ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2023-11-20

      ᠨᠢᠭᠡᠳᠦᠭᠡᠷ ᠪᠦᠯᠦᠭ   ᠶᠡᠷᠦᠩᠬᠡᠶ ᠳᠦᠷᠢᠮ
      ᠨᠢᠭᠡᠳᠦᠭᠡᠷ ᠵᠦᠢ᠍ᠯ   ᠭᠠᠵᠠᠷ ᠵᠦᠢ ᠵᠢᠨ ᠮᠡᠳᠡᠭᠡ ᠵᠠᠩᠭᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠶᠠᠰᠤ ᠴᠢᠨᠠᠷ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠬᠤ᠂ ᠦᠷ᠎ᠡ ᠪᠦᠲᠦᠭᠡᠯ᠎ᠤᠨ ᠶᠠᠰᠤ ᠴᠢᠨᠠᠷ᠎ᠢ ᠪᠠᠲᠤᠯᠠᠬᠤ᠂ ᠤᠯᠤᠰ᠂ ᠬᠡᠷᠡᠭᠯᠡᠭᠴᠢ ᠪᠠ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠳᠦᠷᠢᠮ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠬᠠᠤᠯᠢ》᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠭᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ 《ᠭᠠᠵᠠᠷ ᠵᠦᠢ ᠵᠢᠨ ᠮᠡᠳᠡᠭᠡ ᠵᠠᠩᠭᠢ ᠵᠢᠨ ᠶᠠᠰᠤ ᠴᠢᠨᠠᠷ᠎ᠢ ᠬᠡᠮᠵᠢᠨ ᠵᠢᠷᠤᠬᠤ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠬᠠᠮᠢᠶᠠᠷᠤᠯᠲᠠ ᠵᠢᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠢ ᠡᠵᠡᠮᠳᠡᠬᠦ ᠠᠵᠢᠯᠯᠠᠭ᠎ᠠ ᠵᠢᠴᠢ ᠶᠠᠰᠤ ᠴᠢᠨᠠᠷ᠎ᠢ ᠬᠢᠨᠠᠨ ᠬᠠᠮᠢᠶᠠᠷᠬᠤ ᠠᠵᠢᠯ ᠬᠢᠬᠦ᠎ᠳᠤ ᠲᠣᠰ ᠠᠷᠭ᠎ᠠ ᠵᠢ ᠵᠢᠷᠤᠮᠯᠠᠬᠤ ᠬᠡᠷᠡᠭᠲᠡᠶ᠃ ᠲᠣᠰ ᠠᠷᠭ᠎ᠠ᠎ᠳᠤ ᠬᠡᠯᠡᠵᠦ ᠪᠠᠶ᠋ᠢᠭ᠎ᠠ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠶᠠᠰᠤ ᠴᠢᠨᠠᠷ ᠭᠡᠳᠡᠭ᠎ᠨᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯᠯᠠᠭ᠎ᠠ ᠵᠢᠴᠢ ᠲᠡᠭᠦᠨ᠎ᠤ ᠦᠷ᠎ᠡ ᠪᠦᠲᠦᠭᠡᠯ᠎ᠨᠢ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠬᠦ ᠪᠠ ᠬᠡᠷᠡᠭᠯᠡᠭᠴᠢᠳ᠎ᠤᠨ ᠱᠠᠭ᠋ᠠᠷᠳᠠᠯᠭ᠎ᠠ ᠵᠢ ᠬᠠᠩᠭ᠋ᠠᠬᠤ ᠣᠨᠴᠠᠯᠢᠭ ᠰᠢᠨᠵᠢ᠂ ᠥᠪᠡᠷᠮᠢᠴᠡ ᠴᠢᠨᠠᠷ᠎ᠢ ᠵᠢᠭ᠋ᠠᠵᠤ ᠪᠣᠶ᠃
      ᠭᠤᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠣᠷᠣᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠲᠤ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ᠎ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ᠎ᠢ ᠬᠢᠨᠠᠵᠤ ᠬᠠᠮᠢᠶᠠᠷᠤᠨ᠎ᠠ᠃
      ᠳᠥᠷᠪᠡᠳᠦᠭᠡᠷ ᠵᠦᠢ᠍ᠯ   ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯᠯᠠᠭ᠎ᠠ ᠵᠢᠴᠢ ᠲᠡᠭᠦᠨ᠎ᠤ ᠦᠷ᠎ᠡ ᠪᠦᠲᠦᠭᠡᠯ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠠᠯᠪᠠᠳᠠᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠬᠡᠮᠵᠢᠨ ᠵᠢᠷᠤᠬᠤ ᠬᠢᠷᠢ ᠬᠡᠮ᠎ᠲᠠᠢ ᠨᠢᠭᠡᠴᠢ᠎ᠨᠦᠭᠦᠳ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠦᠨ᠂ ᠦᠷ᠎ᠡ ᠪᠦᠲᠦᠭᠡᠯ᠎ᠤᠨ ᠶᠠᠰᠤ ᠴᠢᠨᠠᠷ᠎ᠲᠤ ᠵᠣᠬᠢᠴᠠᠩᠭᠤᠶ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠶ᠃ ᠬᠡᠮᠵᠢᠨ ᠵᠢᠷᠤᠬᠤ ᠬᠢᠷᠢ ᠴᠢᠳᠠᠮᠵᠢ᠎ᠲᠠᠢ ᠨᠢᠭᠡᠴᠢ ᠵᠢᠨ ᠲᠡᠷᠢᠭᠦᠨ᠎ᠤ ᠰᠢᠨᠵᠢᠯᠡᠬᠦ ᠤᠬᠠᠭ᠋ᠠᠨᠴᠢ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠮᠡᠷᠭᠡᠵᠢᠯ ᠪᠣᠯᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ ᠵᠢ ᠬᠡᠷᠡᠭᠯᠡᠬᠦ ᠵᠢ ᠵᠣᠷᠢᠭᠵᠢᠭᠤᠯᠵᠤ᠂ ᠣᠷᠣᠨ ᠨᠤᠲᠤᠭ᠎ᠤᠨ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠪᠠᠷᠢᠮᠵᠢᠶ᠎ᠠ ᠵᠢ ᠰᠤᠳᠤᠯᠬᠤ᠂ ᠲᠣᠭᠲᠠᠭ᠋ᠠᠬᠤ᠂ ᠬᠡᠷᠡᠭᠯᠡᠬᠦ ᠵᠢ ᠵᠣᠷᠢᠭᠵᠢᠭᠤᠯᠤᠨ᠎ᠠ᠃
      ᠬᠣᠶᠠᠳᠤᠭ᠋ᠠᠷ ᠪᠦᠯᠦᠭ   ᠬᠢᠨᠠᠯᠲᠠ ᠬᠠᠮᠢᠶᠠᠷᠤᠯᠲᠠ  
      ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠴᠢᠩᠭ᠎ᠠ ᠵᠠᠰᠠᠭ ᠶᠠᠪᠤᠭᠤᠯᠵᠤ᠂ ᠬᠡᠮᠵᠢᠨ ᠵᠢᠷᠤᠬᠤ ᠬᠢᠷᠢ ᠬᠡᠮ᠎ᠲᠠᠢ ᠨᠢᠭᠡᠴᠢ ᠵᠢᠨ ᠶᠠᠰᠤ ᠴᠢᠨᠠᠷ᠎ᠤᠨ ᠠᠵᠢᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠦᠢ᠍ᠯᠡᠳᠪᠦᠷᠢᠯᠡᠯ᠎ᠤᠨ ᠶᠠᠪᠤᠴᠠ ᠪᠠ ᠦᠷ᠎ᠡ ᠪᠦᠲᠦᠭᠡᠯ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠢᠬᠤᠯᠠ ᠶᠡᠬᠡ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ ᠪᠠ ᠴᠢᠬᠤᠯᠠ ᠶᠡᠬᠡ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
    ᠵᠢᠷᠭᠤᠳᠤᠭ᠋ᠠᠷ ᠵᠦᠢ᠍ᠯ   ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠲᠤ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠱᠠᠭ᠋ᠠᠷᠳᠠᠯᠭ᠎ᠠ ᠶᠣᠰᠣᠭ᠋ᠠᠷ ᠬᠢᠨᠠᠯᠲᠠ ᠪᠠᠶ᠋ᠢᠴᠠᠭ᠋ᠠᠯᠲᠠ ᠬᠢᠨ᠎ᠠ᠃ ᠬᠡᠮᠵᠢᠨ ᠵᠢᠷᠤᠬᠤ ᠬᠢᠷᠢ ᠭᠡᠮ᠎ᠲᠠᠢ ᠪᠦᠬᠦ ᠨᠢᠭᠡᠴᠢ ᠵᠢ 3 ᠵᠢᠯ᠎ᠳᠤ ᠨᠢᠭᠡ ᠤᠳᠠᠭ᠎ᠠ᠎ᠠᠴᠠ ᠳᠤᠲᠠᠭᠤ ᠦᠭᠡᠶ ᠪᠠᠢ᠌ᠴᠠᠭ᠋ᠠᠵᠤ᠂ ᠣᠯᠠᠨ ᠨᠡᠶ᠋ᠢᠲᠡ ᠵᠢᠨ ᠠᠮᠤᠷ ᠲᠦᠪᠰᠢᠨ᠂ ᠣᠯᠠᠨ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠬᠤ ᠦᠷ᠎ᠡ ᠪᠦᠲᠦᠭᠡᠯ᠎ᠳᠤ ᠶᠠᠰᠤ ᠴᠢᠨᠠᠷ᠎ᠤᠨ ᠲᠤᠰᠬᠠᠶ ᠵᠦᠢ᠍ᠯ᠎ᠤᠨ ᠬᠢᠨᠠᠯᠲᠠ ᠪᠠᠶ᠋ᠢᠴᠠᠭ᠋ᠠᠯᠲᠠ ᠵᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠶ᠃ ᠠᠳᠠᠯᠢ ᠨᠢᠭᠡ ᠬᠡᠮᠵᠢᠨ ᠵᠢᠷᠤᠭᠰᠠᠨ ᠵᠦᠢ᠍ᠯᠡᠰ ᠪᠤᠶᠤ ᠠᠳᠠᠯᠢ ᠨᠢᠭᠡ ᠪᠦᠯᠦᠭ ᠤᠳᠠᠭ᠎ᠠ ᠵᠢᠨ ᠦᠷ᠎ᠡ ᠪᠦᠲᠦᠭᠡᠯ᠎ᠢ ᠳᠡᠭᠡᠳᠦ ᠱᠠᠲᠤᠨ᠎ᠠᠴᠠ ᠬᠢᠨᠠᠵᠤ ᠪᠠᠶ᠋ᠢᠴᠠᠭ᠋ᠠᠭᠰᠠᠨ ᠪᠠᠶ᠋ᠢᠪᠠᠯ᠂ ᠳᠤᠤᠷᠠᠳᠤ ᠱᠠᠳᠤ᠎ᠨᠢ ᠠᠰᠲᠠᠭ᠋ᠠᠨ ᠳᠠᠪᠬᠤᠷᠳᠠᠭᠤᠯᠤᠨ ᠪᠠᠶ᠋ᠢᠴᠠᠭ᠋ᠠᠵᠤ ᠪᠣᠯᠬᠤ ᠦᠭᠡᠢ᠃
      ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠬᠥ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠯᠥᠪᠯᠡᠭᠡ ᠵᠢ ᠣᠨ ᠵᠶ᠋ᠠᠷ ᠲᠣᠭᠲᠠᠭ᠋ᠠᠨ᠎ᠠ᠃ ᠠᠶ᠋ᠢᠮᠠᠭ ᠬᠣᠲᠠ ᠵᠢᠨ ᠬᠡᠮᠵᠢᠨ ᠵᠦᠶ ᠵᠢᠨ ᠮᠡᠳᠡᠭᠡ ᠵᠠᠩᠭᠢ ᠵᠢᠨ ᠵᠢᠷᠤᠬᠤ ᠭᠠᠵᠠᠷ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠳᠦ ᠱᠠᠲᠤᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠯᠥᠪᠯᠡᠭᠡ ᠵᠢ ᠦᠨᠳᠦᠰᠦᠯᠡᠨ᠂ ᠲᠣᠰ ᠭᠠᠵᠠᠷ᠎ᠤᠨ ᠪᠠᠶ᠋ᠢᠳᠠᠯ᠎ᠲᠠᠢ ᠤᠶᠠᠯᠳᠤᠭᠤᠯᠵᠤ᠂ ᠲᠣᠰ ᠱᠠᠲᠤᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠳᠣᠭᠢᠷᠠᠭᠤᠯᠬᠤ ᠵᠢᠨ ᠬᠠᠮᠲᠤ᠂ ᠳᠡᠭᠡᠳᠦ ᠨᠢᠭᠡ ᠱᠠᠲᠤᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠵᠤ᠂ ᠠᠶ᠋ᠢᠮᠠᠭ ᠬᠣᠲᠠ ᠵᠢᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠡᠯ᠎ᠡ ᠱᠠᠲᠤᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠵᠠᠷᠤᠳᠠᠯ᠎ᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠰ ᠱᠠᠲᠤᠨ᠎ᠤ ᠲᠥᠰᠦᠪ᠎ᠲᠤ ᠣᠷᠣᠭᠤᠯᠵᠤ᠂ ᠲᠤᠰᠬᠠᠶ ᠵᠣᠭᠣᠰ᠎ᠢ ᠲᠤᠰᠬᠠᠶ ᠵᠦᠢ᠍ᠯ᠎ᠳᠤ᠎ᠨᠢ ᠬᠡᠷᠡᠭᠯᠡᠬᠦ ᠬᠡᠷᠡᠭᠲᠡᠶ᠃
      ᠳᠣᠯᠣᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠳᠦ ᠱᠠᠲᠤᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠯᠥᠪᠯᠡᠭᠡ ᠵᠢ ᠦᠨᠳᠦᠰᠦᠯᠡᠬᠦ ᠵᠢᠨ ᠬᠠᠮᠲᠤ ᠳᠤᠰ ᠭᠠᠵᠠᠷ ᠣᠷᠣᠨ᠎ᠤ᠎ᠪᠠᠨ ᠪᠣᠳᠠᠲᠠᠢ ᠪᠠᠶ᠋ᠢᠳᠠᠯ᠎ᠲᠠᠢ ᠤᠶᠠᠯᠳᠤᠭᠤᠯᠤᠨ᠂ ᠳᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠶ᠋ᠢᠴᠠᠭ᠋ᠠᠭᠳᠠᠵᠤ ᠪᠠᠶ᠋ᠢᠭ᠎ᠠ ᠨᠢᠭᠡᠴᠢ ᠵᠢ ᠵᠣᠬᠢᠴᠠᠭᠤᠯᠵᠤ᠂ ᠵᠢᠯᠣᠭᠣᠳᠴᠤ᠂ ᠬᠢᠨᠠᠯᠲᠠ ᠲᠠᠯᠪᠢᠵᠤ ᠪᠠᠶ᠋ᠢᠭ᠋ᠠᠳ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠳᠤ ᠬᠠᠮᠵᠢᠯᠴᠠᠭᠤᠯᠬᠤ ᠬᠡᠷᠡᠭᠲᠡᠢ᠃ ᠶᠠᠮᠠᠷᠪᠠ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ ᠬᠢᠨᠠᠯᠲᠠ ᠪᠠᠶ᠋ᠢᠴᠠᠭ᠋ᠠᠯᠲᠠ ᠵᠢ ᠶᠠᠮᠠᠷᠪᠠ ᠰᠢᠯᠲᠠᠭ᠋ᠠᠨ ᠪᠠ ᠬᠡᠯᠪᠡᠷᠢ᠎ᠪᠠᠷ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
      ᠨᠠᠢ᠍ᠮᠠᠳᠤᠭ᠋ᠠᠷ ᠵᠦᠢ᠍ᠯ   ᠬᠢᠨᠠᠯᠲᠠ ᠲᠠᠯᠪᠢᠵᠤ ᠪᠠᠶ᠋ᠢᠴᠠᠭ᠋ᠠᠬᠤ ᠶᠠᠪᠤᠴᠠ᠎ᠳᠤ ᠬᠢᠬᠦ ᠴᠢᠬᠤᠯᠠᠲᠠᠢ ᠰᠢᠯᠭ᠋ᠠᠨ ᠪᠠᠶ᠋ᠢᠴᠠᠭ᠋ᠠᠬᠤ᠂ ᠰᠢᠯᠭ᠋ᠠᠨ ᠲᠣᠭᠲᠠᠭ᠋ᠠᠬᠤ᠂ ᠪᠠᠶ᠋ᠢᠴᠠᠭ᠋ᠠᠨ ᠬᠡᠮᠵᠢᠬᠦ ᠵᠡᠷᠭᠡ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠠᠵᠢᠯᠯᠠᠭ᠎ᠠ ᠵᠢ ᠬᠢᠨᠠᠯᠲᠠ ᠲᠠᠯᠪᠢᠵᠤ ᠪᠠᠶ᠋ᠢᠴᠠᠭ᠋ᠠᠬᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ   ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠯ ᠶᠣᠰᠣᠭ᠋ᠠᠷ ᠬᠡᠮᠵᠢᠨ ᠵᠢᠷᠤᠬᠤ ᠶᠠᠰᠤ ᠴᠢᠨᠠᠷ᠎ᠢ ᠪᠠᠶ᠋ᠢᠴᠠᠭ᠋ᠠᠬᠤ ᠪᠠᠶ᠋ᠢᠭᠤᠯᠤᠮᠵᠢ ᠵᠢ ᠰᠣᠩᠭᠣᠵᠤ ᠬᠠᠮᠵᠢᠨ ᠪᠡᠶᠡᠯᠡᠭᠦᠯᠵᠦ ᠪᠣᠯᠤᠨ᠎ᠠ᠃
    ᠶᠢᠰᠦᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠦᠷ᠎ᠡ ᠪᠦᠲᠦᠭᠡᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠠᠵᠢᠯᠲᠠᠨ᠎ᠤ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠂ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠦᠷᠢᠯᠳᠦᠬᠦᠨ᠎ᠨᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠦᠷ᠎ᠡ ᠪᠦᠲᠦᠭᠡᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠠᠵᠢᠯ᠎ᠳᠤ ᠣᠷᠣᠯᠴᠠᠵᠤ ᠪᠣᠯᠤᠨ᠎ᠠ᠃
    ᠠᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠳᠤᠰ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶᠡᠨ᠎ᠳᠠᠬᠢ ᠬᠡᠮᠵᠢᠨ ᠵᠢᠷᠤᠬᠤ ᠶᠠᠰᠤ ᠴᠢᠨᠠᠷ᠎ᠤᠨ ᠲᠤᠬᠠᠢ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠭᠣᠮᠣᠳᠠᠯ ᠲᠤᠭ᠋ᠠᠴᠠᠯᠲᠠ ᠵᠢ ᠬᠠᠷᠢᠭᠤᠴᠠᠨ ᠬᠦᠯᠢᠶᠡᠨ ᠠᠪᠴᠤ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠂ ᠲᠡᠷᠡᠴᠢᠯᠡᠨ ᠳᠡᠭᠡᠷ᠎ᠡ ᠨᠢᠭᠡ ᠱᠠᠲᠤᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
    ᠠᠷᠪᠠᠨ ᠨᠢᠭᠡᠳᠦᠭᠡᠷ ᠵᠦᠢ᠍ᠯ   ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠶᠠᠰᠤ ᠴᠢᠨᠠᠷ᠎ᠤᠨ ᠠᠰᠠᠭᠤᠳᠠᠯ᠎ᠠᠴᠠ ᠪᠣᠯᠵᠣ ᠬᠦᠨᠳᠦ ᠶᠡᠬᠡ ᠡᠨᠳᠡᠯ ᠭᠠᠷᠤᠭᠰᠠᠨ ᠪᠣᠯ᠂ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠂ ᠦᠷ᠎ᠡ ᠪᠦᠲᠦᠭᠡᠯ᠎ᠢ ᠬᠡᠷᠡᠭᠯᠡᠬᠦ ᠨᠢᠭᠡᠴᠢ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠬᠣᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃
    ᠭᠤᠷᠪᠠᠳᠤᠭ᠋ᠠᠷ ᠪᠦᠯᠦᠭ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ  
    ᠠᠷᠪᠠᠨ ᠬᠣᠶᠠᠳᠤᠭ᠋ᠠᠷ ᠵᠦᠢ᠍ᠯ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢᠨ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ ᠶᠣᠰᠣᠭ᠋ᠠᠷ᠂ ᠲᠤᠰ ᠨᠢᠭᠡᠴᠢ ᠵᠢᠨ ᠵᠶ᠋ᠠᠨ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠤᠬᠠᠶ᠋ᠢᠯᠠᠭᠰᠠᠨ ᠠᠵᠢᠯ᠎ᠤᠨ ᠬᠡᠪᠴᠢᠶ᠎ᠡ ᠵᠢ ᠬᠠᠮᠤᠷᠤᠭᠰᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠬᠡᠮᠵᠢᠨ ᠵᠢᠷᠤᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠦᠲᠦᠮᠵᠢᠲᠡᠶ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠶ᠃
    ᠠᠷᠪᠠᠨ ᠭᠤᠷᠪᠠᠳᠤᠭ᠋ᠠᠷ ᠵᠦᠢ᠍ᠯ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠳᠤ ᠶᠠᠰᠤ ᠴᠢᠨᠠᠷ᠎ᠤᠨ ᠬᠠᠮᠢᠶᠠᠷᠤᠯᠲᠠ ᠪᠣᠯᠤᠨ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠭᠠᠷᠭ᠋ᠠᠵᠤ᠂ ᠲᠣᠬᠢᠷᠠᠭᠤᠯᠤᠭᠰᠠᠨ ᠲᠤᠰᠬᠠᠶ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯᠲᠠᠨ ᠲᠣᠬᠢᠷᠠᠭᠤᠯᠵᠤ᠂ ᠬᠡᠮᠵᠢᠨ ᠵᠢᠷᠤᠬᠤ ᠬᠥᠬᠡ ᠲᠠᠰ᠎ᠤᠨ ᠬᠢᠷᠢ ᠭᠡᠮ᠎ᠲᠠᠢ ᠨᠢᠭᠡᠴᠢ᠎ᠨᠢ 5 ᠬᠥᠮᠦᠨ᠎ᠠᠴᠠ ᠳᠤᠲᠠᠭᠤ ᠲᠣᠬᠢᠷᠠᠭᠤᠯᠵᠤ ᠪᠣᠯᠬᠤ ᠦᠭᠡᠶ᠂ ᠪᠤᠰᠤᠳ ᠨᠢᠭᠡᠴᠢ ᠵᠢ 2 ᠬᠥᠮᠦᠨ᠎ᠠᠴᠠ ᠳᠤᠲᠠᠭᠤ ᠲᠣᠬᠢᠷᠠᠭᠤᠯᠵᠤ ᠪᠣᠯᠬᠤ ᠦᠭᠡᠶ᠃
ᠬᠡᠮᠵᠢᠨ ᠵᠢᠷᠤᠬᠤ ᠬᠢᠷᠢ ᠬᠡᠮ᠎ᠲᠠᠢ ᠨᠢᠭᠡᠴᠢ ᠵᠢᠨ ᠶᠠᠰᠤ ᠴᠢᠨᠠᠷ᠎ᠢ ᠪᠠᠶ᠋ᠢᠴᠠᠭ᠋ᠠᠬᠤ ᠠᠵᠢᠯᠲᠠᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠤᠰᠬᠠᠶ ᠮᠡᠷᠭᠡᠵᠢᠯ᠎ᠤᠨ ᠮᠡᠳᠡᠯᠭᠡ᠎ᠲᠠᠢ᠂ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠢ ᠪᠠᠶ᠋ᠢᠴᠠᠭ᠋ᠠᠬᠤ ᠠᠵᠢᠯ᠎ᠤᠨ ᠲᠠᠰ ᠳᠠᠷᠠᠭ᠋ᠠᠯᠠᠯ᠎ᠢ ᠰᠠᠶ᠋ᠢᠨ ᠮᠡᠳᠡᠵᠦ᠂ ᠠᠵᠢᠯ᠎ᠳᠤ᠎ᠪᠠᠨ ᠬᠢᠨᠠᠮᠠᠭ᠋ᠠᠶ ᠬᠠᠷᠢᠭᠤᠴᠠᠵᠤ᠂ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ᠎ᠳᠤ ᠡᠷᠬᠡᠪᠰᠢ ᠬᠡᠮᠵᠢᠨ ᠵᠢᠷᠤᠬᠤ ᠢᠨᠵᠧᠨᠧᠷ ᠵᠢᠴᠢ ᠲᠡᠭᠦᠨ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠠᠵᠢᠯᠲᠠᠨ᠂ ᠳᠠᠩᠰᠠᠯᠠᠭᠤᠯᠤᠭᠰᠠᠨ ᠬᠡᠮᠵᠢᠨ ᠵᠢᠷᠤᠭᠯᠠᠭᠴᠢ ᠡᠭᠦᠷᠭᠡᠯᠡᠬᠦ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠠᠵᠢᠯᠲᠠᠨ ᠠᠵᠢᠯᠴᠢᠨ᠎ᠳᠤ ᠶᠠᠰᠤ ᠴᠢᠨᠠᠷ᠎ᠤᠨ ᠲᠤᠬᠠᠶ ᠦᠵᠡᠯ ᠤᠬᠠᠮᠰᠠᠷ᠎ᠤᠨ ᠬᠥᠮᠦᠵᠢᠯ ᠬᠢᠬᠦ᠎ᠪᠠᠨ ᠴᠢᠩᠭ᠋ᠠᠳᠬᠠᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯᠲᠠᠨ᠂ ᠶᠠᠰᠤ ᠴᠢᠨᠠᠷ᠎ᠢ ᠪᠠᠶ᠋ᠢᠴᠠᠭ᠋ᠠᠬᠤ ᠠᠵᠢᠯᠲᠠᠨ᠂ ᠦᠢ᠍ᠯᠡᠳᠪᠦᠷᠢᠯᠡᠯ᠎ᠤᠨ ᠮᠡᠷᠭᠡᠵᠢᠯ᠎ᠤᠨ ᠠᠵᠢᠯᠲᠠᠨ ᠪᠣᠯᠤᠨ ᠮᠠᠲ᠋ᠧᠷᠢᠶᠠᠯ ᠲᠥᠬᠥᠭᠡᠷᠦᠮᠵᠢ ᠬᠠᠳᠠᠭ᠋ᠠᠯᠠᠨ ᠬᠠᠮᠢᠶᠠᠷᠬᠤ ᠠᠵᠢᠯᠲᠠᠨ ᠵᠡᠷᠭᠡ᠎ᠳᠤ ᠲᠥᠯᠥᠪᠯᠡᠭᠡ᠎ᠲᠠᠢ᠂ ᠳᠡᠰ ᠳᠠᠪᠬᠤᠷᠭ᠎ᠠ ᠬᠤᠪᠢᠶᠠᠭᠰᠠᠨ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ ᠬᠢᠵᠦ᠂ ᠶᠠᠰᠤ ᠴᠢᠨᠠᠷ᠎ᠤᠨ ᠲᠤᠬᠠᠶ ᠦᠵᠡᠯ ᠤᠬᠠᠮᠰᠠᠷ ᠪᠣᠯᠤᠨ ᠶᠠᠰᠤ ᠴᠢᠨᠠᠷ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠬᠡᠮᠵᠢᠨ ᠵᠢᠷᠤᠬᠤ ᠬᠢᠷᠢ ᠭᠡᠮ ᠪᠦᠬᠦᠢ ᠨᠢᠭᠡᠴᠢ᠎ᠨᠦᠭᠦᠳ ᠭᠡᠷ᠎ᠡ ᠵᠢ ᠬᠢᠨᠠᠨ ᠲᠣᠭᠲᠠᠭ᠋ᠠᠬᠤ ᠳᠦᠷᠢᠮ ᠲᠣᠭᠲᠠᠭ᠋ᠠᠵᠤ᠂ ᠭᠡᠷ᠎ᠡ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠵᠢᠭᠦᠯᠬᠦ ᠴᠢᠳᠠᠪᠤᠷᠢ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠢ ᠬᠡᠷᠡᠭᠵᠢᠭᠦᠯᠬᠦ᠎ᠳᠤ᠂ ᠡᠷᠬᠡᠪᠰᠢ ᠤᠷᠢᠳᠠᠪᠠᠷ ᠵᠢᠷᠤᠭᠯᠠᠨ ᠲᠥᠯᠥᠪᠯᠡᠵᠦ ᠳᠠᠷᠠᠭ᠎ᠠ᠎ᠨᠢ ᠦᠢ᠍ᠯᠡᠳᠪᠦᠷᠢᠯᠡᠬᠦ ᠵᠢ ᠪᠠᠷᠢᠮᠲᠠᠯᠠᠵᠤ᠂ ᠵᠢᠷᠤᠭᠯᠠᠨ ᠲᠥᠯᠥᠪᠯᠡᠬᠦ ᠵᠢᠨ ᠳᠠᠭ᠋ᠠᠤ ᠦᠢ᠍ᠯᠡᠳᠪᠦᠷᠢᠯᠡᠬᠦ ᠵᠢ ᠵᠥᠪᠰᠢᠶᠡᠷᠡᠬᠦ ᠥᠬᠡᠶ᠂ ᠵᠢᠷᠤᠭᠯᠠᠨ ᠲᠥᠯᠥᠪᠯᠡᠭᠰᠡᠨ ᠥᠬᠡᠶ᠎ᠪᠠᠷ ᠦᠢ᠍ᠯᠡᠳᠪᠦᠷᠢᠯᠡᠬᠦ ᠵᠢ ᠴᠠᠭ᠋ᠠᠵᠠᠯᠠᠨ᠎ᠠ᠃ ᠮᠡᠷᠭᠡᠵᠢᠯ᠎ᠤᠨ ᠵᠢᠷᠤᠭ ᠲᠥᠯᠥᠪᠯᠡᠭᠡ ᠵᠢ ᠲᠥᠷᠥᠯ ᠵᠦᠢ᠍ᠯ᠎ᠤᠨ ᠨᠠᠶ᠋ᠢᠳᠠᠭᠰᠠᠨ ᠲᠠᠯ᠎ᠠ ᠪᠤᠶᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠵᠤ ᠵᠥᠪᠰᠢᠶᠡᠷᠡᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠵᠦᠢ᠍ᠯᠡᠰ᠎ᠢ ᠬᠡᠷᠡᠭᠵᠢᠭᠦᠯᠬᠦ᠎ᠳᠤ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ ᠪᠠ ᠠᠵᠢᠯᠯᠠᠬᠤ ᠳᠦᠷᠢᠮ᠎ᠢ ᠬᠡᠷᠡᠭᠵᠢᠭᠦᠯᠬᠦ ᠬᠡᠷᠡᠭᠲᠡᠢ᠃
      ᠬᠡᠷᠡᠭᠯᠡᠬᠦ ᠬᠡᠮᠵᠢᠭᠦᠷᠯᠢᠭ ᠲᠥᠬᠥᠭᠡᠷᠦᠮᠵᠢ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠰᠢᠯᠭ᠋ᠠᠨ ᠲᠣᠭᠲᠠᠭ᠋ᠠᠯᠲᠠ᠂ ᠰᠢᠯᠭ᠋ᠠᠯᠲᠠ᠂ ᠲᠤᠷᠰᠢᠯᠲᠠ ᠬᠢᠵᠦ᠂ ᠲᠡᠭᠦᠨ᠎ᠤ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃
ᠰᠢᠨ᠎ᠡ ᠮᠡᠷᠭᠡᠵᠢᠯ᠂ ᠰᠢᠨ᠎ᠡ ᠤᠷᠠᠨ ᠲᠠᠷᠬ᠎ᠠ᠂ ᠰᠢᠨ᠎ᠡ ᠵᠥᠭᠡᠯᠡᠨ ᠲᠣᠨᠣᠭ ᠵᠡᠷᠭᠡ ᠵᠢ ᠬᠡᠷᠡᠭᠯᠡᠬᠦ᠎ᠳᠤ ᠲᠥᠷᠥᠯ ᠵᠦᠢ᠍ᠯ᠎ᠤᠨ ᠵᠣᠬᠢᠶᠠᠨ ᠪᠠᠶ᠋ᠢᠭᠤᠯᠤᠯᠲᠠ ᠵᠢᠨ ᠲᠠᠯ᠎ᠠ ᠵᠢᠨ ᠵᠣᠬᠢᠶᠠᠨ ᠪᠠᠶ᠋ᠢᠭᠤᠯᠤᠭᠰᠠᠨ ᠰᠢᠯᠭ᠋ᠠᠨ ᠪᠠᠶ᠋ᠢᠴᠠᠭ᠋ᠠᠬᠤ᠂ ᠬᠡᠮᠵᠢᠨ ᠲᠤᠷᠰᠢᠬᠤ ᠨᠤᠲᠠᠯᠠᠯᠲᠠ ᠪᠤᠶᠤ ᠬᠢᠨᠠᠨ ᠲᠣᠭᠲᠠᠭ᠋ᠠᠯᠲᠠ ᠵᠢ ᠥᠩᠭᠡᠷᠡᠭᠡᠬᠦ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠳᠤ 《ᠬᠣᠶᠠᠷ ᠱᠠᠲᠤᠨ᠎ᠠᠴᠠ ᠪᠠᠶ᠋ᠢᠴᠠᠭ᠋ᠠᠬᠤ᠂ ᠨᠢᠭᠡᠳᠦᠭᠡᠷ ᠳᠡᠰ᠎ᠠᠴᠠ ᠰᠢᠯᠭ᠋ᠠᠨ ᠠᠪᠬᠤ》 ᠲᠦᠷᠢᠮ᠎ᠢ ᠬᠡᠷᠡᠭᠵᠢᠭᠦᠯᠵᠦ᠂ ᠠᠵᠢᠯᠯᠠᠬᠤ ᠰᠠᠯᠠᠭ᠎ᠠ ᠮᠥᠴᠢᠷ᠎ᠨᠢ ᠶᠠᠪᠤᠴᠠ ᠵᠢᠨ ᠪᠠᠶ᠋ᠢᠴᠠᠭ᠋ᠠᠯᠲᠠ ᠵᠢ ᠬᠠᠷᠢᠭᠤᠴᠠᠵᠤ᠂ ᠬᠡᠮᠵᠢᠨ ᠵᠢᠷᠤᠬᠤ ᠨᠢᠭᠡᠴᠢ ᠡᠴᠦᠰ᠎ᠤᠨ ᠪᠠᠶ᠋ᠢᠴᠠᠭ᠋ᠠᠯᠲᠠ ᠵᠢ ᠬᠠᠷᠢᠭᠤᠴᠠᠵᠤ᠂ ᠲᠥᠷᠥᠯ ᠵᠦᠢ᠍ᠯ᠎ᠢ ᠨᠠᠶ᠋ᠢᠳᠠᠭᠰᠠᠨ ᠲᠠᠯ᠎ᠠ᠎ᠨᠢ ᠰᠢᠭᠤᠳ ᠰᠢᠯᠭ᠋ᠠᠨ ᠠᠪᠬᠤ ᠪᠤᠶᠤ ᠨᠠᠶ᠋ᠢᠳᠠᠵᠤ ᠰᠢᠯᠭ᠋ᠠᠨ ᠠᠪᠬᠤ ᠬᠡᠷᠡᠭᠲᠡᠶ᠃ ᠰᠠᠭᠤᠷᠢ ᠬᠡᠮᠵᠢᠨ ᠵᠢᠷᠤᠬᠤ ᠲᠥᠷᠥᠯ ᠵᠦᠢ᠍ᠯ᠂ ᠴᠢᠬᠤᠯᠠ ᠶᠡᠬᠡ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠂ ᠰᠢᠨ᠎ᠡ ᠮᠡᠷᠭᠡᠵᠢᠯ ᠰᠢᠨ᠎ᠡ ᠤᠷᠠᠨ ᠲᠠᠷᠬ᠎ᠠ ᠰᠢᠨ᠎ᠡ ᠵᠥᠭᠡᠯᠡᠨ ᠲᠣᠨᠣᠭ᠎ᠤᠨ ᠲᠥᠷᠥᠯ ᠵᠦᠢ᠍ᠯ ᠪᠤᠶᠤ ᠲᠥᠷᠥᠯ ᠵᠦᠢ᠍ᠯ᠎ᠤᠨ ᠱᠠᠭ᠋ᠠᠷᠳᠠᠯᠭ᠎ᠠ ᠶᠣᠰᠣᠭ᠋ᠠᠷ ᠠᠩᠬᠠᠳᠠᠭᠴᠢ ᠦᠷ᠎ᠡ ᠪᠦᠲᠦᠭᠡᠯ᠎ᠤᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠲᠦᠷᠢᠮ᠎ᠢ ᠬᠡᠷᠡᠭᠵᠢᠭᠦᠯᠵᠦ ᠪᠣᠯᠤᠨ᠎ᠠ᠂ ᠰᠠᠭᠤᠷᠢ ᠬᠡᠮᠵᠢᠨ ᠵᠢᠷᠤᠬᠤ ᠲᠥᠷᠥᠯ ᠵᠦᠢ᠍ᠯ᠂ ᠴᠢᠬᠤᠯᠠ ᠶᠡᠬᠡ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠢ ᠬᠡᠮᠵᠢᠨ ᠵᠢᠷᠤᠬᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠎ᠪᠠᠷ ᠰᠢᠯᠭ᠋ᠠᠨ ᠠᠪᠤᠭᠤᠯᠬᠤ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠲᠡᠭᠦᠨ᠎ᠤ ᠪᠡᠶᠡᠯᠡᠭᠦᠯᠦᠭᠰᠡᠨ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ᠎ᠪᠠᠨ ᠨᠠᠰᠤᠨ ᠲᠤᠷᠰᠢᠳᠠ ᠬᠠᠷᠢᠭᠤᠴᠠᠬᠤ ᠬᠡᠷᠡᠭᠲᠡᠢ᠃ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠵᠦᠢ᠍ᠯᠡᠰ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠦᠷ᠎ᠡ ᠪᠦᠲᠦᠭᠡᠯ᠎ᠢ ᠰᠠᠶᠢ ᠬᠠᠩᠭ᠋ᠠᠨ ᠬᠡᠷᠡᠭᠯᠡᠭᠦᠯᠵᠦ ᠪᠣᠯᠤᠨ᠎ᠠ᠃
      ᠬᠡᠮᠵᠢᠨ ᠵᠢᠷᠤᠬᠤ ᠬᠢᠷᠢ ᠬᠡᠮ᠎ᠲᠠᠢ ᠨᠢᠭᠡᠴᠢ᠎ᠨᠢ ᠬᠡᠮᠵᠢᠨ ᠵᠢᠷᠤᠭᠰᠠᠨ ᠮᠡᠳᠡᠭᠡ ᠵᠠᠩᠭᠢ᠎ᠪᠠᠨ ᠮᠡᠳᠡᠭᠦᠯᠦᠨ ᠬᠦᠷᠭᠡᠬᠦ ᠰᠢᠰᠲ᠋ᠧᠮ ᠵᠶ᠋ᠠᠷ ᠳᠠᠮᠵᠢᠭᠤᠯᠤᠨ᠂ ᠨᠢᠭᠡᠨᠲᠡ ᠪᠡᠶᠡᠯᠡᠭᠦᠯᠦᠭᠰᠡᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠤᠨ ᠶᠠᠰᠤ ᠴᠢᠨᠠᠷ᠎ᠤᠨ ᠮᠡᠳᠡᠭᠡ ᠵᠠᠩᠭᠢ᠎ᠪᠠᠨ ᠵᠣᠬᠢᠴᠠᠩᠭᠤᠶ ᠪᠥᠬᠥᠶ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠦᠨ ᠬᠦᠷᠭᠡᠬᠦ ᠬᠡᠷᠡᠭᠲᠡᠶ᠃
      ᠠᠷᠪᠠ ᠶᠢᠰᠦᠳᠦᠭᠡᠷ ᠵᠦᠢ᠍ᠯ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠶᠠᠰᠤ ᠴᠢᠨᠠᠷ᠎ᠤᠨ ᠲᠤᠬᠠᠢ ᠬᠡᠷᠡᠭᠯᠡᠭᠴᠢᠳ᠎ᠤᠨ ᠰᠠᠨᠠᠯ ᠰᠠᠨᠠᠭᠤᠯᠭ᠎ᠠ ᠵᠢ ᠬᠤᠷᠢᠶᠠᠨ ᠠᠪᠬᠤ ᠵᠢᠨ ᠬᠠᠮᠲᠤ ᠬᠡᠷᠡᠭᠯᠡᠭᠴᠢᠳ᠎ᠲᠤ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠬᠡᠷᠡᠭᠯᠡᠭᠴᠢ ᠵᠢᠨ ᠶᠠᠰᠤ ᠴᠢᠨᠠᠷ᠎ᠤᠨ ᠪᠠᠶ᠋ᠢᠴᠠᠭ᠋ᠠᠨ ᠯᠠᠪᠯᠠᠬᠤ ᠪᠠ ᠬᠠᠷᠢᠭᠤ ᠲᠤᠰᠬᠠᠬᠤ ᠰᠠᠨᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠬᠦ ᠬᠡᠷᠡᠭᠲᠡᠶ᠃ ᠬᠡᠷᠡᠭᠯᠡᠭᠴᠢᠳ᠎ᠲᠠᠢ ᠶᠠᠰᠤ ᠴᠢᠨᠠᠷ᠎ᠤᠨ ᠮᠠᠷᠭᠤᠯᠳᠤᠭ᠋ᠠᠨ ᠭᠠᠷᠪᠠᠯ᠂ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠰᠢᠢ᠍ᠳᠪᠦᠷᠢᠯᠡᠭᠦᠯᠬᠦ ᠪᠤᠶᠤ ᠬᠠᠤᠯᠢ ᠶᠣᠰᠣᠭ᠋ᠠᠷ ᠵᠠᠷᠭᠤᠯᠳᠤᠭᠤᠯᠬᠤ ᠬᠡᠷᠡᠭᠲᠡᠶ᠃
      ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠬᠠᠤᠯᠢ ᠶᠣᠰᠣᠭ᠋ᠠᠷ ᠬᠢᠨᠠᠯᠲᠠ ᠪᠠᠶ᠋ᠢᠴᠠᠭ᠋ᠠᠯᠲᠠ ᠬᠢᠵᠦ᠂ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠠᠩᠬᠠᠨ᠎ᠤ ᠲᠣᠭ᠎ᠠ ᠪᠠᠷᠢᠮᠲᠠ ᠬᠠᠩᠭ᠋ᠠᠬᠤ ᠵᠢ ᠨᠢᠭᠤᠨ ᠳᠠᠯᠳᠠᠯᠠᠵᠤ᠂ ᠲᠡᠪᠴᠢᠵᠦ᠂ ᠬᠠᠷᠰᠢᠯᠠᠵᠤ᠂ ᠪᠠᠶ᠋ᠢᠴᠠᠭ᠋ᠠᠯᠲᠠ᠎ᠳᠤ ᠬᠠᠮᠵᠢᠯᠴᠠᠭᠰᠠᠨ ᠥᠬᠡᠶ ᠪᠣᠯ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠲᠥᠷᠥᠯ ᠵᠦᠢ᠍ᠯ᠎ᠤᠨ ᠢᠲᠡᠭᠡᠮᠵᠢ ᠠᠯᠳᠠᠭᠰᠠᠨ ᠮᠡᠳᠡᠭᠡ ᠵᠠᠩᠭᠢ᠎ᠳᠤ ᠪᠤᠳᠤᠵᠤ ᠣᠷᠣᠭᠤᠯᠬᠤ ᠬᠡᠷᠡᠭᠲᠡᠶ᠃
      ᠬᠣᠷᠢᠳᠤᠭ᠋ᠠᠷ ᠵᠦᠢ᠍ᠯ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢᠨ ᠬᠡᠮᠵᠢᠨ ᠵᠢᠷᠤᠬᠤ ᠡᠷᠳᠡᠮ ᠰᠢᠨᠵᠢᠯᠡᠭᠡᠨ᠎ᠤ ᠵᠣᠬᠢᠶᠠᠨ ᠪᠠᠶ᠋ᠢᠭᠤᠯᠤᠯᠲᠠ ᠪᠤᠶᠤ ᠬᠡᠮᠵᠢᠨ ᠵᠢᠷᠤᠬᠤ ᠨᠡᠶ᠋ᠢᠭᠡᠮ᠎ᠤᠨ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠥᠷᠨᠢᠭᠦᠯᠦᠭᠰᠡᠨ ᠶᠠᠰᠤ ᠴᠢᠨᠠᠷ᠎ᠢ ᠰᠢᠯᠭ᠋ᠠᠷᠠᠭᠤᠯᠤᠨ ᠱᠠᠩᠨᠠᠬᠤ ᠠᠵᠢᠯᠯᠠᠭ᠎ᠠ᢭᠎ᠲᠤ ᠣᠷᠣᠯᠴᠠᠬᠤ ᠵᠢ ᠵᠣᠷᠢᠭᠵᠢᠭᠤᠯᠵᠤ᠂ ᠲᠤᠰ ᠨᠢᠭᠡᠴᠢ ᠵᠢᠨ ᠵᠶ᠋ᠠᠨ ᠨᠡᠶ᠋ᠢᠭᠡᠮ᠎ᠤᠨ ᠢᠲᠡᠭᠡᠯ ᠬᠦᠨᠳᠦ ᠵᠢ ᠳᠡᠭᠡᠭᠰᠢᠯᠡᠭᠦᠯᠵᠦ᠂ ᠱᠠᠩᠨᠠᠯ ᠣᠯᠤᠭᠰᠠᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ ᠲᠥᠷᠥᠯ᠎ᠤᠨ ᠢᠲᠡᠭᠡᠮᠵᠢ ᠰᠠᠢ᠍ᠢ᠍ᠨ ᠮᠡᠳᠡᠭᠡ ᠵᠠᠩᠭᠢ᠎ᠳᠤ ᠪᠤᠳᠤᠵᠤ ᠣᠷᠣᠭᠤᠯᠤᠨ᠎ᠠ᠃
      ᠳᠥᠷᠪᠡᠳᠦᠭᠡᠷ ᠪᠦᠯᠦᠭ   ᠬᠡᠮᠵᠢᠨ ᠵᠢᠷᠤᠬᠤ ᠶᠠᠰᠤ ᠴᠢᠨᠠᠷ᠎ᠢ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠬᠠᠷᠢᠭᠤᠴᠠᠯᠭ᠎ᠠ ᠬᠢᠭᠡᠳ ᠡᠭᠦᠷᠭᠡ
      ᠬᠣᠷᠢᠨ ᠨᠢᠭᠡᠳᠦᠭᠡᠷ ᠵᠦᠢ᠍ᠯ   ᠬᠡᠮᠵᠢᠨ ᠵᠢᠷᠤᠬᠤ ᠶᠠᠰᠤ ᠴᠢᠨᠠᠷ᠎ᠢ ᠪᠠᠶ᠋ᠢᠴᠠᠭ᠋ᠠᠬᠤ ᠪᠠᠶ᠋ᠢᠭᠤᠯᠤᠮᠵᠢ᠎ᠨᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠬᠢᠬᠦ᠎ᠳᠤ ᠡᠷᠬᠡᠪᠰᠢ ᠱᠠᠭ᠋ᠠᠷᠳᠠᠭᠳᠠᠬᠤ ᠦᠨᠳᠦᠰᠦᠨ ᠨᠥᠬᠥᠴᠡᠯ ᠪᠠ ᠮᠡᠷᠭᠡᠵᠢᠯ᠎ᠤᠨ ᠴᠢᠳᠠᠪᠤᠷᠢ ᠵᠢ ᠪᠦᠷᠢᠯᠳᠦᠭᠦᠯᠬᠦ ᠵᠢᠨ ᠬᠠᠮᠲᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠵᠣᠬᠢᠴᠠᠩᠭᠤᠶ ᠬᠢᠷᠢ ᠬᠡᠮ ᠣᠯᠤᠭᠰᠠᠨ ᠪᠠᠶ᠋ᠢᠬᠤ ᠬᠡᠷᠡᠭᠲᠡᠶ᠃
      ᠬᠣᠷᠢᠨ ᠬᠣᠶᠠᠳᠤᠭ᠋ᠠᠷ ᠵᠦᠢ᠍ᠯ   ᠬᠡᠮᠵᠢᠨ ᠵᠢᠷᠤᠬᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠭᠣᠣᠯ ᠲᠤᠰᠢᠶᠠᠯ ᠬᠠᠷᠢᠭᠤᠴᠠᠯᠭ᠎ᠠ ᠪᠣᠯ᠄
      (ᠨᠢᠭᠡ) ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠢᠨᠠᠨ ᠪᠠᠶ᠋ᠢᠴᠠᠭ᠋ᠠᠬᠤ ᠲᠥᠯᠥᠪᠯᠡᠭᠡ ᠶᠣᠰᠣᠭ᠋ᠠᠷ ᠠᠵᠢᠯ ᠵᠶ᠋ᠠᠨ ᠥᠷᠨᠢᠭᠦᠯᠦᠨ᠎ᠡ;
      (ᠬᠣᠶᠠᠷ) ᠨᠠᠶ᠋ᠢᠳᠠᠯᠭ᠎ᠠ ᠵᠢ ᠬᠦᠯᠢᠶᠡᠵᠦ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠵᠦᠢ᠍ᠯᠡᠰ᠎ᠤᠨ ᠦᠷ᠎ᠡ ᠪᠦᠲᠦᠭᠡᠯ᠎ᠳᠤ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠂ ᠪᠠᠶ᠋ᠢᠴᠠᠭ᠋ᠠᠨ ᠬᠡᠮᠵᠢᠯᠲᠡ ᠪᠠ ᠦᠨᠡᠯᠡᠯᠲᠡ ᠬᠢᠵᠦ᠂ ᠨᠠᠶ᠋ᠢᠳᠠᠯᠭ᠎ᠠ ᠵᠢ ᠬᠦᠯᠢᠶᠡᠵᠦ ᠬᠡᠮᠵᠢᠨ ᠵᠢᠷᠤᠬᠤ ᠬᠡᠮᠵᠢᠭᠦᠷᠯᠢᠭ᠎ᠢ ᠰᠢᠯᠭ᠋ᠠᠨ ᠪᠠᠶ᠋ᠢᠴᠠᠭ᠋ᠠᠨ᠎ᠠ;
      (ᠭᠤᠷᠪᠠ) ᠨᠠᠶ᠋ᠢᠳᠠᠯᠭ᠎ᠠ ᠬᠦᠯᠢᠶᠡᠵᠦ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ ᠪᠠ ᠰᠢᠨ᠎ᠡ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠬᠡᠮᠵᠢᠨ ᠲᠣᠭᠲᠠᠭ᠋ᠠᠭᠰᠠᠨ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠂ ᠪᠠᠶ᠋ᠢᠴᠠᠭ᠋ᠠᠨ ᠬᠡᠮᠵᠢᠵᠦ ᠬᠢᠨᠠᠨ ᠲᠣᠭᠲᠠᠭ᠋ᠠᠯᠲᠠ ᠬᠢᠬᠦ;
      (ᠳᠦᠷᠪᠡ) ᠨᠠᠶ᠋ᠢᠳᠠᠯᠭ᠎ᠠ ᠵᠢ ᠬᠦᠯᠢᠶᠡᠵᠦ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠮᠠᠷᠭᠤᠭ᠋ᠠᠨ᠎ᠢ ᠬᠥᠨᠳᠡᠯᠡᠨ᠎ᠠᠴᠠ ᠲᠠᠰᠤᠯᠬᠤ ᠰᠢᠯᠭ᠋ᠠᠨ ᠪᠠᠶ᠋ᠢᠴᠠᠭ᠋ᠠᠯᠲᠠ ᠵᠢ ᠡᠭᠦᠷᠭᠡᠯᠡᠨ᠎ᠡ;
     (ᠲᠠᠪᠤ) ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢ ᠵᠢᠯᠣᠭᠣᠳᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ ᠪᠦᠲᠦᠮᠵᠢᠲᠡᠶ ᠠᠵᠢᠯᠯᠠᠭᠤᠯᠬᠤ ᠬᠡᠷᠡᠭᠲᠡᠶ; ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯᠲᠠᠨ᠂ ᠲᠤᠰᠬᠠᠶ ᠮᠡᠷᠭᠡᠵᠢᠯ᠎ᠤᠨ ᠠᠵᠢᠯᠲᠠᠨ᠎ᠤ ᠪᠣᠯᠪᠠᠰᠤᠷᠠᠭᠤᠯᠤᠯ ᠰᠣᠯᠢᠯᠴᠠᠭ᠎ᠠ ᠵᠢ ᠥᠷᠨᠢᠭᠦᠯᠦᠨ᠎ᠡ;
     (ᠵᠢᠷᠭᠤᠭ᠎ᠠ) ᠭᠠᠵᠠᠷ ᠵᠦᠶ ᠵᠢᠨ ᠮᠡᠳᠡᠭᠡ ᠵᠠᠩᠭᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠮᠵᠢᠨ ᠬᠡᠮᠵᠢᠨ ᠵᠢᠷᠤᠬᠤ ᠲᠥᠷᠥᠯ ᠵᠦᠢ᠍ᠯ᠎ᠤᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠬᠢᠨᠠᠨ ᠬᠠᠮᠢᠶᠠᠷᠬᠤ ᠰᠢᠰᠲ᠋ᠧᠮ᠂ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠠᠵᠢᠯᠲᠠᠨ᠎ᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠬᠠᠮᠠᠭ᠋ᠠᠯᠠᠵᠤ᠂ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠶᠠᠰᠤ ᠴᠢᠨᠠᠷ᠎ᠤᠨ ᠵᠠᠳᠠᠯᠤᠯᠲᠠ ᠵᠢᠨ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠨ᠎ᠡ᠃
      ᠬᠣᠷᠢᠨ ᠭᠤᠷᠪᠠᠳᠤᠭ᠋ᠠᠷ ᠵᠦᠢ᠍ᠯ   ᠬᠡᠮᠵᠢᠨ ᠵᠢᠷᠤᠬᠤ ᠴᠢᠨᠠᠷ᠎ᠤᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠵᠢᠴᠢ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠤᠨ ᠶᠣᠰᠣᠭ᠋ᠠᠷ ᠰᠢᠯᠭ᠋ᠠᠨ ᠪᠠᠶ᠋ᠢᠴᠠᠭ᠋ᠠᠯᠲᠠ ᠬᠢᠵᠦ᠂ ᠪᠤᠰᠤᠳᠴᠢ᠂ ᠲᠥᠪ ᠭᠣᠣᠯᠴᠢ᠂ ᠰᠢᠨᠵᠢᠯᠡᠬᠦ ᠤᠬᠠᠭ᠋ᠠᠨᠴᠢ᠎ᠪᠠᠷ ᠰᠢᠯᠭ᠋ᠠᠨ ᠪᠠᠶ᠋ᠢᠴᠠᠭ᠋ᠠᠭᠰᠠᠨ ᠳ᠋ᠦᠩᠨᠡᠯᠲᠡ ᠭᠠᠷᠭ᠋ᠠᠵᠤ᠂ ᠰᠢᠯᠭ᠋ᠠᠨ ᠪᠠᠶ᠋ᠢᠴᠠᠭ᠋ᠠᠭᠰᠠᠨ ᠳ᠋ᠦᠩᠨᠡᠯᠲᠡ᠎ᠳᠤ ᠬᠠᠷᠢᠭᠤᠴᠠᠬᠤ ᠬᠡᠷᠡᠭᠲᠡᠢ᠃
      ᠬᠣᠷᠢᠨ ᠳᠥᠷᠪᠡᠳᠦᠭᠡᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠬᠡᠮᠵᠢᠨ ᠵᠢᠷᠤᠬᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠦᠷ᠎ᠡ ᠪᠦᠲᠦᠭᠡᠯ᠎ᠤᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠭᠰᠠᠨ ᠳ᠋ᠦᠩᠨᠡᠯᠲᠡ ᠵᠢ ᠪᠡᠶ᠎ᠡ᠎ᠪᠠᠨ ᠳᠠᠭ᠋ᠠᠭ᠋ᠠᠵᠤ ᠮᠠᠭ᠋ᠠᠳᠯᠠᠨ ᠲᠣᠭᠲᠠᠭ᠋ᠠᠬᠤ ᠶᠠᠪᠤᠳᠠᠯ᠎ᠳᠤ ᠭᠠᠷ ᠳᠦᠷᠦᠵᠦ ᠪᠣᠯᠬᠤ ᠦᠭᠡᠢ᠃ ᠬᠡᠮᠵᠢᠨ ᠵᠢᠷᠤᠬᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ ᠲᠥᠷᠥᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠶ᠎ᠳᠤ ᠣᠷᠣᠭᠤᠯᠤᠨ᠎ᠠ᠃
    ᠲᠠᠪᠤᠳᠤᠭ᠋ᠠᠷ ᠪᠦᠯᠦᠭ   ᠶᠠᠰᠤ ᠴᠢᠨᠠᠷ᠎ᠤᠨ ᠱᠠᠩᠨᠠᠯ ᠲᠣᠷᠭ᠋ᠠᠭᠤᠯᠢ
      ᠬᠣᠷᠢᠨ ᠲᠠᠪᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠮᠵᠢᠨ ᠵᠢᠷᠤᠬᠤ ᠠᠵᠢᠯ᠎ᠢ ᠬᠢᠨᠠᠵᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃
      ᠪᠠᠶ᠋ᠢᠴᠠᠭ᠋ᠠᠭᠳᠠᠬᠤ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ᠎ᠨᠢ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠲᠦᠩ᠎ᠳᠤ ᠣᠨᠳᠣᠣ ᠰᠠᠨᠠᠯ᠎ᠲᠠᠢ ᠪᠣᠯ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠲᠦᠩ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠬᠢᠨᠠᠯᠲᠠ ᠲᠠᠯᠪᠢᠵᠤ ᠪᠠᠶ᠋ᠢᠴᠠᠭ᠋ᠠᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠪᠲᠠᠨ ᠪᠠᠶ᠋ᠢᠴᠠᠭ᠋ᠠᠯᠭ᠋ᠠᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠃ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠬᠢᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠳᠠᠬᠢᠨ ᠪᠠᠶ᠋ᠢᠴᠠᠭ᠋ᠠᠭᠰᠠᠨ ᠳ᠋ᠦᠩ ᠭᠠᠷᠭ᠋ᠠᠬᠤ ᠬᠡᠷᠡᠭᠲᠡᠶ᠃ ᠳᠠᠬᠢᠨ ᠪᠠᠶ᠋ᠢᠴᠠᠭ᠋ᠠᠭᠰᠠᠨ ᠦᠷ᠎ᠡ ᠳ᠋ᠦᠩ᠎ᠳᠤ ᠮᠥᠨ ᠣᠨᠳᠣᠣ ᠰᠠᠨᠠᠯ᠎ᠲᠠᠢ ᠪᠠᠶ᠋ᠢᠪᠠᠯ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ᠃
      ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠂ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠢᠯᠡᠴᠢᠯᠡᠨ ᠮᠡᠳᠡᠭᠦᠯᠦᠭᠰᠡᠨ ᠬᠥᠮᠦᠨ᠎ᠤ ᠨᠢᠭᠤᠴᠠ ᠵᠢ ᠬᠠᠮᠠᠭ᠋ᠠᠯᠠᠵᠤ᠂ ᠪᠠᠶ᠋ᠢᠴᠠᠭ᠋ᠠᠨ ᠳᠣᠲᠣᠯᠠᠵᠤ ᠬᠢᠨᠠᠨ ᠬᠠᠷᠭᠤᠭᠤᠯᠤᠭ᠋ᠠᠳ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠴᠠᠭ ᠲᠤᠬᠠᠶ᠎ᠳᠤ᠎ᠨᠢ ᠢᠯᠡᠴᠢᠯᠡᠨ ᠮᠡᠳᠡᠭᠦᠯᠦᠭᠰᠡᠨ ᠬᠥᠮᠦᠨ᠎ᠳᠤ ᠰᠢᠢ᠍ᠳᠪᠦᠷᠢᠯᠡᠭᠰᠡᠨ ᠰᠠᠨᠠᠯ ᠵᠶ᠋ᠠᠨ ᠬᠠᠷᠢᠭᠤ ᠲᠤᠰᠬᠠᠬᠤ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠶᠠᠰᠤ ᠴᠢᠨᠠᠷ᠎ᠤᠨ ᠬᠠᠮᠢᠶᠠᠷᠤᠯᠲᠠ᠎ᠪᠠᠷ ᠲᠡᠷᠢᠭᠦᠨ᠎ᠤ᠂ ᠦᠷ᠎ᠡ ᠪᠦᠲᠦᠭᠡᠯ ᠵᠶ᠋ᠠᠷ ᠰᠢᠯᠢᠳᠡᠭ ᠬᠢᠷᠢ ᠭᠡᠮ᠎ᠲᠠᠢ ᠨᠢᠭᠡᠴᠢ ᠪᠠ ᠬᠤᠪᠢ ᠬᠥᠮᠦᠨ᠎ᠢ ᠮᠡᠳᠡᠭᠡᠯᠡᠨ ᠰᠠᠶ᠋ᠢᠰᠢᠶᠠᠵᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ ᠲᠥᠷᠥᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠰᠠᠶ᠋ᠢᠨ ᠵᠠᠩᠭᠢ᠎ᠳᠤ ᠪᠤᠳᠤᠵᠤ ᠣᠷᠣᠭᠤᠯᠤᠨ᠎ᠠ᠃
      ᠬᠣᠷᠢᠨ ᠳᠣᠯᠣᠳᠤᠭ᠋ᠠᠷ ᠵᠦᠢ᠍ᠯ   ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢᠨ ᠬᠠᠩᠭ᠋ᠠᠭᠰᠠᠨ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠦᠷ᠎ᠡ ᠪᠦᠲᠦᠭᠡᠯ᠎ᠳᠤ ᠶᠠᠰᠤ ᠴᠢᠨᠠᠷ᠎ᠤᠨ ᠠᠰᠠᠭᠤᠳᠠᠯ ᠣᠷᠣᠰᠢᠵᠤ ᠪᠠᠶ᠋ᠢᠪᠠᠯ᠂ ᠬᠡᠮᠵᠢᠨ ᠵᠢᠷᠤᠬᠤ ᠬᠢᠷᠢ ᠭᠡᠮ᠎ᠲᠠᠢ ᠨᠢᠭᠡᠴᠢ ᠵᠢᠨ ᠪᠠᠶ᠋ᠢᠭ᠎ᠠ ᠠᠶ᠋ᠢᠮᠠᠭ ᠬᠣᠲᠠ ᠵᠢᠨ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠳᠬᠡᠨ ᠲᠣᠷᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠠᠵᠢᠯ ᠲᠥᠷᠥᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠮᠠᠭᠤ ᠮᠡᠳᠡᠭᠡ ᠵᠠᠩᠭᠢ᠎ᠳᠤ ᠪᠣᠳᠣᠵᠤ ᠣᠷᠣᠭᠤᠯᠤᠨ᠎ᠠ᠃
      ᠬᠣᠷᠢᠨ ᠨᠠᠢ᠍ᠮᠠᠳᠤᠭ᠋ᠠᠷ ᠵᠦᠢ᠍ᠯ   ᠬᠡᠮᠵᠢᠨ ᠵᠢᠷᠤᠬᠤ ᠶᠠᠰᠤ ᠴᠢᠨᠠᠷ᠎ᠢ ᠪᠠᠶ᠋ᠢᠴᠠᠭ᠋ᠠᠬᠤ ᠪᠠᠶ᠋ᠢᠭᠤᠯᠤᠮᠵᠢ ᠰᠢᠯᠭ᠋ᠠᠨ ᠪᠠᠶ᠋ᠢᠴᠠᠭ᠋ᠠᠬᠤ ᠶᠠᠪᠤᠴᠠ᠎ᠳᠤ ᠲᠣᠭᠲᠠᠭ᠋ᠠᠯ᠎ᠠᠴᠠ ᠵᠥᠷᠢᠴᠡᠨ ᠠᠵᠢᠯᠯᠠᠭᠰᠠᠨ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠭᠰᠠᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠠᠶ᠋ᠢᠳᠠᠯ ᠣᠷᠣᠰᠢᠵᠤ ᠪᠠᠶ᠋ᠢᠪᠠᠯ᠂ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠨᠢᠭᠡᠴᠢ ᠪᠣᠯᠤᠨ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠬᠡᠮᠵᠢᠨ ᠵᠢᠷᠤᠬᠤ ᠴᠢᠨᠠᠷ᠎ᠤᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠨ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ᠎ᠨᠢ ᠪᠤᠷᠤᠭᠤ ᠪᠠᠶ᠋ᠢᠪᠠᠯ᠂ ᠭᠠᠵᠠᠷ ᠵᠦᠢ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠴᠡᠭᠴᠡᠯᠡᠨ ᠥᠭᠡᠷᠡᠴᠢᠯᠡᠭᠦᠯᠬᠦ᠂ ᠨᠢᠭᠡᠴᠢ ᠪᠣᠯᠤᠨ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠭᠦᠯᠬᠦ᠂ ᠵᠠᠷᠯᠠᠨ ᠰᠢᠭᠦᠮᠵᠢᠯᠡᠬᠦ ᠡᠷᠬᠡ᠎ᠲᠠᠢ᠃
      ᠵᠢᠷᠭᠤᠳᠤᠭ᠋ᠠᠷ ᠪᠦᠯᠦᠭ   ᠳᠠᠭ᠋ᠠᠯᠳᠤᠭᠤᠯᠤᠭᠰᠠᠨ ᠳᠦᠷᠢᠮ  
    ᠬᠣᠷᠢ ᠶᠢᠰᠦᠳᠦᠭᠡᠷ ᠵᠦᠢ᠍ᠯ   ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠲᠠᠶ᠋ᠢᠯᠪᠤᠷᠢᠯᠠᠬᠤ ᠡᠷᠬᠡ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠡᠮᠵᠢᠨ ᠵᠢᠷᠤᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠷᠢᠶᠠᠯᠠᠭᠳᠠᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶ᠎ᠡ᠂ ᠠᠮᠢ ᠠᠬᠤᠶ ᠵᠢᠨ ᠣᠷᠴᠢᠨ ᠲᠣᠭᠣᠷᠢᠨ᠎ᠤ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠦᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 5 ᠠᠵᠤ ᠠᠬᠤᠶ᠋ᠢᠯᠠᠯ᠎ᠳᠤ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠳᠡᠷᠡᠭᠦᠯᠬᠡ
 
            