ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠵᠠᠷᠯᠠᠯ
ᠨᠡᠶ᠋ᠢᠲᠡᠯᠡᠭᠰᠡᠨ ᠴᠠᠭ᠄ 2023-11-06

                  [2021] 4 ᠳ᠋ᠦ᠍ᠭᠡᠷ ᠲᠣᠭ᠋ᠠᠲᠤ

    2022 ᠣᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠤᠷ ᠲᠦᠪᠰᠢᠨ᠂ ᠥᠯᠵᠡᠶ ᠪᠡᠯᠭᠡ᠎ᠲᠠᠢ᠎ᠪᠠᠷ ᠪᠠᠶᠠᠷ᠎ᠤᠨ ᠡᠳᠦᠷ ᠵᠶ᠋ᠠᠨ ᠥᠩᠭᠡᠷᠡᠭᠦᠯᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠡᠳᠦᠭᠡ ᠮᠠᠨ᠎ᠤ ᠣᠷᠣᠨ᠎ᠤ 《ᠬᠤᠶᠠᠷ ᠪᠠᠶᠠᠷ》᠎ᠤᠨ ᠬᠤᠭᠤᠴᠠᠭ᠋ᠠᠨ᠎ᠳᠠᠬᠢ ᠬᠥᠮᠦᠰ᠎ᠤᠨ ᠠᠮᠤᠷ ᠲᠦᠪᠰᠢᠨ ᠡᠮᠬᠢ ᠵᠢᠷᠤᠮ᠎ᠲᠠᠢ᠎ᠪᠠᠷ ᠶᠠᠪᠤᠵᠤ ᠰᠠᠭᠤᠬᠤ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠪᠠ᠄

     ᠨᠢᠭᠡ᠂ ᠨᠡᠶ᠋ᠢᠲᠡ ᠣᠯᠠᠨ ᠵᠶ᠋ᠠᠷ ᠵᠶ᠋ᠠᠨ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠵᠢ ᠵᠣᠷᠢᠭᠵᠢᠭᠤᠯᠵᠤ᠂ ᠪᠥᠬᠦ ᠣᠷᠣᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ᠂ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠵᠡᠷᠭᠡ ᠵᠢᠨ ᠠᠵᠢᠯᠲᠠᠳ᠎ᠠᠴᠠ ᠲᠦᠷᠦᠭᠦᠯᠡᠨ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃

     ᠬᠤᠶᠠᠷ᠂ ᠳᠤᠮᠳᠠ᠂ ᠥᠨᠳᠥᠷ ᠳᠡᠰ᠎ᠤᠨ ᠲᠥᠭᠰᠢᠭᠦᠷᠢᠲᠦ ᠭᠠᠵᠠᠷ ᠣᠷᠣᠨ ᠵᠢᠴᠢ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠦᠰ᠎ᠤᠨ ᠭᠠᠳᠠᠭᠰᠢ ᠭᠠᠷᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠳᠤᠮᠳᠠ᠂ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ᠎ᠤ ᠪᠠᠶ᠋ᠢᠭ᠎ᠠ ᠠᠶ᠋ᠢᠮᠠᠭ ᠬᠤᠲᠠ ᠵᠢᠨ ᠪᠤᠰᠤᠳ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠦᠰ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ ᠪᠠᠶ᠋ᠢᠵᠤ᠂ ᠦᠨᠡᠨ ᠬᠦ᠌ ᠭᠠᠳᠠᠭᠰᠢ ᠭᠠᠷᠬᠤ ᠴᠢᠬᠤᠯᠠ᠎ᠲᠠᠢ ᠪᠣᠯ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ᠎ᠲᠠᠢ ᠪᠠᠶ᠋ᠢᠬᠤ ᠬᠡᠷᠡᠭᠲᠡᠶ᠃

     ᠭᠤᠷᠪᠠ᠂ ᠤᠯᠤᠰ᠎ᠤᠨ ᠳᠣᠲᠣᠭ᠋ᠠᠳᠤ ᠵᠢᠨ ᠳᠤᠮᠳᠠ᠂ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ ᠵᠢᠴᠢ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ)᠎ᠳᠤ ᠣᠴᠢᠬᠤ ᠵᠢ ᠴᠢᠩᠭ᠎ᠠ ᠬᠢᠵᠠᠭ᠋ᠠᠷᠯᠠᠵᠤ᠂ ᠤᠯᠤᠰ᠎ᠤᠨ ᠳᠣᠲᠣᠭ᠋ᠠᠳᠤ ᠵᠢᠨ ᠳᠤᠮᠳᠠ᠂ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ᠎ᠤ ᠪᠠᠶ᠋ᠢᠭ᠎ᠠ ᠠᠶ᠋ᠢᠮᠠᠭ ᠬᠤᠲᠠ ᠵᠢᠨ ᠪᠤᠰᠤᠳ ᠬᠤᠰᠢᠭᠤ ᠰᠢᠶᠠᠨ (ᠬᠤᠲᠠ᠂ ᠲᠣᠭᠤᠷᠢᠭ)᠎ᠳᠤ ᠴᠢᠬᠤᠯᠠ ᠦᠭᠡᠢ ᠪᠣᠯ ᠣᠴᠢᠵᠤ ᠪᠣᠯᠬᠤ ᠦᠭᠡᠢ᠃ ᠦᠨᠡᠨ ᠬᠦ᠌ ᠣᠴᠢᠬᠤ ᠴᠢᠬᠤᠯᠠ ᠎ᠲᠠᠢ ᠪᠣᠯ ᠪᠥᠬᠦ ᠶᠠᠪᠤᠴᠠ᠎ᠳᠤ ᠬᠤᠪᠢ ᠬᠥᠮᠦᠨ᠎ᠤ ᠬᠠᠮᠠᠭ᠋ᠠᠯᠠᠯᠲᠠ᠎ᠪᠠᠨ ᠰᠠᠶ᠋ᠢᠲᠤᠷ ᠬᠢᠵᠦ᠂ ᠬᠥᠮᠦᠨ ᠣᠯᠠᠨ ᠭᠠᠵᠠᠷ᠎ᠲᠤ ᠣᠴᠢᠬᠤ᠎ᠠᠴᠠ ᠠᠯᠢ ᠴᠢᠳᠠᠬᠤ᠎ᠪᠠᠷ ᠵᠠᠶ᠋ᠢᠯᠠᠰᠬᠢᠬᠦ ᠬᠡᠷᠡᠭᠲᠡᠶ᠃ ᠪᠤᠴᠠᠬᠤ᠎ᠠᠴᠠ᠎ᠪᠠᠨ ᠡᠮᠦᠨ᠎ᠡ᠂ ᠰᠠᠭᠤᠭ᠎ᠠ ᠭᠠᠵᠠᠷ᠎ᠤᠨ ᠵᠶ᠋ᠠᠨ ᠨᠡᠶ᠋ᠢᠭᠡᠮ ᠲᠣᠭᠤᠷᠢᠭ (ᠭᠠᠴᠠᠭ᠎ᠠ ᠲᠣᠰᠬᠤᠨ)᠂ ᠪᠠᠶ᠋ᠢᠭᠤᠯᠭ᠎ᠠ ᠨᠢᠭᠡᠴᠢ᠎ᠳᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠬᠦ ᠬᠡᠷᠡᠭᠲᠡᠶ; ᠪᠤᠴᠠᠵᠤ ᠢᠷᠡᠭᠰᠡᠨ᠎ᠤ ᠳᠠᠷᠠᠭ᠎ᠠ᠂ ᠬᠠᠷᠢᠶ᠎ᠠ ᠭᠠᠵᠠᠷ᠎ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠎ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃

     ᠳᠥᠷᠪᠡ᠂ ᠮᠠᠨ᠎ᠤ ᠣᠷᠣᠨ᠎ᠤ ᠮᠠᠨᠵᠤᠤᠷ ᠬᠤᠲᠠ᠂ ᠡᠷᠭᠦᠨ᠎ᠡ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ᠂ ᠤᠷᠠᠳ᠎ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ᠂ ᠳᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤ᠂ ᠷᠠᠰᠢᠶᠠᠨ ᠬᠤᠲᠠ ᠵᠡᠷᠭᠡ ᠬᠢᠯᠢ ᠵᠢᠨ ᠪᠣᠭᠤᠮᠲᠠ ᠵᠢᠨ ᠬᠤᠲᠠ᠎ᠳᠤ ᠴᠢᠬᠤᠯᠠ ᠥᠬᠡᠶ ᠪᠣᠯ ᠣᠴᠢᠵᠤ ᠪᠣᠯᠬᠤ ᠦᠭᠡᠢ᠂ ᠦᠨᠡᠨ ᠬᠦ᠌ ᠣᠴᠢᠬᠤ ᠴᠢᠬᠤᠯᠠ᠎ᠲᠠᠢ ᠪᠣᠯ ᠬᠦᠷᠦᠭᠰᠡᠨ᠎ᠤ ᠳᠠᠷᠠᠭ᠎ᠠ ᠨᠠᠭ᠋ᠠᠳᠤ ᠵᠠᠬ᠎ᠠ᠎ᠳᠤ᠎ᠪᠠᠨ ᠨᠢᠭᠡ ᠤᠳᠠᠭ᠎ᠠ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ ᠬᠡᠷᠡᠭᠲᠡᠶ᠃ ᠡᠷᠭᠦᠨ᠎ᠡ ᠬᠤᠲᠠ ᠵᠢᠨ ᠾᠧᠢ ᠱᠠᠨ ᠳᠧᠦ ᠪᠠᠯᠭ᠋ᠠᠰᠤ᠂ ᠰᠢᠪᠡᠭᠡ ᠪᠠᠯᠭ᠋ᠠᠰᠤ᠂ ᠰᠢᠨ᠎ᠡ ᠪᠠᠷᠭᠤ ᠵᠡᠭᠦᠨ ᠬᠤᠰᠢᠭᠤᠨ᠎ᠤ ᠡᠪᠦᠳᠦᠭ ᠪᠠᠯᠭ᠋ᠠᠰᠤ᠂ ᠰᠢᠨ᠎ᠡ ᠪᠠᠷᠭᠤ ᠪᠠᠷᠠᠭᠤᠨ ᠬᠤᠰᠢᠭᠤᠨ᠎ᠤ ᠠᠷᠤ ᠬᠠᠰᠢᠶᠠᠲᠤ ᠪᠠᠯᠭ᠋ᠠᠰᠤ᠂ ᠵᠡᠭᠦᠨ ᠦᠵᠦᠮᠦᠴᠢᠨ ᠬᠤᠰᠢᠭᠤᠨ᠎ᠤ ᠵᠡᠭᠦᠨ ᠬᠠᠲᠠᠪᠴᠢ ᠪᠠᠯᠭ᠋ᠠᠰᠤ᠂ ᠤᠷᠠᠳ᠎ᠤᠨ ᠳᠤᠮᠳᠠᠳᠤ ᠬᠤᠰᠢᠭᠤᠨ᠎ᠤ ᠭᠠᠭᠴᠠᠮᠤᠳᠤ ᠪᠠᠯᠭ᠋ᠠᠰᠤ᠂ ᠡᠵᠡᠨ᠎ᠡ ᠬᠤᠰᠢᠭᠤᠨ᠎ᠤ ᠴᠡᠭᠡ ᠪᠠᠯᠭ᠋ᠠᠰᠤ᠂ ᠳᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤᠨ᠎ᠤ ᠮᠠᠨᠳᠤᠯ᠎ᠠ ᠪᠠᠯᠭ᠋ᠠᠰᠤ ᠵᠡᠷᠭᠡ ᠬᠢᠯᠢ ᠵᠢᠨ ᠪᠣᠭᠤᠮᠲᠠ ᠵᠢᠨ ᠬᠤᠲᠠ ᠪᠠᠯᠭ᠋ᠠᠰᠤ᠎ᠳᠤ ᠣᠴᠢᠬᠤ ᠬᠥᠮᠦᠰ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠶ᠋ᠢᠬᠤ ᠬᠡᠷᠡᠭᠲᠡᠶ᠃ ᠳᠡᠭᠡᠷᠡᠬᠢ 10 ᠬᠢᠯᠢ ᠵᠢᠨ ᠪᠣᠭᠤᠮᠲᠠ ᠵᠢᠨ ᠬᠤᠲᠠ᠎ᠠᠴᠠ ᠭᠠᠷᠬᠤ ᠬᠥᠮᠦᠰ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠶ᠋ᠢᠬᠤ ᠬᠡᠷᠡᠭᠲᠡᠶ᠃ 14 ᠡᠳᠦᠷ᠎ᠤᠨ ᠳᠣᠲᠣᠷ᠎ᠠ ᠳᠡᠭᠡᠷ᠎ᠡ ᠳᠤᠷᠠᠳᠤᠭᠰᠠᠨ 10 ᠬᠢᠯᠢ ᠵᠢᠨ ᠪᠣᠭᠤᠮᠲᠠ ᠵᠢᠨ ᠬᠤᠳᠠ᠎ᠳᠤ ᠵᠤᠭ᠋ᠠᠴᠠᠨ ᠰᠠᠭᠤᠭᠰᠠᠨ ᠲᠡᠦᠬᠡ᠎ᠲᠠᠢ ᠬᠥᠮᠦᠰ᠎ᠤᠨ ᠪᠡᠭᠡᠵᠢᠩ᠎ᠳᠤ ᠣᠷᠣᠬᠤ ᠵᠢ ᠴᠢᠩᠭ᠎ᠠ ᠬᠢᠵᠠᠭ᠋ᠠᠷᠯᠠᠨ᠎ᠠ᠃

     ᠲᠠᠪᠤ᠂ ᠬᠠᠭᠤᠷᠠᠶ ᠵᠠᠮ᠂ ᠠᠭ᠋ᠠᠷ᠎ᠤᠨ ᠠᠶᠠᠯᠠᠯ᠎ᠤᠨ ᠪᠣᠭᠤᠮᠲᠠ ᠵᠢᠨ ᠬᠢᠯᠢ᠎ᠪᠠᠷ ᠣᠷᠣᠵᠤ ᠢᠷᠡᠭᠰᠡᠨ ᠬᠥᠮᠦᠰ᠂ ᠡᠳ᠋ ᠪᠣᠳᠠᠰ᠂ ᠣᠷᠴᠢᠨ ᠲᠣᠭᠤᠷᠢᠨ᠎ᠲᠠᠢ ᠣᠶ᠋ᠢᠷᠠᠲᠤᠭᠰᠠᠨ ᠲᠦᠭᠰᠢᠭᠦᠷᠢ ᠶᠡᠬᠡᠲᠡᠶ ᠠᠵᠢᠯ᠎ᠤᠨ ᠪᠠᠶ᠋ᠢᠷᠢ ᠵᠢᠨ ᠬᠥᠮᠦᠰ ᠵᠢᠴᠢ ᠲᠥᠪᠯᠡᠷᠡᠭᠦᠯᠦᠨ ᠲᠤᠰᠠᠭ᠋ᠠᠷᠯᠠᠬᠤ ᠲᠠᠯᠠᠪᠤᠷ ᠭᠠᠵᠠᠷ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠬᠠᠯᠠᠭᠤᠷᠠᠯ᠎ᠤᠨ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ᠎ᠤᠨ ᠪᠠᠶ᠋ᠢᠷᠢ ᠵᠢᠨ ᠬᠥᠮᠦᠰ ᠴᠢᠳᠠᠬᠤ ᠵᠢᠨ ᠬᠢᠷᠢ᠎ᠪᠠᠷ ᠭᠠᠳᠠᠭᠰᠢ ᠭᠠᠷᠬᠤ᠎ᠠᠴᠠ ᠵᠠᠶ᠋ᠢᠯᠠᠰᠬᠢᠬᠦ ᠬᠡᠷᠡᠭᠲᠡᠶ᠂ ᠦᠨᠡᠨ ᠬᠦ᠌ ᠭᠠᠳᠠᠭᠰᠢ ᠭᠠᠷᠬᠤ ᠴᠢᠬᠤᠯᠠ᠎ᠲᠠᠢ ᠪᠣᠯ ᠠᠵᠢᠯ᠎ᠤᠨ ᠪᠠᠶ᠋ᠢᠷᠢ᠎ᠠᠴᠠ᠎ᠪᠠᠨ ᠰᠠᠯᠤᠭ᠋ᠠᠳ 14 ᠡᠳᠦᠷ᠎ᠠᠴᠠ ᠳᠡᠭᠡᠭᠰᠢ ᠪᠣᠯᠤᠭᠰᠠᠨ ᠮᠥᠷᠲᠡᠭᠡᠨ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠬᠠᠩᠭ᠋ᠠᠬᠤ ᠵᠢᠨ ᠬᠠᠮᠲᠤ ᠪᠠᠶ᠋ᠢᠭ᠎ᠠ ᠪᠠᠶ᠋ᠢᠭᠤᠯᠭ᠎ᠠ ᠨᠢᠭᠡᠴᠢ᠎ᠳᠤ᠎ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃

     ᠵᠢᠷᠭᠤᠭ᠎ᠠ᠂ ᠬᠢᠯᠢ᠎ᠪᠠᠷ ᠣᠷᠣᠵᠤ ᠢᠷᠡᠭᠰᠡᠳ᠎ᠤᠨ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠴᠢᠩᠳᠠᠯᠠᠵᠤ᠂ ᠬᠢᠯᠢ᠎ᠪᠠᠷ ᠣᠷᠣᠵᠤ ᠢᠷᠡᠭᠰᠡᠳ᠎ᠲᠤ 《14 ᠡᠳᠦᠷ ᠲᠥᠪᠯᠡᠷᠡᠭᠦᠯᠦᠨ ᠲᠤᠰᠠᠭ᠋ᠠᠷᠯᠠᠬᠤ ᠪᠠ 7 ᠡᠳᠦᠷ ᠬᠡᠷ᠎ᠲᠤ᠎ᠪᠠᠨ ᠲᠤᠰᠠᠭ᠋ᠠᠷᠯᠠᠬᠤ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠬᠡᠷᠡᠭᠵᠢᠭᠦᠯᠵᠦ᠂ ᠬᠡᠷ᠎ᠲᠤ᠎ᠪᠠᠨ ᠲᠤᠰᠠᠭ᠋ᠠᠷᠯᠠᠬᠤ ᠨᠥᠬᠦᠴᠡᠯ᠎ᠳᠤ ᠨᠡᠶ᠋ᠢᠴᠡᠬᠦ ᠥᠬᠡᠶ ᠪᠠᠶ᠋ᠢᠪᠠᠯ ᠴᠥᠮ ᠲᠥᠪᠯᠡᠷᠡᠭᠦᠯᠦᠨ ᠲᠤᠰᠠᠭ᠋ᠠᠷᠯᠠᠬᠤ ᠵᠢ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭ᠋ᠠᠷᠯᠠᠵᠤ ᠠᠵᠢᠭᠯᠠᠬᠤ 1᠂ 4᠂ 7᠂ 10᠂ 14 ᠳ᠋ᠦ᠍ᠭᠡᠷ ᠡᠳᠦᠷ ᠵᠢᠴᠢ ᠬᠡᠷ᠎ᠲᠤ᠎ᠪᠠᠨ ᠲᠤᠰᠠᠭ᠋ᠠᠷᠯᠠᠬᠤ 2᠂ 7 ᠡᠳᠦᠷ᠎ᠲᠤ ᠲᠣᠰ ᠲᠣᠰ 1 ᠤᠳᠠᠭ᠎ᠠ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ ᠬᠡᠷᠡᠭᠲᠡᠢ᠃

     ᠳᠣᠯᠤᠭ᠎ᠠ᠂ ᠤᠯᠤᠰ᠎ᠤᠨ ᠳᠣᠲᠣᠭ᠋ᠠᠳᠤ ᠵᠢᠨ ᠳᠤᠮᠳᠠ᠂ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ᠎ᠠᠴᠠ ᠮᠠᠨ᠎ᠤ ᠣᠷᠣᠨ᠎ᠳᠤ ᠣᠷᠣᠵᠤ ᠢᠷᠡᠭᠰᠡᠨ ᠬᠥᠮᠦᠰ᠎ᠢ ᠵᠢᠭᠰᠠᠭ᠋ᠠᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ᠎ᠤ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ)᠎ᠠᠴᠠ ᠮᠠᠨ᠎ᠤ ᠣᠷᠣᠨ᠎ᠳᠤ ᠢᠷᠡᠭᠰᠡᠨ (ᠪᠤᠴᠠᠭᠰᠠᠨ) ᠬᠥᠮᠦᠰ᠎ᠲᠤ ᠴᠥᠮ 《14 ᠡᠳᠦᠷ ᠲᠥᠪᠯᠡᠷᠡᠭᠦᠯᠦᠨ ᠲᠤᠰᠠᠭ᠋ᠠᠷᠯᠠᠬᠤ + 5 ᠤᠳᠠᠭ᠎ᠠ ᠵᠢᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠤᠯᠤᠰ᠎ᠤᠨ ᠳᠣᠲᠣᠭ᠋ᠠᠳᠤ ᠵᠢᠨ ᠳᠤᠮᠳᠠ ᠳᠡᠰ᠎ᠤᠨ ᠲᠦᠭᠰᠢᠭᠦᠷᠢᠲᠦ ᠭᠠᠵᠠᠷ ᠣᠷᠣᠨ᠎ᠤ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ)᠎ᠠᠴᠠ ᠮᠠᠨ᠎ᠤ ᠣᠷᠣᠨ᠎ᠳᠤ ᠢᠷᠡᠭᠰᠡᠨ (ᠪᠤᠴᠠᠭᠰᠠᠨ) ᠬᠥᠮᠦᠰ᠎ᠲᠤ ᠴᠥᠮ 《14 ᠡᠳᠦᠷ ᠬᠡᠷ᠎ᠲᠤ᠎ᠪᠠᠨ ᠲᠤᠰᠠᠭ᠋ᠠᠷᠯᠠᠬᠤ + 5 ᠤᠳᠠᠭ᠎ᠠ ᠵᠢᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠢ᠃

     ᠨᠠᠢ᠍ᠮᠠ᠂ ᠡᠯ᠎ᠡ ᠵᠢᠭᠤᠯᠴᠢᠯᠠᠯ᠎ᠤᠨ ᠭᠠᠵᠠᠷ᠂ ᠵᠢᠭᠤᠯᠴᠢᠯᠠᠯ᠎ᠤᠨ ᠠᠵᠤ ᠠᠬᠤᠶ᠋ᠢᠯᠠᠯ᠎ᠤᠳ ᠳᠤᠮᠳᠠ ᠥᠨᠳᠥᠷ ᠳᠡᠰ᠎ᠤᠨ ᠲᠦᠭᠰᠢᠭᠦᠷᠢᠲᠦ ᠭᠠᠵᠠᠷ ᠣᠷᠣᠨ᠎ᠤ ᠮᠤᠵᠢ (ᠣᠷᠣᠨ᠂ ᠬᠤᠲᠠ) ᠵᠢᠨ ᠮᠤᠵᠢ ᠠᠯᠤᠰᠯᠠᠭᠰᠠᠨ ᠪᠦᠯᠬᠦᠮ ᠨᠡᠶ᠋ᠢᠲᠡ ᠵᠢᠨ ᠵᠢᠭᠤᠯᠴᠢᠯᠠᠯ ᠵᠢᠴᠢ 《ᠨᠢᠰᠬᠡᠯ᠎ᠤᠨ ᠪᠢᠯᠧᠲ + ᠪᠠᠭᠤᠳᠠᠯ》᠎ᠤᠨ ᠲᠤᠬᠠᠶ᠋ᠢᠯᠠᠭᠰᠠᠨ ᠠᠵᠢᠯ ᠵᠶ᠋ᠠᠨ ᠲᠦᠷ ᠵᠣᠭᠰᠣᠭ᠋ᠠᠵᠤ᠂ ᠡᠬᠡ ᠬᠠᠭᠤᠷᠠᠶ ᠵᠢᠨ ᠬᠢᠯᠢ ᠵᠢᠨ ᠪᠣᠭᠤᠮᠲᠠ ᠵᠢᠨ ᠬᠤᠲᠠ ᠵᠢᠨ ᠪᠦᠯᠬᠦᠮ ᠨᠡᠶ᠋ᠢᠲᠡ ᠵᠢᠨ ᠵᠢᠭᠤᠯᠴᠢᠯᠠᠯ ᠵᠢᠴᠢ 《ᠨᠢᠰᠬᠡᠯ᠎ᠤᠨ ᠪᠢᠯᠧᠲ + ᠪᠠᠭᠤᠳᠠᠯ》᠎ᠤᠨ ᠲᠤᠬᠠᠶ᠋ᠢᠯᠠᠭᠰᠠᠨ ᠠᠵᠢᠯ ᠵᠶ᠋ᠠᠨ ᠲᠦᠷ ᠵᠣᠭᠰᠣᠭ᠋ᠠᠬᠤ ᠬᠡᠷᠡᠭᠲᠡᠢ᠃

     ᠶᠢᠰᠦ᠂ ᠬᠠᠯᠠᠭᠤᠷᠠᠵᠤ ᠪᠠᠶ᠋ᠢᠭ᠎ᠠ ᠡᠪᠡᠳᠴᠢᠲᠡᠨ᠂ ᠡᠷᠡᠭᠦᠯ ᠮᠡᠨᠳᠦ ᠵᠢᠨ ᠺᠣᠳ᠋᠎ᠨᠢ 《ᠰᠢᠷ᠎ᠠ ᠺᠣᠳ᠋》 ᠪᠣᠯᠣᠭᠰᠠᠨ ᠬᠥᠮᠦᠰ ᠬᠤᠪᠢ ᠬᠥᠮᠦᠨ᠎ᠤ ᠰᠡᠷᠭᠡᠶ᠋ᠢᠯᠡᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ ᠪᠠ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠵᠤ᠂ ᠬᠠᠯᠳᠠᠪᠤᠷᠢᠯᠠᠬᠤ ᠲᠦᠭᠰᠢᠭᠦᠷᠢ ᠵᠢ ᠠᠷᠢᠯᠭ᠋ᠠᠬᠤ᠎ᠠᠴᠠ ᠡᠮᠦᠨ᠎ᠡ ᠭᠠᠳᠠᠭᠰᠢ ᠶᠠᠪᠤᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶ᠋ᠢᠬᠤ ᠬᠡᠷᠡᠭᠲᠡᠶ᠃

     ᠠᠷᠪᠠ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠰᠤᠷᠭ᠋ᠠᠭᠤᠯᠢ ᠵᠢᠨ ᠡᠪᠦᠯ᠎ᠤᠨ ᠠᠮᠠᠷᠠᠯᠲᠠ ᠵᠢᠨ ᠴᠢᠯᠥᠭᠡ ᠲᠠᠯᠪᠢᠬᠤ ᠴᠠᠭ᠎ᠢ ᠰᠢᠯᠢᠳᠡᠭᠵᠢᠭᠦᠯᠦᠨ ᠳᠣᠭᠢᠷᠠᠭᠤᠯᠵᠤ᠂ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠵᠦ ᠰᠤᠷᠭ᠋ᠠᠭᠤᠯᠢ᠎ᠳᠤ᠎ᠪᠠᠨ ᠪᠤᠴᠠᠬᠤ ᠵᠢ ᠣᠷᠭᠢᠯ ᠦᠶ᠎ᠡ᠎ᠠᠴᠠ ᠵᠥᠷᠢᠭᠦᠯᠦᠨ ᠳᠣᠭᠢᠷᠠᠭᠤᠯᠵᠤ᠂ 《ᠬᠤᠶᠠᠷ ᠪᠠᠶᠠᠷ》᠎ᠤᠨ ᠬᠤᠭᠤᠴᠠᠭ᠋ᠠᠨ᠎ᠳᠠᠬᠢ ᠰᠤᠷᠭ᠋ᠠᠭᠤᠯᠢ᠎ᠳᠤ᠎ᠪᠠᠨ ᠦᠯᠡᠳᠡᠭᠰᠡᠨ ᠰᠤᠷᠤᠭᠴᠢᠳ᠎ᠤᠨ ᠬᠠᠮᠢᠶᠠᠷᠤᠯᠲᠠ ᠦᠢ᠍ᠯᠡᠴᠢᠯᠡᠭᠡ ᠵᠢ ᠰᠠᠶ᠋ᠢᠲᠤᠷ ᠬᠢᠬᠦ ᠬᠡᠷᠡᠭᠲᠡᠢ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠬᠤᠳᠠᠯᠳᠤᠭ᠋ᠠᠨ᠎ᠤ ᠶᠠᠪᠤᠳᠠᠯ᠂ ᠤᠯᠤᠰ᠎ᠤᠨ ᠥᠮᠴᠢᠯᠡᠯᠲᠦ ᠡᠳ᠋ ᠬᠦᠷᠦᠩᠭᠡ ᠵᠡᠷᠭᠡ ᠰᠠᠯᠠᠭ᠎ᠠ ᠮᠥᠴᠢᠷ᠎ᠤᠳ ᠠᠵᠤ ᠠᠬᠤᠶ᠋ᠢᠯᠠᠯ᠎ᠤᠨ ᠠᠮᠠᠷᠠᠯᠲᠠ ᠲᠠᠯᠪᠢᠬᠤ ᠪᠠ ᠠᠵᠢᠯ ᠵᠶ᠋ᠠᠨ ᠰᠡᠷᠭᠦᠭᠡᠬᠦ ᠴᠠᠭ᠎ᠢ ᠵᠦᠢ ᠵᠣᠬᠢᠰᠲᠠᠶ ᠲᠣᠬᠢᠷᠠᠭᠤᠯᠵᠤ᠂ ᠬᠦᠴᠦᠨ᠎ᠤ ᠠᠵᠢᠯ ᠬᠢᠭᠰᠡᠳ᠎ᠤᠨ ᠤᠷᠬᠢᠯ᠎ᠤᠨ ᠬᠤᠭᠤᠴᠠᠭ᠎ᠠ ᠵᠢ ᠵᠥᠷᠢᠭᠦᠯᠦᠨ ᠨᠤᠲᠤᠭ᠎ᠲᠤ᠎ᠪᠠᠨ ᠪᠤᠴᠠᠬᠤ ᠪᠠ ᠠᠵᠢᠯ᠎ᠤᠨ ᠪᠠᠶ᠋ᠢᠷᠢ᠎ᠳᠤ᠎ᠪᠠᠨ ᠪᠤᠴᠠᠬᠤ ᠵᠢ ᠬᠥᠲᠥᠯᠥᠨ ᠵᠢᠯᠣᠭᠤᠳᠬᠤ ᠬᠡᠷᠡᠭᠲᠡᠶ᠃ ᠶᠡᠭᠡ ᠳᠡᠭᠡᠳᠦ ᠰᠤᠷᠭ᠋ᠠᠭᠤᠯᠢ ᠵᠢᠨ ᠰᠤᠷᠤᠭᠴᠢᠳ ᠰᠤᠷᠭ᠋ᠠᠭᠤᠯᠢ᠎ᠳᠤ᠎ᠪᠠᠨ ᠪᠤᠴᠠᠬᠤ ᠪᠠ ᠠᠵᠢᠯᠲᠠᠨ ᠣᠯᠠᠨ ᠠᠵᠤ ᠠᠬᠤᠶ᠋ᠢᠯᠠᠯ᠎ᠤᠨ ᠬᠦᠴᠦᠨ᠎ᠤ ᠠᠵᠢᠯ ᠬᠢᠭᠰᠡᠳ ᠠᠵᠢᠯ᠎ᠤᠨ ᠪᠠᠶ᠋ᠢᠷᠢ᠎ᠳᠤ᠎ᠪᠠᠨ ᠪᠤᠴᠠᠬᠤ᠎ᠳᠤ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠶ᠋ᠢᠬᠤ ᠬᠡᠷᠡᠭᠲᠡᠶ᠃

ᠠᠷᠪᠠᠨ ᠨᠢᠭᠡ᠂ ᠲᠤᠰ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ 2022 ᠣᠨ᠎ᠤ 3 ᠳ᠋ᠤᠭ᠋ᠠᠷ ᠰᠠᠷ᠎ᠠ ᠵᠢᠨ 15᠎ᠤ ᠡᠳᠦᠷ ᠬᠦᠷᠲᠡᠯ᠎ᠡ ᠬᠡᠷᠡᠭᠵᠢᠭᠦᠯᠦᠨ᠎ᠡ᠃ ᠬᠡᠷᠪᠡ ᠬᠡᠰᠡᠭ ᠭᠠᠵᠠᠷ ᠣᠷᠣᠨ᠎ᠳᠤ ᠨᠡᠯᠢᠶᠡᠳ ᠶᠡᠭᠡ ᠬᠡᠪᠴᠢᠶ᠎ᠡ᠎ᠲᠠᠢ ᠲᠤᠬᠠᠢ ᠵᠢᠨ ᠭᠠᠵᠠᠷ᠎ᠤᠨ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ ᠡᠭᠦᠰᠬᠦ ᠵᠢᠨ ᠬᠠᠮᠲᠤ ᠣᠨᠳᠣᠤ ᠭᠠᠵᠠᠷ᠎ᠲᠤ ᠲᠠᠷᠬᠠᠬᠤ ᠲᠦᠭᠰᠢᠭᠦᠷᠢ ᠣᠷᠣᠰᠢᠵᠤ ᠪᠠᠶ᠋ᠢᠪᠠᠯ᠂ ᠬᠢᠵᠢᠭ᠎ᠤᠨ ᠪᠠᠶ᠋ᠢᠳᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠭᠰᠡᠨ ᠰᠠᠭᠤᠷᠢᠨ ᠳᠡᠭᠡᠷ᠎ᠡ᠂ ᠬᠥᠮᠦᠰ᠎ᠤᠨ ᠣᠷᠣᠨ ᠪᠦᠰᠡ ᠠᠯᠤᠰᠯᠠᠨ ᠰᠢᠯᠵᠢᠬᠦ ᠪᠠ ᠲᠦᠭᠰᠢᠭᠦᠷᠢ᠎ᠲᠠᠢ ᠬᠥᠮᠦᠰ᠎ᠤᠨ ᠵᠢᠭᠰᠠᠭ᠋ᠠᠨ ᠪᠠᠶ᠋ᠢᠴᠠᠭ᠋ᠠᠯᠲᠠ ᠵᠡᠷᠭᠡ᠎ᠳᠤ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭᠲᠡᠶ᠃

                    2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
2023 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
 
            