ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠳᠦᠷᠢᠮᠵᠢᠯ
ᠨᠡᠶ᠋ᠢᠲᠡᠯᠡᠭᠰᠡᠨ ᠴᠠᠭ᠄ 2023-11-28

             
                    2021-03-25᠎ᠳᠤ ᠨᠡᠢ᠌ᠲᠡᠯᠡᠵᠦ᠂ 2021-04-25᠎ᠠᠴᠠ ᠬᠡᠷᠡᠭᠵᠢᠭᠦᠯᠪᠡ
                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠡᠢ᠌ᠲᠡᠯᠡᠪᠡ
DB15/T 2131—2021
      ᠡᠮᠦᠨᠡᠬᠢ ᠦᠭᠡ
      ᠲᠤᠰ ᠮᠠᠲ᠋ᠧᠷᠢᠶᠠᠯ᠎ᠢ GB/T1.1-2020 《ᠪᠠᠷᠢᠮᠵᠢᠶᠠᠵᠢᠭᠤᠯᠬᠤ ᠠᠵᠢᠯ᠎ᠤᠨ ᠵᠢᠯᠣᠭᠣᠳᠬᠤ ᠵᠠᠷᠴᠢᠮ᠎ᠤᠨ 1 ᠳ᠋ᠦ᠍ᠭᠡᠷ ᠬᠡᠰᠡᠭ᠄ ᠪᠠᠷᠢᠮᠵᠢᠶᠠᠵᠢᠭᠤᠯᠬᠤ ᠮᠠᠲ᠋ᠧᠷᠢᠶᠠᠯ᠎ᠤᠨ ᠪᠦᠲᠦᠴᠡ ᠪᠠ ᠲᠤᠭᠤᠷᠪᠢᠬᠤ ᠳᠦᠷᠢᠮ》᠎ᠤᠨ ᠲᠣᠭᠲᠠᠭ᠋ᠠᠯ ᠶᠣᠰᠣᠭ᠋ᠠᠷ ᠲᠤᠭᠤᠷᠪᠢᠪᠠ᠃
      ᠲᠤᠰ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠠᠴᠠ ᠳᠤᠷᠠᠳᠤᠨ ᠳᠡᠪᠰᠢᠭᠦᠯᠪᠡ᠃
      ᠲᠤᠰ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠤᠳᠤᠷᠢᠳᠤᠨ ᠲᠣᠭᠲᠠᠭ᠋ᠠᠪᠠ᠃
      ᠲᠤᠰ ᠮᠠᠲ᠋ᠧᠷᠢᠶᠠᠯ᠎ᠢ ᠲᠤᠭᠤᠷᠪᠢᠭᠰᠠᠨ ᠪᠠᠢ᠌ᠭᠤᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠬᠦᠷᠢᠶᠡᠯᠡᠩ
      ᠲᠤᠰ ᠮᠠᠲ᠋ᠧᠷᠢᠶᠠᠯ᠎ᠢ ᠭᠣᠣᠯᠯᠠᠨ ᠲᠤᠭᠤᠷᠪᠢᠭᠴᠢ᠄ ᠢᠦᠢ ᠶᠠᠨ ᠬᠤᠸᠠ᠂ ᠵᠣᠣ ᠵᠢᠶᠠ ᠪᠢᠨ᠂ ᠬᠣᠣ ᠵᠢᠶᠦ᠋ᠨ᠂ ᠲᠠᠩ ᠯᠧᠢ᠂ ᠴᠸᠨ ᠭᠠᠢ ᠰᠢᠶᠠᠩ᠂ ᠬᠣᠩᠭᠣᠷ
      ᠲᠤᠰ ᠮᠠᠲ᠋ᠧᠷᠢᠶᠠᠯ᠎ᠢ ᠣᠷᠴᠢᠭᠤᠯᠤᠭᠴᠢ᠄ ᠨᠠᠷᠠᠨᠲᠤᠶᠠᠭ᠎ᠠ
1 ᠬᠡᠪᠴᠢᠶ᠎ᠡ
      ᠲᠤᠰ ᠮᠠᠲ᠋ᠧᠷᠢᠶᠠᠯ᠎ᠳᠤ ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠡᠭᠦᠷᠭᠡ᠂ ᠫᠷᠣᠭ᠌ᠷᠠᠮ᠂ ᠠᠭᠤᠯᠭ᠎ᠠ ᠪᠣᠯᠣᠨ ᠦᠷ᠎ᠡ ᠪᠦᠲᠦᠭᠡᠯ᠎ᠤᠨ ᠱᠠᠭ᠋ᠠᠷᠳᠠᠯᠭ᠎ᠠ ᠵᠢ ᠲᠣᠭᠲᠠᠭ᠋ᠠᠪᠠ᠃
      ᠲᠤᠰ ᠮᠠᠲ᠋ᠧᠷᠢᠶᠠᠯ᠎ᠨᠢ ᠬᠣᠲᠠ ᠪᠠᠯᠭ᠋ᠠᠰᠤ ᠵᠢᠨ ᠵᠠᠬ᠎ᠠ ᠬᠢᠵᠠᠭ᠋ᠠᠷ᠎ᠤᠨ ᠨᠡᠭᠡᠭᠡᠨ ᠠᠰᠢᠭᠯᠠᠯᠲᠠ᠎ᠳᠤ ᠲᠣᠬᠢᠷᠠᠬᠤ᠎ᠠᠴᠠ ᠭᠠᠳᠠᠨ᠎ᠠ᠂ ᠨᠢᠭᠡ ᠪᠤᠶᠤ ᠬᠥᠷᠰᠢ ᠵᠡᠷᠭᠡᠯᠡᠳᠡᠭᠡ᠂ ᠨᠡᠢ᠌ᠯᠡᠯᠳᠦᠵᠦ ᠪᠠᠢ᠌ᠭ᠎ᠠ ᠬᠡᠳᠦᠨ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠤᠨ ᠵᠶ᠋ᠠᠷ ᠨᠢᠭᠡᠴᠢ ᠪᠣᠯᠭ᠋ᠠᠭᠰᠠᠨ 《ᠣᠯᠠᠨ ᠲᠥᠯᠥᠪᠵᠢᠭᠦᠯᠭᠡ ᠵᠢ ᠬᠠᠮᠲᠤᠷᠠᠭᠤᠯᠤᠨ ᠨᠢᠭᠡᠳᠬᠡᠭᠰᠡᠨ》 ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠴᠤ᠌ ᠲᠣᠬᠢᠷᠠᠨ᠎ᠠ᠃


2 ᠵᠢᠷᠤᠮᠵᠢᠭᠤᠯᠬᠤ᠎ᠳᠤ ᠡᠰᠢᠯᠡᠬᠦ ᠮᠠᠲ᠋ᠧᠷᠢᠶᠠᠯ
      ᠳᠣᠣᠷᠠᠬᠢ ᠮᠠᠲ᠋ᠧᠷᠢᠶᠠᠯ᠎ᠤᠨ ᠠᠭᠤᠯᠭ᠎ᠠ ᠵᠢ ᠲᠤᠰ ᠳᠦᠷᠢᠮᠵᠢᠯ᠎ᠢ ᠵᠢᠷᠤᠮᠵᠢᠭᠤᠯᠬᠤ᠎ᠳᠤ ᠡᠰᠢᠯᠡᠨ ᠠᠰᠢᠭᠯᠠᠬᠤ ᠤᠴᠢᠷ᠎ᠠᠴᠠ ᠲᠤᠰ ᠮᠠᠲ᠋ᠧᠷᠢᠶᠠᠯ᠎ᠤᠨ ᠳᠤᠲᠠᠭᠳᠠᠵᠤ ᠪᠣᠯᠣᠰᠢ ᠦᠭᠡᠢ ᠵᠦᠢ᠍ᠯ ᠪᠣᠯᠪᠠ᠃ ᠡᠭᠦᠨ᠎ᠳᠤ᠂ ᠡᠳᠦᠷ ᠬᠤᠭᠤᠴᠠᠭ᠎ᠠ ᠪᠦᠬᠦᠢ ᠡᠰᠢᠯᠡᠬᠦ ᠮᠠᠲ᠋ᠧᠷᠢᠶᠠᠯ᠎ᠤᠨ ᠲᠤᠰ ᠡᠳᠦᠷ ᠬᠤᠭᠤᠴᠠᠭ᠎ᠠ᠎ᠲᠠᠢ ᠬᠠᠷᠠᠭ᠋ᠠᠯᠵᠠᠵᠤ ᠪᠠᠢ᠌ᠭ᠎ᠠ ᠬᠡᠪᠯᠡᠯ᠎ᠨᠢ ᠲᠤᠰ ᠮᠠᠲ᠋ᠧᠷᠢᠶᠠᠯ᠎ᠳᠤ ᠲᠣᠬᠢᠷᠠᠯᠴᠠᠨ ᠠᠰᠢᠭᠯᠠᠭᠳᠠᠨ᠎ᠠ᠃ ᠡᠳᠦᠷ ᠬᠤᠭᠤᠴᠠᠭ᠎ᠠ ᠦᠭᠡᠢ ᠡᠰᠢᠯᠡᠬᠦ ᠮᠠᠲ᠋ᠧᠷᠢᠶᠠᠯ᠎ᠤᠨ ᠬᠠᠮᠤᠭ ᠰᠢᠨ᠎ᠡ ᠬᠡᠪᠯᠡᠯ (ᠠᠯᠢᠪᠠ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠪᠠᠭᠲᠠᠭ᠋ᠠᠨ᠎ᠠ)᠎ᠨᠢ ᠲᠤᠰ ᠮᠠᠲ᠋ᠧᠷᠢᠶᠠᠯ᠎ᠳᠤ ᠲᠣᠬᠢᠷᠠᠯᠴᠠᠨ ᠠᠰᠢᠭᠯᠠᠭᠳᠠᠨ᠎ᠠ᠃
     GB/T 19231 ᠭᠠᠵᠠᠷ ᠰᠢᠷᠣᠢ ᠵᠢᠨ ᠦᠨᠳᠦᠰᠦᠨ ᠨᠡᠷ᠎ᠡ ᠲᠣᠮᠢᠶ᠎ᠠ
     GB/T 50298 ᠨᠡᠷᠡᠲᠦ ᠦᠵᠡᠮᠵᠢ ᠵᠢᠨ ᠣᠷᠣᠨ᠎ᠤ ᠶᠡᠷᠦᠩᠬᠡᠢ ᠲᠥᠯᠥᠪᠵᠢᠭᠦᠯᠭᠡ ᠵᠢᠨ ᠪᠠᠷᠢᠮᠵᠢᠶ᠎ᠠ
     GB/T 50445 ᠭᠠᠴᠠᠭ᠎ᠠ ᠲᠣᠰᠬᠤᠨ᠎ᠢ ᠵᠠᠰᠠᠵᠤ ᠰᠢᠨᠡᠳᠬᠡᠬᠦ ᠮᠡᠷᠭᠡᠵᠢᠯ᠎ᠤᠨ ᠪᠠᠷᠢᠮᠵᠢᠶ᠎ᠠ
     TD/T 1011 ᠭᠠᠵᠠᠷ ᠰᠢᠷᠣᠢ ᠵᠢ ᠨᠡᠭᠡᠭᠡᠨ ᠠᠰᠢᠭᠯᠠᠵᠤ ᠲᠡᠭᠰᠢᠯᠡᠨ ᠵᠠᠰᠠᠬᠤ ᠲᠥᠯᠥᠪᠵᠢᠭᠦᠯᠭᠡ ᠵᠢᠨ ᠨᠠᠢ᠌ᠷᠠᠭᠤᠯᠤᠨ ᠵᠣᠬᠢᠶᠠᠬᠤ ᠳᠦᠷᠢᠮᠵᠢᠯ


3 ᠨᠡᠷ᠎ᠡ ᠲᠣᠮᠢᠶ᠎ᠠ ᠪᠠ ᠲᠣᠳᠣᠷᠬᠠᠢ᠌ᠯᠠᠯᠲᠠ
     GB/T 19231᠎ᠳᠤ ᠲᠣᠭᠲᠠᠭ᠋ᠠᠭᠰᠠᠨ ᠪᠠ ᠳᠣᠣᠷᠠᠬᠢ ᠨᠡᠷ᠎ᠡ ᠲᠣᠮᠢᠶ᠎ᠠ ᠪᠠ ᠲᠣᠳᠣᠷᠬᠠᠢ᠌ᠯᠠᠯᠲᠠ᠎ᠨᠤᠭᠤᠳ ᠲᠤᠰ ᠮᠠᠲ᠋ᠧᠷᠢᠶᠠᠯ᠎ᠳᠤ ᠲᠣᠬᠢᠷᠠᠯᠴᠠᠨ ᠠᠰᠢᠭᠯᠠᠭᠳᠠᠨ᠎ᠠ᠃
3.1
      ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ  national territory sptial planning
      ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢ ᠬᠠᠮᠠᠭ᠋ᠠᠯᠠᠵᠤ᠂ ᠨᠡᠭᠡᠭᠡᠨ ᠠᠰᠢᠭᠯᠠᠬᠤ᠂ ᠰᠡᠷᠭᠦᠭᠡᠨ ᠵᠠᠰᠠᠬᠤ᠎ᠳᠤ ᠪᠦᠬᠦ ᠲᠠᠯ᠎ᠠ ᠵᠢᠨ ᠪᠠᠢ᠌ᠷᠢᠯᠠᠭᠤᠯᠤᠯᠲᠠ ᠪᠣᠯᠣᠨ ᠨᠢᠭᠡᠳᠦᠯᠲᠡᠢ᠎ᠪᠠᠷ ᠲᠣᠬᠢᠷᠠᠭᠤᠯᠤᠯᠲᠠ ᠬᠢᠬᠦ ᠵᠢ ᠵᠢᠭ᠋ᠠᠨ᠎ᠠ᠃


3.2
      ᠨᠠᠷᠢᠯᠢᠭ ᠲᠥᠯᠥᠪᠵᠢᠭᠦᠯᠭᠡ  detailed planning ᠪᠣᠳᠠᠲᠠᠢ ᠬᠡᠰᠡᠭ ᠭᠠᠵᠠᠷ᠎ᠤᠨ ᠬᠡᠷᠡᠭᠴᠡᠭᠡ ᠪᠠ ᠳᠠᠭ᠋ᠠᠭ᠋ᠠᠴᠠ᠎ᠳᠤ ᠵᠣᠷᠢᠭᠤᠯᠤᠨ ᠬᠢᠭᠰᠡᠨ ᠬᠡᠷᠡᠭᠵᠢᠭᠦᠯᠦᠯᠲᠡ ᠵᠢᠨ ᠴᠢᠨᠠᠷᠲᠠᠢ ᠲᠣᠬᠢᠷᠠᠭᠤᠯᠤᠯᠲᠠ ᠵᠢ ᠵᠢᠭ᠋ᠠᠬᠤ ᠪᠥᠭᠡᠳ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢ ᠨᠡᠭᠡᠭᠡᠨ ᠬᠠᠮᠠᠭ᠋ᠠᠯᠠᠬᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠬᠢᠨᠠᠯᠲᠠ ᠵᠢ ᠬᠡᠷᠡᠭᠵᠢᠭᠦᠯᠬᠦ᠂ ᠰᠠᠭᠤᠷᠢ ᠲᠥᠬᠥᠭᠡᠷᠦᠮᠵᠢ ᠪᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠶᠠᠪᠤᠭᠳᠠᠭᠤᠯᠬᠤ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠬᠤ ᠵᠡᠷᠭᠡ ᠠᠵᠢᠯ᠎ᠢ ᠥᠷᠨᠢᠭᠦᠯᠬᠦ ᠵᠢᠨ ᠬᠠᠤᠯᠢ ᠶᠣᠰᠣᠨ᠎ᠤ ᠦᠨᠳᠦᠰᠦᠯᠡᠯ ᠪᠣᠯᠣᠨ᠎ᠠ᠃


3.3
      ᠣᠯᠠᠨ ᠵᠶ᠋ᠠᠷ ᠵᠶ᠋ᠠᠨ ᠣᠷᠣᠯᠴᠠᠬᠤ  public participation ᠲᠣᠭᠲᠠᠭᠰᠠᠨ ᠨᠢᠭᠡᠨ ᠬᠡᠯᠪᠡᠷᠢ ᠪᠠ ᠠᠷᠭ᠎ᠠ ᠵᠠᠮ ᠵᠶ᠋ᠠᠷ ᠳᠠᠮᠵᠢᠵᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠎ᠳᠤ ᠣᠯᠠᠨ ᠨᠡᠢ᠌ᠲᠡ᠎ᠪᠠᠷ ᠵᠶ᠋ᠡᠨ ᠣᠷᠣᠯᠴᠠᠬᠤ ᠦᠢ᠍ᠯᠡ ᠠᠵᠢᠯᠯᠠᠭ᠎ᠠ ᠵᠢ ᠵᠢᠭ᠋ᠠᠨ᠎ᠠ᠃


4 ᠶᠡᠷᠦᠩᠬᠡᠢ ᠳᠦᠷᠢᠮ
4.1 ᠲᠥᠯᠥᠪᠵᠢᠭᠦᠯᠭᠡ ᠵᠢᠨ ᠲᠣᠳᠣᠷᠬᠠᠢ᠌ᠯᠠᠯ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠪᠣᠯ ᠬᠠᠤᠯᠢ ᠶᠣᠰᠣᠨ᠎ᠤ ᠲᠥᠯᠥᠪᠵᠢᠭᠦᠯᠭᠡ ᠪᠥᠭᠡᠳ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠰᠢᠰᠲ᠋ᠧᠮ᠎ᠳᠠᠬᠢ ᠬᠣᠲᠠ ᠪᠠᠯᠭ᠋ᠠᠰᠤ ᠵᠢᠨ ᠨᠡᠭᠡᠭᠡᠨ ᠠᠰᠢᠭᠯᠠᠬᠤ ᠬᠡᠪᠴᠢᠶᠡᠨ᠎ᠤ ᠭᠠᠳᠠᠨᠠᠬᠢ ᠰᠢᠶᠠᠩ ᠲᠣᠰᠬᠤᠨ᠎ᠤ ᠨᠠᠷᠢᠯᠢᠭ ᠲᠥᠯᠥᠪᠵᠢᠭᠦᠯᠭᠡ ᠪᠣᠯᠣᠨ᠎ᠠ᠃ ᠪᠠᠰᠠ ᠴᠤ᠌ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢ ᠨᠡᠭᠡᠭᠡᠨ ᠬᠠᠮᠠᠭ᠋ᠠᠯᠠᠬᠤ ᠠᠵᠢᠯᠯᠠᠭ᠎ᠠ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠬᠦ᠂ ᠰᠢᠶᠠᠩ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠲᠥᠯᠥᠪᠵᠢᠭᠦᠯᠭᠡ ᠵᠢᠨ ᠵᠥᠪᠰᠢᠶᠡᠷᠡᠯ᠎ᠢ ᠬᠢᠨᠠᠨ ᠣᠯᠭᠣᠬᠤ᠂ ᠡᠯ᠎ᠡ ᠲᠥᠷᠥᠯ᠎ᠤᠨ ᠪᠦᠲᠦᠭᠡᠨ ᠪᠠᠢ᠌ᠭᠤᠯᠤᠯᠲᠠ ᠵᠢ ᠶᠠᠪᠤᠭᠳᠠᠭᠤᠯᠬᠤ ᠵᠡᠷᠭᠡ ᠠᠵᠢᠯ᠎ᠢ ᠥᠷᠨᠢᠭᠦᠯᠬᠦ ᠵᠢᠨ ᠬᠠᠤᠯᠢ ᠶᠣᠰᠣᠨ᠎ᠤ ᠦᠨᠳᠦᠰᠦᠯᠡᠯ ᠪᠣᠯᠣᠨ᠎ᠠ᠃


4.2 ᠨᠠᠢ᠌ᠷᠠᠭᠤᠯᠤᠨ ᠵᠣᠬᠢᠶᠠᠬᠤ ᠭᠣᠣᠯ ᠴᠣᠭᠴᠠ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠬᠤ ᠠᠵᠢᠯ᠎ᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠤᠳᠤᠷᠢᠳᠴᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠢ᠌ᠭ᠋ᠠᠯᠢ ᠵᠢᠨ ᠡᠬᠢ ᠪᠠᠶᠠᠯᠢᠭ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠢ ᠵᠣᠬᠢᠴᠠᠭᠤᠯᠤᠨ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠨᠠᠢ᠌ᠷᠠᠭᠤᠯᠤᠨ ᠵᠣᠬᠢᠶᠠᠬᠤ ᠪᠥᠭᠡᠳ ᠮᠠᠯᠴᠢᠨ ᠲᠠᠷᠢᠶᠠᠴᠢᠳ ᠪᠦᠬᠦ ᠶᠠᠪᠤᠴᠠ᠎ᠳᠤ ᠣᠷᠣᠯᠴᠠᠨ᠎ᠠ᠃


4.3 ᠲᠥᠯᠥᠪᠵᠢᠭᠦᠯᠭᠡ ᠵᠢᠨ ᠬᠤᠭᠤᠴᠠᠭ᠎ᠠ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠬᠤᠭᠤᠴᠠᠭ᠎ᠠ᠎ᠨᠢ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠦᠬᠦ ᠲᠠᠯ᠎ᠠ ᠵᠢᠨ ᠲᠥᠯᠥᠪᠵᠢᠭᠦᠯᠭᠡ ᠵᠢᠨ ᠬᠤᠭᠤᠴᠠᠭ᠎ᠠ᠎ᠲᠠᠢ ᠠᠳᠠᠯᠢ ᠪᠠᠢ᠌ᠪᠠᠯ ᠵᠣᠬᠢᠨ᠎ᠠ᠃


4.4 ᠲᠥᠯᠥᠪᠵᠢᠭᠦᠯᠭᠡ ᠵᠢᠨ ᠡᠭᠦᠷᠭᠡ
      ᠳᠡᠭᠡᠳᠦ ᠪᠠᠢ᠌ᠷᠢ ᠵᠢᠨ ᠲᠥᠯᠥᠪᠵᠢᠭᠦᠯᠭᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠴᠢᠭᠯᠡᠯ᠎ᠢ ᠡᠵᠡᠮᠳᠡᠬᠦ ᠪᠠ ᠦᠨᠳᠦᠰᠦᠨ ᠱᠠᠭ᠋ᠠᠷᠳᠠᠯᠭ᠎ᠠ ᠵᠢ ᠴᠢᠩᠭ᠎ᠠ ᠪᠠᠷᠢᠮᠲᠠᠯᠠᠭᠰᠠᠨ ᠤᠷᠢᠳᠠᠯ ᠳᠣᠣᠷ᠎ᠠ᠂ ᠭᠠᠴᠠᠭ᠎ᠠ ᠲᠣᠰᠬᠤᠨ᠎ᠤ ᠪᠣᠳᠠᠲᠠᠢ ᠰᠠᠭᠤᠷᠢ ᠪᠠ ᠬᠥᠭᠵᠢᠯᠲᠡ ᠵᠢᠨ ᠪᠠᠢ᠌ᠳᠠᠯ᠎ᠠᠴᠠ ᠡᠭᠦᠰᠴᠦ᠂ ᠮᠠᠯᠴᠢᠨ ᠲᠠᠷᠢᠶᠠᠴᠢᠳ᠎ᠤᠨ ᠬᠦᠰᠡᠯ ᠱᠠᠭ᠋ᠠᠷᠳᠠᠯᠭ᠎ᠠ ᠵᠢ ᠪᠦᠷᠢᠮᠦᠰᠦᠨ ᠬᠦᠨᠳᠦᠳᠬᠡᠭᠰᠡᠨ ᠰᠠᠭᠤᠷᠢᠨ ᠳᠡᠭᠡᠷ᠎ᠡ᠂ ᠭᠠᠴᠠᠭ᠎ᠠ ᠲᠣᠰᠬᠤᠨ᠎ᠤ ᠣᠷᠣᠨ ᠵᠠᠢ ᠵᠢᠨ ᠲᠥᠯᠥᠪᠵᠢᠭᠦᠯᠭᠡ ᠵᠢᠨ ᠪᠠᠢ᠌ᠷᠢᠯᠠᠭᠤᠯᠤᠯᠲᠠ ᠵᠢᠨ ᠲᠥᠰᠥᠯ᠎ᠢ ᠲᠣᠭᠲᠠᠭ᠋ᠠᠨ᠎ᠠ᠃ ᠭᠣᠣᠯᠳᠠᠭᠤ ᠳᠣᠣᠷᠠᠬᠢ ᠮᠡᠲᠦ᠄
     a) ᠭᠠᠴᠠᠭ᠎ᠠ ᠲᠣᠰᠬᠤᠨ᠎ᠤ ᠬᠥᠭᠵᠢᠯᠲᠡ ᠵᠢᠨ ᠬᠠᠷᠠᠯᠲᠠ ᠵᠢ ᠪᠦᠬᠦ ᠲᠠᠯ᠎ᠠ᠎ᠪᠠᠷ ᠲᠥᠯᠥᠪᠯᠡᠬᠦ
     b) ᠠᠮᠢ ᠠᠬᠤᠢ ᠵᠢᠨ ᠬᠠᠮᠠᠭ᠋ᠠᠯᠠᠯᠲᠠ ᠰᠠᠢ᠌ᠵᠢᠷᠠᠭᠤᠯᠤᠯᠲᠠ ᠵᠢ ᠪᠦᠬᠦ ᠲᠠᠯ᠎ᠠ᠎ᠪᠠᠷ ᠲᠥᠯᠥᠪᠯᠡᠬᠦ
     c) ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠲᠥᠯᠥᠪᠯᠡᠬᠦ
     d) ᠲᠡᠦᠬᠡ ᠰᠣᠶᠣᠯ᠎ᠢ ᠤᠯᠠᠮᠵᠢᠯᠠᠬᠤ ᠪᠠ ᠬᠠᠮᠠᠭ᠋ᠠᠯᠠᠬᠤ ᠵᠢ ᠪᠦᠬᠦ ᠲᠠᠯ᠎ᠠ᠎ᠪᠠᠷ ᠲᠥᠯᠥᠪᠯᠡᠬᠦ
     e) ᠰᠠᠭᠤᠷᠢ ᠲᠥᠬᠥᠭᠡᠷᠦᠮᠵᠢ ᠪᠠ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠥᠯᠥᠪᠯᠡᠬᠦ
     f) ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠵᠢ ᠪᠦᠬᠦ ᠲᠠᠯ᠎ᠠ᠎ᠪᠠᠷ ᠲᠥᠯᠥᠪᠯᠡᠬᠦ
     g) ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠥᠯᠥᠪᠯᠡᠬᠦ
     h) ᠭᠠᠴᠠᠭ᠎ᠠ ᠲᠣᠰᠬᠤᠨ᠎ᠤ ᠠᠮᠤᠷ ᠲᠦᠪᠰᠢᠨ ᠪᠠ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠵᠢ ᠪᠦᠬᠦ ᠲᠠᠯ᠎ᠠ᠎ᠪᠠᠷ ᠲᠥᠯᠥᠪᠯᠡᠬᠦ


4.5 ᠭᠠᠴᠠᠭ᠎ᠠ ᠲᠣᠰᠬᠤᠨ᠎ᠤ ᠲᠥᠷᠥᠯ ᠵᠦᠢ᠍ᠯ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ ᠬᠡᠷᠡᠭᠵᠢᠭᠦᠯᠵᠦ ᠬᠠᠮᠢᠶᠠᠷᠬᠤ ᠱᠠᠭ᠋ᠠᠷᠳᠠᠯᠭ᠎ᠠ ᠵᠢ ᠦᠨᠳᠦᠰᠦᠯᠡᠨ᠂ ᠭᠠᠴᠠᠭ᠎ᠠ ᠲᠣᠰᠬᠤᠨ᠎ᠤ ᠬᠥᠮᠥᠨ ᠠᠮᠠ ᠵᠢᠨ ᠬᠤᠪᠢᠷᠠᠯᠲᠠ᠂ ᠣᠷᠣᠨ ᠪᠠᠢ᠌ᠷᠢ ᠵᠢᠨ ᠨᠥᠬᠥᠴᠡᠯ ᠪᠠ ᠬᠥᠭᠵᠢᠯᠲᠡ ᠵᠢᠨ ᠬᠠᠨᠳᠤᠰᠢ᠎ᠳᠤ ᠶᠡᠷᠦᠩᠬᠡᠢ ᠵᠠᠳᠠᠯᠤᠯᠲᠠ ᠬᠢᠵᠦ᠂ ᠭᠠᠴᠠᠭ᠎ᠠ ᠲᠣᠰᠬᠤᠨ᠎ᠢ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠣᠲᠠ ᠲᠡᠭᠦᠷᠭᠡ ᠠᠭᠤᠰᠤᠯᠴᠠᠭᠰᠠᠨ ᠲᠥᠷᠥᠯ᠂ ᠣᠨᠴᠠᠯᠢᠭ᠎ᠢ᠎ᠨᠢ ᠬᠠᠮᠠᠭ᠋ᠠᠯᠠᠬᠤ ᠲᠥᠷᠥᠯ᠂ ᠨᠡᠭᠦᠬᠦ ᠬᠠᠰᠤᠵᠤ ᠨᠡᠢ᠌ᠯᠡᠭᠦᠯᠬᠦ ᠲᠥᠷᠥᠯ ᠪᠣᠯᠣᠨ ᠪᠤᠰᠤᠳ ᠲᠥᠷᠥᠯ᠎ᠳᠤ ᠬᠤᠪᠢᠶᠠᠨ᠎ᠠ᠃ ᠲᠤᠰ ᠮᠠᠲ᠋ᠧᠷᠢᠶᠠᠯ᠎ᠳᠤ ᠲᠣᠭᠲᠠᠭ᠋ᠠᠭᠰᠠᠨ ᠲᠥᠷᠥᠯ᠎ᠠᠴᠠ ᠪᠤᠰᠤᠳ᠂ ᠡᠯ᠎ᠡ ᠭᠠᠵᠠᠷ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠠᠳᠠᠯᠢ ᠪᠤᠰᠤ ᠭᠠᠴᠠᠭ᠎ᠠ ᠲᠣᠰᠬᠤᠨ᠎ᠤ ᠲᠥᠷᠥᠯ᠎ᠢ ᠨᠡᠮᠡᠨ ᠲᠣᠬᠢᠷᠠᠭᠤᠯᠵᠤ ᠪᠣᠯᠣᠨ᠎ᠠ᠃


5   ᠲᠥᠯᠥᠪᠵᠢᠭᠦᠯᠭᠡ ᠵᠢᠨ ᠫᠷᠣᠭ᠌ᠷᠠᠮ
5.1 ᠦᠨᠳᠦᠰᠦᠨ ᠦᠨᠡᠯᠡᠯᠲᠡ
5.1.1 ᠲᠥᠯᠥᠪᠵᠢᠭᠦᠯᠭᠡ ᠵᠢᠨ ᠰᠠᠭᠤᠷᠢ ᠲᠣᠭ᠎ᠠ ᠪᠠ ᠡᠬᠡ ᠵᠢᠷᠤᠭ᠎ᠢ ᠲᠣᠭᠲᠠᠭ᠋ᠠᠬᠤ
      ᠶᠡᠬᠡ ᠬᠠᠷᠢᠴᠠᠭ᠋ᠠᠲᠤ ᠱᠤᠭᠤᠮ᠎ᠢ ᠬᠡᠷᠡᠭᠯᠡᠭᠰᠡᠨ ᠰᠠᠭᠤᠷᠢ ᠲᠣᠭ᠎ᠠ ᠪᠠᠷᠢᠮᠲᠠ᠎ᠪᠠᠷ ᠡᠬᠡ ᠵᠢᠷᠤᠭ ᠪᠣᠯᠭ᠋ᠠᠵᠤ᠂ ᠬᠡᠷᠡᠭᠯᠡᠭᠡᠨ᠎ᠤ ᠭᠠᠵᠠᠷ᠎ᠤᠨ ᠪᠠᠢ᠌ᠷᠢᠯᠠᠭᠤᠯᠤᠯ᠎ᠤᠨ ᠨᠠᠷᠢᠯᠢᠭᠵᠢᠭᠤᠯᠤᠯᠲᠠ ᠵᠢ ᠪᠡᠶᠡᠯᠡᠭᠦᠯᠦᠨ᠎ᠡ᠃ ᠶᠡᠷᠦ᠎ᠳᠤ᠎ᠪᠠᠨ ᠳᠣᠣᠷᠠᠬᠢ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
     a) ᠲᠥᠯᠥᠪᠵᠢᠭᠦᠯᠭᠡ ᠵᠢᠨ ᠰᠠᠭᠤᠷᠢ ᠲᠣᠭ᠎ᠠ ᠪᠠᠷᠢᠮᠲᠠ᠎ᠨᠢ ᠪᠦᠬᠦ ᠤᠯᠤᠰ᠎ᠤᠨ ᠤᠯᠤᠰ᠎ᠤᠨ ᠨᠤᠲᠤᠭ ᠳᠡᠪᠢᠰᠭᠡᠷ᠎ᠤᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠬᠡᠷᠡᠭᠯᠡᠬᠦ ᠪᠥᠭᠡᠳ ᠳᠡᠭᠡᠳᠦ ᠢᠯᠭ᠋ᠠᠮᠵᠢᠲᠤ ᠠᠯᠤᠰ ᠰᠡᠷᠡᠯ᠎ᠤᠨ ᠵᠢᠷᠤᠭ ᠳᠦᠷᠰᠦ᠎ᠪᠠᠷ ᠦᠨᠳᠦᠰᠦᠯᠡᠯ ᠪᠣᠯᠭ᠋ᠠᠨ᠂ ᠣᠳᠣᠬᠢ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠴᠡᠭ᠎ᠤᠨ ᠳᠣᠲᠣᠭ᠋ᠠᠳᠤ ᠪᠠᠢ᠌ᠳᠠᠯ ᠵᠢᠴᠢ ᠲᠡᠭᠦᠨ᠎ᠤ ᠭᠠᠳᠠᠭ᠋ᠠᠳᠤ ᠣᠷᠴᠢᠨ᠎ᠳᠤ ᠨᠥᠬᠥᠪᠦᠷᠢ ᠵᠢᠷᠤᠭ ᠠᠪᠴᠤ᠂ ᠭᠠᠴᠠᠭ᠎ᠠ ᠲᠣᠰᠬᠤᠨ᠎ᠤ ᠬᠡᠪᠴᠢᠶᠡᠨ ᠳᠣᠲᠣᠷᠠᠬᠢ ᠡᠯ᠎ᠡ ᠲᠥᠷᠥᠯ᠎ᠤᠨ ᠬᠡᠷᠡᠭᠯᠡᠭᠡᠨ᠎ᠤ ᠭᠠᠵᠠᠷ᠎ᠲᠤ ᠨᠠᠷᠢᠯᠢᠭᠵᠢᠭᠤᠯᠤᠭᠰᠠᠨ ᠮᠠᠭ᠋ᠠᠳᠯᠠᠯᠲᠠ ᠬᠢᠵᠦ᠂ ᠣᠨᠣᠪᠴᠢᠲᠠᠢ ᠰᠠᠭᠤᠷᠢ ᠲᠣᠭ᠎ᠠ ᠪᠠᠷᠢᠮᠲᠠ ᠵᠢ ᠣᠯᠣᠨ᠎ᠠ᠃
     b) ᠡᠬᠡ ᠵᠢᠷᠤᠭ᠎ᠤᠨ ᠬᠠᠷᠢᠴᠠᠭ᠋ᠠᠲᠤ ᠱᠤᠭᠤᠮ᠎ᠨᠢ ᠶᠡᠷᠦ᠎ᠳᠤ᠎ᠪᠠᠨ 1᠄ 2000 ᠪᠠᠢ᠌ᠳᠠᠭ ᠪᠣᠯᠪᠠᠴᠤ ᠭᠠᠴᠠᠭ᠎ᠠ ᠲᠣᠰᠬᠤᠨ᠎ᠤ ᠵᠠᠰᠠᠭ ᠵᠠᠬᠢᠷᠭ᠋ᠠᠨ᠎ᠤ ᠬᠠᠷᠢᠶ᠎ᠠ ᠭᠠᠵᠠᠷ᠎ᠤᠨ ᠲᠠᠯᠠᠪᠠᠢ ᠵᠢᠨ ᠪᠣᠳᠠᠲᠤ ᠪᠠᠢ᠌ᠳᠠᠯ᠎ᠢ ᠦᠨᠳᠦᠰᠦᠯᠡᠨ᠂ ᠡᠬᠡ ᠵᠢᠷᠤᠭ᠎ᠤᠨ ᠬᠠᠷᠢᠴᠠᠭ᠋ᠠᠲᠤ ᠱᠤᠭᠤᠮ᠎ᠤᠨ ᠬᠠᠷᠢᠴᠠᠯ᠎ᠢ ᠲᠣᠬᠢᠷᠠᠭᠤᠯᠵᠤ ᠪᠣᠯᠣᠨ᠎ᠠ᠃
      c) ᠦᠨᠡᠨ᠎ᠠᠴᠠ ᠵᠥᠪ᠎ᠢ ᠡᠷᠢᠬᠦ ᠵᠠᠷᠴᠢᠮ ᠵᠶ᠋ᠠᠷ ᠭᠠᠵᠠᠷ ᠰᠢᠷᠣᠢ ᠵᠢᠨ ᠬᠡᠷᠡᠭᠴᠡᠭᠡ ᠵᠢ ᠲᠣᠭᠲᠠᠭ᠋ᠠᠬᠤ ᠵᠢᠨ ᠳᠠᠭ᠋ᠠᠤ᠂ ᠲᠥᠯᠥᠪᠵᠢᠭᠦᠯᠭᠡ ᠵᠢᠨ ᠰᠠᠭᠤᠷᠢ ᠲᠣᠭ᠋ᠠᠨ᠎ᠤ ᠬᠤᠪᠢᠷᠠᠭᠤᠯᠤᠯᠲᠠ᠎ᠳᠤ ᠨᠠᠷᠢᠯᠢᠭ ᠲᠠᠢ᠌ᠯᠪᠤᠷᠢ ᠬᠢᠨ᠎ᠡ᠃
     d) ᠭᠠᠴᠠᠭ᠎ᠠ ᠲᠤᠰᠬᠤᠨ᠎ᠤ ᠲᠥᠯᠥᠪᠵᠢᠭᠦᠯᠭᠡ᠎ᠳᠤ ᠬᠡᠷᠡᠭᠯᠡᠬᠦ ᠭᠠᠵᠠᠷ᠎ᠤᠨ ᠲᠥᠷᠥᠯ ᠠᠩᠭᠢᠯᠠᠯ᠎ᠨᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠨᠡᠢ᠌ᠲᠡᠯᠡᠭᠰᠡᠨ 《ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠴᠠᠭ᠋ᠠᠯᠲᠠ᠂ ᠲᠥᠯᠥᠪᠵᠢᠭᠦᠯᠭᠡ᠂ ᠬᠡᠷᠡᠭᠴᠡᠭᠡᠨ᠎ᠤ ᠵᠠᠬᠢᠷᠤᠨ ᠬᠠᠮᠢᠶᠠᠷᠤᠯᠲᠠ᠎ᠲᠠᠢ ᠬᠡᠷᠡᠭᠯᠡᠬᠦ ᠭᠠᠵᠠᠷ ᠪᠠ ᠬᠡᠷᠡᠭᠯᠡᠬᠦ ᠳᠠᠯᠠᠢ ᠲᠠᠩᠭᠢᠰ᠎ᠤᠨ ᠲᠥᠷᠥᠯ ᠠᠩᠭᠢᠯᠠᠯ᠎ᠤᠨ ᠬᠥᠲᠥᠯᠪᠦᠷᠢ》᠎ᠲᠠᠢ ᠨᠢᠭᠡᠳᠦᠯᠲᠡᠢ ᠪᠠᠢ᠌ᠪᠠᠯ ᠵᠣᠬᠢᠨ᠎ᠠ᠃


5.1.2 ᠣᠳᠣᠬᠢ ᠪᠠᠢ᠌ᠳᠠᠯ᠎ᠤᠨ ᠪᠠᠢ᠌ᠴᠠᠭ᠋ᠠᠯᠲᠠ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠱᠠᠭ᠋ᠠᠷᠳᠠᠭᠳᠠᠬᠤ ᠦᠨᠳᠦᠰᠦᠨ ᠮᠠᠲ᠋ᠧᠷᠢᠶᠠᠯ ᠭᠡᠪᠡᠯ᠄ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠠᠢ᠌ᠳᠠᠯ᠂ ᠭᠠᠵᠠᠷ ᠰᠢᠨᠵᠢᠯᠡᠭᠡᠨ᠎ᠤ ᠭᠠᠢ ᠭᠠᠮᠰᠢᠭ᠂ ᠬᠥᠮᠥᠨ ᠠᠮᠠ ᠪᠠ ᠨᠡᠢ᠌ᠭᠡᠮ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠂ ᠡᠯ᠎ᠡ ᠲᠥᠷᠥᠯ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠭᠠᠴᠠᠭ᠎ᠠ ᠲᠣᠰᠬᠤᠨ᠎ᠤ ᠬᠥᠭᠵᠢᠯᠲᠡ ᠵᠢᠨ ᠲᠡᠦᠬᠡᠲᠦ ᠶᠠᠪᠤᠴᠠ᠂ ᠰᠣᠶᠣᠯ᠎ᠤᠨ ᠠᠬᠤᠢ ᠪᠠᠢ᠌ᠳᠠᠯ ᠪᠠ ᠬᠥᠮᠥᠨ ᠨᠡᠢ᠌ᠭᠡᠮ᠎ᠤᠨ ᠵᠠᠩ ᠠᠭ᠋ᠠᠯᠢ ᠵᠡᠷᠭᠡ ᠮᠠᠲ᠋ᠧᠷᠢᠶᠠᠯ᠎ᠢ ᠵᠢᠭ᠋ᠠᠬᠤ ᠪᠥᠭᠡᠳ ᠪᠠᠰᠠ ᠴᠢᠬᠤᠯᠠᠲᠠᠢ ᠪᠣᠯ ᠨᠥᠬᠥᠪᠦᠷᠢ ᠪᠠᠢ᠌ᠴᠠᠭ᠋ᠠᠯᠲᠠ ᠥᠷᠨᠢᠭᠦᠯᠦᠨ ᠶᠠᠪᠤᠭᠳᠠᠭᠤᠯᠵᠤ ᠪᠣᠯᠣᠨ᠎ᠠ᠃


5.1.3 ᠭᠠᠴᠠᠭ᠎ᠠ ᠲᠣᠰᠬᠤᠨ᠎ᠤ ᠬᠥᠭᠵᠢᠯᠲᠡ ᠵᠢᠨ ᠣᠳᠣᠬᠢ ᠪᠠᠢ᠌ᠳᠠᠯ᠎ᠤᠨ ᠵᠠᠳᠠᠯᠤᠯᠲᠠ
      ᠡᠯ᠎ᠡ ᠲᠥᠷᠥᠯ᠎ᠤᠨ ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠲᠠᠢ᠎ᠪᠠᠨ ᠤᠶᠠᠯᠳᠤᠭᠤᠯᠤᠨ᠂ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠬᠥᠮᠥᠨ ᠠᠮᠠ᠂ ᠠᠵᠤ ᠠᠬᠤᠢ ᠵᠢᠨ ᠬᠥᠭᠵᠢᠯᠲᠡ᠂ ᠡᠬᠢ ᠪᠠᠶᠠᠯᠢᠭ᠎ᠤᠨ ᠨᠥᠬᠥᠴᠡᠯ᠂ ᠭᠠᠵᠠᠷ ᠰᠢᠷᠣᠢ ᠵᠢᠨ ᠠᠰᠢᠭᠯᠠᠯᠲᠠ ᠵᠡᠷᠭᠡ ᠲᠠᠯ᠎ᠠ ᠵᠢᠨ ᠦᠨᠳᠦᠰᠦᠨ ᠪᠠᠢ᠌ᠳᠠᠯ᠎ᠳᠤ ᠰᠢᠰᠲ᠋ᠧᠮ᠎ᠲᠠᠢ ᠵᠠᠳᠠᠯᠤᠯᠲᠠ ᠬᠢᠵᠦ᠂ ᠭᠠᠴᠠᠭ᠎ᠠ ᠲᠣᠰᠬᠤᠨ᠎ᠤ ᠣᠨᠴᠠᠯᠢᠭ᠎ᠢ ᠳ᠋ᠦᠩᠨᠡᠵᠦ ᠬᠤᠷᠢᠶᠠᠩᠭᠤᠢ᠌ᠯᠠᠨ᠂ ᠡᠬᠢ ᠪᠠᠶᠠᠯᠢᠭ᠎ᠤᠨ ᠠᠰᠢᠭᠯᠠᠯᠲᠠ ᠵᠢᠨ ᠪᠠᠢ᠌ᠳᠠᠯ᠂ ᠮᠠᠯᠴᠢᠨ ᠲᠠᠷᠢᠶᠠᠴᠢᠳ᠎ᠤᠨ ᠬᠡᠷᠡᠭᠴᠡᠭᠡ ᠱᠠᠭ᠋ᠠᠷᠳᠠᠯᠭ᠎ᠠ᠂ ᠣᠳᠣ ᠵᠢᠨ ᠣᠷᠣᠰᠢᠵᠤ ᠪᠠᠢ᠌ᠭ᠎ᠠ ᠠᠰᠠᠭᠤᠳᠠᠯ ᠵᠡᠷᠭᠡ ᠭᠣᠣᠯᠯᠠᠬᠤ ᠲᠠᠯ᠎ᠠ ᠵᠢ ᠰᠤᠳᠤᠯᠵᠤ᠂ ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠬᠠᠷᠠᠯᠲᠠ ᠪᠠ ᠡᠭᠦᠷᠭᠡ ᠵᠢ ᠲᠣᠳᠣᠷᠬᠠᠢ ᠪᠣᠯᠭ᠋ᠠᠨ᠎ᠠ᠃


5.2   ᠲᠥᠯᠥᠪᠵᠢᠭᠦᠯᠭᠡ ᠵᠢᠨ ᠲᠥᠰᠥᠯ᠎ᠢ ᠨᠠᠢ᠌ᠷᠠᠭᠤᠯᠤᠨ ᠵᠣᠬᠢᠶᠠᠬᠤ
      ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠨᠥᠬᠥᠴᠡᠯ᠎ᠢ ᠰᠠᠢ᠌ᠵᠢᠷᠠᠭᠤᠯᠬᠤ ᠬᠠᠷᠠᠯᠲᠠ ᠵᠢᠨ ᠲᠣᠭᠣᠷᠢᠨ᠎ᠳᠤ᠂ ᠬᠤᠪᠢᠶᠠᠷᠢ ᠲᠣᠭᠣᠷᠢᠭ᠎ᠤᠨ ᠬᠥᠲᠥᠯᠥᠨ ᠵᠢᠯᠣᠭᠣᠳᠴᠤ ᠬᠠᠮᠢᠶᠠᠷᠤᠨ ᠡᠵᠡᠮᠳᠡᠬᠦ᠎ᠲᠠᠢ ᠤᠶᠠᠯᠳᠤᠭᠤᠯᠤᠨ᠂ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠂ ᠮᠠᠯᠵᠢᠬᠤ ᠲᠠᠷᠢᠶᠠᠯᠠᠬᠤ᠎ᠳᠤ ᠬᠡᠷᠡᠭᠯᠡᠬᠦ ᠭᠠᠵᠠᠷ ᠪᠣᠯᠣᠨ ᠠᠮᠢ ᠠᠬᠤᠢ᠎ᠳᠤ ᠬᠡᠷᠡᠭᠯᠡᠬᠦ ᠭᠠᠵᠠᠷ᠎ᠢ ᠪᠦᠬᠦ ᠲᠠᠯ᠎ᠠ᠎ᠪᠠᠷ ᠲᠥᠯᠥᠪᠯᠡᠨ ᠲᠣᠬᠢᠷᠠᠭᠤᠯᠵᠤ᠂ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠨᠡᠭᠡᠭᠡᠬᠦ ᠬᠠᠮᠠᠭ᠋ᠠᠯᠠᠬᠤ ᠪᠦᠲᠦᠴᠡ ᠪᠠᠢ᠌ᠷᠢᠰᠢᠯ᠎ᠢ ᠲᠣᠳᠣᠷᠬᠠᠢ ᠪᠣᠯᠭ᠋ᠠᠨ᠎ᠠ᠃ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠵᠠᠬ᠎ᠠ ᠬᠢᠵᠠᠭ᠋ᠠᠷ᠎ᠢ ᠵᠢᠷᠤᠵᠤ ᠲᠣᠭᠲᠠᠭ᠋ᠠᠨ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠨᠠᠢ᠌ᠳᠠᠪᠤᠷᠢᠵᠢᠭᠤᠯᠵᠤ᠂ ᠡᠯ᠎ᠡ ᠲᠥᠷᠥᠯ᠎ᠤᠨ ᠣᠷᠣᠨ ᠵᠠᠢ ᠵᠢᠨ ᠬᠦᠷᠢᠶ᠎ᠡ ᠴᠠᠷ᠎ᠠ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠳᠣᠷᠬᠠᠢ ᠪᠣᠯᠭ᠋ᠠᠨ᠂ ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠵᠢᠨ ᠶᠡᠷᠦᠩᠬᠡᠢ᠌ᠯᠡᠨ ᠵᠠᠰᠠᠬᠤ ᠪᠠ ᠰᠢᠰᠲ᠋ᠧᠮᠵᠢᠭᠦᠯᠦᠨ ᠰᠡᠷᠭᠦᠭᠡᠬᠦ ᠵᠢ ᠬᠡᠷᠡᠭᠵᠢᠭᠦᠯᠵᠦ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠎ᠡ᠃


5.3 ᠲᠥᠯᠥᠪᠵᠢᠭᠦᠯᠭᠡ ᠵᠢᠨ ᠭᠡᠷᠡᠴᠢᠯᠡᠭᠡ ᠵᠢ ᠰᠣᠨᠣᠰᠬᠤ ᠪᠠ ᠨᠤᠲᠠᠯᠠᠯᠲᠠ
      ᠰᠠᠭᠤᠳᠠᠯ᠎ᠤᠨ ᠬᠤᠷᠠᠯ᠂ ᠭᠠᠴᠠᠭ᠎ᠠ ᠲᠣᠰᠬᠤᠨ᠎ᠤ ᠠᠷᠠᠳ᠎ᠤᠨ ᠶᠡᠬᠡ ᠬᠤᠷᠠᠯ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠵᠤ᠂ ᠲᠥᠯᠥᠪᠵᠢᠭᠦᠯᠭᠡ ᠵᠢᠨ ᠦᠷ᠎ᠡ ᠪᠦᠲᠦᠭᠡᠯ᠎ᠳᠤ ᠰᠠᠨᠠᠯ ᠬᠤᠷᠢᠶᠠᠬᠤ ᠪᠠ ᠭᠡᠷᠡᠴᠢᠯᠡᠭᠡ ᠵᠢ ᠰᠣᠨᠣᠰᠬᠤ ᠪᠥᠭᠡᠳ ᠲᠤᠰᠬᠠᠢ ᠮᠡᠷᠭᠡᠵᠢᠯᠲᠡᠨ ᠵᠠᠯᠠᠵᠤ ᠨᠤᠲᠠᠯᠠᠯᠲᠠ ᠬᠢᠯᠭᠡᠨ᠎ᠡ᠃


5.4 ᠲᠥᠯᠥᠪᠵᠢᠭᠦᠯᠭᠡ ᠵᠢ ᠮᠡᠳᠡᠭᠦᠯᠦᠨ ᠵᠥᠪᠰᠢᠶᠡᠷᠡᠭᠦᠯᠬᠦ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠦᠷ᠎ᠡ ᠪᠦᠲᠦᠭᠡᠯ᠎ᠨᠢ ᠭᠠᠴᠠᠭ᠎ᠠ ᠲᠣᠰᠬᠤᠨ᠎ᠤ ᠠᠷᠠᠳ᠎ᠤᠨ ᠬᠤᠷᠠᠯ᠎ᠤᠨ ᠭᠤᠷᠪᠠᠨ᠎ᠤ ᠬᠣᠶᠠᠷ᠎ᠠᠴᠠ ᠳᠡᠭᠡᠭᠰᠢᠬᠢ ᠭᠡᠰᠢᠭᠦᠳ ᠡᠰᠡᠬᠦᠯ᠎ᠡ ᠭᠤᠷᠪᠠᠨ᠎ᠤ ᠬᠣᠶᠠᠷ᠎ᠠᠴᠠ ᠳᠡᠭᠡᠭᠰᠢᠬᠢ ᠭᠠᠴᠠᠭ᠎ᠠ ᠲᠣᠰᠬᠤᠨ᠎ᠤ ᠠᠷᠠᠳ᠎ᠤᠨ ᠲᠥᠯᠥᠭᠡᠯᠡᠭᠴᠢᠳ᠎ᠤᠨ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ᠂ ᠭᠠᠴᠠᠭ᠎ᠠ ᠲᠣᠰᠬᠤᠨ᠎ᠤ ᠪᠠᠢ᠌ᠭ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠪᠠᠢ᠌ᠴᠠᠭ᠋ᠠᠯᠲᠠ᠎ᠪᠠᠷ ᠳᠠᠮᠵᠢᠵᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠨ᠎ᠡ᠃
5.5 ᠲᠥᠯᠥᠪᠵᠢᠭᠦᠯᠭᠡ ᠵᠢᠨ ᠵᠠᠷᠯᠠᠯ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠦᠷ᠎ᠡ ᠪᠦᠲᠦᠭᠡᠯ᠎ᠨᠢ ᠵᠥᠪᠰᠢᠶᠡᠷᠡᠭᠳᠡᠭᠰᠡᠨ᠎ᠤ ᠳᠠᠷᠠᠭ᠎ᠠ᠂ ᠬᠠᠤᠯᠢ ᠶᠣᠰᠣᠭ᠋ᠠᠷ ᠢᠯᠡ᠎ᠪᠠᠷ ᠵᠠᠷᠯᠠᠪᠠᠯ ᠵᠣᠬᠢᠨ᠎ᠠ᠃
6 ᠲᠥᠯᠥᠪᠵᠢᠭᠦᠯᠭᠡ ᠵᠢᠨ ᠨᠠᠢ᠌ᠷᠠᠭᠤᠯᠤᠨ ᠵᠣᠬᠢᠶᠠᠬᠤ ᠠᠭᠤᠯᠭ᠎ᠠ
6.1 ᠲᠥᠷᠥᠯ ᠠᠩᠭᠢᠯᠠᠨ ᠵᠢᠯᠣᠭᠣᠳᠬᠤ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠠᠭᠤᠯᠭ᠎ᠠ ᠵᠢ ᠴᠢᠬᠤᠯᠠ ᠴᠢᠨᠠᠷ ᠪᠦᠬᠦᠢ ᠠᠭᠤᠯᠭ᠎ᠠ ᠪᠠ ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠵᠦ ᠬᠤᠪᠢᠶᠠᠨ᠎ᠠ᠃ ᠴᠢᠬᠤᠯᠠ ᠴᠢᠨᠠᠷ ᠪᠦᠬᠦᠢ ᠠᠭᠤᠯᠭ᠎ᠠ ᠭᠡᠳᠡᠭ᠎ᠨᠢ ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠪᠠᠭᠲᠠᠭ᠋ᠠᠪᠠᠯ ᠵᠣᠬᠢᠬᠤ ᠠᠭᠤᠯᠭ᠎ᠠ ᠪᠠᠢ᠌ᠵᠤ᠂ ᠥᠷᠭᠡᠳᠬᠡᠬᠦ ᠴᠢᠨᠠᠷ ᠪᠦᠬᠦᠢ ᠠᠭᠤᠯᠭ᠎ᠠ ᠭᠡᠳᠡᠭ᠎ᠨᠢ ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢᠨ ᠪᠣᠳᠠᠲᠤ ᠬᠡᠷᠡᠭᠴᠡᠭᠡ ᠵᠢ ᠦᠨᠳᠦᠰᠦᠯᠡᠨ ᠰᠣᠩᠭᠣᠬᠤ ᠠᠭᠤᠯᠭ᠎ᠠ ᠪᠣᠯᠣᠨ᠎ᠠ᠃ ᠲᠥᠯᠥᠪᠵᠢᠭᠦᠯᠭᠡ ᠵᠢᠨ ᠠᠭᠤᠯᠭ᠎ᠠ᠎ᠨᠢ ᠲᠥᠯᠥᠪᠵᠢᠭᠦᠯᠭᠡ ᠵᠢᠨ ᠲᠣᠳᠣᠷᠬᠠᠢ᠌ᠯᠠᠯ ᠪᠠ ᠬᠠᠷᠠᠯᠲᠠ᠂ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ ᠪᠠ ᠬᠡᠷᠡᠭᠴᠡᠭᠡᠨ᠎ᠤ ᠬᠢᠨᠠᠯᠲᠠ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ᠂ ᠵᠠᠮ ᠬᠠᠷᠢᠯᠴᠠᠭ᠋ᠠᠨ᠎ᠤ ᠲᠥᠯᠥᠪᠵᠢᠭᠦᠯᠭᠡ᠂ ᠣᠷᠣᠨ ᠰᠠᠭᠤᠴᠠ ᠵᠢᠨ ᠪᠠᠢ᠌ᠷᠢᠯᠠᠭᠤᠯᠤᠯᠲᠠ ᠵᠢᠨ ᠲᠥᠯᠥᠪᠵᠢᠭᠦᠯᠭᠡ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠂ ᠰᠠᠭᠤᠷᠢ ᠲᠥᠬᠥᠭᠡᠷᠦᠮᠵᠢ ᠵᠢᠨ ᠲᠥᠯᠥᠪᠵᠢᠭᠦᠯᠭᠡ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠲᠥᠯᠥᠪᠵᠢᠭᠦᠯᠭᠡ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠥᠯᠥᠪᠵᠢᠭᠦᠯᠭᠡ᠂ ᠨᠣᠭᠣᠭ᠋ᠠᠨ ᠭᠠᠵᠠᠷ ᠪᠠ ᠦᠵᠡᠮᠵᠢ ᠵᠢᠨ ᠲᠥᠯᠥᠪᠵᠢᠭᠦᠯᠭᠡ᠂ ᠲᠡᠦᠬᠡ ᠰᠣᠶᠣᠯ ᠪᠠ ᠣᠨᠴᠠᠯᠢᠭᠲᠤ ᠳᠦᠷᠰᠦ ᠪᠠᠢ᠌ᠳᠠᠯ᠎ᠤᠨ ᠬᠠᠮᠠᠭ᠋ᠠᠯᠠᠯᠲᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠰᠡᠷᠭᠦᠭᠡᠨ ᠵᠠᠰᠠᠯᠲᠠ᠂ ᠬᠥᠮᠥᠨ ᠠᠷᠠᠳ᠎ᠤᠨ ᠰᠠᠭᠤᠷᠢᠰᠢᠬᠤ ᠣᠷᠴᠢᠨ ᠲᠣᠭᠣᠷᠢᠨ᠎ᠤ ᠵᠠᠰᠠᠯᠲᠠ ᠵᠡᠷᠭᠡ ᠬᠡᠳᠦᠨ ᠵᠦᠢ᠍ᠯ᠎ᠢ ᠪᠠᠭᠲᠠᠭ᠋ᠠᠨ᠎ᠠ᠃ ᠡᠭᠦᠨ᠎ᠳᠤ᠄
     a) ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠪᠠ ᠬᠣᠲᠠ ᠲᠡᠭᠦᠷᠭᠡ ᠠᠭᠤᠰᠤᠯᠴᠠᠭᠰᠠᠨ ᠲᠥᠷᠥᠯ᠎ᠤᠨ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠳᠡᠭᠡᠷᠡᠬᠢ ᠪᠦᠬᠦ ᠵᠦᠢ᠍ᠯ᠎ᠨᠢ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃
     b) ᠣᠨᠴᠠᠯᠢᠭ᠎ᠢ᠎ᠨᠢ ᠬᠠᠮᠠᠭ᠋ᠠᠯᠠᠬᠤ ᠲᠥᠷᠥᠯ᠎ᠤᠨ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠂ ᠨᠣᠭᠣᠭ᠋ᠠᠨ ᠭᠠᠵᠠᠷ ᠪᠠ ᠦᠵᠡᠮᠵᠢ ᠵᠢᠨ ᠲᠥᠯᠥᠪᠵᠢᠭᠦᠯᠭᠡ᠎ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠢ᠌ᠵᠤ᠂ ᠪᠤᠰᠤᠳ᠎ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃
     c) ᠨᠡᠭᠦᠬᠦ ᠬᠠᠰᠤᠵᠤ ᠨᠡᠢ᠌ᠯᠡᠭᠦᠯᠬᠦ ᠲᠥᠷᠥᠯ᠎ᠤᠨ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠂ ᠰᠠᠭᠤᠷᠢ ᠲᠥᠬᠥᠭᠡᠷᠦᠮᠵᠢ ᠵᠢᠨ ᠲᠥᠯᠥᠪᠵᠢᠭᠦᠯᠭᠡ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠥᠯᠥᠪᠵᠢᠭᠦᠯᠭᠡ᠂ ᠨᠣᠭᠣᠭ᠋ᠠᠨ ᠭᠠᠵᠠᠷ ᠪᠠ ᠦᠵᠡᠮᠵᠢ ᠵᠢᠨ ᠲᠥᠯᠥᠪᠵᠢᠭᠦᠯᠭᠡ ᠵᠡᠷᠭᠡ᠎ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠢ᠌ᠵᠤ᠂ ᠪᠤᠰᠤᠳ᠎ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃
     d) ᠪᠤᠰᠤᠳ ᠲᠥᠷᠥᠯ᠎ᠤᠨ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠨᠣᠭᠣᠭ᠋ᠠᠨ ᠭᠠᠵᠠᠷ ᠪᠠ ᠦᠵᠡᠮᠵᠢ ᠵᠢᠨ ᠲᠥᠯᠥᠪᠵᠢᠭᠦᠯᠭᠡ᠎ᠨᠢ ᠥᠷᠭᠡᠳᠬᠡᠬᠦ ᠴᠢᠨᠠᠷ ᠪᠦᠬᠦᠢ ᠠᠭᠤᠯᠭ᠎ᠠ ᠪᠠᠢ᠌ᠵᠤ᠂ ᠪᠤᠰᠤᠳ᠎ᠨᠢ ᠪᠦᠷ ᠴᠢᠬᠤᠯᠠ ᠴᠢᠨᠠᠷ ᠪᠦᠬᠦᠢ ᠠᠭᠤᠯᠭ᠎ᠠ ᠪᠣᠯᠣᠨ᠎ᠠ᠃
ᠬᠣᠲᠠ ᠪᠠᠯᠭ᠋ᠠᠰᠤ ᠵᠢᠨ ᠨᠡᠭᠡᠭᠡᠯᠲᠡ ᠵᠢᠨ ᠵᠠᠬ᠎ᠠ ᠬᠢᠵᠠᠭ᠋ᠠᠷ᠎ᠲᠠᠢ ᠨᠡᠢ᠌ᠯᠡᠵᠦ ᠪᠠᠢ᠌ᠭ᠎ᠠ ᠭᠠᠴᠠᠭ᠎ᠠ ᠲᠣᠰᠬᠤᠨ᠎ᠨᠢ ᠬᠣᠲᠠ ᠪᠠᠯᠭ᠋ᠠᠰᠤ ᠵᠢᠨ ᠨᠡᠭᠡᠭᠡᠯᠲᠡ ᠵᠢᠨ ᠵᠠᠬ᠎ᠠ ᠬᠢᠵᠠᠭ᠋ᠠᠷ ᠳᠣᠲᠣᠷᠠᠬᠢ ᠬᠣᠲᠠ ᠪᠠᠯᠭ᠋ᠠᠰᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠲᠠᠢ ᠬᠠᠮᠲᠤ ᠨᠠᠷᠢᠯᠢᠭ ᠲᠥᠯᠥᠪᠵᠢᠭᠦᠯᠭᠡ ᠨᠠᠢ᠌ᠷᠠᠭᠤᠯᠤᠨ ᠵᠣᠬᠢᠶᠠᠵᠤ ᠪᠣᠯᠣᠨ᠎ᠠ᠃
     
6.2   ᠲᠥᠯᠥᠪᠵᠢᠭᠦᠯᠭᠡ ᠵᠢᠨ ᠬᠠᠷᠠᠯᠲᠠ ᠪᠠ ᠣᠷᠣᠨ ᠪᠠᠢ᠌ᠷᠢ ᠵᠢ ᠲᠣᠭᠲᠠᠭ᠋ᠠᠬᠤ
      ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ ᠲᠣᠭᠲᠠᠭ᠋ᠠᠭᠰᠠᠨ ᠭᠠᠴᠠᠭ᠎ᠠ ᠲᠣᠰᠬᠤᠨ᠎ᠤ ᠲᠥᠷᠥᠯ᠎ᠢ ᠦᠨᠳᠦᠰᠦᠯᠡᠨ᠂ ᠭᠠᠴᠠᠭ᠎ᠠ ᠲᠣᠰᠬᠤᠨ᠎ᠤ ᠭᠠᠵᠠᠷ ᠵᠦᠢ ᠵᠢᠨ ᠪᠠᠢ᠌ᠷᠢᠯᠠᠯ᠂ ᠭᠠᠵᠠᠷ᠎ᠤᠨ ᠪᠠᠢ᠌ᠴᠠ ᠪᠠ ᠭᠠᠳᠠᠷᠭᠤ᠂ ᠡᠬᠢ ᠪᠠᠶᠠᠯᠢᠭ᠎ᠤᠨ ᠪᠦᠷᠢᠯᠳᠦᠴᠡ᠂ ᠲᠡᠦᠬᠡ ᠰᠣᠶᠣᠯ᠂ ᠠᠵᠤ ᠠᠬᠤᠢ ᠨᠡᠢ᠌ᠭᠡᠮ᠎ᠤᠨ ᠬᠥᠭᠵᠢᠯᠲᠡ᠂ ᠰᠠᠭᠤᠷᠢ ᠲᠥᠬᠥᠭᠡᠷᠦᠮᠵᠢ᠂ ᠤᠯᠠᠮᠵᠢᠯᠠᠯᠲᠤ ᠳᠦᠷᠰᠦ ᠪᠠᠢ᠌ᠳᠠᠯ ᠵᠡᠷᠭᠡ ᠰᠢᠯᠲᠠᠭ᠋ᠠᠨ᠎ᠢ ᠪᠣᠳᠣᠯᠬᠢᠯᠠᠭᠰᠠᠨ ᠪᠠᠢ᠌ᠳᠠᠯ ᠳᠣᠣᠷ᠎ᠠ᠂ ᠲᠥᠯᠥᠪᠵᠢᠭᠦᠯᠭᠡ ᠵᠢᠨ ᠬᠠᠷᠠᠯᠲᠠ᠎ᠪᠠᠨ ᠲᠣᠭᠲᠠᠭ᠋ᠠᠬᠤ ᠵᠢᠨ ᠳᠠᠭ᠋ᠠᠤ᠂ ᠭᠠᠴᠠᠭ᠎ᠠ ᠲᠣᠰᠬᠤᠨ᠎ᠤ ᠬᠥᠭᠵᠢᠯᠲᠡ ᠵᠢᠨ ᠣᠷᠣᠨ ᠪᠠᠢ᠌ᠷᠢ ᠵᠢ ᠪᠦᠬᠦ ᠲᠠᠯ᠎ᠠ᠎ᠪᠠᠷ ᠲᠥᠯᠥᠪᠯᠡᠨ᠎ᠡ᠃ ᠲᠥᠯᠥᠪᠵᠢᠭᠦᠯᠭᠡ ᠵᠢᠨ ᠬᠠᠷᠠᠯᠲᠠ᠎ᠨᠢ ᠪᠣᠳᠠᠲᠤ ᠲᠣᠭ᠎ᠠ ᠨᠤᠷᠮ᠎ᠠ᠎ᠪᠠᠷ ᠬᠡᠮᠵᠢᠶᠡᠵᠢᠭᠦᠯᠦᠭᠰᠡᠨ ᠪᠠᠢ᠌ᠪᠠᠯ ᠵᠣᠬᠢᠨ᠎ᠠ᠃ ᠭᠣᠣᠯᠳᠠᠭᠤ ᠲᠠᠷᠢᠶᠠᠨ ᠭᠠᠵᠠᠷ᠎ᠤᠨ ᠪᠠᠢ᠌ᠬᠤ ᠬᠡᠮᠵᠢᠶ᠎ᠡ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠢ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠲᠠᠯᠠᠪᠠᠢ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠮᠵᠢᠶ᠎ᠡ᠂ ᠣᠯᠠᠨ ᠨᠡᠢ᠌ᠲᠡ ᠵᠢᠨ ᠬᠠᠮᠢᠶᠠᠷᠤᠯᠲᠠ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ᠎ᠤᠨ ᠬᠡᠮᠵᠢᠶ᠎ᠡ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠂ ᠡᠷᠦᠬᠡ᠎ᠳᠤ ᠲᠡᠭᠰᠢᠳᠬᠡᠭᠰᠡᠨ ᠣᠷᠣᠨ ᠰᠠᠭᠤᠴᠠ ᠵᠢᠨ ᠭᠠᠵᠠᠷ᠎ᠤᠨ ᠬᠡᠮᠵᠢᠶ᠎ᠡ᠂ ᠬᠥᠮᠥᠨ ᠪᠦᠷᠢ᠎ᠳᠤ ᠲᠡᠭᠰᠢᠳᠬᠡᠭᠰᠡᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠮᠵᠢᠶ᠎ᠡ ᠵᠡᠷᠭᠡ ᠵᠢ ᠪᠠᠭᠲᠠᠭ᠋ᠠᠨ᠎ᠠ᠃


6.3   ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ ᠪᠠ ᠬᠡᠷᠡᠭᠴᠡᠭᠡᠨ᠎ᠤ ᠵᠠᠬᠢᠷᠤᠨ ᠬᠠᠮᠢᠶᠠᠷᠤᠯᠲᠠ
6.3.1 ᠡᠩ᠎ᠤᠨ ᠲᠣᠭᠲᠠᠭ᠋ᠠᠯ
      ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠣᠯᠪᠣᠭᠳᠠᠬᠤ ᠲᠣᠬᠢᠷᠠᠭᠤᠯᠤᠯᠲᠠ᠎ᠨᠢ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠪᠠᠷᠢᠮᠲᠠᠯᠠᠵᠤ᠂ ᠲᠣᠬᠢᠷᠠᠭᠤᠯᠤᠭᠰᠠᠨ ᠦᠷ᠎ᠡ ᠳ᠋ᠦᠩ ᠵᠶ᠋ᠡᠨ ᠬᠠᠤᠯᠢ ᠶᠣᠰᠣᠭ᠋ᠠᠷ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠨᠠᠢ᠌ᠳᠠᠪᠤᠷᠢᠵᠢᠭᠤᠯᠤᠭᠰᠠᠨ ᠪᠠᠢ᠌ᠬᠤ ᠬᠡᠷᠡᠭᠲᠡᠢ᠃ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠎ᠨᠢ ᠬᠡᠲᠦᠷᠡᠬᠦ ᠦᠭᠡᠢ ᠪᠥᠭᠡᠳ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠬᠦ ᠦᠭᠡᠢ ᠤᠷᠢᠳᠠᠯ ᠳᠣᠣᠷ᠎ᠠ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶᠡᠨ᠎ᠤ ᠵᠣᠬᠢᠬᠤ ᠬᠠᠷᠢᠴᠠᠯ ᠪᠦᠬᠦᠢ ᠭᠠᠵᠠᠷ᠎ᠢ ᠤᠷᠢᠳᠴᠢᠯᠠᠨ ᠦᠯᠡᠳᠡᠭᠡᠵᠦ᠂ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠪᠠᠢ᠌ᠳᠠᠯ᠎ᠤᠨ ᠬᠥᠭᠵᠢᠯᠲᠡ᠎ᠳᠤ ᠬᠡᠷᠡᠭᠯᠡᠨ᠎ᠡ᠃ ᠡᠢ᠌ᠮᠦᠷᠬᠦ 《ᠬᠣᠭᠣᠰᠤᠨ》 ᠣᠷᠣᠨ ᠵᠠᠢ ᠦᠯᠡᠳᠡᠭᠡᠬᠦ᠎ᠪᠠᠷ ᠳᠠᠮᠵᠢᠵᠤ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠢ᠎ᠪᠠᠷ ᠤᠳᠤᠷᠢᠳᠤᠨ ᠳᠠᠭ᠋ᠠᠭᠤᠯᠵᠤ᠂ ᠬᠠᠷᠢᠴᠠᠩᠭᠤᠢ ᠡᠷᠴᠢᠮᠯᠢᠭ ᠥᠨᠳᠥᠷ ᠦᠷ᠎ᠡ ᠠᠰᠢᠭ ᠪᠦᠬᠦᠢ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠷᠢᠯᠠᠭᠤᠯᠤᠯᠲᠠ ᠵᠢ ᠪᠣᠢ ᠪᠣᠯᠭ᠋ᠠᠨ᠎ᠠ᠃


6.3.2   ᠪᠦᠲᠦᠭᠡᠨ ᠪᠠᠢ᠌ᠭᠤᠯᠤᠯᠲᠠ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ
6.3.2.1 ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠪᠦᠬᠦ ᠲᠠᠯ᠎ᠠ᠎ᠪᠠᠷ ᠲᠣᠬᠢᠷᠠᠭᠤᠯᠬᠤ
      ᠮᠠᠯᠴᠢᠨ ᠲᠠᠷᠢᠶᠠᠴᠢᠳ᠎ᠤᠨ ᠬᠦᠰᠡᠯ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠲᠥᠰᠥᠪᠯᠡᠯ ᠵᠶ᠋ᠡᠨ ᠳᠤᠷᠠᠳᠤᠨ ᠭᠠᠷᠭ᠋ᠠᠨ᠎ᠠ᠃ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ ᠵᠢ ᠲᠥᠯᠥᠪᠵᠢᠭᠦᠯᠬᠦ᠎ᠳᠤ ᠶᠡᠷᠦᠳᠡᠭᠡᠨ ᠲᠥᠯᠥᠪᠵᠢᠭᠦᠯᠭᠡ ᠵᠢᠨ ᠰᠠᠭᠤᠷᠢ ᠬᠤᠭᠤᠴᠠᠭ᠋ᠠᠨ᠎ᠤ ᠬᠡᠮᠵᠢᠶ᠎ᠡ᠎ᠠᠴᠠ ᠬᠡᠲᠦᠷᠡᠬᠦ ᠦᠭᠡᠢ ᠪᠠᠢ᠌ᠪᠠᠯ ᠵᠣᠬᠢᠨ᠎ᠠ᠃ ᠡᠯ᠎ᠡ ᠲᠥᠷᠥᠯ᠎ᠤᠨ ᠲᠠᠷᠢᠶᠠᠯᠠᠩ᠎ᠤᠨ ᠪᠤᠰᠤ ᠪᠦᠲᠦᠭᠡᠨ ᠪᠠᠢ᠌ᠭᠤᠯᠤᠯᠲᠠ ᠵᠢᠨ ᠬᠡᠷᠡᠭᠯᠡᠬᠦ ᠭᠠᠵᠠᠷ᠎ᠨᠢ ᠦᠨᠡᠨᠬᠦ ᠰᠢᠨ᠎ᠡ᠎ᠪᠠᠷ ᠨᠡᠮᠡᠭᠳᠡᠬᠦ ᠱᠠᠭ᠋ᠠᠷᠳᠠᠯᠭ᠎ᠠ᠎ᠲᠠᠢ ᠪᠣᠯ᠂ ᠤᠷᠢᠳᠠᠪᠠᠷ ᠨᠥᠭᠡᠴᠡ ᠭᠠᠵᠠᠷ᠎ᠠᠴᠠ ᠬᠡᠷᠡᠭᠯᠡᠬᠦ ᠪᠥᠭᠡᠳ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠠᠭᠤᠴᠢᠨ᠎ᠢ᠎ᠨᠢ ᠨᠤᠷᠠᠭ᠋ᠠᠬᠤ ᠪᠠ ᠰᠢᠨ᠎ᠡ᠎ᠪᠠᠷ ᠪᠠᠢ᠌ᠭᠤᠯᠬᠤ ᠵᠢ ᠤᠶᠠᠯᠳᠤᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠪᠠᠯ ᠵᠣᠬᠢᠨ᠎ᠠ᠃


6.3.2.2   ᠭᠣᠣᠯ ᠪᠣᠯᠬᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠡᠵᠡᠯᠡᠬᠦ ᠬᠠᠷᠢᠴᠠᠯ
      ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠳᠤ ᠭᠣᠣᠯ ᠪᠣᠯᠬᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠎ᠳᠠᠬᠢ ᠬᠠᠷᠢᠴᠠᠯ᠎ᠨᠢ ᠡᠵᠡᠯᠡᠬᠦ ᠬᠠᠷᠢᠴᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠪᠠᠯ ᠵᠣᠬᠢᠨ᠎ᠠ᠃ ᠡᠭᠦᠨ᠎ᠳᠤ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠎ᠳᠠᠬᠢ ᠡᠵᠡᠯᠡᠬᠦ ᠬᠠᠷᠢᠴᠠᠯ᠎ᠨᠢ 50~80 %᠂ ᠣᠯᠠᠨ ᠨᠡᠢ᠌ᠲᠡ ᠵᠢᠨ ᠬᠠᠮᠢᠶᠠᠷᠤᠯᠲᠠ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ᠎ᠤᠨ ᠡᠵᠡᠯᠡᠬᠦ ᠬᠠᠷᠢᠴᠠᠯ᠎ᠨᠢ 5~20 %᠂ ᠵᠠᠮ ᠲᠡᠭᠡᠭᠡᠪᠦᠷᠢ᠎ᠳᠤ ᠬᠡᠷᠡᠭᠯᠡᠬᠦ ᠭᠠᠵᠠᠷ᠎ᠤᠨ ᠡᠵᠡᠯᠡᠬᠦ ᠬᠠᠷᠢᠴᠠᠯ᠎ᠨᠢ 5~15 %᠂ ᠨᠣᠭᠣᠭ᠋ᠠᠨ ᠭᠠᠵᠠᠷ ᠪᠠ ᠨᠡᠭᠡᠭᠡᠯᠲᠡ᠎ᠲᠠᠢ ᠣᠷᠣᠨ ᠵᠠᠢ᠎ᠳᠤ ᠬᠡᠷᠡᠭᠯᠡᠬᠦ ᠭᠠᠵᠠᠷ᠎ᠤᠨ ᠡᠵᠡᠯᠡᠬᠦ ᠬᠠᠷᠢᠴᠠᠯ᠎ᠨᠢ 2~6 % ᠪᠣᠯᠣᠨ᠎ᠠ᠃

6.3.3   ᠮᠠᠯ ᠲᠠᠷᠢᠶᠠᠯᠠᠩ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ
      ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠬᠦ ᠲᠠᠯ᠎ᠠ᠎ᠪᠠᠷ ᠲᠣᠬᠢᠷᠠᠭᠤᠯᠤᠨ᠂ ᠭᠠᠴᠠᠭ᠎ᠠ ᠲᠣᠰᠬᠤᠨ᠎ᠤ ᠮᠠᠯ ᠲᠠᠷᠢᠶᠠᠯᠠᠩ᠎ᠤᠨ ᠬᠥᠭᠵᠢᠯᠲᠡ ᠵᠢᠨ ᠬᠡᠰᠡᠭ ᠭᠠᠵᠠᠷ᠎ᠢ ᠰᠢᠨᠵᠢᠯᠡᠬᠦ ᠤᠬᠠᠭ᠋ᠠᠨᠴᠢ᠎ᠪᠠᠷ ᠵᠢᠷᠤᠵᠤ ᠵᠠᠭ᠋ᠠᠭᠯᠠᠬᠤ ᠬᠡᠷᠡᠭᠲᠡᠢ᠃ ᠳᠡᠭᠡᠳᠦ ᠪᠠᠢ᠌ᠷᠢ ᠵᠢᠨ ᠲᠥᠯᠥᠪᠵᠢᠭᠦᠯᠭᠡ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠵᠢᠷᠤᠵᠤ ᠵᠠᠭ᠋ᠠᠭᠯᠠᠬᠤ ᠠᠵᠢᠯ᠎ᠳᠤ ᠲᠣᠭᠲᠠᠭ᠋ᠠᠭᠰᠠᠨ ᠲᠠᠷᠢᠶᠠᠨ ᠭᠠᠵᠠᠷ᠎ᠤᠨ ᠪᠠᠢ᠌ᠬᠤ ᠬᠡᠮᠵᠢᠶ᠎ᠡ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡᠯᠡᠬᠦ ᠡᠭᠦᠷᠭᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠪᠣᠳᠠᠲᠠᠢ ᠭᠠᠵᠠᠷ᠂ ᠲᠠᠯᠠᠪᠠᠢ᠂ ᠴᠢᠨᠠᠷ ᠴᠢᠨᠰᠠᠭ᠎ᠠ ᠵᠢ ᠲᠣᠳᠣᠷᠬᠠᠢ᠌ᠯᠠᠨ᠂ ᠳᠡᠭᠡᠳᠦ ᠪᠠᠢ᠌ᠷᠢ ᠵᠢᠨ ᠲᠥᠯᠥᠪᠵᠢᠭᠦᠯᠭᠡ᠎ᠳᠤ ᠲᠣᠭᠲᠠᠭ᠋ᠠᠭᠰᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ ᠭᠠᠵᠠᠷ᠎ᠢ ᠥᠭᠡᠷᠡᠴᠢᠯᠡᠵᠦ ᠬᠤᠪᠢᠷᠠᠭᠤᠯᠬᠤ ᠪᠤᠶᠤ ᠡᠵᠡᠯᠡᠵᠦ ᠪᠣᠯᠬᠤ ᠦᠭᠡᠢ᠃ ᠬᠠᠰᠢᠶ᠎ᠠ ᠴᠡᠴᠡᠷᠯᠢᠭ᠂ ᠮᠣᠳᠣ᠎ᠲᠠᠢ ᠭᠠᠵᠠᠷ᠂ ᠡᠪᠡᠰᠦ ᠪᠡᠯᠴᠢᠭᠡᠷ᠂ ᠲᠥᠬᠥᠭᠡᠷᠦᠮᠵᠢ ᠵᠢᠨ ᠲᠠᠷᠢᠶᠠᠯᠠᠩ᠎ᠳᠤ ᠬᠡᠷᠡᠭᠯᠡᠬᠦ ᠭᠠᠵᠠᠷ ᠵᠡᠷᠭᠡ ᠪᠤᠰᠤᠳ ᠮᠠᠯ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠪᠠᠢ᠌ᠷᠢᠯᠠᠭᠤᠯᠤᠯᠲᠠ ᠪᠠ ᠬᠡᠪᠴᠢᠶ᠎ᠡ ᠵᠢ ᠵᠦᠢ ᠵᠣᠬᠢᠰᠲᠠᠢ᠎ᠪᠠᠷ ᠲᠣᠬᠢᠷᠠᠭᠤᠯᠬᠤ ᠬᠡᠷᠡᠭᠲᠡᠢ᠃


6.3.4   ᠠᠮᠢ ᠠᠬᠤᠢ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ
      ᠭᠠᠴᠠᠭ᠎ᠠ ᠲᠣᠰᠬᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠲᠠᠢ ᠤᠶᠠᠯᠳᠤᠭᠤᠯᠵᠤ᠂ ᠭᠠᠴᠠᠭ᠎ᠠ ᠲᠣᠰᠬᠤᠨ᠎ᠤ ᠠᠮᠢ ᠠᠬᠤᠢ ᠵᠢᠨ ᠣᠷᠣᠨ ᠵᠠᠢ ᠵᠢ ᠵᠦᠢ ᠵᠣᠬᠢᠰᠲᠠᠢ᠎ᠪᠠᠷ ᠲᠣᠬᠢᠷᠠᠭᠤᠯᠬᠤ ᠬᠡᠷᠡᠭᠲᠡᠢ᠃ ᠤᠯᠤᠰ᠎ᠠᠴᠠ ᠲᠣᠭᠲᠠᠭ᠋ᠠᠭᠰᠠᠨ ᠠᠮᠢ ᠠᠬᠤᠢ ᠵᠢᠨ ᠪᠦᠲᠦᠭᠡᠭᠳᠡᠬᠦᠨ ᠪᠤᠶᠤ ᠠᠮᠢ ᠠᠬᠤᠢ ᠵᠢᠨ ᠦᠢ᠍ᠯᠡᠴᠢᠯᠡᠭᠡᠨ ᠬᠠᠩᠭ᠋ᠠᠬᠤ᠎ᠪᠠᠷ ᠭᠣᠣᠯ ᠴᠢᠳᠠᠪᠬᠢ᠎ᠪᠠᠨ ᠪᠣᠯᠭ᠋ᠠᠭᠰᠠᠨ ᠬᠡᠷᠡᠭᠯᠡᠬᠦ ᠭᠠᠵᠠᠷ᠎ᠤᠨ ᠲᠥᠷᠥᠯ᠎ᠢ ᠠᠮᠢ ᠠᠬᠤᠢ ᠵᠢᠨ ᠣᠷᠣᠨ ᠵᠠᠢ᠎ᠳᠤ ᠣᠷᠣᠭᠤᠯᠪᠠᠯ ᠵᠣᠬᠢᠨ᠎ᠠ᠃ ᠪᠤᠰᠤᠳ ᠠᠮᠢ ᠠᠬᠤᠢ ᠵᠢᠨ ᠴᠢᠳᠠᠪᠬᠢ ᠪᠦᠬᠦᠢ ᠮᠠᠯᠴᠢᠨ ᠲᠠᠷᠢᠶᠠᠴᠢᠳ᠎ᠤᠨ ᠬᠠᠮᠠᠭ᠋ᠠᠯᠠᠬᠤ ᠬᠦᠰᠡᠯ ᠱᠠᠭ᠋ᠠᠷᠳᠠᠯᠭ᠎ᠠ᠎ᠲᠠᠢ ᠭᠠᠵᠠᠷ᠎ᠤᠨ ᠲᠥᠷᠥᠯ᠎ᠢ ᠪᠠᠰᠠ ᠠᠮᠢ ᠠᠬᠤᠢ ᠵᠢᠨ ᠣᠷᠣᠨ ᠵᠠᠢ᠎ᠳᠤ ᠪᠠᠭᠲᠠᠭ᠋ᠠᠨ ᠣᠷᠣᠭᠤᠯᠵᠤ ᠪᠣᠯᠣᠨ᠎ᠠ᠃ ᠠᠮᠢ ᠠᠬᠤᠢ ᠵᠢᠨ ᠣᠷᠣᠨ ᠵᠠᠢ᠎ᠳᠤ ᠴᠢᠬᠤᠯᠠ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠤᠰᠤ ᠬᠥᠷᠥᠰᠥ ᠵᠢ ᠬᠠᠮᠠᠭ᠋ᠠᠯᠠᠬᠤ᠂ ᠰᠠᠯᠬᠢ ᠵᠢ ᠰᠡᠷᠭᠡᠢ᠌ᠯᠡᠵᠦ ᠡᠯᠡᠰᠦ ᠵᠢ ᠲᠣᠭᠲᠠᠪᠤᠷᠢᠵᠢᠭᠤᠯᠬᠤ ᠵᠡᠷᠭᠡ ᠴᠢᠳᠠᠪᠬᠢ ᠪᠦᠬᠦᠢ ᠣᠷᠣᠨ ᠭᠠᠵᠠᠷ ᠬᠢᠭᠡᠳ ᠬᠥᠷᠥᠰᠥ ᠰᠢᠷᠣᠢ ᠵᠢᠨ ᠢᠳᠡᠭᠳᠡᠯ᠂ ᠡᠯᠡᠰᠦᠷᠬᠡᠭᠵᠢᠯ᠂ ᠳᠠᠪᠤᠰᠤᠵᠢᠬᠤ ᠪᠤᠶᠤ ᠬᠤᠵᠢᠷᠰᠢᠯ ᠪᠦᠬᠦᠢ ᠠᠮᠢ ᠠᠬᠤᠢ ᠵᠢᠨ ᠣᠷᠴᠢᠨ ᠲᠣᠭᠣᠷᠢᠨ᠎ᠤ ᠡᠮᠵᠡᠭ ᠰᠤᠯᠠ ᠪᠣᠯᠣᠭᠰᠠᠨ ᠣᠷᠣᠨ ᠭᠠᠵᠠᠷ᠎ᠤᠳ᠎ᠤᠨ ᠬᠡᠷᠡᠭᠯᠡᠬᠦ ᠠᠷᠭ᠎ᠠ ᠬᠡᠯᠪᠡᠷᠢ ᠵᠢ ᠳᠤᠷ᠎ᠠ ᠵᠣᠷᠢᠭ ᠵᠶ᠋ᠠᠷ ᠥᠭᠡᠷᠡᠴᠢᠯᠡᠨ ᠬᠤᠪᠢᠷᠠᠭᠤᠯᠵᠤ ᠪᠣᠯᠬᠤ ᠦᠭᠡᠢ᠃ ᠪᠤᠰᠤᠳ ᠣᠷᠣᠨ ᠭᠠᠵᠠᠷ᠎ᠤᠨ ᠨᠡᠭᠡᠭᠡᠨ ᠠᠰᠢᠭᠯᠠᠬᠤ ᠵᠢ ᠬᠢᠵᠠᠭ᠋ᠠᠷᠯᠠᠪᠠᠯ ᠵᠣᠬᠢᠨ᠎ᠠ᠃ ᠭᠠᠴᠠᠭ᠎ᠠ ᠲᠣᠰᠬᠤᠨ᠎ᠤ ᠨᠠᠮᠤᠭ ᠭᠠᠵᠠᠷ᠂ ᠤᠰᠠᠳᠬᠤ ᠰᠢᠬᠠᠭᠰᠠᠨ ᠬᠣᠪᠣᠷ ᠴᠤᠬᠠᠭ ᠠᠮᠢᠲᠠᠨ ᠤᠷᠭᠤᠮᠠᠯ ᠪᠠ ᠡᠷᠲᠡᠨ᠎ᠤ ᠮᠣᠳᠣ ᠵᠢ ᠬᠡᠷᠬᠢᠨ ᠬᠠᠮᠠᠭ᠋ᠠᠯᠠᠬᠤ ᠲᠤᠬᠠᠢ ᠱᠠᠭ᠋ᠠᠷᠳᠠᠯᠭ᠎ᠠ ᠲᠣᠭᠲᠠᠭ᠋ᠠᠯ᠎ᠢ ᠳᠤᠷᠠᠳᠤᠨ ᠭᠠᠷᠭ᠋ᠠᠨ᠎ᠠ᠃


6.4   ᠵᠠᠮ ᠬᠠᠷᠢᠯᠴᠠᠭ᠋ᠠᠨ᠎ᠤ ᠲᠥᠯᠥᠪᠵᠢᠭᠦᠯᠭᠡ
6.4.1   ᠭᠠᠳᠠᠭᠰᠢ ᠨᠡᠪᠲᠡᠷᠡᠬᠦ ᠵᠠᠮ ᠬᠠᠷᠢᠯᠴᠠᠭ᠋ᠠᠨ᠎ᠤ ᠲᠥᠯᠥᠪᠵᠢᠭᠦᠯᠭᠡ
      ᠪᠣᠳᠠᠲᠤ ᠬᠡᠷᠡᠭᠴᠡᠭᠡ᠎ᠪᠠᠨ ᠦᠨᠳᠦᠰᠦᠯᠡᠨ ᠥᠩᠭᠡᠷᠡᠵᠦ ᠪᠠᠢ᠌ᠭ᠎ᠠ ᠵᠠᠰᠠᠮᠠᠯ ᠵᠠᠮ᠂ ᠲᠡᠮᠦᠷ ᠵᠠᠮ ᠵᠡᠷᠭᠡ᠎ᠲᠠᠢ ᠬᠣᠯᠪᠣᠯᠳᠤᠵᠤ ᠪᠠᠢ᠌ᠭ᠎ᠠ ᠵᠠᠮ ᠬᠢᠭᠡᠳ ᠭᠠᠴᠠᠭ᠎ᠠ ᠲᠣᠰᠬᠤᠨ᠎ᠤ ᠲᠥᠪᠯᠡᠷᠡᠨ ᠰᠠᠭᠤᠷᠢᠰᠢᠭ᠎ᠠ ᠴᠡᠭ᠎ᠤᠳ᠎ᠤᠨ ᠬᠣᠭᠣᠷᠣᠨᠳᠤᠬᠢ ᠵᠠᠮ᠎ᠤᠳ᠎ᠢ ᠵᠢᠭ᠋ᠠᠨ ᠲᠣᠭᠲᠠᠭ᠋ᠠᠵᠤ᠂ ᠡᠯ᠎ᠡ ᠲᠥᠷᠥᠯ᠎ᠤᠨ ᠵᠠᠮ ᠬᠠᠷᠢᠯᠴᠠᠭ᠋ᠠᠨ᠎ᠤ ᠳᠡᠰ᠂ ᠴᠢᠭᠯᠡᠯ ᠪᠠ ᠬᠡᠷᠡᠭᠯᠡᠬᠦ ᠭᠠᠵᠠᠷ᠎ᠢ ᠲᠣᠳᠣᠷᠬᠠᠢ ᠲᠣᠬᠢᠷᠠᠭᠤᠯᠤᠨ᠎ᠠ᠃


6.4.2   ᠳᠣᠲᠣᠭ᠋ᠠᠳᠤ ᠵᠢᠨ ᠵᠠᠮ ᠬᠠᠷᠢᠯᠴᠠᠭ᠋ᠠᠨ᠎ᠤ ᠲᠥᠯᠥᠪᠵᠢᠭᠦᠯᠭᠡ
      ᠳᠣᠲᠣᠭ᠋ᠠᠳᠤ ᠵᠢᠨ ᠵᠠᠮ ᠬᠠᠷᠢᠯᠴᠠᠭ᠎ᠠ ᠭᠡᠳᠡᠭ᠎ᠨᠢ ᠭᠠᠴᠠᠭ᠎ᠠ ᠲᠣᠰᠬᠤᠨ᠎ᠤ ᠳᠣᠲᠣᠭ᠋ᠠᠳᠤ᠎ᠳᠤ ᠨᠡᠪᠲᠡᠷᠡᠵᠦ ᠪᠠᠢ᠌ᠭ᠎ᠠ ᠵᠠᠮ᠎ᠢ  ᠵᠢᠭ᠋ᠠᠵᠤ ᠪᠠᠢ᠌ᠨ᠎ᠠ᠃ ᠵᠠᠮ ᠬᠠᠷᠢᠯᠴᠠᠭ᠋ᠠᠨ᠎ᠤ ᠣᠳᠣᠬᠢ ᠪᠠᠢ᠌ᠳᠠᠯ ᠪᠠ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠦᠨᠳᠦᠰᠦᠯᠡᠨ᠂ ᠵᠠᠮ᠎ᠤᠨ ᠲᠥᠬᠥᠭᠡᠷᠦᠮᠵᠢ ᠵᠢ ᠵᠠᠰᠠᠨ ᠪᠠᠢ᠌ᠭᠤᠯᠬᠤ ᠪᠠ ᠥᠭᠡᠷᠡᠴᠢᠯᠡᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠭᠠᠴᠠᠭ᠎ᠠ ᠲᠣᠰᠬᠤᠨ ᠪᠣᠯᠭ᠋ᠠᠨ᠎ᠳᠤ ᠨᠡᠪᠲᠡᠷᠡᠬᠦ ᠵᠢ ᠪᠡᠶᠡᠯᠡᠭᠦᠯᠦᠨ᠎ᠡ᠃ ᠰᠢᠨ᠎ᠡ᠎ᠪᠠᠷ ᠵᠠᠰᠠᠭᠰᠠᠨ ᠵᠠᠮ᠎ᠤᠨ ᠪᠠᠢ᠌ᠷᠢᠯᠠᠭᠤᠯᠤᠯᠲᠠ ᠪᠠ ᠬᠡᠷᠡᠭᠯᠡᠬᠦ ᠭᠠᠵᠠᠷ᠎ᠤᠨ ᠲᠣᠬᠢᠷᠠᠭᠤᠯᠤᠯᠲᠠ ᠵᠢ ᠲᠣᠳᠣᠷᠬᠠᠢ ᠪᠠᠢ᠌ᠯᠭ᠋ᠠᠪᠠᠯ ᠵᠣᠬᠢᠨ᠎ᠠ᠃ ᠵᠠᠮ᠎ᠤᠨ ᠥᠷᠭᠡᠨ᠎ᠤ ᠬᠡᠮᠵᠢᠶ᠎ᠡ ᠵᠢ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠨᠡᠪᠲᠡᠷᠡᠬᠦ᠎ᠳᠤ ᠳᠥᠭᠥᠮ ᠲᠣᠬᠢᠷᠠᠮᠵᠢᠲᠠᠢ ᠬᠡᠷᠡᠭᠯᠡᠬᠦ ᠵᠠᠷᠴᠢᠮ ᠵᠶ᠋ᠠᠷ ᠲᠥᠯᠥᠪᠯᠡᠵᠦ᠂ ᠭᠠᠴᠠᠭ᠎ᠠ ᠲᠣᠰᠬᠤᠨ᠎ᠤ ᠪᠠᠢ᠌ᠳᠠᠯ᠎ᠢ ᠦᠨᠳᠦᠰᠦᠯᠡᠨ᠂ ᠬᠡᠲᠦᠷᠬᠡᠢ ᠥᠷᠭᠡᠨ ᠪᠤᠶᠤ ᠬᠡᠲᠦᠷᠬᠡᠢ ᠨᠠᠷᠢᠨ ᠪᠠᠢ᠌ᠯᠭ᠋ᠠᠬᠤ ᠦᠭᠡᠢ᠃ ᠲᠡᠷᠭᠡᠨ ᠵᠣᠭᠰᠣᠭ᠋ᠠᠯ᠎ᠤᠨ ᠬᠡᠷᠡᠭᠯᠡᠬᠦ ᠭᠠᠵᠠᠷ᠂ ᠭᠠᠴᠠᠭ᠎ᠠ ᠲᠣᠰᠬᠤᠨ᠎ᠤ ᠳᠣᠲᠣᠷ᠎ᠠ ᠪᠠᠢ᠌ᠭ᠎ᠠ ᠬᠣᠯᠠ ᠵᠠᠮ᠎ᠤᠨ ᠮᠠᠰᠢᠨ ᠲᠡᠷᠭᠡᠨ᠎ᠤ ᠥᠷᠲᠡᠭᠡ᠂ ᠨᠡᠢ᠌ᠲᠡ ᠵᠢᠨ ᠮᠠᠰᠢᠨ ᠲᠡᠷᠭᠡᠨ᠎ᠤ ᠥᠷᠲᠡᠭᠡᠨ᠎ᠤ ᠪᠠᠢ᠌ᠷᠢ ᠵᠢ ᠵᠦᠢ ᠵᠣᠬᠢᠰᠲᠠᠢ᠎ᠪᠠᠷ ᠰᠣᠩᠭᠣᠨ ᠲᠣᠬᠢᠷᠠᠭᠤᠯᠬᠤ ᠬᠡᠷᠡᠭᠲᠡᠢ᠃


6.5   ᠣᠷᠣᠨ ᠰᠠᠭᠤᠴᠠ ᠵᠢᠨ ᠪᠠᠢ᠌ᠷᠢᠯᠠᠭᠤᠯᠤᠯᠲᠠ ᠵᠢᠨ ᠲᠥᠯᠥᠪᠵᠢᠭᠦᠯᠭᠡ
      ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠬᠦ᠎ᠳᠤ ᠡᠷᠬᠡᠪᠰᠢ 《ᠨᠢᠭᠡ ᠡᠷᠦᠬᠡ ᠨᠢᠭᠡ ᠰᠠᠭᠤᠴᠠ》 ᠵᠢᠨ ᠲᠥᠷᠥ ᠵᠢᠨ ᠪᠣᠳᠣᠯᠭ᠎ᠠ ᠵᠢ ᠴᠢᠩᠭ᠎ᠠ᠎ᠪᠠᠷ ᠬᠡᠷᠡᠭᠵᠢᠭᠦᠯᠵᠦ᠂ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠵᠦᠢ ᠵᠣᠬᠢᠰᠲᠠᠢ᠎ᠪᠠᠷ ᠲᠣᠭᠲᠠᠭ᠋ᠠᠬᠤ ᠬᠡᠷᠡᠭᠲᠡᠢ᠃ ᠲᠤᠬᠠᠢ ᠵᠢᠨ ᠭᠠᠵᠠᠷ᠎ᠤᠨ ᠪᠠᠷᠢᠯᠭ᠎ᠠ ᠵᠢᠨ ᠰᠣᠶᠣᠯ᠎ᠤᠨ ᠣᠨᠴᠠᠯᠢᠭ ᠪᠠ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠵᠠᠩᠰᠢᠯ᠎ᠢ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠵᠢᠨ ᠬᠡᠪ ᠨᠠᠮᠪᠠ᠂ ᠥᠩᠭᠡ ᠪᠣᠳᠣᠭ᠎ᠲᠤ ᠪᠦᠲᠦᠭᠡᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠯᠭ᠎ᠠ ᠥᠭᠴᠦ᠂ ᠪᠣᠬᠢᠷᠲᠤᠯ ᠦᠭᠡᠢ᠂ ᠡᠨᠧᠷᠭᠢ᠎ᠳᠤ ᠠᠷᠪᠢᠲᠠᠢ᠂ ᠲᠣᠬᠢᠷᠠᠮᠵᠢᠲᠠᠢ᠂ ᠠᠰᠢᠭᠯᠠᠮᠵᠢ ᠰᠠᠢ᠌ᠲᠠᠢ᠂ ᠦᠵᠡᠮᠦᠷᠢᠲᠡᠢ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠲᠥᠯᠥᠪᠯᠡᠭᠡᠨ᠎ᠤ ᠬᠡᠯᠪᠡᠷᠢ ᠶᠣᠰᠣᠭ᠋ᠠᠷ ᠭᠠᠴᠠᠭ᠎ᠠ ᠲᠣᠰᠬᠤᠨ᠎ᠤ ᠣᠷᠣᠨ ᠰᠠᠭᠤᠴᠠ ᠪᠠ ᠬᠦᠷᠢᠶ᠎ᠡ ᠬᠠᠰᠢᠶᠠᠨ᠎ᠤ ᠲᠥᠯᠥᠪᠯᠡᠭᠡᠨ᠎ᠤ ᠯᠠᠪᠯᠠᠯᠲᠠ ᠵᠢᠨ ᠴᠢᠨᠠᠷᠲᠠᠢ ᠲᠥᠰᠥᠯ᠎ᠢ ᠳᠤᠷᠠᠳᠤᠨ ᠭᠠᠷᠭ᠋ᠠᠨ᠎ᠠ᠃ ᠠᠯᠳᠠᠷᠲᠤ ᠦᠵᠡᠮᠵᠢ ᠵᠢᠨ ᠣᠷᠣᠨ᠂ ᠲᠡᠦᠬᠡ ᠰᠣᠶᠣᠯ᠎ᠤᠨ ᠨᠡᠷᠡᠲᠦ ᠲᠣᠰᠬᠤᠨ᠂ ᠤᠯᠠᠮᠵᠢᠯᠠᠯᠲᠤ ᠠᠢ᠌ᠯ ᠲᠣᠰᠬᠤᠨ ᠵᠡᠷᠭᠡ ᠬᠠᠮᠠᠭ᠋ᠠᠯᠠᠬᠤ ᠬᠡᠪᠴᠢᠶᠡᠨ᠎ᠳᠤ ᠪᠠᠢ᠌ᠭ᠎ᠠ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠪᠠ ᠭᠡᠷ ᠪᠠᠢ᠌ᠰᠢᠩ᠎ᠤᠨ ᠲᠥᠯᠥᠪᠯᠡᠭᠡ᠎ᠨᠢ GB/T 50298 ᠵᠢᠨ ᠲᠣᠭᠲᠠᠭ᠋ᠠᠯ᠎ᠳᠤ ᠨᠡᠢ᠌ᠴᠡᠪᠡᠯ ᠵᠣᠬᠢᠬᠤ ᠪᠥᠭᠡᠳ ᠣᠷᠣᠨ ᠰᠠᠭᠤᠴᠠ ᠵᠢᠨ ᠲᠠᠯᠠᠪᠠᠢ ᠵᠢᠨ ᠬᠢᠵᠠᠭ᠋ᠠᠷᠯᠠᠯᠲᠠ᠎ᠨᠢ ᠲᠤᠬᠠᠢ ᠵᠢᠨ ᠭᠠᠵᠠᠷ᠎ᠤᠨ ᠲᠣᠭᠲᠠᠭ᠋ᠠᠯ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠪᠠᠯ ᠵᠣᠬᠢᠨ᠎ᠠ᠃


6.6   ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ
      ᠭᠠᠴᠠᠭ᠎ᠠ ᠲᠣᠰᠬᠤᠨ᠎ᠤ ᠪᠠᠢ᠌ᠭ᠋ᠠᠯᠢ ᠵᠢᠨ ᠠᠮᠢ ᠠᠬᠤᠢ ᠵᠢᠨ ᠣᠷᠴᠢᠨ ᠲᠣᠭᠣᠷᠢᠨ᠂ ᠣᠨᠴᠠᠯᠢᠭᠲᠤ ᠡᠬᠢ ᠪᠠᠶᠠᠯᠢᠭ᠎ᠤᠨ ᠭᠣᠣᠯ ᠡᠯᠧᠮᠧᠨ᠋ᠲ ᠬᠢᠭᠡᠳ ᠬᠥᠭᠵᠢᠯᠲᠡ ᠵᠢᠨ ᠪᠣᠳᠠᠲᠤ ᠰᠠᠭᠤᠷᠢ᠎ᠲᠠᠢ ᠤᠶᠠᠯᠳᠤᠭᠤᠯᠵᠤ᠂ ᠭᠠᠴᠠᠭ᠎ᠠ ᠲᠣᠰᠬᠤᠨ᠎ᠤ ᠣᠷᠣᠨ ᠪᠠᠢ᠌ᠷᠢ ᠪᠠ ᠡᠬᠢ ᠪᠠᠶᠠᠯᠢᠭ᠎ᠤᠨ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠤᠨ᠂ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠨᠢᠭᠡ ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠵᠢᠨ ᠲᠣᠬᠢᠷᠠᠭᠤᠯᠤᠯᠲᠠ ᠵᠢ ᠪᠦᠬᠦ ᠲᠠᠯ᠎ᠠ᠎ᠪᠠᠷ ᠲᠥᠯᠥᠪᠵᠢᠭᠦᠯᠵᠦ᠂ ᠭᠠᠴᠠᠭ᠎ᠠ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠰᠡᠳᠬᠢᠮᠵᠢ ᠪᠠ ᠠᠷᠭ᠎ᠠ ᠪᠣᠳᠣᠯᠭ᠎ᠠ ᠵᠢ ᠳᠤᠷᠠᠳᠤᠨ ᠭᠠᠷᠭ᠋ᠠᠵᠤ᠂ ᠭᠠᠴᠠᠭ᠎ᠠ ᠲᠣᠰᠬᠤᠨ᠎ᠤ ᠬᠥᠭᠵᠢᠯᠲᠡ ᠵᠢᠨ ᠭᠣᠣᠯᠯᠠᠬᠤ ᠠᠵᠤ ᠦᠢ᠍ᠯᠡᠰ᠎ᠢ ᠲᠣᠭᠲᠠᠭ᠋ᠠᠬᠤ ᠬᠡᠷᠡᠭᠲᠡᠢ᠃


6.7   ᠰᠠᠭᠤᠷᠢ ᠲᠥᠬᠥᠭᠡᠷᠦᠮᠵᠢ᠂ ᠨᠣᠭᠣᠭ᠋ᠠᠷᠠᠭᠤᠯᠤᠯᠲᠠ ᠪᠠ ᠲᠡᠦᠬᠡ ᠰᠣᠶᠣᠯ᠎ᠢ ᠬᠠᠮᠠᠭ᠋ᠠᠯᠠᠬᠤ ᠲᠥᠯᠥᠪᠵᠢᠭᠦᠯᠭᠡ
      ᠤᠰᠤ ᠬᠠᠩᠭ᠋ᠠᠬᠤ᠂ ᠤᠰᠤ ᠵᠠᠯᠠᠬᠤ᠂ ᠴᠠᠬᠢᠯᠭ᠋ᠠᠨ ᠬᠠᠩᠭ᠋ᠠᠬᠤ᠂ ᠰᠢᠲᠠᠭ᠋ᠠᠯᠭ᠎ᠠ ᠬᠡᠢ ᠪᠠ ᠢᠯᠴᠢ ᠬᠠᠩᠭ᠋ᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠵᠡᠷᠭᠡ ᠰᠠᠭᠤᠷᠢ ᠲᠥᠬᠥᠭᠡᠷᠦᠮᠵᠢ ᠵᠢᠨ ᠲᠥᠯᠥᠪᠵᠢᠭᠦᠯᠭᠡ᠂ ᠨᠣᠭᠣᠭ᠋ᠠᠷᠠᠭᠤᠯᠤᠯᠲᠠ ᠪᠠ ᠦᠵᠡᠮᠵᠢ ᠵᠢᠨ ᠲᠥᠯᠥᠪᠵᠢᠭᠦᠯᠭᠡ᠂ ᠲᠡᠦᠬᠡ ᠰᠣᠶᠣᠯ᠎ᠤᠨ ᠬᠠᠮᠠᠭ᠋ᠠᠯᠠᠯᠲᠠ ᠪᠠ ᠣᠨᠴᠠᠯᠢᠭᠲᠤ ᠳᠦᠷᠰᠦ ᠪᠠᠢ᠌ᠳᠠᠯ᠎ᠤᠨ ᠲᠥᠯᠥᠪᠵᠢᠭᠦᠯᠭᠡ᠎ᠨᠢ GB/T 50445 ᠵᠢᠨ ᠬᠠᠮᠢᠶ᠎ᠠ ᠪᠦᠬᠦᠢ ᠲᠣᠭᠲᠠᠭ᠋ᠠᠯ᠎ᠲᠠᠢ ᠨᠡᠢ᠌ᠴᠡᠭᠰᠡᠨ ᠪᠠᠢ᠌ᠪᠠᠯ ᠵᠣᠬᠢᠨ᠎ᠠ᠃


6.8   ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠥᠯᠥᠪᠵᠢᠭᠦᠯᠭᠡ
     
ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠡᠩᠴᠡᠭᠦᠷᠢᠰᠢᠭᠦᠯᠬᠦ ᠵᠢ ᠠᠬᠢᠭᠤᠯᠬᠤ ᠬᠠᠷᠠᠯᠲᠠ ᠵᠢᠨ ᠶᠣᠰᠣᠭ᠋ᠠᠷ᠂ ᠣᠷᠣᠨ ᠪᠠᠢ᠌ᠷᠢ ᠵᠢᠨ ᠨᠥᠬᠥᠴᠡᠯ ᠪᠠ ᠬᠥᠭᠵᠢᠯᠲᠡ ᠵᠢᠨ ᠣᠷᠣᠨ ᠪᠠᠢ᠌ᠷᠢ᠎ᠲᠠᠢ ᠤᠶᠠᠯᠳᠤᠭᠤᠯᠤᠨ᠂ ᠬᠥᠮᠥᠨ ᠠᠮᠠ᠎ᠪᠠᠷ ᠰᠠᠭᠤᠷᠢ ᠪᠣᠯᠭ᠋ᠠᠵᠤ᠂ ᠬᠠᠮᠢᠶ᠎ᠠ ᠪᠦᠬᠦᠢ ᠠᠵᠢᠯ ᠲᠥᠷᠥᠯ᠎ᠤᠨ ᠬᠥᠭᠵᠢᠯᠲᠡ ᠵᠢᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠬᠡᠷᠡᠭᠯᠡᠬᠦ ᠭᠠᠵᠠᠷ᠎ᠢ ᠵᠦᠢ ᠵᠣᠬᠢᠰᠲᠠᠢ᠎ᠪᠠᠷ ᠲᠣᠬᠢᠷᠠᠭᠤᠯᠬᠤ ᠬᠡᠷᠡᠭᠲᠡᠢ᠃ ᠪᠣᠳᠠᠲᠠᠢ᠎ᠪᠠᠷ ᠬᠡᠯᠡᠪᠡᠯ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ᠎ᠳᠤ ᠭᠠᠴᠠᠭ᠎ᠠ ᠲᠣᠰᠬᠤᠨ᠎ᠤ ᠵᠥᠪᠯᠡᠯ᠂ ᠰᠤᠷᠭ᠋ᠠᠨ ᠬᠥᠮᠥᠵᠢᠯ᠎ᠤᠨ ᠪᠠᠢ᠌ᠭᠤᠯᠤᠮᠵᠢ᠎ᠳᠤ ᠬᠡᠦᠬᠡᠳ᠎ᠤᠨ ᠴᠡᠴᠡᠷᠯᠢᠭ᠂ ᠬᠡᠦᠬᠡᠳ ᠰᠠᠭ᠋ᠠᠲᠠᠭᠤᠯᠬᠤ ᠭᠠᠵᠠᠷ᠂ ᠪᠠᠭ᠎ᠠ ᠰᠤᠷᠭ᠋ᠠᠭᠤᠯᠢ ᠵᠡᠷᠭᠡ᠂ ᠰᠣᠶᠣᠯ ᠰᠢᠨᠵᠢᠯᠡᠭᠡ ᠮᠡᠷᠭᠡᠵᠢᠯ ᠪᠠ ᠲᠠᠮᠢᠷ᠎ᠲᠤ ᠰᠣᠶᠣᠯ᠎ᠤᠨ ᠠᠵᠢᠯᠯᠠᠭ᠋ᠠᠨ᠎ᠤ ᠭᠡᠷ᠂ ᠲᠠᠮᠢᠷ᠎ᠤᠨ ᠲᠠᠯᠠᠪᠠᠢ ᠣᠷᠳᠣᠨ᠂ ᠠᠭᠤᠳᠠᠮ ᠲᠠᠯᠠᠪᠠᠢ᠂ ᠨᠣᠮ᠎ᠤᠨ ᠥᠷᠥᠭᠡ᠂ ᠲᠡᠦᠬᠡ ᠵᠢᠨ ᠳᠤᠷᠠᠰᠬᠠᠯᠲᠤ ᠵᠦᠢ᠍ᠯ᠂ ᠳᠤᠷᠠᠰᠬᠠᠯᠲᠤ ᠭᠠᠵᠠᠷ᠂ ᠪᠤᠰᠤᠳ ᠲᠥᠷᠥᠯ᠎ᠤᠨ ᠲᠥᠬᠥᠭᠡᠷᠦᠮᠵᠢ ᠵᠡᠷᠭᠡ᠂ ᠡᠮᠴᠢᠯᠡᠭᠡ ᠡᠷᠡᠭᠦᠯᠵᠢᠯ᠎ᠳᠤ ᠡᠷᠡᠭᠦᠯ ᠬᠠᠮᠠᠭ᠋ᠠᠯᠠᠯ᠎ᠤᠨ ᠥᠷᠥᠭᠡ᠂ ᠰᠤᠪᠢᠯᠠᠯᠲᠠ ᠵᠢᠨ ᠲᠥᠬᠥᠭᠡᠷᠦᠮᠵᠢ ᠵᠡᠷᠭᠡ᠂ ᠨᠡᠢ᠌ᠭᠡᠮ᠎ᠤᠨ ᠪᠠᠲᠤᠯᠠᠭ᠎ᠠ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ ᠪᠠᠭᠲᠠᠭ᠋ᠠᠨ᠎ᠠ᠃
ᠡᠭᠦᠨ᠎ᠳᠤ ᠭᠣᠣᠯ ᠭᠠᠴᠠᠭ᠎ᠠ ᠲᠣᠰᠬᠤᠨ᠎ᠨᠢ ᠭᠠᠴᠠᠭ᠎ᠠ ᠲᠣᠰᠬᠤᠨ᠎ᠤ ᠵᠥᠪᠯᠡᠯ᠂ ᠰᠣᠶᠣᠯ᠎ᠤᠨ ᠠᠵᠢᠯᠯᠠᠭ᠋ᠠᠨ᠎ᠤ ᠭᠡᠷ᠂ ᠲᠠᠮᠢᠷ᠎ᠤᠨ ᠲᠠᠯᠠᠪᠠᠢ ᠣᠷᠳᠣᠨ᠂ ᠠᠭᠤᠳᠠᠮ ᠲᠠᠯᠠᠪᠠᠢ᠂ ᠨᠣᠮ᠎ᠤᠨ ᠥᠷᠥᠭᠡ᠂ ᠡᠷᠡᠭᠦᠯ ᠬᠠᠮᠠᠭ᠋ᠠᠯᠠᠯ᠎ᠤᠨ ᠥᠷᠥᠭᠡ᠂ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠡᠷᠭᠡ ᠵᠢ ᠡᠷᠬᠡᠪᠰᠢ ᠪᠠᠢ᠌ᠭᠤᠯᠵᠤ᠂ ᠪᠤᠰᠤᠳ᠎ᠢ᠎ᠨᠢ ᠨᠥᠬᠥᠴᠡᠯ᠎ᠲᠠᠢ ᠪᠠᠢ᠌ᠳᠠᠯ ᠳᠣᠣᠷ᠎ᠠ ᠪᠠᠢ᠌ᠭᠤᠯᠵᠤ ᠪᠣᠯᠣᠨ᠎ᠠ᠃ ᠪᠤᠰᠤᠳ ᠭᠠᠴᠠᠭ᠎ᠠ ᠲᠣᠰᠬᠤᠨ᠎ᠨᠢ ᠭᠠᠴᠠᠭ᠎ᠠ ᠲᠣᠰᠬᠤᠨ᠎ᠤ ᠵᠥᠪᠯᠡᠯ᠂ ᠲᠠᠮᠢᠷ᠎ᠤᠨ ᠲᠠᠯᠠᠪᠠᠢ ᠣᠷᠳᠣᠨ᠂ ᠠᠭᠤᠳᠠᠮ ᠲᠠᠯᠠᠪᠠᠢ ᠵᠢ ᠡᠷᠬᠡᠪᠰᠢ ᠪᠠᠢ᠌ᠭᠤᠯᠵᠤ᠂ ᠪᠤᠰᠤᠳ᠎ᠢ᠎ᠨᠢ ᠨᠥᠬᠥᠴᠡᠯ᠎ᠲᠠᠢ ᠪᠠᠢ᠌ᠳᠠᠯ ᠳᠣᠣᠷ᠎ᠠ ᠪᠠᠢ᠌ᠭᠤᠯᠵᠤ ᠪᠣᠯᠣᠨ᠎ᠠ᠃


6.9   ᠤᠯᠤᠰ᠎ᠤᠨ ᠨᠤᠲᠤᠭ ᠳᠡᠪᠢᠰᠭᠡᠷ᠎ᠤᠨ ᠶᠡᠷᠦᠩᠬᠡᠢ᠌ᠯᠡᠭᠰᠡᠨ ᠵᠠᠰᠠᠯᠲᠠ ᠪᠠ ᠠᠮᠢ ᠠᠬᠤᠢ ᠵᠢᠨ ᠰᠡᠷᠭᠦᠭᠡᠨ ᠵᠠᠰᠠᠯᠲᠠ ᠵᠢᠨ ᠲᠥᠯᠥᠪᠵᠢᠭᠦᠯᠭᠡ
6.9.1   ᠡᠩ᠎ᠤᠨ ᠲᠣᠭᠲᠠᠭ᠋ᠠᠯ
      ᠲᠥᠯᠥᠪᠵᠢᠭᠦᠯᠭᠡ ᠵᠢᠨ ᠬᠠᠷᠠᠯᠲᠠ ᠪᠠ ᠡᠭᠦᠷᠭᠡ ᠵᠢ ᠦᠨᠳᠦᠰᠦᠯᠡᠨ᠂ ᠣᠷᠣᠨ ᠵᠠᠢ ᠵᠢᠨ ᠪᠠᠢ᠌ᠷᠢᠰᠢᠯ᠎ᠤᠨ ᠲᠡᠩᠴᠡᠭᠦᠷᠢ ᠠᠯᠳᠠᠭᠰᠠᠨ᠂ ᠡᠬᠢ ᠪᠠᠶᠠᠯᠢᠭ᠎ᠤᠨ ᠠᠰᠢᠭᠯᠠᠮᠵᠢ ᠳᠣᠣᠷ᠎ᠠ ᠪᠣᠯᠣᠭᠰᠠᠨ᠂ ᠠᠮᠢ ᠠᠬᠤᠢ ᠵᠢᠨ ᠴᠢᠳᠠᠪᠬᠢ ᠳᠣᠷᠣᠢ᠌ᠲᠠᠭᠰᠠᠨ᠂ ᠠᠮᠢ ᠠᠬᠤᠢ ᠵᠢᠨ ᠰᠢᠰᠲ᠋ᠧᠮ ᠬᠣᠬᠢᠷᠠᠯ᠎ᠳᠤ ᠤᠴᠠᠷᠠᠭᠰᠠᠨ ᠭᠣᠣᠯᠳᠠᠯᠭ᠎ᠠ᠎ᠲᠠᠢ ᠣᠷᠣᠨ᠎ᠨᠤᠭᠤᠳ᠎ᠢ ᠲᠣᠭᠲᠠᠭ᠋ᠠᠨ᠎ᠠ᠃ ᠢᠨᠵᠧᠨᠧᠷᠢᠩ᠎ᠤᠨ ᠲᠠᠷᠬᠠᠴᠠ᠎ᠨᠢ ᠬᠠᠷᠢᠴᠠᠩᠭᠤᠢ᠎ᠪᠠᠷ ᠲᠥᠪᠯᠡᠷᠡᠭᠰᠡᠨ᠂ ᠵᠠᠰᠠᠬᠤ ᠲᠥᠷᠥᠯ᠎ᠨᠢ ᠬᠠᠷᠢᠴᠠᠩᠭᠤᠢ᠎ᠪᠠᠷ ᠶᠡᠷᠦᠩᠬᠡᠢ᠌ᠯᠡᠭᠰᠡᠨ᠂ ᠦᠨᠳᠦᠰᠦᠨ ᠨᠥᠬᠥᠴᠡᠯ᠎ᠨᠢ ᠬᠠᠷᠢᠴᠠᠩᠭᠤᠢ᠎ᠪᠠᠷ ᠵᠦᠭᠡᠷ᠂ ᠶᠡᠷᠦᠩᠬᠡᠢ᠌ᠯᠡᠭᠰᠡᠨ ᠦᠷ᠎ᠡ ᠠᠰᠢᠭ᠎ᠨᠢ ᠬᠠᠷᠢᠴᠠᠩᠭᠤᠢ᠎ᠪᠠᠷ ᠨᠡᠯᠢᠶᠡᠳ ᠥᠨᠳᠥᠷ ᠪᠠᠢ᠌ᠬᠤ ᠵᠠᠷᠴᠢᠮ ᠶᠣᠰᠣᠭ᠋ᠠᠷ᠂ ᠤᠯᠤᠰ᠎ᠤᠨ ᠨᠤᠲᠤᠭ ᠳᠡᠪᠢᠰᠭᠡᠷ᠎ᠤᠨ ᠶᠡᠷᠦᠩᠬᠡᠢ᠌ᠯᠡᠭᠰᠡᠨ ᠵᠠᠰᠠᠯᠲᠠ ᠪᠠ ᠠᠮᠢ ᠠᠬᠤᠢ ᠵᠢᠨ ᠰᠡᠷᠭᠦᠭᠡᠨ ᠵᠠᠰᠠᠯᠲᠠ ᠵᠢᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠲᠣᠭᠲᠠᠭ᠋ᠠᠬᠤ ᠵᠢᠨ ᠳᠠᠭ᠋ᠠᠤ᠂ ᠢᠨᠵᠧᠨᠧᠷᠢᠩ᠎ᠤᠨ ᠲᠥᠷᠥᠯ ᠵᠦᠢ᠍ᠯ᠎ᠤᠨ ᠬᠠᠷᠠᠯᠲᠠ᠂ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ᠂ ᠪᠡᠯᠡ ᠣᠷᠤᠭᠤᠯᠤᠯᠲᠠ ᠵᠢᠨ ᠪᠠᠷᠤᠭᠯᠠᠨ ᠪᠣᠳᠣᠯᠲᠠ᠂ ᠵᠢᠱ᠌ᠢᠭᠰᠡᠨ ᠦᠷ᠎ᠡ ᠠᠰᠢᠭ ᠵᠡᠷᠭᠡ᠎ᠳᠤ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠤᠯᠲᠠ ᠬᠢᠨ᠎ᠡ᠃


6.9.2   ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠡᠭᠰᠢᠯᠡᠨ ᠵᠠᠰᠠᠬᠤ
      ᠣᠳᠣ ᠪᠠᠢ᠌ᠭ᠎ᠠ ᠬᠡᠰᠡᠭ ᠪᠤᠰᠠᠭ ᠲᠠᠷᠢᠶᠠᠨ ᠭᠠᠵᠠᠷ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠲᠣᠭᠣᠷᠢᠨ᠎ᠤ ᠣᠳᠣ ᠪᠠᠢ᠌ᠭ᠎ᠠ ᠲᠠᠷᠢᠶᠠᠯᠠᠩ᠎ᠳᠤ ᠬᠡᠷᠡᠭᠯᠡᠬᠦ ᠭᠠᠵᠠᠷ᠂ ᠭᠠᠵᠠᠷ ᠰᠢᠷᠣᠢ ᠵᠢ ᠨᠡᠭᠡᠭᠡᠨ ᠡᠮᠬᠢᠯᠡᠵᠦ ᠳᠠᠬᠢᠨ ᠬᠠᠭ᠋ᠠᠯᠪᠤᠷᠢᠯᠠᠬᠤ᠎ᠪᠠᠷ ᠳᠠᠮᠵᠢᠨ ᠪᠤᠢ ᠪᠣᠯᠵᠤ ᠪᠣᠯᠬᠤ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ ᠵᠡᠷᠭᠡ ᠭᠠᠵᠠᠷ ᠰᠢᠷᠣᠢ ᠵᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠡᠮᠬᠢᠯᠡᠨ ᠴᠡᠭᠴᠡᠯᠡᠬᠦ ᠬᠡᠪᠴᠢᠶᠡᠨ ᠣᠷᠣᠭᠤᠯᠵᠤ᠂ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠲᠣᠬᠢᠷᠠᠭᠤᠯᠤᠨ᠂ ᠳᠡᠭᠡᠳᠦ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ ᠵᠢᠨ ᠳᠠᠭ᠋ᠠᠤ᠂ ᠲᠡᠭᠦᠨ᠎ᠤ ᠴᠢᠨᠠᠷ ᠴᠢᠨᠰᠠᠭ᠎ᠠ ᠵᠢ ᠬᠠᠮᠠᠭ᠋ᠠᠯᠠᠬᠤ ᠪᠠ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠤᠨ᠎ᠠ᠃


6.9.3   ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠲᠡᠭᠰᠢᠯᠡᠨ ᠵᠠᠰᠠᠬᠤ
     TD/T 1011 ᠵᠢᠨ ᠲᠣᠭᠲᠠᠭ᠋ᠠᠯ ᠶᠣᠰᠣᠭ᠋ᠠᠷ᠂ ᠡᠯ᠎ᠡ ᠲᠥᠷᠥᠯ᠎ᠤᠨ ᠬᠠᠭᠤᠴᠢᠷᠠᠭᠰᠠᠨ᠂ ᠰᠤᠯᠠ ᠣᠷᠬᠢᠭᠳᠠᠭᠰᠠᠨ᠂ ᠡᠮᠬᠢ ᠵᠠᠮᠪᠠᠷᠠᠭ᠎ᠠ ᠦᠭᠡᠢ᠂ ᠦᠷ᠎ᠡ ᠠᠰᠢᠭ ᠵᠶ᠋ᠠᠷ ᠳᠣᠣᠷ᠎ᠠ᠂ ᠣᠷᠬᠢᠵᠤ ᠬᠠᠶᠠᠭᠳᠠᠭᠰᠠᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠳ᠎ᠲᠤ ᠪᠦᠲᠦᠭᠡᠨ ᠪᠠᠢ᠌ᠭᠤᠯᠤᠯᠲᠠ ᠵᠢᠨ ᠪᠤᠰᠤ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ ᠬᠢᠵᠦ᠂ ᠵᠦᠢ ᠵᠣᠬᠢᠰᠲᠠᠢ᠎ᠪᠠᠷ ᠬᠡᠷᠡᠭᠴᠡᠭᠡᠨ᠎ᠤ ᠲᠥᠯᠥᠪᠵᠢᠭᠦᠯᠭᠡ ᠲᠣᠭᠲᠠᠭ᠋ᠠᠨ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠣᠭ᠋ᠠᠨ᠎ᠳᠤ ᠪᠠᠢ᠌ᠭᠰᠠᠨ ᠭᠠᠵᠠᠷ ᠰᠢᠷᠣᠢ ᠵᠢ ᠠᠮᠢᠯᠠᠭᠤᠯᠤᠨ ᠬᠡᠷᠡᠭᠯᠡᠵᠦ᠂ ᠡᠷᠴᠢᠮᠯᠢᠭ ᠵᠶ᠋ᠡᠷ ᠬᠡᠪᠴᠢᠶᠡᠵᠢᠭᠦᠯᠦᠨ ᠠᠰᠢᠭᠯᠠᠨ᠎ᠠ᠃


6.9.4   ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠬᠥᠮᠥᠰ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠵᠠᠰᠠᠨ ᠰᠢᠨᠡᠳᠬᠡᠬᠦ
      ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠰᠢᠢ᠍ᠳᠪᠦᠷᠢᠯᠡᠬᠦ᠂ ᠠᠮᠢᠳᠤᠷᠠᠯ᠎ᠤᠨ ᠪᠤᠵᠠᠷ ᠤᠰᠤ ᠵᠢ ᠵᠠᠰᠠᠬᠤ᠂ ᠵᠣᠷᠯᠣᠩ᠎ᠤᠨ ᠬᠤᠪᠢᠰᠬᠠᠯ ᠪᠠ ᠤᠰᠤᠨ᠎ᠤ ᠣᠷᠴᠢᠨ ᠲᠣᠭᠣᠷᠢᠨ᠎ᠢ ᠵᠠᠰᠠᠬᠤ ᠵᠡᠷᠭᠡ ᠲᠠᠯ᠎ᠠ᠎ᠪᠠᠷ ᠬᠥᠮᠥᠰ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠤ ᠵᠠᠰᠠᠯᠲᠠ ᠵᠢ ᠲᠣᠬᠢᠷᠠᠭᠤᠯᠵᠤ᠂ ᠠᠭ᠋ᠠᠵᠢᠮ ᠵᠶ᠋ᠠᠷ ᠬᠥᠮᠥᠰ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠤ ᠲᠠᠭ᠋ᠠᠯᠠᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃


6.9.5   ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠵᠢᠨ ᠠᠮᠢ ᠠᠬᠤᠢ ᠵᠢ ᠰᠡᠷᠭᠦᠭᠡᠨ ᠵᠠᠰᠠᠬᠤ
      ᠬᠥᠷᠥᠰᠥ ᠰᠢᠷᠣᠢ ᠵᠢᠨ ᠢᠳᠡᠭᠳᠡᠯ᠂ ᠭᠠᠵᠠᠷ ᠰᠢᠷᠣᠢ ᠵᠢᠨ ᠡᠯᠡᠰᠦᠷᠬᠡᠭᠵᠢᠯ᠂ ᠭᠠᠵᠠᠷ ᠰᠢᠷᠣᠢ ᠵᠢᠨ ᠳᠠᠪᠤᠰᠤ ᠬᠤᠵᠢᠷᠰᠢᠯ᠂ ᠬᠥᠷᠥᠰᠥᠨ᠎ᠤ ᠪᠣᠬᠢᠷᠲᠤᠯ᠂ ᠭᠠᠵᠠᠷ ᠰᠢᠷᠣᠢ ᠵᠢᠨ ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠪᠬᠢ ᠵᠢᠨ ᠳᠣᠷᠣᠢ᠌ᠲᠠᠯ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠣᠬᠢᠷᠠᠯ ᠬᠦᠨᠳᠦ ᠬᠡᠴᠡᠭᠦᠦ ᠣᠷᠣᠨ ᠬᠢᠭᠡᠳ ᠲᠡᠦᠬᠡᠨ᠎ᠠᠴᠠ ᠦᠯᠡᠳᠡᠭᠳᠡᠵᠦ ᠢᠷᠡᠭᠰᠡᠨ ᠡᠪᠳᠡᠷᠡᠵᠦ ᠰᠦᠢ᠍ᠳᠦᠭᠰᠡᠨ ᠭᠠᠵᠠᠷ ᠰᠢᠷᠣᠢ᠂ ᠡᠪᠳᠡᠷᠡᠵᠦ ᠰᠦᠢ᠍ᠳᠦᠭᠰᠡᠨ ᠠᠭᠤᠯᠠ᠂ ᠠᠭᠤᠷᠬᠠᠢ ᠵᠢᠨ ᠬᠠᠶᠠᠭᠳᠠᠮᠠᠯ ᠭᠠᠵᠠᠷ ᠵᠡᠷᠭᠡ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠵᠠᠰᠠᠯᠲᠠ ᠬᠢᠬᠦ ᠣᠷᠣᠨ᠎ᠨᠤᠭᠤᠳ᠎ᠢ ᠲᠣᠰᠪᠤᠷᠢ ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠭᠦᠭᠡᠨ ᠵᠠᠰᠠᠯᠲᠠ ᠵᠢᠨ ᠴᠢᠭᠯᠡᠯ ᠪᠣᠯᠣᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠢᠨᠵᠧᠨᠧᠷᠢᠩ᠎ᠤᠨ ᠲᠥᠷᠥᠯ ᠵᠦᠢ᠍ᠯ᠎ᠢ ᠵᠦᠢ ᠵᠣᠬᠢᠰᠲᠠᠢ᠎ᠪᠠᠷ ᠲᠣᠬᠢᠷᠠᠭᠤᠯᠤᠨ᠂ ᠠᠭᠤᠯᠠ ᠤᠰᠤ ᠣᠢ ᠲᠠᠷᠢᠶ᠎ᠠ ᠨᠠᠭᠤᠷ ᠲᠠᠯ᠎ᠠ ᠵᠡᠷᠭᠡ ᠡᠯ᠎ᠡ ᠠᠮᠢ ᠠᠬᠤᠢ ᠵᠢᠨ ᠭᠣᠣᠯ ᠡᠯᠧᠮᠧᠨ᠋ᠲ᠎ᠢ ᠨᠢᠭᠡᠳᠦᠯᠲᠡᠢ᠎ᠪᠠᠷ ᠲᠥᠯᠥᠪᠯᠡᠵᠦ᠂ ᠠᠮᠢ ᠠᠬᠤᠢ ᠵᠢᠨ ᠰᠢᠰᠲ᠋ᠧᠮ᠎ᠤᠨ ᠪᠦᠬᠦᠯᠢ ᠴᠣᠭᠴᠠ ᠵᠢᠨ ᠴᠢᠳᠠᠪᠬᠢ ᠵᠢ ᠳᠡᠭᠡᠭᠰᠢᠯᠡᠭᠦᠯᠦᠨ᠎ᠡ᠃


6.10   ᠲᠥᠯᠥᠪᠵᠢᠭᠦᠯᠭᠡ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ
      ᠲᠥᠯᠥᠪᠵᠢᠭᠦᠯᠭᠡ ᠵᠢᠨ ᠬᠠᠷᠠᠯᠲᠠ ᠪᠠ ᠭᠠᠴᠠᠭ᠎ᠠ ᠲᠣᠰᠬᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ ᠪᠦᠬᠦᠢ ᠲᠥᠯᠥᠪᠵᠢᠭᠦᠯᠭᠡ ᠵᠢᠨ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃ ᠲᠥᠯᠥᠪᠵᠢᠭᠦᠯᠭᠡ ᠵᠢᠨ ᠬᠡᠷᠡᠭᠵᠢᠭᠦᠯᠬᠦ ᠠᠷᠭ᠎ᠠ ᠬᠡᠮᠵᠢᠶ᠎ᠡ᠎ᠨᠢ ᠭᠣᠣᠯᠳᠠᠭᠤ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠤᠯᠤᠰ᠎ᠤᠨ ᠨᠤᠲᠤᠭ ᠳᠡᠪᠢᠰᠭᠡᠷ᠎ᠤᠨ ᠶᠡᠷᠦᠩᠬᠡᠢ᠌ᠯᠡᠭᠰᠡᠨ ᠵᠠᠰᠠᠯᠲᠠ ᠪᠠ ᠠᠮᠢ ᠠᠬᠤᠢ ᠵᠢᠨ ᠰᠡᠷᠭᠦᠭᠡᠨ ᠵᠠᠰᠠᠯᠲᠠ ᠵᠡᠷᠭᠡ᠎ᠳᠤ ᠴᠢᠭᠯᠡᠭᠦᠯᠦᠨ᠂ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠵᠣᠬᠢᠶᠠᠨ ᠪᠠᠢ᠌ᠭᠤᠯᠤᠯᠲᠠ ᠵᠢᠨ ᠳᠦᠷᠢᠮ᠂ ᠪᠡᠯᠡ ᠮᠥᠩᠭᠥᠨ᠎ᠤ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠨ᠎ᠠ᠃


6.11   ᠲᠥᠯᠥᠪᠵᠢᠭᠦᠯᠭᠡ᠎ᠳᠤ ᠣᠯᠠᠨ ᠵᠶ᠋ᠠᠷ ᠵᠶ᠋ᠠᠨ ᠣᠷᠣᠯᠴᠠᠬᠤ
      ᠭᠠᠴᠠᠭ᠎ᠠ ᠲᠤᠰᠬᠤᠨ᠎ᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ᠂ ᠲᠥᠯᠥᠪᠵᠢᠭᠦᠯᠭᠡ ᠵᠢᠨ ᠬᠠᠷᠠᠯᠲᠠ᠂ ᠭᠣᠣᠯ ᠠᠭᠤᠯᠭ᠎ᠠ᠂ ᠲᠥᠰᠥᠯ᠎ᠢ ᠠᠳᠠᠯᠢᠳᠬᠠᠨ ᠰᠣᠩᠭᠣᠬᠤ ᠵᠡᠷᠭᠡ ᠲᠠᠯ᠎ᠠ᠎ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠮᠠᠯᠴᠢᠨ ᠲᠠᠷᠢᠶᠠᠴᠢᠳ᠎ᠤᠨ ᠰᠠᠨᠠᠯ᠎ᠢ ᠥᠷᠭᠡᠨ ᠵᠶ᠋ᠡᠷ ᠬᠤᠷᠢᠶᠠᠬᠤ ᠵᠢᠨ ᠳᠠᠭ᠋ᠠᠤ᠂ ᠴᠢᠳᠠᠬᠤ ᠵᠢᠨ ᠬᠢᠷᠢ᠎ᠪᠠᠷ ᠵᠥᠪᠳᠡᠯᠴᠡᠵᠦ ᠰᠠᠨᠠᠯ ᠵᠶ᠋ᠠᠨ ᠨᠢᠭᠡᠳᠬᠡᠨ᠂ ᠲᠥᠯᠥᠪᠵᠢᠭᠦᠯᠭᠡ᠎ᠳᠤ ᠠᠷᠠᠳ ᠣᠯᠠᠨ᠎ᠤ ᠬᠤᠪᠢ ᠪᠡᠶ᠎ᠡ ᠵᠢᠨ ᠠᠰᠢᠭ ᠲᠤᠰᠠ ᠵᠢ ᠲᠤᠰᠬᠠᠭᠰᠠᠨ ᠪᠠᠢ᠌ᠬᠤ ᠬᠡᠷᠡᠭᠲᠡᠢ᠃


7   ᠦᠷ᠎ᠡ ᠪᠦᠲᠦᠭᠡᠯ᠎ᠤᠨ ᠱᠠᠭ᠋ᠠᠷᠳᠠᠯᠭ᠎ᠠ
7.1   ᠡᠩ᠎ᠤᠨ ᠲᠣᠭᠲᠠᠭ᠋ᠠᠯ
      ᠲᠥᠯᠥᠪᠵᠢᠭᠦᠯᠭᠡ ᠵᠢᠨ ᠦᠷ᠎ᠡ ᠪᠦᠲᠦᠭᠡᠯ᠎ᠨᠢ ᠶᠡᠷᠦ᠎ᠳᠤ᠎ᠪᠠᠨ ᠲᠥᠯᠥᠪᠵᠢᠭᠦᠯᠭᠡ ᠵᠢᠨ ᠲᠸᠺᠰᠲ᠂ ᠲᠥᠯᠥᠪᠵᠢᠭᠦᠯᠭᠡ ᠵᠢᠨ ᠲᠣᠳᠣᠷᠬᠠᠢ᠌ᠯᠠᠯᠲᠠ᠂ ᠲᠥᠯᠥᠪᠵᠢᠭᠦᠯᠭᠡ ᠵᠢᠨ ᠬᠦᠰᠦᠨᠦᠭᠲᠦ᠂ ᠲᠥᠯᠥᠪᠵᠢᠭᠦᠯᠭᠡ ᠵᠢᠨ ᠵᠢᠷᠤᠭ᠂ ᠲᠥᠯᠥᠪᠵᠢᠭᠦᠯᠭᠡ ᠵᠢᠨ ᠳ᠋ᠠᠢ᠌ᠲ᠋ᠠ ᠬᠥᠮᠥᠷᠭᠡ ᠪᠣᠯᠣᠨ ᠪᠤᠰᠤᠳ ᠮᠠᠲ᠋ᠧᠷᠢᠶᠠᠯ᠎ᠤᠳ᠎ᠢ ᠪᠠᠭᠲᠠᠭ᠋ᠠᠨ᠎ᠠ᠃ ᠨᠡᠭᠦᠬᠦ ᠬᠠᠰᠤᠵᠤ ᠨᠡᠢ᠌ᠯᠡᠭᠦᠯᠬᠦ ᠲᠥᠷᠥᠯ᠎ᠤᠨ ᠭᠠᠴᠠᠭ᠎ᠠ ᠲᠣᠰᠬᠤᠨ᠎ᠨᠢ ᠵᠥᠪᠬᠡᠨ ᠭᠠᠴᠠᠭ᠎ᠠ ᠲᠣᠰᠬᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠬᠡᠷᠡᠭᠴᠡᠭᠡᠨ᠎ᠤ ᠵᠠᠬᠢᠷᠤᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠪᠤᠶᠤ ᠡᠰᠡᠬᠦᠯ᠎ᠡ ᠲᠤᠰ ᠰᠤᠮᠤ ᠰᠢᠶᠠᠩ ᠪᠠᠯᠭ᠋ᠠᠰᠤ ᠵᠢᠨ ᠬᠡᠪᠴᠢᠶᠡᠨ ᠳᠣᠲᠣᠷᠠᠬᠢ ᠪᠤᠰᠤᠳ ᠲᠥᠷᠥᠯ᠎ᠤᠨ ᠭᠠᠴᠠᠭ᠎ᠠ ᠲᠣᠰᠬᠤᠨ᠎ᠲᠠᠢ ᠬᠠᠮᠲᠤ᠎ᠳᠤ᠎ᠪᠠᠨ ᠲᠥᠯᠥᠪᠵᠢᠭᠦᠯᠭᠡ᠎ᠪᠠᠨ ᠨᠠᠢ᠌ᠷᠠᠭᠤᠯᠤᠨ ᠵᠣᠬᠢᠶᠠᠵᠤ ᠪᠣᠯᠣᠨ᠎ᠠ᠃ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠣᠲᠠ ᠲᠡᠭᠦᠷᠭᠡ ᠠᠭᠤᠰᠤᠯᠴᠠᠭᠰᠠᠨ ᠲᠥᠷᠥᠯ᠎ᠤᠨ ᠭᠠᠴᠠᠭ᠎ᠠ ᠲᠣᠰᠬᠤᠨ᠎ᠤ ᠲᠥᠯᠥᠪᠵᠢᠭᠦᠯᠭᠡ᠎ᠨᠢ ᠡᠬᠢ ᠪᠠᠶᠠᠯᠢᠭ᠎ᠤᠨ ᠬᠠᠮᠠᠭ᠋ᠠᠯᠠᠯᠲᠠ᠂ ᠠᠮᠢ ᠠᠬᠤᠢ ᠵᠢᠨ ᠰᠡᠷᠭᠦᠭᠡᠨ ᠵᠠᠰᠠᠯᠲᠠ᠂ ᠠᠵᠤ ᠠᠬᠤᠢ ᠵᠢᠨ ᠬᠥᠭᠵᠢᠯᠲᠡ᠂ ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ᠂ ᠰᠠᠭᠤᠷᠢ ᠲᠥᠬᠥᠭᠡᠷᠦᠮᠵᠢ ᠪᠠ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠣᠬᠢᠷᠠᠭᠤᠯᠤᠯᠲᠠ᠂ ᠰᠣᠶᠣᠯ᠎ᠤᠨ ᠤᠯᠠᠮᠵᠢᠯᠠᠯ ᠵᠡᠷᠭᠡ ᠠᠭᠤᠯᠭ᠎ᠠ ᠵᠢ ᠬᠠᠮᠤᠷᠪᠠᠰᠤ ᠵᠣᠬᠢᠬᠤ ᠴᠢᠨᠠᠷ ᠰᠠᠢ᠌ᠲᠠᠢ ᠬᠥᠭᠵᠢᠯᠲᠡ ᠵᠢ ᠳᠠᠢ᠌ᠴᠢᠯᠠᠨ ᠳᠠᠭ᠋ᠠᠭᠤᠯᠤᠭᠰᠠᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠨ᠎ᠠ᠃ ᠣᠨᠴᠠᠯᠢᠭ᠎ᠢ᠎ᠨᠢ ᠬᠠᠮᠠᠭ᠋ᠠᠯᠠᠬᠤ ᠲᠥᠷᠥᠯ᠎ᠤᠨ ᠭᠠᠴᠠᠭ᠎ᠠ ᠲᠣᠰᠬᠤᠨ᠎ᠨᠢ ᠳᠡᠭᠡᠷᠡᠬᠢ ᠱᠠᠭ᠋ᠠᠷᠳᠠᠯᠭ᠎ᠠ ᠵᠢᠨ ᠰᠠᠭᠤᠷᠢᠨ ᠳᠡᠭᠡᠷ᠎ᠡ᠂ ᠣᠷᠣᠨ ᠵᠠᠢ ᠵᠢᠨ ᠶᠠᠰᠤ ᠴᠢᠨᠠᠷ᠎ᠤᠨ ᠲᠥᠯᠥᠪᠵᠢᠭᠦᠯᠭᠡ ᠪᠠ ᠲᠥᠯᠥᠪᠯᠡᠭᠡ ᠵᠢᠨ ᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠮᠠᠯᠵᠢᠬᠤ ᠣᠷᠣᠨ᠎ᠤ ᠭᠠᠴᠠᠭ᠎ᠠ ᠲᠣᠰᠬᠤᠨ᠎ᠨᠢ ᠲᠥᠯᠥᠪᠵᠢᠭᠦᠯᠭᠡ᠎ᠪᠠᠨ ᠨᠠᠢ᠌ᠷᠠᠭᠤᠯᠤᠨ ᠵᠣᠬᠢᠶᠠᠬᠤ᠎ᠳᠤ 《ᠬᠣᠶᠠᠷ ᠵᠢᠷᠤᠭ ᠬᠣᠶᠠᠷ ᠬᠦᠰᠦᠨᠦᠭ ᠨᠢᠭᠡ ᠳᠦᠷᠢᠮ》᠎ᠤᠨ ᠦᠷ᠎ᠡ ᠪᠦᠲᠦᠭᠡᠯ᠎ᠤᠨ ᠢᠯᠡᠳᠬᠡᠬᠦ ᠬᠡᠯᠪᠡᠷᠢ ᠮᠠᠶᠢᠭ᠎ᠢ ᠰᠦᠪᠡᠭᠴᠢᠯᠡᠨ ᠬᠡᠷᠡᠭᠯᠡᠵᠦ᠂ ᠭᠠᠴᠠᠭ᠎ᠠ ᠲᠣᠰᠬᠤᠨ᠎ᠤ ᠣᠳᠣᠬᠢ ᠪᠠᠢ᠌ᠳᠠᠯ᠎ᠤᠨ ᠵᠢᠷᠤᠭ ᠪᠠ ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠵᠢᠷᠤᠭ᠂ ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠬᠠᠷᠠᠯᠲᠠ ᠵᠢᠨ ᠬᠦᠰᠦᠨᠦᠭ ᠪᠠ ᠭᠠᠴᠠᠭ᠎ᠠ ᠲᠣᠰᠬᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠦᠲᠦᠴᠡ ᠵᠢ ᠲᠣᠬᠢᠷᠠᠭᠤᠯᠬᠤ ᠬᠦᠰᠦᠨᠦᠭ᠂ ᠭᠠᠴᠠᠭ᠎ᠠ ᠲᠣᠰᠬᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠬᠡᠷᠡᠭᠴᠡᠭᠡᠨ᠎ᠤ ᠵᠠᠬᠢᠷᠤᠨ ᠬᠠᠮᠢᠶᠠᠷᠬᠤ ᠳᠦᠷᠢᠮ ᠵᠡᠷᠭᠡ ᠵᠢ ᠪᠠᠭᠲᠠᠭ᠋ᠠᠨ᠎ᠠ᠃


7.2   ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠲᠸᠺᠰᠲ
      ᠲᠥᠯᠥᠪᠵᠢᠭᠦᠯᠭᠡ ᠵᠢᠨ ᠲᠸᠺᠰᠲ᠎ᠨᠢ ᠳᠣᠣᠷᠠᠬᠢ ᠬᠡᠳᠦᠨ ᠭᠣᠣᠯ ᠠᠭᠤᠯᠭ᠎ᠠ ᠵᠢ ᠪᠠᠭᠲᠠᠭ᠋ᠠᠪᠠᠯ ᠵᠣᠬᠢᠨ᠎ᠠ᠃
     a) ᠶᠡᠷᠦᠩᠬᠡᠢ ᠳᠦᠷᠢᠮ᠄ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢᠨ ᠵᠢᠯᠣᠭᠣᠳᠬᠤ ᠦᠵᠡᠯ ᠰᠠᠨᠠᠭ᠎ᠠ᠂ ᠲᠥᠯᠥᠪᠵᠢᠭᠦᠯᠭᠡ ᠵᠢᠨ ᠵᠠᠷᠴᠢᠮ᠂ ᠲᠥᠯᠥᠪᠵᠢᠭᠦᠯᠭᠡ ᠵᠢᠨ ᠡᠭᠦᠷᠭᠡ ᠪᠠ ᠲᠥᠯᠥᠪᠵᠢᠭᠦᠯᠭᠡ ᠵᠢᠨ ᠬᠤᠭᠤᠴᠠᠭ᠎ᠠ ᠵᠡᠷᠭᠡ ᠵᠢ ᠪᠠᠭᠲᠠᠭ᠋ᠠᠨ᠎ᠠ᠃
     b) ᠭᠠᠴᠠᠭ᠎ᠠ ᠲᠣᠰᠬᠤᠨ᠎ᠤ ᠲᠣᠢ᠌ᠮᠣ ᠪᠠᠢ᠌ᠳᠠᠯ᠄ ᠭᠠᠴᠠᠭ᠎ᠠ ᠲᠣᠰᠬᠤᠨ᠎ᠤ ᠲᠡᠦᠬᠡ ᠵᠢᠨ ᠤᠯᠠᠷᠢᠯ ᠬᠤᠪᠢᠰᠤᠯ᠂ ᠪᠠᠢ᠌ᠭ᠋ᠠᠯᠢ ᠭᠠᠵᠠᠷ ᠵᠦᠢ ᠵᠢᠨ ᠲᠣᠢ᠌ᠮᠣ ᠪᠠᠢ᠌ᠳᠠᠯ᠂ ᠠᠵᠤ ᠠᠬᠤᠢ ᠨᠡᠢ᠌ᠭᠡᠮ᠎ᠤᠨ ᠲᠣᠢ᠌ᠮᠣ ᠪᠠᠢ᠌ᠳᠠᠯ᠂ ᠣᠯᠠᠨ ᠨᠡᠢ᠌ᠲᠡ ᠵᠢᠨ ᠦᠢ᠍ᠯᠡᠴᠢᠯᠡᠭᠡ ᠪᠠ ᠰᠠᠭᠤᠷᠢ ᠲᠥᠬᠥᠭᠡᠷᠦᠮᠵᠢ ᠵᠢᠨ ᠣᠳᠣᠬᠢ ᠪᠠᠢ᠌ᠳᠠᠯ᠂ ᠤᠯᠤᠰ᠎ᠤᠨ ᠨᠤᠲᠤᠭ ᠳᠡᠪᠢᠰᠭᠡᠷ᠎ᠤᠨ ᠠᠰᠢᠭᠯᠠᠯᠲᠠ ᠵᠢᠨ ᠣᠳᠣᠬᠢ ᠪᠠᠢ᠌ᠳᠠᠯ ᠬᠢᠭᠡᠳ ᠭᠠᠴᠠᠭ᠎ᠠ ᠲᠣᠰᠬᠤᠨ᠎ᠤ ᠭᠣᠣᠯ ᠪᠣᠯᠬᠤ ᠠᠰᠠᠭᠤᠳᠠᠯ ᠵᠡᠷᠭᠡ ᠵᠢ ᠪᠠᠭᠲᠠᠭ᠋ᠠᠨ᠎ᠠ᠃
     c) ᠲᠥᠯᠥᠪᠵᠢᠭᠦᠯᠭᠡ ᠵᠢᠨ ᠲᠣᠳᠣᠷᠬᠠᠢ᠌ᠯᠠᠯ ᠪᠠ ᠬᠠᠷᠠᠯᠲᠠ᠄ ᠲᠥᠯᠥᠪᠵᠢᠭᠦᠯᠭᠡ ᠵᠢᠨ ᠣᠷᠣᠨ ᠪᠠᠢ᠌ᠷᠢ ᠵᠢ ᠲᠣᠳᠣᠷᠬᠠᠢ᠌ᠯᠠᠨ ᠥᠭᠦᠯᠡᠵᠦ᠂ ᠲᠥᠯᠥᠪᠵᠢᠭᠦᠯᠭᠡ ᠵᠢᠨ ᠬᠠᠷᠠᠯᠲᠠ ᠪᠠ ᠲᠣᠬᠢᠷᠠᠭᠤᠯᠤᠨ ᠡᠵᠡᠮᠳᠡᠬᠦ ᠲᠣᠭ᠎ᠠ ᠨᠤᠷᠮ᠎ᠠ ᠵᠢ ᠲᠣᠭᠲᠠᠭ᠋ᠠᠨ᠎ᠠ᠃
   d) ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ ᠪᠠ ᠬᠡᠷᠡᠭᠴᠡᠭᠡᠨ᠎ᠤ ᠵᠠᠬᠢᠷᠤᠨ ᠬᠠᠮᠢᠶᠠᠷᠤᠯᠲᠠ᠄ ᠭᠠᠴᠠᠭ᠎ᠠ ᠲᠣᠰᠬᠤᠨ᠎ᠤ ᠬᠡᠪᠴᠢᠶᠡᠨ᠎ᠳᠠᠬᠢ ᠣᠷᠣᠨ ᠵᠠᠢ ᠵᠢᠨ ᠪᠠᠢ᠌ᠷᠢᠰᠢᠯ᠂ ᠪᠦᠲᠦᠭᠡᠨ ᠪᠠᠢ᠌ᠭᠤᠯᠤᠯᠲᠠ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠵᠠᠢ ᠵᠢᠨ ᠪᠠᠢ᠌ᠷᠢᠯᠠᠭᠤᠯᠤᠯᠲᠠ᠂ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ ᠬᠢᠭᠡᠳ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠵᠢ ᠥᠭᠦᠯᠡᠨ ᠲᠣᠭ᠋ᠠᠴᠢᠨ᠎ᠠ᠃
     e) ᠵᠠᠮ ᠬᠠᠷᠢᠯᠴᠠᠭ᠋ᠠᠨ᠎ᠤ ᠲᠥᠯᠥᠪᠵᠢᠭᠦᠯᠭᠡ᠄ ᠭᠠᠳᠠᠭᠰᠢ ᠨᠡᠪᠲᠡᠷᠡᠬᠦ ᠪᠠ ᠳᠣᠲᠣᠭ᠋ᠠᠳᠤ ᠵᠢᠨ ᠵᠠᠮ ᠬᠠᠷᠢᠯᠴᠠᠭ᠋ᠠᠨ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠪᠠ ᠪᠠᠢ᠌ᠷᠢᠯᠠᠭᠤᠯᠤᠯᠲᠠ ᠵᠢ ᠪᠠᠭᠲᠠᠭ᠋ᠠᠨ᠎ᠠ᠃
     f) ᠣᠷᠣᠨ ᠰᠠᠭᠤᠴᠠ ᠵᠢᠨ ᠪᠠᠢ᠌ᠷᠢᠯᠠᠭᠤᠯᠤᠯᠲᠠ ᠵᠢᠨ ᠲᠥᠯᠥᠪᠵᠢᠭᠦᠯᠭᠡ᠄ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠵᠦᠢ ᠵᠣᠬᠢᠰᠲᠠᠢ᠎ᠪᠠᠷ ᠲᠣᠭᠲᠠᠭ᠋ᠠᠵᠤ᠂ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠦᠨ᠎ᠡ᠃
     g) ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠄ ᠭᠠᠴᠠᠭ᠎ᠠ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ ᠪᠠ ᠲᠣᠳᠣᠷᠬᠠᠢ᠌ᠯᠠᠯ᠎ᠤᠨ ᠶᠣᠰᠣᠭ᠋ᠠᠷ᠂ ᠮᠠᠯᠵᠢᠬᠤ ᠲᠠᠷᠢᠶᠠᠯᠠᠬᠤ ᠣᠷᠣᠨ᠎ᠤ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠪᠠ ᠪᠠᠢ᠌ᠷᠢᠯᠠᠭᠤᠯᠤᠯᠲᠠ ᠵᠢ ᠵᠦᠢ ᠵᠣᠬᠢᠰᠲᠠᠢ᠎ᠪᠠᠷ ᠲᠣᠭᠲᠠᠭ᠋ᠠᠨ᠎ᠠ᠃
     h) ᠰᠠᠭᠤᠷᠢ ᠲᠥᠬᠥᠭᠡᠷᠦᠮᠵᠢ ᠪᠠ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠲᠥᠯᠥᠪᠵᠢᠭᠦᠯᠭᠡ᠄ ᠤᠰᠤ ᠬᠠᠩᠭ᠋ᠠᠬᠤ ᠵᠠᠯᠠᠬᠤ᠂ ᠴᠠᠬᠢᠯᠭ᠋ᠠᠨ ᠬᠠᠩᠭ᠋ᠠᠬᠤ᠂ ᠮᠡᠳᠡᠭᠡ ᠴᠢᠮᠡᠭᠡ ᠨᠡᠪᠲᠡᠷᠡᠬᠦ᠂ ᠰᠢᠲᠠᠭ᠋ᠠᠯᠭ᠎ᠠ ᠬᠡᠢ᠂ ᠢᠯᠴᠢ ᠬᠠᠩᠭ᠋ᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠵᠡᠷᠭᠡ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠂ ᠪᠦᠲᠦᠭᠡᠨ ᠪᠠᠢ᠌ᠭᠤᠯᠬᠤ ᠠᠷᠭ᠎ᠠ ᠬᠡᠯᠪᠡᠷᠢ ᠪᠠ ᠪᠣᠳᠠᠲᠤ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠴᠡᠭ ᠪᠠᠢ᠌ᠷᠢᠯᠠᠭᠤᠯᠤᠯᠲᠠ ᠵᠢ ᠲᠣᠭᠲᠠᠭ᠋ᠠᠬᠤ ᠪᠥᠭᠡᠳ ᠭᠠᠴᠠᠭ᠎ᠠ ᠲᠣᠰᠬᠤᠨ᠎ᠤ ᠵᠥᠪᠯᠡᠯ᠂ ᠬᠡᠦᠬᠡᠳ᠎ᠤᠨ ᠴᠡᠴᠡᠷᠯᠢᠭ᠂ ᠰᠣᠶᠣᠯ᠎ᠤᠨ ᠠᠵᠢᠯᠯᠠᠭ᠋ᠠᠨ᠎ᠤ ᠭᠡᠷ᠂ ᠠᠭᠤᠳᠠᠮ ᠲᠠᠯᠠᠪᠠᠢ᠂ ᠨᠣᠮ᠎ᠤᠨ ᠥᠷᠥᠭᠡ᠂ ᠡᠷᠡᠭᠦᠯ ᠬᠠᠮᠠᠭ᠋ᠠᠯᠠᠯ᠎ᠤᠨ ᠥᠷᠥᠭᠡ ᠵᠡᠷᠭᠡ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠪᠠ ᠴᠡᠭ ᠪᠠᠢ᠌ᠷᠢᠯᠠᠭᠤᠯᠤᠯᠲᠠ ᠵᠢ ᠲᠣᠭᠲᠠᠭ᠋ᠠᠨ᠎ᠠ᠃
     i) ᠨᠣᠭᠣᠭ᠋ᠠᠷᠠᠭᠤᠯᠤᠯᠲᠠ ᠪᠠ ᠦᠵᠡᠮᠵᠢ ᠵᠢᠨ ᠲᠥᠯᠥᠪᠵᠢᠭᠦᠯᠭᠡ
     j) ᠲᠡᠦᠬᠡ ᠰᠣᠶᠣᠯ᠎ᠤᠨ ᠬᠠᠮᠠᠭ᠋ᠠᠯᠠᠯᠲᠠ ᠪᠠ ᠣᠨᠴᠠᠯᠢᠭᠲᠤ ᠳᠦᠷᠰᠦ ᠪᠠᠢ᠌ᠳᠠᠯ᠎ᠤᠨ ᠲᠥᠯᠥᠪᠵᠢᠭᠦᠯᠭᠡ
     k) ᠤᠯᠤᠰ᠎ᠤᠨ ᠨᠤᠲᠤᠭ ᠳᠡᠪᠢᠰᠭᠡᠷ᠎ᠢ ᠶᠡᠷᠦᠩᠬᠡᠢ᠌ᠯᠡᠨ ᠵᠠᠰᠠᠬᠤ ᠪᠠ ᠠᠮᠢ ᠠᠬᠤᠢ ᠵᠢ ᠰᠡᠷᠭᠦᠭᠡᠨ ᠵᠠᠰᠠᠬᠤ
     l) ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠ ᠣᠯᠠᠨ ᠵᠶ᠋ᠠᠷ ᠵᠶ᠋ᠠᠨ ᠣᠷᠣᠯᠴᠠᠬᠤ ᠵᠡᠷᠭᠡ ᠪᠣᠯᠣᠨ᠎ᠠ᠃


7.3   ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠲᠣᠳᠣᠷᠬᠠᠢ᠌ᠯᠠᠯᠲᠠ
      ᠲᠥᠯᠥᠪᠵᠢᠭᠦᠯᠭᠡ ᠵᠢᠨ ᠲᠣᠳᠣᠷᠬᠠᠢ᠌ᠯᠠᠯᠲᠠ᠎ᠨᠢ ᠳᠣᠣᠷᠠᠬᠢ ᠬᠡᠳᠦᠨ ᠭᠣᠣᠯ ᠠᠭᠤᠯᠭ᠎ᠠ ᠵᠢ ᠪᠠᠭᠲᠠᠭ᠋ᠠᠪᠠᠯ ᠵᠣᠬᠢᠨ᠎ᠠ᠃
     a) ᠲᠥᠯᠥᠪᠵᠢᠭᠦᠯᠭᠡ ᠵᠢᠨ ᠨᠠᠢ᠌ᠷᠠᠭᠤᠯᠤᠨ ᠵᠣᠬᠢᠶᠠᠬᠤ ᠶᠠᠪᠤᠴᠠ ᠵᠢᠨ ᠲᠤᠬᠠᠢ
     b) ᠲᠥᠯᠥᠪᠵᠢᠭᠦᠯᠭᠡ ᠵᠢᠨ ᠦᠨᠳᠦᠰᠦᠯᠡᠯ ᠪᠠ ᠰᠠᠭᠤᠷᠢ ᠲᠣᠭ᠎ᠠ ᠪᠠᠷᠢᠮᠲᠠ
     c) ᠲᠥᠯᠥᠪᠵᠢᠭᠦᠯᠭᠡ ᠵᠢᠨ ᠭᠣᠣᠯ ᠠᠭᠤᠯᠭ᠎ᠠ ᠵᠢᠨ ᠲᠣᠳᠣᠷᠬᠠᠢ᠌ᠯᠠᠯᠲᠠ ᠵᠢᠨ ᠲᠤᠬᠠᠢ᠄ ᠲᠥᠯᠥᠪᠵᠢᠭᠦᠯᠭᠡ ᠵᠢᠨ ᠬᠠᠷᠠᠯᠲᠠ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠲᠣᠬᠢᠷᠠᠭᠤᠯᠤᠨ ᠡᠵᠡᠮᠳᠡᠬᠦ ᠪᠠ ᠲᠣᠬᠢᠷᠠᠭᠤᠯᠤᠯᠲᠠ᠂ ᠤᠯᠤᠰ᠎ᠤᠨ ᠨᠤᠲᠤᠭ ᠳᠡᠪᠢᠰᠭᠡᠷ᠎ᠤᠨ ᠶᠡᠷᠦᠩᠬᠡᠢ᠌ᠯᠡᠭᠰᠡᠨ ᠵᠠᠰᠠᠯᠲᠠ ᠪᠠ ᠠᠮᠢ ᠠᠬᠤᠢ ᠵᠢᠨ ᠰᠡᠷᠭᠦᠭᠡᠨ ᠵᠠᠰᠠᠯᠲᠠ ᠵᠡᠷᠭᠡ ᠵᠢ ᠪᠠᠭᠲᠠᠭ᠋ᠠᠨ᠎ᠠ᠃
     d) ᠲᠥᠯᠥᠪᠵᠢᠭᠦᠯᠭᠡ ᠵᠢ ᠬᠡᠷᠡᠭᠵᠢᠭᠦᠯᠬᠦ ᠪᠠᠲᠤᠯᠠᠭ᠎ᠠ ᠵᠢᠨ ᠠᠷᠭ᠎ᠠ ᠬᠡᠮᠵᠢᠶ᠎ᠡ
     e) ᠲᠥᠯᠥᠪᠵᠢᠭᠦᠯᠭᠡ ᠵᠢᠨ ᠵᠣᠬᠢᠴᠠᠭᠤᠯᠤᠭᠰᠠᠨ ᠨᠤᠲᠠᠯᠠᠯᠲᠠ ᠪᠠ ᠣᠯᠠᠨ ᠵᠶ᠋ᠠᠷ ᠵᠶ᠋ᠠᠨ ᠣᠷᠣᠯᠴᠠᠬᠤ ᠵᠡᠷᠭᠡ


7.4   ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠬᠦᠰᠦᠨᠦᠭᠲᠦ
      ᠲᠥᠯᠥᠪᠵᠢᠭᠦᠯᠭᠡ ᠵᠢᠨ ᠬᠦᠰᠦᠨᠦᠭᠴᠢᠯᠡᠭᠰᠡᠨ ᠦᠷ᠎ᠡ ᠪᠦᠲᠦᠭᠡᠯ᠎ᠨᠢ ᠳᠣᠣᠷᠠᠬᠢ ᠬᠡᠳᠦᠨ ᠵᠦᠢ᠍ᠯ᠎ᠢ ᠪᠠᠭᠲᠠᠭ᠋ᠠᠪᠠᠯ ᠵᠣᠬᠢᠨ᠎ᠠ᠃
     a) ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠬᠠᠷᠠᠯᠲᠠ ᠵᠢᠨ ᠬᠦᠰᠦᠨᠦᠭ
     b) ᠭᠠᠴᠠᠭ᠎ᠠ ᠲᠣᠰᠬᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠪᠦᠲᠦᠴᠡ ᠵᠢ ᠲᠣᠬᠢᠷᠠᠭᠤᠯᠬᠤ ᠬᠦᠰᠦᠨᠦᠭ
     c) ᠭᠤᠷᠪᠠᠨ ᠣᠷᠣᠨ ᠵᠠᠢ ᠭᠤᠷᠪᠠᠨ ᠱᠤᠭᠤᠮ᠎ᠤᠨ ᠲᠠᠯᠠᠪᠠᠢ ᠵᠢᠨ ᠪᠦᠷᠢᠳᠬᠡᠯ ᠬᠦᠰᠦᠨᠦᠭ


7.5   ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠵᠢᠷᠤᠭ
7.5.1   ᠵᠢᠷᠤᠭ᠎ᠤᠨ ᠱᠠᠭ᠋ᠠᠷᠳᠠᠯᠭ᠎ᠠ
     1᠄ 2000 ᠵᠢᠨ ᠬᠠᠷᠢᠴᠠᠭ᠋ᠠᠲᠤ ᠱᠤᠭᠤᠮ᠎ᠢ ᠬᠡᠷᠡᠭᠯᠡᠬᠦ ᠪᠤᠶᠤ ᠨᠠᠷᠢᠯᠢᠭ᠎ᠤᠨ ᠬᠡᠮᠵᠢᠶ᠎ᠡ᠎ᠪᠠᠷ ᠨᠡᠩ ᠥᠨᠳᠥᠷ ᠲᠣᠭ᠎ᠠ ᠪᠠᠷᠢᠮᠲᠠ ᠵᠢ ᠠᠰᠢᠭᠯᠠᠨ ᠵᠢᠷᠤᠬᠤ᠎ᠳᠤ᠎ᠪᠠᠨ 2000 ᠤᠯᠤᠰ᠎ᠤᠨ ᠡᠬᠡ ᠭᠠᠵᠠᠷ᠎ᠤᠨ ᠪᠠᠢ᠌ᠷᠢᠰᠢᠯ᠎ᠤᠨ ᠰᠢᠰᠲ᠋ᠧᠮ᠎ᠢ ᠨᠢᠭᠡᠳᠦᠯᠲᠡᠢ᠎ᠪᠠᠷ ᠬᠡᠷᠡᠭᠯᠡᠨ᠂ ᠵᠢᠷᠤᠭ᠎ᠤᠨ ᠦᠷ᠎ᠡ ᠪᠦᠲᠦᠭᠡᠯ᠎ᠨᠢ 《ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠵᠢᠷᠤᠭ᠎ᠢ ᠨᠠᠢ᠌ᠷᠠᠭᠤᠯᠤᠨ ᠵᠣᠬᠢᠶᠠᠬᠤ ᠱᠠᠭ᠋ᠠᠷᠳᠠᠯᠭ᠎ᠠ》᠎ᠳᠤ ᠨᠡᠢ᠌ᠴᠡᠭᠰᠡᠨ ᠪᠠᠢ᠌ᠪᠠᠯ ᠵᠣᠬᠢᠨ᠎ᠠ᠃ ᠲᠥᠯᠥᠪᠵᠢᠭᠦᠯᠭᠡ ᠵᠢᠨ ᠵᠢᠷᠤᠭ᠎ᠨᠢ ᠡᠷᠬᠡᠪᠰᠢ ᠪᠡᠯᠡᠳᠬᠡᠬᠦ ᠵᠢᠷᠤᠭ ᠪᠠ ᠰᠣᠩᠭᠣᠵᠤ ᠪᠣᠯᠬᠤ ᠵᠢᠷᠤᠭ᠎ᠢ ᠪᠠᠭᠲᠠᠭ᠋ᠠᠨ᠎ᠠ᠃


7.5.2   ᠡᠷᠬᠡᠪᠰᠢ ᠪᠡᠯᠡᠳᠬᠡᠬᠦ ᠵᠢᠷᠤᠭ
      ᠡᠷᠬᠡᠪᠰᠢ ᠪᠡᠯᠡᠳᠬᠡᠬᠦ ᠵᠢᠷᠤᠭ᠎ᠨᠢ ᠳᠣᠣᠷᠠᠬᠢ ᠬᠡᠳᠦᠨ ᠵᠦᠢ᠍ᠯ᠎ᠢ ᠪᠠᠭᠲᠠᠭ᠋ᠠᠪᠠᠯ ᠵᠣᠬᠢᠨ᠎ᠠ᠃
     a) ᠭᠠᠴᠠᠭ᠎ᠠ ᠲᠣᠰᠬᠤᠨ᠎ᠤ ᠣᠳᠣᠬᠢ ᠪᠠᠢ᠌ᠳᠠᠯ᠎ᠤᠨ ᠵᠢᠷᠤᠭ
     b) ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠵᠢᠷᠤᠭ
     c) ᠭᠠᠴᠠᠭ᠎ᠠ ᠲᠣᠰᠬᠤᠨ᠎ᠤ ᠭᠤᠷᠪᠠᠨ ᠣᠷᠣᠨ ᠵᠠᠢ ᠭᠤᠷᠪᠠᠨ ᠱᠤᠭᠤᠮ᠎ᠤᠨ ᠵᠢᠷᠤᠭ
     d) ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠲᠠᠷᠬᠠᠯᠲᠠ ᠵᠢᠨ ᠵᠢᠷᠤᠭ
     e) ᠤᠯᠤᠰ᠎ᠤᠨ ᠨᠤᠲᠤᠭ ᠳᠡᠪᠢᠰᠭᠡᠷ᠎ᠤᠨ ᠶᠡᠷᠦᠩᠬᠡᠢ᠌ᠯᠡᠭᠰᠡᠨ ᠵᠠᠰᠠᠯᠲᠠ ᠪᠠ ᠠᠮᠢ ᠠᠬᠤᠢ ᠵᠢᠨ ᠰᠡᠷᠭᠦᠭᠡᠨ ᠵᠠᠰᠠᠯᠲᠠ ᠵᠢᠨ ᠵᠢᠷᠤᠭ
     f) ᠭᠠᠴᠠᠭ᠎ᠠ ᠲᠣᠰᠬᠤᠨ᠎ᠤ ᠵᠠᠮ ᠬᠠᠷᠢᠯᠴᠠᠭ᠋ᠠᠨ᠎ᠤ ᠲᠥᠯᠥᠪᠵᠢᠭᠦᠯᠭᠡ ᠵᠢᠨ ᠵᠢᠷᠤᠭ
     g) ᠭᠠᠴᠠᠭ᠎ᠠ ᠲᠣᠰᠬᠤᠨ᠎ᠤ ᠣᠯᠠᠨ ᠨᠡᠢ᠌ᠲᠡ ᠵᠢᠨ ᠦᠢ᠍ᠯᠡᠴᠢᠯᠡᠭᠡ ᠪᠠ ᠰᠠᠭᠤᠷᠢ ᠲᠥᠬᠥᠭᠡᠷᠦᠮᠵᠢ ᠵᠢᠨ ᠲᠥᠯᠥᠪᠵᠢᠭᠦᠯᠭᠡ ᠵᠢᠨ ᠵᠢᠷᠤᠭ
     h) ᠭᠣᠣᠯ ᠲᠣᠰᠬᠤᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠣᠳᠣᠬᠢ ᠪᠠᠢ᠌ᠳᠠᠯ᠎ᠤᠨ ᠵᠢᠷᠤᠭ
     i) ᠭᠣᠣᠯ ᠲᠣᠰᠬᠤᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ ᠵᠢᠨ ᠵᠢᠷᠤᠭ
7.5.3   ᠰᠣᠩᠭᠣᠵᠤ ᠪᠣᠯᠬᠤ ᠵᠢᠷᠤᠭ
ᠰᠣᠩᠭᠣᠵᠤ ᠪᠣᠯᠬᠤ ᠵᠢᠷᠤᠭ᠎ᠨᠢ ᠳᠣᠣᠷᠠᠬᠢ ᠬᠡᠳᠦᠨ ᠵᠦᠢ᠍ᠯ᠎ᠢ ᠪᠠᠭᠲᠠᠭ᠋ᠠᠪᠠᠯ ᠵᠣᠬᠢᠨ᠎ᠠ᠃
     a) ᠭᠠᠴᠠᠭ᠎ᠠ ᠲᠣᠰᠬᠤᠨ᠎ᠤ ᠣᠷᠣᠨ ᠪᠠᠢ᠌ᠷᠢᠰᠢᠯ᠎ᠤᠨ ᠵᠢᠷᠤᠭ
     b) ᠭᠠᠴᠠᠭ᠎ᠠ ᠲᠣᠰᠬᠤᠨ᠎ᠤ ᠣᠷᠣᠨ ᠵᠠᠢ ᠵᠢᠨ ᠶᠡᠷᠦᠩᠬᠡᠢ ᠪᠠᠢ᠌ᠷᠢᠯᠠᠭᠤᠯᠤᠯᠲᠠ ᠵᠢᠨ ᠵᠢᠷᠤᠭ
     c) ᠭᠠᠴᠠᠭ᠎ᠠ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ ᠵᠢᠨ ᠵᠢᠷᠤᠭ
     d) ᠭᠠᠴᠠᠭ᠎ᠠ ᠲᠣᠰᠬᠤᠨ᠎ᠤ ᠮᠠᠯ ᠲᠠᠷᠢᠶᠠᠯᠠᠩ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ ᠵᠢᠨ ᠵᠢᠷᠤᠭ
     e) ᠭᠠᠴᠠᠭ᠎ᠠ ᠲᠣᠰᠬᠤᠨ᠎ᠤ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠯᠠᠭᠤᠯᠤᠯᠲᠠ ᠵᠢᠨ ᠵᠢᠷᠤᠭ
     f) ᠭᠠᠴᠠᠭ᠎ᠠ ᠲᠣᠰᠬᠤᠨ᠎ᠤ ᠵᠢᠭᠤᠯᠴᠢᠯᠠᠯ᠎ᠤᠨ ᠪᠠᠢ᠌ᠷᠢᠯᠠᠭᠤᠯᠤᠯᠲᠠ ᠵᠢᠨ ᠵᠢᠷᠤᠭ


7.6   ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠳ᠋ᠠᠢ᠌ᠲ᠋ᠠ ᠬᠥᠮᠥᠷᠭᠡ
      ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠳ᠋ᠠᠢ᠌ᠲ᠋ᠠ ᠬᠥᠮᠥᠷᠭᠡ ᠪᠣᠯ ᠲᠥᠯᠥᠪᠵᠢᠭᠦᠯᠭᠡ ᠵᠢᠨ ᠦᠷ᠎ᠡ ᠪᠦᠲᠦᠭᠡᠯ᠎ᠤᠨ ᠡᠯᠧᠺᠲᠷᠣᠨ ᠬᠡᠯᠪᠡᠷᠢ ᠪᠣᠯᠣᠨ᠎ᠠ᠃ ᠭᠠᠴᠠᠭ᠎ᠠ ᠲᠣᠰᠬᠤᠨ᠎ᠤ ᠲᠥᠯᠥᠪᠵᠢᠭᠦᠯᠭᠡ ᠵᠢᠨ ᠳ᠋ᠠᠢ᠌ᠲ᠋ᠠ ᠬᠥᠮᠥᠷᠭᠡ ᠵᠢᠨ ᠪᠠᠷᠢᠮᠵᠢᠶ᠎ᠠ᠎ᠳᠤ ᠨᠡᠢ᠌ᠴᠡᠬᠦ ᠰᠠᠷᠠᠯᠵᠢ ᠬᠡᠯᠪᠡᠷᠢ ᠵᠢᠨ ᠲᠣᠭ᠎ᠠ ᠪᠠᠷᠢᠮᠲᠠ ᠪᠠ ᠸᠸᠺᠲ᠋ᠣᠷ ᠲᠣᠭ᠎ᠠ ᠪᠠᠷᠢᠮᠲᠠ᠂ ᠲᠥᠯᠥᠪᠵᠢᠭᠦᠯᠭᠡ ᠵᠢᠨ ᠪᠢᠴᠢᠭ ᠬᠠᠷ᠎ᠠ᠂ ᠲᠥᠯᠥᠪᠵᠢᠭᠦᠯᠭᠡ ᠵᠢᠨ ᠬᠦᠰᠦᠨᠦᠭ᠂ ᠤᠭ ᠲᠣᠭ᠎ᠠ ᠪᠠᠷᠢᠮᠲᠠ ᠵᠡᠷᠭᠡ ᠵᠢ ᠪᠠᠭᠲᠠᠭ᠋ᠠᠨ᠎ᠠ᠃


7.7   ᠪᠤᠰᠤᠳ ᠮᠠᠲ᠋ᠧᠷᠢᠶᠠᠯ
    ᠭᠣᠣᠯᠳᠠᠭᠤ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠶᠠᠪᠤᠴᠠ᠎ᠳᠤ ᠪᠣᠢ ᠪᠣᠯᠣᠭᠰᠠᠨ ᠠᠵᠢᠯ᠎ᠤᠨ ᠬᠠᠷᠢᠭᠤ ᠮᠡᠳᠡᠭᠦᠯᠦᠯᠲᠡ᠂ ᠦᠨᠳᠦᠰᠦᠨ ᠮᠠᠲ᠋ᠧᠷᠢᠶᠠᠯ᠂ ᠬᠤᠷᠠᠯ᠎ᠤᠨ ᠲᠣᠪᠴᠢ ᠮᠡᠳᠡᠭᠡ᠂ ᠰᠠᠯᠠᠭ᠎ᠠ ᠮᠥᠴᠢᠷ᠎ᠤᠨ ᠰᠠᠨᠠᠯ᠂ ᠨᠤᠲᠠᠯᠠᠯᠲᠠ ᠵᠢᠨ ᠰᠠᠨᠠᠯ᠂ ᠣᠯᠠᠨ ᠵᠶ᠋ᠠᠷ ᠵᠶ᠋ᠠᠨ ᠣᠷᠣᠯᠴᠠᠭᠰᠠᠨ ᠲᠡᠮᠳᠡᠭᠯᠡᠯ ᠵᠡᠷᠭᠡ ᠵᠢ ᠪᠠᠭᠲᠠᠭ᠋ᠠᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
2023 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
 
            