳᠤ ᠦᠵᠡᠭᠳᠡᠬᠦ᠎ᠪᠠᠨ ᠪᠣᠯᠢᠭᠰᠠᠨ ᠪᠣᠷᠣ ᠭᠥᠷᠥᠭᠡᠰᠦ᠂ ᠬᠡᠭᠡᠷ᠎ᠡ ᠵᠢᠨ ᠲᠠᠤᠯᠠᠢ᠂ ᠪᠠᠭ᠋ᠠᠪᠠᠭ᠋ᠠᠢ ᠵᠡᠷᠭᠡ ᠬᠡᠭᠡᠷ᠎ᠡ ᠵᠢᠨ ᠠᠮᠢᠲᠠᠨ ᠴᠤ᠌ ᠪᠤᠴᠠᠵᠤ ᠢᠷᠡᠵᠡᠶ᠃ ᠠᠭᠤᠯᠠ ᠲᠦᠰᠢᠨ ᠠᠮᠢᠳᠤᠷᠠᠵᠤ ᠪᠠᠶ᠋ᠢᠭᠰᠠᠨ᠎ᠠᠴᠠ ᠠᠭᠤᠯᠠ ᠠᠷᠠᠴᠢᠯᠠᠵᠤ ᠠᠭᠤᠯᠠ ᠬᠠᠮᠠᠭ᠋ᠠᠯᠠᠬᠤ ᠭᠦᠷᠲᠡᠯ᠎ᠡ᠂ ᠮᠣᠳᠣ ᠣᠭᠲᠣᠯᠬᠤ᠎ᠠᠴᠠ ᠤᠢ ᠰᠢᠭᠤᠢ ᠰᠠᠬᠢᠭᠴᠢ ᠭᠦᠷᠲᠡᠯ᠎ᠡ᠂ ᠵᠢᠶᠠᠩ ᠵᠢᠶᠠᠨ ᠭᠦᠸᠧ ᠡᠨᠡ ᠬᠦ᠌ ᠠᠭᠤᠯᠠᠨ ᠤᠢ ᠵᠢᠨ ᠬᠤᠪᠢᠷᠠᠯᠲᠠ ᠵᠢ ᠪᠡᠶ᠎ᠡ᠎ᠪᠠᠷ ᠵᠶ᠋ᠠᠨ ᠥᠩᠭᠡᠷᠡᠭᠦᠯᠦᠭᠰᠡᠨ ᠪᠥᠭᠡᠳ ᠮᠣᠳᠣᠨ ᠮᠠᠲ᠋ᠧᠷᠢᠶᠠᠯ᠎ᠤᠨ ᠦᠢ᠍ᠯᠡᠳᠪᠦᠷᠢᠯᠡᠯ ᠵᠶ᠋ᠠᠷ ᠭᠤᠣᠯ ᠪᠤᠯᠭ᠋ᠠᠵᠤ ᠪᠠᠶ᠋ᠢᠭᠰᠠᠨ᠎ᠠᠴᠠ᠎ᠪᠠᠨ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠪᠣᠯᠤᠭᠰᠠᠨ ᠴᠠᠭ ᠦᠶ᠎ᠡ ᠵᠢᠨ ᠳᠠᠪᠠᠯᠲᠠ ᠵᠢ ᠭᠡᠷᠡᠴᠢᠯᠡᠪᠡ᠃
1952 ᠣᠨ᠎ᠳᠤ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠬᠥᠰᠢᠭᠡ᠎ᠪᠠᠨ ᠰᠡᠬᠦᠪᠡ᠃ 2015 ᠣᠨ᠎ᠳᠤ ᠮᠣᠳᠣ ᠣᠭᠲᠣᠯᠬᠤ ᠵᠢ ᠪᠦᠭᠦ ᠲᠠᠯ᠎ᠠ᠎ᠪᠠᠷ ᠵᠣᠭᠰᠤᠭ᠋ᠠᠬᠤ ᠪᠤᠯᠳᠠᠯ᠎ᠠ᠂ ᠤᠯᠤᠰ᠎ᠲᠤ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠴᠢᠨᠠᠷ ᠰᠠᠶ᠋ᠢᠲᠠᠢ ᠮᠣᠳᠣᠨ ᠮᠠᠲ᠋ᠧᠷᠢᠶᠠᠯ ᠪᠣᠯᠣᠨ ᠶᠡᠭᠡ ᠬᠡᠮᠵᠢᠶᠡᠨ᠎ᠤ ᠣᠶ ᠵᠢᠨ ᠠᠵᠤ ᠠᠬᠤᠢ ᠵᠢᠨ ᠳᠠᠭ᠋ᠠᠯᠲᠠ ᠪᠦᠲᠦᠭᠡᠭᠳᠡᠬᠦᠨ᠎ᠢ ᠬᠠᠩᠭ᠋ᠠᠵᠤ᠂ ᠰᠢᠭᠤᠳ ᠳᠡᠭᠡᠭᠰᠢ᠎ᠪᠠᠨ ᠲᠤᠰᠢᠶᠠᠭᠰᠠᠨ ᠠᠰᠢᠭ ᠭᠠᠶ᠋ᠢᠯᠢ᠎ᠨᠢ 200 ᠭᠠᠷᠤᠢ ᠳ᠋ᠦᠩᠰᠢᠭᠤᠷ ᠲᠥᠭᠦᠷᠢᠭ᠎ᠲᠤ ᠬᠦᠷᠴᠦ᠂ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠬᠦᠴᠦᠲᠡᠢ ᠳᠡᠮᠵᠢᠪᠡ᠃
ᠲᠡᠷᠡ ᠦᠶ᠎ᠡ᠎ᠳᠤ ᠬᠡᠳᠦᠶ᠋ᠢᠪᠡᠷ ᠭᠤᠣᠯ ᠠᠵᠢᠯ᠎ᠨᠢ ᠨᠡᠭᠡᠭᠡᠨ ᠬᠥᠭᠵᠢᠭᠦᠯᠦᠯᠲᠡ ᠪᠠᠶ᠋ᠢᠭᠰᠠᠨ ᠴᠤ᠌᠂ ᠤᠢ ᠰᠢᠭᠤᠢ ᠵᠢᠨ ᠠᠵᠢᠯᠲᠠᠳ ᠡᠬᠡ ᠤᠯᠤᠰ᠎ᠤᠨ ᠤᠮᠠᠷᠠᠲᠤ ᠬᠡᠰᠡᠭ᠎ᠲᠤ ᠪᠠᠶ᠋ᠢᠷᠢᠯᠠᠵᠤ ᠪᠠᠶ᠋ᠢᠭ᠎ᠠ ᠡᠨᠡ ᠬᠦ᠌ ᠤᠢ ᠰᠢᠭᠤᠢ ᠵᠢᠨ ᠴᠢᠬᠤᠯᠠ ᠠᠮᠢ ᠠᠬᠤᠢ ᠵᠢᠨ ᠦᠨ᠎ᠡ ᠦᠷᠳᠡᠭ᠎ᠢ ᠭᠦᠨ ᠣᠶ᠋ᠢᠯᠠᠭ᠋ᠠᠵᠤ ᠪᠠᠶ᠋ᠢᠪᠠ᠃ 20 ᠳ᠋ᠤᠭ᠋ᠠᠷ ᠵᠠᠭᠤᠨ᠎ᠤ ᠵᠢᠷᠠᠭ᠋ᠠᠳ ᠣᠨ᠎ᠠᠴᠠ ᠡᠬᠢᠯᠡᠨ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ ᠳᠠᠷᠤᠢ ᠣᠭᠲᠣᠯᠬᠤ ᠵᠢᠨ ᠳᠠᠭ᠋ᠠᠤ ᠲᠠᠷᠢᠬᠤ᠂ ᠣᠭᠲᠣᠯᠬᠤ ᠲᠠᠷᠢᠬᠤ ᠵᠢ ᠤᠶᠠᠯᠳᠤᠭᠤᠯᠵᠤ ᠡᠬᠢᠯᠡᠭᠦᠯᠦᠭᠰᠡᠨ ᠪᠠᠶ᠋ᠢᠨ᠎ᠠ᠃ 1998 ᠣᠨ᠎ᠳᠤ ᠪᠠᠶ᠋ᠢᠭ᠋ᠠᠯᠢ ᠵᠢᠨ ᠤᠢ ᠵᠢ ᠬᠠᠮᠠᠭ᠋ᠠᠯᠠᠬᠤ ᠢᠨᠵᠧᠨᠧᠷᠢᠩ᠎ᠢ ᠵᠢᠩᠬᠢᠨᠢ᠎ᠪᠠᠷ ᠬᠡᠷᠡᠭᠵᠢᠭᠦᠯᠵᠦ᠂ ᠰᠢᠭᠤᠶ᠋ᠢᠲᠤ ᠣᠷᠣᠨ ᠮᠣᠳᠣᠨ ᠮᠠᠲ᠋ᠧᠷᠢᠶᠠᠯ᠎ᠤᠨ ᠭᠠᠷᠤᠯᠲᠠ ᠵᠢ ᠲᠣᠬᠢᠷᠠᠭᠤᠯᠤᠨ ᠪᠠᠭ᠋ᠠᠰᠬᠠᠬᠤ ᠵᠢ ᠡᠷᠡᠰ ᠨᠠᠶ᠋ᠢᠳᠠᠪᠤᠷᠢᠵᠢᠭᠤᠯᠵᠤ᠂ 2015 ᠣᠨ ᠪᠤᠯᠬᠤ᠎ᠳᠤ ᠣᠭᠲᠣᠯᠬᠤ ᠵᠢ ᠪᠦᠭᠦ ᠲᠠᠯ᠎ᠠ᠎ᠪᠠᠷ ᠵᠣᠭᠰᠣᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢ ᠡᠷᠡᠭᠡᠯᠵᠡᠯ ᠦᠭᠡᠢ ᠡᠭᠦᠷᠭᠡᠯᠡᠪᠡ᠃
ᠮᠣᠳᠣᠨ ᠮᠠᠲ᠋ᠧᠷᠢᠶᠠᠯ᠎ᠤᠨ ᠦᠢ᠍ᠯᠡᠳᠪᠦᠷᠢᠯᠡᠯ᠎ᠠᠴᠠ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠭᠦᠷᠲᠡᠯ᠎ᠡ᠂ ᠠᠳᠠᠯᠢ ᠪᠤᠰᠤ ᠰᠣᠩᠭᠤᠯᠲᠠ᠎ᠨᠢ ᠠᠳᠠᠯᠢᠬᠠᠨ ᠦᠨᠡᠨᠴᠢ ᠰᠢᠳᠤᠷᠭᠤ ᠡᠭᠦᠷᠭᠡᠯᠡᠯ᠎ᠲᠠᠢ ᠪᠠᠶ᠋ᠢᠨ᠎ᠠ᠃
ᠣᠭᠲᠣᠯᠬᠤ ᠵᠢ ᠵᠣᠭᠰᠣᠭ᠋ᠠᠭᠰᠠᠨ᠎ᠤ ᠳᠠᠷᠠᠭ᠋ᠠᠬᠢ ᠨᠢᠭᠡᠳᠦᠭᠡᠷ ᠶᠠᠪᠤᠳᠠᠯ ᠪᠣᠯ ᠰᠢᠭᠤᠶ᠋ᠢᠲᠤ ᠣᠷᠣᠨ᠎ᠤ ᠣᠶ ᠰᠢᠭᠤᠢ᠂ ᠨᠤᠭᠤ ᠭᠠᠵᠠᠷ᠂ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠬᠤ ᠶᠠᠪᠤᠳᠠᠯ ᠪᠣᠯᠣᠨ᠎ᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ᠎ᠪᠠᠷ ᠳᠠᠮᠵᠢᠭᠤᠯᠤᠨ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠲᠤ ᠣᠷᠣᠨ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠭᠤᠣᠯ ᠣᠷᠣᠨ᠎ᠳᠤ ᠵᠣᠷᠢᠭᠤᠳᠠ ᠠᠵᠢᠯᠯᠠᠭ᠎ᠠ ᠬᠢᠬᠦ ᠵᠢ ᠴᠢᠩᠭ᠎ᠠ ᠴᠠᠭ᠋ᠠᠵᠠᠯᠠᠵᠤ᠂ ᠬᠥᠮᠥᠨ ᠲᠥᠷᠥᠯᠬᠢᠲᠡᠨ᠎ᠤ ᠠᠵᠢᠯᠯᠠᠭ᠎ᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠬᠠᠷᠰᠢᠯᠠᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠪᠠ᠃ ᠣᠳᠣᠬᠠᠨ ᠪᠤᠯᠲᠠᠯ᠎ᠠ᠂ ᠰᠢᠭᠤᠶ᠋ᠢᠲᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠶ ᠰᠢᠭᠤᠢ ᠵᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ ᠵᠡᠷᠭᠡ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠶᠡᠷᠦᠩᠬᠡᠢ ᠲᠠᠯᠠᠪᠠᠶ᠎ᠨᠢ 195.46 ᠲᠦᠮᠡᠨ ᠾᠧᠺᠲ᠋ᠠᠷ ᠪᠠᠶ᠋ᠢᠵᠤ᠂ ᠠᠮᠢ ᠠᠬᠤᠢ ᠵᠢᠨ ᠴᠢᠳᠠᠮᠵᠢᠲᠤ ᠣᠷᠣᠨ᠎ᠤ ᠶᠡᠷᠦᠩᠬᠡᠢ ᠲᠠᠯᠠᠪᠠᠶ ᠵᠢᠨ 18.3% ᠵᠢ ᠡᠵᠡᠯᠡᠵᠦ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠳᠠᠪᠠᠪᠠ᠃
ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠠᠮᠢᠶᠠᠷᠬᠤ ᠶᠠᠪᠤᠴᠠ᠎ᠳᠤ ᠰᠢᠭᠤᠶ᠋ᠢᠲᠤ ᠣᠷᠣᠨ᠎ᠨᠢ ᠠᠮᠢ ᠠᠬᠤᠢ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠣᠶ ᠰᠢᠭᠤᠢ ᠵᠢᠨ ᠭᠦᠪᠡᠭᠡ ᠵᠠᠬ᠎ᠠ ᠵᠢ ᠬᠤᠶ᠋ᠢᠰᠢ ᠤᠬᠤᠷᠢᠭᠤᠯᠬᠤ ᠦᠭᠡᠢ ᠪᠠᠶ᠋ᠢᠬᠤ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠲᠠ ᠵᠢᠨ ᠴᠡᠭ᠎ᠢ ᠤᠷᠢᠳ ᠵᠶ᠋ᠠᠷ ᠲᠤᠷᠰᠢᠨ ᠬᠡᠷᠡᠭᠵᠢᠭᠦᠯᠵᠦ᠂ ᠣᠶ ᠰᠢᠭᠤᠢ ᠵᠢ ᠠᠷᠠᠴᠢᠯᠠᠨ ᠪᠣᠶ᠋ᠢᠵᠢᠭᠤᠯᠬᠤ᠂ ᠰᠡᠷᠭᠦᠭᠡᠬᠦ᠎ᠪᠠᠷ ᠳᠠᠮᠵᠢᠭᠤᠯᠤᠨ᠂ ᠣᠶ ᠰᠢᠭᠤᠢ ᠵᠢᠨ ᠦᠷᠭᠦᠯᠵᠢᠯᠡᠨ ᠤᠷᠭᠤᠬᠤ ᠵᠢ ᠪᠡᠶᠡᠯᠡᠭᠦᠯᠵᠦ᠂ ᠣᠶ ᠰᠢᠭᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠤᠯᠤᠰ᠎ᠠᠴᠠ ᠪᠦᠭᠦ ᠲᠠᠯ᠎ᠠ᠎ᠪᠠᠷ ᠳᠡᠯᠭᠡᠷᠡᠭᠦᠯᠬᠦ ᠲᠤᠷᠰᠢᠯᠲᠠ ᠵᠢᠨ ᠴᠡᠭ᠎ᠤᠨ ᠵᠠᠭᠪᠤᠷ᠎ᠲᠤ ᠲᠤᠷᠰᠢᠯᠭ᠎ᠠ ᠬᠠᠩᠭ᠋ᠠᠪᠠ᠃
ᠡᠬᠢ ᠪᠠᠶᠠᠯᠢᠭ᠎ᠢ ᠬᠠᠮᠢᠶᠠᠷᠤᠨ ᠬᠠᠮᠠᠭ᠋ᠠᠯᠠᠬᠤ᠎ᠨᠢ ᠭᠤᠣᠯ ᠬᠠᠷᠢᠭᠤᠴᠠᠯᠭ᠎ᠠ ᠭᠤᠣᠯ ᠠᠵᠢᠯ ᠪᠣᠯᠵᠤ᠂ ᠤᠢ ᠰᠢᠭᠤᠢ ᠵᠢᠨ ᠲᠦᠭ ᠲᠦᠮᠡᠨ ᠠᠵᠢᠯᠴᠢᠨ ᠰᠢᠭᠤᠶ᠋ᠢᠲᠤ ᠣᠷᠣᠨ᠎ᠤ ᠡᠯ᠎ᠡ ᠥᠨᠴᠥᠭ ᠪᠤᠯᠤᠩ᠎ᠳᠤ ᠢᠷᠡᠵᠤ᠂ ᠤᠢ ᠰᠢᠭᠤᠢ ᠵᠢᠨ ᠲᠤᠰᠬᠠᠢ ᠰᠠᠬᠢᠨ ᠬᠠᠮᠠᠭ᠋ᠠᠯᠠᠭᠴᠢ ᠪᠣᠯᠤᠭᠰᠠᠨ ᠪᠠᠶ᠋ᠢᠨ᠎ᠠ᠃
《ᠪᠢᠳᠡ ᠲᠤᠰᠬᠠᠢ ᠬᠠᠮᠢᠶᠠᠷᠴᠤ ᠬᠠᠮᠠᠭ᠋ᠠᠯᠠᠬᠤ ᠡᠩᠨᠡᠭᠡ ᠵᠢ ᠪᠠᠶ᠋ᠢᠭᠤᠯᠵᠤ᠂ ᠣᠶ ᠰᠢᠭᠤᠢ ᠵᠢᠨ ᠠᠵᠤ ᠦᠢ᠍ᠯᠡᠳᠪᠦᠷᠢ ᠵᠢᠨ ᠺᠤᠮᠫᠠᠨᠢ᠂ ᠣᠶ ᠰᠢᠭᠤᠢ ᠵᠢᠨ ᠲᠠᠯᠠᠪᠠᠶ᠂ ᠬᠠᠮᠢᠶᠠᠷᠴᠤ ᠬᠠᠮᠠᠭ᠋ᠠᠯᠠᠬᠤ ᠥᠷᠲᠡᠭᠡ ᠵᠡᠷᠭᠡ ᠭᠤᠷᠪᠠᠨ ᠱᠠᠲᠤᠨ᠎ᠤ ᠬᠠᠮᠢᠶᠠᠷᠴᠤ ᠬᠠᠮᠠᠭ᠋ᠠᠯᠠᠬᠤ ᠰᠢᠰᠲ᠋ᠧᠮ᠎ᠢ ᠪᠦᠷᠢᠯᠳᠦᠭᠦᠯᠵᠦ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠨᠠᠶ᠋ᠢᠳᠠᠪᠤᠷᠢᠵᠢᠭᠤᠯᠵᠤ᠂ ᠣᠶ ᠰᠢᠭᠤᠢ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢᠨ ᠪᠢᠴᠢᠭ᠎ᠢ ᠱᠠᠲᠤ ᠱᠠᠲᠤ᠎ᠪᠠᠷ ᠲᠣᠭᠲᠠᠪᠠ》᠃ ᠥᠪᠥᠷ ᠮᠣᠩᠭᠤᠯ᠎ᠤᠨ ᠣᠶ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠡᠯᠲᠡᠰ᠎ᠤᠨ ᠳᠡᠳ᠋ ᠳᠠᠷᠤᠭ᠎ᠠ ᠸᠠᠩ ᠸᠧᠢ ᠳ᠋ᠡ᠂ 2024 ᠣᠨ᠎ᠤ ᠡᠴᠦᠰ ᠪᠤᠯᠲᠠᠯ᠎ᠠ᠂ ᠰᠢᠭᠤᠶ᠋ᠢᠲᠤ ᠣᠷᠣᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠭᠰᠠᠨ ᠣᠶ᠋ᠢᠲᠤ ᠭᠠᠵᠠᠷ᠎ᠤᠨ ᠲᠠᠯᠠᠪᠠᠶ 14298.01 ᠲᠦᠮᠡᠨ ᠮᠦ᠍᠎ᠳᠤ ᠬᠦᠷᠴᠦ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠨᠣᠷᠮ᠎ᠠ 100%᠎ᠳᠤ ᠬᠦᠷᠴᠡᠢ ᠭᠡᠪᠡ᠃
ᠠᠮᠢ ᠠᠬᠤᠢ ᠵᠢᠨ ᠡᠬᠢ ᠪᠠᠶᠠᠯᠢᠭ᠎ᠠᠴᠠ ᠠᠵᠤ ᠠᠬᠤᠢ ᠵᠢᠨ ᠥᠷᠲᠡᠭ ᠭᠦᠷᠲᠡᠯ᠎ᠡ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ᠎ᠳᠤ 《ᠨᠣᠭᠤᠭ᠋ᠠᠷᠠᠭᠤᠯᠤᠯᠲᠠ᠎ᠳᠤ ᠲᠦᠰᠢᠭᠯᠡᠨ ᠦᠨ᠎ᠡ ᠦᠷᠲᠡᠭ ᠡᠭᠦᠳᠪᠡ》
《ᠮᠣᠳᠣ ᠣᠭᠲᠣᠯᠬᠤ ᠦᠭᠡᠢ ᠪᠣᠯ ᠶᠠᠭ᠋ᠠᠬᠢᠵᠤ ᠠᠮᠢᠳᠤᠷᠠᠬᠤ ᠪᠤᠢ?》 2015 ᠣᠨ᠎ᠳᠤ ᠮᠣᠳᠣ ᠣᠭᠲᠣᠯᠬᠤ ᠵᠢ ᠪᠦᠭᠦ ᠲᠠᠯ᠎ᠠ᠎ᠪᠠᠷ ᠵᠣᠭᠰᠣᠭ᠋ᠠᠭᠰᠠᠨ᠎ᠤ ᠲᠠᠷᠠᠭ᠎ᠠ᠂ ᠵᠣᠪᠠᠨᠢᠵᠤ ᠪᠠᠶ᠋ᠢᠭᠰᠠᠨ ᠵᠶ᠋ᠠᠨ ᠤᠬᠳᠤ ᠮᠠᠷᠲᠠᠭ᠎ᠠ ᠦᠭᠡᠢ᠃
ᠤᠤᠯ᠎ᠤᠨ 517 ᠠᠵᠢᠯᠴᠢᠨ᠎ᠤ ᠠᠩᠭᠢ ᠵᠢᠨ ᠳᠠᠷᠤᠭ᠎ᠠ ᠪᠣᠯᠤᠭᠰᠠᠨ᠎ᠤ ᠬᠤᠪᠢ᠎ᠳᠤ ᠳ᠋ᠦᠩ ᠶᠦᠩ ᠱᠧᠩ ᠲᠦᠷᠦᠭᠦᠯᠡᠨ ᠭᠠᠷᠬᠤ ᠵᠠᠮ ᠡᠷᠢᠪᠡ᠃ ᠠᠮᠢᠳᠤᠷᠠᠯ᠎ᠤᠨ ᠲᠣᠭᠤᠷᠢᠭ᠎ᠤᠨ ᠤᠤᠯ᠎ᠤᠨ ᠮᠠᠶ᠋ᠢᠬ᠎ᠠ᠎ᠨᠢ ᠲᠠᠰ ᠳᠡᠪᠰᠢᠭᠦᠯᠦᠨ ᠥᠭᠡᠷᠡᠴᠢᠯᠡᠵᠦ᠂ ᠢᠳᠡᠭᠡᠨ ᠤᠮᠳᠠᠭ᠋ᠠᠨ᠂ ᠬᠤᠨᠤᠭ ᠪᠠᠭᠤᠳᠠᠯ᠂ ᠰᠡᠯᠡᠭᠦᠴᠡᠨ ᠠᠮᠠᠷᠠᠬᠤ᠂ ᠵᠢᠭᠤᠯᠴᠢᠯᠠᠨ ᠲᠣᠭᠤᠷᠢᠬᠤ ᠵᠢ ᠨᠢᠭᠡ ᠴᠣᠭᠴᠠᠵᠢᠭᠤᠯᠤᠭᠰᠠᠨ ᠣᠶ ᠰᠢᠭᠤᠢ ᠵᠢᠨ ᠠᠮᠢ ᠠᠬᠤᠢ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠭᠦ ᠴᠡᠭ᠎ᠢ ᠪᠠᠶ᠋ᠢᠭᠤᠯᠪᠠ᠃ ᠣᠯᠠᠨ ᠵᠢᠯ᠎ᠤᠨ ᠲᠤᠷᠰᠢ ᠵᠢᠭᠤᠯᠴᠢᠯᠠᠬᠰᠠᠳ᠎ᠢ ᠨᠡᠶ᠋ᠢᠲᠡ 10 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ 100 ᠭᠠᠷᠤᠢ ᠲᠦᠮᠡᠨ ᠲᠥᠭᠦᠷᠢᠭ᠎ᠤᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠵᠦ᠂ ᠵᠢᠭᠤᠯᠴᠢᠯᠠᠯ᠎ᠤᠨ ᠤᠯᠠᠷᠢᠯ᠎ᠤᠨ ᠠᠵᠢᠯᠲᠠᠨ ᠠᠵᠢᠯᠴᠢᠨ᠎ᠤ ᠰᠠᠷ᠎ᠠ ᠵᠢᠨ ᠳᠤᠮᠳᠠᠴᠢ ᠣᠷᠣᠯᠭ᠎ᠠ 3000 ᠲᠥᠭᠦᠷᠢᠭ ᠨᠡᠮᠡᠭᠳᠡᠪᠡ᠃ ᠥᠩᠭᠡᠷᠡᠭᠰᠡᠨ᠎ᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ 517 ᠠᠵᠢᠯᠴᠢᠨ᠎ᠤ ᠠᠩᠭᠢ᠎ᠨᠢ ᠭᠡᠭᠡᠨ ᠭᠤᠣᠯ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠺᠤᠮᠫᠠᠨᠢ ᠵᠢᠨ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠬᠠᠩᠭᠢᠨᠠᠮ᠎ᠠ ᠨᠡᠷ᠎ᠡ ᠵᠢᠨ ᠬᠠᠭᠤᠳᠠᠰᠤ ᠪᠣᠯᠪᠠ᠃
ᠮᠣᠳᠣ ᠣᠭᠲᠣᠯᠵᠤ ᠮᠣᠳᠣᠨ ᠮᠠᠲ᠋ᠧᠷᠢᠶᠠᠯ ᠬᠤᠳᠠᠯᠳᠤᠵᠤ ᠪᠠᠶ᠋ᠢᠭᠰᠠᠨ᠎ᠠᠴᠠ ᠮᠣᠳᠣ ᠲᠠᠷᠢᠵᠤ ᠤᠢ ᠰᠢᠭᠤᠢ ᠵᠢ ᠬᠠᠮᠠᠭ᠋ᠠᠯᠠᠬᠤ ᠭᠦᠷᠲᠡᠯ᠎ᠡ᠂ 《ᠰᠦᠬᠡ᠎ᠪᠠᠨ ᠡᠯᠭᠦᠨ ᠬᠢᠷᠦᠭᠡ᠎ᠪᠠᠨ ᠠᠮᠠᠷᠠᠭᠤᠯᠤᠭᠰᠠᠨ》 ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠳᠤ ᠲᠤᠯᠭ᠋ᠠᠷᠠᠵᠤ ᠪᠠᠶ᠋ᠢᠭ᠎ᠠ ᠬᠠᠮᠤᠭ᠎ᠤᠨ ᠶᠡᠭᠡ ᠬᠦᠴᠢᠷᠳᠡᠯ ᠪᠣᠯ ᠵᠣᠭᠤᠰ ᠬᠠᠮᠢᠭ᠎ᠠ᠎ᠠᠴᠠ ᠣᠯᠬᠤ᠂ ᠬᠥᠮᠥᠨ ᠬᠠᠮᠢᠭ᠋ᠠᠰᠢ᠎ᠪᠠᠨ ᠶᠠᠪᠤᠬᠤ ᠶᠠᠪᠤᠳᠠᠯ ᠪᠣᠯᠣᠨ᠎ᠠ᠃ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ ᠪᠠᠴᠢᠮ ᠲᠤᠯᠭ᠋ᠠᠮ ᠪᠠᠶ᠋ᠢᠵᠤ᠂ ᠭᠡᠯᠪᠡᠷᠢ᠎ᠪᠠᠨ ᠬᠤᠪᠢᠷᠠᠭᠤᠯᠬᠤ ᠵᠢ ᠵᠠᠶ᠋ᠢᠯᠠᠰᠢ ᠦᠭᠡᠢ ᠱᠠᠭ᠋ᠠᠷᠳᠠᠨ᠎ᠠ᠃
᠊ᠣᠮᠢᠨ ᠤᠰᠤ ᠬᠥᠬᠡᠮᠳᠦᠭ ᠠᠭᠤᠯᠠ ᠪᠣᠯ ᠲᠡᠷᠡ ᠴᠢᠭ ᠵᠶ᠋ᠠᠷ ᠵᠶ᠋ᠠᠨ ᠯᠤᠲᠤ ᠶᠡᠭᠡ ᠡᠷᠳᠡᠨᠢᠰ᠎ᠤᠨ ᠰᠠᠩ ᠪᠠᠶ᠋ᠢᠵᠤ᠂ ᠬᠢᠵᠠᠭ᠋ᠠᠯᠠᠰᠢ ᠦᠭᠡᠢ ᠦᠨ᠎ᠡ ᠦᠷᠳᠡᠭ᠎ᠲᠠᠢ ᠪᠠᠶ᠋ᠢᠳᠠᠭ᠃
ᠣᠶ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠣᠶ ᠲᠠᠷᠢᠶ᠎ᠠ᠂ ᠬᠡᠷᠡᠭᠰᠡᠯ᠎ᠤᠨ ᠮᠣᠳᠣ᠂ ᠵᠢᠮᠢᠰ᠎ᠦᠨ ᠮᠣᠳᠣ᠂ ᠣᠶ ᠵᠢᠨ ᠢᠳᠡᠰᠢᠨ ᠨᠣᠭᠤᠭ᠎ᠠ᠂ ᠣᠶ ᠵᠢᠨ ᠡᠮ᠂ ᠣᠶ ᠵᠢᠨ ᠤᠰᠤ᠂ ᠣᠶ ᠵᠢᠨ ᠮᠥᠭᠦ᠎ᠪᠠᠷ ᠲᠦᠰᠢᠭ ᠪᠤᠯᠭ᠋ᠠᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠣᠶ ᠰᠢᠭᠤᠢ ᠵᠢᠨ ᠢᠳᠡᠭᠡᠨ᠎ᠤ ᠪᠥᠭᠡᠮᠨᠡᠷᠡᠯ᠎ᠤᠨ ᠣᠷᠣᠨ᠎ᠢ ᠪᠠᠶ᠋ᠢᠭᠤᠯᠵᠤ᠂ 《ᠮᠣᠩᠭᠤᠯ ᠬᠢᠲᠠᠳ ᠸᠠᠩ》᠂ 《ᠨᠣᠮᠢᠨ ᠠᠭᠤᠯᠠ》᠂ 《ᠬᠦᠢ᠍ᠲᠡᠨ᠎ᠤ ᠡᠬᠢ》᠂ 《ᠬᠦᠢ᠍ᠲᠡᠨ᠎ᠤ ᠲᠤᠶ᠋ᠢᠯ》 ᠵᠡᠷᠭᠡ ᠲᠥᠷᠥᠯ ᠲᠡᠮᠳᠡᠭᠲᠦ ᠵᠢ ᠭᠠᠷᠭ᠋ᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠵᠢᠨ ᠠᠷᠭ᠎ᠠ ᠵᠠᠮ᠎ᠢ ᠨᠡᠭᠡᠭᠡᠵᠦ᠂ 《ᠨᠣᠮᠢᠨ ᠤᠰᠤ ᠬᠥᠬᠡᠮᠳᠦᠭ ᠠᠭᠤᠯᠠ》 ᠵᠢ 《ᠠᠯᠲᠠᠨ ᠠᠭᠤᠯᠠ ᠮᠥᠩᠭᠦᠨ ᠬᠠᠶ᠋ᠢᠷᠬᠠᠨ》 ᠲᠡᠶ᠋ᠢᠰᠢ ᠬᠤᠪᠢᠷᠠᠭᠤᠯᠬᠤ ᠵᠠᠮ᠎ᠢ ᠨᠡᠪᠲᠡᠷᠡᠭᠦᠯᠪᠡ᠃
2024 ᠣᠨ᠎ᠳᠤ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠣᠶ ᠳᠣᠲᠣᠷᠠᠬᠢ ᠪᠦᠲᠦᠭᠡᠭᠳᠡᠬᠦᠨ᠎ᠤ ᠣᠷᠣᠯᠭ᠎ᠠ 6922 ᠲᠦᠮᠡᠨ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 19.7%᠎ᠪᠠᠷ ᠨᠡᠮᠡᠭᠳᠡᠪᠡ᠃ ᠠᠮᠢ ᠠᠬᠤᠢ ᠵᠢᠨ ᠡᠬᠢ ᠪᠠᠶᠠᠯᠢᠭ ᠦᠨᠡᠨ ᠬᠦ᠌ ᠪᠣᠬᠢᠷᠳᠤᠯ ᠦᠭᠡᠢ ᠡᠳ᠋ ᠪᠠᠶᠠᠯᠢᠭ ᠪᠣᠯᠪᠠ᠃
ᠣᠢ ᠰᠢᠭᠤᠢ ᠪᠣᠯ ᠤᠰᠤᠨ ᠴᠥᠭᠦᠷᠥᠮ᠂ ᠵᠣᠭᠤᠰ᠎ᠤᠨ ᠬᠥᠮᠥᠷᠭᠡ᠂ ᠠᠮᠤ ᠪᠤᠳᠠᠭ᠋ᠠᠨ᠎ᠤ ᠬᠥᠮᠥᠷᠭᠡ᠂ ᠨᠡᠭᠦᠷᠡᠰᠦᠲᠥ᠋ᠷᠥᠭᠴᠢ ᠵᠢᠨ ᠬᠥᠮᠥᠷᠭᠡ ᠮᠥᠨ᠃ ᠪᠦᠭᠦ ᠤᠯᠤᠰ᠎ᠤᠨ ᠬᠠᠮᠤᠭ᠎ᠤᠨ ᠶᠡᠭᠡ ᠭᠤᠣᠯᠳᠠᠯᠭ᠎ᠠ᠎ᠲᠠᠢ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠣᠶ ᠰᠢᠭᠤᠢ ᠵᠢᠨ ᠬᠠᠳᠠᠭ᠋ᠠᠯᠠᠵᠤ ᠪᠠᠶ᠋ᠢᠭ᠎ᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠶᠡᠷᠦᠩᠬᠡᠢ ᠬᠡᠮᠵᠢᠶ᠎ᠡ ᠵᠢ 17.2 ᠳ᠋ᠦᠩᠰᠢᠭᠤᠷ ᠲᠣᠨ᠎ᠠᠴᠠ ᠳᠡᠭᠡᠭᠰᠢ᠎ᠳᠤ ᠲᠣᠭᠲᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠵᠢ ᠬᠥᠭᠵᠢᠭᠦᠯᠬᠦ ᠳᠠᠪᠠᠭᠤᠯᠢᠭ ᠲᠣᠪᠣᠶ᠋ᠢᠮ᠎ᠠ ᠪᠠᠶ᠋ᠢᠨ᠎ᠠ᠃
ᠠᠮᠢ ᠠᠬᠤᠢ ᠵᠢᠨ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠶᠡᠭᠡ ᠬᠢᠩᠭ᠋ᠠᠨ ᠳᠠᠪᠠᠭ᠎ᠠ ᠵᠢᠨ ᠪᠣᠬᠢᠷᠳᠤᠯ ᠦᠭᠡᠢ ᠠᠰᠢᠭ᠎ᠢ ᠦᠷᠭᠦᠯᠵᠢᠯᠡᠨ ᠪᠠᠳᠠᠷᠠᠭᠤᠯᠪᠠ — ᠰᠢᠭᠤᠶ᠋ᠢᠲᠤ ᠣᠷᠣᠨ᠎ᠤ ᠦᠨᠦᠷ ᠠᠮᠲᠠ᠂ ᠰᠢᠭᠤᠶ᠋ᠢᠲᠤ ᠣᠷᠣᠨ᠎ᠤ ᠦᠵᠡᠮᠵᠢ᠂ ᠰᠢᠭᠤᠶ᠋ᠢᠲᠤ ᠣᠷᠣᠨ᠎ᠤ ᠰᠣᠶᠣᠯ᠎ᠨᠢ ᠭᠠᠵᠠᠷ ᠭᠠᠵᠠᠷ᠎ᠤᠨ ᠵᠢᠭᠤᠯᠴᠢᠯᠠᠬᠰᠠᠳ᠎ᠢ ᠲᠠᠲᠠᠨ᠎ᠠ᠃ ᠡᠯᠪᠡᠭ ᠪᠠᠶᠠᠯᠢᠭ ᠵᠢᠭᠤᠯᠴᠢᠯᠠᠯ᠎ᠤᠨ ᠦᠢ᠍ᠯᠡᠰ᠎ᠤᠨ ᠭᠡᠯᠪᠡᠷᠢ᠂ ᠰᠣᠳᠣᠨ ᠵᠢᠭᠤᠯᠴᠢᠯᠠᠯ᠎ᠤᠨ ᠵᠠᠮ ᠱᠤᠭᠤᠮ᠂ ᠲᠤᠰᠬᠠᠶ᠋ᠢᠵᠢᠭᠰᠠᠨ ᠬᠠᠮᠲᠤᠷᠠᠯᠴᠠᠨ ᠡᠵᠡᠩᠨᠡᠬᠦ ᠵᠠᠭᠪᠤᠷ᠎ᠨᠢ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠵᠢᠭᠤᠯᠴᠢᠯᠠᠯ᠎ᠤᠨ ᠲᠥᠷᠥᠯ ᠲᠡᠮᠳᠡᠭᠲᠦ ᠵᠢ ᠦᠷᠭᠦᠯᠵᠢᠯᠡᠨ ᠭᠡᠷᠡᠯᠲᠦᠭᠦᠯᠪᠡ᠃ 2024 ᠣᠨ᠎ᠳᠤ ᠣᠶ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠨᠡᠶ᠋ᠢᠲᠡ 74.46 ᠲᠦᠮᠡᠨ ᠵᠢᠭᠤᠯᠴᠢᠯᠠᠬᠰᠠᠳ᠎ᠢ ᠭᠥᠯᠢᠶᠡᠨ ᠠᠪᠴᠤ᠂ ᠪᠦᠭᠦ ᠵᠢᠯ᠎ᠳᠤ 7050 ᠲᠦᠮᠡᠨ ᠲᠥᠭᠦᠷᠢᠭ᠎ᠤᠨ ᠵᠢᠭᠤᠯᠴᠢᠯᠠᠯ᠎ᠤᠨ ᠣᠷᠣᠯᠭ᠎ᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 62% ᠵᠶ᠋ᠠᠷ ᠨᠡᠮᠡᠭᠳᠡᠵᠦ᠂ ᠵᠢᠭᠤᠯᠴᠢᠯᠠᠯ᠎ᠤᠨ ᠣᠷᠣᠯᠭ᠎ᠠ ᠪᠠ ᠵᠢᠭᠤᠯᠴᠢᠯᠠᠯ᠎ᠤᠨ ᠭᠥᠯᠢᠶᠡᠨ ᠠᠪᠤᠭᠰᠠᠨ ᠬᠥᠮᠥᠨ ᠤᠳᠠᠭ᠎ᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃
ᠭᠡᠯᠪᠡᠷᠢ᠎ᠪᠠᠨ ᠬᠤᠪᠢᠷᠠᠭᠤᠯᠬᠤ ᠡᠪᠡᠷᠰᠢᠶᠡᠯ᠎ᠠᠴᠠ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠬᠥᠭᠵᠢᠯᠲᠡ ᠵᠢᠨ ᠬᠤᠣᠰ ᠠᠮᠵᠢᠯᠲᠠ ᠵᠢ ᠪᠡᠶᠡᠯᠡᠭᠦᠯᠬᠦ ᠭᠦᠷᠲᠡᠯ᠎ᠡ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ 10 ᠵᠢᠯ᠎ᠤᠨ ᠴᠠᠭ᠎ᠢ ᠬᠡᠷᠡᠭᠰᠡᠵᠦ ᠪᠠᠶ᠋ᠢᠭ᠋ᠠᠳ ᠪᠣᠬᠢᠷᠳᠤᠯ ᠦᠭᠡᠢ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠵᠶ᠋ᠠᠷ ᠵᠠᠮᠨᠠᠪᠠ᠃