ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠵᠤ ᠬᠠᠮᠢᠶᠠᠷᠬᠤ ᠵᠢᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2023-11-14

    ᠬᠡᠮᠵᠢᠯᠲᠡ ᠵᠢᠨ ᠲᠡᠮᠳᠡᠭ ᠪᠣᠯ ᠤᠯᠤᠰ᠎ᠤᠨ ᠴᠢᠬᠤᠯᠠ ᠰᠠᠭᠤᠷᠢ ᠲᠥᠬᠥᠭᠡᠷᠦᠮᠵᠢ ᠪᠠ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠷᠡ᠎ᠨᠢ ᠤᠯᠤᠰ᠎ᠤᠨ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠬᠥᠭᠵᠢᠯᠲᠡ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠴᠢᠬᠤᠯᠠ ᠦᠢ᠍ᠯᠡᠳᠦᠯ᠎ᠲᠠᠢ ᠶᠤᠮ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠬᠤ ᠬᠠᠤᠯᠢ》 ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠯᠲᠡ ᠵᠢᠨ ᠲᠡᠮᠳᠡᠭ᠎ᠤᠨ ᠬᠠᠮᠢᠶᠠᠷᠤᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ᠂ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠰᠠᠨᠠᠯ᠎ᠢ ᠲᠣᠭᠲᠠᠭ᠋ᠠᠪᠠ᠄
    ᠨᠢᠭᠡ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠪᠠᠳᠠᠷᠠᠭᠤᠯᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠠᠷᠠᠳ ᠨᠡᠶ᠋ᠢᠲᠡ ᠵᠢᠨ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠲᠤᠬᠠᠢ ᠵᠢᠨ ᠭᠠᠵᠠᠷ᠎ᠤᠨ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃ ᠬᠠᠮᠠᠭ᠋ᠠᠯᠠᠵᠤ ᠬᠠᠮᠢᠶᠠᠷᠬᠤ ᠠᠵᠢᠯ᠎ᠳᠠᠬᠢ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠬᠠᠭᠤᠯᠬᠤ ᠠᠵᠢᠯ᠎ᠢ ᠰᠠᠶ᠋ᠢᠲᠤᠷ ᠬᠢᠵᠦ᠂ ᠬᠠᠷᠢᠶ᠎ᠠ ᠣᠷᠣᠨ᠎ᠤ᠎ᠪᠠᠨ ᠠᠷᠠᠳ ᠤᠯᠠᠨ᠎ᠳᠤ ᠬᠡᠮᠵᠢᠯᠲᠡ ᠵᠢᠨ ᠲᠡᠮᠳᠡᠭ᠎ᠤᠨ ᠬᠠᠮᠠᠭ᠋ᠠᠯᠠᠯᠲᠠ ᠵᠢᠨ ᠠᠴᠢ ᠬᠣᠯᠪᠣᠭᠳᠠᠯ ᠪᠣᠯᠤᠨ ᠬᠣᠯᠪᠣᠭᠳᠠᠯ ᠪᠥᠬᠥᠢ ᠮᠡᠳᠡᠯᠭᠡ ᠵᠢ ᠤᠢ᠍ᠢ᠍ᠯᠠᠭ᠋ᠠᠭᠤᠯᠵᠤ᠂ ᠨᠠᠶ᠋ᠢᠳᠠᠵᠤ ᠬᠠᠳᠠᠭ᠋ᠠᠯᠠᠭᠤᠯᠤᠨ ᠬᠠᠮᠢᠶᠠᠷᠤᠭᠤᠯᠬᠤ ᠪᠢᠴᠢᠭ᠎ᠢ ᠳᠠᠩᠰᠠᠯᠠᠭᠤᠯᠵᠤ᠂ ᠬᠠᠳᠠᠭ᠋ᠠᠯᠠᠨ ᠬᠠᠮᠢᠶᠠᠷᠬᠤ ᠬᠠᠷᠢᠭᠤᠴᠠᠯᠭ᠎ᠠ ᠵᠢ ᠬᠠᠪᠰᠤᠷᠤᠨ ᠨᠠᠶ᠋ᠢᠳᠠᠪᠤᠷᠢᠵᠢᠭᠤᠯᠵᠤ᠂ ᠬᠡᠮᠵᠢᠯᠲᠡ ᠵᠢᠨ ᠲᠡᠮᠳᠡᠭ᠎ᠤᠨ ᠡᠪᠳᠡᠭᠳᠡᠭᠰᠡᠨ ᠪᠠᠶ᠋ᠢᠳᠠᠯ᠎ᠢ ᠣᠯᠵᠤ ᠮᠡᠳᠡᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠴᠠᠭ ᠲᠤᠬᠠᠢ᠎ᠳᠤᠨᠢ ᠮᠡᠳᠡᠭᠦᠯᠵᠦ ᠪᠠᠶ᠋ᠢᠴᠠᠭ᠋ᠠᠨ ᠰᠢᠢ᠍ᠳᠪᠦᠷᠢᠯᠡᠭᠦᠯᠬᠦ ᠵᠢᠨ ᠬᠠᠮᠲᠤ ᠬᠡᠷᠡᠭ᠎ᠢ ᠬᠠᠪᠰᠤᠷᠤᠨ ᠪᠠᠶ᠋ᠢᠴᠠᠭ᠋ᠠᠨ ᠰᠢᠢ᠍ᠳᠪᠦᠷᠢᠯᠡᠵᠦ᠂ ᠬᠣᠬᠢᠷᠠᠭᠰᠠᠨ ᠲᠡᠮᠳᠡᠭ᠎ᠤᠨ ᠥᠢ᠍ᠯᠡ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ᠂ ᠬᠡᠮᠵᠢᠯᠲᠡ ᠵᠢᠨ ᠲᠡᠮᠳᠡᠭ ᠪᠥᠳᠥᠭᠡᠨ ᠪᠠᠶ᠋ᠢᠭᠤᠯᠬᠤ ᠎ᠳᠤ ᠲᠥᠬᠥᠮ ᠦᠵᠡᠭᠦᠯᠬᠦ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ᠂ ᠬᠠᠤᠯᠢ ᠲᠣᠭᠲᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠢ ᠬᠠᠮᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃
      ᠬᠣᠶᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢᠨ ᠨᠠᠷᠢᠨ ᠳᠠᠩᠰᠠ ᠪᠠᠢ᠌ᠭᠤᠯᠬᠤ᠃ ᠲᠣᠭᠲᠠᠮᠠᠯ ᠬᠤᠭᠤᠴᠠᠭ᠎ᠠ᠎ᠲᠠᠢ᠎ᠪᠠᠷ ᠬᠡᠮᠵᠢᠯᠲᠡ ᠵᠢᠨ ᠳᠡᠮᠳᠡᠭ᠎ᠲᠤ ᠨᠡᠶ᠋ᠢᠳᠡᠮ ᠪᠠᠶ᠋ᠢᠴᠠᠭ᠋ᠠᠯᠲᠠ ᠬᠢᠵᠦ᠂ ᠳᠠᠨᠭ᠌ᠰᠠ ᠡᠪᠬᠡᠮᠡᠯ ᠪᠠᠶ᠋ᠢᠭᠤᠯᠤᠨ᠂ ᠬᠡᠮᠵᠢᠯᠲᠡ ᠵᠢᠨ ᠳᠡᠮᠳᠡᠭ᠎ᠤᠨ ᠪᠦᠷᠢᠨ ᠪᠦᠲᠦᠨ ᠪᠠᠶ᠋ᠢᠳᠠᠯ᠎ᠳᠤ ᠳᠣᠲᠣᠷ᠎ᠠ᠎ᠪᠠᠨ ᠲᠣᠭ᠎ᠠ᠎ᠲᠠᠢ ᠪᠠᠶ᠋ᠢᠬᠤ ᠬᠡᠷᠡᠭᠲᠡᠢ᠃ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠵᠤ᠂ ᠬᠡᠮᠵᠢᠯᠲᠡ ᠵᠢᠨ ᠲᠡᠮᠳᠡᠭ᠎ᠤᠨ ᠪᠦᠷᠢᠨ ᠪᠦᠲᠦᠨ ᠪᠠᠶ᠋ᠢᠳᠠᠯ᠎ᠢ ᠪᠠᠲᠤᠯᠠᠬᠤ ᠬᠡᠷᠡᠭᠲᠡᠢ᠃ ᠡᠪᠳᠡᠷᠡᠭᠰᠡᠨ ᠬᠡᠮᠵᠢᠯᠲᠡ ᠵᠢᠨ ᠲᠡᠮᠳᠡᠭ᠎ᠢ ᠰᠡᠯᠪᠢᠨ ᠵᠠᠰᠠᠵᠤ᠂ ᠬᠡᠷᠡᠭᠯᠡᠭᠡᠨ᠎ᠤ ᠴᠢᠳᠠᠪᠤᠷᠢ ᠵᠢ᠎ᠨᠢ ᠰᠡᠷᠭᠦᠭᠡᠬᠦ ᠬᠡᠷᠡᠭᠲᠡᠶ᠃ ᠬᠡᠮᠵᠢᠯᠲᠡ ᠵᠢᠨ ᠳᠡᠮᠳᠡᠭ᠎ᠢ ᠬᠠᠮᠠᠭ᠋ᠠᠯᠠᠬᠤ ᠤᠬᠠᠭᠤᠯᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠬᠡᠮᠵᠢᠯᠲᠡ ᠵᠢᠨ ᠳᠡᠮᠳᠡᠭ ᠬᠠᠮᠢᠶᠠᠷᠤᠭᠴᠢ ᠵᠢᠨ ᠬᠠᠳᠠᠭ᠋ᠠᠯᠠᠨ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠵᠢ ᠵᠢᠯᠣᠭᠣᠳᠬᠤ ᠬᠡᠷᠡᠭᠲᠡᠢ᠃ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠡᠮᠵᠢᠯᠲᠡ ᠵᠢᠨ ᠲᠡᠮᠳᠡᠭ᠎ᠢ ᠰᠢᠯᠵᠢᠭᠦᠯᠦᠨ ᠪᠠᠶ᠋ᠢᠭᠤᠯᠬᠤ ᠵᠢ ᠬᠢᠨᠠᠨ ᠬᠠᠷᠭᠤᠭᠤᠯᠵᠤ᠂ ᠬᠢᠨᠠᠨ ᠵᠥᠪᠰᠢᠶᠡᠷᠡᠵᠦ᠂ ᠬᠡᠮᠵᠢᠯᠲᠡ ᠵᠢᠨ ᠲᠡᠮᠳᠡᠭ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠡᠮᠵᠢᠯᠲᠡ ᠵᠢᠨ ᠲᠡᠮᠳᠡᠭ᠎ᠤᠨ ᠣᠳᠣᠬᠢ ᠪᠠᠶ᠋ᠢᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠨᠡᠶ᠋ᠢᠲᠡᠯᠡᠨ᠎ᠡ᠃
    ᠭᠤᠷᠪᠠ᠂ ᠬᠡᠮᠵᠢᠯᠲᠡ ᠵᠢᠨ ᠲᠡᠮᠳᠡᠭ᠎ᠢ ᠱᠠᠲᠤ ᠬᠤᠪᠢᠶᠠᠨ ᠬᠠᠮᠢᠶᠠᠷᠬᠤ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤ᠎ᠨᠢ ᠤᠯᠤᠰ᠎ᠤᠨ ᠬᠣᠶᠠᠳᠤᠭ᠋ᠠᠷ ᠳᠡᠰ᠎ᠠᠴᠠ ᠳᠡᠭᠡᠭᠰᠢᠬᠢ ᠲᠣᠮᠣ ᠭᠠᠵᠠᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠪᠤᠰᠤᠳ ᠲᠡᠰ᠎ᠤᠨ ᠬᠡᠮᠵᠢᠯᠲᠡ ᠵᠢᠨ ᠲᠡᠮᠳᠡᠭ᠎ᠤᠨ ᠬᠠᠮᠢᠶᠠᠷᠤᠯᠲᠠ ᠵᠢ ᠬᠡᠮᠵᠢᠯᠲᠡ ᠵᠢᠨ ᠲᠡᠮᠳᠡᠭ᠎ᠤᠨ ᠪᠠᠶ᠋ᠢᠭ᠎ᠠ ᠭᠠᠵᠠᠷ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ᠎ᠠ᠃
    ᠳᠥᠷᠪᠡ᠂ ᠬᠡᠮᠵᠢᠯᠲᠡ ᠵᠢᠨ ᠲᠡᠮᠳᠡᠭ᠎ᠢ ᠲᠥᠷᠥᠯ ᠬᠤᠪᠢᠶᠠᠨ ᠬᠠᠮᠠᠭ᠋ᠠᠯᠠᠬᠤ ᠬᠡᠷᠡᠭᠲᠡᠶ᠃ ᠣᠳᠣᠬᠠᠨ᠎ᠤ ᠮᠡᠷᠭᠡᠵᠢᠯ᠎ᠤᠨ ᠨᠥᠬᠥᠴᠡᠯ᠎ᠢ ᠦᠨᠳᠦᠰᠦᠯᠡᠨ᠂ ᠭᠦᠢ᠍ᠴᠡᠳ ᠨᠤᠲᠠᠯᠠᠬᠤ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂ ᠭᠤᠤᠯᠳᠠᠯᠭ᠎ᠠ᠎ᠲᠠᠢ ᠬᠠᠮᠠᠭ᠋ᠠᠯᠠᠬᠤ ᠪᠠ ᠡᠩ᠎ᠤᠨ ᠬᠠᠮᠠᠭ᠋ᠠᠯᠠᠯᠲᠠ ᠵᠢ ᠬᠠᠷᠢᠯᠴᠠᠨ ᠤᠶᠠᠯᠳᠤᠭᠤᠯᠬᠤ ᠠᠷᠭ᠎ᠠ ᠵᠢ ᠠᠪᠴᠤ᠂ ᠭᠤᠤᠯᠳᠠᠯᠭ᠎ᠠ᠎ᠲᠠᠢ ᠬᠠᠮᠠᠭ᠋ᠠᠯᠠᠬᠤ ᠬᠡᠮᠵᠢᠯᠲᠡ ᠵᠢᠨ ᠲᠡᠮᠳᠡᠭ᠎ᠲᠤ ᠨᠡᠶ᠋ᠢᠳᠡᠮ ᠪᠠᠶ᠋ᠢᠴᠠᠭ᠋ᠠᠵᠤ ᠪᠠᠶ᠋ᠢᠳᠠᠯ᠎ᠢ ᠣᠶ᠋ᠢᠯᠠᠭ᠋ᠠᠬᠤ᠂ ᠭᠠᠵᠠᠷ ᠬᠡᠷᠡᠭᠯᠡᠬᠦ ᠡᠷᠬᠡ ᠵᠢ ᠨᠤᠲᠠᠯᠠᠨ ᠲᠣᠭᠲᠠᠭ᠋ᠠᠬᠤ᠂ ᠬᠠᠮᠠᠭ᠋ᠠᠯᠠᠯᠲᠠ ᠵᠢ ᠴᠢᠩᠭ᠋ᠠᠳᠬᠠᠬᠤ᠂ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠠᠪᠴᠤ᠂ ᠡᠩ᠎ᠤᠨ ᠬᠠᠮᠠᠭ᠋ᠠᠯᠠᠯᠲᠠ ᠵᠢᠨ ᠲᠡᠮᠳᠡᠭ᠎ᠲᠤ ᠬᠡᠪ᠎ᠤᠨ ᠬᠠᠮᠠᠭ᠋ᠠᠯᠠᠯᠲᠠ ᠵᠢ ᠬᠡᠷᠡᠭᠵᠢᠭᠦᠯᠬᠦ ᠬᠡᠷᠡᠭᠲᠡᠶ᠃ ᠨᠢᠭᠡᠨᠲᠡ ᠬᠡᠷᠡᠭᠯᠡᠬᠦ ᠦᠨ᠎ᠡ ᠥᠷᠲᠡᠭ ᠵᠶ᠋ᠠᠨ ᠠᠯᠳᠠᠭᠰᠠᠨ᠂ ᠨᠤᠷᠠᠬᠤ ᠰᠢᠬᠠᠭ᠋ᠠᠳ ᠪᠠᠶ᠋ᠢᠭ᠎ᠠ ᠭᠠᠵᠠᠷ᠎ᠤᠨ ᠭᠠᠳᠠᠷᠭᠤ ᠵᠢᠨ ᠬᠠᠶ᠋ᠢᠭᠤᠷ᠎ᠢ ᠨᠤᠷᠠᠭ᠋ᠠᠵᠤ᠂ ᠭᠠᠵᠠᠷ ᠳᠣᠣᠷᠠᠬᠢ ᠲᠡᠮᠳᠡᠭ ᠴᠢᠯᠠᠭᠤ ᠵᠢ ᠭᠣᠣᠯᠳᠠᠯᠭ᠎ᠠ᠎ᠲᠠᠢ ᠬᠠᠮᠠᠭ᠋ᠠᠯᠠᠵᠤ᠂ ᠬᠠᠶ᠋ᠢᠭᠤᠷ ᠨᠤᠷᠠᠭᠰᠠᠨ᠎ᠠᠴᠠ ᠪᠣᠯᠵᠤ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠳᠤ ᠰᠦᠷᠳᠡᠭᠦᠯᠦᠯ ᠪᠣᠯᠬᠤ ᠵᠢ ᠪᠠᠭ᠋ᠠᠰᠬᠠᠬᠤ ᠬᠡᠷᠡᠭᠲᠡᠶ᠃
    ᠲᠠᠪᠤ᠂ ᠬᠡᠮᠵᠢᠯᠲᠡ ᠵᠢᠨ ᠲᠡᠮᠳᠡᠭ᠎ᠤᠨ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠯᠲᠠ ᠬᠢᠬᠦ ᠬᠡᠷᠡᠭᠲᠡᠢ᠃ ᠬᠡᠮᠵᠢᠯᠲᠡ ᠵᠢᠨ ᠳᠡᠮᠳᠡᠭ᠎ᠢ ᠨᠡᠶ᠋ᠢᠳᠡᠮ ᠪᠠᠶ᠋ᠢᠴᠠᠭ᠋ᠠᠵᠤ ᠬᠠᠮᠠᠭ᠋ᠠᠯᠠᠬᠤ ᠠᠵᠢᠯ᠎ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠡᠮᠵᠢᠯᠲᠡ ᠵᠢᠨ ᠳᠡᠮᠳᠡᠭ᠎ᠢ ᠬᠠᠮᠠᠭ᠋ᠠᠯᠠᠵᠤ ᠬᠠᠮᠢᠶᠠᠷᠬᠤ ᠳ᠋ᠠᠶ᠋ᠢᠲ᠋ᠠ ᠬᠥᠮᠥᠷᠭᠡ ᠪᠠᠶ᠋ᠢᠭᠤᠯᠵᠤ᠂ ᠬᠡᠮᠵᠢᠯᠲᠡ ᠵᠢᠨ ᠳᠡᠮᠳᠡᠭ᠎ᠢ ᠪᠠᠶ᠋ᠢᠭᠤᠯᠬᠤ᠂ ᠬᠠᠳᠠᠭ᠋ᠠᠯᠠᠨ ᠬᠠᠮᠢᠶᠠᠷᠬᠤ᠂ ᠬᠡᠷᠡᠭᠯᠡᠬᠦ᠂ ᠬᠠᠮᠠᠭ᠋ᠠᠯᠠᠵᠤ ᠰᠡᠯᠪᠢᠨ ᠵᠠᠰᠠᠬᠤ᠂ ᠡᠳᠦᠷ ᠳᠤᠳᠤᠮ᠎ᠤᠨ ᠪᠠᠶ᠋ᠢᠴᠠᠭ᠋ᠠᠯᠲᠠ ᠬᠢᠬᠦ᠂ ᠨᠤᠷᠠᠭ᠋ᠠᠵᠤ ᠨᠡᠭᠦᠯᠭᠡᠬᠦ ᠵᠢ ᠬᠢᠨᠠᠨ ᠵᠥᠪᠰᠢᠶᠡᠷᠡᠬᠦ᠂ ᠡᠷᠬᠡ ᠵᠢ ᠨᠤᠲᠠᠯᠠᠨ ᠦᠨᠡᠮᠯᠡᠯ ᠣᠯᠭᠣᠬᠤ᠂ ᠡᠳᠦᠷ ᠳᠤᠳᠤᠮ᠎ᠤᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠵᠢᠨ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢ ᠪᠡᠶᠡᠯᠡᠭᠦᠯᠦᠨ᠎ᠡ᠃ ᠡᠯ᠎ᠡ ᠵᠦᠢ᠍ᠯ᠎ᠤᠨ ᠬᠡᠷᠡᠭᠯᠡᠬᠦ ᠭᠠᠵᠠᠷ᠂ ᠠᠭᠤᠷᠬᠠᠶ ᠵᠢᠨ ᠭᠠᠷᠤᠯᠲᠠ ᠵᠢ ᠨᠡᠭᠡᠭᠡᠬᠦ ᠵᠡᠷᠭᠡ ᠭᠠᠵᠠᠷ᠎ᠤᠨ ᠭᠠᠳᠠᠷᠭᠤ ᠵᠢᠨ ᠬᠡᠷᠡᠭᠴᠡᠭᠡ ᠵᠢ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ᠎ᠳᠡᠭᠡᠨ᠂ ᠥᠨᠢᠳᠡ ᠵᠢᠨ ᠴᠢᠨᠠᠷᠲᠠᠶ ᠬᠡᠮᠵᠢᠯᠲᠡ ᠵᠢᠨ ᠲᠡᠮᠳᠡᠭ᠎ᠢ ᠡᠵᠡᠯᠡᠨ ᠬᠡᠷᠡᠭᠯᠡᠭᠰᠡᠨ ᠪᠠᠶ᠋ᠢᠬᠤ ᠡᠰᠡᠬᠦ ᠵᠢ ᠬᠢᠨᠠᠨ ᠪᠠᠶ᠋ᠢᠴᠠᠭ᠋ᠠᠬᠤ ᠬᠡᠷᠡᠭᠲᠡᠶ᠃ ᠨᠥᠬᠥᠴᠡᠯ᠎ᠲᠠᠢ ᠭᠠᠵᠠᠷ ᠣᠷᠣᠨ᠎ᠨᠢ ᠥᠨᠢᠳᠡ ᠵᠢᠨ ᠴᠢᠨᠠᠷᠲᠠᠶ ᠬᠡᠮᠵᠢᠯᠲᠡ ᠵᠢᠨ ᠲᠡᠮᠳᠡᠭ᠎ᠤᠨ ᠭᠠᠵᠠᠷ ᠰᠢᠷᠣᠶ ᠡᠵᠡᠯᠡᠬᠦ ᠡᠷᠬᠡ ᠵᠢ ᠨᠤᠲᠠᠯᠠᠨ ᠦᠨᠡᠮᠯᠡᠯ ᠣᠯᠭᠣᠬᠤ ᠠᠵᠢᠯ᠎ᠢ ᠥᠷᠨᠢᠭᠦᠯᠵᠦ ᠪᠣᠯᠤᠨ᠎ᠠ᠃
    ᠵᠢᠷᠭᠤᠭ᠎ᠠ᠂ ᠥᠨᠢᠳᠡ ᠵᠢᠨ ᠴᠢᠨᠠᠷᠲᠠᠢ ᠬᠡᠮᠵᠢᠯᠲᠡ ᠵᠢᠨ ᠲᠡᠮᠳᠡᠭ᠎ᠢ ᠨᠤᠷᠠᠭ᠋ᠠᠵᠤ ᠨᠡᠭᠦᠯᠭᠡᠬᠦ ᠵᠢ ᠬᠢᠨᠠᠨ ᠵᠥᠪᠰᠢᠶᠡᠷᠡᠬᠦ᠃ ᠥᠨᠢᠳᠡ ᠵᠢᠨ ᠴᠢᠨᠠᠷᠲᠠᠶ ᠬᠡᠮᠵᠢᠯᠲᠡ ᠵᠢᠨ ᠲᠡᠮᠳᠡᠭ᠎ᠢ ᠡᠵᠡᠯᠡᠨ ᠬᠡᠷᠡᠭᠯᠡᠬᠦ᠎ᠳᠤ᠂ ᠡᠵᠡᠯᠡᠨ ᠬᠡᠷᠡᠭᠯᠡᠭᠰᠡᠨ ᠨᠢᠭᠡᠴᠢ᠎ᠠᠴᠠ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠡᠵᠡᠯᠡᠨ ᠬᠡᠷᠡᠭᠯᠡᠬᠦ ᠭᠤᠶᠤᠴᠢᠯᠠᠯ ᠳᠤᠷᠠᠳᠴᠤ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠠᠶ᠋ᠢᠮᠠᠭ ᠬᠣᠲᠠ᠎ᠳᠤ ᠬᠠᠮᠢᠶᠠᠷᠤᠭᠳᠠᠬᠤ ᠵᠢ᠎ᠨᠢ ᠠᠶ᠋ᠢᠮᠠᠭ ᠬᠣᠲᠠ ᠰᠢᠭᠤᠳ ᠬᠢᠨᠠᠨ ᠵᠥᠪᠰᠢᠶᠡᠷᠡᠨ᠎ᠡ᠂ ᠥᠪᠡᠷᠲᠡᠭᠡᠨ ᠵᠠᠰᠠᠬᠤ ᠣᠷᠣᠨ᠎ᠤ ᠬᠠᠮᠢᠶᠠᠷᠤᠯᠲᠠ᠎ᠳᠤ ᠬᠠᠷᠢᠶᠠᠯᠠᠭᠳᠠᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠵᠢᠭᠦᠯᠦᠨ ᠮᠡᠳᠡᠭᠦᠯᠦᠨ᠎ᠡ᠃ ᠥᠨᠢᠳᠡ ᠵᠢᠨ ᠴᠢᠨᠠᠷᠲᠠᠢ ᠬᠡᠮᠵᠢᠯᠲᠡ ᠵᠢᠨ ᠳᠡᠮᠳᠡᠭ᠎ᠢ ᠡᠵᠡᠯᠡᠨ ᠬᠡᠷᠡᠭᠯᠡᠭᠰᠡᠨ ᠨᠢᠭᠡᠴᠢ ᠡᠷᠬᠡᠪᠰᠢ ᠬᠠᠤᠯᠢ ᠶᠣᠰᠣᠭ᠋ᠠᠷ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠪᠠᠶ᠋ᠢᠭᠤᠯᠬᠤ ᠵᠠᠷᠤᠳᠠᠯ ᠥᠭᠴᠦ᠂ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠰᠢᠯᠵᠢᠭᠦᠯᠦᠨ ᠪᠠᠶ᠋ᠢᠭᠤᠯᠬᠤ ᠬᠡᠷᠡᠭᠲᠡᠢ᠃ ᠨᠡᠭᠦᠯᠭᠡᠨ ᠪᠠᠶ᠋ᠢᠭᠤᠯᠬᠤ ᠵᠠᠷᠤᠳᠠᠯ᠎ᠤᠨ ᠲᠥᠰᠦᠪ᠎ᠢ ᠤᠤᠯ᠎ᠤᠨ ᠤᠯᠤᠰ᠎ᠤᠨ ᠬᠡᠮᠵᠢᠨ ᠵᠢᠷᠤᠬᠤ ᠲᠤᠪᠴᠢᠶ᠎ᠠ ᠪᠣᠯᠤᠨ ᠡᠳ᠋᠎ᠤᠨ ᠵᠠᠰᠠᠭ᠎ᠤᠨ ᠶᠠᠮᠤᠨ᠎ᠤ ᠲᠣᠭᠲᠠᠭ᠋ᠠᠭᠰᠠᠨ 《ᠬᠡᠮᠵᠢᠨ ᠵᠢᠷᠤᠬᠤ ᠥᠪᠡᠷ᠎ᠤᠨ ᠦᠷᠳᠡᠭ᠎ᠤᠨ ᠵᠠᠷᠤᠳᠠᠯ᠎ᠤᠨ ᠲᠣᠭᠲᠠᠭᠰᠠᠨ ᠲᠣᠭ᠎ᠠ》 ᠵᠢᠨ ᠪᠠᠷᠢᠮᠵᠢᠶ᠎ᠠ ᠵᠢ ᠦᠨᠳᠦᠰᠦᠯᠡᠨ ᠬᠡᠷᠡᠭᠵᠢᠭᠦᠯᠦᠨ᠎ᠡ᠃ ᠨᠡᠭᠦᠯᠭᠡᠨ ᠪᠠᠶ᠋ᠢᠭᠤᠯᠬᠤ ᠵᠠᠷᠤᠳᠠᠯ᠎ᠤᠨ ᠲᠤᠰᠬᠠᠶ ᠵᠣᠭᠣᠰ᠎ᠢ ᠲᠤᠰᠬᠠᠶ ᠵᠦᠢ᠍ᠯ᠎ᠳᠤ᠎ᠨᠢ ᠬᠡᠷᠡᠭᠯᠡᠬᠦ ᠬᠡᠷᠡᠭᠲᠡᠶ᠂ ᠵᠢᠱ᠌ᠢᠶᠡᠯᠡᠪᠡᠯ ᠨᠡᠭᠦᠯᠭᠡᠨ ᠪᠠᠶ᠋ᠢᠭᠤᠯᠬᠤ ᠭᠠᠵᠠᠷ ᠣᠷᠣᠨ᠎ᠢ ᠪᠤᠰᠤᠳ ᠳᠡᠭᠡᠳᠦ ᠲᠠᠰ᠎ᠤᠨ ᠬᠡᠮᠵᠢᠯᠲᠡ ᠵᠢᠨ ᠲᠡᠮᠳᠡᠭ ᠵᠶ᠋ᠠᠷ ᠣᠷᠣᠯᠠᠭᠤᠯᠵᠤ ᠪᠣᠯᠤᠨ᠎ᠠ᠂ ᠳᠠᠪᠬᠤᠷᠳᠠᠭᠤᠯᠤᠨ ᠪᠠᠶ᠋ᠢᠭᠤᠯᠬᠤ ᠦᠭᠡᠶ ᠪᠠᠶ᠋ᠢᠵᠤ ᠪᠣᠯᠤᠨ᠎ᠠ᠂ ᠨᠡᠭᠦᠯᠭᠡᠨ ᠪᠠᠶ᠋ᠢᠭᠤᠯᠬᠤ ᠵᠠᠷᠤᠳᠠᠯ᠎ᠢ ᠲᠤᠬᠠᠶ ᠵᠢᠨ ᠭᠠᠵᠠᠷ᠎ᠤᠨ ᠬᠡᠮᠵᠢᠯᠲᠡ ᠵᠢᠨ ᠲᠡᠮᠳᠡᠭ᠎ᠢ ᠲᠣᠭᠣᠷᠢᠨ ᠪᠠᠶ᠋ᠢᠴᠠᠭ᠋ᠠᠬᠤ᠂ ᠨᠡᠶ᠋ᠢᠳᠡᠮ ᠪᠠᠶ᠋ᠢᠴᠠᠭ᠋ᠠᠬᠤ᠂ ᠬᠠᠮᠠᠭ᠋ᠠᠯᠠᠬᠤ᠂ ᠬᠠᠳᠠᠭ᠋ᠠᠯᠠᠬᠤ᠂ ᠳᠠᠩᠰᠠ ᠡᠪᠬᠡᠮᠡᠯ ᠪᠠᠶ᠋ᠢᠭᠤᠯᠬᠤ ᠵᠡᠷᠭᠡ ᠠᠵᠢᠯ᠎ᠳᠤ ᠬᠡᠷᠡᠭᠯᠡᠵᠦ ᠪᠣᠯᠤᠨ᠎ᠠ᠃ ᠨᠡᠭᠦᠯᠭᠡᠨ ᠪᠠᠶ᠋ᠢᠭᠤᠯᠬᠤ ᠨᠢᠭᠡᠴᠢ᠎ᠨᠢ ᠵᠣᠬᠢᠴᠠᠩᠭᠤᠶ ᠬᠢᠷᠢ ᠬᠡᠮ᠎ᠲᠠᠢ ᠬᠡᠮᠵᠢᠨ ᠵᠢᠷᠤᠬᠤ ᠨᠢᠭᠡᠴᠢ ᠵᠢ ᠰᠣᠩᠭᠣᠬᠤ ᠬᠡᠷᠡᠭᠲᠡᠶ᠃
    ᠳᠣᠯᠣᠭ᠎ᠠ᠂ ᠲᠣᠭᠲᠠᠭᠤᠨ ᠪᠦᠬᠦᠢ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠵᠤ ᠬᠠᠮᠢᠶᠠᠷᠬᠤ ᠠᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠣᠭᠲᠠᠴᠠ ᠵᠢ ᠬᠠᠤᠯᠢ ᠶᠣᠰᠣᠭ᠋ᠠᠷ ᠪᠠᠶ᠋ᠢᠭᠤᠯᠬᠤ ᠬᠡᠷᠡᠭᠲᠡᠶ᠃ ᠰᠠᠭᠤᠷᠢ ᠴᠢᠨᠠᠷᠲᠠᠢ ᠬᠡᠮᠵᠢᠯᠲᠡ ᠵᠢᠨ ᠳᠡᠮᠳᠡᠭ᠎ᠢ ᠪᠠᠶ᠋ᠢᠭᠤᠯᠬᠤ᠂ ᠬᠠᠳᠠᠭ᠋ᠠᠯᠠᠨ ᠬᠠᠮᠢᠶᠠᠷᠬᠤ᠂ ᠨᠡᠶ᠋ᠢᠳᠡᠮ ᠪᠠᠶ᠋ᠢᠴᠠᠭ᠋ᠠᠬᠤ᠂ ᠬᠠᠮᠠᠭ᠋ᠠᠯᠠᠨ ᠰᠡᠯᠪᠢᠨ ᠵᠠᠰᠠᠬᠤ᠂ ᠡᠳᠦᠷ ᠳᠤᠳᠤᠮ᠎ᠤᠨ ᠪᠠᠶ᠋ᠢᠴᠠᠭ᠋ᠠᠯᠲᠠ ᠬᠢᠬᠦ ᠵᠡᠷᠭᠡ᠎ᠳᠤ ᠬᠡᠷᠡᠭᠰᠡᠬᠦ ᠵᠠᠷᠤᠳᠠᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠠᠳᠠᠯᠢ ᠱᠠᠲᠤᠨ᠎ᠤ ᠰᠠᠭᠤᠷᠢ ᠬᠡᠮᠵᠢᠨ ᠵᠢᠷᠤᠬᠤ ᠣᠨ᠎ᠤ ᠲᠥᠯᠥᠪᠯᠡᠭᠡ ᠵᠢᠴᠢ ᠡᠳ᠋᠎ᠤᠨ ᠵᠠᠰᠠᠭ᠎ᠤᠨ ᠲᠥᠰᠦᠪ᠎ᠲᠤ ᠵᠢᠭᠰᠠᠭ᠋ᠠᠨ ᠣᠷᠣᠭᠤᠯᠵᠤ᠂ ᠲᠤᠰᠬᠠᠢ ᠵᠣᠭᠣᠰ᠎ᠢ ᠲᠤᠰᠬᠠᠢ ᠬᠡᠷᠡᠭᠯᠡᠨ᠎ᠡ᠃
    ᠨᠠᠢ᠍ᠮᠠ᠂ ᠬᠠᠤᠯᠢ᠎ᠠᠴᠠ ᠵᠥᠷᠢᠴᠡᠭᠰᠡᠨ ᠬᠡᠷᠡᠭ᠎ᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠬᠡᠮᠵᠢᠯᠲᠡ ᠵᠢᠨ ᠲᠡᠮᠳᠡᠭ᠎ᠤᠨ ᠠᠶᠤᠯ ᠦᠭᠡᠶ ᠪᠠ ᠬᠡᠷᠡᠭᠯᠡᠬᠦ ᠬᠦᠴᠦᠨ ᠴᠢᠳᠠᠪᠤᠷᠢ᠎ᠳᠤ ᠬᠥᠨᠥᠭᠡᠯ᠎ᠲᠠᠢ᠂ ᠵᠥᠪᠰᠢᠶᠡᠷᠡᠭᠦᠯᠦᠭᠡᠳᠦᠶ᠎ᠪᠠᠷ ᠥᠨᠢᠳᠡ ᠵᠢᠨ ᠴᠢᠨᠠᠷᠲᠠᠶ ᠬᠡᠮᠵᠢᠯᠲᠡ ᠵᠢᠨ ᠲᠡᠮᠳᠡᠭ᠎ᠢ ᠳᠤᠷ᠎ᠠ᠎ᠪᠠᠷ ᠵᠶ᠋ᠠᠨ ᠨᠤᠷᠠᠭ᠋ᠠᠵᠤ ᠨᠡᠭᠦᠯᠭᠡᠭᠰᠡᠨ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠭᠦᠯᠭᠡᠨ ᠪᠠᠶ᠋ᠢᠭᠤᠯᠬᠤ ᠵᠠᠷᠤᠳᠠᠯ ᠥᠭᠬᠦ ᠵᠢ ᠲᠡᠪᠴᠢᠭᠰᠡᠨ᠂ ᠥᠨᠢᠳᠡ ᠵᠢᠨ ᠴᠢᠨᠠᠷᠲᠠᠶ ᠬᠡᠮᠵᠢᠯᠲᠡ ᠵᠢᠨ ᠲᠡᠮᠳᠡᠭ᠎ᠢ ᠲᠣᠭᠲᠠᠭ᠋ᠠᠯ᠎ᠠᠴᠠ ᠵᠥᠷᠢᠴᠡᠭᠰᠡᠨ ᠪᠤᠶᠤ ᠬᠠᠤᠯᠢ ᠪᠤᠰᠤ᠎ᠪᠠᠷ ᠬᠡᠷᠡᠭᠯᠡᠭᠰᠡᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠬᠡᠮᠵᠢᠯᠲᠡ ᠵᠢᠨ ᠲᠡᠮᠳᠡᠭ᠎ᠢ ᠵᠣᠷᠢᠭᠤᠳᠠ ᠡᠪᠳᠡᠵᠦ᠂ ᠬᠡᠷᠡᠭᠯᠡᠬᠦ ᠬᠦᠴᠦᠨ ᠴᠢᠳᠠᠪᠤᠷᠢ ᠵᠢ᠎ᠨᠢ ᠠᠯᠳᠠᠭᠤᠯᠤᠭᠰᠠᠨ ᠬᠦᠨᠳᠦ ᠨᠣᠴᠢᠲᠠᠶ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠥᠭᠬᠦ ᠬᠡᠷᠡᠭᠲᠡᠢ ᠪᠠᠶ᠋ᠢᠪᠠᠯ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠳᠬᠡᠯ᠎ᠤᠨ ᠲᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠳᠬᠡᠯ ᠥᠭᠭᠦᠨ᠎ᠡ; ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠨᠡᠢ᠌ᠲᠡᠯᠡᠬᠦ ᠬᠡᠷᠡᠭᠲᠡᠶ᠃
    ᠶᠢᠰᠦ᠂ ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠡᠮᠵᠢᠯᠲᠡ ᠵᠢᠨ ᠲᠡᠮᠳᠡᠭ᠎ᠤᠨ ᠴᠢᠬᠤᠯᠠ ᠦᠢ᠍ᠯᠡᠳᠦᠯ᠂ ᠬᠠᠮᠢᠶ᠎ᠠ ᠪᠦᠬᠦᠢ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠴᠢ ᠬᠠᠮᠠᠭ᠋ᠠᠯᠠᠯᠲᠠ ᠬᠠᠮᠢᠶᠠᠷᠤᠯᠲᠠ ᠵᠢᠨ ᠠᠮᠵᠢᠯᠲᠠ᠎ᠲᠠᠢ ᠲᠤᠷᠰᠢᠯᠭ᠎ᠠ᠂ ᠲᠡᠷᠢᠭᠦᠨ᠎ᠤ ᠬᠥᠮᠦᠰ᠎ᠤᠨ ᠦᠢ᠍ᠯᠡ ᠠᠵᠢᠯᠯᠠᠭ᠎ᠠ ᠵᠡᠷᠭᠡ ᠵᠢ ᠶᠡᠬᠡᠪᠡᠷ ᠤᠬᠠᠭᠤᠯᠬᠤ ᠬᠡᠷᠡᠭᠲᠡᠶ; ᠬᠡᠮᠵᠢᠯᠲᠡ ᠵᠢᠨ ᠲᠡᠮᠳᠡᠭ᠎ᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠤᠨ ᠳᠤᠮᠳᠠ ᠢᠯᠡᠳᠲᠡ ᠠᠮᠵᠢᠯᠲᠠ ᠭᠠᠷᠭ᠋ᠠᠭᠰᠠᠨ ᠨᠢᠭᠡᠴᠢ ᠪᠣᠯᠤᠨ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠬᠤ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ
ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶ᠎ᠡ᠂ ᠠᠮᠢ ᠠᠬᠤᠶ ᠵᠢᠨ ᠣᠷᠴᠢᠨ ᠲᠣᠭᠣᠷᠢᠨ᠎ᠤ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠦᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
 
            