ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠵᠤᠯ ᠵᠢᠷᠭᠠᠯᠳᠤ ᠭᠣᠣᠯ ᠮᠥᠷᠡᠡ ᠨᠠᠭᠤᠷ ᠴᠦᠬᠦᠷᠦᠮ᠎ᠨᠢ ᠠᠷᠠᠳ ᠣᠯᠠᠨ᠎ᠤ ᠭᠡᠷ᠎ᠤᠨ ᠡᠭᠦᠳᠡᠨ᠎ᠳᠠᠬᠢ 《ᠬᠦᠰᠡᠯᠡᠩ᠎ᠤᠨ ᠤᠷᠤᠨ》 ᠪᠣᠯᠵᠡᠢ
ᠨᠡᠶ᠋ᠢᠲᠡᠯᠡᠭᠰᠡᠨ ᠴᠠᠭ᠄ 2025-07-21

    ᠵᠣᠨ᠎ᠤ ᠥᠷᠯᠥᠭᠡ ᠵᠢᠨ ᠤᠯᠠᠭᠠᠨᠰᠤᠬᠠᠢ᠎ᠳᠤ ᠭᠠᠯᠠᠭᠤᠳ ᠠᠨᠭᠭᠠᠬᠠᠢ᠎ᠨᠤᠭᠤᠳ ᠵᠶ᠋ᠡᠨ ᠲᠠᠭᠠᠭᠤᠯᠤᠨ᠂ ᠢᠷᠠᠯᠠᠨ ᠴᠠᠢᠯᠵᠠᠬᠤ ᠨᠠᠭᠤᠷ᠎ᠤᠨ ᠳᠤᠯᠬᠢᠶᠠᠨ᠎ᠤ ᠳᠤᠮᠳᠠ ᠵᠢᠷᠭᠠᠯᠳᠠᠢ ᠤᠮᠪᠠᠨ᠎ᠠ; ᠨᠠᠭᠤᠷ᠎ᠤᠨ ᠬᠥᠪᠡᠭᠡᠨ᠎ᠳᠠᠬᠢ ᠬᠤᠯᠤᠰᠤᠨ ᠰᠥᠭᠡᠭ᠎ᠤᠨ ᠣᠢᠷᠠᠯᠴᠠᠭᠠᠬᠢ ᠤᠰᠤᠨ ᠳᠡᠭᠡᠷ᠎ᠡ ᠬᠤᠨ ᠭᠠᠯᠠᠭᠤ ᠡᠵᠢ 《ᠬᠡᠦᠬᠡᠳ ᠵᠶ᠋ᠡᠨ ᠲᠠᠭᠠᠭᠤᠯᠤᠨ ᠨᠠᠷᠠᠨ᠎ᠳᠤ ᠡᠭᠡᠭᠡᠨ᠎ᠠ 》 ᠁ ᠲᠤᠩᠭᠠᠯᠠᠭ ᠴᠠᠩᠬᠡᠷ ᠨᠠᠭᠤᠷ᠎ᠤᠨ ᠤᠰᠤ᠂ ᠵᠢᠷᠭᠠᠯᠳᠠᠢᠬᠠᠨ ᠰᠠᠭᠠᠳᠠᠬᠤ ᠰᠢᠪᠠᠭᠤᠳ᠎ᠤᠨ ᠰᠦᠷᠦᠭ ᠶᠠᠭᠠᠬᠢᠬᠤ ᠵᠢᠨ ᠠᠷᠭ᠎ᠠ ᠦᠬᠡᠢ ᠨᠠᠭᠤᠷ᠎ᠤᠨ ᠬᠦᠪᠡᠭᠡ᠎ᠪᠠᠷ ᠵᠢᠭᠤᠯᠴᠢᠯᠠᠭᠰᠠᠳ᠎ᠤᠨ ᠰᠡᠳᠬᠢᠯ᠎ᠢ ᠲᠠᠳᠠᠨ᠎ᠠ᠃

    《ᠲᠥᠬᠥᠮ ᠵᠶ᠋ᠡᠷ ᠬᠡᠯᠡᠪᠡᠯ᠂ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ ᠪᠣᠯ ᠭᠤᠤᠯ ᠮᠥᠷᠡᠨ ᠨᠠᠭᠤᠷ ᠴᠥᠭᠥᠷᠥᠮ᠎ᠤᠨ ᠲᠣᠰ ᠪᠡᠶ᠎ᠡ ᠵᠢᠨ ᠡᠷᠡᠭᠦᠯ ᠮᠡᠨᠳᠦ ᠵᠢ ᠪᠠᠲᠤᠯᠠᠵᠤ᠂ ᠰᠠᠪᠠ ᠭᠠᠵᠠᠷ ᠪᠠ ᠣᠷᠣᠨ ᠪᠦᠰᠡ ᠵᠢᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭᠵᠢᠯᠲᠡ ᠵᠢ ᠲᠤᠯᠭᠠᠭᠤᠷᠢᠯᠠᠵᠤ᠂ ᠬᠥᠮᠦᠨ ᠤᠰᠤᠨ᠎ᠤ ᠡᠶ᠎ᠡ ᠵᠣᠬᠢᠴᠠᠯ᠎ᠢ ᠢᠯᠡᠷᠡᠭᠦᠯᠵᠦ᠂ ᠰᠠᠪᠠ ᠭᠠᠵᠠᠷ᠎ᠤᠨ ᠠᠷᠠᠳ ᠲᠦᠮᠡᠨ᠎ᠢ ᠳᠡᠭᠡᠳᠦ ᠬᠡᠮᠵᠢᠶᠡᠨ᠎ᠤ ᠠᠮᠤᠷ ᠲᠦᠪᠰᠢᠨ᠎ᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ ᠪᠠ ᠬᠠᠨᠤᠮᠵᠢ᠎ᠲᠠᠢ ᠪᠤᠯᠭᠠᠬᠤ ᠭᠤᠤᠯ ᠮᠥᠷᠡᠨ ᠨᠠᠭᠤᠷ ᠴᠥᠭᠥᠷᠥᠮ᠎ᠢ ᠵᠢᠭᠠᠨ᠎ᠠ᠃ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ᠎ᠨᠢ ᠭᠤᠤᠯ ᠮᠥᠷᠡᠨ᠎ᠤ 〈ᠵᠣᠯ ᠵᠢᠷᠭᠠᠯ〉᠎ᠢ ᠵᠢᠭᠠᠬᠤ᠎ᠪᠠᠷ ᠪᠠᠷᠠᠬᠤ ᠥᠬᠡᠶ᠂ ᠪᠠᠰᠠ ᠭᠤᠤᠯ ᠮᠥᠷᠡᠨ᠎ᠲᠠᠢ ᠨᠢᠭ᠍ᠲᠠ ᠬᠣᠯᠪᠣᠭ᠎ᠠ᠎ᠲᠠᠢ ᠵᠢᠭᠠᠰᠤ᠂ ᠰᠢᠪᠠᠭᠤ᠂ ᠬᠥᠮᠦᠨ ᠵᠣᠯ ᠵᠢᠷᠭᠠᠯ᠎ᠲᠠᠢ᠂ ᠲᠤᠰ ᠲᠤᠰ᠎ᠤᠨ ᠭᠤᠸ᠎ᠠ ᠰᠠᠢᠬᠠᠨ᠎ᠲᠠᠢ᠂ ᠡᠶ᠎ᠡ ᠨᠠᠢᠷᠲᠠᠢ ᠬᠠᠮᠲᠤ ᠤᠷᠤᠰᠢᠬᠤ ᠵᠢ ᠵᠢᠭᠠᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠵᠢᠨ ᠲᠢᠩᠬᠢᠮ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠭᠠᠵᠠᠷ᠎ᠤᠨ ᠳᠡᠳ᠋ ᠳᠠᠷᠤᠭ᠎ᠠ ᠪᠦᠦ ᡁᠢ ᠮᠢᠩ ᠬᠡᠯᠡᠪᠡ᠃

    ᠤᠰᠤ᠎ᠨᠢ ᠲᠠᠩᠳᠠ ᠲᠤᠩᠭᠠᠯᠠᠭ᠂ ᠡᠷᠭᠢ᠎ᠨᠢ ᠲᠠᠩᠳᠠ ᠨᠣᠭᠣᠭᠠᠨ ᠪᠠᠢᠳᠠᠭ ᠵᠶ᠋ᠡᠷ ᠢᠷᠡᠬᠦ ᠰᠢᠪᠠᠭᠤᠳ ᠨᠠᠩ ᠣᠯᠠᠨ᠃ ᠣᠢᠷ᠎ᠠ ᠵᠢᠨ ᠵᠢᠯ᠎ᠠᠴᠠ᠂ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢᠯᠳᠤᠬᠤ ᠪᠤᠳᠤᠯᠭ᠎ᠠ ᠵᠢᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠤᠨ ᠪᠦᠳᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠭᠠᠵᠠᠷ ᠪᠣᠯᠭᠠᠨ᠎ᠳᠤ ᠤᠰᠤᠨ᠎ᠤ ᠦᠵᠡᠮᠵᠢ᠎ᠲᠠᠢ᠂ ᠬᠡᠵᠢᠶ᠎ᠡ ᠴᠤ᠌ ᠬᠡᠰᠡᠨ ᠭᠤᠶᠤ ᠦᠵᠡᠮᠵᠢ᠎ᠲᠠᠢ ᠪᠤᠯᠵᠠᠢ᠃

    ᠥᠪᠥᠷ ᠮᠣᠩᠭᠣᠯ ᠬᠠᠷᠢᠶ᠎ᠠ ᠤᠷᠤᠨ᠎ᠳᠠᠬᠢ 5 ᠶᠡᠬᠡ ᠭᠤᠤᠯᠳᠠᠯᠭ᠎ᠠ᠎ᠲᠠᠢ ᠰᠠᠪᠠ ᠭᠠᠵᠠᠷ᠎ᠲᠤ ᠲᠤᠬᠠᠶ ᠵᠢᠨ ᠭᠠᠵᠠᠷ᠎ᠤᠨ ᠪᠠᠢᠳᠠᠯ᠎ᠳᠤᠨᠢ ᠲᠣᠬᠢᠷᠠᠭᠤᠯᠤᠨ ᠤᠰᠤᠨ᠎ᠤ ᠠᠮᠢ ᠠᠬᠤᠶ᠂ ᠤᠰᠤᠨ᠎ᠤ ᠡᠬᠢ ᠪᠠᠶᠠᠯᠢᠭ᠋᠂ ᠤᠰᠤᠨ᠎ᠤ ᠣᠷᠴᠢᠨ ᠲᠣᠭᠣᠷᠢᠨ ᠵᠡᠷᠭᠡ ᠬᠦᠴᠦᠨ ᠵᠦᠢᠯ᠎ᠢ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠵᠶ᠋ᠠᠷ ᠭᠤᠤᠯ ᠪᠣᠯᠭᠠᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭᠠᠰᠬᠠᠬᠤ ᠪᠠ ᠠᠮᠢ ᠠᠬᠤᠶ ᠵᠢᠨ ᠪᠠᠭᠲᠠᠭᠠᠮᠵᠢ ᠵᠢ ᠥᠷᠭᠡᠳᠭᠡᠬᠦ ᠬᠣᠶᠠᠷ ᠲᠠᠯ᠎ᠠ᠎ᠪᠠᠷ ᠬᠦᠴᠦᠯᠡᠵᠦ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠋᠎ᠢ ᠨᠡᠮᠡᠭᠳᠡᠭᠦᠯᠪᠡ᠃

   ᠥᠪᠥᠷ ᠮᠣᠩᠭᠣᠯ ᠬᠠᠲᠤᠨ ᠭᠤᠤᠯ᠂ ᠪᠠᠷᠠᠭᠤᠨ ᠯᠢᠶᠣᠤᠾᠧ ᠭᠤᠤᠯ ᠵᠡᠷᠭᠡ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠪᠠ ᠰᠡᠷᠭᠦᠭᠡᠨ ᠵᠠᠰᠠᠬᠤ ᠡᠷᠴᠢᠮ ᠵᠶ᠋ᠡᠨ ᠲᠠᠰᠤᠷᠠᠯᠲᠠ ᠥᠬᠡᠶ ᠴᠢᠩᠭᠠᠷᠠᠭᠤᠯᠵᠤ᠂ ᠲᠠᠷᠢᠶᠠᠯᠠᠬᠤ ᠵᠢ ᠵᠣᠭᠰᠣᠭᠠᠵᠤ ᠡᠪᠡᠰᠦ ᠪᠡᠯᠴᠢᠭᠡᠷ ᠨᠤᠭᠤ ᠭᠠᠵᠠᠷ᠎ᠢ ᠰᠡᠷᠭᠦᠭᠡᠬᠦ᠂ ᠤᠰᠤᠨ ᠲᠠᠷᠢᠶ᠎ᠠ ᠵᠢ ᠬᠠᠭᠤᠷᠠᠶ ᠲᠠᠷᠢᠶ᠎ᠠ ᠪᠣᠯᠭᠠᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ᠎ᠢ ᠬᠡᠷᠡᠭᠵᠢᠭᠦᠯᠬᠦ ᠵᠢ ᠠᠬᠢᠭᠤᠯᠵᠤ᠂ ᠤᠰᠤ ᠰᠢᠷᠣᠶ ᠵᠢᠨ ᠢᠳᠡᠭᠳᠡᠯ᠎ᠢ ᠵᠠᠰᠠᠬᠤ ᠪᠠ ᠪᠣᠬᠢᠷᠲᠤᠯ᠎ᠢ ᠵᠠᠰᠠᠬᠤ᠎ᠪᠠᠨ ᠴᠢᠩᠭᠠᠳᠬᠠᠵᠤ᠂ ᠤᠰᠤᠨ᠎ᠤ ᠡᠬᠢ ᠰᠤᠷᠪᠤᠯᠵᠢ ᠵᠢ ᠬᠠᠳᠠᠭᠠᠯᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠰᠠᠪᠠ ᠭᠠᠵᠠᠷ᠎ᠤᠨ ᠠᠮᠢ ᠠᠬᠤᠶ ᠵᠢᠨ ᠬᠣᠩᠭᠢᠯ᠎ᠢ ᠢᠳᠡᠪᠬᠢᠲᠡᠶ ᠪᠥᠲᠥᠭᠡᠨ ᠪᠠᠢᠭᠤᠯᠵᠤ᠂ ᠰᠠᠪᠠ ᠭᠠᠵᠠᠷ᠎ᠤᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭᠵᠢᠯᠲᠡ ᠵᠢ ᠠᠬᠢᠭᠤᠯᠪᠠ᠃ ᠬᠠᠲᠤᠨ ᠭᠤᠤᠯ᠎ᠤᠨ ᠰᠠᠪᠠ ᠭᠠᠵᠠᠷ᠎ᠲᠤ᠂ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠪᠥᠬᠥ ᠲᠠᠯ᠎ᠠ᠎ᠪᠠᠷ᠂ ᠪᠦᠬᠦᠯᠢ ᠴᠣᠭᠴᠠ ᠵᠢᠨ ᠴᠢᠨᠠᠷᠲᠠᠶ ᠬᠠᠮᠠᠭᠠᠯᠠᠬᠤ᠎ᠪᠠᠷ ᠬᠠᠷᠠᠯᠲᠠ ᠪᠣᠯᠭᠠᠵᠤ᠂ ᠤᠰᠤᠨ᠎ᠤ ᠡᠬᠢ ᠪᠠᠶᠠᠯᠢᠭ᠋᠎ᠢ ᠬᠠᠮᠤᠭ᠎ᠤᠨ ᠬᠠᠲᠠᠭᠤ ᠴᠢᠩᠭ᠎ᠠ ᠬᠢᠵᠠᠭᠠᠷᠯᠠᠯ ᠪᠣᠯᠭᠠᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠤᠤᠯ ᠪᠣᠯᠬᠤ ᠰᠠᠯᠪᠤᠷᠢ ᠤᠷᠤᠰᠬᠠᠯ᠂ ᠨᠠᠭᠤᠷ ᠴᠥᠭᠥᠷᠥᠮ᠎ᠤᠨ ᠤᠰᠤᠨ᠎ᠤ ᠣᠷᠴᠢᠨ ᠲᠣᠭᠣᠷᠢᠨ᠎ᠢ ᠵᠠᠰᠠᠬᠤ ᠪᠠ ᠤᠰᠤᠨ᠎ᠤ ᠠᠮᠢ ᠠᠬᠤᠶ ᠵᠢᠨ ᠰᠢᠰᠲᠧᠮ᠎ᠢ ᠬᠠᠮᠠᠭᠠᠯᠠᠨ ᠰᠡᠷᠭᠦᠭᠡᠬᠦ ᠵᠢ ᠥᠷᠨᠢᠭᠦᠯᠪᠡ᠃ ᠬᠠᠲᠤᠨ ᠭᠤᠤᠯ᠎ᠤᠨ ᠭᠤᠤᠯ᠎ᠤᠨ ᠲᠠᠩ᠎ᠤᠨ ᠣᠷᠣᠨ᠎ᠤ ᠰᠠᠭᠤᠭᠠᠯᠢ ᠠᠷᠠᠳ᠎ᠢ ᠨᠡᠭᠦᠯᠭᠡᠨ ᠪᠠᠢᠭᠤᠯᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ 2021 ᠣᠨ᠎ᠠᠴᠠ ᠨᠠᠭᠠᠰᠢ ᠨᠡᠢᠲᠡ 1687 ᠡᠷᠦᠬᠡ᠂ 4213 ᠬᠥᠮᠦᠨ᠎ᠢ ᠨᠡᠭᠦᠯᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠭᠤᠤᠯ᠎ᠤᠨ ᠲᠠᠩ᠎ᠤᠨ ᠣᠷᠣᠨ᠎ᠤ ᠰᠠᠭᠤᠭᠠᠯᠢ ᠠᠷᠠᠳ᠎ᠢ ᠨᠡᠭᠦᠯᠭᠡᠨ ᠪᠠᠢᠭᠤᠯᠬᠤ ᠡᠭᠦᠷᠭᠡ ᠵᠢ 2 ᠵᠢᠯ ᠤᠷᠢᠳᠴᠢᠯᠠᠨ ᠪᠡᠶᠡᠯᠡᠭᠦᠯᠪᠡ᠃ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠲᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤᠾᠧ ᠭᠤᠤᠯ᠎ᠤᠨ ᠤᠷᠤᠨ᠎ᠢ ᠲᠤᠰᠠᠯᠠᠬᠤ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠶ ᠪᠣᠯᠤᠨ ᠤᠰᠤ ᠬᠡᠷᠡᠭᠯᠡᠬᠦ ᠬᠡᠮᠵᠢᠶ᠎ᠡ ᠵᠢ ᠴᠢᠩᠭ᠎ᠠ ᠬᠢᠵᠠᠭᠠᠷᠯᠠᠨ᠂ ᠤᠷᠤᠰᠬᠠᠯ ᠲᠠᠰᠤᠷᠠᠭᠰᠠᠨ ᠭᠣᠣᠯ᠎ᠤᠨ ᠬᠡᠰᠡᠭ᠎ᠲᠤ 《ᠤᠰᠤ᠎ᠲᠠᠢ ᠪᠣᠯᠭᠠᠬᠤ》ᠬᠠᠷᠠᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠪᠡ᠃ 2025 ᠣᠨ᠎ᠤ 4 ᠰᠠᠷ᠎ᠠ᠎ᠳᠤ᠂ ᠤᠷᠤᠰᠬᠠᠯ ᠲᠠᠰᠤᠷᠠᠭᠠᠳ 27 ᠵᠢᠯ ᠪᠣᠯᠤᠭᠰᠠᠨ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ ᠠᠩᠬ᠎ᠠ ᠤᠳᠠᠭ᠎ᠠ 403 ᠺᠢᠯᠣᠮᠧᠲᠷ᠎ᠤᠨ ᠪᠦᠬᠦ ᠱᠤᠭᠤᠮ ᠵᠶ᠋ᠠᠷ ᠤᠷᠤᠰᠤᠨ ᠥᠩᠭᠡᠷᠡᠬᠦ ᠵᠢ ᠪᠡᠶᠡᠯᠡᠭᠦᠯᠵᠦ᠂ ᠡᠵᠢ ᠭᠣᠣᠯ ᠲᠠᠬᠢᠨ ᠰᠢᠨ᠎ᠡ ᠠᠮᠢᠯᠠᠯ ᠵᠶ᠋ᠠᠨ ᠣᠯᠵᠤ᠂ ᠤᠷᠤᠰᠬᠠᠯ ᠤᠰᠤ ᠰᠠᠪᠠ ᠭᠠᠵᠠᠷ᠎ᠲᠤ ᠰᠢᠨ᠎ᠡ ᠠᠮᠢᠵᠢᠷᠠᠯ᠎ᠤᠨ ᠬᠦᠴᠦᠨ ᠠᠪᠴᠢᠷᠠᠵᠤ᠂ ᠭᠣᠣᠯ ᠳᠠᠭᠠᠤ ᠵᠢᠨ ᠠᠷᠠᠳ ᠲᠦᠮᠡᠨ ᠪᠠᠶᠠᠷᠯᠠᠨ ᠵᠣᠷᠢᠭ᠍ᠵᠢᠪᠠ᠂ ᠡᠨᠡ ᠪᠣᠯ ᠥᠪᠥᠷ ᠮᠣᠩᠭᠣᠯ᠎ᠤᠨ ᠵᠣᠯ ᠵᠢᠷᠭᠠᠯᠲᠤ ᠭᠣᠣᠯ ᠮᠦᠷᠡᠨ ᠨᠠᠭᠤᠷ ᠴᠦᠬᠦᠷᠦᠮ᠎ᠤᠨ ᠪᠦᠳᠦᠭᠡᠨ ᠪᠠᠢᠭᠤᠯᠤᠯᠲᠠ ᠵᠢᠨ ᠨᠢᠭᠡᠨ ᠬᠤᠷᠢᠶᠠᠩᠭᠤᠢ ᠳᠦᠷᠰᠦ ᠪᠣᠯᠤᠨ᠎ᠠ᠃

    ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ ᠵᠶ᠋ᠡᠷ ᠴᠢᠬᠤᠯᠠ ᠭᠠᠷᠳᠡᠴᠡ ᠪᠣᠯᠭᠠᠵᠤ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭᠵᠢᠭᠦᠯᠪᠡ᠂ ᠥᠪᠥᠷ ᠮᠣᠩᠭᠣᠯ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠨᠠᠢᠳᠠᠪᠤᠷᠢᠵᠢᠭᠤᠯᠬᠤ ᠵᠢ ᠠᠮᠢ ᠠᠬᠤᠶ ᠵᠢᠨ ᠪᠣᠯᠪᠠᠰᠤᠨ᠎ᠤ ᠪᠠᠢᠭᠤᠯᠤᠯᠲᠠ ᠵᠢ ᠠᠬᠢᠭᠤᠯᠬᠤ ᠴᠢᠬᠤᠯᠠ ᠠᠭᠤᠯᠭ᠎ᠠ ᠪᠠ ᠬᠦᠴᠦᠲᠡᠶ ᠠᠷᠭ᠎ᠠ ᠬᠡᠮᠵᠢᠶ᠎ᠡ ᠪᠣᠯᠭᠠᠬᠤ ᠵᠢ ᠪᠠᠷᠢᠮᠲᠠᠯᠠᠵᠤ᠂ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ᠎ᠤᠨ ᠪᠥᠲᠥᠭᠡᠨ ᠪᠠᠢᠭᠤᠯᠤᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠡᠭ᠎ᠠ ᠲᠣᠰᠭ᠋ᠣᠨ᠎ᠢ ᠬᠠᠮᠤᠷᠤᠭᠰᠠᠨ ᠲᠠᠪᠤᠨ ᠱᠠᠲᠤᠨ᠎ᠤ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠬᠠᠮᠢᠶᠠᠷᠤᠯᠲᠠ ᠵᠢᠨ ᠰᠢᠰᠲᠧᠮ᠎ᠢ ᠪᠦᠷᠢᠯᠳᠦᠭᠦᠯᠵᠦ᠂ ᠭᠤᠤᠯ ᠮᠥᠷᠡᠨ᠂ ᠨᠠᠭᠤᠷ ᠴᠥᠭᠥᠷᠥᠮ ᠨᠢᠭᠡ ᠪᠦᠷᠢ᠎ᠳᠤ 《ᠬᠠᠮᠢᠶᠠᠷᠬᠤ ᠬᠥᠮᠦᠨ᠎ᠲᠠᠢ᠂ ᠬᠠᠮᠢᠶᠠᠷᠴᠤ ᠳᠡᠢᠯᠬᠦ᠂ ᠰᠠᠢᠲᠤᠷ ᠬᠠᠮᠢᠶᠠᠷᠬᠤ》ᠵᠢ ᠦᠨᠡᠨ ᠬᠦ᠌ ᠪᠠᠲᠤᠯᠠᠪᠠ᠃

    《ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠦᠭᠰᠡᠨ᠎ᠠᠴᠠ ᠨᠠᠭᠠᠰᠢ᠂ ᠥᠪᠥᠷ ᠮᠣᠩᠭᠣᠯ ᠨᠡᠢᠲᠡ 1.4 ᠲᠦᠮᠡ ᠭᠠᠷᠤᠢ ᠭᠣᠣᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠢ ᠴᠡᠪᠡᠷᠯᠡᠨ ᠴᠡᠭᠴᠡᠯᠡᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠦᠷᠰᠦ ᠪᠠᠢᠳᠠᠯ᠎ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ》ᠭᠡᠵᠦ ᠪᠦᠦ ᡁᠢ ᠮᠢᠩ ᠬᠡᠯᠡᠪᠡ᠃

    《ᠵᠢᠵᠢᠭ ᠬᠣᠭᠣᠯᠠᠨ ᠭᠡᠷ᠎ᠤᠨ᠎ᠬᠢᠨ ᠤᠬᠢᠶᠠᠳᠠᠰᠤ᠎ᠪᠠᠨ ᠲᠠᠯᠳᠠᠭᠤᠷ ᠨᠢᠭᠤᠨ ᠴᠢᠳᠬᠤᠵᠤ ᠂ ᠬᠣᠭ ᠨᠣᠪᠰᠢ᠎ᠪᠠᠨ ᠳᠤᠷ᠎ᠠ᠎ᠪᠠᠷ ᠵᠢᠡᠨ ᠬᠠᠶᠠᠭᠰᠠᠨ ᠴᠤ᠌ ᠲᠡᠷᠡ᠂ ᠡᠰᠡᠬᠦᠯ᠎ᠡ ᠵᠠᠷᠢᠮ ᠬᠥᠮᠦᠨ ᠭᠣᠣᠯ᠎ᠤᠨ ᠬᠥᠪᠡᠭᠡᠨ᠎ᠳᠤ ᠵᠠᠮ᠎ᠢ ᠡᠵᠡᠯᠡᠨ ᠡᠵᠡᠩᠨᠡᠯᠲᠡ ᠬᠢᠵᠦ᠂ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠭ᠍ᠰᠠᠨ ᠴᠤ᠌ ᠲᠡᠷᠡ᠂ ᠠᠰᠠᠭᠤᠳᠠᠯ᠎ᠢ ᠢᠯᠡᠷᠡᠬᠦᠯᠪᠡᠯ ᠪᠢᠳᠡ ᠴᠥᠮ ᠡᠴᠦᠰ᠎ᠲᠤᠨᠢ ᠲᠤᠯᠲᠠᠯ᠎ᠠ ᠪᠠᠢᠴᠠᠭᠠᠨ᠎ᠠ》 ᠭᠡᠵᠦ ᠬᠥᠬᠡᠬᠣᠲᠠ ᠵᠢᠨ ᠰᠠᠢᠬᠠᠨ ᠲᠣᠭᠣᠷᠢᠭ᠋᠎ᠤᠨ ᠤᠰᠤᠨ᠎ᠤ ᠡᠬᠢ ᠪᠠᠶᠠᠯᠢᠭ᠋ ᠪᠣᠯᠤᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠠᠭᠠᠯᠠᠯᠲᠠ ᠵᠢᠨ ᠲᠥᠪ᠎ᠤᠨ ᠡᠷᠬᠢᠯᠡᠭᠴᠢ ᠯᠢ ᠯᠢ ᠵᠢᠶᠦ᠋ᠨ ᠬᠡᠯᠡᠪᠡ᠃

    《ᠳᠤᠷ᠎ᠠ ᠎ᠪᠠᠷ ᠵᠶ᠋ᠠᠨ ᠡᠵᠡᠯᠡᠬᠦ᠂ ᠳᠤᠷ᠎ᠠ ᠎ᠪᠠᠷ ᠵᠶ᠋ᠠᠨ ᠮᠠᠯᠲᠠᠬᠤ᠂ ᠳᠤᠷ᠎ᠠ᠎ᠪᠠᠷ ᠵᠶ᠋ᠠᠨ ᠣᠪᠣᠭᠠᠯᠠᠬᠤ᠂ ᠳᠤᠷ᠎ᠠ ᠎ᠪᠠᠷ ᠵᠶ᠋ᠠᠨ ᠪᠠᠢᠭᠤᠯᠬᠤ》ᠵᠡᠷᠭᠡ《ᠳᠦᠷᠪᠡᠨ ᠳᠤᠷ᠎ᠠ᠎ᠪᠠᠷ ᠵᠶ᠋ᠠᠨ》ᠪᠠᠢᠬᠤ ᠠᠰᠠᠭᠤᠳᠠᠯ ᠪᠣᠯ ᠭᠣᠣᠯ ᠮᠥᠷᠡᠨ ᠨᠠᠭᠤᠷ ᠴᠦᠬᠦᠷᠦᠮ᠎ᠢ ᠵᠠᠰᠠᠬᠤ ᠠᠵᠢᠯ᠎ᠤᠨ《ᠠᠷᠬᠠᠭ ᠬᠡᠮ》ᠪᠣᠯᠤᠭᠰᠠᠭᠠᠷ ᠢᠷᠡᠵᠠᠢ᠃ ᠭᠤᠤᠯ ᠮᠥᠷᠡᠨ ᠨᠠᠭᠤᠷ ᠴᠥᠭᠥᠷᠥᠮ᠎ᠤᠨ 《ᠳᠦᠷᠪᠡᠨ ᠳᠤᠷ᠎ᠠ᠎ᠪᠠᠷ ᠵᠶ᠋ᠠᠨ ᠪᠠᠢᠬᠤ ᠵᠢ ᠠᠷᠢᠯᠭᠠᠬᠤ》ᠵᠢ ᠪᠠᠢᠩᠭᠤᠵᠢᠭᠤᠯᠤᠨ ᠵᠢᠷᠤᠮᠵᠢᠭᠤᠯᠬᠤ ᠵᠢ ᠭᠦᠨᠵᠡᠭᠡᠶ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ ᠵᠢᠯ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠭᠤᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭᠠᠯᠠᠯᠲᠠ ᠵᠢᠨ 《ᠬᠠᠪᠤᠷ᠎ᠤᠨ ᠤᠯᠠᠷᠢᠯ᠎ᠤᠨ ᠠᠵᠢᠯᠯᠠᠭ᠎ᠠ》᠂《ᠨᠠᠮᠤᠷ᠎ᠤᠨ ᠤᠯᠠᠷᠢᠯ᠎ᠤᠨ ᠠᠵᠢᠯᠯᠠᠭ᠎ᠠ》 ᠵᠢ ᠵᠣᠬᠢᠶᠠᠨ ᠪᠠᠢᠭᠤᠯᠤᠨ ᠥᠷᠨᠢᠭᠦᠯᠵᠦ ᠪᠣᠶ᠃

    ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠤᠰᠤᠨ᠎ᠤ ᠡᠬᠢ ᠪᠠᠶᠠᠯᠢᠭ᠋᠎ᠤᠨ ᠲᠤᠬᠠᠢ ᠴᠢᠩᠭ᠎ᠠ ᠬᠢᠵᠠᠭᠠᠷᠯᠠᠯ᠎ᠢ ᠲᠠᠰᠤᠷᠠᠯᠲᠠ ᠥᠬᠡᠶ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭᠵᠢᠯᠲᠡ᠎ᠳᠤ ᠨᠠᠩ ᠨᠠᠢᠳᠠᠪᠤᠷᠢᠲᠠᠶ ᠤᠰᠤᠨ᠎ᠤ ᠠᠮᠤᠷ ᠲᠦᠪᠰᠢᠨ᠎ᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ᠎ᠪᠠᠷ ᠴᠢᠷᠮᠠᠢᠪᠠ᠃

    ᠥᠪᠥᠷ ᠮᠣᠩᠭᠣᠯ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠬᠤᠤᠰ ᠡᠵᠡᠮᠳᠡᠯ᠎ᠤᠨ ᠵᠢᠭᠠᠯᠲᠠ ᠲᠣᠭ᠎ᠠ ᠵᠢ ᠱᠠᠲᠤ ᠳᠠᠷᠠᠭᠠᠯᠠᠨ ᠵᠠᠳᠠᠯᠵᠤ᠂ ᠳᠠᠭᠠᠭᠠᠴᠡ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠢ ᠵᠥᠪᠰᠢᠶᠡᠷᠡᠬᠦ ᠲᠤᠬᠠᠢ ᠬᠢᠨᠠᠨ ᠵᠥᠪᠰᠢᠶᠡᠷᠡᠬᠦ ᠵᠢ ᠬᠢᠵᠠᠭᠠᠷᠯᠠᠬᠤ ᠵᠢ ᠬᠡᠷᠡᠭᠵᠢᠭᠦᠯᠵᠦ᠂ 0.96 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠰᠤᠯᠠ ᠪᠠᠢᠭ᠎ᠠ ᠤᠰᠤᠨ᠎ᠤ ᠵᠢᠭᠠᠯᠲᠠ ᠲᠣᠭ᠎ᠠ ᠵᠢ ᠪᠦᠬᠦᠨ᠎ᠢ ᠰᠢᠨ᠎ᠡ᠎ᠪᠠᠷ ᠳᠣᠭᠢᠷᠠᠭᠤᠯᠬᠤ ᠵᠢᠨ ᠬᠠᠮᠲᠤ ᠦᠷ᠎ᠡ ᠠᠰᠢᠭ᠋᠎ᠢ᠎ᠨᠢ ᠪᠠᠳᠠᠷᠠᠭᠤᠯᠬᠤ ᠪᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋ ᠵᠶ᠋ᠠᠨ ᠨᠡᠮᠡᠭᠳᠡᠭᠦᠯᠬᠦ᠎ᠪᠠᠷ ᠭᠣᠣᠯᠳᠠᠯᠭ᠎ᠠ ᠪᠣᠯᠭᠠᠵᠤ᠂ 《ᠨᠢᠭᠡ ᠠᠢᠮᠠᠭ (ᠬᠣᠲᠠ)᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》᠎ᠪᠠᠷ 《ᠶᠡᠬᠡ ᠤᠰᠤ᠎ᠪᠠᠷ ᠨᠠᠯᠤᠢᠲᠠᠯ᠎ᠠ ᠤᠰᠤᠯᠠᠬᠤ》 ᠠᠰᠠᠭᠤᠳᠠᠯ᠎ᠢ ᠰᠢᠢᠳᠪᠦᠷᠢᠯᠡᠪᠠ᠃ ᠪᠦᠬᠦ ᠣᠷᠣᠨ᠎ᠤ 89 ᠬᠣᠰᠢᠭᠤ ᠰᠢᠶᠠᠨ (ᠬᠣᠲᠠ᠂ ᠲᠣᠭᠣᠷᠢᠭ᠋) ᠤᠰᠤ ᠠᠷᠪᠢᠯᠠᠬᠤ ᠬᠡᠯᠪᠡᠷᠢ ᠵᠢᠨ ᠨᠡᠢᠭᠡᠮ᠎ᠤᠨ ᠪᠠᠢᠭᠤᠯᠤᠯᠲᠠ ᠵᠢᠨ ᠪᠠᠷᠢᠮᠵᠢᠶ᠎ᠠ᠎ᠳᠤ ᠬᠦᠷᠴᠦ᠂ ᠪᠠᠢᠭᠤᠯᠤᠭᠰᠠᠨ ᠨᠣᠷᠮ᠎ᠠ᠎ᠨᠢ 86.4% ᠪᠣᠯᠪᠠ᠃ ᠤᠰᠤ ᠠᠷᠪᠢᠯᠠᠬᠤ ᠬᠡᠯᠪᠡᠷᠢ ᠵᠢᠨ ᠶᠡᠬᠡ ᠳᠡᠭᠡᠳᠦ ᠰᠤᠷᠭᠠᠭᠤᠯᠢ ᠵᠢ 47 ᠪᠠᠢᠭᠤᠯᠵᠤ᠂ ᠪᠠᠢᠭᠤᠯᠤᠭᠰᠠᠨ ᠨᠣᠷᠮ᠎ᠠ᠎ᠨᠢ 88.7%᠎ᠳᠤ ᠬᠥᠷᠪᠡ᠃ ᠤᠰᠤ ᠠᠷᠪᠢᠯᠠᠬᠤ ᠬᠡᠯᠪᠡᠷᠢ ᠵᠢᠨ ᠠᠵᠤ ᠠᠬᠤᠢᠯᠠᠯ᠎ᠤᠨ ᠪᠦᠲᠦᠭᠡᠨ ᠪᠠᠢᠭᠤᠯᠤᠯᠲᠠ ᠵᠢ ᠶᠡᠬᠡ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ 20 ᠤᠰᠤ ᠠᠷᠪᠢᠯᠠᠬᠤ ᠬᠡᠪ ᠳᠠᠭᠤᠷᠢᠶᠠᠯᠳᠤ ᠠᠵᠤ ᠠᠬᠤᠢᠯᠠᠯ᠂ 85 ᠤᠰᠤ ᠠᠷᠪᠢᠯᠠᠬᠤ ᠬᠡᠯᠪᠡᠷᠢ ᠵᠢᠨ ᠠᠵᠤ ᠠᠬᠤᠢᠯᠠᠯ᠂ 10 ᠤᠰᠤ ᠠᠷᠪᠢᠯᠠᠬᠤ ᠬᠡᠯᠪᠡᠷᠢ ᠵᠢᠨ ᠬᠦᠷᠢᠶᠡᠯᠡᠩ ᠲᠣᠭᠣᠷᠢᠭ᠋᠎ᠢ ᠪᠠᠢᠭᠤᠯᠪᠠ᠃

    ᠤᠰᠤᠨ᠎ᠤ ᠬᠡᠮᠵᠢᠶ᠎ᠡ ᠵᠢ ᠪᠠᠲᠤᠯᠠᠬᠤ᠎ᠪᠠᠷ ᠪᠠᠷᠠᠬᠤ ᠦᠭᠡᠢ᠂ ᠤᠰᠤᠨ᠎ᠤ ᠴᠢᠨᠠᠷ᠎ᠢ ᠴᠤ᠌ ᠪᠠᠲᠤᠯᠠᠬᠤ ᠬᠡᠷᠡᠭᠲᠡᠶ᠃ ᠥᠪᠥᠷ ᠮᠣᠩᠭᠣᠯ᠎ᠤᠨ ᠬᠣᠲᠠ ᠪᠠᠯᠭᠠᠰᠤ ᠵᠢᠨ ᠪᠣᠬᠢᠷ ᠤᠰᠤ ᠵᠢ ᠰᠢᠢᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠬᠣᠲᠠ ᠪᠠᠯᠭᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠰᠢᠢᠳᠪᠦᠷᠢᠯᠡᠬᠦ ᠦᠢᠯᠡᠳᠪᠦᠷᠢ ᠴᠥᠮ ᠨᠢᠭᠡᠳᠦᠭᠡᠷ ᠳᠡᠰ᠎ᠤᠨ A ᠭᠠᠳᠠᠭᠰᠢᠯᠠᠭᠤᠯᠤᠯᠲᠠ ᠵᠢᠨ ᠪᠠᠷᠢᠮᠵᠢᠶ᠎ᠠ᠎ᠳᠤ ᠬᠦᠷᠴᠦ᠂ ᠪᠣᠬᠢᠷ ᠤᠰᠤ ᠵᠢ ᠰᠢᠢᠳᠪᠦᠷᠢᠯᠡᠬᠦ ᠪᠠᠷᠢᠮᠵᠢᠶ᠎ᠠ᠎ᠳᠤ ᠬᠦᠷᠦᠭᠰᠡᠨ ᠨᠣᠷᠮ᠎ᠠ 97.92% ᠪᠣᠯᠪᠠ᠃

    ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠵᠢᠨ ᠨᠠᠭᠤᠷ ᠵᠡᠷᠭᠡ ᠲᠠᠯ᠎ᠠ ᠨᠤᠲᠤᠭ᠎ᠤᠨ 《ᠬᠡᠷᠡᠯᠳᠤ ᠰᠤᠪᠤᠳ》᠎ᠢ ᠬᠠᠮᠠᠭᠠᠯᠠᠬᠤ ᠵᠢᠨ ᠲᠥᠯᠥᠭᠡ᠂ ᠥᠪᠥᠷ ᠮᠣᠩᠭᠣᠯ 《ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠵᠢᠨ ᠨᠠᠭᠤᠷ》 ᠵᠡᠷᠬᠡ ᠭᠤᠷᠪᠠᠨ ᠨᠠᠭᠤᠷ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠵᠦ᠂ ᠬᠥᠯᠥᠨ ᠨᠠᠭᠤᠷ᠎ᠤᠨ ᠲᠠᠯᠠᠪᠠᠶ 2242.3 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠵᠦᠶ ᠵᠣᠬᠢᠰᠲᠠᠶ ᠣᠷᠣᠨ ᠵᠠᠶ᠎ᠳᠤ ᠲᠣᠭᠲᠠᠭᠤᠨ ᠪᠠᠢᠬᠤ ᠵᠢ ᠪᠠᠲᠤᠯᠠᠪᠠ᠃ ᠤᠯᠠᠭᠠᠨᠰᠤᠬᠠᠢ ᠵᠢᠨ 2024 ᠣᠨ᠎ᠳᠤ ᠠᠮᠢ ᠠᠬᠤᠶ ᠵᠢᠨ ᠤᠰᠤ ᠵᠢ ᠨᠦᠬᠦᠪᠦᠷᠢᠯᠡᠭᠰᠡᠨ ᠬᠡᠮᠵᠢᠶ᠎ᠡ 3.76 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠤᠰᠤᠨ᠎ᠤ ᠲᠠᠯᠠᠪᠠᠶ ᠵᠢ 293 ᠲᠡᠭᠰᠢ ᠳᠥᠷᠪᠡᠯᠵᠢᠨ ᠺᠢᠯᠣᠮᠧᠲᠷ᠎ᠲᠤ ᠲᠣᠭᠲᠠᠪᠤᠷᠢᠵᠢᠭᠤᠯᠪᠠ᠃ 2024 ᠣᠨ᠎ᠳᠤ ᠲᠠᠭ᠎ᠠ ᠵᠢᠨ ᠨᠠᠭᠤᠷ᠎ᠤᠨ ᠠᠮᠢ ᠠᠬᠤᠶ ᠵᠢᠨ ᠤᠰᠤ ᠵᠢ ᠨᠥᠬᠥᠪᠥᠷᠢᠯᠡᠭᠰᠡᠨ ᠬᠡᠮᠵᠢᠶ᠎ᠡ 2326 ᠲᠦᠮᠡᠨ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠲᠠᠯᠠᠪᠠᠶ᠎ᠨᠢ 47.3 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠡᠶ᠃

   2023 ᠣᠨ᠎ᠳᠤ᠂ ᠪᠤᠷᠤᠳᠤᠬᠤᠢ ᠵᠢᠨ ᠤᠰᠤᠯᠠᠯᠳᠠ ᠵᠢᠨ ᠬᠡᠰᠡᠭ᠎ᠲᠠᠬᠢ ᠬᠠᠳᠤᠨ ᠭᠤᠤᠯ᠎ᠨᠢ ᠪᠥᠬᠥ ᠤᠯᠤᠰ᠎ᠤᠨ ᠬᠣᠶᠠᠳᠤᠭᠠᠷ ᠬᠤᠭᠤᠴᠠᠭᠠᠨ᠎ᠤ 《ᠬᠠᠮᠤᠭ᠎ᠤᠨ ᠭᠣᠶᠣ᠌ ᠨᠤᠲᠤᠭ᠎ᠤᠨ ᠭᠤᠤᠯ》ᠵᠢᠡᠷ ᠰᠣᠩᠭᠣᠭᠳᠠᠵᠤ᠂ ᠬᠢᠩᠭᠠᠨ ᠠᠢᠮᠠᠭ᠎ᠤᠨ ᠬᠠᠯᠬ᠎ᠠ ᠭᠤᠤᠯ᠂ ᠣᠷᠳᠣᠰ ᠬᠣᠲᠠ ᠵᠢᠨ ᠰᠢᠷ᠎ᠠ ᠤᠰᠤᠨ ᠭᠤᠤᠯ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠥᠷᠥᠮ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ; 2024 ᠣᠨ᠎ᠳᠤ᠂ ᠤᠯᠠᠭᠠᠨᠮᠦ᠋ᠷᠡᠨ ᠭᠣᠣᠯ (ᠤᠷᠳᠤᠰ ᠬᠤᠳᠠ ᠵᠢᠨ ᠬᠡᠰᠡᠭ)᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠤᠷᠪᠠᠳᠤᠭᠠᠷ ᠪᠦᠯᠦᠭ᠎ᠤᠨ ᠦᠵᠡᠰᠭᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠎ᠤᠨ ᠰᠢᠯᠢᠳᠡᠭ ᠬᠡᠷᠡᠭ᠎ᠤᠨ ᠵᠢᠰᠢᠵ᠎ᠡ᠎ᠪᠠᠷ ᠰᠣᠩᠭᠣᠭᠳᠠᠪᠠ; 2025 ᠣᠨ᠎ᠳᠤ᠂ ᠰᠢᠶᠤᠤ ᠵᠤᠸᠠᠩ ᠭᠤᠤᠯ᠎ᠨᠢ ᠤᠰᠤᠨ ᠠᠰᠢᠭ᠍ᠯᠠᠯᠲᠠ ᠵᠢᠨ ᠶᠠᠮᠤᠨ᠎ᠤ ᠳᠠᠷᠤᠮᠠᠯᠯᠠᠨ ᠲᠠᠷᠬᠠᠭᠠᠭᠰᠠᠨ ᠵᠤᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠤᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠢᠯ᠎ᠤᠨ ᠨᠠᠷᠢᠨ ᠲᠠᠩᠰᠠ᠎ᠳᠤ ᠰᠣᠩᠭᠣᠭᠳᠠᠪᠠ᠃ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠨᠠᠢᠳᠠᠪᠤᠷᠢᠵᠢᠭᠤᠯᠬᠤ ᠵᠢ ᠪᠠᠷᠢᠮᠲᠠᠯᠠᠬᠤ᠎ᠠᠴᠠ ᠠᠪᠤᠭᠠᠳ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠊ᠣᠷᠴᠢᠨ ᠲᠣᠭᠣᠷᠢᠨ᠎ᠢ ᠲᠠᠰᠤᠷᠠᠯᠲᠠ ᠥᠬᠡᠶ ᠰᠠᠢᠵᠢᠷᠠᠭᠤᠯᠤᠬ᠍ᠰᠠᠨ ᠬᠦᠷᠲᠡᠯ᠎ᠡ᠂ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ᠎ᠤᠨ ᠪᠠᠢᠭᠤᠯᠤᠯᠳᠠ ᠵᠢ ᠰᠦᠪᠡᠭᠴᠢᠯᠡᠵᠦ ᠵᠢᠰᠢᠶ᠎ᠡ ᠦᠵᠡᠭᠦᠯᠬᠦ᠎ᠠᠴᠠ ᠠᠪᠤᠭᠠᠳ 《ᠵᠠᠮ ᠱᠤᠭᠤᠮ᠎ᠤᠨ ᠵᠢᠷᠤᠭ》᠎ᠢ ᠲᠥᠯᠥᠪᠵᠢᠭᠦᠯᠦᠭᠰᠡᠨ ᠬᠦᠷᠲᠡᠯ᠎ᠡ᠂ ᠥᠪᠥᠷ ᠮᠣᠩᠭᠣᠯ ᠣᠷᠣᠨ ᠪᠦᠰᠡ ᠵᠢᠨ ᠣᠨᠴᠠᠯᠢᠭ᠋ ᠪᠥᠬᠥᠶ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ᠎ᠤᠨ ᠪᠥᠲᠥᠭᠡᠨ ᠪᠠᠢᠭᠤᠯᠤᠯᠲᠠ ᠵᠢᠨ ᠵᠠᠮ ᠵᠶ᠋ᠠᠷ ᠵᠠᠮᠨᠠᠪᠠ᠃ ᠴᠡᠨᠭᠬᠡᠭ ᠤᠰᠤ ᠮᠤᠷᠤᠯᠵᠠᠨ ᠤᠷᠤᠰᠴᠤ᠂ ᠨᠣᠮᠢᠨ ᠳᠣᠯᠭᠢᠶᠠᠨ ᠬᠠᠶᠠᠯᠠᠨ᠂ ᠤᠷᠳᠤ ᠬᠠᠰᠢᠯᠭ᠎ᠠ ᠵᠢᠷᠤᠭ ᠬᠡᠮᠡᠷ ᠬᠠᠷᠠᠬ᠍ᠳᠠᠵᠤ᠂ ᠬᠥᠭᠵᠢᠯᠲᠡ ᠴᠢᠨᠠᠷ ᠰᠠᠢᠳᠠᠢ ᠪᠤᠯᠵᠤ᠂ ᠬᠥᠮᠦᠨ ᠤᠰᠤ ᠡᠶ᠎ᠡ ᠵᠣᠬᠢᠴᠠᠩᠭᠤᠢ ᠪᠣᠯᠪᠠ ᠁ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ ᠶᠠᠭ ᠠᠷᠠᠳ᠎ᠤᠨ ᠭᠡᠷ᠎ᠤᠨ ᠡᠭᠦᠳᠡᠨ᠎ᠳᠠᠬᠢ 《ᠬᠦᠰᠡᠯᠡᠩ ᠎ᠤᠨ ᠤᠷᠤᠨ》 ᠪᠤᠯᠵᠤ ᠪᠠᠢᠨ᠎ᠠ᠃

ᠢᠷᠡᠯᠲᠡ᠄         
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ᠎ᠤᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ᠄ ᠵᠢᠯᠣᠭᠣᠴᠢ ᠥᠬᠡᠶ ᠨᠢᠰᠬᠡᠯ ᠵᠶ᠋ᠡᠷ ᠬᠢᠯᠢ ᠲᠣᠭᠣᠷᠢᠨ᠎ᠠ
 
            