《ᠵᠠᠯᠠᠭᠤᠴᠤᠳ ᠪᠣᠯ ᠤᠯᠤᠰ᠎ᠤᠨ ᠢᠷᠡᠭᠡᠳᠦᠢ ᠪᠠ ᠦᠨᠳᠦᠰᠦᠲᠡᠨ᠎ᠤ ᠬᠦᠰᠡᠯ ᠮᠥᠨ᠃》 ᠶᠡᠷᠦᠩᠬᠡᠢ ᠱᠦᠵᠢ ᠰᠢ ᠵᠢᠨ ᠫᠢᠩ᠎ᠤᠨ ᠰᠡᠳᠬᠢᠯ᠎ᠳᠤ ᠵᠠᠯᠠᠭᠤᠴᠤᠳ ᠬᠡᠵᠢᠶᠡᠳᠡ ᠴᠢᠬᠤᠯᠠ ᠪᠠᠶ᠋ᠢᠷᠢ ᠵᠢ ᠡᠵᠡᠯᠡᠵᠦ ᠪᠠᠶ᠋ᠢᠳᠠᠭ᠃
4 ᠳ᠋ᠦ᠍ᠭᠡᠷ ᠰᠠᠷ᠎ᠠ ᠵᠢᠨ 29᠎ᠤ ᠡᠳᠦᠷ᠂ ᠱᠠᠩᠬᠠᠢ ᠵᠢᠨ 《ᠮᠥᠸᠧ ᠰᠦ᠍ ᠣᠷᠣᠨ ᠵᠠᠢ》 ᠲᠣᠮᠣ ᠵᠠᠭᠪᠤᠷ᠎ᠤᠨ ᠰᠢᠨ᠎ᠡ ᠵᠢ ᠡᠭᠦᠳᠬᠦ ᠠᠮᠢ ᠠᠬᠤᠢ ᠵᠢᠨ ᠨᠡᠶ᠋ᠢᠭᠡᠮ ᠲᠣᠭᠤᠷᠢᠭ᠎ᠲᠤ᠂ ᠶᠡᠷᠦᠩᠬᠡᠢ ᠱᠦᠵᠢ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ᠎ᠲᠠᠢ ᠳᠣᠲᠣᠨᠣᠰᠤᠭ ᠵᠶ᠋ᠠᠷ ᠶᠠᠷᠢᠯᠴᠠᠵᠤ᠂ ᠲᠡᠳᠡᠨ᠎ᠢ 《ᠬᠤᠪᠢ ᠬᠥᠮᠥᠨ᠎ᠤ ᠴᠢᠷᠮᠠᠶ᠋ᠢᠯᠭ᠎ᠠ᠎ᠪᠠᠨ ᠤᠯᠤᠰ᠎ᠤᠨ ᠢᠷᠡᠭᠡᠳᠦᠢ᠎ᠲᠠᠢ ᠨᠢᠭᠲᠠ ᠬᠤᠯᠪᠣᠵᠤ᠂ ᠲᠡᠦᠬᠡ ᠵᠢᠨ ᠪᠤᠤᠬᠢᠶ᠎ᠠ ᠵᠢ ᠰᠠᠶ᠋ᠢᠲᠤᠷ ᠵᠠᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠭᠤᠳᠠᠮ ᠲᠠᠪᠴᠠᠩ᠎ᠳᠤ ᠵᠠᠯᠠᠭᠤ ᠨᠠᠰᠤᠨ᠎ᠤ ᠬᠡᠷᠡᠯ ᠭᠢᠯᠪᠠᠭ᠎ᠠ᠎ᠪᠠᠨ ᠰᠠᠴᠤᠷᠠᠭᠤᠯᠤᠭ᠋ᠠᠷᠠᠢ》 ᠭᠡᠵᠦ ᠵᠣᠷᠢᠭᠵᠢᠭᠤᠯᠪᠠ᠃
ᠤᠯᠤᠰ ᠵᠶ᠋ᠠᠨ ᠬᠠᠶ᠋ᠢᠷᠠᠯᠠᠬᠤ ᠰᠡᠳᠬᠢᠯ ᠡᠪᠦᠷᠯᠡᠨᠡᠮ
《ᠥᠷᠭᠡᠨ ᠤᠯᠠᠨ ᠵᠠᠯᠠᠭᠤᠴᠤᠳ ᠬᠦᠰᠡᠯ ᠪᠠ ᠢᠲᠡᠭᠡᠯ ᠵᠶ᠋ᠠᠨ ᠪᠠᠲᠤᠳᠬᠠᠵᠤ᠂ ᠤᠯᠤᠰ ᠭᠡᠷ᠎ᠤᠨ ᠰᠡᠳᠬᠢᠯᠭᠡ᠎ᠪᠠᠨ ᠨᠡᠮᠡᠭᠳᠡᠭᠦᠯᠦᠨ᠂ ᠴᠠᠭ᠋ᠠᠷᠠᠭᠰᠠᠨ ᠴᠢᠳᠠᠪᠤᠷᠢ᠎ᠲᠠᠢ ᠪᠣᠯᠬᠤ᠎ᠪᠠᠷ ᠪᠣᠯᠪᠠᠰᠤᠷᠠᠵᠤ᠂ ᠴᠢᠷᠮᠠᠶ᠋ᠢᠨ ᠲᠡᠮᠡᠴᠡᠬᠦ ᠵᠣᠷᠢᠭ ᠰᠠᠨᠠᠭ᠎ᠠ᠎ᠪᠠᠨ ᠪᠠᠳᠠᠷᠠᠭᠤᠯᠤᠨ᠂ ᠡᠬᠡ ᠤᠯᠤᠰ ᠪᠠ ᠠᠷᠠᠳ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠦᠷᠴᠦ ᠡᠷᠳᠡᠮ ᠴᠢᠳᠠᠪᠤᠷᠢ᠎ᠪᠠᠨ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ᠃》 ᠡᠨᠡ ᠵᠢᠯ᠎ᠤᠨ ᠲᠠᠪᠤᠨ ᠰᠠᠷ᠎ᠠ ᠵᠢᠨ ᠳᠦᠷᠪᠡᠨ᠎ᠤ ᠵᠠᠯᠠᠭᠤᠴᠤᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠰᠢᠨᠵᠢᠶᠠᠩ᠎ᠤᠨ ᠠᠲ᠋ᠦ᠋ᠱ ᠬᠤᠲᠠ ᠵᠢᠨ ᠺᠠᠷᠠ ᠵᠢᠶᠦ᠋ᠨ ᠰᠢᠶᠠᠩ᠎ᠤᠨ ᠰᠢᠶᠤᠶᠢᠲ᠋ᠧ ᠪᠠᠭ᠎ᠠ ᠰᠤᠷᠭ᠋ᠠᠭᠤᠯᠢ ᠵᠢᠨ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠵᠤ ᠰᠤᠷᠭ᠋ᠠᠨ ᠬᠥᠮᠦᠵᠢᠯ᠎ᠤᠨ ᠦᠢ᠍ᠯᠡᠰ᠎ᠢ ᠳᠡᠮᠵᠢᠬᠦ ᠪᠠᠷᠠᠭᠤᠨ ᠣᠷᠣᠨ᠎ᠤ ᠲᠥᠯᠥᠪᠯᠡᠭᠡ ᠵᠢᠨ ᠰᠠᠶ᠋ᠢᠨ ᠳᠤᠷᠠᠴᠤᠳ᠎ᠤᠨ ᠦᠢ᠍ᠯᠡᠴᠢᠯᠡᠭᠡᠨ᠎ᠤ ᠠᠩᠭᠢ ᠵᠢᠨ ᠪᠦᠬᠦ ᠭᠡᠰᠢᠭᠦᠳ᠎ᠲᠤ ᠬᠠᠷᠢᠭᠤ ᠵᠠᠬᠢᠳᠠᠯ ᠪᠢᠴᠢᠵᠦ᠂ ᠪᠦᠬᠦ ᠤᠯᠤᠰ᠎ᠤᠨ ᠥᠷᠭᠡᠨ ᠤᠯᠠᠨ ᠵᠠᠯᠠᠭᠤᠴᠤᠳ᠎ᠲᠤ ᠪᠠᠶᠠᠷ ᠬᠦᠷᠭᠡᠭᠰᠡᠨ᠎ᠤ ᠬᠠᠮᠲᠤ ᠴᠢᠩ ᠰᠡᠳᠬᠢᠯ᠎ᠠᠴᠠ᠎ᠪᠠᠨ ᠬᠦᠰᠡᠯ ᠨᠠᠶ᠋ᠢᠳᠠᠯᠭ᠎ᠠ ᠲᠠᠯᠪᠢᠵᠠᠢ᠃
ᠤᠯᠤᠰ᠎ᠲᠤ᠎ᠪᠠᠨ ᠵᠢᠳᠬᠦᠬᠦ ᠵᠣᠷᠢᠭ ᠵᠶ᠋ᠠᠨ ᠡᠷᠴᠢᠯᠡᠨᠡᠮ
《ᠵᠣᠬᠢᠶᠠᠮᠠᠯ ᠣᠶᠤᠨ ᠪᠣᠯ ᠰᠢᠨ᠎ᠡ᠎ᠪᠠᠷ ᠥᠷᠨᠢᠵᠦ ᠪᠠᠶ᠋ᠢᠭ᠎ᠠ ᠠᠵᠢᠯ ᠦᠢ᠍ᠯᠡᠰ ᠮᠥᠷᠲᠡᠭᠡᠨ ᠵᠠᠯᠠᠭᠤᠴᠤᠳ᠎ᠤᠨ ᠠᠵᠢᠯ ᠦᠢ᠍ᠯᠡᠰ ᠪᠣᠯᠣᠨ᠎ᠠ》᠃ ᠶᠡᠷᠦᠩᠬᠡᠢ ᠱᠦᠵᠢ ᠰᠢ ᠵᠢᠨ ᠫᠢᠩ ᠬᠡᠯᠡᠬᠦ᠎ᠳᠤ᠎ᠪᠠᠨ᠂ 《ᠪᠢᠳᠡ ᠶᠠᠭ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠥᠬᠦ ᠲᠠᠯ᠎ᠠ᠎ᠪᠠᠷ ᠠᠬᠢᠭᠤᠯᠵᠤ ᠪᠠᠶ᠋ᠢᠨ᠎ᠠ᠂ ᠡᠨᠡ᠎ᠨᠢ ᠶᠠᠭ ᠵᠠᠯᠠᠭᠤ ᠨᠢᠭᠡ ᠦᠶ᠎ᠡ ᠵᠢᠨ᠎ᠬᠢᠨ᠎ᠤ ᠠᠪᠢᠶᠠᠰ ᠵᠶ᠋ᠠᠨ ᠭᠠᠶ᠋ᠢᠬᠠᠭᠤᠯᠵᠤ᠂ ᠡᠷᠳᠡᠮ ᠵᠶ᠋ᠠᠨ ᠪᠠᠳᠠᠷᠠᠭᠤᠯᠬᠤ ᠰᠠᠶ᠋ᠢᠨ ᠴᠠᠭ ᠮᠥᠨ》 ᠭᠡᠵᠡᠢ᠃
ᠤᠯᠤᠰ ᠵᠶ᠋ᠠᠨ ᠬᠦᠴᠦᠷᠬᠡᠭᠵᠢᠭᠦᠯᠬᠦ ᠴᠢᠳᠠᠪᠤᠷᠢ᠎ᠪᠠᠨ ᠴᠢᠩᠭ᠋ᠠᠷᠠᠭᠤᠯᠤᠨᠠᠮ
《ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠬᠠᠷᠠᠯᠲᠠ᠎ᠳᠤ ᠲᠡᠦᠬᠡᠨ ᠳᠡᠭᠡᠷᠡᠬᠢ ᠠᠯᠢ ᠨᠢᠭᠡ ᠦᠶ᠎ᠡ᠎ᠠᠴᠠ ᠴᠦ᠍ ᠨᠡᠩ ᠢᠯᠡᠭᠦᠦ ᠣᠶ᠋ᠢᠷᠠᠳᠴᠤ ᠪᠣᠢ᠂ ᠶᠡᠷᠦ᠎ᠠᠴᠠ ᠣᠳᠣ ᠵᠢᠨ᠎ᠬᠢ ᠰᠢᠭ ᠢᠩᠭᠢᠵᠦ ᠣᠶ᠋ᠢᠷᠠᠲᠤᠵᠤ ᠦᠵᠡᠭᠡ ᠦᠭᠡᠢ ᠶᠤᠮ᠃ ᠵᠠᠯᠠᠭᠤᠴᠤᠳ ᠲᠠ ᠨᠠᠷ ᠠᠭᠤᠤ ᠶᠡᠭᠡ ᠴᠠᠭ ᠦᠶ᠎ᠡ᠎ᠳᠤ ᠣᠷᠣᠰᠢᠵᠤ᠂ ᠡᠶ᠋ᠢᠮᠦ ᠠᠭᠤᠤ ᠶᠡᠭᠡ ᠬᠠᠷᠠᠯᠲᠠ᠎ᠲᠠᠢ ᠪᠠᠶ᠋ᠢᠨ᠎ᠠ᠂ ᠴᠠᠭ᠎ᠤᠨ ᠰᠠᠶ᠋ᠢᠨ᠎ᠢ ᠠᠮᠵᠢᠨ ᠲᠡᠭᠦᠨ᠎ᠤ ᠲᠥᠯᠥᠭᠡ ᠲᠡᠮᠡᠴᠡᠭᠡᠷᠡᠢ!》
ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ᠎ᠨᠢ ᠰᠢᠨ᠎ᠡ ᠴᠠᠭ ᠦᠶ᠎ᠡ ᠵᠢᠨ ᠵᠠᠯᠠᠭᠤᠴᠤᠳ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠡ ᠡᠯ᠎ᠡ ᠲᠠᠯ᠎ᠠ ᠵᠢᠨ ᠠᠵᠢᠯ᠎ᠤᠨ ᠳᠤᠮᠳᠠ ᠡᠷᠡᠰ ᠰᠢᠭᠤᠷᠬᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ᠎ᠤ ᠴᠤᠭ ᠵᠢᠪᠬᠤᠭ᠎ᠠ᠎ᠪᠠᠨ ᠢᠯᠡᠷᠡᠭᠦᠯᠬᠦ ᠵᠢ ᠵᠣᠷᠢᠭᠵᠢᠭᠤᠯᠤᠭᠰᠠᠨ ᠪᠠᠶ᠋ᠢᠨ᠎ᠠ᠃