ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ᠂ 6 ᠰᠠᠷ᠎ᠠ ᠵᠢᠨ 22᠎ᠤᠨ ᠡᠳᠦᠷ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠵᠢᠨ ᠬᠤᠷᠠᠯ ᠬᠤᠷᠠᠯᠳᠤᠪᠠ᠃ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠳᠠᠷᠤᠭ᠎ᠠ ᠳ᠋ᠦ᠋ ᠵᠢᠶᠠ ᠬᠤᠤ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠦ᠂ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ᠎ᠤᠨ ᠡᠭᠦᠷᠭᠡ᠂ ᠶᠡᠷᠦᠩᠬᠡᠢ ᠲᠣᠬᠢᠷᠠᠭᠤᠯᠤᠯᠲᠠ ᠵᠢ ᠵᠠᠷᠯᠠᠨ ᠨᠡᠶ᠋ᠢᠲᠡᠯᠡᠭᠰᠡᠨ ᠪᠥᠭᠡᠳ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠠᠵᠢᠯ᠎ᠳᠤ ᠬᠠᠮᠵᠢᠯᠴᠠᠬᠤ ᠲᠤᠬᠠᠢ ᠱᠠᠭ᠋ᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠳ ᠬᠤᠷᠠᠯ᠎ᠳᠤ ᠣᠷᠣᠯᠴᠠᠵᠠᠢ᠃ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠪᠦᠭᠦ ᠪᠦᠷᠢᠯᠳᠦᠭᠦᠨ ᠬᠤᠷᠠᠯ᠎ᠳᠤ ᠣᠷᠣᠯᠴᠠᠵᠠᠢ᠃
ᠳ᠋ᠦ᠋ ᠵᠢᠶᠠ ᠬᠤᠤ᠂ ᠪᠦᠭᠦ ᠨᠠᠮ ᠵᠶ᠋ᠠᠷ ᠵᠶ᠋ᠠᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠪᠣᠯᠣᠨ᠎ᠠ᠃ ᠣᠳᠣᠬᠠᠨ᠎ᠳᠤ᠂ ᠰᠤᠷᠤᠯᠴᠠᠯᠭ᠎ᠠ ᠬᠥᠮᠦᠵᠢᠯ᠎ᠢ ᠶᠠᠭ ᠭᠦᠨᠵᠡᠭᠡᠶ᠋ᠢᠷᠡᠭᠦᠯᠦᠨ ᠠᠬᠢᠭᠤᠯᠵᠤ᠂ ᠦᠢ᠍ᠯᠡ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ ᠦᠷ᠎ᠡ ᠪᠦᠲᠦᠮᠵᠢ ᠣᠯᠬᠤ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ ᠪᠠᠶ᠋ᠢᠨ᠎ᠠ᠂ ᠨᠠᠮ᠎ᠤᠨ ᠲᠥᠪ ᠬᠤᠷᠢᠶ᠎ᠠ᠎ᠠᠴᠠ ᠦᠷᠭᠦᠯᠵᠢᠯᠡᠨ ᠵᠢᠭ᠋ᠠᠨ ᠵᠢᠯᠤᠭᠤᠳᠬᠤ ᠳᠤᠭᠤᠶ᠋ᠢᠯᠠᠩ ᠲᠣᠮᠢᠯᠠᠭᠰᠠᠨ ᠶᠠᠪᠤᠳᠠᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠤᠯᠠᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠰᠤᠷᠤᠯᠴᠠᠯᠭ᠎ᠠ ᠬᠥᠮᠦᠵᠢᠯ᠎ᠢ ᠴᠢᠩᠭ᠎ᠠ ᠠᠳᠬᠤᠵᠤ ᠪᠣᠳᠠᠲᠠᠢ ᠠᠳᠬᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠵᠢᠨ ᠪᠣᠳᠠᠲᠤ ᠬᠡᠷᠡᠭᠴᠡᠭᠡ ᠮᠥᠨ᠂ ᠳᠠᠷᠤᠯᠲᠠ ᠵᠢ ᠳᠠᠮᠵᠢᠭᠤᠯᠤᠨ ᠬᠤᠯᠪᠣᠭᠳᠠᠯ ᠪᠦᠬᠦᠢ ᠭᠠᠵᠠᠷ ᠣᠷᠣᠨ ᠪᠠ ᠨᠢᠭᠡᠴᠢ ᠵᠢᠨ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠵᠢᠨ ᠬᠦᠴᠦᠲᠡᠢ ᠠᠷᠭ᠎ᠠ ᠬᠡᠮᠵᠢᠶ᠎ᠡ ᠮᠥᠨ᠃ ᠥᠪᠥᠷ ᠮᠣᠩᠭᠤᠯ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠬᠥᠮᠦᠵᠢᠯ᠎ᠤᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ᠎ᠢ ᠦᠷᠭᠦᠯᠵᠢᠯᠡᠨ ᠲᠣᠮᠢᠯᠠᠭᠰᠠᠨᠤ ᠴᠢᠬᠤᠯᠠ ᠠᠴᠢ ᠬᠤᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠬᠤ ᠦᠵᠡᠯ ᠰᠠᠨᠠᠭ᠋ᠠᠨ᠎ᠤ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠠᠷᠭ᠋ᠠᠴᠠᠭ᠋ᠠᠨ ᠥᠩᠭᠡᠷᠡᠭᠦᠯᠬᠦ ᠪᠤᠳᠤᠯ᠂ 《ᠨᠢᠭᠡᠨ ᠴᠠᠭ᠎ᠤᠨ ᠰᠠᠯᠬᠢ》 ᠵᠢᠨ ᠦᠵᠡᠯ ᠰᠠᠨᠠᠭ᠎ᠠ ᠵᠢ ᠡᠷᠡᠰ ᠲᠡᠪᠴᠢᠵᠦ᠂ ᠠᠵᠢᠯ ᠵᠶ᠋ᠠᠨ ᠨᠠᠩ ᠯᠠᠪᠳᠠᠭᠤᠨ ᠪᠠᠲᠤᠲᠠᠢ᠂ ᠨᠠᠩ ᠭᠦᠨᠵᠡᠭᠡᠢ᠂ ᠨᠠᠩ ᠲᠤᠭᠤᠰᠢᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠳ᠋ᠦ᠋ ᠵᠢᠶᠠ ᠬᠤᠤ᠂ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ ᠨᠠᠮ᠎ᠤᠨ ᠲᠥᠪ ᠬᠤᠷᠢᠶ᠎ᠠ ᠵᠢᠨ ᠲᠣᠳᠣᠷᠬᠠᠶ᠋ᠢᠯᠠᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠵᠢ ᠴᠢᠩᠭ᠎ᠠ ᠵᠢᠷᠤᠮᠯᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠨᠢᠭᠲᠠ ᠲᠦᠰᠢᠭᠯᠡᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠪᠣᠳᠠᠲᠠᠢ ᠭᠦᠢ᠍ᠴᠡᠳᠬᠡᠵᠦ᠂ ᠲᠥᠪ᠎ᠤᠨ ᠵᠣᠷᠢᠭ ᠰᠠᠨᠠᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠵᠢᠭ᠋ᠠᠨ ᠵᠢᠯᠤᠭᠤᠳᠴᠤ ᠬᠢᠨᠠᠨ ᠵᠢᠯᠤᠭᠤᠳᠴᠤ᠂ ᠰᠤᠷᠤᠯᠴᠠᠯᠭ᠎ᠠ ᠵᠢ ᠭᠦᠨᠵᠡᠭᠡᠶ᠋ᠢᠷᠡᠭᠦᠯᠬᠦ ᠵᠢ ᠵᠢᠭ᠋ᠠᠨ ᠵᠢᠯᠤᠭᠤᠳᠴᠤ ᠬᠢᠨᠠᠨ ᠵᠢᠯᠤᠭᠤᠳᠴᠤ᠂ ᠠᠰᠠᠭᠤᠳᠠᠯ᠎ᠢ ᠣᠨᠣᠪᠴᠢᠲᠠᠢ ᠡᠷᠢᠬᠦ ᠵᠢ ᠵᠢᠭ᠋ᠠᠨ ᠵᠢᠯᠤᠭᠤᠳᠴᠤ ᠬᠢᠨᠠᠨ ᠵᠢᠯᠤᠭᠤᠳᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠵᠢᠭ᠋ᠠᠨ ᠵᠢᠯᠣᠭᠤᠳᠤᠨ ᠬᠢᠨᠠᠨ ᠵᠢᠯᠤᠭᠤᠳᠴᠤ᠂ ᠳᠦᠷᠢᠮ ᠲᠣᠭᠲᠠᠭ᠋ᠠᠯ ᠲᠣᠭᠲᠠᠭ᠋ᠠᠬᠤ ᠵᠢ ᠵᠢᠭ᠋ᠠᠨ ᠵᠢᠯᠤᠭᠤᠳᠴᠤ ᠬᠢᠨᠠᠨ ᠵᠢᠯᠤᠭᠤᠳᠴᠤ᠂ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ᠎ᠪᠠᠷ ᠭᠤᠣᠯᠳᠠᠯᠭ᠎ᠠ ᠪᠤᠯᠭ᠋ᠠᠵᠤ᠂ ᠨᠢᠭᠡ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ ᠵᠢ ᠪᠠᠷᠢᠮᠲᠠᠯᠠᠵᠤ᠂ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ ᠠᠵᠢᠯ᠎ᠤᠨ ᠬᠠᠷᠢᠭᠤᠴᠠᠯᠭ᠎ᠠ᠎ᠠᠴᠠ᠎ᠪᠠᠨ ᠳᠠᠪᠠᠭ᠍ᠤ ᠦᠭᠡᠢ ᠪᠠᠶ᠋ᠢᠬᠤ ᠵᠢ ᠪᠡᠶᠡᠯᠡᠭᠦᠯᠦᠨ᠎ᠡ᠃ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠠᠵᠢᠯ᠎ᠳᠤ ᠪᠦᠭᠦ ᠬᠦᠴᠦᠨ ᠵᠶ᠋ᠠᠷ ᠵᠶ᠋ᠠᠨ ᠬᠠᠮᠵᠢᠯᠴᠠᠨ ᠳᠡᠮᠵᠢᠵᠦ᠂ ᠴᠢᠩᠭ᠎ᠠ ᠬᠢᠨᠠᠯᠲᠠ ᠲᠠᠯᠪᠢᠨ ᠦᠨᠡᠨ ᠪᠣᠳᠠᠲᠠᠢ ᠵᠢᠯᠤᠭᠤᠳᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠵᠦ᠂ ᠴᠢᠩᠭ᠎ᠠ ᠪᠣᠳᠠᠲᠠᠢ ᠪᠠᠶ᠋ᠢᠬᠤ ᠵᠢ ᠪᠠᠷᠢᠮᠲᠠᠯᠠᠨ᠂ ᠠᠵᠢᠯ᠎ᠤᠨ ᠲᠠᠯ᠎ᠠ᠎ᠪᠠᠷ ᠬᠠᠮᠵᠢᠯᠴᠠᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠢ ᠪᠠᠷᠢᠮᠲᠠᠯᠠᠨ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠴᠢᠨᠠᠷ ᠰᠠᠶ᠋ᠢᠲᠠᠢ ᠰᠠᠶ᠋ᠢᠲᠤᠷ ᠪᠡᠶᠡᠯᠡᠭᠦᠯᠬᠦ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠦᠨ ᠱᠤᠤ ᠴᠧᠩ᠂ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ ᠥᠪᠥᠷ ᠮᠣᠩᠭᠤᠯ᠎ᠳᠤ ᠭᠦᠨᠵᠡᠭᠡᠶ᠋ᠢᠷᠡᠨ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ᠎ᠢ ᠥᠷᠨᠢᠭᠦᠯᠬᠦ᠎ᠨᠢ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠪᠠ ᠳᠣᠲᠣᠨᠣ᠎ᠪᠠᠷ ᠬᠠᠯᠠᠮᠵᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ᠂ ᠪᠢᠳᠡᠨ᠎ᠤ ᠳᠤᠲᠠᠭᠤᠳᠠᠯ ᠠᠯᠳᠠᠭᠳᠠᠯ ᠵᠶ᠋ᠠᠨ ᠨᠥᠬᠦᠪᠦᠷᠢᠯᠡᠬᠦ᠂ ᠠᠵᠢᠯ᠎ᠤᠨ ᠶᠠᠰᠤ ᠴᠢᠨᠠᠷ ᠵᠶ᠋ᠠᠨ ᠳᠡᠭᠡᠭᠰᠢᠯᠡᠭᠦᠯᠭᠦ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠭᠦ᠎ᠨᠢ ᠯᠠᠪᠲᠠᠢ᠃ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠨ ᠲᠠᠭᠢᠨ ᠰᠤᠷᠤᠯᠴᠠᠵᠤ ᠲᠠᠭᠢᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠬᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠵᠢ ᠰᠤᠷᠤᠯᠴᠠᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠬᠦ ᠪᠦᠭᠦ ᠶᠠᠪᠤᠴᠠ᠎ᠳᠤ ᠲᠤᠭᠤᠰᠢᠯᠠᠭᠤᠯᠤᠨ᠎ᠠ᠃ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠠᠵᠢᠯ᠎ᠢ ᠪᠦᠭᠦ ᠬᠦᠴᠦ᠎ᠪᠠᠷ ᠵᠶ᠋ᠠᠨ ᠲᠡᠮᠵᠢᠨ ᠬᠠᠮᠵᠢᠯᠴᠠᠵᠤ᠂ ᠲᠥᠪ ᠴᠢᠩᠭ᠎ᠠ ᠴᠢᠩ ᠦᠨᠡᠨᠴᠢ᠎ᠪᠠᠷ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠵᠢ ᠬᠦᠯᠢᠶᠡᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠵᠤ᠂ ᠨᠢᠭᠡ᠎ᠠᠴᠠ ᠨᠦᠭᠦᠭᠡ ᠵᠢ ᠵᠦᠢ᠍ᠴᠢᠯᠡᠨ ᠮᠡᠳᠡᠵᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ᠎ᠢ ᠨᠡᠩ ᠴᠢᠨᠠᠷ ᠰᠠᠶ᠋ᠢᠲᠠᠢ ᠠᠳᠬᠤᠨ᠎ᠠ᠃ ᠸᠧᠢ ᠱᠤᠸᠠᠨ ᠱ᠌ᠢ ᠵᠡᠷᠭᠡ ᠬᠥᠮᠥᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠬᠡᠷᠡᠭ ᠵᠶ᠋ᠠᠷ ᠲᠣᠯᠢ ᠪᠣᠯᠭ᠋ᠠᠨ᠂ ᠲᠣᠪᠣᠶ᠋ᠢᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠵᠤ᠂ ᠰᠤᠷᠤᠯᠴᠠᠯᠭ᠎ᠠ ᠬᠥᠮᠦᠵᠢᠯ᠎ᠤᠨ ᠨᠠᠩ ᠶᠡᠭᠡ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ᠂ ᠠᠵᠢᠯ ᠬᠢᠵᠦ ᠦᠢ᠍ᠯᠡᠰ ᠪᠣᠰᠬᠠᠬᠤ᠂ ᠠᠷᠠᠳ᠎ᠤᠨ ᠲᠥᠯᠥᠭᠡ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠣᠳᠠᠲᠤ ᠶᠠᠪᠤᠳᠠᠯ ᠬᠢᠬᠦ ᠵᠢ ᠵᠣᠷᠢᠭᠵᠢᠭᠤᠯᠵᠤ᠂ ᠰᠢᠯᠢᠳᠡᠭ ᠰᠤᠷᠲᠠᠯ ᠵᠶ᠋ᠠᠷ ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠲᠦᠭᠡᠨ ᠪᠠᠶ᠋ᠢᠭᠤᠯᠤᠨ᠎ᠠ ᠭᠡᠵᠦ ᠢᠯᠡᠳᠬᠡᠪᠡ᠃