《ᠥᠪᠥᠷ ᠮᠣᠩᠭᠤᠯ᠎ᠤᠨ ᠠᠮᠢ ᠠᠬᠤᠢ ᠵᠢᠨ ᠪᠠᠶ᠋ᠢᠳᠠᠯ ᠶᠠᠮᠠᠷ ᠪᠠᠶ᠋ᠢᠬᠤ᠎ᠨᠢ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠰᠢᠯ ᠲᠣᠭᠲᠠᠨᠢᠯ ᠪᠠ ᠬᠥᠭᠵᠢᠯᠲᠡ᠎ᠲᠠᠢ ᠬᠤᠯᠪᠣᠭᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶ᠋ᠢᠲᠤ ᠣᠷᠣᠨ᠂ ᠪᠠᠷᠠᠭᠤᠨ ᠬᠤᠶ᠋ᠢᠲᠤ ᠣᠷᠣᠨ᠂ ᠴᠢᠨᠠᠭᠰᠢᠯᠠᠭ᠋ᠠᠳ ᠪᠦᠭᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠤᠯᠪᠣᠭᠳᠠᠨ᠎ᠠ》᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠬᠤ ᠬᠡᠷᠡᠭᠲᠡᠢ》᠂ 《ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭ᠋ᠠᠨ ᠣᠷᠳᠣ ᠴᠠᠭ᠋ᠠᠨ ᠬᠡᠷᠡᠮ᠎ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ》 ᠭᠡᠵᠦ ᠥᠪᠥᠷ ᠮᠣᠩᠭᠤᠯ᠎ᠢ ᠣᠯᠠᠨᠲᠠ ᠱᠠᠭ᠋ᠠᠷᠳᠠᠪᠠ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠤᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 〈ᠤᠯᠤᠰ᠎ᠤᠨ ᠶᠡᠭᠡ ᠶᠠᠪᠤᠳᠠᠯ〉 ᠪᠣᠯᠣᠨ᠎ᠠ》 ᠭᠡᠵᠦ ᠣᠨᠴᠠᠭ᠋ᠠᠶ᠋ᠢᠯᠠᠨ ᠴᠢᠬᠤᠯᠠᠴᠢᠯᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠶᠡᠷᠦᠩᠬᠡᠢ ᠱᠦᠵᠢ ᠵᠢᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠣᠷᠣᠨ ᠳᠠᠶᠠᠭ᠋ᠠᠷ ᠵᠶ᠋ᠠᠨ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠵᠢ ᠲᠠᠰᠤᠷᠠᠯᠲᠠ ᠦᠭᠡᠢ ᠬᠥᠲᠥᠯᠥᠨ ᠵᠢᠯᠣᠭᠤᠳᠤᠭᠰᠠᠨ ᠪᠥᠭᠡᠳ ᠠᠬᠢᠭᠤᠯᠵᠤ᠂ ᠤᠮᠠᠷᠠᠲᠤ ᠬᠢᠯᠢ ᠵᠢᠨ ᠡᠬᠡ ᠭᠠᠵᠠᠷ᠎ᠤᠨ ᠦᠵᠡᠰᠬᠦᠯᠡᠩᠲᠦ ᠰᠠᠶ᠋ᠢᠬᠠᠨ ᠬᠢᠭᠡᠳ ᠬᠥᠭᠵᠢᠯᠲᠡ ᠵᠢᠨ ᠬᠤᠣᠰ ᠠᠮᠵᠢᠯᠲᠠ ᠣᠯᠬᠤ ᠵᠢ ᠠᠬᠢᠭᠤᠯᠪᠠ᠃
《ᠬᠠᠮᠠᠭ᠋ᠠᠯᠠᠯᠲᠠ》᠎ᠪᠠᠷ ᠪᠣᠬᠢᠷᠳᠤᠯ ᠦᠭᠡᠢ ᠬᠥᠭᠵᠢᠯᠲᠡ ᠵᠢᠨ ᠳᠡᠪᠢᠰᠬᠡᠷ ᠥᠩᠭᠡ ᠵᠢ ᠥᠳᠬᠡᠷᠡᠭᠦᠯᠪᠡ
ᠥᠪᠥᠷ ᠮᠣᠩᠭᠤᠯ ᠪᠣᠯ ᠲᠡᠦᠬᠡᠨ ᠳᠡᠭᠡᠷ᠎ᠡ ᠡᠪᠡᠰᠦ ᠪᠡᠯᠴᠢᠭᠡᠷ ᠰᠠᠬᠤᠯᠢᠭ᠂ ᠲᠠᠯ᠎ᠠ ᠳᠦᠭᠦᠷᠡᠩ ᠦᠬᠡᠷ ᠬᠤᠨᠢ᠎ᠲᠠᠢ ᠭᠠᠵᠠᠷ ᠪᠠᠶ᠋ᠢᠵᠠᠢ᠃ 《ᠴᠡᠯᠡᠭᠡᠷ ᠲᠠᠯ᠎ᠠ ᠵᠢᠨ ᠥᠷᠥᠴᠡᠨ᠎ᠳᠤ ᠮᠤᠨᠠ ᠠᠭᠤᠯᠠ ᠵᠢᠨ ᠬᠤᠷᠮᠣᠢ᠎ᠳᠤ ᠬᠥᠬᠡ ᠲᠡᠭᠷᠢ ᠬᠥᠳᠡᠭᠡ ᠲᠠᠯ᠎ᠠ᠎ᠲᠠᠢ ᠭᠦᠪᠡᠭᠡ ᠬᠢᠵᠠᠭ᠋ᠠᠷ ᠵᠠᠯᠭ᠋ᠠᠯᠳᠤᠭ᠋ᠠᠳ ᠬᠥᠪᠴᠢᠨ ᠳᠡᠯᠡᠬᠡᠢ ᠮᠣᠩᠭᠤᠯ ᠭᠡᠷ ᠰᠢᠭ ᠬᠥᠩᠬᠦᠶ᠋ᠢᠵᠦᠬᠦᠢ᠃ ᠲᠡᠭᠷᠢ ᠴᠡᠪ ᠴᠡᠯᠡᠶ᠋ᠢᠨ ᠲᠠᠯ᠎ᠠ ᠨᠡᠪ ᠨᠡᠯᠦᠶ᠋ᠢᠭᠡᠳ ᠡᠪᠡᠰᠦᠨ᠎ᠤ ᠲᠣᠯᠣᠭ᠋ᠠᠢ ᠰᠠᠯᠬᠢᠨ᠎ᠳᠤ ᠨᠠᠶ᠋ᠢᠭᠤᠬᠤᠶᠠ ᠦᠬᠡᠷ ᠬᠤᠨᠢᠳ᠎ᠤᠨ ᠵᠣ᠋ ᠢᠷᠠᠯᠵᠠᠨᠠᠮ》 ᠭᠡᠳᠡᠭ᠎ᠨᠢ ᠳᠠᠷᠤᠢ ᠡᠨᠡ ᠬᠦ᠌ ᠲᠠᠯ᠎ᠠ ᠨᠤᠲᠤᠭ᠎ᠤᠨ ᠥᠩᠭᠡ ᠦᠵᠡᠮᠵᠢ ᠵᠢ ᠵᠢᠷᠤᠭᠯᠠᠭᠰᠠᠨ ᠰᠢᠯᠦᠭ ᠶᠤᠮ᠃ ᠠᠲᠠᠷ ᠬᠠᠭ᠋ᠠᠯᠪᠤᠷᠢᠯᠠᠨ ᠲᠠᠷᠢᠶ᠎ᠠ ᠳᠠᠷᠢᠬᠤ ᠵᠡᠷᠭᠡ ᠬᠥᠮᠥᠨ ᠲᠥᠷᠥᠯᠬᠢᠲᠡᠨ᠎ᠤ ᠠᠵᠢᠯᠯᠠᠭ᠎ᠠ ᠣᠯᠠᠰᠢᠷᠠᠭᠰᠠᠨ ᠵᠢᠴᠢ ᠠᠭᠤᠷ ᠠᠮᠢᠰᠬᠤᠯ᠎ᠤᠨ ᠬᠤᠪᠢᠷᠠᠯᠲᠠ ᠵᠢ ᠳᠠᠭ᠋ᠠᠯᠳᠤᠨ᠂ ᠥᠪᠥᠷ ᠮᠣᠩᠭᠤᠯ᠎ᠤᠨ ᠠᠮᠢ ᠠᠬᠤᠢ᠎ᠳᠤ ᠠᠭ᠋ᠠᠵᠢᠮ ᠵᠶ᠋ᠠᠷ 《ᠤᠯᠠᠭ᠋ᠠᠨ ᠲᠤᠭ᠎ᠠ》 ᠢᠯᠡᠷᠡᠵᠦ᠂ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭ᠋ᠠᠪᠠ᠃ ᠶᠡᠷᠦᠩᠬᠡᠢ ᠱᠦᠵᠢ ᠰᠢ ᠵᠢᠨ ᠫᠢᠩ 《ᠠᠵᠤ ᠠᠬᠤᠢ ᠵᠢ ᠬᠥᠭᠵᠢᠭᠦᠯᠬᠦ᠎ᠳᠤ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ᠎ᠢ ᠬᠤᠭᠤᠰᠤᠷᠠᠲᠠᠯ᠎ᠠ ᠰᠢᠪᠬᠠᠵᠤ ᠪᠤᠯᠬᠤ ᠦᠭᠡᠢ》 ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠵᠢᠨ ᠰᠤᠷᠭ᠋ᠠᠯ᠎ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠬᠥᠮᠥᠨ᠎ᠤ ᠬᠦᠴᠦ᠎ᠪᠠᠷ ᠪᠠᠶ᠋ᠢᠭ᠋ᠠᠯᠢ ᠵᠢ ᠨᠥᠯᠥᠭᠡᠯᠡᠵᠦ ᠡᠪᠳᠡᠬᠦ ᠵᠢ ᠬᠠᠮᠤᠭ᠎ᠤᠨ ᠶᠡᠭᠡ ᠴᠢᠷᠮᠠᠶ᠋ᠢᠯᠭ᠎ᠠ ᠭᠠᠷᠭ᠋ᠠᠨ ᠪᠠᠭ᠋ᠠᠰᠬᠠᠪᠠ᠃
ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ᠎ᠢ ᠰᠢᠯᠢᠳᠡᠭᠵᠢᠭᠦᠯᠪᠡ᠃ ᠥᠪᠥᠷ ᠮᠣᠩᠭᠤᠯ ᠪᠣᠯ ᠮᠠᠨ᠎ᠤ ᠤᠯᠤᠰ᠎ᠤᠨ ᠤᠮᠠᠷᠠᠲᠤ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠠᠶ᠋ᠢᠵᠤ᠂ ᠶᠡᠭᠡ ᠬᠡᠪᠴᠢᠶᠡᠨ᠎ᠤ ᠤᠤᠭ᠋ᠠᠯ ᠠᠮᠢ ᠠᠬᠤᠢ ᠵᠢᠨ ᠣᠷᠣᠨ ᠪᠦᠰᠡ ᠵᠢ ᠬᠠᠳᠠᠭ᠋ᠠᠯᠠᠵᠤ ᠪᠠᠶ᠋ᠢᠳᠠᠭ᠃ ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠤᠯ 《ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠬᠡᠷᠡᠭᠯᠡᠬᠦ ᠵᠢ ᠴᠢᠩᠭ᠎ᠠ ᠬᠠᠮᠢᠶᠠᠷᠤᠨ ᠡᠵᠡᠮᠳᠡᠵᠦ᠂ ᠴᠢᠬᠤᠯᠠ ᠪᠦᠬᠦᠢ ᠠᠮᠢ ᠠᠬᠤᠢ ᠵᠢᠨ ᠣᠷᠣᠨ ᠵᠠᠢ ᠵᠢ ᠭᠦᠢ᠍ᠴᠡᠳ ᠦᠯᠡᠳᠡᠭᠡᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ ᠪᠢᠳᠡ 《ᠭᠤᠷᠪᠠᠨ ᠣᠷᠣᠨ ᠭᠤᠷᠪᠠᠨ ᠱᠤᠭᠤᠮ》᠎ᠤᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ (2021 - 2035 ᠣᠨ)》 ᠵᠢ ᠨᠠᠶ᠋ᠢᠷᠠᠭᠤᠯᠤᠨ ᠵᠣᠬᠢᠶᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠤᠪᠢᠶᠠᠷᠢᠯᠠᠨ ᠣᠷᠣᠭᠤᠯᠤᠭᠰᠠᠨ ᠲᠠᠯᠠᠪᠠᠶ 59.69 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠪᠦᠭᠦ ᠣᠷᠣᠨ᠎ᠤ ᠶᠡᠷᠦᠩᠬᠡᠢ ᠲᠠᠯᠠᠪᠠᠶ ᠵᠢᠨ ᠬᠠᠭ᠋ᠠᠰ᠎ᠠᠴᠠ ᠳᠡᠭᠡᠭᠰᠢᠬᠢ ᠵᠢ ᠡᠵᠡᠯᠡᠪᠡ᠃ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ 885 ᠲᠦᠮᠡᠨ ᠮᠦ᠍ ᠵᠠᠭ᠋ᠠᠭᠯᠠᠨ ᠲᠣᠭᠲᠠᠭ᠋ᠠᠬᠤ ᠵᠢᠨ ᠬᠠᠮᠲᠤ 2021 ᠣᠨ᠎ᠤ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠠᠴᠠ ᠳᠠᠪᠠᠵᠤ ᠥᠯᠥ ᠪᠤᠯᠬᠤ ᠬᠠᠮᠢᠶᠠᠷᠤᠨ ᠡᠵᠡᠮᠳᠡᠬᠦ ᠵᠠᠭ᠋ᠠᠭ ᠱᠤᠭᠤᠮ ᠪᠣᠯᠭ᠋ᠠᠨ ᠲᠣᠬᠲᠠᠭ᠋ᠠᠪᠠ᠃ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ 1.33 ᠳ᠋ᠦᠩᠰᠢᠭᠤᠷ ᠮᠦ᠍᠎ᠠᠴᠠ ᠳᠡᠭᠡᠭᠰᠢ ᠵᠠᠭ᠋ᠠᠭᠯᠠᠨ ᠲᠣᠭᠲᠠᠭ᠋ᠠᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠤᠯᠭ᠋ᠠᠬᠤ》 ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠤᠯᠭ᠋ᠠᠬᠤ》 ᠵᠢ ᠡᠷᠡᠰ ᠬᠤᠷᠢᠭᠯᠠᠪᠠ᠃ ᠠᠮᠢ ᠠᠬᠤᠢ ᠣᠷᠴᠢᠨ ᠲᠣᠭᠤᠷᠢᠨ᠎ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠵᠢ ᠬᠦᠴᠦᠯᠡᠨ ᠴᠢᠩᠭ᠋ᠠᠳᠬᠠᠵᠤ᠂ ᠪᠦᠭᠦ ᠣᠷᠣᠨ᠎ᠢ 1892 ᠬᠠᠮᠢᠶᠠᠷᠤᠨ ᠡᠵᠡᠮᠳᠡᠬᠦ ᠨᠢᠭᠡᠴᠢ ᠪᠣᠯᠭ᠋ᠠᠨ ᠬᠤᠪᠢᠶᠠᠵᠤ᠂ 《ᠨᠢᠭᠡ ᠨᠢᠭᠡᠴᠢ᠎ᠳᠤ ᠨᠢᠭᠡ ᠠᠷᠭ᠎ᠠ ᠪᠣᠳᠣᠯᠭ᠎ᠠ》 ᠶᠣᠰᠣᠭ᠋ᠠᠷ ᠵᠦᠷᠢᠶᠡᠴᠢᠯᠡᠭᠰᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠡᠬᠢ ᠪᠠᠶᠠᠯᠢᠭ᠎ᠤᠨ ᠨᠡᠭᠡᠭᠡᠯᠲᠡ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠴᠢᠬᠤᠯᠠ ᠶᠡᠭᠡ ᠲᠥᠷᠥᠯ ᠵᠦᠢ᠍ᠯ᠎ᠤᠨ ᠭᠠᠵᠠᠷ ᠰᠣᠩᠭᠤᠬᠤ ᠵᠡᠷᠭᠡ ᠵᠢ ᠤᠷᠢᠳᠴᠢᠯᠠᠨ ᠦᠨᠡᠯᠡᠨ ᠵᠢᠱ᠌ᠢᠵᠦ᠂ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ 《ᠪᠣᠬᠢᠷᠳᠤᠯ ᠦᠭᠡᠢ ᠬᠡᠮᠵᠢᠭᠦᠷ》᠎ᠢ ᠡᠬᠢ ᠡᠭᠦᠰᠦᠯ᠎ᠠᠴᠠ᠎ᠨᠢ ᠴᠢᠩᠭ᠋ᠠᠯᠠᠪᠠ᠃
ᠶᠡᠭᠡ ᠨᠤᠲᠤᠭ ᠪᠡᠯᠴᠢᠭᠡᠷ ᠶᠡᠭᠡ ᠣᠢ ᠰᠢᠭᠤᠢ ᠵᠢ ᠬᠦᠴᠦᠯᠡᠨ ᠬᠠᠮᠠᠭ᠋ᠠᠯᠠᠪᠠ᠃ ᠨᠤᠲᠤᠭ ᠪᠡᠯᠴᠢᠭᠡᠷ᠂ ᠣᠶ ᠰᠢᠭᠤᠢ ᠵᠢ ᠬᠠᠮᠠᠭ᠋ᠠᠯᠠᠬᠤ ᠪᠣᠯ ᠥᠪᠥᠷ ᠮᠣᠩᠭᠤᠯ᠎ᠤᠨ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠤᠯ 8.15 ᠳ᠋ᠦᠩᠰᠢᠭᠤᠷ ᠮᠦ᠍ ᠨᠤᠲᠤᠭ ᠪᠡᠯᠴᠢᠭᠡᠷ᠂ 3.57 ᠳ᠋ᠦᠩᠰᠢᠭᠤᠷ ᠮᠦ᠍ ᠣᠶ ᠰᠢᠭᠤᠢ᠎ᠲᠠᠢ ᠪᠠᠶ᠋ᠢᠵᠤ᠂ ᠲᠠᠯᠠᠪᠠᠶ᠎ᠨᠢ ᠲᠣᠰ ᠲᠣᠰ ᠪᠦᠭᠦ ᠤᠯᠤᠰ᠎ᠲᠤ ᠬᠤᠶᠠᠳᠤᠭ᠋ᠠᠷ᠂ ᠨᠢᠭᠡᠳᠦᠭᠡᠷ᠎ᠲᠤ ᠣᠷᠣᠵᠤ ᠪᠠᠶ᠋ᠢᠨ᠎ᠠ᠃ ᠪᠢᠳᠡ ᠨᠢᠭᠡ ᠲᠠᠯ᠎ᠠ᠎ᠪᠠᠷ 《ᠠᠮᠠᠷᠠᠭᠤᠯᠤᠨ ᠰᠡᠷᠭᠦᠭᠡᠬᠦ》 ᠵᠢ ᠠᠳᠬᠤᠵᠤ᠂ ᠨᠤᠲᠤᠭ ᠪᠡᠯᠴᠢᠭᠡᠷ ᠳᠡᠭᠡᠷ᠎ᠡ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠵᠤ᠂ ᠪᠠᠶ᠋ᠢᠭ᠋ᠠᠯᠢ ᠵᠢᠨ ᠣᠶ ᠵᠢ ᠬᠤᠳᠠᠯᠳᠤᠭ᠋ᠠᠨ᠎ᠤ ᠴᠢᠨᠠᠷᠲᠠᠢ᠎ᠪᠠᠷ ᠣᠭᠲᠣᠯᠬᠤ ᠵᠢ ᠴᠢᠩᠭ᠎ᠠ ᠴᠠᠭ᠋ᠠᠵᠠᠯᠠᠵᠤ᠂ ᠣᠶ ᠰᠢᠭᠤᠢ ᠨᠤᠲᠤᠭ ᠪᠡᠯᠴᠢᠭᠡᠷ᠎ᠢ ᠰᠦᠢ᠍ᠳᠬᠡᠬᠦ ᠵᠢ ᠬᠤᠷᠢᠭᠯᠠᠬᠤ ᠶᠡᠷᠦᠩᠬᠡᠢ ᠳᠠᠶ᠋ᠢᠯᠠᠯᠳᠤᠭ᠋ᠠᠨ᠎ᠢ ᠪᠠᠶ᠋ᠢᠷᠢᠯᠠᠭᠤᠯᠤᠨ ᠠᠬᠢᠭᠤᠯᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠵᠢ ᠵᠠᠰᠠᠬᠤ ᠪᠠ ᠬᠢᠯᠢ ᠬᠢᠵᠠᠭ᠋ᠠᠷ᠎ᠤᠨ ᠭᠠᠩ ᠬᠠᠭᠤᠷᠠᠢ ᠮᠠᠯᠵᠢᠬᠤ ᠣᠷᠣᠨ᠎ᠳᠤ ᠪᠦᠬᠦᠯᠢ ᠴᠣᠭᠴᠠ᠎ᠪᠠᠷ ᠮᠠᠯᠵᠢᠬᠤ ᠵᠢ ᠴᠠᠭ᠋ᠠᠵᠠᠯᠠᠬᠤ ᠲᠤᠷᠰᠢᠯᠲᠠ ᠵᠢᠨ ᠴᠡᠭ᠎ᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠨᠥᠬᠦᠪᠦᠷᠢ ᠱᠠᠩᠨᠠᠯ᠎ᠤᠨ ᠪᠡᠯᠡ ᠮᠥᠩᠭᠦ ᠪᠠᠭᠤᠯᠭ᠋ᠠᠬᠤ ᠪᠣᠯᠣᠨ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠠᠮᠠᠷᠠᠭᠤᠯᠬᠤ ᠦᠷ᠎ᠡ ᠪᠦᠲᠦᠮᠵᠢ᠎ᠲᠠᠢ ᠬᠤᠯᠪᠣᠭᠳᠠᠭᠤᠯᠬᠤ ᠵᠢ ᠠᠬᠢᠭᠤᠯᠵᠤ᠂ ᠥᠷᠭᠡᠨ ᠠᠭᠤᠳᠠᠮ ᠨᠤᠲᠤᠭ ᠪᠡᠯᠴᠢᠭᠡᠷ᠎ᠢ 《ᠴᠠᠯᠢᠩ᠎ᠲᠠᠢ᠎ᠪᠠᠷ ᠠᠮᠠᠷᠠᠭᠤᠯᠵᠤ》᠂ ᠬᠢᠩᠭ᠋ᠠᠨ᠎ᠤ ᠣᠶ ᠰᠢᠭᠤᠢ᠎ᠳᠤ 《ᠬᠢᠷᠦᠭᠡ᠎ᠪᠠᠨ ᠡᠯᠭᠦᠨ ᠮᠣᠳᠣ ᠣᠭᠲᠣᠯᠬᠤ᠎ᠪᠠᠨ ᠵᠣᠭᠰᠣᠪᠠ》᠃ ᠨᠦᠭᠦᠭᠡ ᠲᠠᠯ᠎ᠠ᠎ᠪᠠᠷ 《ᠪᠣᠶ᠋ᠢᠵᠢᠭᠤᠯᠬᠤ》 ᠵᠢ ᠠᠳᠬᠤᠵᠤ᠂ ᠦᠨᠳᠦᠰᠦᠨ ᠨᠤᠲᠤᠭ ᠪᠡᠯᠴᠢᠭᠡᠷ᠎ᠢ ᠬᠤᠪᠢᠶᠠᠷᠢᠯᠠᠨ ᠲᠣᠭᠲᠠᠭ᠋ᠠᠬᠤ ᠪᠠ ᠡᠷᠬᠡ ᠵᠢ ᠲᠣᠭᠲᠠᠭ᠋ᠠᠨ ᠳᠠᠩᠰᠠᠯᠠᠬᠤ ᠵᠢ ᠪᠡᠶᠡᠯᠡᠭᠦᠯᠵᠦ᠂ ᠣᠶ ᠰᠢᠭᠤᠢ (ᠨᠤᠲᠤᠭ ᠪᠡᠯᠴᠢᠭᠡᠷ) ᠵᠢᠨ ᠳᠠᠷᠤᠭ᠎ᠠ ᠵᠢᠨ ᠳᠦᠷᠢᠮ᠎ᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠵᠤ ᠰᠡᠷᠭᠦᠭᠡᠨ ᠵᠠᠰᠠᠬᠤ᠂ ᠪᠠᠶ᠋ᠢᠭ᠋ᠠᠯᠢ ᠵᠢᠨ ᠣᠶ ᠵᠢ ᠬᠠᠮᠠᠭ᠋ᠠᠯᠠᠬᠤ ᠪᠠ ᠲᠠᠷᠢᠮᠠᠯ ᠣᠶ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠤᠲᠤᠭ ᠪᠡᠯᠴᠢᠭᠡᠷ ᠣᠶ ᠰᠢᠭᠤᠢ ᠵᠢᠨ ᠡᠬᠢ ᠪᠠᠶᠠᠯᠢᠭ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ᠎ᠤ ᠬᠠᠮᠲᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠣᠨᠢᠨ ᠳᠡᠭᠡᠷ᠎ᠡ᠎ᠨᠢ ᠬᠦᠴᠦᠯᠡᠬᠦ ᠵᠢ ᠪᠠᠷᠢᠮᠲᠠᠯᠠᠵᠤ᠂ ᠶᠡᠭᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠢ ᠨᠣᠭᠤᠭ᠋ᠠᠷᠠᠭᠤᠯᠬᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ᠎ᠳᠤ ᠨᠣᠭᠤᠭ᠋ᠠᠷᠠᠭᠤᠯᠤᠯᠲᠠ ᠬᠢᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠦᠭᠦ ᠣᠷᠣᠨ ᠨᠡᠶ᠋ᠢᠲᠡ 1.43 ᠳ᠋ᠦᠩᠰᠢᠭᠤᠷ ᠮᠦ᠍ ᠮᠣᠳᠣ ᠳᠠᠷᠢᠵᠤ᠂ 3.55 ᠳ᠋ᠦᠩᠰᠢᠭᠤᠷ ᠮᠦ᠍ ᠡᠪᠡᠰᠦ ᠳᠠᠷᠢᠵᠤ᠂ ᠬᠡᠪᠴᠢᠶ᠎ᠡ᠎ᠨᠢ ᠴᠥᠮ ᠪᠦᠭᠦ ᠤᠯᠤᠰ᠎ᠲᠤ ᠲᠦᠷᠦᠭᠦᠯᠡᠪᠡ᠃
ᠬᠠᠳᠤᠨ ᠭᠤᠣᠯ᠎ᠢ ᠰᠡᠳᠬᠢᠯ ᠲᠠᠯᠪᠢᠨ ᠰᠠᠬᠢᠨ ᠬᠠᠮᠠᠭ᠋ᠠᠯᠠᠪᠠ᠃ ᠬᠠᠲᠤᠨ ᠭᠤᠣᠯ᠎ᠤᠨ ᠶᠡᠭᠡ ᠲᠣᠬᠤᠢ ᠵᠢᠨ ᠣᠷᠣᠢ ᠵᠢᠨ ᠬᠡᠰᠡᠭ᠎ᠨᠢ ᠥᠪᠥᠷ ᠮᠣᠩᠭᠤᠯ ᠵᠶ᠋ᠠᠷ ᠤᠷᠤᠰ᠎ᠤᠨ ᠥᠩᠭᠡᠷᠡᠵᠦ᠂ 843.5 ᠺᠢᠯᠣᠮᠧᠲᠷ ᠦᠷᠭᠦᠯᠵᠢᠯᠡᠵᠦ᠂ ᠬᠠᠲᠤᠨ ᠭᠤᠣᠯ᠎ᠤᠨ ᠪᠦᠭᠦ ᠣᠷᠳᠣ ᠵᠢᠨ 1/6 ᠰᠢᠬᠠᠮ᠎ᠢ ᠡᠵᠡᠯᠡᠵᠦ᠂ ᠰᠠᠪᠠ ᠭᠠᠵᠠᠷ᠎ᠤᠨ ᠲᠠᠯᠠᠪᠠᠶ᠎ᠨᠢ 15 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠪᠦᠭᠦ ᠲᠠᠯᠠᠪᠠᠶ ᠵᠢᠨ 1/5 ᠰᠢᠬᠠᠮ᠎ᠢ ᠡᠵᠡᠯᠡᠵᠦ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ 《ᠬᠠᠳᠤᠨ ᠭᠤᠣᠯ᠎ᠤᠨ 〈ᠶᠡᠭᠡ ᠲᠣᠬᠤᠢ〉 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠢ》 ᠭᠡᠵᠦ ᠣᠯᠠᠨᠲᠠ ᠴᠢᠬᠤᠯᠠᠴᠢᠯᠠᠪᠠ᠃ ᠡᠶ᠋ᠢᠮᠦ᠎ᠠᠴᠠ᠂ ᠪᠢᠳᠡ ᠬᠠᠲᠤᠨ ᠭᠤᠣᠯ ᠳᠠᠭ᠋ᠠᠤ ᠭᠠᠵᠠᠷ ᠣᠷᠣᠨ᠎ᠤ 45% ᠵᠢᠨ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠶ ᠵᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠣᠷᠣᠭᠤᠯᠵᠤ᠂ ᠴᠦᠯᠯᠡᠷᠭᠡᠭᠵᠢᠭᠰᠡᠨ ᠭᠠᠵᠠᠷ ᠰᠢᠷᠣᠢ ᠪᠠ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ᠂ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠦᠶᠡᠷ᠎ᠢ ᠰᠡᠷᠭᠡᠶ᠋ᠢᠯᠡᠬᠦ ᠲᠥᠬᠦᠭᠡᠷᠦᠮᠵᠢ ᠪᠠ ᠭᠡᠮ ᠰᠣᠭᠤᠭ᠎ᠲᠠᠢ ᠤᠰᠤᠨ ᠴᠥᠭᠦᠷᠥᠮ᠂ ᠨᠦᠯᠦᠮᠡᠯ ᠭᠠᠵᠠᠷ᠎ᠤᠨ ᠬᠠᠰᠢᠯᠭ᠎ᠠ ᠵᠡᠷᠭᠡ ᠵᠢ ᠵᠢᠭᠰᠠᠭ᠋ᠠᠨ ᠪᠠᠶ᠋ᠢᠴᠠᠭ᠋ᠠᠵᠤ ᠵᠠᠰᠠᠨ ᠰᠡᠷᠭᠦᠭᠡᠬᠦ ᠠᠵᠢᠯ᠎ᠢ ᠥᠷᠨᠢᠭᠦᠯᠵᠦ᠂ ᠬᠠᠲᠤᠨ ᠭᠤᠣᠯ᠎ᠤᠨ ᠭᠤᠣᠯ᠎ᠤᠨ ᠵᠠᠮ᠎ᠤᠨ 《ᠳᠤᠷ᠎ᠠ᠎ᠪᠠᠷ ᠵᠶ᠋ᠠᠨ ᠡᠵᠡᠯᠡᠬᠦ᠂ ᠳᠤᠷ᠎ᠠ᠎ᠪᠠᠷ ᠵᠶ᠋ᠠᠨ ᠮᠠᠯᠲᠠᠬᠤ᠂ ᠳᠤᠷ᠎ᠠ᠎ᠪᠠᠷ ᠵᠶ᠋ᠠᠨ ᠣᠪᠣᠭ᠋ᠠᠯᠠᠬᠤ᠂ ᠳᠤᠷ᠎ᠠ᠎ᠪᠠᠷ ᠵᠶ᠋ᠠᠨ ᠪᠠᠶ᠋ᠢᠭᠤᠯᠬᠤ》 ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠢᠩᠰᠢᠶᠠ᠂ ᠱᠠᠨᠰᠢᠯᠤᠭᠠ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠨᠥᠬᠦᠪᠦᠷᠢ ᠵᠢᠨ ᠵᠥᠪᠯᠡᠯᠴᠡᠭᠡᠷ ᠲᠣᠭᠲᠠᠵᠤ᠂ ᠬᠠᠲᠤᠨ ᠭᠤᠣᠯ ᠳᠠᠭ᠋ᠠᠤ ᠭᠠᠵᠠᠷ ᠣᠷᠣᠨ᠎ᠤ ᠠᠮᠢ ᠠᠬᠤᠢ ᠵᠢᠨ ᠳᠦᠷᠰᠦ ᠪᠠᠶ᠋ᠢᠳᠠᠯ᠎ᠳᠤ ᠢᠳᠡᠪᠬᠢᠲᠡᠢ ᠬᠤᠪᠢᠷᠠᠯᠲᠠ ᠭᠠᠷᠬᠤ ᠵᠢ ᠠᠬᠢᠭᠤᠯᠵᠠᠢ᠃ ᠬᠠᠲᠤᠨ ᠭᠤᠣᠯ᠎ᠤᠨ ᠭᠤᠣᠯ ᠤᠷᠤᠰᠬᠠᠯ᠎ᠤᠨ ᠥᠪᠥᠷ ᠮᠣᠩᠭᠤᠯ᠎ᠤᠨ ᠬᠡᠰᠡᠭ᠎ᠤᠨ ᠤᠰᠤᠨ᠎ᠤ ᠴᠢᠨᠠᠷ 5 ᠵᠢᠯ ᠳᠠᠷᠠᠭ᠋ᠠᠯᠠᠨ Ⅱ ᠲᠥᠷᠥᠯ᠎ᠤᠨ ᠰᠢᠯᠢᠳᠡᠭ ᠰᠠᠶ᠋ᠢᠨ ᠲᠦᠪᠰᠢᠨ᠎ᠳᠤ ᠬᠦᠷᠴᠦ᠂ ᠤᠯᠤᠰ᠎ᠤᠨ ᠭᠠᠵᠠᠷ ᠳᠡᠭᠡᠷᠡᠬᠢ ᠤᠰᠤ ᠵᠢ ᠬᠢᠨᠠᠨ ᠰᠢᠯᠭ᠋ᠠᠬᠤ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠭᠦᠷᠦᠭᠰᠡᠨ ᠨᠣᠷᠮ᠎ᠠ 100%᠎ᠳᠤ ᠬᠦᠷᠴᠡᠢ᠃ ᠪᠦᠭᠦ ᠤᠯᠤᠰ᠎ᠤᠨ ᠠᠩᠬᠠᠳᠠᠭᠴᠢ 《ᠡᠯᠡᠰᠦ ᠵᠢ ᠬᠠᠰᠢᠵᠤ ᠤᠰᠤ ᠰᠣᠯᠢᠬᠤ》 ᠲᠤᠷᠰᠢᠯᠲᠠ ᠵᠢᠨ ᠢᠨᠵᠧᠨᠧᠷᠢᠩ᠎ᠢ ᠪᠠᠶ᠋ᠢᠭᠤᠯᠤᠨ ᠳᠠᠭᠤᠰᠬᠠᠵᠤ᠂ ᠣᠷᠳᠣᠰ ᠬᠤᠲᠠ ᠵᠢᠨ ᠬᠢᠯᠢ ᠳᠣᠲᠣᠷᠠᠬᠢ 《ᠠᠷᠪᠠᠨ ᠲᠣᠮᠣ ᠬᠥᠨᠳᠡᠢ》 ᠵᠢᠨ ᠬᠠᠲᠤᠨ ᠭᠤᠣᠯ᠎ᠤᠨ ᠡᠯᠡᠰᠦ ᠰᠢᠪᠠᠷ᠎ᠤᠨ ᠬᠡᠮᠵᠢᠶ᠎ᠡ 2000 ᠣᠨ᠎ᠠᠴᠠ ᠡᠮᠦᠨ᠎ᠡ ᠵᠢᠯ ᠳᠤᠮᠳᠠᠴᠢ᠎ᠪᠠᠷ 2700 ᠭᠠᠷᠤᠢ ᠲᠦᠮᠡᠨ ᠲᠣᠨ ᠪᠠᠶ᠋ᠢᠭᠰᠠᠨ᠎ᠠᠴᠠ᠎ᠪᠠᠨ ᠪᠠᠭᠤᠷᠠᠭ᠋ᠠᠳ ᠣᠲᠣ 400 ᠭᠠᠷᠤᠢ ᠲᠦᠮᠡᠨ ᠲᠣᠨ ᠪᠣᠯᠪᠠ᠃
ᠬᠠᠮᠠᠭ᠋ᠠᠯᠠᠬᠤ ᠪᠣᠯ ᠬᠥᠭᠵᠢᠯᠲᠡ ᠵᠢᠨ ᠤᠷᠢᠲᠠᠯ ᠮᠥᠨ᠃ ᠥᠨᠥᠳᠥᠷ᠎ᠤᠨ ᠥᠪᠥᠷ ᠮᠣᠩᠭᠤᠯ᠎ᠳᠤ 《ᠬᠠᠮᠠᠭ᠋ᠠᠯᠠᠬᠤ》 ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ 《ᠬᠠᠮᠠᠭ᠋ᠠᠯᠠᠬᠤ》 ᠡᠷᠴᠢᠮ ᠲᠠᠰᠤᠷᠠᠯᠲᠠ ᠦᠭᠡᠢ ᠴᠢᠩᠭ᠋ᠠᠷᠠᠵᠤ᠂ ᠠᠮᠢ ᠠᠬᠤᠢ ᠵᠢᠨ ᠰᠢᠰᠲ᠋ᠧᠮ᠎ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠡᠳᠦᠷ ᠢᠷᠡᠬᠦᠶ᠎ᠡ ᠳᠡᠭᠡᠭᠰᠢᠯᠡᠵᠦ ᠪᠠᠶ᠋ᠢᠨ᠎ᠠ᠃ ᠡᠭᠦᠨ᠎ᠤ ᠵᠡᠷᠭᠡ᠎ᠪᠠᠷ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ᠂ ᠣᠶ ᠰᠢᠭᠤᠢ ᠨᠤᠲᠤᠭ ᠪᠡᠯᠴᠢᠭᠡᠷ᠎ᠢ ᠰᠦᠢ᠍ᠳᠬᠡᠬᠦ ᠦᠵᠡᠭᠳᠡᠯ ᠪᠠ ᠠᠮᠢ ᠠᠬᠤᠢ ᠮᠠᠭᠤᠳᠠᠬᠤ᠂ ᠤᠰᠤ ᠰᠢᠷᠣᠢ ᠵᠢᠨ ᠢᠳᠡᠭᠳᠡᠯ ᠵᠡᠷᠭᠡ ᠠᠰᠠᠭᠤᠳᠠᠯ ᠮᠥᠨ ᠬᠦ᠌ ᠣᠷᠣᠰᠢᠭᠰᠠᠭ᠋ᠠᠷ ᠪᠠᠶ᠋ᠢᠵᠤ᠂ ᠶᠡᠭᠡ ᠬᠦᠴᠦ ᠣᠷᠣᠭᠤᠯᠵᠤ᠂ ᠤᠷᠳᠤ ᠤᠳᠠᠭ᠋ᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ ᠰᠢᠢ᠍ᠳᠪᠦᠷᠢᠯᠡᠬᠦ ᠴᠢᠬᠤᠯᠠᠲᠠᠢ ᠪᠠᠶ᠋ᠢᠨ᠎ᠠ᠃ ᠪᠢᠳᠡ 《ᠬᠠᠮᠠᠭ᠋ᠠᠯᠠᠬᠤ》 ᠠᠷᠭ᠎ᠠ ᠵᠢ ᠰᠠᠶ᠋ᠢᠲᠤᠷ ᠬᠡᠷᠡᠭᠯᠡᠵᠦ᠂ ᠦᠵᠡᠰᠬᠦᠯᠡᠩᠲᠦ ᠰᠠᠶ᠋ᠢᠬᠠᠨ ᠠᠭᠤᠯᠠ ᠤᠰᠤ ᠰᠠᠶ᠋ᠢᠨ ᠰᠠᠶ᠋ᠢᠬᠠᠨ ᠠᠮᠢ ᠠᠬᠤᠢ ᠵᠢ ᠰᠠᠶ᠋ᠢᠲᠤᠷ ᠰᠠᠬᠢᠨ ᠬᠠᠮᠠᠭ᠋ᠠᠯᠠᠵᠤ᠂ 《ᠥᠩᠭᠡ ᠵᠢᠨ ᠴᠡᠴᠡᠭ ᠰᠣᠯᠣᠩᠭ᠋ᠠᠷᠠᠵᠤ》᠂ 《ᠤᠰᠤᠨ ᠪᠣᠯᠣᠷ ᠭᠤᠣᠯ ᠲᠤᠨᠤᠯᠵᠠᠬᠤ》 ᠦᠵᠡᠰᠬᠦᠯᠡᠩᠲᠦ ᠰᠠᠶ᠋ᠢᠬᠠᠨ ᠦᠵᠡᠮᠵᠢ ᠵᠢ ᠤᠮᠠᠷᠠᠲᠤ ᠬᠢᠯᠢ᠎ᠳᠤ ᠥᠨᠢᠳᠡ ᠰᠦᠨᠳᠡᠷᠯᠡᠭᠦᠯᠦᠨᠡ᠃
《ᠵᠠᠰᠠᠯᠲᠠ》᠎ᠪᠠᠷ ᠪᠣᠬᠢᠷᠳᠤᠯ ᠦᠭᠡᠢ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠪᠡ
ᠶᠡᠷᠦᠩᠬᠡᠢ ᠱᠦᠵᠢ ᠰᠢ ᠵᠢᠨ ᠫᠢᠩ᠂ 《ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ᠎ᠳᠤ ᠡᠷᠬᠡᠪᠰᠢ ᠶᠡᠷᠦᠩᠬᠡᠶ᠋ᠢᠯᠡᠭᠰᠡᠨ ᠵᠠᠰᠠᠯᠲᠠ ᠬᠢᠬᠦ ᠬᠡᠷᠡᠭᠲᠡᠢ》 ᠭᠡᠵᠦ ᠴᠢᠬᠤᠯᠠᠴᠢᠯᠠᠪᠠ᠃ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ᠂ ᠠᠮᠢ ᠠᠬᠤᠢ ᠣᠷᠴᠢᠨ ᠲᠣᠭᠤᠷᠢᠨ᠎ᠤ ᠰᠠᠭᠤᠷᠢ ᠵᠢ ᠬᠠᠮᠠᠭ᠋ᠠᠯᠠᠨ ᠪᠠᠬᠢᠵᠢᠭᠦᠯᠬᠦ᠎ᠳᠤ ᠲᠦᠰᠢᠭᠯᠡᠬᠦ ᠪᠥᠭᠡᠳ ᠪᠠᠰᠠ ᠠᠮᠢ ᠠᠬᠤᠢ ᠣᠷᠴᠢᠨ ᠲᠣᠭᠤᠷᠢᠨ᠎ᠢ ᠨᠥᠯᠥᠭᠡᠯᠡᠬᠦ ᠡᠪᠡᠷᠰᠢᠶᠡᠯ᠎ᠢ ᠵᠠᠰᠠᠬᠤ᠎ᠳᠤ ᠲᠦᠰᠢᠭᠯᠡᠬᠦ ᠬᠡᠷᠡᠭᠲᠡᠢ᠃ ᠡᠶ᠋ᠢᠮᠦ᠎ᠠᠴᠠ᠂ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ᠂ ᠪᠢᠳᠡ ᠠᠶᠠᠨᠳᠠᠭ᠋ᠠᠨ ᠰᠡᠷᠭᠦᠬᠦ ᠪᠠ ᠬᠥᠮᠥᠨ᠎ᠤ ᠬᠦᠴᠦ᠎ᠪᠠᠷ ᠰᠡᠷᠭᠦᠭᠡᠬᠦ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠪᠠ᠃
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠪᠡ᠃ ᠶᠡᠷᠦᠩᠬᠡᠢ ᠱᠦᠵᠢ ᠰᠢ ᠵᠢᠨ ᠫᠢᠩ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠢᠮᠠᠭᠲᠠ ᠰᠠᠨᠠᠭ᠋ᠠᠯᠵᠠᠭᠰᠠᠭ᠋ᠠᠷ ᠢᠷᠠᠵᠠᠢ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠥᠪᠥᠷ ᠮᠣᠩᠭᠤᠯ᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠤᠷᠢᠶᠠᠯᠠᠭ᠎ᠠ ᠭᠠᠷᠭ᠋ᠠᠵᠤ᠂ 10 ᠵᠢᠯ ᠰᠢᠬᠠᠮ᠎ᠤᠨ ᠴᠠᠭ᠎ᠢ ᠬᠡᠷᠡᠭᠰᠡᠵᠦ ᠪᠠᠶ᠋ᠢᠭ᠋ᠠᠳ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠴᠢᠳᠠᠮᠵᠢ᠎ᠨᠢ ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠵᠢᠨ ᠪᠣᠬᠢᠷᠳᠤᠯ ᠦᠭᠡᠢ ᠣᠷᠳᠣ ᠴᠠᠭ᠋ᠠᠨ ᠬᠡᠷᠡᠮ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠤᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠪᠢᠳᠡ ᠥᠪᠥᠷ ᠮᠣᠩᠭᠤᠯ᠎ᠤᠨ ᠡᠭᠦᠷᠭᠡᠯᠡᠵᠦ ᠪᠠᠶ᠋ᠢᠭ᠎ᠠ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ 60% ᠵᠢᠨ ᠡᠭᠦᠷᠭᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠵᠢᠯ ᠪᠦᠷᠢ ᠭᠠᠵᠠᠷ ᠭᠡᠰᠬᠦ᠎ᠲᠠᠢ ᠵᠡᠷᠭᠡ ᠪᠠᠷᠠᠭᠤᠨ᠎ᠠᠴᠠ ᠵᠡᠭᠦᠨ᠂ ᠡᠮᠦᠨ᠎ᠡ᠎ᠠᠴᠠ ᠤᠮᠠᠷ᠎ᠠ ᠭᠦᠷᠲᠡᠯ᠎ᠡ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ 《ᠶᠡᠭᠡ ᠬᠠᠮᠲᠤᠷᠠᠭᠰᠠᠨ ᠳᠠᠶ᠋ᠢᠯᠠᠯᠳᠤᠭ᠋ᠠᠨ》᠎ᠢ ᠪᠦᠭᠦ ᠲᠠᠯ᠎ᠠ᠎ᠪᠠᠷ ᠥᠷᠨᠢᠭᠦᠯᠵᠦ᠂ ᠡᠯᠡᠰᠦᠨ ᠲᠡᠯᠡᠶ᠎ᠳᠤ ᠬᠡᠰᠡᠭ ᠪᠤᠰᠠᠭ ᠦᠷᠭᠦᠯᠵᠢᠯᠡᠭᠰᠡᠨ ᠡᠯᠡᠰᠦᠨ ᠬᠠᠯᠬᠠᠪᠴᠢ ᠭᠠᠷᠭ᠋ᠠᠵᠤ᠂ ᠮᠤᠷᠤᠯᠵᠠᠨ ᠵᠢᠭᠳᠡᠷᠡᠭᠰᠡᠨ ᠴᠢᠬᠢ ᠮᠣᠳᠣ ᠵᠠᠶ᠋ᠢᠯᠠᠪᠠ᠃ 2023 ᠣᠨ᠂ 2024 ᠣᠨ᠎ᠳᠤ ᠲᠣᠰ ᠲᠣᠰ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ 950 ᠲᠦᠮᠡᠨ ᠮᠦ᠍᠂ 1954 ᠲᠦᠮᠡᠨ ᠮᠦ᠍᠎ᠳᠤ ᠬᠦᠷᠭᠡᠵᠦ᠂ ᠡᠯᠡᠰᠦ ᠵᠢ ᠵᠠᠰᠠᠬᠤ ᠡᠭᠦᠷᠭᠡ᠎ᠪᠠᠷ ᠨᠡᠯᠢᠶᠡᠳ ᠪᠠᠭ᠎ᠠ 6 ᠬᠤᠰᠢᠭᠤ ᠰᠢᠶᠠᠨ᠎ᠢ ᠪᠦᠭᠦᠨ᠎ᠢ ᠵᠠᠰᠠᠵᠤ ᠳᠠᠭᠤᠰᠬᠠᠨ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠬᠤ ᠠᠬᠢᠴᠠ ᠵᠢ 80%᠎ᠳᠤ ᠬᠦᠷᠭᠡᠪᠡ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠰᠢᠨ᠎ᠡ ᠵᠢ ᠡᠭᠦᠳᠦᠨ ᠬᠡᠷᠡᠭᠵᠢᠭᠦᠯᠵᠦ᠂ 2024 ᠣᠨ᠎ᠳᠤ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠠᠶ᠋ᠢᠭᠤᠯᠵᠤ᠂ 238 ᠲᠦᠮᠡᠨ ᠮᠦ᠍ ᠡᠯᠡᠰᠦ ᠵᠢ ᠲᠥᠭᠦᠷᠵᠢᠭᠦᠯᠦᠨ ᠵᠠᠰᠠᠵᠤ᠂ ᠬᠥᠪᠴᠢ ᠵᠢᠨ ᠡᠯᠡᠰᠦ ᠵᠢᠨ ᠬᠠᠲᠤᠨ ᠭᠤᠣᠯ᠎ᠤᠨ ᠣᠷᠣᠨ ᠪᠦᠰᠡ ᠳᠠᠭ᠋ᠠᠤ ᠨᠢᠭᠡ ᠵᠤᠷᠪᠤᠰ 《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ》᠎ᠢ ᠪᠠᠶ᠋ᠢᠭᠤᠯᠵᠤ᠂ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ ᠲᠠᠯ᠎ᠠ᠎ᠪᠠᠷ ᠤᠯᠠᠨ ᠠᠰᠢᠭ᠎ᠢ ᠪᠡᠶᠡᠯᠡᠭᠦᠯᠪᠡ᠃ ᠡᠨᠡ ᠵᠢᠯ 2000 ᠲᠦᠮᠡᠨ ᠮᠦ᠍᠎ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ᠎ᠪᠠᠷ ᠲᠥᠯᠥᠪᠯᠡᠵᠦ᠂ ᠬᠠᠲᠤᠨ ᠭᠤᠣᠯ᠎ᠤᠨ 《ᠶᠡᠭᠡ ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠬᠡᠰᠡᠭ ᠣᠷᠣᠨ᠎ᠳᠤ ᠨᠣᠭᠤᠭ᠋ᠠᠷᠠᠭᠤᠯᠤᠯᠲᠠ ᠵᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠭᠡᠷᠡᠯᠴᠢ ᠴᠡᠨᠡᠭ᠎ᠤᠨ ᠡᠯᠡᠰᠦ ᠵᠢ ᠵᠠᠰᠠᠬᠤ ᠪᠦᠰᠡ᠂ ᠡᠯᠡᠰᠦ ᠵᠢ ᠡᠮᠵᠢᠶᠡᠷᠢᠯᠡᠬᠦ ᠤᠢ ᠵᠢᠨ 《ᠳᠥᠷᠪᠡᠨ ᠰᠡᠷᠭᠡᠶ᠋ᠢᠯᠡᠯᠲᠡ ᠵᠢᠨ ᠱᠤᠭᠤᠮ》᠎ᠢ ᠪᠠᠲᠤ ᠪᠠᠬᠢ ᠪᠠᠶ᠋ᠢᠭᠤᠯᠵᠤ᠂ ᠬᠤᠷᠴᠢᠨ᠂ ᠬᠤᠯᠠᠨ ᠰᠢᠷᠭ᠎ᠠ ᠲᠠᠭ᠎ᠠ ᠵᠢᠨ ᠬᠤᠶᠠᠷ ᠶᠡᠭᠡ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠬᠡᠰᠡᠭ ᠣᠷᠣᠨ᠎ᠳᠤ 《ᠰᠢᠷᠭ᠋ᠠᠯ ᠡᠯᠡᠰᠦ ᠵᠢ ᠰᠥᠨᠥᠭᠡᠬᠦ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠵᠢᠯ᠎ᠤᠨ ᠳᠣᠲᠣᠷ᠎ᠠ ᠳᠠᠭᠢᠨ 9 ᠬᠤᠰᠢᠭᠤ ᠰᠢᠶᠠᠨ᠎ᠤ ᠨᠡᠭᠦᠳᠡᠯ ᠡᠯᠡᠰᠦᠷᠬᠡᠭ ᠭᠠᠵᠠᠷ᠎ᠢ ᠪᠦᠭᠦᠨ᠎ᠢ ᠰᠥᠨᠥᠭᠡᠬᠦ᠎ᠪᠠᠷ ᠴᠢᠷᠮᠠᠶ᠋ᠢᠵᠤ᠂ ᠾᠧᠰᠢ ᠵᠢᠨ ᠬᠤᠩᠭᠢᠯ - ᠲᠠᠺᠯᠢᠮᠠᠺᠠᠨ ᠡᠯᠡᠰᠦᠨ ᠴᠥᠯ᠎ᠤᠨ ᠵᠠᠬ᠎ᠠ ᠭᠦᠪᠡᠭᠡ ᠵᠢᠨ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠤ ᠬᠡᠰᠡᠭ ᠣᠷᠣᠨ᠎ᠳᠤ ᠪᠠᠳᠠᠢ ᠵᠢᠨ ᠵᠢᠷᠠᠨ᠂ ᠲᠡᠭᠷᠢ᠂ ᠤᠯᠠᠭ᠋ᠠᠨᠪᠤᠬ᠎ᠠ ᠵᠢᠨ ᠡᠯᠡᠰᠦᠨ᠎ᠤ ᠵᠠᠬ᠎ᠠ ᠭᠦᠪᠡᠭᠡᠳᠤ ᠰᠠᠯᠬᠢ ᠵᠢ ᠰᠡᠷᠭᠡᠶ᠋ᠢᠯᠡᠨ ᠡᠯᠡᠰᠦ ᠵᠢ ᠬᠤᠷᠢᠭᠯᠠᠬᠤ ᠪᠦᠰᠡ ᠵᠢᠨ 431 ᠺᠢᠯᠣᠮᠧᠲᠷ᠎ᠤᠨ ᠲᠠᠰᠤᠯᠳᠠᠯ ᠴᠡᠭ᠎ᠢ ᠨᠥᠬᠦᠪᠦᠷᠢᠯᠡᠵᠦ᠂ ᠭᠤᠷᠪᠠᠨ ᠶᠡᠭᠡ ᠡᠯᠡᠰᠦᠨ᠎ᠳᠤ 《ᠨᠣᠭᠤᠭ᠋ᠠᠨ ᠬᠦᠵᠦᠭᠦᠪᠴᠢ》 ᠵᠡᠭᠦᠯᠭᠡᠪᠡ᠃ ᠨᠢᠭᠡ ᠴᠣᠭᠴᠠᠵᠢᠭᠤᠯᠬᠤ ᠢᠨᠵᠧᠨᠧᠷᠢᠩ᠎ᠳᠤ 1500 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠰᠢᠨ᠎ᠡ᠎ᠪᠠᠷ ᠪᠠᠶ᠋ᠢᠭᠤᠯᠵᠤ᠂ 140 ᠲᠦᠮᠡᠨ ᠮᠦ᠍᠎ᠠᠴᠠ ᠳᠡᠭᠡᠭᠰᠢ ᠡᠯᠡᠰᠦ ᠵᠢ ᠲᠥᠭᠦᠷᠵᠢᠭᠦᠯᠦᠨ ᠵᠠᠰᠠᠪᠠ᠃
ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠭᠤᠷᠪᠠᠨ ᠶᠡᠭᠡ ᠳᠠᠶ᠋ᠢᠯᠠᠯᠳᠤᠭ᠋ᠠᠨ᠎ᠢ ᠰᠠᠶ᠋ᠢᠲᠤᠷ ᠬᠢᠪᠡ᠃ ᠡᠨᠡ ᠪᠣᠯ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠲᠣᠭᠤᠷᠢᠵᠤ ᠭᠠᠷᠴᠤ ᠳᠡᠶ᠋ᠢᠯᠭᠦ ᠦᠭᠡᠢ᠂ ᠵᠠᠶ᠋ᠢᠯᠠᠵᠤ ᠴᠤ᠌ ᠳᠡᠶ᠋ᠢᠯᠭᠦ ᠦᠭᠡᠢ᠂ ᠡᠷᠬᠡᠪᠰᠢ ᠰᠠᠶ᠋ᠢᠲᠤᠷ ᠬᠢᠬᠦ ᠴᠢᠬᠤᠯᠠᠲᠠᠢ ᠳᠠᠶ᠋ᠢᠯᠠᠯᠳᠤᠭ᠋ᠠᠨ ᠪᠣᠯᠣᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠵᠢ ᠬᠢᠴᠢᠶᠡᠩᠭᠦᠶ᠋ᠢᠯᠡᠨ ᠵᠢᠷᠤᠮᠯᠠᠵᠤ᠂ ᠥᠪᠥᠷ ᠮᠣᠩᠭᠤᠯ᠎ᠤᠨ ᠨᠣᠮᠢᠨ ᠨᠣᠭᠤᠭ᠋ᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠡᠷᠡᠰ ᠰᠠᠬᠢᠨ ᠬᠠᠮᠠᠭ᠋ᠠᠯᠠᠪᠠ᠃ ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠲᠠᠯ᠎ᠠ᠎ᠪᠠᠷ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠪᠠ ᠣᠯᠠᠨ ᠪᠣᠬᠢᠷᠳᠤᠯ ᠪᠣᠳᠠᠰ᠎ᠢ ᠬᠠᠮᠵᠢᠯᠴᠠᠨ ᠡᠵᠡᠮᠳᠡᠬᠦ ᠵᠢ ᠳᠣᠪᠤᠶ᠋ᠢᠯᠭ᠋ᠠᠵᠤ᠂ ᠦᠬᠠᠢ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠪᠠᠷ ᠭᠤᠣᠯ ᠲᠡᠶ᠋ᠢᠨ᠎ᠤ ᠲᠠᠯᠠᠪᠤᠷ ᠪᠤᠯᠭ᠋ᠠᠵᠤ᠂ ᠨᠠᠮᠤᠷ ᠡᠪᠦᠯ᠎ᠤᠨ ᠤᠯᠠᠷᠢᠯ ᠵᠶ᠋ᠠᠷ ᠭᠤᠣᠯᠳᠠᠯᠭ᠎ᠠ᠎ᠲᠠᠢ ᠴᠠᠭ ᠬᠤᠭᠤᠴᠠᠭ᠎ᠠ ᠪᠤᠯᠭ᠋ᠠᠵᠤ᠂ ᠣᠷᠣᠨ ᠪᠦᠰᠡ ᠵᠢᠨ ᠪᠣᠬᠢᠷᠳᠤᠯ᠎ᠢ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂ ᠭᠤᠣᠯᠳᠠᠯᠭ᠎ᠠ᠎ᠲᠠᠢ ᠠᠵᠢᠯ ᠲᠥᠷᠥᠯ᠎ᠤᠨ ᠪᠣᠬᠢᠷᠳᠤᠯ ᠭᠠᠳᠠᠭᠰᠢᠯᠠᠭᠤᠯᠬᠤ ᠵᠢ ᠦᠷᠭᠦᠯᠵᠢᠯᠡᠨ ᠪᠠᠭ᠋ᠠᠰᠬᠠᠪᠠ᠃ 2024 ᠣᠨ᠎ᠳᠤ ᠪᠦᠭᠦ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ᠎ᠤᠨ ᠶᠠᠰᠤ ᠴᠢᠨᠠᠷ ᠰᠢᠯᠢᠳᠡᠭ ᠰᠠᠶ᠋ᠢᠨ ᠡᠳᠦᠷ᠎ᠤᠨ ᠲᠤᠭ᠎ᠠ ᠵᠢᠨ ᠬᠠᠷᠢᠴᠠᠯ 99.2%᠎ᠲᠤ ᠬᠦᠷᠴᠦ᠂ ᠬᠢᠨᠠᠨ ᠬᠡᠮᠵᠢᠭᠰᠡᠨ ᠲᠡᠮᠳᠡᠭᠯᠡᠯ ᠬᠢᠭᠰᠡᠨ᠎ᠠᠴᠠ ᠨᠠᠭ᠋ᠠᠰᠢᠬᠢ ᠬᠠᠮᠤᠭ᠎ᠤᠨ ᠰᠠᠶ᠋ᠢᠨ ᠲᠦᠪᠰᠢᠨ᠎ᠢ ᠡᠭᠦᠳᠴᠡᠢ᠃ ᠬᠥᠬᠡᠮᠳᠦᠭ ᠤᠰᠤ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠲᠠᠯ᠎ᠠ᠎ᠪᠠᠷ᠂ ᠤᠰᠤᠨ᠎ᠤ ᠠᠮᠢ ᠠᠬᠤᠢ ᠵᠢᠨ ᠵᠠᠰᠠᠯᠲᠠ ᠵᠢᠨ ᠳᠣᠲᠣᠭ᠋ᠠᠳᠤ ᠵᠢᠮ᠎ᠡ ᠬᠠᠤᠯᠢ ᠪᠠ ᠵᠢᠮ᠎ᠡ ᠶᠣᠰᠣ ᠵᠢ ᠭᠦᠨᠵᠡᠭᠡᠢ ᠰᠤᠳᠤᠯᠵᠤ᠂ ᠤᠰᠤᠨ᠎ᠤ ᠣᠷᠴᠢᠨ ᠲᠣᠭᠤᠷᠢᠨ᠎ᠤ ᠵᠠᠰᠠᠯᠲᠠ᠎ᠪᠠᠷ ᠭᠤᠣᠯ ᠪᠤᠯᠭ᠋ᠠᠵᠤ ᠪᠠᠶ᠋ᠢᠭᠰᠠᠨ᠎ᠠᠴᠠ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠤᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠬᠦ ᠲᠡᠶ᠋ᠢᠰᠢ ᠬᠤᠪᠢᠷᠠᠭᠤᠯᠵᠤ᠂ ᠬᠥᠯᠥᠨ ᠨᠠᠭᠤᠷ᠂ ᠲᠠᠭ᠎ᠠ ᠵᠢᠨ ᠨᠠᠭᠤᠷ᠎ᠤᠨ ᠤᠰᠤᠨ ᠣᠷᠣᠨ᠎ᠤ ᠲᠠᠯᠠᠪᠠᠶ ᠵᠢ ᠵᠦᠢ ᠵᠣᠬᠢᠰᠲᠠᠢ ᠣᠷᠣᠨ ᠪᠠᠶ᠋ᠢᠷᠢ᠎ᠳᠤ ᠲᠣᠭᠲᠠᠪᠤᠷᠢᠵᠢᠭᠤᠯᠵᠤ᠂ ᠤᠯᠠᠭ᠋ᠠᠨᠰᠤᠬᠠᠢ ᠨᠠᠭᠤᠷ᠎ᠤᠨ ᠲᠥᠪ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ Ⅳ ᠲᠥᠷᠥᠯ᠎ᠳᠤ ᠬᠦᠷᠭᠡᠵᠦ᠂ 《ᠬᠥᠯᠥᠨ ᠨᠠᠭᠤᠷ ᠤᠯᠠᠭ᠋ᠠᠨᠰᠤᠬᠠᠢ ᠳᠠᠭ᠎ᠠ ᠵᠢᠨ ᠨᠠᠭᠤᠷ》᠎ᠤᠨ 《ᠭᠠᠳᠠᠷ ᠳᠦᠷᠢ ᠲᠥᠷᠬᠦ》 ᠪᠠ 《ᠳᠣᠲᠣᠭ᠋ᠠᠳᠤ ᠳᠦᠷᠢ ᠲᠥᠷᠬᠦ》 ᠵᠢ ᠢᠯᠡᠳᠲᠡ ᠳᠡᠭᠡᠭᠰᠢᠯᠡᠭᠦᠯᠪᠡ᠃ 2024 ᠣᠨ᠎ᠳᠤ᠂ ᠪᠦᠭᠦ ᠣᠷᠣᠨ᠎ᠤ ᠭᠠᠵᠠᠷ ᠳᠡᠭᠡᠷᠡᠬᠢ ᠤᠰᠤᠨ᠎ᠤ ᠤᠯᠤᠰ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠣᠭᠲᠣᠯᠣᠭ᠋ᠠᠰᠤ ᠵᠢᠨ ᠤᠰᠤᠨ᠎ᠤ ᠴᠢᠨᠠᠷ Ⅲ ᠲᠥᠷᠥᠯ᠎ᠤᠨ ᠤᠰᠤᠨ ᠴᠣᠭᠴᠠ ᠵᠢᠨ ᠬᠠᠷᠢᠴᠠᠯ᠎ᠳᠤ ᠭᠦᠷᠦᠭᠰᠡᠨ ᠪᠤᠶᠤ ᠲᠡᠭᠦᠨ᠎ᠠᠴᠠ ᠰᠠᠶ᠋ᠢᠨ ᠪᠠᠶ᠋ᠢᠬᠤ ᠬᠠᠷᠢᠴᠠᠯ᠎ᠨᠢ 80.2% ᠪᠠᠶ᠋ᠢᠵᠤ᠂ 2014 ᠣᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 22.5 ᠬᠤᠪᠢ ᠳᠡᠭᠡᠭᠰᠢᠯᠡᠪᠡ᠃ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠲᠠᠯ᠎ᠠ᠎ᠪᠠᠷ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠳᠤᠯ᠎ᠤᠨ ᠭᠤᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠤᠷᠢᠨ᠎ᠤ ᠠᠶᠤᠯ ᠲᠦᠭᠰᠢᠭᠦᠷᠢ ᠵᠢ ᠴᠢᠩᠭ᠎ᠠ ᠬᠢᠵᠠᠭ᠋ᠠᠷᠯᠠᠵᠤ᠂ ᠬᠤᠲᠠ ᠬᠥᠳᠡᠭᠡ ᠵᠢᠨ ᠬᠤᠭ ᠨᠣᠪᠰᠢ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ ᠵᠢ ᠠᠬᠢᠭᠤᠯᠵᠤ᠂ ᠤᠰᠤ ᠪᠣᠷᠳᠣᠭᠤᠷ ᠪᠦᠷᠬᠦᠭᠦᠯ ᠡᠮ 《ᠳᠥᠷᠪᠡ ᠵᠢ ᠡᠵᠡᠮᠳᠡᠬᠦ》 ᠵᠢ ᠬᠡᠷᠡᠭᠵᠢᠭᠦᠯᠵᠦ᠂ ᠬᠥᠷᠥᠰᠥ ᠰᠢᠷᠣᠢ ᠵᠢᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠦᠷ᠎ᠡ ᠪᠦᠲᠦᠮᠵᠢ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠵᠢ ᠪᠦᠲᠦᠮᠵᠢᠲᠡᠶ ᠪᠠᠲᠤᠯᠠᠪᠠ᠃
ᠶᠡᠷᠦᠩᠬᠡᠶ᠋ᠢᠯᠡᠨ ᠵᠠᠰᠠᠬᠤ᠎ᠪᠠᠷ ᠳᠠᠮᠵᠢᠭᠤᠯᠤᠨ᠂ ᠥᠪᠥᠷ ᠮᠣᠩᠭᠤᠯ ᠠᠮᠢ ᠠᠬᠤᠢ ᠵᠢᠨ ᠰᠢᠰᠲ᠋ᠧᠮ᠎ᠤᠨ 《ᠪᠦᠬᠦᠯᠢ ᠴᠣᠭᠴᠠ᠎ᠪᠠᠷ ᠬᠤᠷᠢᠭᠯᠠᠵᠤ᠂ ᠬᠡᠰᠡᠭ ᠲᠠᠯ᠎ᠠ᠎ᠪᠠᠷ ᠰᠠᠶ᠋ᠢᠵᠢᠷᠠᠭᠰᠠᠨ》 ᠬᠤᠪᠢᠷᠠᠯᠲᠠ ᠵᠢ ᠪᠡᠶᠡᠯᠡᠭᠦᠯᠪᠡ᠃ ᠬᠤᠶ᠋ᠢᠰᠢᠳᠠ ᠮᠥᠨ ᠬᠦ᠌ 《ᠵᠠᠰᠠᠬᠤ》 ᠵᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠤᠰᠢᠶᠠᠯ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠡᠷᠴᠢ ᠵᠣᠷᠢᠭ ᠵᠶ᠋ᠠᠨ ᠬᠥᠪᠴᠢᠯᠡᠨ᠂ ᠴᠢᠷᠮᠠᠶ᠋ᠢᠨ ᠪᠣᠭᠤᠮᠲᠠ ᠰᠢᠪᠲᠤᠯᠵᠤ᠂ ᠨᠡᠩ ᠤᠯᠠᠨ 《ᠬᠠᠮᠠᠷ ᠬᠠᠳᠬᠤᠬᠤ ᠡᠪᠡᠰᠦ ᠦᠭᠡᠢ ᠭᠠᠵᠠᠷ》᠎ᠢ 《ᠬᠥᠮᠥᠨ᠎ᠤ ᠣᠷᠴᠢᠯᠠᠩ᠎ᠤᠨ ᠨᠣᠭᠤᠭ᠋ᠠᠨ ᠪᠦᠷᠢᠳᠦ》 ᠪᠣᠯᠭ᠋ᠠᠨ᠎ᠠ᠃ ᠨᠠᠷᠢᠯᠢᠭ ᠣᠨᠣᠴᠠᠲᠠᠢ᠎ᠪᠠᠷ ᠪᠣᠬᠢᠷᠳᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠳᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠳᠤᠯ᠎ᠢ ᠵᠠᠰᠠᠬᠤ ᠵᠢ ᠪᠠᠷᠢᠮᠲᠠᠯᠠᠵᠤ᠂ ᠪᠣᠬᠢᠷᠳᠤᠯ ᠪᠣᠳᠠᠰ᠎ᠢ ᠭᠡᠲᠦ ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠵᠢ ᠭᠡᠲᠦ ᠮᠠᠯᠲᠠᠬᠤ᠂ ᠳᠤᠷ᠎ᠠ᠎ᠪᠠᠷ ᠵᠶ᠋ᠠᠨ ᠮᠠᠯᠲᠠᠬᠤ ᠵᠡᠷᠭᠡ ᠲᠣᠪᠣᠶ᠋ᠢᠮ᠎ᠠ ᠠᠰᠠᠭᠤᠳᠠᠯ᠎ᠢ ᠲᠦᠷᠭᠡᠳᠬᠡᠨ ᠰᠢᠢ᠍ᠳᠪᠦᠷᠢᠯᠡᠵᠦ᠂ ᠳᠦᠷᠢᠮ ᠲᠣᠭᠲᠠᠭ᠋ᠠᠯ ᠲᠣᠭᠲᠠᠭ᠋ᠠᠵᠤ᠂ ᠵᠠᠰᠠᠯᠲᠠ ᠵᠢ ᠲᠡᠭᠦᠯᠳᠡᠷᠵᠢᠭᠦᠯᠦᠨ᠂ ᠥᠪᠥᠷ ᠮᠣᠩᠭᠤᠯ᠎ᠤᠨ ᠡᠬᠡ ᠭᠠᠵᠠᠷ᠎ᠲᠤ ᠬᠥᠬᠡᠮᠳᠦᠭ ᠠᠭᠤᠯᠠ ᠥᠨᠢᠳᠡ ᠰᠦᠨᠳᠡᠷᠯᠡᠵᠦ᠂ ᠨᠣᠮᠢᠨ ᠤᠰᠤ ᠥᠨᠢᠳᠡ ᠤᠷᠤᠰᠴᠤ᠂ ᠠᠭᠤᠷ ᠠᠮᠢᠰᠬᠤᠯ ᠥᠨᠢᠳᠡ ᠰᠢᠨ᠎ᠡ ᠰᠣᠷᠭᠤᠭ ᠪᠠᠶ᠋ᠢᠬᠤ ᠪᠣᠯᠭ᠋ᠠᠨ᠎ᠠ᠃
《ᠬᠤᠪᠢᠷᠠᠭᠤᠯᠤᠯᠲᠠ》᠎ᠪᠠᠷ ᠪᠣᠬᠢᠷᠳᠤᠯ ᠦᠭᠡᠢ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠪᠡ
ᠶᠡᠷᠦᠩᠬᠡᠢ ᠱᠦᠵᠢ ᠰᠢ ᠵᠢᠨ ᠫᠢᠩ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠮᠢ ᠠᠬᠤᠢ ᠣᠷᠴᠢᠨ ᠲᠣᠭᠤᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠪᠤᠯᠭ᠋ᠠᠬᠤ ᠵᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ 2023 ᠣᠨ᠎ᠤ 6 ᠰᠠᠷ᠎ᠠ᠎ᠳᠤ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ 《ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ》 ᠭᠡᠵᠦ ᠪᠢᠳᠡᠨ᠎ᠳᠤ ᠱᠠᠭ᠋ᠠᠷᠳᠠᠪᠠ᠃ ᠥᠪᠥᠷ ᠮᠣᠩᠭᠤᠯ᠎ᠳᠤ ᠠᠪᠴᠤ ᠬᠡᠯᠡᠪᠡᠯ᠂ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠴᠠᠭ ᠦᠶ᠎ᠡ ᠵᠢᠨ ᠬᠠᠭᠤᠳᠠᠰᠤ ᠵᠢ ᠰᠠᠶ᠋ᠢᠲᠤᠷ ᠬᠠᠷᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠡᠷᠲᠡ ᠬᠤᠪᠢᠷᠠᠭᠤᠯᠪᠠᠯ ᠡᠷᠲᠡ ᠦᠷ᠎ᠡ ᠪᠦᠲᠦᠮᠵᠢ ᠣᠯᠬᠤ᠂ ᠡᠷᠲᠡ ᠰᠠᠨᠠᠭ᠋ᠠᠴᠢᠯᠠᠭ᠋ᠠᠲᠤ ᠡᠷᠬᠡ ᠵᠢ ᠣᠯᠵᠤ᠂ ᠠᠯᠭᠤᠷ ᠬᠤᠪᠢᠷᠠᠭᠤᠯᠪᠠᠯ ᠠᠰᠠᠭᠤᠳᠠᠯ ᠨᠠᠩ ᠣᠯᠠᠨ ᠬᠤᠷᠠᠮᠳᠤᠬᠤ ᠪᠣᠯᠵᠤ᠂ ᠬᠤᠶ᠋ᠢᠰᠢᠳᠠ ᠵᠢᠨ ᠬᠥᠭᠵᠢᠯᠲᠡ ᠨᠠᠩ ᠰᠠᠨᠠᠭ᠋ᠠᠴᠢᠯᠠᠭ᠎ᠠ ᠦᠭᠡᠢ ᠪᠠᠶ᠋ᠢᠳᠠᠯ᠎ᠳᠤ ᠣᠷᠣᠬᠤ ᠪᠣᠯᠣᠨ᠎ᠠ᠃ ᠪᠢᠳᠡ ᠠᠵᠤ ᠦᠢ᠍ᠯᠡᠰ᠎ᠢ ᠠᠮᠢ ᠠᠬᠤᠶ᠋ᠢᠵᠢᠭᠤᠯᠬᠤ ᠪᠠ ᠠᠮᠢ ᠠᠬᠤᠢ ᠵᠢ ᠠᠵᠤ ᠦᠢ᠍ᠯᠡᠰᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ 2024 ᠣᠨ᠎ᠳᠤ ᠪᠦᠭᠦ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 5.8%᠎ᠪᠠᠷ ᠨᠡᠮᠡᠭᠳᠡᠵᠦ᠂ ᠠᠵᠤ ᠠᠬᠤᠢ ᠵᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠪᠠ᠃
ᠪᠣᠬᠢᠷᠳᠤᠯ ᠦᠭᠡᠢ ᠡᠨᠧᠷᠭᠢ ᠵᠢᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠪᠠ᠃ ᠥᠪᠥᠷ ᠮᠣᠩᠭᠤᠯ᠎ᠤᠨ ᠨᠡᠭᠦᠷᠡᠰᠦᠨ᠎ᠤ ᠬᠠᠳᠠᠭ᠋ᠠᠯᠠᠭᠳᠠᠴᠠ ᠪᠠ ᠭᠠᠷᠤᠯᠲᠠ ᠴᠥᠮ ᠪᠦᠭᠦ ᠤᠯᠤᠰ᠎ᠤᠨ 1/4 ᠵᠢ ᠳᠠᠪᠠᠵᠤ᠂ ᠰᠠᠯᠬᠢᠨ᠎ᠤ ᠡᠨᠧᠷᠭᠢ᠂ ᠨᠡᠷᠡᠨ᠎ᠤ ᠡᠨᠧᠷᠭᠢ ᠵᠢᠨ ᠮᠡᠷᠭᠡᠵᠢᠯ᠎ᠤᠨ ᠨᠡᠭᠡᠭᠡᠨ ᠠᠰᠢᠭᠯᠠᠵᠤ ᠪᠤᠯᠬᠤ ᠬᠡᠮᠵᠢᠶ᠎ᠡ ᠲᠣᠰ ᠲᠣᠰ ᠪᠦᠭᠦ ᠤᠯᠤᠰ᠎ᠤᠨ 1/2 ᠪᠠ 1/5᠎ᠠᠴᠠ ᠳᠡᠭᠡᠭᠰᠢᠬᠢ ᠵᠢ ᠡᠵᠡᠯᠡᠵᠦ ᠪᠠᠶ᠋ᠢᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ》 ᠭᠡᠰᠡᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠶᠡᠭᠡ᠎ᠪᠠᠷ ᠠᠬᠢᠭᠤᠯᠵᠤ᠂ ᠨᠡᠭᠦᠷᠡᠰᠦ᠎ᠪᠠᠷ ᠴᠠᠭᠢᠯᠭ᠋ᠠᠨ ᠭᠠᠷᠭ᠋ᠠᠬᠤ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ ᠵᠢ ᠪᠡᠶᠡᠯᠡᠭᠦᠯᠬᠦ ᠵᠢᠨ ᠬᠠᠮᠲᠤ᠂ 《ᠨᠡᠭᠦᠷᠡᠰᠦ᠎ᠪᠠᠷ ᠲᠦᠷᠦᠭᠦᠯᠡᠭᠦᠯᠵᠦ ᠬᠢᠮᠢ ᠵᠢᠨ ᠠᠵᠤ ᠦᠢ᠍ᠯᠡᠳᠪᠦᠷᠢ ᠵᠢ ᠬᠠᠪᠰᠤᠷᠭ᠋ᠠᠬᠤ》 ᠵᠢ ᠣᠨᠢᠯᠠᠨ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂ ᠤᠯᠤᠰ᠎ᠤᠨ ᠳᠣᠲᠣᠭ᠋ᠠᠳᠤ ᠵᠢᠨ ᠬᠡᠪᠴᠢᠶ᠎ᠡ᠎ᠪᠠᠷ ᠬᠠᠮᠤᠭ᠎ᠤᠨ ᠶᠡᠭᠡ᠂ ᠲᠦᠷᠦᠯ ᠵᠦᠢ᠍ᠯ ᠵᠶ᠋ᠠᠷ ᠬᠠᠮᠤᠭ᠎ᠤᠨ ᠪᠦᠷᠢᠨ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠵᠤ᠂ ᠨᠡᠭᠦᠷᠡᠰᠦᠨ᠎ᠤ ᠠᠵᠤ ᠦᠢ᠍ᠯᠡᠰ᠎ᠤᠨ ᠬᠡᠯᠬᠢᠶ᠎ᠡ ᠵᠢ ᠠᠬᠢᠨ ᠲᠠᠭᠢᠨ ᠤᠷᠲᠤᠳᠬᠠᠵᠤ᠂ 《ᠨᠢᠭᠡ ᠬᠡᠰᠡᠭ ᠨᠡᠭᠦᠷᠡᠰᠦ ᠵᠢ ᠨᠢᠭᠡ ᠪᠠᠭᠴᠠ ᠰᠢᠷᠬᠡᠭ᠂ ᠨᠢᠭᠡ ᠰᠢᠷᠬᠡᠭ ᠪᠥᠰ》 ᠪᠤᠯᠭ᠋ᠠᠬᠤ ᠬᠤᠪᠢᠷᠠᠯᠲᠠ ᠵᠢ ᠠᠩᠬ᠎ᠠ ᠠᠯᠬᠤᠮ ᠪᠡᠶᠡᠯᠡᠭᠦᠯᠪᠡ᠃ 《ᠰᠠᠯᠬᠢ ᠭᠡᠷᠡᠯ᠎ᠤᠨ ᠡᠨᠧᠷᠭᠢ ᠵᠢ ᠠᠰᠢᠭᠯᠠᠵᠤ》 ᠶᠡᠭᠡ ᠬᠡᠪᠴᠢᠶ᠎ᠡ᠎ᠪᠠᠷ ᠥᠨᠳᠥᠷ ᠬᠠᠷᠢᠴᠠᠯ ᠵᠶ᠋ᠠᠷ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠵᠦ᠂ 《ᠡᠯᠡᠰᠦ ᠭᠤᠪᠢ ᠴᠦᠯ》᠎ᠤᠨ ᠲᠣᠮᠣ ᠰᠠᠭᠤᠷᠢᠨ᠎ᠢ ᠪᠦᠭᠦ ᠬᠦᠴᠦᠨ ᠵᠶ᠋ᠠᠷ ᠵᠶ᠋ᠠᠨ ᠪᠦᠲᠦᠭᠡᠨ ᠪᠠᠶ᠋ᠢᠭᠤᠯᠵᠤ᠂ 2024 ᠣᠨ᠎ᠤ ᠰᠡᠭᠦᠯᠴᠢ ᠪᠤᠯᠲᠠᠯ᠎ᠠ ᠪᠦᠭᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1.35 ᠳ᠋ᠦᠩᠰᠢᠭᠤᠷ ᠺᠢᠯᠣᠸᠠᠲ᠎ᠲᠤ ᠬᠦᠷᠴᠦ᠂ ᠢᠯᠴᠢ ᠵᠢᠨ ᠴᠠᠭᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠵᠤ᠂ ᠰᠢᠨ᠎ᠡ ᠭᠡᠯᠪᠡᠷᠢ ᠵᠢᠨ ᠡᠨᠧᠷᠭᠢ ᠬᠠᠳᠠᠭ᠋ᠠᠯᠠᠬᠤ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ᠎ᠢ ᠳᠠᠪᠠᠵᠤ᠂ ᠪᠣᠬᠢᠷᠳᠤᠯ ᠦᠭᠡᠢ ᠤᠰᠤᠲᠥ᠋ᠷᠥᠭᠴᠢᠲᠤ ᠦᠢ᠍ᠯᠡᠳᠪᠦᠷᠢᠯᠡᠯ᠎ᠤᠨ ᠴᠢᠳᠠᠪᠤᠷᠢ 6 ᠲᠦᠮᠡᠨ ᠲᠣᠨ᠎ᠳᠤ ᠬᠦᠷᠴᠦ᠂ ᠰᠢᠨ᠎ᠡ ᠡᠨᠧᠷᠭᠢ᠎ᠪᠠᠷ ᠭᠤᠣᠯ ᠴᠣᠭᠴᠠ ᠪᠤᠯᠭ᠋ᠠᠬᠰᠠᠨ ᠡᠨᠧᠷᠭᠢ ᠵᠢᠨ ᠬᠠᠩᠭ᠋ᠠᠯᠭ᠎ᠠ ᠵᠢᠨ ᠰᠢᠰᠲ᠋ᠧᠮ ᠪᠠ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠪᠠᠶ᠋ᠢᠭᠤᠯᠪᠠ᠃ ᠪᠣᠬᠢᠷᠳᠤᠯ ᠦᠭᠡᠢ ᠴᠠᠭᠢᠯᠭ᠋ᠠᠨ᠎ᠤ ᠪᠠᠭᠲᠠᠭ᠋ᠠᠨ ᠰᠢᠩᠭᠡᠭᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠵᠢᠨ ᠠᠰᠢᠭᠯᠠᠯᠲᠠ ᠵᠢᠨ ᠨᠤᠷᠮ᠎ᠠ ᠵᠢ 94%᠎ᠳᠤ ᠬᠦᠷᠭᠡᠵᠦ᠂ ᠪᠣᠬᠢᠷᠳᠤᠯ ᠦᠭᠡᠢ ᠴᠠᠭᠢᠯᠭ᠋ᠠᠨ᠎ᠤ ᠬᠡᠷᠡᠭᠯᠡᠭᠡᠨ᠎ᠢ ᠴᠠᠭᠢᠯᠭ᠋ᠠᠨ ᠬᠡᠷᠡᠭᠯᠡᠬᠦ ᠬᠡᠮᠵᠢᠶ᠎ᠡ ᠵᠢᠨ 30%᠎ᠳᠤ ᠣᠶ᠋ᠢᠷᠠᠲᠤᠪᠠ᠃ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶ᠎ᠠ ᠵᠢ ᠢᠳᠡᠪᠬᠢᠲᠡᠢ ᠥᠷᠨᠢᠭᠦᠯᠵᠦ᠂ 5 ᠮᠤᠵᠢ ᠣᠷᠣᠨ᠎ᠲᠠᠢ ᠪᠣᠬᠢᠷᠳᠤᠯ ᠦᠭᠡᠢ ᠴᠠᠭᠢᠯᠭ᠋ᠠᠨ᠎ᠢ ᠭᠠᠳᠠᠭᠰᠢ ᠬᠦᠷᠭᠡᠬᠦ ᠠᠷᠠᠯᠵᠢᠶᠠᠨ᠎ᠤ ᠬᠠᠮᠲᠤᠷᠠᠯᠴᠠᠭ᠎ᠠ ᠪᠠᠶ᠋ᠢᠭᠤᠯᠵᠤ᠂ ᠠᠷᠠᠯᠵᠢᠶᠠᠨ᠎ᠤ ᠬᠡᠪᠴᠢᠶ᠎ᠡ 762 ᠳ᠋ᠦᠩᠰᠢᠭᠤᠷ ᠭ᠋ᠷᠡᠳᠦ᠋ᠰ᠎ᠲᠤ ᠭᠦᠷᠪᠡ᠃
ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠠᠬᠢᠭᠤᠯᠪᠠ᠃ ᠥᠪᠥᠷ ᠮᠣᠩᠭᠤᠯ᠎ᠤᠨ ᠤᠯᠠᠮᠵᠢᠯᠠᠯᠲᠤ ᠠᠵᠤ ᠦᠢ᠍ᠯᠡᠰ ᠣᠯᠠᠨ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠴᠥᠭᠡᠨ᠂ ᠳᠣᠣᠷᠠᠳᠤ ᠲᠠᠰ᠎ᠤᠨ ᠠᠵᠤ ᠦᠢ᠍ᠯᠡᠰ ᠣᠯᠠᠨ᠂ ᠳᠡᠭᠡᠳᠦ ᠲᠠᠰ᠎ᠤᠨ ᠠᠵᠤ ᠦᠢ᠍ᠯᠡᠰ ᠴᠥᠭᠡᠨ᠂ ᠡᠬᠢ ᠪᠠᠶᠠᠯᠢᠭ᠎ᠤᠨ ᠭᠡᠯᠪᠡᠷᠢ ᠵᠢᠨ ᠠᠵᠤ ᠦᠢ᠍ᠯᠡᠰ ᠣᠯᠠᠨ᠂ ᠥᠨᠳᠥᠷ ᠨᠡᠮᠡᠯᠲᠡ ᠥᠷᠲᠡᠭᠲᠦ ᠠᠵᠤ ᠦᠢ᠍ᠯᠡᠰ ᠴᠥᠭᠡᠨ᠂ ᠭᠦᠳᠡᠯᠮᠦᠷᠢ ᠨᠢᠭᠲᠠᠷᠠᠭᠰᠠᠨ ᠠᠵᠤ ᠦᠢ᠍ᠯᠡᠰ ᠣᠯᠠᠨ᠂ ᠬᠥᠷᠥᠩᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠨᠢᠭᠲᠠᠷᠠᠭᠰᠠᠨ ᠠᠵᠤ ᠦᠢ᠍ᠯᠡᠰ ᠴᠥᠭᠡᠨ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ 《ᠥᠪᠥᠷ ᠮᠣᠩᠭᠤᠯ᠎ᠤᠨ ᠥᠪᠡᠷᠮᠢᠴᠡ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ》 ᠭᠡᠵᠦ ᠱᠠᠭ᠋ᠠᠷᠳᠠᠭᠰᠠᠨ᠎ᠨᠢ ᠪᠢᠳᠡᠨ᠎ᠤ ᠠᠵᠤ ᠠᠬᠤᠢ ᠵᠢᠨ ᠪᠦᠲᠦᠴᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠯᠲᠠ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠵᠢᠯᠣᠭᠤᠳᠤᠯᠭ᠎ᠠ ᠬᠠᠩᠭ᠋ᠠᠪᠠ᠃ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ 《9 + 5 + 3》 ᠵᠢᠨ ᠢᠷᠡᠭᠡᠳᠦᠢ ᠵᠢᠨ ᠠᠵᠤ ᠦᠢ᠍ᠯᠡᠰ᠎ᠤᠨ ᠱᠠᠲᠤᠯᠢᠭ ᠪᠣᠶ᠋ᠢᠵᠢᠭᠤᠯᠤᠨ ᠬᠥᠭᠵᠢᠭᠦᠯᠬᠦ ᠪᠠᠶ᠋ᠢᠷᠢᠰᠢᠯ᠎ᠢ ᠪᠠᠶ᠋ᠢᠭᠤᠯᠵᠤ᠂ 《9》 ᠭᠡᠳᠡᠭ᠎ᠨᠢ ᠳᠠᠷᠤᠢ ᠨᠡᠭᠦᠷᠡᠰᠦᠨ ᠡᠯᠧᠮᠧᠨ᠋ᠲ ᠵᠶ᠋ᠠᠷ ᠰᠠᠭᠤᠷᠢ ᠪᠤᠯᠭ᠋ᠠᠬᠰᠠᠨ ᠨᠢᠭᠡᠳᠪᠦᠷᠢ ᠪᠠ ᠰᠢᠨ᠎ᠡ ᠮᠠᠲ᠋ᠧᠷᠢᠶᠠᠯ᠂ ᠬᠢᠮᠢ ᠵᠢᠨ ᠠᠵᠤ ᠦᠢ᠍ᠯᠡᠳᠪᠦᠷᠢ ᠵᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ᠂ ᠰᠢᠨ᠎ᠡ ᠭᠡᠯᠪᠡᠷᠢ ᠵᠢᠨ ᠨᠥᠭᠡᠴᠡ ᠡᠨᠧᠷᠭᠢ᠂ ᠪᠣᠳᠣᠯᠲᠠ ᠵᠢᠨ ᠬᠦᠴᠦᠨ᠎ᠤ ᠲᠣᠣᠷ ᠵᠡᠷᠭᠡ 9 ᠶᠡᠭᠡ ᠳᠠᠪᠠᠭᠤᠯᠢᠭ ᠠᠵᠤ ᠦᠢ᠍ᠯᠡᠰ᠎ᠢ ᠤᠷᠢᠳ ᠵᠶ᠋ᠠᠷ ᠬᠥᠭᠵᠢᠭᠦᠯᠵᠦ᠂ 《5》 ᠭᠡᠳᠡᠭ᠎ᠨᠢ ᠳᠠᠷᠤᠢ ᠠᠮᠢᠳᠤ ᠪᠣᠳᠠᠰ᠎ᠤᠨ ᠮᠠᠰ᠎ᠤᠨ ᠪᠣᠬᠢᠷᠳᠤᠯ ᠦᠭᠡᠢ ᠡᠨᠧᠷᠭᠢ᠂ ᠨᠡᠮᠡᠯᠲᠡ ᠮᠠᠲ᠋ᠧᠷᠢᠶᠠᠯ ᠦᠢ᠍ᠯᠡᠳᠬᠦ ᠵᠡᠷᠭᠡ 5 ᠶᠡᠭᠡ ᠳᠠᠯᠳᠠ ᠬᠦᠴᠦᠨ᠎ᠲᠠᠢ ᠠᠵᠤ ᠦᠢ᠍ᠯᠡᠰ᠎ᠢ ᠲᠦᠷᠭᠡᠳᠬᠡᠨ ᠪᠣᠶ᠋ᠢᠵᠢᠭᠤᠯᠵᠤ᠂ 《3》 ᠭᠡᠳᠡᠭ᠎ᠨᠢ ᠭᠡᠳᠦ ᠳᠠᠮᠵᠢᠭᠤᠯᠭ᠎ᠠ ᠵᠢᠨ ᠮᠠᠲ᠋ᠧᠷᠢᠶᠠᠯ᠂ ᠣᠭᠤᠰᠣᠷ ᠦᠭᠡᠢ ᠶᠢᠷᠲᠢᠨᠴᠦ᠂ ᠲᠡᠷᠢᠭᠦᠨ᠎ᠤ ᠴᠥᠮ᠎ᠡ ᠵᠢᠨ ᠡᠨᠧᠷᠭᠢ ᠵᠡᠷᠭᠡ 3 ᠶᠡᠭᠡ ᠪᠠᠷᠠᠯᠠᠯᠳᠤ ᠭᠡᠯᠪᠡᠷᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠤᠨ᠎ᠠ᠃ 2024 ᠣᠨ᠎ᠳᠤ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ 60%᠎ᠠᠴᠠ ᠳᠡᠭᠡᠭᠰᠢ᠎ᠳᠤ ᠬᠦᠷᠴᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠲᠣᠨᠣᠭᠯᠠᠯ ᠦᠢ᠍ᠯᠡᠳᠬᠦ ᠦᠢ᠍ᠯᠡᠰ᠎ᠤᠨ ᠬᠡᠪᠴᠢᠶ᠎ᠡ ᠴᠥᠮ ᠬᠤᠶᠠᠷ ᠣᠷᠣᠨᠲᠤ ᠲᠤᠭ᠎ᠠ᠎ᠪᠠᠷ ᠨᠡᠮᠡᠭᠳᠡᠪᠡ᠃ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ ᠦᠷᠭᠦᠯᠵᠢᠯᠡᠨ ᠡᠯᠪᠡᠭ ᠲᠣᠭᠲᠠᠭᠤᠨ ᠪᠠᠶ᠋ᠢᠵᠤ᠂ ᠠᠮᠤ ᠪᠤᠳᠠᠭ᠋ᠠᠨ᠎ᠤ ᠤᠨᠠᠯᠲᠠ 800 ᠳ᠋ᠦᠩᠰᠢᠭᠤᠷ ᠵᠢᠩ᠎ᠢ ᠳᠠᠪᠠᠵᠤ᠂ ᠦᠬᠡᠷ᠎ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭ᠋ᠠᠨ ᠨᠣᠣᠯᠣᠭᠤᠷ᠎ᠤᠨ ᠭᠠᠷᠤᠯᠲᠠ ᠪᠦᠭᠦ ᠤᠯᠤᠰ᠎ᠲᠤ ᠲᠦᠷᠦᠭᠦᠯᠡᠪᠡ᠃ ᠬᠤᠪᠣᠷ ᠰᠢᠷᠣᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠴᠢᠨᠠᠷᠲᠠᠢ ᠨᠡᠭᠡᠭᠡᠯᠲᠡ᠂ ᠴᠢᠨᠠᠷᠵᠢᠭᠤᠨ ᠠᠰᠢᠭᠯᠠᠯᠲᠠ᠂ ᠵᠢᠷᠤᠮᠵᠢᠬᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠬᠤᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ 1000 ᠳ᠋ᠦᠩᠰᠢᠭᠤᠷ ᠲᠥᠭᠦᠷᠢᠭ᠎ᠢ ᠳᠠᠪᠠᠪᠠ᠃ ᠲᠣᠭ᠋ᠠᠴᠢᠯᠠᠭᠰᠠᠨ ᠠᠵᠤ ᠠᠬᠤᠢ ᠵᠢᠨ ᠳᠠᠪᠠᠭᠤᠯᠢᠭ ᠠᠭ᠋ᠠᠵᠢᠮ ᠵᠶ᠋ᠠᠷ ᠢᠯᠡᠷᠡᠵᠦ᠂ ᠪᠦᠭᠦ ᠣᠷᠣᠨ᠎ᠤ ᠪᠣᠳᠣᠯᠲᠠ ᠵᠢᠨ ᠬᠦᠴᠦᠨ᠎ᠤ ᠬᠡᠪᠴᠢᠶ᠎ᠡ 12.6 ᠲᠦᠮᠡᠨ P᠂ ᠡᠭᠦᠨ᠎ᠳᠤ ᠣᠶᠤᠨᠲᠤ ᠪᠣᠳᠣᠯᠲᠠ ᠵᠢᠨ ᠬᠡᠪᠴᠢᠶ᠎ᠡ 11.6 ᠲᠦᠮᠡᠨ P ᠪᠤᠶ᠃ 2024 ᠣᠨ᠎ᠳᠤ ᠰᠦ ᠵᠢᠨ ᠦᠢ᠍ᠯᠡᠰ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠤᠯᠤᠰ᠎ᠤᠨ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠤᠭᠳᠠᠪᠠ᠃
ᠡᠬᠢ ᠪᠠᠶᠠᠯᠢᠭ᠎ᠢ ᠪᠦᠭᠦ ᠲᠠᠯ᠎ᠠ᠎ᠪᠠᠷ ᠠᠷᠪᠢᠯᠠᠨ ᠠᠰᠢᠭᠯᠠᠬᠤ ᠵᠢ ᠠᠬᠢᠭᠤᠯᠪᠠ᠃ ᠪᠢᠳᠡ 《ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ᠂ ᠬᠤᠬᠢᠷᠠᠯ᠎ᠢ ᠪᠠᠭ᠋ᠠᠰᠬᠠᠬᠤ ᠪᠣᠯ ᠳᠠᠷᠤᠢ ᠤᠨᠠᠯᠲᠠ ᠵᠢᠨ ᠨᠡᠮᠡᠭᠳᠡᠯ᠂ ᠬᠤᠷᠣᠭᠳᠠᠯ᠎ᠢ ᠪᠠᠭ᠋ᠠᠰᠬᠠᠬᠤ ᠪᠣᠯ ᠳᠠᠷᠤᠢ ᠣᠷᠣᠯᠭ᠎ᠠ ᠵᠢᠨ ᠨᠡᠮᠡᠭᠳᠡᠯ》 ᠭᠡᠬᠦ ᠲᠠᠨᠢᠯᠲᠠ ᠵᠢ ᠴᠢᠩᠭ᠋ᠠᠳᠬᠠᠵᠤ᠂ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠪᠦᠭᠦ ᠨᠡᠶ᠋ᠢᠭᠡᠮ᠎ᠤᠨ ᠡᠬᠢ ᠪᠠᠶᠠᠯᠢᠭ᠎ᠢ ᠪᠦᠭᠦ ᠲᠠᠯ᠎ᠠ᠎ᠪᠠᠷ ᠠᠷᠪᠢᠯᠠᠨ ᠡᠷᠴᠢᠮᠵᠢᠭᠦᠯᠬᠦ ᠵᠢ ᠠᠬᠢᠭᠤᠯᠬᠤ ᠲᠤᠬᠠᠢ ᠵᠢᠯᠤᠭᠤᠳᠬᠤ ᠰᠠᠨᠠᠯ》᠎ᠢ ᠲᠣᠭᠲᠠᠭ᠋ᠠᠨ ᠨᠡᠶ᠋ᠢᠲᠡᠯᠡᠵᠦ᠂ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠬᠦ ᠭᠦᠢ᠍ᠴᠡᠳᠬᠡᠯ ᠲᠤᠭ᠎ᠠ ᠵᠢ ᠦᠨᠡᠯᠡᠬᠦ ᠰᠢᠰᠲ᠋ᠧᠮ᠎ᠢ ᠪᠠᠶ᠋ᠢᠭᠤᠯᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ᠎ᠤ ᠠᠷᠪᠢᠯᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠪᠠ᠃ ᠵᠥᠪᠰᠢᠶᠡᠷᠡᠬᠦ ᠵᠢ ᠬᠦᠯᠢᠶᠡᠵᠦ ᠪᠠᠶ᠋ᠢᠭ᠎ᠠ ᠲᠥᠷᠥᠯ ᠵᠦᠢ᠍ᠯ᠂ ᠰᠤᠯᠠ ᠪᠠᠶ᠋ᠢᠭ᠎ᠠ ᠭᠠᠵᠠᠷ ᠰᠢᠷᠣᠢ᠂ ᠨᠥᠭᠡᠴᠡ ᠪᠡᠯᠡ ᠮᠥᠩᠭᠦ᠂ 《ᠬᠠᠭ᠋ᠠᠰ ᠳᠤᠲᠠᠭᠤ ᠤᠷᠭᠢᠬᠰᠠᠨ》 ᠪᠠᠷᠢᠯᠭ᠎ᠠ᠂ ᠨᠡᠭᠡᠭᠡᠯᠲᠡ ᠵᠢᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢᠨ 《ᠲᠠᠪᠤ ᠵᠢ ᠲᠤᠶ᠋ᠢᠯᠪᠤᠷᠢᠲᠠᠢ ᠪᠠᠶ᠋ᠢᠴᠠᠭ᠋ᠠᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠡᠭᠦᠨ᠎ᠳᠤ 9326 ᠲᠥᠷᠥᠯ ᠵᠦᠢ᠍ᠯ᠎ᠢ ᠵᠥᠪᠰᠢᠶᠡᠷᠡᠬᠦ ᠶᠣᠰᠣᠲᠠᠢ ᠵᠢ᠎ᠨᠢ ᠪᠦᠭᠦᠨ᠎ᠢ ᠵᠥᠪᠰᠢᠶᠡᠷᠡᠵᠦ᠂ ᠵᠥᠪᠰᠢᠶᠡᠷᠡᠭᠰᠡᠨ ᠪᠠᠶ᠋ᠢᠲᠠᠯ᠎ᠠ ᠬᠠᠩᠭ᠋ᠠᠭᠰᠠᠨ ᠦᠭᠡᠢ 53.85 ᠲᠦᠮᠡᠨ ᠮᠦ᠍ ᠰᠤᠯᠠ ᠪᠠᠶ᠋ᠢᠭ᠎ᠠ ᠭᠠᠵᠠᠷ ᠰᠢᠷᠣᠢ ᠵᠢ ᠬᠤᠷᠢᠶᠠᠨ ᠠᠪᠤᠭᠰᠠᠨ ᠪᠠ ᠰᠢᠢ᠍ᠳᠪᠦᠷᠢᠯᠡᠪᠡ᠃ 2024 ᠣᠨ᠎ᠳᠤ 11 ᠳ᠋ᠦᠩᠰᠢᠭᠤᠷ ᠵᠢᠩ᠎ᠠᠴᠠ ᠳᠡᠭᠡᠭᠰᠢ ᠠᠮᠤ ᠪᠤᠳᠠᠭ᠎ᠠ ᠠᠷᠪᠢᠯᠠᠵᠤ᠂ ᠲᠠᠷᠢᠶᠠᠯᠠᠩ᠎ᠤᠨ ᠤᠰᠤ ᠠᠷᠪᠢᠯᠠᠬᠤ ᠬᠡᠮᠵᠢᠶ᠎ᠡ ᠵᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ ᠡᠭᠦᠷᠭᠡ ᠵᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ 《ᠤᠰᠤ ᠠᠷᠪᠢᠯᠠᠬᠤ ᠠᠵᠢᠯᠯᠠᠭ᠎ᠠ》 ᠵᠢ ᠬᠡᠷᠡᠭᠵᠢᠭᠦᠯᠵᠦ᠂ ᠡᠨᠡ ᠵᠢᠯ ᠲᠠᠷᠢᠶᠠᠯᠠᠩ᠎ᠤᠨ ᠤᠰᠤ ᠠᠷᠪᠢᠯᠠᠬᠤ ᠬᠡᠮᠵᠢᠶ᠎ᠡ ᠵᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭ᠋ᠠᠰᠬᠠᠵᠤ᠂ ᠬᠠᠲᠤᠨ ᠭᠤᠣᠯ ᠳᠠᠭ᠋ᠠᠤ ᠬᠤᠲᠠ ᠪᠦᠭᠦᠨ᠎ᠤ ᠤᠰᠤ ᠠᠷᠪᠢᠯᠠᠬᠤ ᠵᠢ ᠪᠠᠷᠢᠮᠵᠢᠶ᠎ᠠ᠎ᠳᠤ ᠬᠦᠷᠭᠡᠬᠦ᠎ᠪᠠᠷ ᠲᠥᠯᠥᠪᠯᠡᠵᠦ ᠪᠠᠶ᠋ᠢᠨ᠎ᠠ᠃
《ᠨᠣᠭᠤᠭ᠋ᠠᠷᠠᠭᠤᠯᠤᠯᠲᠠ ᠬᠢᠵᠦ ᠠᠯᠲᠠ ᠪᠤᠯᠭ᠋ᠠᠬᠤ》 ᠠᠵᠢᠯ᠎ᠢ ᠰᠠᠶ᠋ᠢᠲᠤᠷ ᠬᠢᠪᠡ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶ᠋ᠢᠷᠬᠠᠨ ᠮᠥᠨ᠂ ᠭᠡᠪᠡᠴᠦ ᠨᠣᠮᠢᠨ ᠤᠰᠤ ᠬᠥᠬᠡᠮᠳᠦᠭ ᠠᠭᠤᠯᠠ᠎ᠨᠢ ᠠᠶᠠᠨᠳᠠᠭ᠋ᠠᠨ ᠠᠯᠳᠠᠨ ᠠᠭᠤᠯᠠ ᠮᠥᠩᠭᠦᠨ ᠬᠠᠶ᠋ᠢᠷᠬᠠᠨ ᠪᠣᠯᠣᠨ ᠬᠤᠪᠢᠷᠠᠬᠤ ᠦᠭᠡᠢ ᠶᠤᠮ᠂ ᠵᠠᠩᠭᠢᠯᠠᠭ᠎ᠠ᠎ᠨᠢ 《ᠨᠣᠭᠤᠭ᠋ᠠᠷᠠᠭᠤᠯᠤᠯᠲᠠ ᠵᠢ ᠠᠯᠲᠠ ᠪᠤᠯᠭ᠋ᠠᠬᠤ》 ᠴᠢᠳᠠᠪᠤᠷᠢ ᠵᠢ ᠡᠵᠡᠮᠰᠢᠬᠦ᠎ᠳᠤ ᠪᠤᠢ᠃ ᠪᠢᠳᠡ 《ᠠᠯᠳᠠᠨ ᠠᠭᠤᠯᠠ ᠮᠥᠩᠭᠦᠨ ᠬᠠᠶ᠋ᠢᠷᠬᠠᠨ》᠎ᠢ ᠬᠤᠪᠢᠷᠠᠭᠤᠯᠬᠤ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠴᠡᠴᠡᠭ᠂ ᠵᠢᠮᠢᠰ᠂ ᠮᠥᠭᠦ᠂ ᠡᠮ᠂ ᠡᠪᠡᠰᠦ ᠵᠡᠷᠭᠡ ᠣᠨᠴᠠᠯᠢᠭᠲᠤ ᠠᠵᠤ ᠦᠢ᠍ᠯᠡᠰ᠎ᠢ ᠪᠦᠭᠦ ᠬᠦᠴᠦᠨ ᠵᠶ᠋ᠠᠷ ᠵᠶ᠋ᠠᠨ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ 2024 ᠣᠨ᠎ᠳᠤ ᠪᠦᠭᠦ ᠣᠷᠣᠨ᠎ᠤ ᠣᠶ ᠰᠢᠭᠤᠢ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠪᠦᠭᠦ ᠥᠷᠲᠡᠭ 1013 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 16.2% ᠵᠶ᠋ᠠᠷ ᠨᠡᠮᠡᠭᠳᠡᠵᠦ᠂ 《ᠨᠣᠭᠤᠭ᠋ᠠᠷᠠᠭᠤᠯᠤᠯᠲᠠ ᠵᠢᠨ ᠬᠡᠮᠵᠢᠶ᠎ᠡ》 ᠵᠢ ᠳᠡᠭᠡᠭᠰᠢᠯᠡᠭᠦᠯᠦᠭᠰᠡᠨ ᠵᠶ᠋ᠠᠷ ᠪᠠᠷᠠᠬᠤ ᠦᠭᠡᠢ ᠪᠠᠰᠠ 《ᠠᠯᠲᠠᠨ᠎ᠤ ᠠᠭᠤᠯᠤᠭᠳᠠᠴᠠ》 ᠵᠢ ᠨᠡᠮᠡᠭᠳᠡᠭᠦᠯᠪᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠳᠦᠷᠢᠮ᠎ᠢ ᠬᠦᠴᠦᠯᠡᠨ ᠲᠡᠭᠦᠯᠳᠡᠷᠵᠢᠭᠦᠯᠵᠦ᠂ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠦᠷᠢᠨᠰᠢᠭᠦᠯᠵᠦ᠂ ᠪᠣᠬᠢᠷᠳᠤᠯ ᠦᠭᠡᠢ ᠮᠥᠩᠭᠦᠨ ᠭᠦᠢ᠍ᠯᠭᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠪᠣᠬᠢᠷᠳᠤᠯ ᠭᠠᠳᠠᠭᠰᠢᠯᠠᠭᠤᠯᠬᠤ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠶᠡᠬᠡᠪᠡᠷ ᠠᠬᠢᠭᠤᠯᠪᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠷᠢᠶᠡᠯᠡᠩ᠎ᠢ ᠲᠥᠰᠥᠪᠯᠡᠨ ᠪᠠᠶ᠋ᠢᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠨ᠎ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠳᠠᠬᠢ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠵᠢᠨ ᠬᠤᠪᠢᠷᠠᠭᠤᠯᠤᠯᠲᠠ ᠵᠢ ᠬᠦᠴᠦᠯᠡᠨ ᠠᠬᠢᠭᠤᠯᠵᠤ᠂ ᠡᠨᠧᠷᠭᠢ ᠵᠢᠨ ᠬᠤᠷᠣᠭᠳᠠᠭᠤᠯᠤᠯ᠎ᠤᠨ 《ᠬᠤᠶᠠᠷ᠎ᠢ ᠡᠵᠡᠮᠳᠡᠬᠦ》 ᠵᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ 《ᠬᠤᠶᠠᠷ᠎ᠢ ᠡᠵᠡᠮᠳᠡᠬᠦ》 ᠲᠡᠶ᠋ᠢᠰᠢ ᠬᠤᠪᠢᠷᠠᠭᠤᠯᠬᠤ ᠵᠢ ᠠᠬᠢᠭᠤᠯᠪᠠ᠃ ᠨᠡᠭᠦᠷᠡᠰᠦᠲᠥ᠋ᠷᠥᠭᠴᠢ ᠵᠢ ᠬᠤᠷᠠᠮᠳᠤᠭᠤᠯᠬᠤ ᠠᠷᠠᠯᠵᠢᠶ᠎ᠠ ᠵᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ 2022 ᠣᠨ᠎ᠠᠴᠠ ᠨᠠᠭ᠋ᠠᠰᠢ 145 ᠲᠦᠮᠡᠨ ᠲᠣᠨ᠎ᠤ ᠠᠷᠠᠯᠵᠢᠶ᠎ᠠ ᠵᠢ ᠪᠡᠶᠡᠯᠡᠭᠦᠯᠪᠡ᠃
ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠬᠤ᠎ᠨᠢ ᠨᠢᠭᠡ ᠯᠡ ᠡᠳᠦᠷ᠎ᠲᠤ ᠪᠦᠲᠦᠭᠡᠴᠢᠬᠡᠬᠦ ᠶᠠᠪᠤᠳᠠᠯ ᠪᠢᠰᠢ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ᠎ᠨᠢ ᠴᠦ᠍ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠶᠤᠮ᠃ ᠰᠢᠨ᠎ᠡ ᠠᠶᠠᠨ ᠵᠠᠮ᠎ᠳᠤ᠂ ᠪᠢᠳᠡ 《ᠬᠤᠪᠢᠷᠠᠭᠤᠯᠬᠤ》 ᠵᠢ ᠡᠴᠦᠰ᠎ᠲᠤᠨᠢ ᠲᠤᠯᠲᠠᠯ᠎ᠠ ᠬᠢᠵᠦ᠂ ᠲᠡᠰᠪᠦᠷᠢ ᠬᠠᠲᠠᠭᠤᠵᠢᠯᠲᠠᠢ᠎ᠪᠠᠷ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ᠎ᠳᠠᠭᠠᠨ ᠵᠠᠪᠠᠯ ᠬᠦᠷᠬᠦ 《ᠮᠣᠩᠭᠤᠯ ᠮᠣᠷᠢᠨ᠎ᠤ ᠵᠣᠷᠢᠭ ᠰᠠᠨᠠᠭ᠎ᠠ》 ᠪᠣᠯᠣᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠬᠠᠷᠠᠮ ᠦᠭᠡᠢ ᠵᠣᠷᠢᠭᠤᠯᠵᠤ᠂ ᠰᠢᠨᠲᠠᠷᠠᠰᠢ ᠦᠭᠡᠢ ᠴᠢᠷᠮᠠᠶ᠋ᠢᠵᠤ᠂ ᠤᠷᠳᠤ ᠬᠤᠭᠤᠴᠠᠭ᠎ᠠ᠎ᠪᠠᠷ ᠵᠢᠳᠬᠦᠨ ᠴᠢᠷᠮᠠᠶ᠋ᠢᠬᠤ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠭᠡ᠎ᠪᠠᠷ ᠪᠠᠳᠠᠷᠠᠭᠤᠯᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠥᠩᠭᠡ ᠪᠤᠳᠤᠭ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤᠨ᠎ᠳᠤ ᠥᠩᠭᠡ ᠪᠤᠳᠤᠭ ᠨᠡᠮᠡᠷᠢᠯᠡᠬᠦ ᠬᠡᠷᠡᠭᠲᠡᠢ᠃
(ᠤᠭ ᠵᠣᠬᠢᠶᠠᠯ᠎ᠢ 2025 ᠣᠨ᠎ᠤ 11 ᠳ᠋ᠦ᠍ᠭᠡᠷ ᠬᠤᠭᠤᠴᠠᠭ᠎ᠠ ᠵᠢᠨ 《ᠦᠨᠡᠨ》 ᠰᠡᠳᠬᠦᠯ᠎ᠳᠤ ᠨᠡᠶ᠋ᠢᠲᠡᠯᠡᠪᠡ)