ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠥᠷ ᠮᠣᠩᠭᠤᠯ 《ᠪᠣᠬᠢᠷᠲᠤᠯ ᠥᠬᠡᠶ ᠪᠦᠲᠦᠭᠡᠭᠳᠡᠬᠦᠨ᠎ᠢ ᠣᠷᠣᠨ᠎ᠠᠴᠠ ᠭᠠᠷᠭ᠋ᠠᠬᠤ》 ᠨᠠᠷᠠᠲᠤ ᠲᠡᠮᠳᠡᠭ᠎ᠢ ᠡᠭᠦᠳᠴᠦ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠠᠬᠢᠭᠤᠯᠵᠤ ᠦᠷ᠎ᠡ ᠪᠦᠲᠦᠮᠵᠢ ᠤᠯᠪᠠ
ᠨᠡᠶ᠋ᠢᠲᠡᠯᠡᠭᠰᠡᠨ ᠴᠠᠭ᠄ 2025-06-18

    ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠲᠤᠬᠠᠶ ᠵᠢᠨ ᠭᠠᠵᠠᠷ᠎ᠤᠨ ᠵᠶ᠋ᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠤᠨᠴᠠᠯᠢᠬᠳᠤ ᠪᠦᠲᠦᠭᠡᠭᠳᠡᠬᠦᠨ᠎ᠢ ᠪᠡᠭᠡᠵᠢᠩ᠎ᠤᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠬᠠᠮᠵᠢᠯᠴᠠᠭ᠋ᠠᠨ᠎ᠤ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠠᠬᠢᠭᠤᠯᠬᠤ ᠠᠵᠢᠯ᠎ᠢ ᠭᠦᠨᠵᠡᠭᠡᠶ ᠳᠦᠯᠬᠢᠨ ᠠᠬᠢᠭᠤᠯᠵᠤ᠂ ᠪᠡᠭᠡᠵᠢᠩ ᠥᠪᠥᠷ ᠮᠣᠩᠭᠤᠯ᠎ᠤᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ᠎ᠳᠤ ᠳᠠᠪᠠᠯᠳᠠᠳᠤ ᠮᠠᠶᠢᠭ᠎ᠤᠨ ᠬᠥᠭᠵᠢᠯᠲᠡ᠎ᠲᠠᠢ ᠪᠣᠯᠭ᠋ᠠᠬᠤ ᠵᠢ ᠠᠬᠢᠭᠤᠯᠵᠤ᠂ 2018 ᠣᠨ᠎ᠠᠴᠠ ᠨᠠᠭ᠋ᠠᠰᠢ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠷᠤᠯᠠᠭᠤᠯᠤᠭᠰᠠᠨ ᠨᠡᠶ᠋ᠢᠲᠡ ᠵᠣᠭᠤᠰ᠎ᠤᠨ ᠲᠤᠭ᠎ᠠ 1000 ᠰᠢᠬᠠᠮ ᠳ᠋ᠦᠩᠰᠢᠭᠤᠷ ᠲᠦᠭᠦᠷᠢᠭ᠎ᠲᠤ ᠬᠦᠷᠪᠡ᠃ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ 《ᠳᠥᠷᠪᠡᠨ ᠨᠢᠷᠤᠭᠤᠪᠴᠢ ᠨᠠᠢ᠍ᠮᠠᠨ ᠲᠤᠯᠭ᠋ᠠᠭᠤᠷᠢᠯᠠᠯ》᠎ᠢ ᠪᠠᠶ᠋ᠢᠭᠤᠯᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ 《ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ 〈ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠣᠷᠣᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ〉 ᠵᠢ ᠬᠡᠷᠡᠭᠵᠢᠭᠦᠯᠬᠦ ᠲᠥᠰᠦᠯ》᠎ᠢ ᠲᠣᠭᠲᠠᠭ᠋ᠠᠭ᠋ᠠᠳ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ 《ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠬᠡᠷᠡᠭᠯᠡᠭᠡ᠎ᠪᠠᠷ ᠬᠠᠪᠰᠤᠷᠤᠨ ᠲᠡᠳᠬᠦᠵᠦ ᠲᠠᠷᠢᠶᠠᠴᠢᠳ᠎ᠢ ᠲᠤᠰᠠᠯᠠᠨ ᠣᠷᠣᠯᠭ᠎ᠠ ᠵᠢ᠎ᠨᠢ ᠨᠡᠮᠡᠭᠳᠡᠭᠦᠯᠬᠦ ᠲᠤᠬᠠᠶ ᠬᠡᠷᠡᠭᠵᠢᠭᠦᠯᠬᠦ ᠲᠥᠰᠦᠯ》᠂ 《ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠶ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠭ᠋ᠠᠳ ᠳᠠᠷᠤᠮᠠᠯᠯᠠᠨ ᠶᠠᠪᠤᠭᠤᠯᠵᠤ᠂ ᠲᠥᠷᠥ ᠵᠢᠨ ᠪᠣᠳᠣᠯᠭ᠎ᠠ ᠵᠢᠨ ᠨᠥᠬᠦᠪᠥᠷᠢ ᠵᠢ ᠴᠢᠩᠭ᠋ᠠᠳᠬᠠᠨ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ ᠪᠠ ᠨᠡᠶ᠋ᠢᠭᠡᠮ ᠨᠡᠶ᠋ᠢᠲᠡ ᠵᠢᠨ ᠬᠠᠮᠵᠢᠯᠴᠠᠨ ᠠᠬᠢᠭᠤᠯᠬᠤ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠪᠡ᠃ ᠬᠤᠶᠠᠷ᠎ᠲᠤ᠂ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠦᠢ᠍ᠯᠡᠳᠦᠯ᠎ᠢ ᠲᠤᠪᠤᠶ᠋ᠢᠯᠭ᠋ᠠᠵᠦ᠂ ᠠᠵᠤ ᠠᠬᠤᠶ᠋ᠢᠯᠠᠯ᠎ᠤᠨ ᠣᠷᠣᠯᠴᠠᠬᠤ ᠢᠳᠡᠪᠬᠢᠵᠢᠯ᠎ᠢ ᠬᠥᠭᠵᠢᠭᠡᠪᠡ᠃ ᠪᠡᠭᠡᠵᠢᠩ ᠪᠠ ᠥᠪᠥᠷ ᠮᠣᠩᠭᠤᠯ᠎ᠤᠨ ᠠᠵᠤ ᠦᠢ᠍ᠯᠡᠰ᠎ᠢ ᠵᠣᠯᠭ᠋ᠠᠭᠤᠯᠬᠤ ᠲᠠᠪᠴᠠᠩ᠎ᠢ ᠪᠠᠶ᠋ᠢᠭᠤᠯᠵᠤ᠂ 《ᠪᠡᠭᠡᠵᠢᠩ ᠥᠪᠥᠷ ᠮᠣᠩᠭᠤᠯ᠎ᠤᠨ ᠵᠠᠭᠤᠨ ᠠᠵᠤ ᠠᠬᠤᠶ᠋ᠢᠯᠠᠯ᠎ᠤᠨ ᠰᠡᠳᠬᠢᠯᠭᠡ ᠵᠢᠨ ᠬᠤᠯᠪᠣᠭ᠋ᠠᠰᠤ》 ᠠᠵᠤ ᠦᠢ᠍ᠯᠡᠰ᠎ᠢ ᠵᠣᠯᠭ᠋ᠠᠭᠤᠯᠬᠤ ᠠᠵᠢᠯᠯᠠᠭ᠎ᠠ ᠵᠢ ᠤᠷᠢᠳ ᠬᠤᠵᠢᠳ 9 ᠲᠠᠯᠠᠪᠤᠷ ᠡᠷᠭᠢᠯᠡᠵᠦ᠂ ᠪᠡᠭᠡᠵᠢᠩ ᠬᠤᠲᠠ ᠵᠢᠨ ᠲᠠᠷᠢᠶᠠᠯᠠᠩ᠎ᠳᠤ ᠬᠤᠯᠪᠣᠭᠳᠠᠬᠤ 300 ᠭᠠᠷᠤᠶ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠰᠠᠭᠤᠷᠢᠰᠢᠭᠤᠯᠤᠨ᠂ ᠨᠡᠶ᠋ᠢᠲᠡ 500 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠣᠳᠠᠲᠠᠶ᠋ᠢᠵᠢᠭᠤᠯᠪᠠ᠃ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠶ ᠵᠢᠨ ᠭᠤᠤᠯᠳᠠᠯᠭ᠎ᠠ ᠪᠣᠯᠬᠤ ᠠᠵᠤ ᠦᠢ᠍ᠯᠡᠰ᠎ᠯᠦᠭᠡ ᠨᠢᠭᠲᠠ ᠤᠶᠠᠯᠳᠤᠭᠤᠯᠤᠨ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠨᠡᠶ᠋ᠢᠲᠡ 79 ᠪᠠᠶ᠋ᠢᠭᠤᠯᠵᠤ᠂ ᠬᠤᠶᠠᠷ ᠭᠠᠵᠠᠷ᠎ᠤᠨ᠎ᠬᠢᠨ ᠪᠡᠭᠡᠵᠢᠩ᠎ᠢ ᠲᠣᠭᠤᠷᠢᠭᠰᠠᠨ ᠢᠳᠡᠰᠢᠨ ᠨᠣᠭᠤᠭ᠋ᠠᠨ᠎ᠤ ᠬᠠᠩᠭ᠋ᠠᠯᠭ᠎ᠠ ᠵᠢ ᠪᠠᠲᠤᠯᠠᠬᠤ 20 ᠰᠠᠭᠤᠷᠢᠨ ᠭᠠᠵᠠᠷ᠎ᠢ ᠮᠠᠭ᠋ᠠᠳᠯᠠᠨ ᠲᠣᠭᠲᠠᠭ᠋ᠠᠵᠤ᠂ 《ᠰᠢᠭᠤᠳ ᠲᠡᠭᠦᠵᠦ ᠰᠢᠭᠤᠳ ᠬᠠᠩᠭ᠋ᠠᠬᠤ ᠰᠠᠭᠤᠷᠢᠨ ᠭᠠᠵᠠᠷ》᠎ᠢ ᠨᠡᠶ᠋ᠢᠲᠡ 77 ᠪᠠᠶ᠋ᠢᠭᠤᠯᠪᠠ᠃ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢᠨ ᠬᠡᠷᠡᠭᠵᠢᠭᠦᠯᠬᠦ ᠲᠥᠰᠦᠯ (2024 ᠣᠨ᠎ᠤ ᠬᠡᠪᠯᠡᠯ)》᠎ᠢ ᠳᠠᠷᠤᠮᠠᠯᠯᠠᠨ ᠶᠠᠪᠤᠭᠤᠯᠵᠤ᠂ 《ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠎ᠠ᠎ᠪᠠᠷ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠠᠶ᠋ᠢᠳᠠᠪᠤᠷᠢᠵᠢᠭᠤᠯᠤᠨ ᠠᠬᠢᠭᠤᠯᠵᠤ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠬᠡᠷᠡᠭᠯᠡᠭᠡ᠎ᠪᠠᠷ ᠬᠠᠪᠰᠤᠷᠤᠨ ᠲᠡᠳᠬᠦᠬᠦ᠎ᠳᠤ ᠢᠳᠡᠪᠬᠢᠲᠡᠶ ᠣᠷᠣᠯᠴᠠᠭᠤᠯᠪᠠ᠃ ᠭᠤᠷᠪᠠ᠎ᠳᠤ᠂ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠦᠪᠥᠷᠢᠯᠡᠵᠦ ᠬᠡᠯᠬᠢᠶ᠎ᠡ ᠵᠢ ᠴᠢᠩᠭ᠋ᠠᠳᠬᠠᠬᠤ ᠵᠢ ᠶᠡᠭᠡ᠎ᠪᠠᠷ ᠠᠬᠢᠭᠤᠯᠵᠤ᠂ ᠪᠣᠷᠣᠯᠠᠭᠤᠯᠭ᠎ᠠ ᠵᠢᠨ 《ᠬᠡᠪᠴᠢᠶ᠎ᠡ ᠵᠢ ᠥᠷᠭᠡᠳᠬᠡᠨ ᠦᠷ᠎ᠡ ᠠᠰᠢᠭ ᠵᠶ᠋ᠠᠨ ᠨᠡᠮᠡᠭᠳᠡᠭᠦᠯᠬᠦ》 ᠵᠢ ᠠᠬᠢᠭᠤᠯᠪᠠ᠃ ᠤᠨᠴᠠᠯᠢᠬᠳᠤ ᠠᠵᠤ ᠦᠢ᠍ᠯᠡᠰ᠎ᠢ ᠳᠡᠭᠡᠭᠰᠢᠯᠡᠭᠦᠯᠬᠦ ᠪᠠ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠠᠵᠢᠯᠯᠠᠭ᠋ᠠᠨ᠎ᠢ ᠬᠡᠷᠡᠭᠵᠢᠭᠦᠯᠵᠦ᠂ 2024 ᠣᠨ᠎ᠳᠤ ᠬᠠᠮᠵᠢᠯᠴᠠᠭ᠋ᠠᠨ᠎ᠤ ᠪᠠᠯᠠ ᠮᠥᠩᠭᠦ ᠵᠢ 10.51 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢ᠍ᠯᠡᠰ᠎ᠤᠨ 53 ᠲᠥᠷᠥᠯ ᠵᠦᠢ᠍ᠯ᠎ᠢ ᠬᠡᠷᠡᠭᠵᠢᠭᠦᠯᠦᠨ᠂ ᠤᠨᠴᠠᠯᠢᠬᠳᠤ ᠠᠵᠤ ᠦᠢ᠍ᠯᠡᠰ᠎ᠤᠨ 56 ᠲᠥᠷᠥᠯ ᠵᠦᠢ᠍ᠯ᠂ ᠳᠠᠪᠠᠭᠤᠯᠢᠭ ᠠᠵᠤ ᠦᠢ᠍ᠯᠡᠰ᠎ᠤᠨ 39 ᠪᠦᠯᠦᠭᠵᠢᠯ᠎ᠢ ᠪᠣᠶ ᠪᠣᠯᠭ᠋ᠠᠵᠤ᠂ ᠳᠡᠭᠡᠳᠦ ᠳᠣᠣᠷᠠᠳᠤ ᠬᠡᠯᠬᠢᠶᠡᠨ᠎ᠤ ᠠᠵᠤ ᠠᠬᠤᠶ᠋ᠢᠯᠠᠯ᠎ᠢ 101 ᠪᠥᠭᠡᠮᠨᠡᠷᠡᠭᠦᠯᠵᠦ᠂ ᠠᠵᠤ ᠦᠢ᠍ᠯᠡᠰ᠎ᠤᠨ ᠪᠦᠯᠦᠭᠵᠢᠯ᠎ᠤᠨ ᠦᠢ᠍ᠯᠡᠳᠬᠦᠨ᠎ᠤ ᠥᠷᠲᠡᠭ᠎ᠢ 257 ᠳ᠋ᠦᠩᠰᠢᠭᠤᠷ ᠲᠥᠭᠦᠷᠢᠭ᠎ᠲᠤ ᠬᠦᠷᠭᠡᠪᠡ᠃ ᠪᠠᠷᠠᠭ᠋ᠠᠨ᠎ᠤ ᠭᠦᠢ᠍ᠯᠭᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠪᠡᠭᠡᠵᠢᠩ᠎ᠳᠤ 2 ᠠᠵᠤ ᠠᠬᠤᠶ᠋ᠢᠯᠠᠯ᠎ᠤᠨ ᠬᠠᠮᠲᠤ᠎ᠪᠠᠷ ᠡᠳ᠋ᠯᠡᠬᠦ ᠤᠷᠢᠳᠠᠴᠢ ᠬᠥᠮᠥᠷᠭᠡ ᠵᠢ ᠪᠠᠶ᠋ᠢᠭᠤᠯᠵᠤ᠂ ᠵᠢᠩ ᠳ᠋ᠦᠩ ᠺᠣᠮᠫᠠᠨᠢ ᠵᠢᠨ ᠬᠥᠬᠡᠬᠤᠲᠠ ᠵᠡᠷᠭᠡ 5 ᠭᠠᠵᠠᠷ᠎ᠲᠤ 《ᠡᠭᠦᠯᠡᠨ ᠬᠥᠮᠥᠷᠭᠡ》 ᠪᠠᠶ᠋ᠢᠭᠤᠯᠬᠤ ᠵᠢ ᠳᠡᠮᠵᠢᠪᠡ᠃ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ 《2024 - 2026 ᠣᠨ᠎ᠤ ᠲᠠᠷᠢᠶᠠᠯᠠᠩ ᠮᠠᠯ ᠠᠵᠤ ᠠᠬᠤᠶ ᠵᠢᠨ ᠨᠠᠷᠠᠲᠤ ᠲᠡᠮᠳᠡᠭ᠎ᠤᠨ ᠭᠠᠷᠴᠠᠭ》᠎ᠢ ᠨᠡᠶ᠋ᠢᠲᠡᠯᠡᠨ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ 56 ᠨᠠᠷᠠᠲᠤ ᠲᠡᠮᠳᠡᠭ᠂ ᠠᠵᠤ ᠠᠬᠤᠶ᠋ᠢᠯᠠᠯ᠎ᠤᠨ 251 ᠨᠠᠷᠠᠲᠤ ᠲᠡᠮᠳᠡᠭ ᠪᠠ ᠦᠢ᠍ᠯᠡᠳᠬᠦᠨ᠎ᠤ 231 ᠨᠠᠷᠠᠲᠤ ᠲᠡᠮᠳᠡᠭ᠎ᠢ ᠨᠠᠷᠢᠯᠢᠭ ᠰᠣᠩᠭᠤᠪᠠ᠃ ᠳᠥᠷᠪᠡ᠎ᠳᠤ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠠᠵᠢᠯᠯᠠᠭ᠎ᠠ᠎ᠪᠠᠨ ᠰᠢᠨ᠎ᠡ ᠡᠭᠦᠳᠦᠯᠲᠡ᠎ᠲᠠᠢ ᠥᠷᠨᠢᠭᠦᠯᠵᠦ᠂ 《ᠪᠣᠬᠢᠷᠲᠤᠯ ᠥᠬᠡᠶ ᠪᠦᠲᠦᠭᠡᠭᠳᠡᠬᠦᠨ᠎ᠢ ᠣᠷᠣᠨ᠎ᠠᠴᠠ ᠭᠠᠷᠭ᠋ᠠᠬᠤ》 ᠨᠠᠷᠠᠲᠤ ᠲᠡᠮᠳᠡᠭ᠎ᠢ ᠡᠭᠦᠳᠪᠡ᠃ ᠤᠷᠢᠳ ᠬᠤᠵᠢᠳ ᠪᠡᠭᠡᠵᠢᠩ᠂ ᠴᠦᠩᠴᠢᠩ᠂ ᠬᠠᠩᠵᠧᠦ᠂ ᠱᠧᠨᠵᠧᠨ ᠵᠡᠷᠭᠡ ᠭᠠᠵᠠᠷ᠎ᠤᠳ ᠵᠶ᠋ᠠᠷ ᠲᠤᠮᠤ ᠬᠡᠪᠴᠢᠶᠡᠨ᠎ᠤ ᠲᠥᠪᠯᠡᠷᠡᠭᠦᠯᠵᠦ ᠬᠤᠳᠠᠯᠳᠤᠨ ᠠᠪᠬᠤ ᠲᠠᠨᠢᠯᠴᠠᠭᠤᠯᠭ᠎ᠠ ᠵᠢᠨ ᠬᠤᠷᠠᠯ᠎ᠢ 5 ᠬᠤᠭᠤᠴᠠᠭ᠎ᠠ ᠵᠣᠬᠢᠶᠠᠨ ᠪᠠᠶ᠋ᠢᠭᠤᠯᠵᠤ᠂ ᠥᠪᠥᠷ ᠮᠣᠩᠭᠤᠯ᠎ᠤᠨ ᠦᠨᠦᠷ ᠠᠮᠲᠠ ᠵᠢ ᠪᠦᠬᠦ ᠤᠯᠤᠰ᠎ᠲᠤ ᠠᠯᠳᠠᠷᠰᠢᠭᠤᠯᠪᠠ᠃ ᠪᠡᠭᠡᠵᠢᠩ ᠬᠤᠲᠠ ᠵᠢᠨ ᠦᠨᠡᠮᠰᠢᠨ ᠲᠣᠭᠲᠠᠭ᠋ᠠᠵᠤ ᠫᠠᠶ᠋ᠢᠰᠠ ᠣᠯᠭᠤᠭᠰᠠᠨ ᠡᠵᠡᠩᠨᠡᠨ ᠪᠣᠷᠣᠯᠠᠭᠤᠯᠬᠤ ᠳᠡᠯᠭᠡᠭᠦᠷ 43 ᠡᠷᠦᠬᠡ ᠪᠣᠯᠵᠤ᠂ ᠪᠥᠬᠦ ᠤᠯᠤᠰ᠎ᠲᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠵᠡᠩᠨᠡᠨ ᠪᠣᠷᠣᠯᠠᠭᠤᠯᠬᠤ ᠲᠥᠪ᠎ᠢ 11 ᠪᠠᠶ᠋ᠢᠭᠤᠯᠵᠤ᠂ ᠵᠢᠩ ᠳ᠋ᠦᠩ ᠺᠣᠮᠫᠠᠨᠢ ᠵᠢᠨ ᠳᠤᠮᠳᠠᠳᠤ ᠤᠯᠤᠰ᠎ᠤᠨ ᠣᠨᠴᠠ ᠭᠠᠷᠤᠯᠲᠠ ᠵᠢᠨ ᠥᠪᠥᠷ ᠮᠣᠩᠭᠤᠯ ᠣᠷᠳᠣᠨ᠂ ᠣᠷᠣᠨ ᠨᠤᠲᠤᠭ᠎ᠤᠨ ᠤᠨᠴᠠᠯᠢᠭᠳᠤ ᠣᠷᠳᠣᠨ᠎ᠢ 32 ᠡᠷᠦᠬᠡ ᠪᠣᠯᠭ᠋ᠠᠬᠤ ᠵᠢ᠎ᠨᠢ ᠠᠬᠢᠭᠤᠯᠪᠠ᠃ ᠤᠬᠠᠭᠤᠯᠤᠨ ᠳᠡᠯᠭᠡᠷᠡᠭᠦᠯᠬᠦ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠵᠤ᠂ ᠤᠯᠠᠮᠵᠢᠯᠠᠯᠲᠤ ᠵᠠᠭᠤᠴᠢᠯᠠᠭᠤᠷ + ᠰᠢᠨ᠎ᠡ ᠵᠠᠭᠤᠴᠢᠯᠠᠭᠤᠷ ᠵᠶ᠋ᠠᠷ ᠳᠠᠮᠵᠢᠭᠤᠯᠤᠨ ᠪᠥᠬᠦ ᠲᠠᠯ᠎ᠠ᠎ᠪᠠᠷ ᠤᠬᠠᠭᠤᠯᠤᠨ ᠮᠡᠳᠡᠭᠡᠯᠡᠵᠦ᠂ 《ᠲᠠᠷᠢᠶᠠᠯᠠᠩ᠎ᠤᠨ ᠲᠠᠨᠢᠯᠴᠠᠭᠤᠯᠤᠭᠴᠢ》 ᠵᠢ ᠬᠥᠲᠦᠯᠦᠨ ᠵᠢᠯᠣᠭᠤᠳᠴᠤ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠤᠬᠠᠭᠤᠯᠭ᠎ᠠ᠎ᠳᠤ ᠣᠷᠣᠯᠴᠠᠬᠤ ᠵᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠶ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠠᠯᠳᠠᠷ ᠴᠤᠤ ᠵᠢ ᠮᠠᠨᠳᠤᠭᠤᠯᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠥᠪᠥᠷ ᠮᠣᠩᠭᠤᠯ᠎ᠳᠤ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠵᠢᠨ ᠬᠤᠷᠠᠯ ᠬᠤᠷᠠᠯᠳᠤᠪᠠ
ᠣᠯᠠᠨ ᠡᠰᠢᠵᠢᠭᠦᠯᠦᠨ ᠣᠷᠤᠭᠤᠯᠵᠤ ᠰᠢᠨᠵᠢᠯᠡᠬᠦ ᠤᠬᠠᠭ᠋ᠠᠨᠴᠢ᠎ᠪᠠᠷ ᠵᠠᠰᠠᠵᠤ ᠨᠤᠭᠤᠭ᠋ᠠᠷᠠᠭᠤᠯᠬᠤ ᠵᠢᠨ ᠬᠠᠮᠲᠤ ᠪᠠᠶᠠᠵᠢᠵᠤ ᠥᠪᠥᠷ ᠮᠣᠩᠭᠤᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠴᠢᠬᠤᠯᠠ ᠶᠡᠭᠡ ᠦᠷ᠎ᠡ ᠪᠦᠲᠦᠭᠡᠯ ᠣᠯᠪᠠ
ᠬᠥᠯᠥᠨ ᠪᠣᠶ᠋ᠢᠷ᠄ 《ᠨᠢᠭᠡ ᠵᠢᠷᠤᠭ》 《ᠨᠢᠭᠡ ᠲᠤᠤᠷ》 ᠵᠶ᠋ᠠᠷ ᠰᠠᠭᠤᠷᠢ ᠪᠣᠯᠭ᠋ᠠᠵᠤ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ
ᠵᠤᠯ ᠵᠢᠷᠭᠠᠯᠳᠤ ᠭᠣᠣᠯ ᠮᠥᠷᠡᠡ ᠨᠠᠭᠤᠷ ᠴᠦᠬᠦᠷᠦᠮ᠎ᠨᠢ ᠠᠷᠠᠳ ᠣᠯᠠᠨ᠎ᠤ ᠭᠡᠷ᠎ᠤᠨ ᠡᠭᠦᠳᠡᠨ᠎ᠳᠠᠬᠢ 《ᠬᠦᠰᠡᠯᠡᠩ᠎ᠤᠨ ᠤᠷᠤᠨ》 ᠪᠣᠯᠵᠡᠢ
ᠬᠥᠯᠥᠨ ᠪᠣᠶ᠋ᠢᠷ᠎ᠤᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ᠄ ᠵᠢᠯᠣᠭᠣᠴᠢ ᠥᠬᠡᠶ ᠨᠢᠰᠬᠡᠯ ᠵᠶ᠋ᠡᠷ ᠬᠢᠯᠢ ᠲᠣᠭᠣᠷᠢᠨ᠎ᠠ
 
            