ᠥᠪᠥᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠭᠲᠠᠭ᠋ᠠᠯ [2020] 4 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠲᠢᠩᠬᠢᠮ᠎ᠳᠤ ᠬᠠᠷᠢᠶ᠎ᠠ ᠬᠣᠯᠪᠣᠭᠳᠠᠯ ᠪᠥᠬᠥᠶ ᠨᠢᠭᠡᠴᠢ᠎ᠳᠤ᠄
ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠮᠠᠨ᠎ᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠮᠠᠨ᠎ᠤ ᠲᠢᠩᠬᠢᠮ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 (ᠲᠤᠷᠰᠢᠨ ᠬᠡᠷᠡᠭᠵᠢᠭᠦᠯᠬᠦ)᠎ᠢ ᠲᠣᠭᠲᠠᠭ᠋ᠠᠵᠤ᠂ ᠡᠳᠦᠭᠡ ᠳᠠᠷᠤᠮᠠᠯᠯᠠᠨ ᠶᠠᠪᠤᠭᠤᠯᠵᠤ ᠬᠡᠷᠡᠭᠵᠢᠭᠦᠯᠬᠦ ᠵᠢᠨ ᠬᠠᠮᠲᠤ ᠬᠠᠮᠢᠶ᠎ᠠ ᠪᠦᠬᠦᠢ ᠤᠴᠢᠷ᠎ᠢ ᠬᠠᠮᠲᠤᠳᠤᠨᠢ ᠳᠤᠤᠷᠠᠬᠢ ᠮᠡᠲᠦ ᠮᠡᠳᠡᠭᠳᠡᠶ᠎ᠡ᠄
ᠨᠢᠭᠡ᠂ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠬᠤ ᠡᠷᠬᠡ ᠮᠡᠳᠡᠯ᠎ᠲᠠᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠳᠠᠩᠰᠠᠯᠠᠯ᠎ᠳᠤ ᠴᠢᠭ ᠪᠠᠢ᠌ᠷᠢᠯᠠᠭᠤᠯᠤᠨ ᠬᠦᠯᠢᠶᠡᠨ ᠠᠪᠴᠤ ᠬᠢᠨᠠᠨ ᠪᠠᠶ᠋ᠢᠴᠠᠭ᠋ᠠᠬᠤ ᠵᠢ ᠦᠷᠭᠦᠯᠵᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠨ ᠲᠡᠮᠳᠡᠭᠯᠡᠬᠦ ᠡᠷᠬᠡ ᠮᠡᠳᠡᠯ᠎ᠤᠨ ᠠᠭᠤᠷᠬᠠᠶ ᠬᠠᠶ᠋ᠢᠬᠤ ᠡᠷᠬᠡ᠂ ᠠᠭᠤᠷᠬᠠᠶ ᠮᠠᠯᠲᠠᠬᠤ ᠡᠷᠬᠡ ᠵᠢ ᠦᠷᠭᠦᠯᠵᠢᠯᠡᠭᠦᠯᠬᠦ᠂ ᠬᠤᠪᠢᠶᠠᠷᠢᠯᠠᠨ ᠲᠣᠭᠲᠠᠭ᠋ᠠᠭᠰᠠᠨ ᠠᠭᠤᠷᠬᠠᠶ ᠵᠢᠨ ᠣᠷᠣᠨ᠎ᠤ ᠬᠡᠪᠴᠢᠶᠡᠨ᠎ᠤ ᠤᠷᠢᠳᠴᠢᠯᠠᠨ ᠦᠯᠡᠳᠡᠭᠡᠬᠦ ᠬᠤᠭᠤᠴᠠᠭ᠎ᠠ ᠵᠢ ᠦᠷᠭᠦᠯᠵᠢᠯᠡᠭᠦᠯᠬᠦ ᠵᠢ ᠦᠷᠭᠦᠯᠵᠢᠯᠡᠨ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠵᠤ ᠰᠢᠭᠤᠳ ᠭᠦᠢ᠍ᠴᠡᠳᠬᠡᠯᠭᠡᠨ᠎ᠡ᠃
ᠬᠣᠶᠠᠷ᠂ ᠰᠢᠲᠠᠮᠠᠬᠠᠶ ᠬᠡᠶ ᠵᠢᠨ ᠪᠤᠰᠤ ᠠᠭᠤᠷᠬᠠᠶ ᠵᠢᠨ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠳᠠᠩᠰᠠᠯᠠᠯ᠎ᠢ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 (ᠳᠠᠭ᠋ᠠᠯᠳᠤᠭᠤᠯᠤᠯ 1᠂ 2᠎ᠲᠤ ᠦᠵᠡ)᠎ᠤᠨ ᠶᠣᠰᠣᠭ᠋ᠠᠷ ᠬᠡᠷᠡᠭᠵᠢᠭᠦᠯᠵᠦ᠂ ᠨᠡᠭᠦᠷᠡᠰᠦᠨ ᠳᠠᠪᠬᠤᠷᠭ᠎ᠠ ᠵᠢᠨ ᠬᠡᠶ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠢᠲᠠᠮᠠᠬᠠᠶ ᠬᠡᠶ ᠵᠢᠨ ᠬᠠᠮᠢᠶᠠᠷᠤᠯᠲᠠ ᠵᠢᠨ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠷᠪᠠ᠂ ᠥᠪᠡᠷᠲᠡᠭᠡᠨ ᠵᠠᠰᠠᠬᠤ ᠣᠷᠣᠨ ᠬᠢᠭᠡᠳ ᠲᠡᠭᠦᠨ᠎ᠠᠴᠠ ᠳᠣᠷᠣᠭᠰᠢᠬᠢ ᠳᠠᠩᠰᠠᠯᠠᠭᠤᠯᠬᠤ ᠡᠷᠬᠡ ᠮᠡᠳᠡᠯ᠎ᠲᠠᠢ ᠰᠢᠲᠠᠮᠠᠬᠠᠶ ᠬᠡᠢ ᠵᠢᠨ ᠪᠤᠰᠤ ᠠᠭᠤᠷᠬᠠᠶ ᠵᠢᠨ ᠡᠷᠬᠡ ᠵᠢ ᠭᠤᠶᠤᠴᠢᠯᠠᠭᠰᠠᠨ ᠮᠠᠲ᠋ᠧᠷᠢᠶᠠᠯ᠎ᠢ ᠲᠤᠰ ᠮᠡᠳᠡᠭᠳᠡᠯ᠎ᠤᠨ ᠳᠠᠭ᠋ᠠᠯᠳᠤᠭᠤᠯᠤᠯ (ᠳᠠᠭ᠋ᠠᠯᠳᠤᠭᠤᠯᠤᠯ 3᠂ ᠳᠠᠭ᠋ᠠᠯᠳᠤᠭᠤᠯᠤᠯ 4) ᠶᠣᠰᠣᠭ᠋ᠠᠷ ᠬᠡᠷᠡᠭᠵᠢᠭᠦᠯᠵᠦ᠂ ᠨᠡᠭᠦᠷᠡᠰᠦᠨ ᠳᠠᠪᠬᠤᠷᠭ᠎ᠠ ᠵᠢᠨ ᠬᠡᠢ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠭᠤᠶᠤᠴᠢᠯᠠᠭᠰᠠᠨ ᠮᠠᠲ᠋ᠧᠷᠢᠶᠠᠯ᠎ᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠢᠲᠠᠮᠠᠬᠠᠶ ᠬᠡᠢ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠰᠢᠷᠣᠶ ᠵᠢᠨ ᠲᠥᠷᠥᠯ᠎ᠢ ᠵᠣᠬᠢᠰᠲᠠᠶ᠎ᠪᠠᠷ ᠳᠥᠭᠥᠮᠴᠢᠯᠡᠵᠦ ᠪᠣᠯᠤᠨ᠎ᠠ᠃
ᠳᠥᠷᠪᠡ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠩᠰᠠᠯᠠᠭᠤᠯᠬᠤ ᠭᠤᠶᠤᠴᠢᠯᠠᠯ᠎ᠤᠨ ᠮᠠᠲ᠋ᠧᠷᠢᠶᠠᠯ᠎ᠢ ᠬᠦᠯᠢᠶᠡᠨ ᠠᠪᠬᠤ᠎ᠳᠤ᠎ᠪᠠᠨ ᠳᠠᠩᠰᠠᠯᠠᠨ ᠲᠡᠮᠳᠡᠭᠯᠡᠬᠦ ᠠᠵᠢᠯ᠎ᠢ ᠰᠠᠶ᠋ᠢᠲᠤᠷ ᠬᠢᠵᠦ᠂ ᠠᠵᠢᠯ᠎ᠤᠨ ᠡᠬᠡ ᠳᠠᠩᠰᠠ ᠪᠠᠶ᠋ᠢᠭᠤᠯᠬᠤ ᠬᠡᠷᠡᠭᠲᠡᠶ᠃ ᠬᠦᠯᠢᠶᠡᠨ ᠠᠪᠴᠤ ᠰᠢᠢ᠍ᠳᠪᠦᠷᠢᠯᠡᠬᠦ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ ᠬᠦᠯᠢᠶᠡᠨ ᠠᠪᠴᠤ ᠰᠢᠢ᠍ᠳᠪᠦᠷᠢᠯᠡᠬᠦ ᠮᠡᠳᠡᠭᠳᠡᠯ᠎ᠤᠨ ᠪᠢᠴᠢᠭ ᠭᠠᠷᠭ᠋ᠠᠵᠤ᠂ ᠬᠦᠯᠢᠶᠡᠨ ᠠᠪᠴᠤ ᠰᠢᠢ᠍ᠳᠪᠦᠷᠢᠯᠡᠬᠦ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠣᠯ ᠦᠯᠦ ᠬᠦᠯᠢᠶᠡᠨ ᠠᠪᠴᠤ ᠰᠢᠢ᠍ᠳᠪᠦᠷᠢᠯᠡᠬᠦ ᠮᠡᠳᠡᠭᠳᠡᠯ᠎ᠤᠨ ᠪᠢᠴᠢᠭ ᠭᠠᠷᠭ᠋ᠠᠵᠤ ᠥᠭᠬᠦ ᠬᠡᠷᠡᠭᠲᠡᠢ᠃ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠭᠦᠢ᠍ᠴᠡᠳ ᠦᠭᠡᠢ ᠪᠤᠶᠤ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠦᠭᠡᠢ ᠪᠠᠶ᠋ᠢᠪᠠᠯ᠂ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠵᠢ ᠪᠢᠴᠢᠭ᠎ᠤᠨ ᠬᠡᠯᠪᠡᠷᠢ᠎ᠪᠠᠷ ᠲᠤᠬᠠᠢ ᠵᠢᠨ ᠲᠠᠯᠠᠪᠤᠷ᠎ᠲᠤ ᠪᠤᠶᠤ ᠲᠠᠪᠤᠨ ᠡᠳᠦᠷ᠎ᠤᠨ ᠳᠣᠲᠣᠷ᠎ᠠ ᠭᠤᠶᠤᠴᠢᠯᠠᠭᠴᠢ᠎ᠳᠤ ᠨᠢᠭᠡ ᠯᠡ ᠤᠳᠠᠭ᠎ᠠ᠎ᠳᠤ ᠮᠡᠳᠡᠭᠳᠡᠬᠦ ᠬᠡᠷᠡᠭᠲᠡᠢ᠃
ᠲᠠᠪᠤ᠂ ᠭᠤᠶᠤᠴᠢᠯᠠᠭᠴᠢ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠳᠡᠩᠰᠡᠯᠡᠨ ᠲᠡᠮᠳᠡᠭᠯᠡᠬᠦ ᠭᠠᠷᠳᠠᠮ ᠪᠠ ᠦᠢ᠍ᠯᠡᠴᠢᠯᠡᠭᠡᠨ᠎ᠤ ᠲᠥᠷᠥᠯ᠎ᠤᠨ ᠵᠦᠢ᠍ᠯᠡᠰ᠎ᠢ ᠭᠦᠢ᠍ᠴᠡᠳᠬᠡᠬᠦ᠎ᠳᠤ᠎ᠪᠠᠨ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠭᠠᠷᠭ᠋ᠠᠵᠤ᠂ ᠬᠠᠷᠭᠤᠭᠤᠯᠤᠭ᠋ᠠᠳ ᠲᠠᠰᠢᠶ᠎ᠠ ᠥᠬᠡᠶ ᠪᠣᠯ ᠪᠠᠭᠤᠯᠭ᠋ᠠᠪᠤᠷᠢ ᠵᠢ᠎ᠨᠢ ᠦᠯᠡᠳᠡᠭᠡᠨ ᠬᠠᠳᠠᠭ᠋ᠠᠯᠠᠬᠤ ᠬᠡᠷᠡᠭᠲᠡᠶ᠃ ᠪᠤᠰᠤᠳ᠎ᠲᠤ ᠨᠠᠶ᠋ᠢᠳᠠᠨ ᠭᠦᠢ᠍ᠴᠡᠳᠬᠡᠯᠭᠡᠬᠦ᠎ᠳᠤ᠂ ᠨᠠᠶ᠋ᠢᠳᠠᠯᠭ᠎ᠠ ᠬᠦᠯᠢᠶᠡᠭᠴᠢ᠎ᠠᠴᠠ ᠠᠵᠤ ᠠᠬᠤᠶ᠋ᠢᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠢᠴᠢᠭᠯᠡᠭᠰᠡᠨ ᠨᠠᠶ᠋ᠢᠳᠠᠯᠭ᠎ᠠ ᠵᠢᠨ ᠪᠢᠴᠢᠭ᠎ᠤᠨ ᠤᠭ ᠮᠠᠲ᠋ᠧᠷᠢᠶᠠᠯ ᠪᠠ ᠲᠤᠰ ᠬᠥᠮᠦᠨ᠎ᠤ ᠪᠡᠶ᠎ᠡ ᠵᠢᠨ ᠦᠨᠡᠮᠯᠡᠯ᠎ᠢ ᠭᠠᠷᠭ᠋ᠠᠨ ᠥᠭᠴᠦ᠂ ᠤᠭ ᠮᠠᠲ᠋ᠧᠷᠢᠶᠠᠯ᠎ᠲᠠᠢ᠎ᠨᠢ ᠬᠠᠷᠭᠤᠭᠤᠯᠤᠭ᠋ᠠᠳ ᠲᠠᠰᠢᠶ᠎ᠠ ᠦᠭᠡᠶ ᠪᠣᠯᠤᠭᠰᠠᠨ᠎ᠤ ᠳᠠᠷᠠᠭ᠎ᠠ᠂ ᠨᠠᠶ᠋ᠢᠳᠠᠯᠭ᠎ᠠ ᠵᠢᠨ ᠪᠢᠴᠢᠭ᠎ᠤᠨ ᠤᠭ ᠮᠠᠲ᠋ᠧᠷᠢᠶᠠᠯ ᠪᠠ ᠪᠡᠶ᠎ᠡ ᠵᠢᠨ ᠦᠨᠡᠮᠯᠡᠯ᠎ᠤᠨ ᠪᠠᠭᠤᠯᠭ᠋ᠠᠪᠤᠷᠢ ᠵᠢ ᠦᠯᠡᠳᠡᠭᠡᠨ ᠬᠠᠳᠠᠭ᠋ᠠᠯᠠᠬᠤ ᠬᠡᠷᠡᠭᠲᠡᠶ; ᠠᠵᠤ ᠠᠬᠤᠶ᠋ᠢᠯᠠᠯ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠵᠢ ᠭᠥᠯᠢᠶᠡᠨ ᠠᠪᠴᠤ ᠰᠢᠢ᠍ᠳᠪᠦᠷᠢᠯᠡᠬᠦ ᠴᠣᠩᠬᠤᠪᠴᠢ᠎ᠠᠴᠠ ᠲᠤᠬᠠᠶ ᠵᠢᠨ ᠲᠠᠯᠠᠪᠤᠷ᠎ᠲᠤ ᠮᠡᠳᠡᠭᠡ ᠵᠠᠩᠭᠢ ᠵᠢ ᠪᠠᠶ᠋ᠢᠴᠠᠭ᠋ᠠᠨ ᠰᠢᠯᠭ᠋ᠠᠨ᠎ᠠ᠃
ᠵᠢᠷᠭᠤᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠷᠠᠳ᠎ᠤᠨ ᠰᠢᠭᠦᠬᠦ ᠬᠣᠷᠢᠶ᠎ᠠ᠂ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠠᠭᠤᠷᠬᠠᠶ ᠵᠢᠨ ᠦᠢ᠍ᠯᠡᠰ᠎ᠤᠨ ᠡᠷᠬᠡ ᠵᠢ ᠪᠠᠶ᠋ᠢᠴᠠᠭ᠋ᠠᠨ ᠪᠢᠲᠡᠭᠦᠮᠵᠢᠯᠡᠭᠰᠡᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠣᠯᠤᠭᠰᠠᠨ᠎ᠤ ᠳᠠᠷᠠᠭ᠎ᠠ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠬᠢᠨᠠᠨ ᠵᠥᠪᠰᠢᠶᠡᠷᠡᠬᠦ ᠰᠢᠰᠲ᠋ᠧᠮ᠎ᠳᠤ ᠪᠠᠶ᠋ᠢᠴᠠᠭ᠋ᠠᠨ ᠪᠢᠲᠡᠭᠦᠮᠵᠢᠯᠡᠭᠰᠡᠨ ᠮᠡᠳᠡᠭᠡ ᠵᠠᠩᠭᠢ ᠵᠢ ᠪᠢᠴᠢᠵᠦ ᠣᠷᠣᠭᠤᠯᠤᠨ᠂ ᠬᠠᠮᠵᠢᠯᠴᠠᠨ ᠭᠦᠢ᠍ᠴᠡᠳᠬᠡᠬᠦ ᠡᠬᠡ ᠲᠠᠩᠰᠠ ᠪᠠᠶ᠋ᠢᠭᠤᠯᠬᠤ ᠵᠢᠨ ᠬᠠᠮᠲᠤ᠂ ᠪᠠᠶ᠋ᠢᠴᠠᠭ᠋ᠠᠨ ᠪᠢᠲᠡᠭᠦᠮᠵᠢᠯᠡᠭᠰᠡᠨ ᠬᠡᠷᠡᠭ ᠶᠠᠪᠤᠳᠠᠯ᠎ᠢ ᠳᠠᠩᠰᠠᠯᠠᠬᠤ ᠪᠠᠶ᠋ᠢᠭᠤᠯᠭ᠎ᠠ ᠵᠢᠨ ᠰᠦᠯᠵᠢᠶᠡᠨ ᠳᠡᠭᠡᠷ᠎ᠡ ᠢᠯᠡ ᠪᠣᠯᠭ᠋ᠠᠵᠤ᠂ ᠨᠡᠶ᠋ᠢᠭᠡᠮ ᠨᠡᠶ᠋ᠢᠲᠡ ᠵᠢᠨ ᠢᠯᠡ᠎ᠪᠠᠷ ᠪᠠᠶ᠋ᠢᠴᠠᠭ᠋ᠠᠨ ᠯᠠᠪᠯᠠᠬᠤ᠎ᠳᠤ ᠲᠥᠬᠥᠮ ᠪᠣᠯᠭ᠋ᠠᠨ᠎ᠠ᠃ ᠬᠠᠪᠰᠤᠷᠤᠨ ᠭᠦᠢ᠍ᠴᠡᠳᠬᠡᠬᠦ ᠵᠢᠨ ᠠᠷᠭ᠎ᠠ ᠦᠭᠡᠢ ᠪᠠᠶ᠋ᠢᠪᠠᠯ᠂ ᠭᠦᠢ᠍ᠴᠡᠳᠬᠡᠬᠦ ᠲᠤᠬᠠᠶ ᠣᠨᠳᠣᠣ ᠰᠠᠨᠠᠯ᠎ᠲᠠᠢ ᠪᠠᠶ᠋ᠢᠪᠠᠯ᠂ ᠭᠦᠢ᠍ᠴᠡᠳᠬᠡᠬᠦ ᠨᠢᠭᠡᠴᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠬᠤ ᠡᠷᠬᠡ ᠮᠡᠳᠡᠯ᠎ᠲᠠᠢ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠵᠢᠯᠴᠠᠨ ᠭᠦᠢ᠍ᠴᠡᠳᠬᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠤ ᠲᠣᠮᠢᠯᠠᠨ ᠰᠠᠭᠤᠭ᠎ᠠ ᠦᠢ᠍ᠯᠡᠴᠢᠯᠡᠭᠡᠨ᠎ᠤ ᠴᠣᠩᠬᠣᠪᠴᠢ᠎ᠳᠤ ᠭᠦᠢ᠍ᠴᠡᠳᠬᠡᠨ᠎ᠡ᠃
ᠳᠣᠯᠣᠭ᠎ᠠ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠵᠦ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠪᠠᠶ᠋ᠢᠭᠤᠯᠭ᠎ᠠ᠎ᠨᠢ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠭᠤᠶᠤᠴᠢᠯᠠᠯ᠎ᠢ ᠵᠥᠪᠰᠢᠶᠡᠷᠡᠭᠰᠡᠨ᠎ᠤ ᠳᠠᠷᠠᠭ᠎ᠠ᠂ ᠰᠦᠯᠵᠢᠶᠡᠨ ᠥᠷᠲᠡᠭᠡ᠎ᠳᠤ ᠴᠠᠭ ᠲᠤᠬᠠᠶ᠎ᠳᠤᠨᠢ ᠢᠯᠡ ᠪᠣᠯᠭ᠋ᠠᠬᠤ ᠵᠢᠨ ᠬᠠᠮᠲᠤ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ 《ᠬᠣᠶᠠᠷ᠎ᠢ ᠢᠯᠡ ᠨᠡᠶ᠋ᠢᠲᠡᠯᠡᠬᠦ》 ᠱᠠᠭ᠋ᠠᠷᠳᠠᠯᠭ᠎ᠠ ᠶᠣᠰᠣᠭ᠋ᠠᠷ᠂ ᠢᠯᠡ ᠪᠣᠯᠭ᠋ᠠᠭᠰᠠᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠳᠠᠮᠵᠢᠭᠤᠯᠤᠨ ᠬᠦᠷᠭᠡᠬᠦ ᠬᠡᠷᠡᠭᠲᠡᠶ᠃ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠤᠨ ᠦᠯᠡᠳᠡᠭᠰᠡᠨ ᠬᠦᠴᠦᠨ ᠪᠥᠬᠥᠶ ᠬᠤᠭᠤᠴᠠᠭ᠎ᠠ᠎ᠨᠢ ᠭᠤᠷᠪᠠᠨ ᠰᠠᠷ᠎ᠠ ᠬᠥᠷᠬᠥ ᠥᠬᠡᠶ ᠪᠠᠶ᠋ᠢᠪᠠᠯ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠩᠰᠠᠯᠠᠬᠤ ᠪᠠᠶ᠋ᠢᠭᠤᠯᠭ᠎ᠠ᠎ᠠᠴᠠ ᠲᠣᠰ ᠱᠠᠲᠤᠨ᠎ᠤ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ ᠵᠢᠨ ᠰᠦᠯᠵᠢᠶᠡᠨ ᠳᠡᠭᠡᠷ᠎ᠡ ᠡᠷᠭᠢᠯᠳᠦᠭᠦᠯᠦᠨ ᠰᠠᠨᠠᠭᠤᠯᠵᠤ᠂ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠷᠢᠭᠵᠢᠭᠤᠯᠵᠤ ᠪᠠᠶ᠋ᠢᠭ᠋ᠠᠳ ᠣᠯᠠᠨ ᠠᠷᠭ᠎ᠠ ᠵᠠᠮ ᠵᠶ᠋ᠠᠷ ᠬᠤᠭᠤᠴᠠᠭ᠎ᠠ ᠳᠦᠭᠦᠷᠦᠭᠰᠡᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠰᠠᠨᠠᠭᠤᠯᠤᠮᠵᠢ ᠵᠢᠨ ᠮᠡᠳᠡᠭᠡ ᠵᠠᠩᠭᠢ᠎ᠳᠤ ᠣᠨᠣᠪᠴᠢᠲᠠᠶ᠎ᠪᠠᠷ ᠳᠠᠮᠵᠢᠭᠤᠯᠤᠨ ᠬᠦᠷᠭᠡᠵᠦ ᠥᠭᠭᠦᠨ᠎ᠡ᠃
ᠨᠠᠢ᠍ᠮᠠ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠲᠤᠰ ᠪᠡᠶ᠎ᠡ ᠵᠢᠨ ᠰᠢᠯᠲᠠᠭ᠋ᠠᠨ᠎ᠠᠴᠠ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ ᠦᠷᠭᠦᠯᠵᠢᠯᠡᠭᠦᠯᠬᠦ ᠳᠠᠩᠰᠠᠯᠠᠯ ᠬᠢᠯᠭᠡᠬᠦ᠎ᠪᠠᠷ ᠭᠤᠶᠤᠴᠢᠯᠠᠭᠰᠠᠨ ᠦᠭᠡᠶ ᠪᠣᠯ ᠬᠢᠮᠳᠠ᠎ᠪᠠᠷ ᠬᠤᠳᠠᠯᠳᠤᠬᠤ ᠳᠠᠩᠰᠠᠯᠠᠯ᠎ᠢ ᠬᠠᠷᠢᠭᠤᠴᠠᠵᠤ ᠪᠠᠶ᠋ᠢᠭ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠭᠤᠷᠬᠠᠶ ᠵᠢᠨ ᠦᠢ᠍ᠯᠡᠰ᠎ᠤᠨ ᠡᠷᠬᠡ ᠵᠢ ᠨᠢᠭᠡᠨᠲᠡ ᠥᠪᠡᠷ᠎ᠲᠤ᠎ᠪᠠᠨ ᠬᠦᠴᠦᠨ ᠦᠭᠡᠶ ᠪᠣᠯᠭ᠋ᠠᠬᠤ ᠳᠠᠩᠰᠠᠨ᠎ᠳᠤ ᠣᠷᠣᠭᠤᠯᠬᠤ ᠵᠢᠨ ᠬᠠᠮᠲᠤ ᠨᠡᠶ᠋ᠢᠭᠡᠮ᠎ᠳᠤ ᠵᠠᠷᠯᠠᠬᠤ ᠬᠡᠷᠡᠭᠲᠡᠶ᠃ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠬᠢᠮᠳᠠ᠎ᠪᠠᠷ ᠬᠤᠳᠠᠯᠳᠤᠬᠤ ᠵᠢ ᠬᠠᠷᠢᠭᠤᠴᠠᠵᠤ ᠳᠠᠩᠰᠠᠯᠠᠭᠤᠯᠤᠭᠰᠠᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠣᠮᠧᠷ ᠲᠣᠬᠢᠷᠠᠭᠤᠯᠬᠤ ᠰᠢᠰᠲ᠋ᠧᠮ ᠵᠶ᠋ᠠᠷ ᠳᠠᠮᠵᠢᠭᠤᠯᠤᠨ ᠲᠤᠰ ᠱᠠᠲᠤᠨ᠎ᠤ ᠬᠢᠨᠠᠨ ᠵᠥᠪᠰᠢᠶᠡᠷᠡᠵᠦ ᠳᠠᠩᠰᠠᠯᠠᠭᠰᠠᠨ ᠬᠦᠴᠦᠨ ᠪᠦᠬᠦᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠨᠤᠲᠠᠯᠠᠬᠤ ᠵᠢᠨ ᠬᠠᠮᠲᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠎ᠪᠠᠷ ᠳᠠᠮᠵᠢᠨ ᠨᠡᠶ᠋ᠢᠭᠡᠮ᠎ᠳᠤ ᠢᠯᠡ ᠪᠣᠯᠭ᠋ᠠᠵᠤ᠂ ᠳᠠᠩᠰᠠᠯᠠᠨ ᠦᠨᠡᠮᠯᠡᠯ ᠣᠯᠭᠣᠭᠰᠠᠨ ᠬᠦᠴᠦᠨ ᠪᠦᠬᠦᠢ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠦᠨᠳᠦᠰᠦᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ ᠪᠠᠢ᠌ᠩᠭᠤᠵᠢᠭᠰᠠᠨ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠢ᠃
ᠶᠢᠰᠦ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠢᠨᠲ᠋ᠧᠷ ᠰᠦᠯᠵᠢᠶ᠎ᠡ᠎ᠪᠠᠷ ᠳᠡᠮᠵᠢᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠩᠰᠠᠯᠠᠬᠤ ᠭᠠᠷᠳᠠᠮ᠎ᠢ ᠭᠤᠶᠤᠴᠢᠯᠠᠨ ᠭᠦᠢ᠍ᠴᠡᠳᠬᠡᠬᠦ᠎ᠳᠤ ᠲᠥᠬᠥᠮ ᠦᠵᠡᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
ᠠᠷᠪᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠳᠡᠩᠰᠡᠯᠡᠨ ᠲᠡᠮᠳᠡᠭᠯᠡᠬᠦ ᠡᠷᠬᠡ ᠮᠡᠳᠡᠯ᠎ᠤᠨ ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠪᠠᠶ᠋ᠢᠴᠠᠭ᠋ᠠᠭᠰᠠᠨ ᠰᠠᠨᠠᠯ ᠭᠠᠷᠭ᠋ᠠᠬᠤ ᠴᠢᠬᠤᠯᠠᠲᠠᠶ ᠪᠠᠶ᠋ᠢᠪᠠᠯ᠂ ᠤᠷᠢᠳᠠᠪᠠᠷ ᠬᠠᠷᠢᠶ᠎ᠠ ᠬᠣᠯᠪᠣᠭᠳᠠᠯ ᠪᠥᠬᠥᠶ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠬᠢᠨᠠᠨ ᠬᠠᠷᠭᠤᠭᠤᠯᠬᠤ ᠵᠢᠨ ᠬᠠᠮᠲᠤ ᠰᠠᠨᠠᠯ ᠭᠠᠷᠭ᠋ᠠᠬᠤ ᠬᠡᠷᠡᠭᠲᠡᠶ᠃
ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ᠎ᠨᠢ ᠭᠤᠷᠪᠠᠨ ᠵᠢᠯ ᠪᠣᠯᠤᠨ᠎ᠠ᠃ 《〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠡᠩᠰᠡᠯᠡᠨ ᠬᠠᠮᠢᠶᠠᠷᠬᠤ ᠲᠣᠭᠲᠠᠭ᠋ᠠᠯ〉 〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠡᠩᠰᠡᠯᠡᠨ ᠬᠠᠮᠢᠶᠠᠷᠬᠤ ᠲᠣᠭᠲᠠᠭ᠋ᠠᠯ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠤᠯᠤᠰ᠎ᠤᠨ ᠭᠠᠵᠠᠷ ᠰᠢᠷᠣᠶ ᠡᠬᠢ ᠪᠠᠶᠠᠯᠢᠭ ᠲᠥᠯᠥᠪᠵᠢᠭᠦᠯᠭᠡ ᠥᠰᠥᠭ [2018] 7 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃ ᠲᠤᠰ ᠮᠡᠳᠡᠭᠳᠡᠯ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭ᠋ᠠᠭᠰᠠᠨ ᠪᠢᠴᠢᠭ ᠮᠠᠲ᠋ᠧᠷᠢᠶᠠᠯ᠎ᠨᠢ ᠲᠤᠰ ᠮᠡᠳᠡᠭᠳᠡᠯ᠎ᠲᠠᠢ ᠨᠢᠭᠡᠳᠦᠯ ᠦᠭᠡᠶ ᠪᠣᠯ ᠲᠤᠰ ᠮᠡᠳᠡᠭᠳᠡᠯ᠎ᠤᠨ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
2020 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ