ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠵᠦᠢ᠍ᠯ᠎ᠤᠳ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ (ᠲᠤᠷᠰᠢᠨ ᠬᠡᠷᠡᠭᠵᠢᠭᠦᠯᠬᠦ)
ᠨᠡᠶ᠋ᠢᠲᠡᠯᠡᠭᠰᠡᠨ ᠴᠠᠭ᠄ 2023-11-17

            ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2020] 5 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠲᠢᠩᠬᠢᠮ᠎ᠤᠨ ᠬᠠᠷᠢᠶ᠎ᠠ ᠬᠣᠯᠪᠣᠭᠳᠠᠯ ᠪᠥᠬᠥᠶ ᠨᠢᠭᠡᠴᠢ᠎ᠳᠤ᠄

       《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠵᠦᠢ᠍ᠯ᠎ᠤᠳ᠎ᠢ ᠠᠬᠢᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ (ᠲᠤᠷᠰᠢᠨ ᠬᠡᠷᠡᠭᠵᠢᠭᠦᠯᠬᠦ)》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2019] 7 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠭᠤᠷᠬᠠᠶ ᠵᠢᠨ ᠦᠢ᠍ᠯᠡᠰ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠳᠤᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠄

        ᠨᠢᠭᠡ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠵᠢᠨ ᠳᠠᠩᠰᠠᠯᠠᠭᠤᠯᠬᠤ ᠡᠷᠬᠡ ᠮᠡᠳᠡᠯ᠎ᠳᠤ ᠲᠣᠬᠢᠷᠠᠭᠤᠯᠤᠯᠲᠠ ᠬᠢᠪᠡ

       (ᠨᠢᠭᠡ) ᠠᠳᠠᠯᠢ ᠨᠢᠭᠡᠨ ᠠᠭᠤᠷᠬᠠᠶ ᠵᠢᠨ ᠲᠥᠷᠥᠯ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠵᠢᠨ ᠳᠠᠩᠰᠠᠯᠠᠭᠤᠯᠬᠤ ᠠᠳᠠᠯᠢ ᠱᠠᠲᠤᠨ᠎ᠤ ᠬᠠᠮᠢᠶᠠᠷᠤᠯᠲᠠ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ (ᠬᠢᠮᠳᠠ᠎ᠪᠠᠷ ᠬᠤᠳᠠᠯᠳᠤᠬᠤ ᠵᠢᠨ ᠳᠠᠩᠰᠠᠯᠠᠭᠤᠯᠬᠤ ᠡᠷᠬᠡ ᠮᠡᠳᠡᠯ᠎ᠤᠨ ᠬᠡᠪᠴᠢᠶ᠎ᠡ ᠵᠢ ᠳᠠᠭ᠋ᠠᠯᠳᠤᠭᠤᠯᠤᠯ᠎ᠳᠤ ᠨᠠᠷᠢᠨ ᠦᠵᠡ) ᠥᠪᠡᠷᠲᠡᠭᠡᠨ ᠵᠠᠰᠠᠬᠤ ᠣᠷᠣᠨ᠎ᠠᠴᠠ ᠨᠡᠭᠦᠷᠡᠰᠦ᠂ ᠨᠡᠭᠦᠷᠡᠰᠦᠨ ᠳᠠᠪᠬᠤᠷᠭ᠎ᠠ ᠵᠢᠨ ᠬᠡᠢ᠂ ᠲᠡᠮᠦᠷ᠂ ᠾᠷᠣᠮ᠂ ᠵᠡᠰ᠂ ᠬᠥᠩᠭᠡᠨᠴᠠᠭ᠋ᠠᠨ᠂ ᠠᠯᠲᠠ᠂ ᠨᠢᠺᠧᠯ᠂ ᠼᠢᠷᠺ᠂ ᠹᠣᠰᠹᠣᠷ᠂ ᠬᠠᠶ᠋ᠢᠯᠤᠭᠤᠷ ᠵᠣᠩᠰᠢ 11 ᠵᠦᠢ᠍ᠯ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ᠂ ᠳᠠᠩᠰᠠᠯᠠᠭᠤᠯᠬᠤ ᠵᠢ ᠬᠠᠷᠢᠭᠤᠴᠠᠨ᠎ᠠ᠃

       (ᠬᠣᠶᠠᠷ) ᠠᠶ᠋ᠢᠮᠠᠭ ᠬᠣᠲᠠ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠢᠮᠳᠠ᠎ᠪᠠᠷ ᠬᠤᠳᠠᠯᠳᠤᠬᠤ ᠵᠢ ᠳᠠᠩᠰᠠᠯᠠᠨ ᠲᠡᠮᠳᠡᠭᠯᠡᠬᠦ᠎ᠠᠴᠠ ᠪᠤᠰᠤᠳ ᠠᠭᠤᠷᠬᠠᠶ ᠵᠢᠨ ᠭᠠᠷᠤᠯᠲᠠ ᠵᠢᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ᠂ ᠳᠠᠩᠰᠠᠯᠠᠨ ᠲᠡᠮᠳᠡᠭᠯᠡᠬᠦ ᠵᠢ ᠬᠠᠷᠢᠭᠤᠴᠠᠨ᠎ᠠ᠃ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤ ᠰᠢᠷᠣᠶ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠵᠢᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ᠂ ᠳᠠᠩᠰᠠᠯᠠᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠬᠤ ᠡᠰᠡᠬᠦ᠎ᠪᠠᠨ ᠥᠪᠡᠰᠦᠪᠡᠨ ᠲᠣᠭᠲᠠᠭ᠋ᠠᠨ᠎ᠠ᠃

       (ᠭᠤᠷᠪᠠ) ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠳᠠᠩᠰᠠᠯᠠᠯ᠎ᠢ ᠳᠡᠭᠡᠷ᠎ᠡ ᠨᠢᠭᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠭ᠋ᠠᠨ ᠲᠣᠭᠲᠠᠭ᠋ᠠᠨ᠎ᠠ᠃

       (ᠳᠥᠷᠪᠡ) ᠭᠤᠤᠯ ᠬᠦᠳᠡᠷ᠎ᠤᠨ ᠵᠦᠢ᠍ᠯ (ᠨᠡᠮᠡᠵᠦ ᠵᠢᠭᠰᠠᠭ᠋ᠠᠭᠰᠠᠨ ᠪᠠᠭᠲᠠᠨ᠎ᠠ)᠎ᠢ ᠬᠤᠪᠢᠷᠠᠭᠤᠯᠤᠭᠰᠠᠨ᠎ᠤ ᠳᠠᠷᠠᠭ᠎ᠠ ᠭᠤᠤᠯ ᠬᠦᠳᠡᠷ᠎ᠤᠨ ᠵᠦᠢ᠍ᠯ᠎ᠨᠢ ᠬᠤᠪᠢᠷᠠᠯᠲᠠ ᠭᠠᠷᠤᠭᠰᠠᠨ ᠪᠣᠯ ᠬᠤᠪᠢᠷᠠᠭᠤᠯᠤᠭᠰᠠᠨ (ᠨᠡᠮᠡᠵᠦ ᠵᠢᠭᠰᠠᠭ᠋ᠠᠭᠰᠠᠨ ᠪᠠᠭᠲᠠᠨ᠎ᠠ)᠎ᠢ ᠪᠠᠭᠲᠠᠭ᠋ᠠᠭᠰᠠᠨ᠎ᠤ ᠳᠠᠷᠠᠭ᠋ᠠᠬᠢ ᠭᠤᠤᠯ ᠬᠦᠳᠡᠷ᠎ᠤᠨ ᠵᠦᠢ᠍ᠯ᠎ᠢ ᠬᠢᠮᠳᠠ᠎ᠪᠠᠷ ᠬᠤᠳᠠᠯᠳᠤᠬᠤ ᠵᠢᠨ ᠳᠠᠩᠰᠠᠯᠠᠭᠤᠯᠬᠤ ᠡᠷᠬᠡ ᠮᠡᠳᠡᠯ᠎ᠤᠨ ᠶᠣᠰᠣᠭ᠋ᠠᠷ ᠬᠠᠮᠢᠶᠠᠷᠤᠨ᠎ᠠ᠃ ᠬᠠᠮᠲᠤ ᠣᠷᠣᠰᠢᠬᠤ ᠪᠠ ᠳᠠᠭ᠋ᠠᠯᠳᠤᠨ ᠣᠷᠣᠰᠢᠬᠤ ᠠᠭᠤᠷᠬᠠᠢ ᠵᠢ ᠨᠡᠮᠡᠵᠦ ᠵᠢᠭᠰᠠᠭ᠋ᠠᠬᠤ᠎ᠳᠤ ᠬᠠᠮᠠᠭ᠋ᠠᠯᠠᠯᠲᠠ ᠵᠢᠨ ᠴᠢᠨᠠᠷᠲᠠᠢ ᠣᠨᠴᠠ ᠲᠣᠭᠲᠠᠭᠰᠠᠨ ᠠᠭᠤᠷᠬᠠᠢ ᠵᠢᠨ ᠲᠥᠷᠥᠯ᠎ᠢ ᠨᠡᠭᠡᠭᠡᠨ ᠮᠠᠯᠲᠠᠬᠤ᠎ᠳᠤ ᠬᠣᠯᠪᠣᠭᠳᠠᠪᠠᠯ᠂ ᠤᠯᠤᠰ᠎ᠠᠴᠠ ᠬᠠᠮᠠᠭ᠋ᠠᠯᠠᠯᠲᠠ ᠵᠢᠨ ᠴᠢᠨᠠᠷᠲᠠᠢ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠢ ᠵᠢᠨ ᠲᠥᠷᠥᠯ᠎ᠤᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

       (ᠲᠠᠪᠤ) ᠲᠤᠰ ᠰᠠᠨᠠᠯ᠎ᠢ ᠳᠠᠷᠤᠮᠠᠯᠯᠠᠨ ᠶᠠᠪᠤᠭᠤᠯᠬᠤ᠎ᠠᠴᠠ ᠡᠮᠦᠨ᠎ᠡ᠂ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠨᠢᠭᠡᠨᠲᠡ ᠬᠤᠪᠢᠶᠠᠷᠢᠯᠠᠨ ᠲᠣᠭᠲᠠᠭ᠋ᠠᠭᠰᠠᠨ ᠪᠤᠶᠤ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ᠎ᠳᠤ ᠪᠣᠯ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠳᠠᠩᠰᠠᠯᠠᠭᠤᠯᠬᠤ ᠡᠷᠬᠡ ᠮᠡᠳᠡᠯ᠎ᠤᠨ ᠶᠣᠰᠣᠭ᠋ᠠᠷ ᠵᠠᠯᠭ᠋ᠠᠮᠵᠢ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠨ᠎ᠡ᠃ ᠡᠭᠦᠨ᠎ᠳᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ (ᠦᠨ᠎ᠡ ᠵᠢᠨ ᠵᠣᠭᠣᠰ) ᠵᠢ ᠬᠢᠮᠳᠠ᠎ᠪᠠᠷ ᠬᠤᠳᠠᠯᠳᠤᠭᠰᠠᠨ ᠭᠡᠷ᠎ᠡ (ᠬᠤᠭᠤᠴᠠᠭ᠎ᠠ ᠬᠤᠪᠢᠶᠠᠨ ᠲᠤᠰᠢᠶᠠᠬᠤ ᠠᠮᠠᠯᠠᠯᠲᠠ ᠵᠢᠨ ᠪᠢᠴᠢᠭ) ᠵᠢᠨ ᠶᠣᠰᠣᠭ᠋ᠠᠷ ᠭᠦᠢ᠍ᠴᠡᠳᠬᠡᠵᠦ ᠳᠠᠭᠤᠰᠬᠠᠭᠰᠠᠨ ᠦᠭᠡᠶ ᠪᠣᠯ ᠦᠯᠡᠳᠡᠭᠰᠡᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ (ᠦᠨ᠎ᠡ ᠵᠢᠨ ᠵᠣᠭᠣᠰ) ᠵᠢ ᠲᠤᠰᠢᠶᠠᠬᠤ᠎ᠳᠤ ᠤᠤᠯ᠎ᠤᠨ ᠬᠢᠮᠳᠠ᠎ᠪᠠᠷ ᠬᠤᠳᠠᠯᠳᠤᠭᠰᠠᠨ ᠭᠡᠷ᠎ᠡ (ᠬᠤᠭᠤᠴᠠᠭ᠎ᠠ ᠬᠤᠪᠢᠶᠠᠨ ᠲᠤᠰᠢᠶᠠᠬᠤ ᠠᠮᠠᠯᠠᠯᠲᠠ ᠵᠢᠨ ᠪᠢᠴᠢᠭ) ᠵᠢᠨ ᠶᠣᠰᠣᠭ᠋ᠠᠷ ᠬᠡᠷᠡᠭᠵᠢᠭᠦᠯᠦᠨ᠎ᠡ᠃

        ᠬᠣᠶᠠᠷ᠂ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠥᠷᠢᠰᠥᠯᠳᠦᠭᠡᠨ᠎ᠤ ᠴᠢᠨᠠᠷᠲᠠᠶ ᠬᠢᠮᠳᠠ᠎ᠪᠠᠷ ᠬᠤᠳᠠᠯᠳᠤᠬᠤ ᠵᠢ ᠲᠦᠯᠬᠢᠨ ᠠᠬᠢᠭᠤᠯᠪᠠ

       (ᠵᠢᠷᠭᠤᠭ᠎ᠠ) ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ᠂ ᠦᠨ᠎ᠡ ᠬᠠᠳᠠᠬᠤ ᠠᠷᠭ᠎ᠠ ᠮᠠᠶᠢᠭ ᠵᠶ᠋ᠠᠷ (ᠳᠣᠷᠣᠭᠰᠢ ᠵᠠᠬ᠎ᠠ ᠳᠡᠯᠭᠡᠭᠦᠷ ᠵᠶ᠋ᠠᠷ ᠬᠢᠮᠳᠠ᠎ᠪᠠᠷ ᠬᠤᠳᠠᠯᠳᠤᠬᠤ ᠭᠡᠵᠦ ᠲᠣᠪᠴᠢᠯᠠᠨ᠎ᠠ) ᠢᠯᠡ᠎ᠪᠠᠷ ᠥᠷᠢᠰᠥᠯᠳᠦᠭᠦᠯᠦᠨ ᠬᠢᠮᠳᠠ᠎ᠪᠠᠷ ᠬᠤᠳᠠᠯᠳᠤᠬᠤ ᠬᠡᠷᠡᠭᠲᠡᠶ᠂ ᠤᠯᠤᠰ᠎ᠠᠴᠠ ᠲᠣᠭᠲᠠᠭ᠋ᠠᠭᠰᠠᠨ ᠵᠥᠪᠳᠡᠯᠴᠡᠬᠡᠷ ᠵᠶ᠋ᠠᠷ ᠬᠢᠮᠳᠠ᠎ᠪᠠᠷ ᠬᠤᠳᠠᠯᠳᠤᠬᠤ ᠪᠠᠶ᠋ᠢᠳᠠᠯ ᠡᠭᠦᠨ᠎ᠳᠤ ᠪᠠᠭᠲᠠᠬᠤ ᠦᠭᠡᠶ᠃ ᠵᠠᠬ᠎ᠠ ᠳᠡᠯᠭᠡᠭᠦᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠠᠭᠤᠷᠬᠠᠶ ᠵᠢᠨ ᠦᠢ᠍ᠯᠡᠰ᠎ᠤᠨ ᠡᠷᠬᠡ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠷᠬᠡᠪᠰᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠠᠪᠴᠠᠩ᠎ᠳᠤ ᠨᠠᠶ᠋ᠢᠳᠠᠨ ᠬᠢᠮᠳᠠ ᠦᠨ᠎ᠡ᠎ᠪᠠᠷ ᠬᠤᠳᠠᠯᠳᠤᠬᠤ ᠬᠡᠷᠡᠭᠲᠡᠶ᠃ ᠬᠤᠳᠠᠯᠳᠤᠬᠤ᠎ᠠᠴᠠ ᠡᠮᠦᠨ᠎ᠡ ᠬᠠᠮᠲᠤ᠎ᠳᠤ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠠᠯᠪᠠᠨ ᠰᠦᠯᠵᠢᠶ᠎ᠡ᠂ ᠠᠳᠠᠯᠢ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠯᠪᠠᠨ ᠰᠦᠯᠵᠢᠶ᠎ᠡ (ᠪᠤᠶᠤ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ) ᠪᠣᠯᠤᠨ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠳᠤ 20 ᠠᠵᠢᠯᠯᠠᠬᠤ ᠡᠳᠦᠷ᠎ᠠᠴᠠ ᠳᠤᠲᠠᠭᠤ ᠥᠬᠡᠶ ᠠᠯᠪᠠᠨ ᠵᠠᠷ ᠨᠡᠶ᠋ᠢᠲᠡᠯᠡᠬᠦ ᠬᠡᠷᠡᠭᠲᠡᠶ᠃ ᠳᠠᠭ᠋ᠠᠭ᠋ᠠᠴᠢᠯᠠᠯᠲᠠ ᠵᠠᠷᠯᠠᠬᠤ ᠬᠡᠯᠪᠡᠷᠢ᠎ᠪᠠᠷ ᠰᠢᠯᠵᠢᠭᠦᠯᠦᠨ ᠥᠭᠭᠦᠭᠰᠡᠨ ᠪᠠᠶ᠋ᠢᠪᠠᠯ᠂ ᠳᠠᠭ᠋ᠠᠭ᠋ᠠᠴᠢᠯᠠᠯᠲᠠ ᠵᠠᠷᠯᠠᠬᠤ ᠨᠥᠬᠥᠴᠡᠯ᠎ᠢ ᠦᠨᠳᠦᠰᠦᠯᠡᠨ᠂ ᠰᠢᠯᠢᠳᠡᠭ᠎ᠢ᠎ᠨᠢ ᠶᠡᠷᠦᠩᠬᠡᠶ᠋ᠢᠯᠡᠨ ᠰᠣᠩᠭᠣᠵᠤ ᠳᠠᠭ᠋ᠠᠭ᠋ᠠᠴᠢᠯᠠᠯᠲᠠ ᠣᠯᠤᠭᠴᠢ ᠵᠢ ᠲᠣᠭᠲᠠᠭ᠋ᠠᠨ᠎ᠠ; ᠦᠨ᠎ᠡ ᠬᠠᠶᠠᠵᠤ ᠬᠤᠳᠠᠯᠳᠤᠬᠤ ᠠᠷᠭ᠎ᠠ ᠮᠠᠶᠢᠭ ᠵᠶ᠋ᠠᠷ ᠰᠢᠯᠵᠢᠭᠦᠯᠦᠨ ᠥᠭᠭᠦᠭᠰᠡᠨ ᠪᠠᠶ᠋ᠢᠪᠠᠯ᠂ ᠬᠠᠮᠤᠭ᠎ᠤᠨ ᠥᠨᠳᠥᠷ ᠦᠨ᠎ᠡ ᠳᠠᠭᠤᠳᠠᠭᠰᠠᠨ ᠮᠥᠷᠲᠡᠭᠡᠨ ᠤᠯᠠ ᠦᠨ᠎ᠡ᠎ᠠᠴᠠ ᠳᠣᠣᠷ᠎ᠠ ᠦᠭᠡᠢ ᠦᠨ᠎ᠡ ᠬᠠᠶᠠᠯᠴᠠᠬᠤ ᠬᠥᠮᠦᠨ᠎ᠨᠢ ᠦᠷᠢᠰᠦᠯᠳᠦᠨ ᠣᠯᠤᠭᠴᠢ ᠪᠣᠯᠤᠨ᠎ᠠ; ᠦᠨ᠎ᠡ ᠭ᠋ᠠᠳᠡᠵᠦ ᠬᠤᠳᠠᠯᠳᠤᠬᠤ ᠠᠷᠭ᠎ᠠ ᠮᠠᠶ᠋ᠢᠭ ᠵᠶ᠋ᠠᠷ ᠬᠤᠳᠠᠯᠳᠤᠬᠤ᠎ᠳᠤ᠂ ᠮᠡᠳᠡᠭᠦᠯᠦᠭᠰᠡᠨ ᠦᠨ᠎ᠡ᠎ᠨᠢ ᠬᠠᠮᠤᠭ᠎ᠤᠨ ᠥᠨᠳᠥᠷ ᠮᠥᠷᠲᠡᠭᠡᠨ ᠡᠬᠢᠯᠡᠯᠲᠡ ᠵᠢᠨ ᠦᠨ᠎ᠡ᠎ᠠᠴᠠ ᠳᠣᠣᠷ᠎ᠠ ᠦᠭᠡᠶ ᠪᠠᠶ᠋ᠢᠪᠠᠯ ᠥᠷᠢᠰᠥᠯᠳᠦᠨ ᠣᠯᠤᠭᠴᠢ ᠪᠣᠯᠭ᠋ᠠᠵᠤ᠂ ᠵᠥᠪᠬᠡᠨ ᠨᠢᠭᠡ ᠥᠷᠢᠰᠥᠯᠳᠦᠨ ᠬᠤᠳᠠᠯᠳᠤᠨ ᠠᠪᠤᠭᠴᠢ ᠦᠨ᠎ᠡ ᠮᠡᠳᠡᠭᠦᠯᠦᠭᠰᠡᠨ ᠪᠥᠭᠡᠳ ᠡᠬᠢᠯᠡᠯᠲᠡ ᠵᠢᠨ ᠦᠨ᠎ᠡ᠎ᠠᠴᠠ ᠳᠣᠣᠷ᠎ᠠ ᠦᠭᠡᠶ ᠪᠠᠶ᠋ᠢᠪᠠᠯ᠂ ᠦᠨ᠎ᠡ ᠭ᠋ᠠᠳᠡᠵᠦ ᠠᠷᠠᠯᠵᠢᠶ᠎ᠠ ᠪᠦᠲᠦᠵᠦ ᠪᠣᠯᠤᠨ᠎ᠠ᠃

       (ᠳᠣᠯᠣᠭ᠎ᠠ) ᠠᠭᠤᠷᠬᠠᠶ ᠵᠢᠨ ᠦᠢ᠍ᠯᠡᠰ᠎ᠤᠨ ᠡᠷᠬᠡ ᠵᠢᠨ ᠣᠷᠣᠨ ᠬᠤᠪᠢᠶᠠᠷᠢᠯᠠᠬᠤ ᠲᠣᠬᠢᠷᠠᠭᠤᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠵᠦ᠂ ᠰᠢᠲᠠᠮᠠᠬᠠᠶ ᠬᠡᠢ ᠵᠢᠨ ᠪᠤᠰᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠡᠷᠭᠢᠨ ᠲᠣᠭᠣᠷᠢᠨ᠎ᠳᠤ ᠲᠤᠰᠠᠭ᠋ᠠᠷ ᠠᠭᠤᠷᠬᠠᠶ ᠵᠢᠨ ᠦᠢ᠍ᠯᠡᠰ᠎ᠤᠨ ᠡᠷᠬᠡ ᠲᠣᠬᠢᠷᠠᠭᠤᠯᠬᠤ᠎ᠳᠤ ᠲᠣᠬᠢᠷᠠᠬᠤ ᠦᠭᠡᠶ ᠥᠨᠴᠥᠭ ᠪᠤᠯᠤᠩ᠎ᠳᠠᠬᠢ ᠡᠬᠢ ᠪᠠᠶᠠᠯᠢᠭ᠎ᠢ ᠵᠠᠬ᠎ᠠ ᠳᠡᠯᠭᠡᠭᠦᠷ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠮᠳᠠ᠎ᠪᠠᠷ ᠬᠤᠳᠠᠯᠳᠤᠨ᠎ᠠ᠃ ᠬᠥᠷᠰᠢ ᠵᠡᠷᠭᠡᠯᠡᠳᠡᠭᠡ ᠠᠭᠤᠷᠬᠠᠶ ᠵᠢᠨ ᠦᠢ᠍ᠯᠡᠰ᠎ᠤᠨ ᠡᠷᠬᠡ᠎ᠠᠴᠠ ᠪᠤᠰᠤᠳ ᠠᠵᠤ ᠠᠬᠤᠶ᠋ᠢᠯᠠᠯ ᠥᠷᠢᠰᠥᠯᠳᠦᠨ ᠣᠯᠤᠭᠰᠠᠨ ᠪᠣᠯ ᠡᠷᠭᠢᠨ ᠲᠣᠭᠣᠷᠢᠨ᠎ᠤ ᠬᠥᠷᠰᠢ ᠵᠡᠷᠭᠡᠯᠡᠳᠡᠭᠡ ᠠᠭᠤᠷᠬᠠᠶ ᠵᠢᠨ ᠦᠢ᠍ᠯᠡᠰ᠎ᠤᠨ ᠡᠷᠬᠡ ᠪᠤᠶᠤ ᠠᠭᠤᠷᠬᠠᠶ ᠵᠢᠨ ᠦᠢ᠍ᠯᠡᠰ᠎ᠤᠨ ᠡᠷᠬᠡ ᠲᠣᠬᠢᠷᠠᠭᠤᠯᠬᠤ ᠣᠷᠣᠨ᠎ᠳᠤ ᠲᠣᠭᠲᠠᠭ᠋ᠠᠭᠰᠠᠨ ᠬᠥᠷᠰᠢ ᠵᠡᠷᠭᠡᠯᠡᠳᠡᠭᠡ ᠠᠵᠤ ᠠᠬᠤᠶ᠋ᠢᠯᠠᠯ᠎ᠯᠤᠭ᠎ᠠ ᠡᠮᠬᠢᠯᠡᠨ ᠨᠡᠶ᠋ᠢᠯᠡᠭᠦᠯᠵᠦ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠬᠡᠷᠡᠭᠲᠡᠶ᠃

        ᠭᠤᠷᠪᠠ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ

       (ᠨᠠᠢ᠍ᠮᠠ) ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠡᠪᠴᠢᠶ᠎ᠡ ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠭᠣᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠴᠢᠩᠭ᠎ᠠ ᠬᠢᠵᠠᠭ᠋ᠠᠷᠯᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠥᠪᠯᠡᠯᠴᠡᠭᠡᠷ᠎ᠤᠨ ᠠᠷᠭ᠎ᠠ ᠮᠠᠶᠢᠭ ᠵᠶ᠋ᠠᠷ ᠣᠨᠴᠠ ᠲᠣᠭᠲᠠᠭᠰᠠᠨ ᠭᠣᠣᠯ ᠴᠣᠭᠴᠠ᠎ᠳᠤ ᠠᠭᠤᠷᠬᠠᠶ ᠵᠢᠨ ᠦᠢ᠍ᠯᠡᠰ᠎ᠤᠨ ᠡᠷᠬᠡ᠎ᠪᠠᠨ ᠬᠢᠮᠳᠠ᠎ᠪᠠᠷ ᠬᠤᠳᠠᠯᠳᠤᠵᠤ ᠪᠣᠯᠤᠨ᠎ᠠ᠃ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ ᠪᠣᠯᠤᠨ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ ᠵᠡᠷᠭᠡ ᠪᠣᠳᠣᠯᠬᠢᠯᠠᠯ᠎ᠳᠤ ᠰᠠᠭᠤᠷᠢᠯᠠᠨ᠂ ᠨᠢᠭᠡᠨᠲᠡ ᠲᠣᠬᠢᠷᠠᠭᠤᠯᠤᠭᠰᠠᠨ ᠠᠭᠤᠷᠬᠠᠶ ᠮᠠᠯᠲᠠᠬᠤ ᠡᠷᠬᠡ ᠵᠢᠨ ᠡᠭᠴᠡ ᠲᠤᠰᠬᠠᠬᠤ ᠬᠡᠪᠴᠢᠶ᠎ᠡ ᠵᠢᠨ ᠭᠦᠨ ᠬᠡᠰᠡᠭ ᠪᠤᠶᠤ ᠳᠡᠭᠡᠳᠦ ᠬᠡᠰᠡᠭ᠎ᠤᠨ ᠠᠳᠠᠯᠢ ᠲᠥᠷᠥᠯ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠷᠥᠯ ᠬᠤᠪᠢᠶᠠᠭᠰᠠᠨ ᠨᠠᠷᠢᠨ ᠭᠠᠷᠴᠠᠭ》᠎ᠤᠨ ᠲᠥᠷᠥᠯ ᠢᠯᠭ᠋ᠠᠯ᠂ ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤ ᠰᠢᠷᠣᠶ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠡᠭᠦᠨ᠎ᠳᠤ ᠪᠠᠭᠲᠠᠬᠤ ᠦᠭᠡᠶ)᠎ᠤᠨ ᠤᠤᠯ᠎ᠤᠨ ᠦᠢ᠍ᠯᠡᠳᠪᠦᠷᠢᠯᠡᠯ᠎ᠤᠨ ᠰᠢᠰᠲ᠋ᠧᠮ᠎ᠢ ᠠᠰᠢᠭᠯᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠤᠯᠠᠮ ᠨᠢᠭᠡ ᠠᠯᠬᠤᠮ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠴᠢᠬᠤᠯᠠ᠎ᠲᠠᠢ ᠪᠣᠯ ᠵᠥᠪᠯᠡᠯᠴᠡᠭᠡᠷ ᠲᠣᠭᠲᠠᠬᠤ ᠠᠷᠭ᠎ᠠ ᠮᠠᠶᠢᠭ ᠵᠶ᠋ᠠᠷ ᠠᠳᠠᠯᠢ ᠨᠢᠭᠡᠨ ᠭᠣᠣᠯ ᠴᠣᠭᠴᠠ᠎ᠳᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠵᠤ ᠪᠣᠯᠤᠨ᠎ᠠ᠃

        ᠵᠥᠪᠯᠡᠯᠴᠡᠭᠡᠷ ᠵᠶ᠋ᠠᠷ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ᠎ᠳᠤ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠬᠡᠷᠡᠭᠲᠡᠶ (ᠨᠢᠭᠡᠨᠲᠡ ᠲᠣᠬᠢᠷᠠᠭᠤᠯᠤᠭᠰᠠᠨ ᠠᠭᠤᠷᠬᠠᠶ ᠮᠠᠯᠲᠠᠬᠤ ᠡᠷᠬᠡ ᠵᠢᠨ ᠡᠭᠴᠡ ᠲᠤᠰᠬᠠᠬᠤ ᠬᠡᠪᠴᠢᠶᠡᠨ᠎ᠤ ᠭᠦᠨ ᠬᠡᠰᠡᠭ ᠪᠤᠶᠤ ᠳᠡᠭᠡᠳᠦ ᠬᠡᠰᠡᠭ᠎ᠤᠨ ᠵᠥᠪᠯᠡᠯᠴᠡᠭᠡᠷ ᠵᠶ᠋ᠠᠷ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ᠎ᠨᠢ ᠡᠭᠦᠨ᠎ᠳᠤ ᠪᠠᠭᠲᠠᠬᠤ ᠦᠭᠡᠶ)᠂ ᠬᠢᠮᠳᠠ᠎ᠪᠠᠷ ᠬᠤᠳᠠᠯᠳᠤᠬᠤ ᠦᠨ᠎ᠡ ᠬᠠᠩᠰᠢ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠦᠨᠡᠯᠡᠨ ᠵᠢᠱ᠌ᠢᠭᠰᠡᠨ ᠥᠷᠲᠡᠭ᠂ ᠵᠠᠬ᠎ᠠ ᠳᠡᠯᠭᠡᠭᠦᠷ᠎ᠤᠨ ᠪᠠᠷᠢᠮᠵᠢᠶᠠᠲᠤ ᠦᠨ᠎ᠡ ᠵᠢ ᠦᠨᠳᠦᠰᠦᠯᠡᠨ ᠲᠣᠭᠲᠠᠭ᠋ᠠᠨ᠎ᠠ᠃ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠭᠰᠠᠨ ᠦᠷ᠎ᠡ ᠳ᠋ᠦᠩ᠎ᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ ᠲᠣᠭᠲᠠᠬᠤ᠎ᠠᠴᠠ ᠡᠮᠦᠨ᠎ᠡ ᠬᠠᠮᠲᠤ᠎ᠳᠤ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠡᠷᠦᠬᠡ ᠵᠢᠨ ᠠᠯᠪᠠᠨ ᠰᠦᠯᠵᠢᠶᠡᠨ ᠥᠷᠲᠡᠭᠡ᠂ ᠠᠳᠠᠯᠢ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠯᠪᠠᠨ ᠰᠦᠯᠵᠢᠶᠡᠨ ᠥᠷᠲᠡᠭᠡ (ᠪᠤᠶᠤ ᠵᠠᠰᠠᠭ᠎ᠤᠨ ᠣᠷᠳᠣᠨ᠎ᠤ ᠠᠯᠪᠠᠨ ᠰᠦᠯᠵᠢᠶᠡᠨ ᠥᠷᠲᠡᠭᠡ)᠎ᠳᠤ 20 ᠠᠵᠢᠯᠯᠠᠬᠤ ᠡᠳᠦᠷ᠎ᠠᠴᠠ ᠳᠤᠲᠠᠭᠤ ᠦᠭᠡᠶ ᠠᠯᠪᠠᠨ ᠵᠠᠷ ᠨᠡᠶ᠋ᠢᠲᠡᠯᠡᠬᠦ ᠬᠡᠷᠡᠭᠲᠡᠶ᠃ ᠨᠢᠭᠡᠨᠲᠡ ᠪᠠᠶ᠋ᠢᠭᠤᠯᠤᠭᠰᠠᠨ ᠠᠭᠤᠷᠬᠠᠶ ᠮᠠᠯᠲᠠᠬᠤ ᠡᠷᠬᠡ ᠵᠢᠨ ᠡᠭᠴᠡ ᠲᠤᠰᠬᠠᠬᠤ ᠬᠡᠪᠴᠢᠶᠡᠨ᠎ᠤ ᠭᠦᠨ ᠬᠡᠰᠡᠭ ᠪᠤᠶᠤ ᠳᠡᠭᠡᠳᠦ ᠬᠡᠰᠡᠭ᠎ᠨᠢ ᠠᠭᠤᠷᠬᠠᠶ ᠵᠢᠨ ᠡᠷᠬᠡ ᠵᠢ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠭᠰᠠᠨ ᠪᠠᠶ᠋ᠢᠪᠠᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠤᠯᠬᠤ᠎ᠠᠴᠠ ᠡᠮᠦᠨ᠎ᠡ ᠲᠣᠭᠲᠠᠭ᠋ᠠᠯ ᠶᠣᠰᠣᠭ᠋ᠠᠷ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ᠎ᠪᠠᠨ ᠲᠤᠰᠢᠶᠠᠬᠤ ᠬᠡᠷᠡᠭᠲᠡᠶ᠃

        ᠳᠥᠷᠪᠡ᠂ 《ᠴᠡᠪᠡᠷ ᠠᠭᠤᠷᠬᠠᠶ》 ᠵᠢ ᠬᠢᠮᠳᠠ᠎ᠪᠠᠷ ᠬᠤᠳᠠᠯᠳᠤᠬᠤ ᠵᠢ ᠰᠦᠪᠡᠭᠴᠢᠯᠡᠨ ᠥᠷᠨᠢᠭᠦᠯᠬᠦ ᠬᠡᠷᠡᠭᠲᠡᠢ

       (ᠶᠢᠰᠦ) ᠬᠠᠶ᠋ᠢᠷ ᠴᠢᠯᠠᠭᠤ ᠰᠢᠷᠣᠶ ᠵᠡᠷᠭᠡ ᠠᠭᠤᠷᠬᠠᠶ ᠮᠠᠯᠲᠠᠬᠤ ᠡᠷᠬᠡ ᠵᠢ ᠰᠢᠭᠤᠳ ᠬᠢᠮᠳᠠ᠎ᠪᠠᠷ ᠬᠤᠳᠠᠯᠳᠤᠬᠤ 《ᠴᠡᠪᠡᠷ ᠠᠭᠤᠷᠬᠠᠶ》 ᠵᠢ ᠰᠦᠪᠡᠭᠴᠢᠯᠡᠨ ᠥᠷᠨᠢᠭᠦᠯᠵᠦ᠂ ᠪᠤᠰᠤᠳ ᠠᠭᠤᠷᠬᠠᠶ ᠵᠢᠨ ᠲᠥᠷᠥᠯ᠎ᠤᠨ 《ᠴᠡᠪᠡᠷ ᠠᠭᠤᠷᠬᠠᠶ》 ᠵᠢ ᠬᠢᠮᠳᠠ᠎ᠪᠠᠷ ᠬᠤᠳᠠᠯᠳᠤᠬᠤ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠢ ᠴᠢᠩᠭ᠋ᠠᠳᠬᠠᠵᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠴᠤᠪᠤᠷᠠᠯ᠎ᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠭᠠᠵᠠᠷ ᠰᠢᠨᠵᠢᠯᠡᠭᠡᠨ᠎ᠤ ᠠᠵᠢᠯ᠎ᠤᠨ ᠦᠷ᠎ᠡ ᠪᠦᠲᠦᠭᠡᠯ ᠪᠠ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ 《ᠴᠡᠪᠡᠷ ᠠᠭᠤᠷᠬᠠᠶ》 ᠵᠢᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ ᠵᠢᠨ ᠴᠠᠭ᠋ᠠᠵᠠᠯᠠᠯ᠎ᠠᠴᠠ ᠬᠠᠤᠯᠢ ᠶᠣᠰᠣᠭ᠋ᠠᠷ ᠵᠠᠢ᠌ᠯᠠᠨ᠂ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠣᠷᠣᠨ᠂ ᠬᠤᠳᠠᠯᠳᠤᠬᠤ ᠬᠡᠪᠴᠢᠶ᠎ᠡ ᠵᠢ ᠵᠦᠢ ᠵᠣᠬᠢᠰᠲᠠᠶ ᠲᠣᠭᠲᠠᠭ᠋ᠠᠬᠤ᠂ ᠲᠡᠭᠡᠬᠦ ᠮᠥᠷᠲᠡᠭᠡᠨ ᠬᠡᠷᠡᠭᠯᠡᠬᠦ ᠭᠠᠵᠠᠷ᠂ ᠰᠢᠭᠤᠢ᠂ ᠡᠪᠡᠰᠦ ᠬᠡᠷᠡᠭᠯᠡᠬᠦ ᠵᠡᠷᠭᠡ ᠬᠢᠨᠠᠨ ᠵᠥᠪᠰᠢᠶᠡᠷᠡᠬᠦ ᠵᠦᠢ᠍ᠯᠡᠰ᠎ᠢ ᠵᠣᠯᠭ᠋ᠠᠭᠤᠯᠬᠤ᠂ ᠣᠷᠣᠨ ᠵᠠᠶ᠎ᠳᠤ ᠵᠠᠢ᠌ᠯᠠᠬᠤ ᠠᠰᠠᠭᠤᠳᠠᠯ᠎ᠢ ᠤᠷᠢᠳᠴᠢᠯᠠᠨ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃

        ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠢᠯᠲᠠᠭ᠋ᠠᠨ᠎ᠠᠴᠠ ᠪᠣᠯᠣᠭ᠋ᠠᠳ ᠠᠭᠤᠷᠬᠠᠶ ᠮᠠᠯᠲᠠᠬᠤ ᠡᠷᠬᠡᠲᠦ ᠬᠥᠮᠦᠨ᠎ᠢ ᠬᠤᠭᠤᠴᠠᠭ᠎ᠠ ᠶᠣᠰᠣᠭ᠋ᠠᠷ ᠨᠡᠭᠡᠭᠡᠨ ᠮᠠᠯᠲᠠᠬᠤ ᠠᠵᠢᠯ ᠵᠶ᠋ᠠᠨ ᠬᠡᠪ᠎ᠤᠨ ᠶᠣᠰᠣᠭ᠋ᠠᠷ ᠥᠷᠨᠢᠭᠦᠯᠬᠦ ᠵᠢᠨ ᠠᠷᠭ᠎ᠠ ᠦᠭᠡᠶ ᠪᠣᠯᠭ᠋ᠠᠭᠰᠠᠨ ᠪᠣᠯ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠮᠠᠯᠲᠠᠬᠤ ᠡᠷᠬᠡ᠎ᠪᠠᠨ ᠪᠤᠴᠠᠭ᠋ᠠᠵᠤ ᠪᠣᠯᠬᠤ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠡᠷᠭᠡ ᠨᠢᠭᠡᠨᠲᠡ ᠲᠠᠲᠠᠪᠤᠷᠢᠯᠠᠭᠰᠠᠨ ᠵᠠᠷᠤᠳᠠᠯ᠎ᠢ ᠪᠤᠴᠠᠭ᠋ᠠᠵᠤ ᠪᠣᠯᠤᠨ᠎ᠠ᠃

        ᠲᠠᠪᠤ᠂ ᠨᠡᠭᠦᠷᠡᠰᠦᠨ ᠳᠠᠪᠬᠤᠷᠭ᠎ᠠ ᠵᠢᠨ ᠬᠡᠢ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ ᠵᠢ ᠠᠬᠢᠭᠤᠯᠪᠠ

       (ᠠᠷᠪᠠ) ᠨᠡᠭᠦᠷᠡᠰᠦᠨ ᠳᠠᠪᠬᠤᠷᠭ᠎ᠠ ᠵᠢᠨ ᠬᠡᠶ ᠵᠢᠨ ᠠᠭᠤᠷᠬᠠᠶ ᠬᠠᠶ᠋ᠢᠬᠤ ᠡᠷᠬᠡ ᠵᠢ ᠭᠤᠶᠤᠴᠢᠯᠠᠭᠴᠢ᠎ᠨᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷ᠎ᠠ ᠳᠠᠩᠰᠠᠯᠠᠭᠤᠯᠵᠤ᠂ ᠴᠡᠪᠡᠷ ᠡᠳ᠋ ᠬᠥᠷᠥᠩᠭᠡ᠎ᠨᠢ 3 ᠳ᠋ᠦᠩᠰᠢᠭᠤᠷ ᠲᠥᠭᠥᠷᠢᠭ ᠠᠷᠠᠳ᠎ᠤᠨ ᠵᠣᠭᠣᠰ᠎ᠠᠴᠠ ᠳᠤᠤᠷ᠎ᠠ ᠥᠬᠡᠶ ᠭᠠᠳᠠᠭ᠋ᠠᠳᠤ ᠪᠠᠯᠠ ᠵᠢᠨ ᠺᠣᠮᠫᠠᠨᠢ᠎ᠳᠤ ᠨᠡᠭᠦᠷᠡᠰᠦᠨ ᠳᠠᠪᠬᠤᠷᠭ᠎ᠠ ᠵᠢᠨ ᠬᠡᠶ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠠᠵᠢᠯ ᠬᠢᠬᠦ᠎ᠳᠤ ᠠᠮᠤᠷ ᠲᠦᠪᠰᠢᠨ᠂ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠬᠢᠷᠢ ᠬᠡᠮ᠎ᠤᠨ ᠱᠠᠭ᠋ᠠᠷᠳᠠᠯᠭ᠎ᠠ ᠪᠠ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠵᠢᠨ ᠬᠠᠮᠲᠤ᠂ ᠵᠣᠬᠢᠬᠤ ᠨᠡᠭᠦᠷᠡᠰᠦᠨ ᠳᠠᠪᠬᠤᠷᠭ᠎ᠠ ᠵᠢᠨ ᠬᠡᠶ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠷᠭᠡᠵᠢᠯ᠎ᠤᠨ ᠴᠢᠳᠠᠪᠤᠷᠢ᠎ᠲᠠᠢ ᠪᠠᠶ᠋ᠢᠬᠤ ᠬᠡᠷᠡᠭᠲᠡᠶ᠃

       (ᠠᠷᠪᠠᠨ ᠨᠢᠭᠡ) ᠠᠭᠤᠷᠬᠠᠶ ᠬᠠᠶ᠋ᠢᠬᠤ ᠡᠷᠬᠡᠲᠦ ᠬᠥᠮᠦᠨ᠎ᠨᠢ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠎ᠳᠤ ᠬᠠᠩᠭ᠋ᠠᠵᠤ ᠪᠣᠯᠬᠤ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠭᠰᠡᠨ᠎ᠤ ᠳᠠᠷᠠᠭ᠎ᠠ ᠳᠠᠷᠤᠶ ᠨᠡᠭᠡᠭᠡᠨ ᠮᠠᠯᠲᠠᠵᠤ ᠪᠣᠯᠤᠨ᠎ᠠ᠂ ᠨᠡᠭᠡᠭᠡᠨ ᠮᠠᠯᠲᠠᠭᠰᠠᠨ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠠᠭᠤᠷᠬᠠᠶ ᠬᠠᠶ᠋ᠢᠬᠤ ᠡᠷᠬᠡᠲᠦ ᠬᠥᠮᠦᠨ᠎ᠨᠢ 5 ᠵᠢᠯ᠎ᠤᠨ ᠳᠣᠲᠣᠷ᠎ᠠ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ ᠲᠣᠭᠲᠠᠵᠤ᠂ ᠠᠭᠤᠷᠬᠠᠶ ᠮᠠᠯᠲᠠᠬᠤ ᠡᠷᠬᠡ ᠵᠢᠨ ᠳᠠᠩᠰᠠᠯᠠᠯ᠎ᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ᠃ ᠨᠡᠭᠦᠷᠡᠰᠦᠨ᠎ᠤ ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠠᠭᠤᠷᠬᠠᠶ ᠵᠢᠨ ᠲᠥᠷᠥᠯ ᠵᠶ᠋ᠠᠷ ᠨᠡᠮᠡᠵᠦ ᠵᠢᠭᠰᠠᠭ᠋ᠠᠭᠰᠠᠨ ᠪᠠᠶ᠋ᠢᠪᠠᠯ᠂ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠲᠡᠮᠳᠡᠭᠯᠡᠬᠦ ᠵᠢ ᠬᠤᠪᠢᠷᠠᠭᠤᠯᠬᠤ ᠭᠠᠷᠳᠠᠮ ᠭᠦᠢ᠍ᠴᠡᠳᠬᠡᠬᠦ ᠴᠢᠬᠤᠯᠠᠲᠠᠶ ᠪᠣᠯ ᠵᠥᠪᠰᠢᠶᠡᠷᠡᠨ ᠣᠷᠣᠭᠤᠯᠬᠤ ᠪᠡᠯᠡ ᠮᠥᠩᠭᠥ ᠵᠢᠨ ᠬᠣᠷᠢᠭ᠎ᠠ᠎ᠳᠤ ᠬᠢᠵᠠᠭ᠋ᠠᠷᠯᠠᠭᠳᠠᠬᠤ ᠦᠭᠡᠶ᠃

        ᠵᠢᠷᠭᠤᠭ᠎ᠠ᠂ ᠠᠭᠤᠷᠬᠠᠶ ᠬᠠᠶ᠋ᠢᠬᠤ ᠡᠷᠬᠡ ᠵᠢᠨ ᠬᠤᠭᠤᠴᠠᠭ᠎ᠠ ᠵᠢ ᠲᠣᠬᠢᠷᠠᠭᠤᠯᠪᠠ

       (ᠠᠷᠪᠠᠨ ᠬᠣᠶᠠᠷ) ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠠᠵᠢᠯ᠎ᠤᠨ ᠮᠡᠷᠭᠡᠵᠢᠯ᠎ᠤᠨ ᠵᠢᠮ᠎ᠡ ᠶᠣᠰᠣ ᠵᠢ ᠦᠨᠳᠦᠰᠦᠯᠡᠨ᠂ ᠬᠢᠮᠳᠠ᠎ᠪᠠᠷ ᠬᠤᠳᠠᠯᠳᠤᠬᠤ ᠠᠷᠭ᠎ᠠ ᠮᠠᠶᠢᠭ ᠵᠶ᠋ᠠᠷ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ ᠵᠢ ᠠᠩᠬ᠎ᠠ ᠤᠳᠠᠭ᠎ᠠ ᠳᠠᠩᠰᠠᠯᠠᠭᠤᠯᠬᠤ ᠬᠤᠭᠤᠴᠠᠭ᠎ᠠ ᠵᠢ 5 ᠵᠢᠯ ᠪᠣᠯᠲᠠᠯ᠎ᠠ ᠤᠷᠲᠤᠳᠬᠠᠵᠤ᠂ ᠤᠳᠠᠭ᠎ᠠ ᠪᠦᠷᠢ ᠵᠢᠨ ᠦᠷᠭᠦᠯᠵᠢᠯᠡᠭᠦᠯᠬᠦ ᠬᠤᠭᠤᠴᠠᠭ᠎ᠠ ᠵᠢ 5 ᠵᠢᠯ ᠪᠣᠯᠭ᠋ᠠᠨ᠎ᠠ᠃ ᠠᠭᠤᠷᠬᠠᠶ ᠬᠠᠶ᠋ᠢᠬᠤ ᠡᠷᠬᠡ ᠵᠢ ᠦᠷᠭᠦᠯᠵᠢᠯᠡᠭᠦᠯᠬᠦ᠎ᠪᠠᠷ ᠭᠤᠶᠤᠴᠢᠯᠠᠨ ᠳᠠᠩᠰᠠᠯᠠᠭᠤᠯᠬᠤ᠎ᠳᠤ᠎ᠪᠠᠨ ᠠᠩᠬ᠎ᠠ ᠪᠠᠶ᠋ᠢᠭᠤᠯᠤᠭᠰᠠᠨ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ᠋ᠢᠯᠠᠭᠰᠠᠨ ᠲᠠᠯᠠᠪᠠᠶ ᠵᠢᠨ 25 % (ᠰᠢᠲᠠᠮᠠᠬᠠᠶ ᠬᠡᠶ ᠪᠤᠰᠤ ᠵᠦᠢ᠍ᠯ᠎ᠢ ᠨᠢᠭᠡᠨᠲᠡ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ ᠡᠬᠢ ᠪᠠᠶᠠᠯᠢᠭ᠎ᠤᠨ ᠬᠡᠮᠵᠢᠶ᠎ᠡ ᠵᠢᠨ ᠬᠡᠪᠴᠢᠶ᠎ᠡ ᠵᠢ ᠬᠠᠰᠤᠵᠤ᠂ ᠠᠭᠤᠷᠬᠠᠶ ᠮᠠᠯᠲᠠᠬᠤ ᠡᠷᠬᠡ ᠵᠢᠨ ᠡᠭᠴᠡ ᠲᠤᠰᠬᠠᠯᠲᠠ ᠬᠢᠬᠦ ᠬᠡᠪᠴᠢᠶ᠎ᠡ ᠵᠢᠨ ᠭᠦᠨ ᠬᠡᠰᠡᠭ ᠪᠤᠶᠤ ᠳᠡᠭᠡᠳᠦ ᠬᠡᠰᠡᠭ᠎ᠤᠨ ᠠᠭᠤᠷᠬᠠᠶ ᠬᠠᠶ᠋ᠢᠬᠤ ᠡᠷᠬᠡ ᠪᠠᠭᠲᠠᠬᠤ ᠥᠬᠡᠶ)᠃ ᠬᠠᠶ᠋ᠢᠨ ᠪᠠᠶ᠋ᠢᠴᠠᠭ᠋ᠠᠬᠤ ᠬᠡᠪᠴᠢᠶ᠎ᠡ ᠵᠢ ᠥᠷᠭᠡᠳᠬᠡᠭᠰᠡᠨ ᠠᠭᠤᠷᠬᠠᠶ ᠬᠠᠶ᠋ᠢᠬᠤ ᠡᠷᠬᠡ ᠵᠢ ᠨᠡᠶ᠋ᠢᠯᠡᠭᠦᠯᠵᠦ᠂ ᠳᠠᠩᠰᠠᠯᠠᠭᠤᠯᠤᠭᠰᠠᠨ᠎ᠤ ᠳᠠᠷᠠᠭ᠋ᠠᠬᠢ ᠬᠡᠪᠴᠢᠶ᠎ᠡ ᠵᠢ᠎ᠨᠢ ᠦᠷᠭᠦᠯᠵᠢᠯᠡᠭᠦᠯᠬᠦ ᠦᠶ᠎ᠡ ᠵᠢᠨ ᠪᠠᠭ᠋ᠠᠰᠬᠠᠬᠤ ᠠᠩᠬ᠎ᠠ ᠪᠠᠶ᠋ᠢᠭᠤᠯᠬᠤ ᠲᠠᠯᠠᠪᠠᠶ ᠪᠣᠯᠭ᠋ᠠᠨ᠎ᠠ᠃

        ᠲᠤᠰ ᠰᠠᠨᠠᠯ᠎ᠢ ᠪᠠᠭᠤᠯᠭ᠋ᠠᠬᠤ᠎ᠠᠴᠠ ᠡᠮᠦᠨ᠎ᠡ ᠪᠠᠶ᠋ᠢᠭ᠎ᠠ ᠠᠭᠤᠷᠬᠠᠶ ᠬᠠᠶ᠋ᠢᠬᠤ ᠡᠷᠬᠡ ᠵᠢᠨ ᠬᠤᠭᠤᠴᠠᠭ᠎ᠠ᠎ᠨᠢ ᠲᠤᠯᠤᠭ᠋ᠠᠳ ᠦᠷᠭᠦᠯᠵᠢᠯᠡᠭᠦᠯᠬᠦ᠎ᠳᠤ ᠬᠢᠮᠳᠠ᠎ᠪᠠᠷ ᠬᠤᠳᠠᠯᠳᠤᠬᠤ ᠭᠡᠷ᠎ᠡ ᠲᠣᠭᠲᠠᠵᠤ᠂ ᠦᠨᠡᠮᠯᠡᠯ᠎ᠳᠤ ᠲᠡᠮᠳᠡᠭᠯᠡᠭᠰᠡᠨ ᠲᠠᠯᠠᠪᠠᠶ ᠵᠢ ᠠᠩᠬ᠎ᠠ ᠪᠠᠶ᠋ᠢᠭᠤᠯᠤᠭᠰᠠᠨ ᠲᠠᠯᠠᠪᠠᠶ᠎ᠪᠠᠷ ᠦᠵᠡᠵᠦ᠂ ᠳᠡᠭᠡᠷ᠎ᠡ ᠳᠤᠷᠠᠳᠤᠭᠰᠠᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

        ᠠᠭᠤᠷᠬᠠᠶ ᠬᠠᠶ᠋ᠢᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ᠎ᠳᠤ ᠪᠣᠯᠵᠣᠨ ᠲᠣᠭᠲᠠᠭᠰᠠᠨ ᠪᠠᠶ᠋ᠢᠪᠠᠯ ᠭᠡᠷ᠎ᠡ ᠵᠢᠨ ᠶᠣᠰᠣᠭ᠋ᠠᠷ ᠬᠡᠷᠡᠭᠵᠢᠭᠦᠯᠦᠨ᠎ᠡ᠃

        ᠳᠣᠯᠣᠭ᠎ᠠ᠂ ᠡᠳ᠋᠎ᠤᠨ ᠵᠠᠰᠠᠭ᠎ᠠᠴᠠ ᠪᠡᠯᠡ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠪᠠ

       (ᠠᠷᠪᠠᠨ ᠭᠤᠷᠪᠠ) ᠲᠥᠪ᠎ᠤᠨ ᠪᠤᠶᠤ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠪᠦᠬᠦ ᠲᠣᠭ᠎ᠠ᠎ᠪᠠᠷ ᠪᠡᠯᠡ ᠭᠠᠷᠭ᠋ᠠᠭᠰᠠᠨ ᠬᠠᠶ᠋ᠢᠨ ᠪᠠᠶ᠋ᠢᠴᠠᠭ᠋ᠠᠬᠤ ᠲᠥᠷᠥᠯ ᠵᠦᠢ᠍ᠯ᠎ᠳᠤ ᠠᠭᠤᠷᠬᠠᠶ ᠬᠠᠶ᠋ᠢᠬᠤ ᠡᠷᠬᠡ ᠲᠣᠬᠢᠷᠠᠭᠤᠯᠬᠤ ᠦᠭᠡᠶ᠂ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ ᠵᠶ᠋ᠠᠷ ᠵᠶ᠋ᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃ ᠲᠤᠰ ᠮᠡᠳᠡᠭᠳᠡᠯ᠎ᠢ ᠳᠠᠷᠤᠮᠠᠯᠯᠠᠨ ᠶᠠᠪᠤᠭᠤᠯᠬᠤ᠎ᠠᠴᠠ ᠡᠮᠦᠨ᠎ᠡ ᠨᠢᠭᠡᠨᠲᠡ ᠡᠳ᠋᠎ᠤᠨ ᠵᠠᠰᠠᠭ᠎ᠠᠴᠠ ᠪᠡᠯᠡ ᠭᠠᠷᠭ᠋ᠠᠨ ᠠᠭᠤᠷᠬᠠᠶ ᠬᠠᠶ᠋ᠢᠬᠤ ᠡᠷᠬᠡ ᠲᠣᠭᠲᠠᠭ᠋ᠠᠭᠰᠠᠨ ᠬᠤᠭᠤᠴᠠᠭ᠎ᠠ᠎ᠨᠢ ᠲᠤᠯᠪᠠᠯ ᠠᠭᠤᠷᠬᠠᠶ ᠬᠠᠶ᠋ᠢᠬᠤ ᠡᠷᠬᠡ᠎ᠪᠠᠨ ᠦᠷᠭᠦᠯᠵᠢᠯᠡᠭᠦᠯᠬᠦ ᠵᠢ ᠦᠷᠭᠦᠯᠵᠢᠯᠡᠨ ᠭᠦᠢ᠍ᠴᠡᠳᠬᠡᠵᠦ ᠪᠣᠯᠤᠨ᠎ᠠ᠂ ᠲᠣᠭᠲᠠᠭ᠋ᠠᠭᠰᠠᠨ ᠬᠠᠶ᠋ᠢᠨ ᠪᠠᠶ᠋ᠢᠴᠠᠭ᠋ᠠᠬᠤ ᠠᠵᠢᠯ ᠵᠶ᠋ᠠᠨ ᠪᠡᠶᠡᠯᠡᠭᠦᠯᠵᠦ ᠭᠠᠵᠠᠷ ᠰᠢᠨᠵᠢᠯᠡᠭᠡᠨ᠎ᠤ ᠮᠠᠲ᠋ᠧᠷᠢᠶᠠᠯ ᠵᠶ᠋ᠠᠨ ᠬᠠᠤᠯᠢ ᠶᠣᠰᠣᠭ᠋ᠠᠷ ᠬᠤᠷᠢᠶᠠᠩᠭᠤᠶ᠋ᠢᠯᠠᠨ ᠲᠤᠰᠢᠶᠠᠭᠰᠠᠨ᠎ᠤ ᠳᠠᠷᠠᠭ᠎ᠠ᠂ ᠠᠭᠤᠷᠬᠠᠶ ᠬᠠᠶ᠋ᠢᠬᠤ ᠡᠷᠬᠡ᠎ᠪᠠᠨ ᠬᠦᠴᠦᠨ ᠦᠭᠡᠶ ᠪᠣᠯᠭ᠋ᠠᠨ᠎ᠠ᠃ ᠪᠤᠶ ᠪᠣᠯᠤᠭᠰᠠᠨ ᠠᠭᠤᠷᠬᠠᠶ ᠵᠢᠨ ᠭᠠᠷᠤᠯᠲᠠ ᠵᠢᠨ ᠭᠠᠵᠠᠷ᠎ᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠲᠥᠷᠥᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ᠎ᠳᠤ ᠣᠷᠣᠭᠤᠯᠵᠤ᠂ ᠬᠡᠷᠡᠭᠴᠡᠭᠡ ᠶᠣᠰᠣᠭ᠋ᠠᠷ ᠴᠠᠭ᠎ᠲᠤ᠎ᠨᠢ ᠲᠣᠬᠢᠷᠠᠭᠤᠯᠤᠨ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠬᠠᠨᠳᠤᠭᠤᠯᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠢᠯᠡ᠎ᠪᠠᠷ ᠥᠷᠢᠰᠥᠯᠳᠦᠭᠦᠯᠦᠨ ᠬᠢᠮᠳᠠ᠎ᠪᠠᠷ ᠬᠤᠳᠠᠯᠳᠤᠬᠤ ᠬᠡᠷᠡᠭᠲᠡᠶ᠃

        ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ᠎ᠨᠢ ᠭᠤᠷᠪᠠᠨ ᠵᠢᠯ ᠪᠣᠯᠤᠨ᠎ᠠ᠃ ᠲᠤᠰ ᠰᠠᠨᠠᠯ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠳᠠᠷᠤᠮᠠᠯᠯᠠᠨ ᠶᠠᠪᠤᠭᠤᠯᠤᠭᠰᠠᠨ ᠪᠢᠴᠢᠭ ᠮᠠᠲ᠋ᠧᠷᠢᠶᠠᠯ᠎ᠨᠢ ᠲᠤᠰ ᠰᠠᠨᠠᠯ᠎ᠯᠤᠭ᠎ᠠ ᠨᠢᠭᠡᠳᠦᠯ ᠥᠬᠡᠶ ᠪᠠᠢ᠌ᠪᠠᠯ᠂ ᠲᠤᠰ ᠰᠠᠨᠠᠯ᠎ᠤᠨ ᠶᠣᠰᠣᠭ᠋ᠠᠷ ᠬᠡᠷᠡᠭᠵᠢᠭᠦᠯᠦᠨ᠎ᠡ᠃ ᠡᠯ᠎ᠡ ᠠᠶ᠋ᠢᠮᠠᠭ ᠬᠣᠲᠠ ᠲᠤᠰ ᠰᠠᠨᠠᠯ᠎ᠢ ᠦᠨᠳᠦᠰᠦᠯᠡᠨ ᠲᠤᠰ ᠭᠠᠵᠠᠷ ᠣᠷᠣᠨ᠎ᠤ᠎ᠪᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠥᠰᠦᠯ ᠵᠶ᠋ᠠᠨ ᠲᠣᠭᠲᠠᠭ᠋ᠠᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠵᠦᠢ᠍ᠯ᠎ᠤᠳ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠴᠠ᠎ᠳᠤ ᠴᠢᠬᠤᠯᠠ ᠶᠡᠬᠡ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃


                   2020 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠠᠩᠰᠠᠯᠠᠨ ᠬᠠᠮᠢᠶᠠᠷᠬᠤ ᠲᠣᠭᠲᠠᠭ᠋ᠠᠯ》 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠠᠩᠰᠠᠯᠠᠨ ᠬᠠᠮᠢᠶᠠᠷᠬᠤ ᠲᠣᠭᠲᠠᠭ᠋ᠠᠯ》 (ᠲᠤᠷᠰᠢᠨ ᠬᠡᠷᠡᠭᠵᠢᠭᠦᠯᠬᠦ)᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠵᠤ ᠬᠠᠮᠢᠶᠠᠷᠬᠤ ᠵᠢᠨ ᠬᠡᠷᠡᠭᠵᠢᠭᠦᠯᠬᠦ ᠰᠠᠨᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ
ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            