ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
《1571》 ᠠᠵᠢᠯ᠎ᠤᠨ ᠪᠠᠢᠷᠢᠯᠠᠭᠤᠯᠤᠯᠲᠠ᠎ᠶᠢ ᠬᠡᠷᠬᠢᠨ ᠦᠵᠡᠵᠦ ᠬᠡᠷᠬᠢᠨ ᠬᠢᠬᠦ ᠪᠣᠢ | ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠬᠡᠷᠬᠢᠨ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠪᠤᠢ?
ᠨᠡᠶ᠋ᠢᠲᠡᠯᠡᠭᠰᠡᠨ ᠴᠠᠭ᠄ 2026-01-08

《5》 — ᠶᠡᠷᠦᠩᠬᠡᠶ ᠱᠦᠵᠢ ᠰᠢ᠎ᠵᠢᠨ᠎ᠫᠢᠩ ᠪᠠ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠳᠠᠭᠠᠭᠠᠯᠭᠠᠭᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ᠎ᠶᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠤᠨ᠎ᠠ

ᠪᠥᠬᠥᠳᠡ ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠶᠡᠷᠦᠩᠬᠡᠶ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠳᠠᠭᠠᠭᠠᠯᠭᠠᠭᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ᠎ᠶᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠨᠢᠭᠡ ᠵᠢᠷᠤᠭ ᠲᠥᠰᠦᠪ᠎ᠢ ᠡᠴᠦᠰ᠎ᠲᠦ ᠨᠢ ᠲᠤᠯᠲᠠᠯ᠎ᠠ ᠲᠥᠯᠥᠪᠯᠡᠨ  ᠂ ᠨᠠᠩ ᠶᠡᠬᠡ ᠱᠢᠨ᠎ᠡ ᠵᠢᠳᠬᠦᠯ ᠴᠢᠷᠮᠠᠢᠯᠭ᠎ᠠ᠎ᠶ᠋ᠢ ᠲᠠᠰᠤᠷᠠᠯᠲᠠ ᠥᠬᠡᠶ ᠢᠯᠡᠷᠡᠭᠦᠯᠬᠦ᠌ ᠬᠡᠷᠡᠭ᠌ᠲᠡᠶ ᠭᠡᠪᠡ᠃

ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ᠎ᠶᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠯᠡᠵᠦ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠤᠤᠰ ᠡᠵᠡᠮᠳᠡᠯ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠶᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠭᠡᠵᠦ᠍᠂ ᠪᠣᠬᠢᠷᠲᠤᠯ ᠥᠬᠡᠶ ᠪᠥᠭᠡᠳ ᠳᠣᠣᠷ᠎ᠠ ᠨᠡᠭᠦᠷᠡᠰᠦᠲᠥ᠋ᠷᠥᠭ᠌ᠴᠢᠲᠦ᠂ ᠣᠷᠴᠢᠨ ᠲᠣᠭᠣᠷᠢᠨ᠎ᠳᠤ ᠨᠠᠢᠷᠰᠠᠭ᠂ ᠦᠵᠡᠰᠭᠦᠯᠡᠩᠲᠦ ᠰᠠᠢᠬᠠᠨ ᠬᠥᠭ᠌ᠵᠢᠭ᠌ᠰᠡᠨ ᠥᠪᠥᠷ ᠮᠣᠩᠭᠣᠯ᠎ᠢ ᠪᠥᠲᠥᠭᠡᠨ ᠪᠠᠢᠭᠤᠯᠤᠨ᠎ᠠ᠃ 

ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠳᠤᠷ ᠨᠢᠭᠡᠳᠦᠯᠳᠠᠢ ᠲᠥᠯᠥᠪᠯᠡᠵᠦ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠭᠤᠤᠯᠳᠠᠯᠭ᠎ᠠ ᠪᠣᠯᠬᠤ ᠬᠦᠷᠢᠶᠡᠨ᠎ᠳ᠋ᠡᠬᠢ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠢᠯᠢ ᠬᠢᠵᠠᠭᠠᠷ ᠣᠷᠣᠨ᠎ᠢ ᠮᠠᠨᠳᠤᠭᠤᠯᠵᠤ ᠬᠢᠯᠢ ᠬᠢᠵᠠᠭᠠᠷ ᠣᠷᠣᠨ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ ᠣᠷᠣᠨ᠎ᠢ ᠪᠡᠬᠢᠵᠢᠭᠦᠯᠬᠦ᠌᠎ᠪᠡᠨ ᠭᠦᠨᠵᠡᠭᠡᠢᠷᠡᠭᠦᠯᠵᠦ᠍᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠎ᠶᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠳᠠ᠎ᠶᠢᠨ ᠭᠤᠤᠯ》᠎ᠤᠨ ᠦᠢᠯᠡᠳᠤᠯ᠎ᠢᠶᠡᠨ ᠰᠠᠢᠳᠤᠷ ᠪᠠᠳᠠᠷᠠᠭᠤᠯᠤᠨ᠎ᠠ᠃ 

ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠵᠤ᠂ ᠤᠯᠠᠮᠵᠢᠯᠠᠯᠲᠤ ᠡᠨᠧᠷᠭᠢ᠎ᠶ᠋ᠢ ᠴᠡᠪᠡᠷ ᠪᠥᠭᠡᠳ ᠥᠨᠳᠥᠷ ᠪᠦᠲᠦᠮᠵᠢᠲᠡᠢ ᠎ᠶ᠋ᠢ ᠴᠢᠩᠭᠠᠳᠭᠠᠨ᠂ ᠱᠢᠨ᠎ᠡ ᠡᠨᠧᠷᠭᠢ᠎ᠵᠢ ᠨᠡᠭᠡᠭᠡᠨ  ᠶᠠᠰᠤ ᠴᠢᠨᠠᠷ ᠦᠷ᠎ᠡ ᠪᠦᠲᠦᠮᠵᠢ᠎ᠶ᠋ᠢ ᠨᠢ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃ 

ᠲᠠᠷᠢᠶᠠᠯᠠᠩ ᠮᠠᠯ ᠠᠵᠤ ᠠᠬᠤᠶ᠎ᠶᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ ᠲᠠᠷᠢᠶᠠᠯᠠᠩ᠎ᠤᠨ ᠭᠠᠷᠤᠯᠲᠠ᠎ᠶᠢᠨ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠵᠤ᠂ ᠲᠠᠯᠠᠪᠠᠶ ᠨᠢᠭᠡᠴᠢ᠎ᠶ᠋ᠢᠨ ᠭᠠᠷᠤᠯᠲᠠ ᠤᠨᠠᠯᠲᠠ᠎ᠶ᠋ᠢᠨ ᠬᠢᠷᠢ ᠲᠦᠪᠰᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠨᠠᠷᠢᠯᠢᠭ ᠭᠦᠨᠵᠡᠭᠡᠶ ᠡᠳ᠋ᠰᠢᠬᠦᠯᠤᠨ ᠪᠤᠯᠪᠠᠰᠤᠷᠠᠭᠤᠯᠬᠤ᠎ᠶ᠋ᠢ ᠶᠡᠬᠡ᠎ᠪᠡᠷ ᠠᠬᠢᠭᠤᠯᠵᠤ᠂ ᠨᠡᠷᠡᠲᠦ ᠲᠡᠮᠳᠡᠭ᠎ᠦᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠪᠦᠬᠦ᠌ ᠠᠵᠤ ᠦᠢᠯᠡᠰ᠎ᠦᠨ ᠬᠡᠯᠬᠢᠶᠡᠨ᠎ᠦ ᠬᠥᠭ᠌ᠵᠢᠯᠲᠡ᠎ᠶ᠋ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠶᠢᠨ ᠲᠣᠮᠣ ᠣᠷᠣᠨ᠎ᠡᠴᠡ ᠲᠠᠷᠢᠶᠠᠯᠠᠩ ᠮᠠᠯ ᠠᠵᠤ ᠠᠬᠤᠶ᠎ᠶᠢᠨ ᠬᠦᠴᠦᠷᠬᠡᠭ ᠣᠷᠣᠨ ᠲᠡᠢᠰᠢ ᠯᠠᠪᠳᠠᠭᠤᠨ ᠪᠠᠲᠤᠲᠠᠶ ᠤᠷᠤᠭᠰᠢᠯᠠᠨ᠎ᠠ᠃

ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠨ᠂ ᠦᠷᠬᠦᠯᠵᠢᠯᠡᠨ ᠵᠠᠩᠭᠢᠯᠠᠭ᠎ᠠ᠎ᠶᠢᠨ ᠴᠡᠭ᠎ᠢ ᠴᠢᠩᠭᠠᠳᠭᠠᠵᠤ᠂ ᠬᠦᠷᠢᠶ᠎ᠡ ᠬᠡᠪᠴᠢᠶ᠎ᠡ᠎ᠶᠢ ᠥᠷᠭᠡᠳᠭᠡᠨ᠂ ᠴᠢᠨᠠᠷ ᠴᠢᠨᠰᠠᠭ᠎ᠠ᠎ᠶᠢ ᠳᠡᠭᠡᠭ᠌ᠰᠢᠯᠡᠭᠦᠯᠵᠦ᠍᠂ ᠬᠢᠯᠢ ᠠᠯᠤᠰᠯᠠᠭ᠍ᠰᠠᠨ ᠰᠠᠭᠤᠷᠢ ᠪᠡᠯᠡᠳᠬᠡᠮᠵᠢ ᠪᠠ ᠣᠳᠣᠬᠢᠴᠢᠯᠠᠭ᠍ᠰᠠᠨ ᠣᠶᠤᠨᠴᠢ ᠬᠢᠯᠢ᠎ᠶᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠢᠯᠢ᠎ᠶᠢᠨ ᠪᠣᠭᠣᠮᠲᠠ ᠪᠠ ᠳᠣᠲᠣᠷ᠎ᠠ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠠᠳᠠᠭᠠᠳᠤ ᠬᠠᠨᠳᠤᠯᠭᠠᠳᠤ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠦᠨ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠳᠤ ᠦᠢᠯᠡᠴᠢᠯᠡᠨ ᠪᠠᠲᠤᠯᠠᠬᠤ ᠱᠢᠰᠲ᠋ᠧᠮ᠎ᠢ ᠪᠦᠷᠢᠨᠱᠢᠬᠦᠯᠵᠦ᠍᠂ ᠦᠶ᠋ᠯᠡᠴᠢᠯᠡᠭᠡᠨ᠎ᠦ ᠠᠷᠠᠯᠵᠢᠶᠠᠨ᠎ᠤ ᠬᠥᠭ᠌ᠵᠢᠯᠲᠡ᠎ᠶ᠋ᠢ ᠵᠣᠷᠢᠭ᠍ᠵᠢᠭᠤᠯᠤᠨ ᠳᠡᠮᠵᠢᠵᠦ᠍᠂ ᠣᠯᠠᠨ ᠬᠦᠷᠢᠶᠠᠨ᠎ᠳᠦ ᠬᠠᠮᠲᠤᠷᠠᠯᠴᠠᠨ ᠠᠵᠢᠯᠯᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠤᠨ᠂ ᠣᠯᠠᠨ ᠤᠯᠤᠰ᠎ᠤᠨ 《ᠨᠠᠢᠵᠠ᠎ᠶ᠋ᠢᠨ ᠲᠣᠭᠣᠷᠢᠭ》᠎ᠢ ᠤᠯᠠᠮ ᠨᠢᠭᠡ ᠠᠯᠬᠤᠮ ᠥᠷᠭᠡᠳᠬᠡᠨ᠎ᠡ᠃

— 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯᠳᠤᠭᠠᠨ᠎ᠤ ᠠᠯᠪᠠᠨ ᠮᠡᠳᠡᠭᠡ》᠎ᠠᠴᠠ ᠡᠮᠬᠢᠳᠬᠡᠪᠡ

ᠢᠷᠡᠯᠲᠡ᠄         
          
ᠬᠠᠮᠢᠶ᠎ᠡ ᠪᠦᠬᠦᠢ ᠰᠣᠨᠢᠨ
 
            