ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2023] 14 ᠳ᠋ᠦ᠍ᠭᠡᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2023 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠡᠷ᠎ᠤᠨ ᠠᠶᠤᠯ᠎ᠢ ᠤᠷᠢᠳᠴᠢᠯᠠᠨ ᠰᠡᠷᠭᠡᠢ᠌ᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠡᠷ᠎ᠤᠨ ᠠᠶᠤᠯ᠎ᠤᠨ ᠬᠣᠣᠷ ᠬᠥᠨᠥᠭᠡᠯ᠎ᠢ ᠪᠠᠭ᠋ᠠᠰᠬᠠᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠬᠠᠤᠯᠢ》᠂ 《ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠳᠦᠷᠢᠮ》᠂ 《ᠭᠠᠯ ᠰᠡᠷᠭᠡᠢ᠌ᠯᠡᠵᠦ ᠤᠨᠲᠠᠷᠠᠭ᠋ᠠᠯᠲᠠ ᠵᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠂ (ᠲᠢᠩᠬᠢᠮ ᠦᠰᠦᠭ [2019] 34 ᠳ᠋ᠦ᠍ᠭᠡᠷ ᠲᠣᠭ᠋ᠠᠲᠤ)᠂ 《〈ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 87 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠣᠰ ᠲᠣᠭᠲᠠᠭ᠋ᠠᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠳᠤ ᠲᠣᠬᠢᠷᠠᠨ ᠬᠡᠷᠡᠭᠯᠡᠭᠳᠡᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠣᠢ ᠰᠢᠭᠤᠢ᠂ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠳᠤ ᠣᠨᠳᠣᠣ ᠲᠣᠭᠲᠠᠭ᠋ᠠᠯ ᠪᠠᠢ᠌ᠪᠠᠯ᠂ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ᠃
ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠨᠢ 《ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠵᠤ᠂ ᠰᠡᠷᠭᠡᠢ᠌ᠯᠡᠬᠦ ᠪᠠ ᠤᠨᠲᠠᠷᠠᠭ᠋ᠠᠬᠤ ᠵᠢ ᠬᠠᠷᠢᠯᠴᠠᠨ ᠤᠶᠠᠯᠳᠤᠭᠤᠯᠬᠤ》 ᠴᠢᠭᠯᠡᠯᠲᠡ ᠵᠢ ᠪᠠᠷᠢᠮᠲᠠᠯᠠᠵᠤ᠂ ᠲᠤᠬᠠᠢ ᠵᠢᠨ ᠭᠠᠵᠠᠷ᠎ᠲᠤᠨᠢ ᠲᠣᠬᠢᠷᠠᠭᠤᠯᠵᠤ᠂ ᠪᠦᠭᠦᠳᠡᠭᠡᠷ ᠵᠶ᠋ᠡᠨ ᠰᠡᠷᠭᠡᠢ᠌ᠯᠡᠨ ᠵᠠᠰᠠᠬᠤ᠂ ᠥᠪᠡᠷ ᠵᠶ᠋ᠡᠨ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠵᠠᠷᠴᠢᠮ ᠶᠣᠰᠣᠭ᠋ᠠᠷ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃
ᠳᠥᠷᠪᠡᠳᠦᠭᠡᠷ ᠵᠦᠢ᠍ᠯ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ᠂ ᠪᠠᠲᠤᠯᠠᠭ᠎ᠠ᠂ ᠰᠢᠯᠭ᠋ᠠᠨ ᠬᠢᠨᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠋ᠠᠨ᠎ᠳᠠᠬᠢ ᠬᠠᠷᠠᠯᠲᠠ ᠵᠢᠨ ᠰᠢᠯᠭ᠋ᠠᠨ ᠲᠣᠭᠲᠠᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠳᠤ ᠪᠠᠢ᠌ᠴᠠᠭ᠋ᠠᠯᠲᠠ ᠪᠠ ᠰᠢᠯᠭ᠋ᠠᠨ ᠬᠢᠨᠠᠯᠲᠠ ᠬᠢᠨ᠎ᠡ᠃
ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠪᠣᠳᠠᠲᠠᠢ ᠪᠠᠢ᠌ᠭᠤᠯᠤᠮᠵᠢ ᠪᠠ ᠬᠠᠷᠢᠭᠤᠴᠠᠯᠭ᠋ᠠᠲᠠᠨ᠎ᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠰᠤᠮᠤ ᠰᠢᠶᠠᠩ ᠪᠠᠯᠭ᠋ᠠᠰᠤ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠳᠤ ᠨᠠᠢ᠌ᠳᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠯ ᠰᠡᠷᠭᠡᠢ᠌ᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠰᠢᠢ᠍ᠳᠬᠡᠨ ᠲᠣᠷᠭ᠋ᠠᠬᠤ ᠵᠦᠢ᠍ᠯᠡᠰ᠎ᠢ ᠬᠠᠷᠢᠭᠤᠴᠠᠵᠤ ᠪᠣᠯᠣᠨ᠎ᠠ᠃
ᠬᠣᠶᠠᠳᠤᠭ᠋ᠠᠷ ᠪᠦᠯᠦᠭ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ
ᠳᠣᠯᠣᠳᠤᠭ᠋ᠠᠷ ᠵᠦᠢ᠍ᠯ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠢ᠌ᠯᠡᠵᠦ ᠤᠨᠲᠠᠷᠠᠭ᠋ᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠲᠤᠬᠠᠢ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠬ᠋ᠡᠷᠡᠭᠵᠢᠭᠦᠯᠦᠨᠡ;
(ᠬᠣᠶᠠᠷ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠌ᠷᠢᠯᠠᠭᠤᠯᠤᠨ᠎ᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠵᠤ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠲᠣᠰ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠠᠭᠤᠯᠭ᠎ᠠ᠎ᠳᠤ ᠣᠷᠣᠭᠤᠯᠵᠤ᠂ ᠬᠠᠷᠢᠶᠠᠲᠤ ᠣᠷᠣᠨ᠎ᠤ ᠰᠤᠮᠤ ᠰᠢᠶᠠᠩ ᠪᠠᠯᠭ᠋ᠠᠰᠤ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠲᠥᠯᠦᠪᠵᠢᠭᠦᠯᠭᠡ ᠵᠢ ᠵᠣᠬᠢᠰᠲᠠᠢ ᠲᠣᠭᠲᠠᠭ᠋ᠠᠨ᠎ᠠ;
(ᠲᠠᠪᠤ) ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ᠂ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠡᠷᠭᠡ ᠣᠯᠡᠨ ᠬᠡᠯᠪᠡᠷᠢ ᠮᠠᠶᠢᠭ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠪᠠᠢ᠌ᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠵᠦᠢ᠍ᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ;
(ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠪᠠᠢ᠌ᠩᠭᠤᠵᠢᠭᠤᠯᠤᠭᠰᠠᠨ ᠭᠠᠯ ᠲᠦᠢ᠍ᠮᠡᠷ᠎ᠤᠨ ᠠᠶᠤᠯ᠎ᠤᠨ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠢ ᠵᠠᠰᠠᠯᠲᠠ ᠥᠷᠨᠢᠭᠦᠯᠬᠦ ᠵᠢ ᠪᠠᠢ᠌ᠷᠢᠯᠠᠭᠤᠯᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ;
(ᠳᠣᠯᠣᠭ᠎ᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠣᠷᠤᠭᠤᠯᠤᠯᠲᠠ ᠵᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠨᠥᠬᠥᠴᠡᠯ᠎ᠢ ᠰᠠᠢ᠌ᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ ᠦᠢ᠍ᠯᠡᠰ᠎ᠤᠨ ᠬᠥᠭᠵᠢᠯᠲᠡ ᠵᠢ ᠪᠠᠲᠤᠯᠠᠨ᠎ᠠ;
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠭᠠᠯ ᠰᠡᠷᠭᠡᠢ᠌ᠯᠡᠵᠦ ᠤᠨᠲᠠᠷᠠᠭ᠋ᠠᠬᠤ ᠡᠭᠦᠷᠭᠡ ᠬᠠᠷᠢᠭᠤᠴᠠᠯᠭ᠎ᠠ᠃
ᠨᠠᠢ᠍ᠮᠠᠳᠤᠭ᠋ᠠᠷ ᠵᠦᠢ᠍ᠯ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ᠎ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠢᠯᠣᠭᠣᠳᠤᠯᠭ᠎ᠠ ᠳᠣᠣᠷ᠎ᠠ᠂ ᠬᠠᠤᠯᠢ ᠶᠣᠰᠣᠭ᠋ᠠᠷ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠬᠢᠨᠠᠯᠲᠠ ᠪᠠᠢ᠌ᠴᠠᠭ᠋ᠠᠯᠲᠠ᠂ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠬᠡᠷᠡᠭᠵᠢᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ᠎ᠨᠢ ᠰᠢᠪᠠᠳᠠᠨ ᠱᠠᠭ᠋ᠠᠷᠳᠠᠬᠤ ᠪᠠ ᠵᠢᠯᠣᠭᠣᠳᠤᠨ᠎ᠠ; ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠡᠷ᠎ᠤᠨ ᠠᠶᠤᠯ ᠭᠠᠷᠪᠠᠯ᠂ ᠭᠠᠯ ᠲᠦᠢ᠍ᠮᠡᠷ᠎ᠢ ᠤᠨᠲᠠᠷᠠᠭ᠋ᠠᠨ ᠠᠪᠤᠷᠠᠬᠤ ᠠᠵᠢᠯ᠎ᠢ ᠵᠣᠬᠢᠶᠠᠨ ᠪᠠᠢ᠌ᠭᠤᠯᠬᠤ᠎ᠳᠤ ᠣᠷᠣᠯᠴᠠᠵᠤ᠂ ᠲᠠᠷᠢᠶᠠᠴᠢᠨ ᠮᠠᠯᠴᠢᠨ᠎ᠢ ᠠᠮᠤᠷ ᠲᠦᠪᠰᠢᠨ ᠵᠶ᠋ᠠᠷ ᠲᠠᠷᠬᠠᠭ᠋ᠠᠬᠤ ᠵᠢ ᠵᠢᠯᠤᠭᠣᠳᠴᠤ᠂ ᠭᠠᠯ ᠲᠦᠢ᠍ᠮᠡᠷ᠎ᠤᠨ ᠲᠤᠬᠠᠢ ᠵᠢᠨ ᠲᠠᠯᠠᠪᠤᠷ᠎ᠤᠨ ᠰᠡᠷᠡᠮᠵᠢᠯᠡᠯᠲᠡ᠂ ᠬᠠᠮᠠᠭ᠋ᠠᠯᠠᠯᠲᠠ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ;
(ᠬᠣᠶᠠᠷ) ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠨᠢ ᠭᠠᠯ ᠰᠡᠷᠭᠡᠢ᠌ᠯᠡᠵᠦ ᠤᠨᠲᠠᠷᠠᠭ᠋ᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠲᠠᠷᠢᠶᠠᠴᠢᠨ ᠮᠠᠯᠴᠢᠨ᠎ᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ᠎ᠤᠨ ᠠᠭᠤᠯᠭ᠎ᠠ᠎ᠳᠤ ᠣᠷᠣᠭᠤᠯᠬᠤ ᠵᠢ ᠬᠠᠷᠢᠭᠤᠴᠠᠨ᠎ᠠ;
(ᠭᠤᠷᠪᠠ) ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠵᠠᠷᠤᠳᠠᠯ᠎ᠢ ᠲᠤᠬᠠᠢ ᠵᠢᠨ ᠭᠠᠵᠠᠷ᠎ᠤᠨ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠵᠢ ᠬᠠᠷᠢᠭᠤᠴᠠᠨ᠎ᠠ;
(ᠳᠥᠷᠪᠡ) ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠪᠠᠷᠢᠯᠭ᠎ᠠ ᠵᠢᠨ ᠪᠠᠢ᠌ᠭᠤᠯᠤᠯᠲᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠭᠠᠯ ᠰᠡᠷᠭᠡᠢ᠌ᠯᠡᠵᠦ ᠤᠨᠲᠠᠷᠠᠭ᠋ᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ ᠮᠠᠯᠵᠢᠬᠤ ᠣᠷᠣᠨ᠎ᠤ ᠭᠡᠷ ᠪᠠᠢ᠌ᠰᠢᠩ᠎ᠳᠤ ᠮᠡᠷᠭᠡᠵᠢᠯ᠎ᠤᠨ ᠵᠢᠯᠣᠭᠣᠳᠤᠯᠭ᠎ᠠ ᠪᠠ ᠦᠢ᠍ᠯᠡᠴᠢᠯᠡᠭᠡ ᠥᠷᠨᠢᠭᠦᠯᠬᠦ ᠵᠢ ᠬᠠᠷᠢᠭᠤᠴᠠᠨ ᠴᠢᠩᠭ᠋ᠠᠳᠬᠠᠨ᠎ᠠ;
(ᠲᠠᠪᠤ) ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠠᠩᠭ᠋ᠠᠬᠤ ᠨᠢᠭᠡᠴᠢ ᠵᠢᠨ ᠲᠠᠷᠢᠶᠠᠯᠠᠬᠤ ᠮᠠᠯᠵᠢᠬᠤ ᠣᠷᠣᠨ᠎ᠤ ᠭᠠᠯ ᠤᠨᠲᠠᠷᠠᠭ᠋ᠠᠯᠲᠠ ᠵᠢᠨ ᠤᠰᠤᠨ᠎ᠤ ᠰᠤᠷᠪᠤᠯᠵᠢ ᠪᠠ ᠭᠠᠯ ᠤᠨᠲᠠᠷᠠᠭ᠋ᠠᠯᠲᠠ ᠵᠢᠨ ᠤᠰᠤ ᠬᠠᠩᠭ᠋ᠠᠬᠤ ᠰᠢᠰᠲ᠋ᠧᠮ᠎ᠤᠨ ᠪᠦᠲᠦᠭᠡᠨ ᠪᠠᠢ᠌ᠭᠤᠯᠬᠤ ᠪᠠ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠵᠢ ᠵᠢᠭ᠋ᠠᠨ ᠵᠢᠯᠤᠭᠣᠳᠴᠤ ᠰᠢᠪᠠᠳᠠᠨ ᠱᠠᠭ᠋ᠠᠷᠳᠠᠬᠤ ᠵᠢ ᠬᠠᠷᠢᠭᠤᠴᠠᠨ᠎ᠠ;
(ᠵᠢᠷᠭᠤᠭ᠎ᠠ) ᠴᠠᠬᠢᠯᠭ᠋ᠠᠨ ᠬᠦᠴᠦᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠴᠠᠬᠢᠯᠭ᠋ᠠᠨ ᠬᠦᠴᠦᠨ᠎ᠤ ᠠᠵᠤ ᠠᠬᠤᠢ᠌ᠯᠠᠯ᠎ᠢ ᠰᠢᠪᠠᠳᠠᠨ ᠱᠠᠭ᠋ᠠᠷᠳᠠᠵᠤ ᠪᠠᠢ᠌ᠭ᠋ᠠᠳ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠠᠩᠭ᠋ᠠᠬᠤ ᠪᠡᠯᠡᠳᠬᠡᠮᠵᠢ᠂ ᠴᠠᠬᠢᠯᠭ᠋ᠠᠨ ᠬᠡᠯᠬᠢᠶᠡᠨ᠎ᠳᠤ ᠲᠣᠭᠲᠠᠭᠰᠠᠨ ᠬᠤᠭᠤᠴᠠᠭ᠎ᠠ᠎ᠲᠠᠢ᠎ᠪᠠᠷ ᠪᠠᠢ᠌ᠴᠠᠭ᠋ᠠᠯᠲᠠ ᠬᠢᠵᠦ᠂ ᠴᠠᠬᠢᠯᠭ᠋ᠠᠨ ᠬᠠᠩᠭ᠋ᠠᠬᠤ ᠪᠡᠯᠡᠳᠬᠡᠮᠵᠢ ᠪᠠ ᠴᠠᠬᠢᠯᠭ᠋ᠠᠨ ᠬᠡᠯᠬᠢᠶ᠎ᠡ ᠵᠢ ᠴᠠᠭ ᠲᠤᠬᠠᠢᠳᠤᠨᠢ ᠰᠣᠯᠢᠵᠤ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠬᠡᠷᠡᠭᠯᠡᠭᠴᠢ ᠵᠢᠨ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠤ ᠪᠠᠢ᠌ᠴᠠᠭ᠋ᠠᠯᠲᠠ ᠬᠢᠬᠦ ᠵᠢ ᠥᠷᠨᠢᠭᠦᠯᠦᠨ᠂ ᠴᠠᠬᠢᠯᠭ᠋ᠠᠨ ᠬᠡᠯᠬᠢᠶᠡᠨ᠎ᠤ ᠠᠮᠤᠷ ᠲᠦᠪᠰᠢᠨ᠎ᠤ ᠭᠡᠮ ᠰᠣᠭᠣᠭ᠎ᠢ ᠰᠢᠮᠳᠠᠭᠤᠯᠵᠤ ᠴᠡᠭᠴᠡᠯᠡᠨ ᠵᠠᠰᠠᠬᠤ ᠵᠢ ᠬᠠᠷᠢᠭᠤᠴᠠᠨ᠎ᠠ;
(ᠳᠣᠯᠣᠭ᠎ᠠ) ᠡᠪᠯᠡᠯ᠎ᠤᠨ ᠬᠣᠷᠢᠶ᠎ᠠ᠎ᠨᠢ ᠰᠠᠢ᠌ᠨ ᠳᠤᠷᠠᠴᠤᠳ᠎ᠢ ᠵᠣᠬᠢᠶᠠᠨ ᠪᠠᠢ᠌ᠭᠤᠯᠵᠤ ᠲᠠᠷᠢᠶᠠᠯᠠᠬᠤ ᠮᠠᠯᠵᠢᠬᠤ ᠣᠷᠣᠨ᠎ᠳᠤ ᠭᠦᠨᠵᠡᠭᠡᠢ᠌ᠷᠡᠨ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠠᠢ᠌ᠯ ᠭᠡᠷ᠎ᠲᠤ ᠭᠦᠨᠵᠡᠭᠡᠢ᠌ᠷᠡᠨ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠵᠢ ᠬᠠᠷᠢᠭᠤᠴᠠᠨ᠎ᠠ;
(ᠨᠠᠢ᠍ᠮᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠶᠡᠷᠦᠩᠬᠡᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠬᠢᠨᠠᠯᠲᠠ ᠪᠠᠢ᠌ᠴᠠᠭ᠋ᠠᠯᠲᠠ ᠵᠢ ᠬᠠᠤᠯᠢ ᠶᠣᠰᠣᠭ᠋ᠠᠷ ᠬᠡᠷᠡᠭᠵᠢᠭᠦᠯᠦᠨ᠎ᠡ; ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠤᠭᠣᠳᠴᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠪᠠᠢ᠌ᠳᠠᠯ᠎ᠢ ᠮᠡᠳᠡᠭᠦᠯᠵᠦ᠂ ᠠᠵᠢᠯ᠎ᠤᠨ ᠰᠠᠨᠠᠭᠤᠯᠭ᠎ᠠ ᠳᠤᠷᠠᠳᠤᠨ᠎ᠠ; ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ᠂ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠡᠷᠭᠡ ᠣᠯᠠᠨ ᠬᠡᠯᠪᠡᠷᠢ ᠮᠠᠶᠢᠭ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠬᠦᠴᠦᠨ ᠵᠦᠢ᠍ᠯ᠎ᠳᠤ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠢᠨ᠎ᠡ᠃
ᠶᠢᠰᠦᠳᠦᠭᠡᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ 《ᠲᠣᠣᠷᠯᠢᠭᠵᠢᠭᠤᠯᠬᠤ》 ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ;
(ᠬᠣᠶᠠᠷ) ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠌ᠷᠢᠯᠠᠭᠤᠯᠵᠤ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠠᠷᠠᠳ ᠲᠦᠮᠡᠨᠴᠢ ᠴᠢᠨᠠᠷᠲᠠᠢ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠤᠭᠣᠳᠴᠤ ᠬᠠᠪᠰᠤᠷᠤᠨ ᠳᠡᠮᠵᠢᠨ᠎ᠡ; (ᠭᠤᠷᠪᠠ) ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠭᠤᠯᠭ᠎ᠠ ᠵᠢ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠂ ᠭᠠᠴᠠᠭ᠎ᠠ ᠲᠣᠰᠬᠤᠨ᠎ᠤ ᠲᠥᠯᠦᠪᠵᠢᠭᠦᠯᠭᠡ᠎ᠳᠤ ᠣᠷᠣᠭᠤᠯᠬᠤ ᠵᠢᠨ ᠬᠠᠮᠲᠤ ᠡᠷᠡᠰ ᠴᠢᠩᠭ᠎ᠠ᠎ᠪᠠᠷ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ;
(ᠳᠥᠷᠪᠡ) ᠣᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ ᠪᠠᠢ᠌ᠭ᠋ᠠᠳ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠵᠢ ᠵᠣᠬᠢᠶᠠᠨ ᠪᠠᠢ᠌ᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠠ ᠥᠪᠡᠷᠲᠡᠭᠡᠨ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠡᠰᠢᠭᠦᠨ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠢᠨ ᠭᠡᠰᠢᠭᠦᠨ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ ᠭᠠᠯ ᠰᠡᠷᠭᠡᠢ᠌ᠯᠡᠵᠦ ᠤᠨᠲᠠᠷᠠᠭ᠋ᠠᠬᠤ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢ ᠰᠣᠷᠣᠯᠴᠠᠭᠤᠯᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠲᠤᠬᠠᠢ᠌ᠯᠠᠭᠰᠠᠨ ᠠᠵᠢᠯ᠎ᠤᠨ ᠤᠷ᠎ᠠ ᠮᠡᠷᠭᠡᠵᠢᠯ᠎ᠢ᠎ᠨᠢ ᠳᠡᠭᠡᠭᠰᠢᠯᠡᠭᠦᠯᠦᠨ᠎ᠡ;
(ᠲᠠᠪᠤ) ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠪᠤᠶᠤ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠪᠠᠢ᠌ᠭᠤᠯᠵᠤ᠂ ᠭᠠᠯ ᠲᠦᠢ᠍ᠮᠡᠷ᠎ᠢ ᠤᠨᠲᠠᠷᠠᠭ᠋ᠠᠨ ᠠᠪᠤᠷᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ;
(ᠵᠢᠷᠭᠤᠭ᠎ᠠ) ᠴᠢᠬᠤᠯᠠ ᠪᠦᠬᠦᠢ ᠪᠡᠯᠡ ᠮᠥᠩᠭᠥ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠨᠡᠢ᠌ᠲᠡ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠪᠠᠢ᠌ᠭᠤᠯᠤᠯᠲᠠ᠂ ᠬᠠᠮᠠᠭ᠋ᠠᠯᠠᠯᠲᠠ ᠬᠠᠮᠢᠶᠠᠷᠤᠯᠲᠠ ᠪᠠ ᠡᠯ᠎ᠡ ᠵᠦᠢ᠍ᠯ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠵᠠᠷᠤᠳᠠᠯ᠎ᠤᠨ ᠵᠠᠷᠤᠯᠭ᠎ᠠ ᠵᠢ ᠪᠠᠲᠤᠯᠠᠨ᠎ᠠ;
(ᠳᠣᠯᠣᠭ᠎ᠠ) ᠭᠠᠯ ᠤᠨᠲᠠᠷᠠᠭ᠋ᠠᠵᠤ ᠲᠤᠰᠠᠯᠠᠨ ᠠᠪᠤᠷᠠᠬᠤ᠂ ᠭᠠᠯ ᠲᠦᠢ᠍ᠮᠡᠷ᠎ᠤᠨ ᠡᠨᠳᠡᠭᠳᠡᠯᠢ ᠪᠠᠢ᠌ᠴᠠᠭ᠋ᠠᠬᠤ ᠪᠠ ᠰᠡᠭᠦᠯ ᠬᠤᠷᠢᠶᠠᠵᠤ ᠰᠢᠢ᠍ᠳᠪᠦᠷᠢᠯᠡᠬᠦ ᠠᠵᠢᠯ᠎ᠢ ᠬᠠᠪᠰᠤᠷᠤᠨ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠵᠣᠬᠢᠶᠠᠨ ᠪᠠᠢ᠌ᠭᠤᠯᠵᠤ ᠲᠣᠭᠲᠠᠭ᠋ᠠᠨ᠎ᠠ;
(ᠬᠣᠶᠠᠷ) ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠰᠢᠪᠠᠳᠠᠨ ᠱᠠᠭ᠋ᠠᠷᠳᠠᠵᠤ ᠪᠠᠢ᠌ᠭ᠋ᠠᠳ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ᠎ᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠪᠠ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠠᠯ ᠲᠦᠢ᠍ᠮᠡᠷ᠎ᠤᠨ ᠠᠶᠤᠯ᠎ᠤᠨ ᠭᠡᠮ ᠰᠣᠭᠣᠭ᠎ᠢ ᠴᠡᠭᠴᠡᠯᠡᠨ ᠵᠠᠰᠠᠬᠤ ᠵᠢ ᠰᠢᠪᠠᠳᠠᠨ ᠱᠠᠭ᠋ᠠᠷᠳᠠᠨ᠎ᠠ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠪᠠᠢ᠌ᠴᠠᠭ᠋ᠠᠨ ᠰᠤᠳᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃
ᠠᠷᠪᠠᠨ ᠨᠢᠭᠡᠳᠦᠭᠡᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠳᠣᠣᠷᠠᠬᠢ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠭᠴᠢ ᠵᠢ ᠲᠣᠭᠲᠠᠭ᠋ᠠᠵᠤ᠂ ᠲᠠᠷᠢᠶᠠᠴᠢᠨ ᠮᠠᠯᠴᠢᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠭᠠᠯ ᠰᠡᠷᠭᠡᠢ᠌ᠯᠡᠬᠦ ᠨᠡᠢ᠌ᠲᠡ ᠵᠢᠨ ᠭᠡᠷ᠎ᠡ ᠲᠣᠭᠲᠠᠬᠤ ᠵᠢ ᠵᠣᠬᠢᠶᠠᠨ ᠪᠠᠢ᠌ᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠢ᠌ᠯᠡᠬᠦ ᠨᠡᠢ᠌ᠲᠡ ᠵᠢᠨ ᠭᠡᠷ᠎ᠡ ᠵᠢ ᠭᠦᠢ᠍ᠴᠡᠳᠬᠡᠬᠦ ᠪᠠᠢ᠌ᠳᠠᠯ᠎ᠢ ᠰᠢᠪᠠᠳᠠᠨ ᠱᠠᠭ᠋ᠠᠷᠳᠠᠵᠤ᠂ ᠪᠠᠢ᠌ᠴᠠᠭ᠋ᠠᠯᠲᠠ ᠬᠢᠨ᠎ᠡ;
(ᠬᠣᠶᠠᠷ) ᠬᠠᠭ᠋ᠠᠰ ᠵᠢᠯ ᠪᠦᠷᠢ᠎ᠳᠤ ᠲᠣᠰ ᠭᠠᠴᠠᠭ᠎ᠠ ᠲᠣᠰᠬᠤᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠳᠠᠯ᠎ᠳᠤ ᠵᠠᠳᠠᠯᠤᠯᠲᠠ ᠮᠠᠭ᠋ᠠᠳᠯᠠᠯᠲᠠ ᠬᠢᠬᠦ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠪᠢᠴᠢᠭ᠎ᠤᠨ ᠬᠡᠯᠪᠡᠷᠢ᠎ᠪᠠᠷ ᠮᠡᠳᠡᠭᠦᠯᠦᠯᠲᠡ ᠬᠢᠨ᠎ᠡ;
(ᠭᠤᠷᠪᠠ) ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠭᠠᠯ ᠤᠨᠲᠠᠷᠠᠭ᠋ᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠰᠣᠷᠢᠯᠲᠠ ᠬᠢᠬᠦ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ᠎ᠤ ᠥᠪᠡᠷᠲᠡᠭᠡᠨ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ;
(ᠳᠥᠷᠪᠡ) ᠭᠠᠯ ᠰᠡᠷᠭᠡᠢ᠌ᠯᠡᠬᠦ ᠴᠠᠭᠳᠠᠨ ᠪᠠᠢ᠌ᠴᠠᠭ᠋ᠠᠯᠲᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠰᠡᠷᠡᠵᠦ ᠮᠡᠳᠡᠬᠦ ᠪᠠ ᠵᠠᠯᠠᠷᠠᠭᠤᠯᠤᠨ᠎ᠠ;
(ᠲᠠᠪᠤ) ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠥᠷᠳᠡᠭᠡ) ᠪᠠᠢ᠌ᠭᠤᠯᠵᠤ᠂ ᠴᠢᠬᠤᠯᠠ ᠪᠦᠬᠦᠢ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠨᠣᠭᠯᠠᠯ᠎ᠢ ᠲᠣᠬᠢᠷᠠᠭᠤᠯᠤᠨ᠎ᠠ;
(ᠵᠢᠷᠭᠤᠭ᠎ᠠ) ᠭᠠᠯ ᠲᠦᠢ᠍ᠮᠡᠷ ᠡᠭᠦᠰᠬᠦ ᠦᠶ᠎ᠡ᠎ᠳᠤ᠂ ᠴᠠᠭ ᠲᠤᠬᠠᠢᠳᠤᠨᠢ ᠰᠡᠷᠡᠮᠵᠢ ᠵᠢᠨ ᠳᠣᠬᠢᠶ᠎ᠠ ᠥᠭᠴᠦ᠂ ᠣᠢ᠌ᠷ᠎ᠠ ᠣᠷᠴᠢᠮ᠎ᠤᠨ ᠣᠯᠡᠨ ᠲᠦᠮᠡᠨ᠎ᠢ ᠵᠣᠬᠢᠶᠠᠨ ᠪᠠᠢ᠌ᠭᠤᠯᠤᠨ ᠲᠠᠷᠬᠠᠭ᠋ᠠᠵᠤ᠂ ᠰᠠᠢ᠌ᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠢ᠌ᠭᠤᠯᠵᠤ ᠪᠠᠢ᠌ᠭ᠋ᠠᠳ ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠵᠦ᠂ ᠭᠠᠯ ᠰᠡᠷᠭᠡᠢ᠌ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠌ᠭᠤᠯᠤᠮᠵᠢ ᠲᠤᠬᠠᠢ ᠵᠢᠨ ᠲᠠᠯᠠᠪᠤᠷ᠎ᠲᠤ ᠬᠥᠷᠥᠭᠰᠡᠨ᠎ᠤ ᠳᠠᠷᠠᠭ᠎ᠠ᠂ ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠬᠦ᠎ᠳᠤ ᠬᠠᠮᠵᠢᠯᠴᠠᠵᠤ᠂ ᠭᠠᠯ ᠲᠦᠢ᠍ᠮᠡᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠰᠡᠷᠭᠡᠢ᠌ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠌ᠭᠤᠯᠤᠮᠵᠢ ᠵᠢᠴᠢ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ ᠬᠠᠮᠵᠢᠨ ᠭᠠᠯ ᠲᠦᠢ᠍ᠮᠡᠷ᠎ᠤᠨ ᠲᠤᠬᠠᠢ ᠵᠢᠨ ᠲᠠᠯᠠᠪᠤᠷ᠎ᠢ ᠬᠠᠮᠠᠭ᠋ᠠᠯᠠᠨ᠂ ᠭᠠᠯ ᠲᠦᠢ᠍ᠮᠡᠷ ᠡᠭᠦᠰᠦᠭᠰᠡᠨ ᠰᠢᠯᠲᠠᠭ᠋ᠠᠨ᠎ᠢ ᠰᠤᠳᠤᠯᠤᠨ ᠪᠠᠢ᠌ᠴᠠᠭ᠋ᠠᠵᠤ᠂ ᠭᠠᠯ ᠲᠦᠢ᠍ᠮᠡᠷ᠎ᠠᠴᠠ ᠪᠣᠯᠤᠭᠰᠠᠨ ᠬᠣᠬᠢᠷᠠᠯ᠎ᠢ ᠪᠦᠷᠢᠳᠬᠡᠨ᠎ᠡ᠃
ᠠᠷᠪᠠᠨ ᠬᠣᠶᠠᠳᠤᠭ᠋ᠠᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢ᠌ᠭᠤᠯᠵᠤ ᠲᠣᠭᠲᠠᠭ᠋ᠠᠭᠰᠠᠨ ᠭᠠᠯ ᠰᠡᠷᠭᠡᠢ᠌ᠯᠡᠬᠦ ᠨᠡᠢ᠌ᠲᠡ ᠵᠢᠨ ᠭᠡᠷ᠎ᠡ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠭᠠᠯ ᠴᠠᠬᠢᠯᠭ᠋ᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭ᠋ᠠᠢ ᠰᠢᠲᠠᠮᠠᠬᠠᠢ ᠪᠣᠳᠠᠰ ᠣᠪᠣᠭ᠋ᠠᠯᠠᠨ ᠲᠠᠯᠪᠢᠬᠤ ᠵᠡᠷᠭᠡ ᠦᠢ᠍ᠯᠡ ᠠᠵᠢᠯᠯᠠᠭ᠎ᠠ ᠵᠢᠨ ᠠᠮᠤᠷ ᠲᠦᠪᠰᠢᠨ᠎ᠤ ᠱᠠᠭ᠋ᠠᠷᠳᠠᠯᠭ᠎ᠠ;
(ᠬᠣᠶᠠᠷ) ᠭᠠᠯ ᠤᠨᠲᠠᠷᠠᠭ᠋ᠠᠬᠤ ᠲᠡᠷᠭᠡᠨ ᠵᠠᠮ ᠰᠠᠭ᠋ᠠᠳ ᠦᠭᠡᠢ ᠨᠡᠪᠲᠡᠷᠡᠬᠦ᠂ ᠨᠡᠢ᠌ᠲᠡ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠪᠡᠯᠡᠳᠬᠡᠮᠵᠢ ᠪᠠᠭ᠋ᠠᠵᠢ ᠬᠡᠷᠡᠭᠰᠡᠯ᠎ᠤᠨ ᠪᠦᠷᠢᠨ ᠪᠦᠲᠦᠨ ᠬᠦᠴᠦᠨ᠎ᠲᠠᠢ ᠪᠠᠢ᠌ᠬᠤ ᠵᠢ ᠪᠠᠲᠤᠯᠠᠬᠤ ᠵᠢᠨ ᠠᠷᠭ᠎ᠠ ᠬᠡᠮᠵᠢᠶ᠎ᠡ;
(ᠭᠤᠷᠪᠠ) ᠨᠠᠰᠤᠨ᠎ᠳᠤ ᠦᠯᠦ ᠬᠦᠷᠦᠭᠰᠡᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ ᠵᠡᠷᠭᠡ ᠢᠷᠭᠡᠨ᠎ᠤ ᠬᠡᠷᠡᠭ᠎ᠤᠨ ᠠᠵᠢᠯᠯᠠᠭ᠋ᠠᠨ᠎ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠣᠢ᠌ᠴᠤᠳ ᠵᠡᠮᠳᠡᠭᠴᠦᠳ ᠵᠡᠷᠭᠡ ᠪᠠᠭᠤᠷᠠᠢ᠌ᠴᠤᠳᠤᠨ ᠠᠮᠤᠷ ᠲᠦᠪᠰᠢᠨ᠎ᠤ ᠲᠠᠯ᠎ᠠ᠎ᠪᠠᠷ ᠬᠢᠨᠠᠨ ᠬᠠᠮᠠᠭ᠋ᠠᠯᠠᠬᠤ ᠪᠠ ᠬᠠᠪᠰᠤᠷᠤᠨ ᠳᠡᠮᠵᠢᠬᠦ ᠠᠷᠭ᠎ᠠ ᠬᠡᠮᠵᠢᠶ᠎ᠡ;
(ᠳᠥᠷᠪᠡ) ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠪᠤᠰᠤᠳ ᠠᠭᠤᠯᠭ᠎ᠠ᠃
ᠠᠷᠪᠠᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ᠂ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠥᠷᠳᠡᠭᠡ)᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠄
(ᠨᠢᠭᠡ) ᠭᠠᠯ ᠤᠨᠲᠠᠷᠠᠭ᠋ᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ ᠰᠣᠷᠢᠯᠲᠠ ᠬᠢᠨ᠎ᠡ;
(ᠬᠣᠶᠠᠷ) ᠵᠢᠵᠢᠭᠦᠷᠯᠡᠨ ᠠᠵᠢᠯᠯᠠᠵᠤ ᠳᠠᠢ᠌ᠨ᠎ᠳᠤ ᠪᠡᠯᠡᠳᠬᠡᠬᠦ ᠳᠦᠷᠢᠮ᠎ᠢ ᠪᠠᠢ᠌ᠭᠤᠯᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠦᠨ᠎ᠡ;
(ᠭᠤᠷᠪᠠ) ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠠᠭᠳᠠᠨ ᠪᠠᠢ᠌ᠴᠠᠭ᠋ᠠᠯᠲᠠ ᠪᠠ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠦᠨ᠎ᠡ;
(ᠳᠥᠷᠪᠡ) ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠢ ᠬᠡᠷᠡᠭᠵᠢᠭᠦᠯᠦᠨ᠎ᠡ᠃
ᠠᠷᠪᠠᠨ ᠳᠥᠷᠪᠡᠳᠦᠭᠡᠷ ᠵᠦᠢ᠍ᠯ ᠲᠠᠷᠢᠶᠠᠴᠢᠨ ᠮᠠᠯᠴᠢᠨ᠎ᠨᠢ ᠳᠣᠣᠷᠠᠬᠢ ᠭᠠᠯ ᠰᠡᠷᠭᠡᠢ᠌ᠯᠡᠵᠦ ᠤᠨᠲᠠᠷᠠᠭ᠋ᠠᠬᠤ ᠠᠯᠪᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠢ᠌ᠯᠡᠬᠦ ᠨᠡᠢ᠌ᠲᠡ ᠵᠢᠨ ᠭᠡᠷ᠎ᠡ ᠵᠢ ᠵᠢᠷᠤᠮᠯᠠᠬᠤ ᠬᠡᠷᠡᠭᠲᠡᠢ;
(ᠬᠣᠶᠠᠷ) ᠨᠡᠢ᠌ᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠪᠠᠭ᠋ᠠᠵᠢ ᠬᠡᠷᠡᠭᠰᠡᠯ᠎ᠢ ᠬᠠᠢ᠌ᠷᠠᠯᠠᠨ ᠬᠠᠮᠠᠭ᠋ᠠᠯᠠᠬᠤ ᠬᠡᠷᠡᠭᠲᠡᠢ;
(ᠭᠤᠷᠪᠠ) ᠭᠠᠯ ᠰᠡᠷᠭᠡᠢ᠌ᠯᠡᠯᠲᠡ ᠵᠢᠨ ᠲᠤᠰᠠᠭ᠋ᠠᠷᠯᠠᠬᠤ ᠪᠦᠰᠡ ᠵᠢ ᠡᠵᠡᠯᠡᠨ ᠬᠡᠷᠡᠭᠯᠡᠬᠦ ᠦᠭᠡᠢ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ; (ᠳᠥᠷᠪᠡ) ᠳᠡᠭᠦᠵᠢᠯᠡᠭᠦᠷ ᠴᠠᠬᠢᠯᠭ᠋ᠠᠨ ᠬᠦᠷᠭᠡᠬᠦ ᠤᠲᠠᠰᠤᠨ᠎ᠤ ᠳᠣᠣᠷ᠎ᠠ ᠡᠪᠡᠰᠦ ᠲᠦᠯᠡᠭᠡ ᠵᠡᠷᠭᠡ ᠨᠣᠴᠣᠮᠠᠲᠠᠭ᠋ᠠᠢ ᠰᠢᠲᠠᠮᠠᠬᠠᠢ ᠪᠣᠳᠠᠰ᠎ᠢ ᠣᠪᠣᠭ᠋ᠠᠯᠠᠨ ᠲᠠᠯᠪᠢᠬᠤ ᠦᠭᠡᠢ;
(ᠲᠠᠪᠤ) ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ᠎ᠢ ᠤᠭᠰᠠᠷᠠᠬᠤ ᠪᠠ ᠬᠡᠷᠡᠭᠯᠡᠬᠦ ᠦᠭᠡᠢ᠂ ᠴᠠᠬᠢᠯᠭ᠋ᠠᠨ ᠬᠡᠷᠡᠭᠰᠡᠯ᠎ᠢ ᠠᠮᠤᠷ ᠲᠦᠪᠰᠢᠨ ᠵᠶ᠋ᠡᠷ ᠬᠡᠷᠡᠭᠯᠡᠬᠦ ᠲᠣᠭᠲᠠᠭ᠋ᠠᠯ᠎ᠢ ᠵᠢᠷᠤᠮᠯᠠᠵᠤ᠂ ᠳᠠᠭ᠋ᠠᠭ᠋ᠠᠴᠠ᠎ᠠᠴᠠ ᠬᠡᠲᠦᠷᠡᠲᠡᠯ᠎ᠡ ᠴᠠᠬᠢᠯᠭ᠋ᠠᠨ ᠬᠡᠷᠡᠭᠯᠡᠬᠦ ᠦᠭᠡᠢ᠂ ᠳᠤᠷ᠎ᠠ᠎ᠪᠠᠷ ᠴᠠᠬᠢᠯᠭ᠋ᠠᠨ ᠤᠲᠠᠰᠤ ᠵᠠᠯᠭ᠋ᠠᠨ ᠲᠠᠲᠠᠬᠤ ᠦᠭᠡᠢ;
(ᠵᠢᠷᠭᠤᠭ᠎ᠠ) ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠨᠵᠤ᠂ ᠬᠤᠯᠠᠩ ᠵᠶ᠋ᠡᠨ ᠴᠡᠪᠡᠷᠯᠡᠵᠦ᠂ ᠭᠠᠯ ᠲᠦᠢ᠍ᠮᠡᠷ ᠡᠭᠦᠰᠬᠦ ᠠᠶᠤᠯ ᠲᠦᠭᠰᠢᠭᠦᠷᠢ᠎ᠲᠠᠢ ᠲᠠᠯᠠᠪᠤᠷ ᠭᠠᠵᠠᠷ᠎ᠲᠤ ᠭᠠᠯ ᠬᠡᠷᠡᠭᠯᠡᠬᠦ ᠦᠭᠡᠢ;
(ᠳᠣᠯᠣᠭ᠎ᠠ) ᠭᠡᠷ ᠪᠦᠯᠢ ᠵᠢᠨ ᠭᠠᠯ ᠤᠨᠲᠠᠷᠠᠭ᠋ᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠵᠡᠷᠭᠡ ᠭᠠᠯ ᠰᠡᠷᠭᠡᠢ᠌ᠯᠡᠵᠦ ᠤᠨᠲᠠᠷᠠᠭ᠋ᠠᠬᠤ ᠤᠷ᠎ᠠ ᠮᠡᠷᠭᠡᠰᠢᠯ᠎ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ ᠪᠠᠭ᠋ᠠᠴᠤᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ᠂ ᠣᠶᠣᠨ ᠴᠢᠳᠠᠪᠤᠷᠢ ᠵᠢᠨ ᠰᠠᠭ᠋ᠠᠲᠠᠯ᠎ᠲᠠᠢ ᠬᠥᠮᠥᠰ ᠵᠡᠷᠭᠡ ᠬᠠᠷᠠᠭ᠋ᠠᠯᠵᠠᠨ ᠬᠠᠮᠠᠭ᠋ᠠᠯᠠᠭᠳᠠᠭᠴᠢ ᠵᠢᠨ ᠠᠮᠤᠷ ᠲᠦᠪᠰᠢᠨ᠎ᠤ ᠬᠥᠮᠦᠵᠢᠯ ᠪᠠ ᠬᠠᠷᠠᠵᠤ ᠬᠠᠷᠠᠭ᠋ᠠᠯᠵᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ;
(ᠨᠠᠢ᠍ᠮᠠ) ᠭᠡᠷ ᠪᠠᠢ᠌ᠰᠢᠩ ᠲᠦᠷᠢᠶᠡᠰᠦᠯᠡᠬᠦ ᠪᠤᠶᠤ ᠡᠵᠡᠩᠨᠡᠯᠲᠡ ᠵᠢᠨ ᠲᠠᠯᠠᠪᠤᠷ ᠭᠠᠵᠠᠷ ᠳᠠᠭ᠋ᠠᠭ᠋ᠠᠴᠢᠯᠠᠨ ᠡᠵᠡᠩᠨᠡᠬᠦ᠎ᠳᠤ᠂ ᠡᠯ᠎ᠡ ᠲᠠᠯ᠎ᠠ ᠵᠢᠨ᠎ᠬᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠨᠡᠢ᠌ᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ
ᠠᠷᠪᠠᠨ ᠲᠠᠪᠤᠳᠤᠭ᠋ᠠᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠥᠷᠳᠡᠭᠡ᠂ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠭ᠎ᠠ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠂ ᠭᠠᠯ ᠤᠨᠲᠠᠷᠠᠭ᠋ᠠᠬᠤ ᠲᠣᠨᠣᠭ ᠲᠥᠬᠦᠭᠡᠷᠦᠮᠵᠢ ᠵᠡᠷᠭᠡ ᠨᠡᠢ᠌ᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠬᠤ ᠮᠠᠯᠵᠢᠬᠤ ᠣᠷᠣᠨ᠎ᠤ ᠨᠡᠢ᠌ᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠬᠠᠮᠠᠭ᠋ᠠᠯᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠭᠠᠯ ᠰᠡᠷᠭᠡᠢ᠌ᠯᠡᠵᠦ ᠤᠨᠲᠠᠷᠠᠭ᠋ᠠᠬᠤ ᠲᠤᠰᠬᠠᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢ ᠵᠣᠬᠢᠶᠠᠨ ᠪᠠᠢ᠌ᠭᠤᠯᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠂ ᠭᠠᠴᠠᠭ᠎ᠠ ᠲᠣᠰᠬᠤᠨ᠎ᠤ ᠲᠥᠯᠦᠪᠵᠢᠭᠦᠯᠭᠡ ᠵᠢᠨ ᠵᠣᠯᠭ᠋ᠠᠭᠤᠯᠤᠯᠲᠠ ᠵᠢ ᠴᠢᠩᠭ᠋ᠠᠳᠬᠠᠨ᠎ᠠ᠃
ᠠᠷᠪᠠᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠨᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠴᠠᠬᠢᠯᠭ᠋ᠠᠨ ᠬᠠᠩᠭ᠋ᠠᠬᠤ᠂ ᠤᠰᠤ ᠬᠠᠩᠭ᠋ᠠᠬᠤ᠂ ᠵᠠᠮ ᠱᠤᠭᠤᠮ᠂ ᠴᠢᠮᠡᠭᠡ ᠬᠣᠯᠪᠣᠭ᠎ᠠ ᠵᠡᠷᠭᠡ ᠨᠡᠢ᠌ᠲᠡ ᠵᠢᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠢᠬᠦ᠎ᠳᠤ᠂ ᠵᠡᠷᠭᠡ᠎ᠳᠤ᠎ᠨᠢ ᠨᠡᠢ᠌ᠲᠡ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠨᠡᠭᠦᠳᠡᠯᠴᠢᠳᠢ ᠲᠥᠪᠬᠢᠨᠡᠭᠦᠯᠬᠦ᠂ ᠨᠤᠷᠠᠬᠤ ᠠᠶᠤᠯᠲᠠᠢ ᠭᠡᠷ ᠪᠠᠢ᠌ᠰᠢᠩ᠎ᠢ ᠲᠥᠪᠯᠡᠷᠡᠭᠦᠯᠦᠨ ᠳᠠᠬᠢᠨ ᠪᠠᠢ᠌ᠭᠤᠯᠵᠤ ᠥᠭᠡᠷᠡᠴᠢᠯᠡᠨ ᠵᠠᠰᠠᠬᠤ ᠵᠡᠷᠭᠡ ᠪᠠᠢ᠌ᠭᠤᠯᠤᠯᠲᠠ ᠬᠢᠬᠦ᠎ᠳᠤ᠎ᠪᠠᠨ᠂ ᠨᠡᠢ᠌ᠲᠡ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠪᠡᠯᠡᠳᠬᠡᠮᠵᠢ ᠵᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠢ᠌ᠭᠤᠯᠬᠤ ᠵᠢ ᠵᠡᠷᠭᠡ᠎ᠳᠤ᠎ᠨᠢ ᠪᠡᠶᠡᠯᠡᠭᠦᠯᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠤᠰᠤ ᠬᠠᠩᠭ᠋ᠠᠬᠤ ᠬᠣᠭᠣᠯᠠᠢ ᠭᠤᠤᠷᠰᠤᠨ ᠲᠣᠣᠷ᠎ᠢ ᠪᠦᠷᠢᠳᠦᠭᠦᠯᠬᠦ ᠨᠥᠬᠥᠴᠡᠯ᠎ᠲᠠᠢ ᠭᠠᠴᠠᠭ᠎ᠠ ᠲᠣᠰᠬᠤᠨ᠎ᠨᠢ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠲᠠ ᠵᠢᠨ ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭ᠋ᠠᠬᠤ ᠬᠣᠭᠣᠯᠠᠢ ᠭᠤᠤᠷᠰᠤᠨ ᠲᠣᠣᠷ ᠪᠦᠷᠢᠯᠳᠦᠭᠦᠯᠬᠦ ᠨᠥᠬᠥᠴᠡᠯ ᠦᠭᠡᠢ ᠪᠣᠯ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠵᠠᠰᠠᠨ ᠪᠠᠢ᠌ᠭᠤᠯᠬᠤ ᠪᠤᠶᠤ ᠪᠠᠢ᠌ᠭ᠋ᠠᠯᠢ ᠵᠢᠨ ᠤᠰᠤᠨ ᠰᠤᠷᠪᠤᠯᠵᠢ ᠵᠢ ᠠᠰᠢᠭᠯᠠᠵᠤ ᠭᠠᠯ ᠤᠨᠲᠠᠷᠠᠭ᠋ᠠᠬᠤ ᠤᠰᠤᠨ᠎ᠤ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠭᠠᠯ ᠤᠨᠲᠠᠷᠠᠭ᠋ᠠᠬᠤ ᠤᠰᠤᠨ ᠲᠠᠲᠠᠭ᠋ᠠᠯ᠎ᠤᠨ ᠪᠠᠭᠲᠠᠭ᠋ᠠᠮᠵᠢ ᠵᠢ 100 ᠺᠦᠪ ᠮᠧᠲᠷ᠎ᠠᠴᠠ ᠪᠠᠭ᠎ᠠ ᠪᠠᠢ᠌ᠯᠭ᠋ᠠᠪᠠᠯ ᠵᠣᠬᠢᠬᠤ ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤ ᠬᠠᠩᠭ᠋ᠠᠬᠤ ᠰᠢᠰᠲ᠋ᠧᠮ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠪᠠ ᠪᠠᠢ᠌ᠭ᠋ᠠᠯᠢ ᠵᠢᠨ ᠤᠰᠤᠨ᠎ᠤ ᠰᠤᠷᠪᠤᠯᠵᠢ ᠵᠢᠨ ᠤᠰᠤ ᠠᠪᠬᠤ ᠠᠮᠠᠰᠠᠷ᠎ᠤᠨ ᠲᠣᠬᠢᠷᠠᠭᠤᠯᠤᠯᠲᠠ᠎ᠨᠢ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ᠃
ᠬᠣᠷᠢᠳᠤᠭ᠋ᠠᠷ ᠵᠦᠢ᠍ᠯ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠥᠷᠭᠡᠨ᠎ᠢ 4 ᠮᠧᠲᠷ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠣᠷᠢᠭᠯᠠᠨ ᠲᠠᠰᠤᠯᠵᠤ ᠪᠣᠯᠬᠤ ᠦᠭᠡᠢ᠃ ᠬᠣᠭᠣᠯᠠᠢ ᠵᠢᠨ ᠴᠠᠬᠤ ᠵᠡᠷᠭᠡ ᠬᠠᠷᠰᠢ ᠰᠠᠭ᠋ᠠᠳ ᠪᠣᠯᠬᠤ ᠪᠣᠳᠠᠰ᠎ᠤᠳ᠎ᠢ ᠵᠠᠪᠠᠯ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠳᠡᠭᠡᠭᠦᠷ ᠥᠩᠭᠡᠷᠡᠭᠦᠯᠬᠦ᠎ᠳᠤ ᠲᠡᠭᠦᠨ᠎ᠤ ᠴᠡᠪᠡᠷ ᠥᠨᠳᠥᠷ᠎ᠢ 4 ᠮᠸᠲᠷ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠃
ᠳᠥᠷᠪᠡᠳᠦᠭᠡᠷ ᠪᠦᠯᠦᠭ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ
ᠬᠣᠷᠢᠨ ᠨᠢᠭᠡᠳᠦᠭᠡᠷ ᠵᠦᠢ᠍ᠯ ᠳᠣᠣᠷᠠᠬᠢ ᠨᠥᠬᠥᠴᠡᠯ᠎ᠳᠤ ᠨᠡᠢ᠌ᠴᠡᠭᠰᠡᠨ ᠰᠤᠮᠤ ᠰᠢᠶᠠᠩ ᠪᠠᠯᠭ᠋ᠠᠰᠤ᠎ᠨᠢ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠪᠠᠢ᠌ᠭᠤᠯᠬᠤ ᠵᠢᠨ ᠬᠠᠮᠲᠤ ᠠᠵᠢᠯᠲᠠᠨ᠂ ᠲᠡᠷᠭᠡ᠂ ᠪᠠᠭ᠋ᠠᠵᠢ ᠬᠡᠷᠡᠭᠰᠡᠯ ᠪᠠ ᠲᠣᠨᠣᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠄
(ᠨᠢᠭᠡ) ᠬᠣᠲᠠ ᠵᠢᠨ ᠪᠠᠢ᠌ᠭᠤᠯᠤᠭᠰᠠᠨ ᠲᠣᠭᠣᠷᠢᠭ᠎ᠤᠨ ᠲᠠᠯᠠᠪᠠᠢ᠎ᠨᠢ 2 ᠲᠡᠭᠰᠢ ᠳᠥᠷᠪᠡᠯᠵᠢᠨ ᠺᠢᠯᠣᠮᠧᠲᠷ᠎ᠠᠴᠠ ᠬᠡᠲᠦᠷᠡᠭᠰᠡᠨ ᠪᠤᠶᠤ ᠬᠣᠲᠠ ᠵᠢᠨ ᠪᠠᠢ᠌ᠭᠤᠯᠤᠭᠰᠠᠨ ᠲᠣᠭᠣᠷᠢᠭ᠎ᠤᠨ ᠰᠠᠭᠤᠭ᠎ᠠ ᠬᠥᠮᠥᠨ ᠠᠮᠠ᠎ᠨᠢ 1 ᠲᠦᠮᠡ᠎ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭ᠋ᠠᠰᠤ;
( ᠬᠣᠶᠠᠷ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ᠎ᠤᠨ ᠦᠢ᠍ᠯᠡᠳᠪᠦᠷᠢᠯᠡᠯ᠂ ᠡᠵᠡᠩᠨᠡᠯᠲᠡ ᠵᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠢ᠌ᠯᠠᠯ ᠲᠥᠪᠯᠡᠷᠡᠭᠰᠡᠨ ᠰᠤᠮᠤ ᠰᠢᠶᠠᠩ ᠪᠠᠯᠭ᠋ᠠᠰᠤ;
(ᠭᠤᠷᠪᠠ) ᠪᠥᠬᠥ ᠤᠯᠤᠰ᠎ᠤᠨ ᠭᠣᠣᠯᠳᠠᠯᠭ᠋ᠠᠲᠤ ᠪᠠᠯᠭ᠋ᠠᠰᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠤ ᠪᠠᠯᠭ᠋ᠠᠰᠤ᠂ ᠲᠥᠪ ᠪᠠᠯᠭ᠋ᠠᠰᠤ᠂ ᠲᠡᠦᠬᠡ ᠰᠣᠶᠣᠯ᠎ᠤᠨ ᠨᠡᠷᠡᠲᠦ ᠪᠠᠯᠭ᠋ᠠᠰᠤ;
(ᠳᠥᠷᠪᠡ) ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ ᠪᠤᠶᠤ ᠤᠯᠤᠰ᠎ᠤᠨ ᠶᠡᠷᠦᠩᠬᠡᠢ᠌ᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠥᠷᠳᠡᠭᠡ᠎ᠠᠴᠠ ᠨᠡᠯᠢᠶᠡᠳ ᠬᠣᠯᠠ (100 ᠺᠢᠯᠣᠮᠧᠲᠷ᠎ᠠᠴᠠ ᠳᠡᠭᠡᠭᠰᠢ) ᠪᠠᠢ᠌ᠭ᠎ᠠ ᠰᠤᠮᠤ ᠰᠢᠶᠠᠩ ᠪᠠᠯᠭ᠋ᠠᠰᠤ᠃
ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠢᠨ ᠪᠣᠳᠠᠲᠠᠢ ᠪᠠᠢ᠌ᠭᠤᠯᠤᠯᠲᠠ ᠵᠢᠨ ᠪᠠᠷᠢᠮᠵᠢᠶ᠎ᠠ᠎ᠨᠢ 《ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠢᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠵᠢᠷᠤᠮᠵᠢᠯ》 (DB15/T 1897-2020) ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠬᠣᠷᠢᠨ ᠬᠣᠶᠠᠳᠤᠭ᠋ᠠᠷ ᠵᠦᠢ᠍ᠯ ᠲᠣᠰ ᠲᠣᠭᠲᠠᠭ᠋ᠠᠯ᠎ᠤᠨ ᠬᠣᠷᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠳᠠᠬᠢ᠎ᠠᠴᠠ ᠪᠤᠰᠤᠳ ᠰᠤᠮᠤ ᠰᠢᠶᠠᠩ ᠪᠠᠯᠭ᠋ᠠᠰᠤ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠠᠵᠢᠯᠲᠠᠨ᠎ᠲᠠᠢ᠂ ᠲᠡᠷᠭᠡ᠎ᠲᠠᠢ᠂ ᠥᠷᠲᠡᠭᠡᠨ᠎ᠤ ᠭᠡᠷ᠎ᠲᠠᠢ᠂ ᠵᠠᠷᠤᠳᠠᠯ᠎ᠲᠠᠢ ᠪᠠᠢ᠌ᠬᠤ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠪᠠᠢ᠌ᠭᠤᠯᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ ᠵᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶᠠᠷᠴᠤ᠂ ᠭᠠᠯ ᠲᠦᠢ᠍ᠮᠡᠷ᠎ᠤᠨ ᠠᠶᠤᠯ᠎ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠭᠠᠯ ᠰᠡᠷᠭᠡᠢ᠌ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠠᠷᠯᠢᠭ ᠵᠢᠭ᠋ᠠᠪᠤᠷᠢ ᠵᠢ ᠣᠯᠣᠭᠰᠠᠨ᠎ᠤ ᠳᠠᠷᠠᠭ᠎ᠠ᠂ ᠲᠤᠬᠠᠢ ᠵᠢᠨ ᠲᠠᠯᠠᠪᠤᠷ᠎ᠲᠤ ᠳᠠᠷᠤᠢ ᠲᠦᠷᠭᠡᠨ ᠵᠠᠪᠳᠤᠨ ᠣᠴᠢᠵᠤ ᠰᠢᠢ᠍ᠳᠪᠦᠷᠢᠯᠡᠬᠦ ᠬᠡᠷᠡᠭᠲᠡᠢ᠃
ᠬᠣᠷᠢᠨ ᠳᠥᠷᠪᠡᠳᠦᠭᠡᠷ ᠵᠦᠢ᠍ᠯ ᠭᠠᠴᠠᠭ᠎ᠠ ᠲᠣᠰᠬᠤᠨ᠎ᠨᠢ ᠲᠣᠰᠬᠤᠨ᠎ᠤ ᠠᠷᠠᠳ ᠵᠶ᠋ᠠᠷ ᠪᠦᠷᠢᠯᠳᠦᠭᠰᠡᠨ ᠰᠠᠢ᠌ᠨ ᠳᠤᠷ᠎ᠠ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠥᠷᠳᠡᠭᠡ) ᠪᠠᠢ᠌ᠭᠤᠯᠵᠤ᠂ ᠪᠠᠭ᠋ᠠᠵᠢ ᠬᠡᠷᠡᠭᠰᠡᠯ᠎ᠤᠨ ᠲᠠᠰᠤᠭ ᠪᠠ ᠵᠢᠵᠢᠭᠦᠷᠯᠡᠬᠦ᠎ᠳᠤ ᠬᠡᠷᠡᠭᠯᠡᠬᠦ ᠭᠡᠷ ᠲᠣᠬᠢᠷᠠᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠎ᠳᠤ ᠴᠢᠬᠤᠯᠠ ᠪᠦᠬᠦᠢ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠭᠠᠯ ᠤᠨᠲᠠᠷᠠᠭ᠋ᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠬᠡᠷᠡᠭᠲᠡᠢ᠃ ᠪᠡᠯᠡᠳᠬᠡᠯ ᠲᠥᠰᠥᠯ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠬᠣᠯᠪᠣᠭᠳᠠᠯ ᠪᠦᠬᠦᠢ ᠦᠨᠳᠦᠰᠦᠨ ᠪᠠᠢ᠌ᠳᠠᠯ;
(ᠬᠣᠶᠠᠷ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠪᠠ ᠭᠠᠯ ᠤᠨᠲᠠᠷᠠᠭ᠋ᠠᠬᠤ ᠲᠡᠷᠭᠡ᠂ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠭᠰᠠᠨ ᠪᠠᠢ᠌ᠳᠠᠯ᠂ ᠨᠡᠢ᠌ᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠲᠣᠬᠢᠷᠠᠭᠤᠯᠤᠯᠲᠠ᠂ ᠲᠠᠷᠬᠠᠯᠲᠠ ᠵᠢᠨ ᠪᠠᠢ᠌ᠳᠠᠯ;
(ᠭᠤᠷᠪᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠴᠢ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ;
(ᠳᠥᠷᠪᠡ) ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠳᠡᠰ ᠳᠠᠷᠠᠭ᠋ᠠᠯᠠᠯ᠂ ᠭᠠᠯ᠎ᠤᠨ ᠠᠶᠤᠯ᠎ᠠᠴᠠ ᠠᠪᠤᠷᠠᠬᠤ᠂ ᠲᠠᠷᠬᠠᠭ᠋ᠠᠨ ᠵᠢᠯᠤᠭᠣᠳᠬᠤ᠂ ᠴᠢᠮᠡᠭᠡ ᠬᠣᠯᠪᠣᠭ᠎ᠠ ᠠᠪᠬᠤ᠂ ᠠᠮᠤᠷ ᠲᠦᠪᠰᠢᠨ ᠵᠶ᠋ᠡᠷ ᠲᠤᠰᠠᠯᠠᠨ ᠠᠪᠤᠷᠠᠬᠤ ᠳᠡᠰ ᠳᠠᠷᠠᠭ᠋ᠠᠯᠠᠯ;
(ᠲᠠᠪᠤ) ᠤᠯᠤᠰ᠎ᠤᠨ ᠶᠡᠷᠦᠩᠬᠡᠢ᠌ᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠠᠩᠭᠢ᠎ᠯᠤᠭ᠎ᠠ ᠬᠠᠮᠵᠢᠯᠴᠠᠬᠤ ᠳᠡᠰ ᠳᠠᠷᠠᠭ᠋ᠠᠯᠠᠯ᠃
ᠬᠣᠷᠢᠨ ᠵᠢᠷᠭᠤᠳᠤᠭ᠋ᠠᠷ ᠵᠦᠢ᠍ᠯ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠭᠢ᠂ ᠰᠠᠢ᠌ᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠥᠷᠳᠡᠭᠡ)᠎ᠨᠢ ᠪᠠᠢ᠌ᠩᠭᠤ ᠵᠢᠨ ᠴᠢᠨᠠᠷᠲᠠᠢ ᠭᠠᠯ ᠰᠡᠷᠭᠡᠢ᠌ᠯᠡᠵᠦ ᠤᠨᠲᠠᠷᠠᠭ᠋ᠠᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠬᠦ ᠵᠢᠨ ᠳᠠᠭ᠋ᠠᠤ᠎ᠳᠤ ᠭᠠᠯ ᠰᠡᠷᠭᠡᠢ᠌ᠯᠡᠵᠦ ᠤᠨᠲᠠᠷᠠᠭ᠋ᠠᠬᠤ ᠰᠣᠷᠢᠯᠲᠠ ᠵᠣᠬᠢᠶᠠᠨ ᠪᠠᠢ᠌ᠭᠤᠯᠬᠤ ᠬᠡᠷᠡᠭᠲᠡᠢ᠃
ᠬᠣᠷᠢᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠰᠠᠢ᠌ᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ ᠵᠢᠨ ᠭᠡᠰᠢᠭᠦᠨ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭ᠋ᠠᠬᠤ ᠬᠠᠮᠠᠭ᠋ᠠᠯᠠᠯᠲᠠ ᠵᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠪᠠ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠵᠶ᠋ᠠᠷ ᠲᠣᠪᠣᠢ᠌ᠮ᠎ᠠ ᠠᠩᠭᠢ ᠵᠢᠨ ᠭᠡᠰᠢᠭᠦᠨ᠎ᠳᠤ ᠱᠠᠩᠨᠠᠯ ᠱᠠᠩᠨᠠᠨ ᠥᠭᠬᠦ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠡᠷ ᠭᠠᠷᠪᠠᠯ᠂ ᠭᠠᠯ ᠲᠦᠢ᠍ᠮᠡᠷ ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠳᠠᠷᠤᠢ ᠲᠦᠷᠭᠡᠨ ᠰᠠᠢ᠌ᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠢ᠌ᠯᠡᠵᠦ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠢ᠌ᠭᠤᠯᠵᠤ ᠭᠠᠯ ᠲᠦᠢ᠍ᠮᠡᠷ ᠤᠨᠲᠠᠷᠠᠭ᠋ᠠᠨ ᠠᠪᠤᠷᠠᠬᠤ ᠪᠠ ᠬᠥᠮᠥᠨ ᠬᠠᠷ᠎ᠠ ᠵᠢ ᠲᠠᠷᠬᠠᠭ᠋ᠠᠬᠤ ᠠᠵᠢᠯ ᠬᠢᠬᠦ ᠬᠡᠷᠡᠭᠲᠡᠢ᠃ ᠤᠯᠤᠰ᠎ᠤᠨ ᠶᠡᠷᠦᠩᠬᠡᠢ᠌ᠯᠡᠭᠰᠡᠨ ᠴᠢᠨᠠᠷᠲᠠᠢ ᠭᠠᠯ ᠰᠡᠷᠭᠡᠢ᠌ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠭᠢ᠎ᠨᠢ ᠲᠦᠭᠰᠢᠭᠦᠷᠢ ᠮᠡᠳᠡᠭᠦᠯᠬᠦ ᠵᠢ ᠲᠣᠰᠣᠨ ᠣᠯᠣᠭᠰᠠᠨ᠎ᠤ ᠳᠠᠷᠠᠭ᠎ᠠ᠂ ᠳᠠᠷᠤᠢ ᠲᠦᠷᠭᠡᠨ ᠭᠠᠯ᠎ᠤᠨ ᠠᠶᠤᠯ ᠡᠭᠦᠰᠦᠭᠰᠡᠨ ᠲᠠᠯᠠᠪᠤᠷ᠎ᠲᠤ ᠵᠠᠪᠳᠤᠨ ᠬᠦᠷᠴᠦ᠂ ᠭᠠᠯ ᠲᠦᠢ᠍ᠮᠡᠷ᠎ᠢ ᠤᠨᠲᠠᠷᠠᠭ᠋ᠠᠬᠤ᠂ ᠠᠶᠤᠯ᠎ᠳᠤ ᠤᠴᠠᠷᠠᠭᠰᠠᠨ ᠬᠥᠮᠥᠰ᠎ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠢ᠌ᠳᠠᠯ᠎ᠢ ᠠᠷᠢᠯᠭ᠋ᠠᠬᠤ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠭᠠᠯ ᠲᠦᠢ᠍ᠮᠡᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠲᠦᠢ᠍ᠮᠡᠷ ᠡᠭᠦᠰᠦᠭᠰᠡᠨ ᠨᠢᠭᠡᠴᠢ (ᠬᠤᠪᠢ ᠬᠥᠮᠥᠨ) ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠲᠤᠬᠠᠢ ᠵᠢᠨ ᠲᠠᠯᠠᠪᠤᠷ᠎ᠢ ᠬᠠᠮᠠᠭ᠋ᠠᠯᠠᠵᠤ᠂ ᠦᠨᠡᠨ ᠪᠣᠳᠠᠲᠠᠢ᠎ᠪᠠᠷ ᠭᠠᠯ ᠲᠦᠢ᠍ᠮᠡᠷ᠎ᠤᠨ ᠡᠨᠳᠡᠯ᠎ᠤᠨ ᠪᠠᠢ᠌ᠳᠠᠯ᠎ᠢ ᠬᠠᠩᠭ᠋ᠠᠵᠤ᠂ ᠡᠨᠳᠡᠯ᠎ᠤᠨ ᠪᠠᠢ᠌ᠳᠠᠯ᠎ᠤᠨ ᠪᠠᠢ᠌ᠴᠠᠭ᠋ᠠᠯᠲᠠ ᠵᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠰᠡᠷᠭᠡᠢ᠌ᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠭᠠᠯ᠎ᠤᠨ ᠠᠶᠤᠯ᠎ᠤᠨ ᠲᠤᠬᠠᠢ ᠵᠢᠨ ᠲᠠᠯᠠᠪᠤᠷ᠎ᠢ ᠠᠷᠢᠯᠭ᠋ᠠᠨ ᠴᠡᠪᠡᠷᠯᠡᠵᠦ ᠪᠣᠯᠬᠤ ᠦᠭᠡᠢ᠃
ᠭᠤᠴᠢᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠬᠡ ᠭᠠᠯ ᠲᠦᠢ᠍ᠮᠡᠷ᠎ᠤᠨ ᠠᠶᠤᠯ ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠢ᠌ᠭᠡᠮ᠎ᠤᠨ ᠨᠥᠯᠥᠭᠡ᠎ᠲᠠᠢ ᠡᠩ᠎ᠤᠨ ᠭᠠᠯ ᠲᠦᠢ᠍ᠮᠡᠷ᠎ᠤᠨ ᠡᠨᠳᠡᠯ ᠭᠠᠷᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠯᠭ᠎ᠠ ᠵᠢᠨ ᠪᠠᠢ᠌ᠴᠠᠭ᠋ᠠᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠱᠠᠭ᠋ᠠᠷᠳᠠᠯᠭ᠎ᠠ ᠶᠣᠰᠣᠭ᠋ᠠᠷ᠂ ᠪᠠᠢ᠌ᠴᠠᠭ᠋ᠠᠬᠤ ᠳᠤᠭᠤᠢ᠌ᠯᠠᠩ ᠪᠠᠢ᠌ᠭᠤᠯᠵᠤ ᠪᠠᠢ᠌ᠴᠠᠭ᠋ᠠᠯᠲᠠ ᠬᠢᠬᠦ ᠬᠡᠷᠡᠭᠲᠡᠢ᠃
ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠬᠡ ᠭᠠᠯ᠎ᠤᠨ ᠠᠶᠤᠯ ᠭᠠᠷᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠭᠠᠢ ᠭᠠᠮᠰᠢᠭ᠎ᠤᠨ ᠮᠡᠳᠡᠭᠡ ᠵᠠᠩᠭᠢ ᠵᠢ ᠨᠢᠭᠡᠳᠦᠯᠲᠡᠢ ᠨᠡᠢ᠌ᠲᠡᠯᠡᠨ᠎ᠡ᠃
ᠲᠠᠪᠤᠳᠤᠭ᠋ᠠᠷ ᠪᠦᠯᠦᠭ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ
ᠭᠤᠴᠢᠨ ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠵᠢᠨ ᠭᠠᠯ᠎ᠠᠴᠠ ᠰᠡᠷᠭᠡᠢ᠌ᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠢ᠌ᠭ᠎ᠠ ᠪᠠᠷᠢᠯᠭ᠎ᠠ ᠵᠢᠨ ᠭᠠᠯ᠎ᠠᠴᠠ ᠰᠡᠷᠭᠡᠢ᠌ᠯᠡᠬᠦ ᠥᠭᠡᠷᠡᠴᠢᠯᠡᠨ ᠰᠢᠨᠡᠳᠬᠡᠬᠦ ᠵᠢᠴᠢ ᠴᠠᠬᠢᠯᠭ᠋ᠠᠨ ᠬᠦᠴᠦᠨ᠎ᠤ ᠲᠣᠣᠷ᠎ᠤᠨ ᠪᠠᠢ᠌ᠭᠤᠯᠤᠯᠲᠠ ᠬᠢᠭᠡᠳ ᠥᠭᠡᠷᠡᠴᠢᠯᠡᠨ ᠰᠢᠨᠡᠳᠬᠡᠬᠦ ᠠᠵᠢᠯ᠎ᠨᠢ ᠤᠯᠤᠰ᠎ᠤᠨ ᠭᠠᠯ ᠰᠡᠷᠭᠡᠢ᠌ᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠨᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠥᠮᠦᠵᠢᠯ᠎ᠢ ᠵᠢᠭ᠋ᠠᠨ ᠰᠤᠷᠭ᠋ᠠᠬᠤ ᠠᠭᠤᠯᠭ᠎ᠠ᠎ᠳᠤ᠎ᠪᠠᠨ ᠣᠷᠣᠭᠤᠯᠵᠤ᠂ ᠬᠤᠭᠤᠴᠠᠭ᠎ᠠ ᠪᠦᠷᠢ 4 ᠤᠳᠠᠭ᠎ᠠ᠎ᠠᠴᠠ ᠳᠤᠲᠠᠭᠤ ᠦᠭᠡᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠬᠢᠴᠢᠶᠡᠯ ᠣᠷᠣᠬᠤ ᠬᠡᠷᠡᠭᠲᠡᠢ᠃ ᠡᠭᠦᠨ᠎ᠳᠤ᠂ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠎ᠠ ᠪᠠ ᠴᠢᠯᠦᠭᠡ ᠲᠠᠯᠪᠢᠬᠤ᠎ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠡᠰᠢ ᠰᠦᠷᠡᠯ᠂ ᠲᠦᠯᠡᠭᠡ ᠡᠪᠡᠰᠦ ᠵᠡᠷᠭᠡ ᠨᠣᠴᠣᠮᠠᠲᠠᠭ᠋ᠠᠢ ᠰᠢᠲᠠᠮᠠᠬᠠᠢ ᠮᠠᠲᠸᠷᠢᠶᠠᠯ᠎ᠤᠨ ᠣᠪᠣᠭ᠋ᠠᠯᠠᠬᠤ ᠭᠠᠵᠠᠷ᠎ᠤᠨ ᠲᠣᠬᠢᠷᠠᠭᠤᠯᠤᠯᠲᠠ᠎ᠨᠢ ᠳᠣᠣᠷᠠᠬᠢ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ᠄
(ᠨᠢᠭᠡ) ᠬᠠᠷᠢᠴᠠᠩᠭᠤᠢ ᠲᠤᠰᠠᠭ᠋ᠠᠷᠯᠠᠭᠰᠠᠨ ᠠᠮᠤᠷ ᠲᠦᠪᠰᠢᠨ᠎ᠤ ᠣᠷᠣᠨ ᠪᠦᠰᠡ᠎ᠳᠤ ᠪᠤᠶᠤ ᠠᠢ᠌ᠯ ᠲᠣᠰᠬᠤᠨ᠎ᠤ ᠵᠠᠬ᠎ᠠ ᠬᠥᠪᠡᠭᠡ᠎ᠪᠠᠷ ᠲᠣᠬᠢᠷᠠᠭᠤᠯᠪᠠᠯ ᠵᠣᠬᠢᠰᠲᠠᠢ;
(ᠬᠣᠶᠠᠷ) ᠵᠠᠮ᠂ ᠣᠢ᠌ᠲᠤ ᠭᠠᠵᠠᠷ᠎ᠢ ᠡᠵᠡᠯᠡᠨ ᠬᠡᠷᠡᠭᠯᠡᠬᠦ ᠵᠢ ᠴᠠᠭ᠋ᠠᠵᠠᠯᠠᠨ᠎ᠠ; ᠣᠪᠣᠭ᠋ᠠᠯᠠᠬᠤ ᠭᠠᠵᠠᠷ᠎ᠲᠤ ᠮᠠᠰᠢᠨ ᠲᠡᠷᠭᠡ ᠬᠥᠰᠬᠡ ᠵᠣᠭᠰᠤᠭ᠋ᠠᠬᠤ᠂ ᠰᠡᠯᠪᠢᠨ ᠵᠠᠰᠠᠬᠤ ᠵᠢ ᠴᠠᠭ᠋ᠠᠵᠠᠯᠠᠨ᠎ᠠ;
(ᠭᠤᠷᠪᠠ) ᠡᠰᠢ ᠰᠦᠷᠡᠯ᠎ᠢ ᠶᠡᠬᠡ ᠬᠡᠮᠵᠢᠶ᠎ᠡ᠎ᠪᠠᠷ ᠠᠢ᠌ᠯ ᠲᠣᠰᠬᠤᠨ ᠡᠷᠦᠬᠡ᠎ᠳᠤ ᠣᠷᠣᠭᠤᠯᠵᠤ ᠪᠣᠯᠬᠤ ᠦᠭᠡᠢ᠂ ᠦᠢ᠍ᠯᠡᠳᠪᠦᠷᠢᠯᠡᠯ᠂ ᠠᠮᠢᠳᠤᠷᠠᠯ᠎ᠤᠨ ᠪᠠᠷᠢᠯᠭ᠎ᠠ ᠵᠢᠨ ᠬᠠᠵᠠᠭᠤ ᠬᠠᠪᠢ᠎ᠪᠠᠷ ᠨᠥᠭᠡᠴᠡᠯᠡᠨ ᠬᠠᠳᠠᠭ᠋ᠠᠯᠠᠵᠤ ᠪᠣᠯᠬᠤ ᠦᠭᠡᠢ᠂ ᠴᠠᠬᠢᠯᠭ᠋ᠠᠨ ᠬᠦᠴᠦᠨ᠎ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭ᠋ᠠᠭᠴᠢ ᠵᠢᠨ ᠳᠣᠣᠷ᠎ᠠ ᠣᠪᠣᠭ᠋ᠠᠯᠠᠨ ᠲᠠᠯᠪᠢᠵᠤ ᠪᠣᠯᠬᠤ ᠦᠭᠡᠢ;
(ᠳᠥᠷᠪᠡ) ᠰᠢᠲᠠᠮᠠᠬᠠᠢ ᠮᠠᠲᠸᠷᠢᠶᠠᠯ ᠣᠪᠣᠭ᠋ᠠᠯᠠᠬᠤ ᠭᠠᠵᠠᠷ᠎ᠤᠨ ᠡᠷᠭᠢᠨ ᠲᠣᠭᠣᠷᠢᠨ᠎ᠤ ᠪᠠᠷᠢᠯᠭ᠎ᠠ᠎ᠳᠤ ᠬᠤᠯᠠᠩ᠎ᠤᠨ ᠳᠡᠭᠡᠷ᠎ᠡ᠎ᠨᠢ ᠭᠠᠯ᠎ᠠᠴᠠ ᠰᠡᠷᠭᠡᠢ᠌ᠯᠡᠬᠦ ᠮᠠᠯᠠᠭ᠋ᠠᠢ ᠲᠠᠭ᠋ᠠᠷᠠᠭᠤᠯᠬᠤ ᠵᠡᠷᠭᠡ ᠭᠠᠯ᠎ᠤᠨ ᠣᠴᠢ ᠦᠰᠦᠷᠦᠨ ᠭᠠᠷᠬᠤ᠎ᠠᠴᠠ ᠰᠡᠷᠭᠡᠢ᠌ᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ;
(ᠲᠠᠪᠤ) ᠲᠠᠷᠢᠶᠠᠴᠢᠨ ᠮᠠᠯᠴᠢᠨ᠎ᠤ ᠬᠦᠷᠢᠶ᠎ᠡ ᠬᠠᠰᠢᠶᠠᠨ᠎ᠳᠤ ᠣᠪᠣᠭ᠋ᠠᠯᠠᠨ ᠲᠠᠯᠪᠢᠭᠰᠠᠨ ᠪᠠᠭ᠎ᠠ ᠬᠡᠮᠵᠢᠶᠡᠨ᠎ᠤ ᠲᠦᠯᠡᠭᠡ ᠡᠪᠡᠰᠦ᠂ ᠲᠡᠵᠢᠭᠡᠯ ᠪᠣᠷᠳᠣᠭ᠎ᠠ ᠵᠡᠷᠭᠡ ᠪᠠ ᠪᠠᠷᠢᠯᠭ᠎ᠠ ᠵᠢᠨ ᠬᠣᠭᠣᠷᠣᠨᠳᠤ ᠭᠠᠯ᠎ᠠᠴᠠ ᠰᠡᠷᠭᠡᠢ᠌ᠯᠡᠵᠦ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠪᠢᠲᠡᠭᠦᠦ ᠮᠠᠶᠢᠭ᠎ᠤᠨ ᠮᠠᠯ᠎ᠤᠨ ᠰᠠᠷᠠᠪᠴᠢ ᠵᠢ ᠠᠰᠲᠠᠭ᠋ᠠᠨ ᠪᠠᠢ᠌ᠭᠤᠯᠤᠨ ᠪᠠᠷᠢᠬᠤ ᠵᠢᠨ ᠬᠠᠮᠲᠤ ᠳᠣᠣᠷᠠᠬᠢ ᠲᠣᠭᠲᠠᠭ᠋ᠠᠯ᠎ᠳᠤ ᠨᠡᠢ᠌ᠴᠡᠭᠦᠯᠬᠦ ᠬᠡᠷᠡᠭᠲᠡᠢ᠄
(ᠨᠢᠭᠡ) ᠭᠠᠯ ᠳᠠᠭ᠋ᠠᠭ᠋ᠠᠮᠠᠭ᠋ᠠᠢ ᠵᠡᠷᠭᠡ ᠳᠡᠰ᠎ᠨᠢ ᠭᠤᠷᠪᠠᠳᠤᠭ᠋ᠠᠷ ᠳᠡᠰ᠎ᠠᠴᠠ ᠳᠣᠣᠷ᠎ᠠ ᠪᠠᠢ᠌ᠵᠤ ᠪᠣᠯᠬᠤ ᠦᠭᠡᠢ᠂ ᠨᠢᠭᠡᠨᠲᠡ ᠪᠠᠢ᠌ᠭᠤᠯᠤᠨ ᠪᠠᠷᠢᠭᠰᠠᠨ ᠭᠤᠷᠪᠠᠳᠤᠭ᠋ᠠᠷ ᠳᠡᠰ᠎ᠠᠴᠠ ᠳᠣᠣᠷ᠎ᠠ ᠪᠠᠢ᠌ᠬᠤ ᠰᠠᠷᠠᠪᠴᠢ ᠬᠠᠰᠢᠶ᠎ᠠ ᠵᠢ ᠠᠯᠬᠤᠮ ᠳᠠᠷᠠᠭ᠋ᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ;
(ᠬᠣᠶᠠᠷ) ᠴᠠᠬᠢᠯᠭ᠋ᠠᠨ ᠬᠡᠯᠬᠢᠶᠡᠨ᠎ᠤ ᠤᠲᠠᠰᠤ ᠳᠡᠪᠢᠰᠬᠦ᠎ᠳᠤ ᠦᠯᠦ ᠰᠢᠲᠠᠬᠤ ᠬᠣᠭᠣᠯᠠᠢ ᠭᠤᠤᠷᠰᠤ᠎ᠪᠠᠷ ᠨᠠᠪᠲᠠᠷᠡᠭᠦᠯᠵᠦ᠂ ᠲᠡᠭᠦᠨ᠎ᠤ ᠭᠡᠷᠡᠯᠲᠦᠭᠦᠯᠬᠦ ᠳ᠋ᠧᠩ᠎ᠤᠨ ᠬᠡᠷᠡᠭᠰᠡᠯ᠎ᠢ ᠪᠠᠲᠤ ᠪᠡᠬᠢ ᠤᠭᠰᠠᠷᠠᠭᠤᠯᠤᠨ ᠲᠠᠭ᠋ᠠᠷᠠᠭᠤᠯᠬᠤ ᠬᠡᠷᠡᠭᠲᠡᠢ;
(ᠭᠤᠷᠪᠠ) ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ ᠬᠡᠷᠴᠢᠮᠡᠯ ᠡᠪᠡᠰᠦ᠂ ᠲᠡᠵᠢᠭᠡᠯ ᠪᠣᠷᠳᠣᠭ᠋ᠠᠨ᠎ᠤ ᠥᠷᠥᠭᠡ ᠵᠢᠴᠢ ᠲᠡᠵᠢᠭᠡᠭᠴᠢ ᠵᠢᠨ ᠪᠠᠢ᠌ᠷᠢ ᠵᠢ ᠬᠠᠰᠢᠶ᠎ᠠ ᠰᠠᠷᠠᠪᠴᠢ᠎ᠲᠠᠢ ᠰᠠᠯᠭ᠋ᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭ᠋ᠠᠯᠳᠤᠭᠤᠯᠬᠤ ᠴᠢᠬᠤᠯᠠᠲᠠᠢ ᠦᠶ᠎ᠡ᠎ᠳᠤ ᠭᠠᠯ᠎ᠠᠴᠠ ᠰᠡᠷᠭᠡᠢ᠌ᠯᠡᠵᠦ ᠵᠠᠭ᠋ᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠣᠭᠣᠭ᠋ᠠᠨ ᠭᠡᠷ᠎ᠤᠨ ᠵᠤᠤᠬ᠎ᠠ ᠵᠢᠨ ᠠᠰ ᠳᠡᠭᠡᠷ᠎ᠡ 1.5 ᠮᠧᠲᠷ᠎ᠤᠨ ᠬᠡᠪᠴᠢᠶᠡᠨ᠎ᠳᠤ ᠰᠢᠲᠠᠮᠠᠬᠠᠢ ᠪᠣᠳᠠᠰ ᠪᠠᠢ᠌ᠯᠭ᠋ᠠᠵᠤ ᠪᠣᠯᠬᠤ ᠦᠭᠡᠢ᠃ ᠫᠢᠰᠢᠩ᠂ ᠬᠠᠨᠵᠤ᠂ ᠬᠤᠯᠠᠩᠢ ᠲᠣᠭᠲᠠᠭᠰᠠᠨ ᠬᠤᠭᠤᠴᠠᠭ᠎ᠠ᠎ᠲᠠᠢ᠎ᠪᠠᠷ ᠴᠡᠪᠡᠷᠯᠡᠨ ᠨᠠᠪᠲᠠᠷᠡᠭᠦᠯᠵᠦ᠂ ᠲᠣᠭᠣᠰᠬ᠎ᠠ᠎ᠪᠠᠷ ᠦᠷᠦᠵᠦ ᠪᠠᠷᠢᠭᠰᠠᠨ ᠬᠤᠯᠠᠩ᠎ᠤᠨ ᠳᠣᠲᠣᠭ᠋ᠠᠳᠤ ᠬᠠᠨ᠎ᠠ ᠪᠠ ᠰᠢᠲᠠᠮᠠᠬᠠᠢ ᠪᠣᠳᠠᠰ᠎ᠤᠨ ᠬᠣᠭᠣᠷᠣᠨᠳᠤᠬᠢ ᠵᠠᠢ ᠵᠢ 240 ᠮᠢᠯᠢᠮᠧᠲᠷ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠂ ᠲᠡᠮᠦᠷᠯᠢᠭ ᠵᠶ᠋ᠡᠷ ᠬᠢᠭᠰᠡᠨ ᠬᠤᠯᠠᠩ ᠪᠠ ᠰᠢᠲᠠᠮᠠᠬᠠᠢ ᠪᠣᠳᠠᠰ᠎ᠤᠨ ᠬᠣᠭᠣᠷᠣᠨᠳᠤᠬᠢ ᠵᠠᠢ ᠵᠢ 700 ᠮᠢᠯᠢᠮᠧᠲᠷ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠬᠦᠷᠢᠶ᠎ᠡ ᠬᠡᠪᠴᠢᠶᠡᠨ᠎ᠳᠠᠬᠢ ᠨᠢᠭᠡᠴᠢ ᠪᠤᠶᠤ ᠬᠤᠪᠢ ᠬᠥᠮᠥᠨ ᠳᠣᠣᠷᠠᠬᠢ ᠦᠢ᠍ᠯᠡ ᠠᠵᠢᠯᠯᠠᠭ᠎ᠠ᠎ᠲᠠᠢ ᠪᠠᠢ᠌ᠬᠤ ᠵᠢ ᠴᠠᠭ᠋ᠠᠵᠠᠯᠠᠨ᠎ᠠ᠄
(ᠨᠢᠭᠡ) ᠭᠠᠯ ᠰᠡᠷᠭᠡᠢ᠌ᠯᠡᠵᠦ ᠤᠨᠲᠠᠷᠠᠭ᠋ᠠᠬᠤ ᠪᠡᠯᠡᠳᠬᠡᠮᠵᠢ᠂ ᠪᠠᠭ᠋ᠠᠵᠢ ᠬᠡᠷᠡᠭᠰᠡᠯ ᠪᠠ ᠭᠠᠯ᠎ᠠᠴᠠ ᠰᠡᠷᠭᠡᠢ᠌ᠯᠡᠬᠦ ᠲᠡᠮᠳᠡᠭ᠎ᠢ ᠳᠤᠷ᠎ᠠ᠎ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢ᠍ᠳᠬᠡᠬᠦ᠂ ᠨᠤᠷᠠᠭ᠋ᠠᠵᠤ ᠬᠠᠶᠠᠬᠤ᠂ ᠬᠡᠷᠡᠭᠯᠡᠬᠦ᠎ᠪᠠᠨ ᠵᠣᠭᠰᠣᠬᠤ ᠵᠢ ᠴᠠᠭ᠋ᠠᠵᠠᠯᠠᠨ᠎ᠠ;
(ᠬᠣᠶᠠᠷ) ᠲᠦᠷ ᠴᠠᠭ᠎ᠤᠨ ᠭᠡᠷ ᠪᠠᠷᠢᠯᠭ᠎ᠠ (ᠪᠠᠷᠢᠯᠭ᠎ᠠ ᠵᠢᠨ ᠵᠦᠢ᠍ᠯᠡᠰ) ᠵᠢ ᠪᠠᠷᠢᠵᠤ ᠪᠣᠰᠬᠠᠬᠤ ᠵᠢᠴᠢ ᠲᠦᠯᠡᠭᠡ ᠡᠪᠡᠰᠦ ᠵᠡᠷᠭᠡ ᠥᠯᠥᠭ ᠡᠳ᠋ ᠣᠪᠣᠭ᠋ᠠᠯᠠᠨ ᠲᠠᠯᠪᠢᠬᠤ ᠦᠶ᠎ᠡ᠎ᠳᠤ ᠭᠠᠯ᠎ᠠᠴᠠ ᠰᠡᠷᠭᠡᠢ᠌ᠯᠡᠬᠦ ᠵᠠᠢ ᠵᠢ ᠡᠵᠡᠯᠡᠨ ᠬᠡᠷᠡᠭᠯᠡᠬᠦ ᠪᠤᠶᠤ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠬᠠᠰᠢᠵᠤ ᠪᠥᠭᠯᠡᠬᠦ ᠵᠢ ᠴᠠᠭ᠋ᠠᠵᠠᠯᠠᠨ᠎ᠠ;
(ᠭᠤᠷᠪᠠ) ᠲᠠᠪᠤᠳᠤᠭ᠋ᠠᠷ ᠳᠡᠰ᠎ᠠᠴᠠ ᠳᠡᠭᠡᠭᠰᠢᠬᠢ ᠶᠡᠬᠡ ᠰᠠᠯᠬᠢ᠎ᠲᠠᠢ ᠡᠳᠦᠷ ᠭᠡᠷ᠎ᠤᠨ ᠭᠠᠳᠠᠨ᠎ᠠ ᠲᠠᠮᠠᠬᠢ ᠲᠠᠲᠠᠬᠤ᠂ ᠬᠣᠭ ᠨᠣᠪᠰᠢ ᠰᠢᠲᠠᠭ᠋ᠠᠬᠤ ᠵᠢ ᠴᠠᠭ᠋ᠠᠵᠠᠯᠠᠨ᠎ᠠ; ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠵᠢ ᠴᠠᠭ᠋ᠠᠵᠠᠯᠠᠨ᠎ᠠ; ᠦᠯᠡᠳᠡᠪᠦᠷᠢ ᠭᠠᠯ᠎ᠢ ᠤᠷᠢᠳ ᠵᠶ᠋ᠠᠷ ᠴᠡᠪᠡᠷᠯᠡᠬᠦ ᠦᠭᠡᠢ᠎ᠪᠠᠷ ᠴᠤᠴᠠᠯᠢ ᠪᠣᠯᠣᠨ ᠲᠣᠪᠷᠠᠭ ᠵᠡᠷᠭᠡ ᠵᠢ ᠴᠢᠳᠬᠤᠬᠤ ᠵᠢ ᠴᠠᠭ᠋ᠠᠵᠠᠯᠠᠨ᠎ᠠ;
(ᠳᠥᠷᠪᠡ) ᠰᠢᠩᠭᠡᠵᠢᠯ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠣ ᠵᠢᠴᠢ ᠰᠢᠲᠠᠮᠠᠬᠠᠢ ᠬᠡᠢ ᠵᠢᠨ ᠲᠣᠭᠣᠭ᠎ᠠ ᠲᠤᠯᠭ᠎ᠠ ᠵᠢ ᠳᠤᠷ᠎ᠠ᠎ᠪᠠᠷ ᠵᠶ᠋ᠠᠨ ᠵᠠᠳᠠᠯᠤᠨ ᠵᠠᠰᠠᠬᠤ ᠵᠢ ᠴᠠᠭ᠋ᠠᠵᠠᠯᠠᠨ᠎ᠠ᠂ ᠰᠢᠩᠭᠡᠵᠢᠯ᠎ᠤᠨ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠣ ᠵᠢᠨ ᠦᠯᠡᠳᠡᠪᠦᠷᠢ ᠰᠢᠩᠭᠡᠨ᠎ᠢ ᠴᠢᠳᠬᠤᠬᠤ ᠵᠢ ᠴᠠᠭ᠋ᠠᠵᠠᠯᠠᠨ᠎ᠠ;
(ᠲᠠᠪᠤ) ᠥᠷᠥᠭᠡ ᠲᠠᠰᠤᠭ᠂ ᠬᠦᠷᠢᠶ᠎ᠡ ᠬᠠᠰᠢᠶ᠎ᠠ᠎ᠳᠤ ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠢ ᠬᠠᠳᠠᠭ᠋ᠠᠯᠠᠵᠤ ᠲᠠᠯᠪᠢᠬᠤ ᠪᠠ ᠦᠢ᠍ᠯᠡᠳᠪᠦᠷᠢᠯᠡᠬᠦ ᠵᠢ ᠴᠠᠭ᠋ᠠᠵᠠᠯᠠᠨ᠎ᠠ;
(ᠵᠢᠷᠭᠤᠭ᠎ᠠ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭ᠋ᠠᠯᠠᠨ ᠲᠠᠯᠪᠢᠬᠤ ᠭᠠᠵᠠᠷ ᠪᠠ ᠲᠦᠯᠡᠭᠡ ᠡᠪᠡᠰᠦ᠂ ᠲᠡᠵᠢᠭᠡᠯ ᠡᠪᠡᠰᠦ ᠣᠪᠣᠭ᠋ᠠᠯᠠᠨ ᠲᠠᠯᠪᠢᠬᠤ ᠭᠠᠵᠠᠷ᠎ᠤᠨ ᠣᠢ᠌ᠷ᠎ᠠ ᠬᠠᠪᠢ᠎ᠪᠠᠷ ᠬᠤᠸᠠᠷ ᠫᠤᠤᠵᠢᠩ ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠵᠢ ᠴᠠᠭ᠋ᠠᠵᠠᠯᠠᠨ᠎ᠠ᠃
ᠭᠤᠴᠢᠨ ᠳᠣᠯᠣᠳᠤᠭ᠋ᠠᠷ ᠵᠦᠢ᠍ᠯ ᠲᠠᠷᠢᠶᠠᠯᠠᠩ᠎ᠤᠨ ᠬᠤᠷᠢᠶᠠᠯᠲᠠ ᠵᠢᠨ ᠤᠯᠠᠷᠢᠯ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠠᠴᠠ ᠰᠡᠷᠭᠡᠢ᠌ᠯᠡᠬᠦ ᠤᠯᠠᠷᠢᠯ᠂ ᠴᠢᠬᠤᠯᠠ ᠶᠡᠬᠡ ᠪᠠᠶᠠᠷ ᠳᠤᠷᠠᠰᠬᠠᠯ᠎ᠤᠨ ᠡᠳᠦᠷ ᠵᠢᠴᠢ ᠨᠠᠭ᠋ᠠᠳᠤᠮ᠎ᠤᠨ ᠬᠤᠷᠠᠯ ᠵᠡᠷᠭᠡ ᠴᠢᠬᠤᠯᠠ ᠠᠵᠢᠯᠯᠠᠭ᠋ᠠᠨ᠎ᠤ ᠬᠤᠭᠤᠴᠠᠭ᠋ᠠᠨ᠎ᠳᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠬᠢᠵᠦ᠂ ᠬᠠᠨᠳᠤᠯᠭ᠋ᠠᠲᠤ ᠴᠢᠨᠠᠷᠲᠠᠢ ᠭᠠᠯ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠵᠦ᠂ ᠭᠠᠯ᠎ᠤᠨ ᠠᠶᠤᠯ᠎ᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠳ᠋ᠧᠩᠯᠦ ᠵᠢᠨ ᠬᠤᠷᠠᠯ᠂ ᠰᠦᠮ᠎ᠡ ᠵᠢᠨ ᠴᠤᠭᠯᠠᠭ᠋ᠠᠨ᠂ ᠤᠷᠠᠨ ᠰᠠᠢ᠌ᠬᠠᠨ᠎ᠤ ᠲᠣᠭᠯᠠᠯᠲᠠ ᠵᠡᠷᠭᠡ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠢ ᠠᠵᠢᠯᠯᠠᠭ᠋ᠠᠨ ᠶᠠᠪᠤᠭᠳᠠᠭᠤᠯᠬᠤ᠎ᠳᠤ᠂ ᠭᠣᠣᠯᠯᠠᠨ ᠡᠷᠬᠢᠯᠡᠭᠰᠡᠨ ᠨᠢᠭᠡᠴᠢ᠎ᠨᠢ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠠᠮᠤᠷ ᠲᠦᠪᠰᠢᠨ᠎ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭ᠋ᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠲᠠᠷᠬᠠᠭ᠋ᠠᠵᠤ ᠶᠠᠪᠤᠭᠤᠯᠬᠤ ᠵᠢᠨ ᠪᠡᠯᠡᠳᠬᠡᠯ ᠲᠥᠰᠥᠯ᠎ᠢ ᠲᠣᠭᠲᠠᠭ᠋ᠠᠵᠤ᠂ ᠭᠠᠯ ᠰᠡᠷᠭᠡᠢ᠌ᠯᠡᠵᠦ ᠤᠨᠲᠠᠷᠠᠭ᠋ᠠᠬᠤ ᠵᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠬᠢᠷᠠᠭᠤᠯᠵᠤ᠂ ᠲᠠᠷᠬᠠᠭ᠋ᠠᠵᠤ ᠶᠠᠪᠤᠭᠤᠯᠬᠤ ᠵᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ᠎ᠠ᠃ ᠭᠣᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠠᠵᠢᠯᠯᠠᠭ᠋ᠠᠨ ᠶᠠᠪᠤᠭᠤᠯᠤᠭᠰᠠᠨ ᠭᠠᠵᠠᠷ᠎ᠤᠨ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠠᠴᠠ ᠬᠠᠷᠢᠭᠤᠴᠠᠨ᠎ᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠭᠤᠴᠢ ᠶᠢᠰᠦᠳᠦᠭᠡᠷ ᠵᠦᠢ᠍ᠯ ᠲᠣᠰ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠢ᠌ᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠦᠰᠦᠭ [2006] 389 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃