ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠨᠡᠶ᠋ᠢᠲᠡᠯᠡᠭᠰᠡᠨ ᠴᠠᠭ᠄ 2023-11-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

      ᠥᠪᠥᠷ ᠵᠠᠰᠠᠭ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ

     2023 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠨᠢ ᠤᠯᠤᠰ᠎ᠤᠨ ᠭᠠᠵᠠᠷ ᠰᠢᠷᠣᠢ ᠠᠮᠢ ᠠᠬᠤᠢ ᠵᠢᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠶᠡᠬᠡ ᠲᠠᠯ᠎ᠠ᠎ᠲᠠᠢ ᠬᠣᠯᠪᠣᠭᠳᠠᠨ᠎ᠠ᠃ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠪᠦᠲᠦᠮᠵᠢᠲᠡᠶ ᠰᠡᠷᠭᠡᠢ᠌ᠯᠡᠨ ᠤᠨᠲᠠᠷᠠᠭ᠋ᠠᠵᠤ ᠠᠪᠤᠷᠠᠯᠳᠠ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ᠎ᠢ ᠨᠡᠢ᠌ᠲᠡᠯᠡᠪᠡ᠃

      ᠨᠢᠭᠡ᠂ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠴᠠᠭ ᠪᠠ ᠣᠷᠣᠨ ᠪᠦᠰᠡ ᠵᠢ ᠲᠣᠭᠲᠠᠭ᠋ᠠᠬᠤ ᠬᠡᠷᠡᠭᠲᠡᠢ

     2023 ᠣᠨ᠎ᠤ ᠬᠠᠪᠤᠷ᠎ᠤᠨ ᠤᠯᠠᠷᠢᠯ᠎ᠳᠠᠬᠢ ᠪᠥᠬᠥ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠃ ᠡᠯ᠎ᠡ ᠭᠠᠵᠠᠷ ᠣᠷᠣᠨ᠎ᠨᠢ ᠲᠤᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ ᠵᠶ᠋ᠡᠨ ᠦᠨᠳᠦᠰᠦᠯᠡᠨ᠂ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠪᠠᠨ ᠤᠷᠢᠳᠴᠢᠯᠠᠭᠤᠯᠬᠤ ᠪᠤᠶᠤ ᠬᠣᠢ᠌ᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠨ᠎ᠠ᠃ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭ᠋ᠠᠷ ᠪᠣᠯᠣᠨ ᠣᠷᠣᠨ ᠪᠦᠰᠡ ᠵᠢ ᠨᠡᠢ᠌ᠭᠡᠮ᠎ᠳᠤ ᠨᠡᠢ᠌ᠲᠡᠯᠡᠬᠦ ᠵᠢᠨ ᠬᠠᠮᠲᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠵᠢᠯᠤᠭᠣᠳᠬᠤ ᠭᠠᠵᠠᠷ᠎ᠲᠤ ᠳᠠᠩᠰᠠᠯᠠᠭᠤᠯᠬᠤ ᠬᠡᠷᠡᠭᠲᠡᠢ᠃

      ᠬᠣᠶᠠᠷ᠂ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠬᠤ ᠬᠡᠷᠡᠭᠲᠡᠢ

      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠯᠭ᠋ᠠᠲᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠠᠵᠢᠯ ᠲᠥᠷᠥᠯ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠣᠯᠣᠨ ᠦᠢ᠍ᠯᠡᠳᠪᠦᠷᠢᠯᠡᠨ ᠡᠵᠡᠩᠨᠡᠭᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠢ᠌ᠵᠢᠭᠤᠯᠤᠨ᠂ ᠬᠠᠷᠢᠭᠤᠴᠠᠯᠭ᠎ᠠ ᠵᠢᠨ ᠣᠷᠣᠨ ᠵᠶ᠋ᠡᠨ ᠬᠤᠪᠢᠶᠠᠷᠢᠯᠠᠨ ᠲᠣᠭᠲᠠᠭ᠋ᠠᠵᠤ᠂ ᠬᠠᠷᠢᠭᠤᠴᠠᠯᠭ᠎ᠠ ᠵᠢᠨ ᠪᠢᠴᠢᠭ ᠵᠢᠷᠤᠵᠤ ᠲᠣᠭᠲᠠᠨ᠂ ᠨᠢᠭᠲᠠ ᠴᠢᠩᠭ᠎ᠠ ᠪᠦᠬᠦᠢ ᠲᠣᠣᠷᠵᠢᠭᠤᠯᠤᠭᠰᠠᠨ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠠᠢ᠌ᠭᠤᠯᠵᠤ᠂ ᠡᠯ᠎ᠡ ᠵᠦᠢ᠍ᠯ᠎ᠤᠨ ᠬᠠᠷᠢᠭᠤᠴᠠᠯᠭ᠎ᠠ ᠵᠢᠨ ᠠᠷᠭ᠎ᠠ ᠬᠡᠮᠵᠢᠶ᠎ᠡ ᠵᠢ 《ᠡᠴᠦᠰ᠎ᠤᠨ ᠨᠢᠭᠡ ᠮᠧᠲᠷ》᠂ ᠬᠠᠮᠤᠭ᠎ᠤᠨ ᠪᠠᠭ᠎ᠠ ᠨᠢᠭᠡᠴᠢ ᠬᠦᠷᠲᠡᠯ᠎ᠡ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠵᠢᠯᠤᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ᠎ᠨᠢ ᠲᠤᠰ ᠲᠣᠰ᠎ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠰᠡᠷᠭᠡᠢ᠌ᠯᠡᠵᠦ ᠠᠪᠤᠷᠠᠬᠤ ᠬᠠᠷᠢᠭᠤᠴᠠᠯᠭ᠎ᠠ ᠵᠢᠨ ᠬᠡᠯᠬᠢᠶ᠎ᠡ᠎ᠪᠠᠨ ᠨᠢᠭᠲᠠ ᠵᠣᠯᠭ᠋ᠠᠯᠳᠤᠭᠤᠯᠤᠨ᠂ ᠭᠠᠯ ᠲᠦᠢ᠍ᠮᠡᠷ᠎ᠢ ᠰᠡᠷᠭᠡᠢ᠌ᠯᠡᠬᠦ ᠪᠠ ᠭᠠᠯ ᠲᠦᠢ᠍ᠮᠡᠷ ᠡᠭᠦᠰᠦᠭᠰᠡᠨ ᠡᠬᠢᠨ᠎ᠤ ᠬᠤᠭᠤᠴᠠᠭ᠋ᠠᠨ᠎ᠳᠠᠬᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠵᠦ᠂ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ ᠪᠥᠬᠥ ᠶᠠᠪᠤᠴᠠ᠎ᠳᠤ ᠣᠷᠣᠯᠴᠠᠬᠤ ᠬᠡᠷᠡᠭᠲᠡᠢ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠭᠠᠯ ᠲᠦᠢ᠍ᠮᠡᠷ᠎ᠢ ᠰᠡᠷᠭᠡᠢ᠌ᠯᠡᠨ ᠡᠵᠡᠮᠳᠡᠬᠦ ᠠᠵᠢᠯ᠎ᠢ ᠶᠡᠷᠦᠩᠬᠡᠢ᠌ᠯᠡᠨ ᠵᠢᠯᠤᠭᠣᠳᠴᠤ᠂ ᠡᠯ᠎ᠡ ᠲᠠᠯ᠎ᠠ ᠵᠢᠨ ᠬᠦᠴᠦᠨ᠎ᠢ ᠨᠢᠭᠡᠳᠦᠯᠲᠡᠢ ᠲᠥᠯᠥᠪᠯᠡᠨ᠂ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠤᠨ ᠵᠣᠬᠢᠴᠠᠭᠤᠯᠵᠤ᠂ ᠶᠡᠬᠡ ᠭᠠᠯ ᠲᠦᠢ᠍ᠮᠡᠷ᠎ᠠᠴᠠ ᠪᠣᠯᠤᠭᠰᠠᠨ ᠬᠦᠨᠳᠦ ᠬᠡᠴᠡᠭᠦᠦ ᠭᠠᠮᠰᠢᠭ᠎ᠢ ᠠᠷᠭ᠋ᠠᠴᠠᠭ᠋ᠠᠬᠤ ᠪᠡᠯᠡᠳᠬᠡᠯ ᠠᠵᠢᠯ ᠪᠠ ᠤᠨᠲᠠᠷᠠᠭ᠋ᠠᠨ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠭᠠᠯ ᠲᠦᠢ᠍ᠮᠡᠷ ᠭᠠᠷᠤᠭᠰᠠᠨ ᠭᠠᠵᠠᠷ᠎ᠤᠨ ᠰᠡᠷᠭᠡᠢ᠌ᠯᠡᠨ ᠰᠡᠷᠡᠮᠵᠢᠯᠡᠭᠦᠯᠬᠦ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠠᠮᠤᠷ᠎ᠢ ᠬᠠᠮᠠᠭ᠋ᠠᠯᠠᠬᠤ᠂ ᠭᠠᠯ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠵᠡᠷᠭᠡ ᠠᠵᠢᠯ᠎ᠢ ᠰᠠᠢ᠌ᠲᠤᠷ ᠬᠢᠵᠦ᠂ ᠤᠬᠠᠭᠤᠯᠬᠤ᠂ ᠵᠢᠭᠰᠠᠭ᠋ᠠᠨ ᠪᠠᠢ᠌ᠴᠠᠭ᠋ᠠᠬᠤ᠂ ᠲᠣᠭᠣᠷᠢᠨ ᠬᠠᠮᠠᠭ᠋ᠠᠯᠠᠬᠤ ᠵᠢᠴᠢ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ᠎ᠢ ᠰᠢᠢ᠍ᠳᠬᠡᠨ ᠲᠣᠷᠭ᠋ᠠᠬᠤ ᠵᠡᠷᠭᠡ ᠠᠵᠢᠯ᠎ᠢ ᠬᠠᠮᠵᠢᠯᠴᠠᠨ ᠥᠷᠨᠢᠭᠦᠯᠬᠦ ᠬᠡᠷᠡᠭᠲᠡᠢ᠃

      ᠭᠤᠷᠪᠠ᠂ ᠭᠠᠯ ᠲᠦᠢ᠍ᠮᠡᠷ ᠎ᠤᠨ ᠰᠡᠷᠭᠡᠢ᠌ᠯᠡᠯᠲᠡ ᠵᠢ ᠴᠢᠩᠭ᠋ᠠᠳᠬᠠᠬᠤ ᠬᠡᠷᠡᠭᠲᠡᠢ

      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠢᠮᠳᠠᠭᠤᠯᠤᠨ ᠵᠢᠯᠤᠭᠣᠳᠴᠤ ᠪᠠᠢ᠌ᠴᠠᠭ᠋ᠠᠬᠤ ᠪᠠ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠪᠠᠢ᠌ᠩᠭᠤᠵᠢᠭᠤᠯᠤᠨ ᠵᠣᠬᠢᠶᠠᠨ ᠪᠠᠢ᠌ᠭᠤᠯᠵᠤ ᠥᠷᠨᠢᠭᠦᠯᠦᠨ᠂ ᠵᠠᠩᠭᠢᠯᠠᠭ᠎ᠠ ᠵᠢᠨ ᠴᠢᠬᠤᠯᠠ ᠠᠰᠠᠭᠤᠳᠠᠯ᠎ᠢ ᠨᠡᠷᠡᠯᠡᠨ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠬᠡᠷᠡᠭᠲᠡᠢ᠃ ᠭᠣᠣᠯᠳᠠᠯᠭ᠎ᠠ ᠪᠣᠯᠬᠣ ᠣᠷᠣᠨ ᠪᠠᠢ᠌ᠷᠢ᠎ᠳᠠᠬᠢ ᠤᠢ ᠵᠢᠨ ᠬᠣᠷᠮᠣᠢ ᠵᠢᠨ ᠰᠢᠲᠠᠮᠠᠬᠠᠢ ᠪᠣᠳᠠᠰ᠎ᠢ ᠴᠡᠪᠡᠷᠯᠡᠨ ᠠᠷᠢᠯᠭ᠋ᠠᠬᠤ᠎ᠪᠠᠨ ᠴᠢᠩᠭ᠋ᠠᠳᠬᠠᠵᠤ᠂ ᠬᠡᠰᠡᠭ ᠪᠤᠰᠠᠭ ᠣᠩᠭᠣᠨ ᠪᠤᠯᠠᠰᠢ ᠵᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠵᠢ ᠢᠳᠡᠪᠬᠢᠲᠡᠢ᠎ᠪᠠᠷ ᠠᠬᠢᠭᠤᠯᠤᠨ ᠬᠥᠲᠥᠯᠥᠨ ᠵᠢᠯᠤᠭᠣᠳᠴᠤ᠂ ᠠᠭᠤᠯᠠ᠂ ᠭᠤᠤ ᠰᠤᠪᠠᠭ᠂ ᠭᠣᠣᠯ᠎ᠤᠨ ᠲᠣᠬᠣᠢ ᠵᠢ ᠴᠡᠪᠡᠷᠯᠡᠬᠦ ᠠᠵᠢᠯ᠎ᠢ ᠴᠠᠭ ᠲᠤᠬᠠᠢ᠎ᠳᠤ᠎ᠨᠢ ᠵᠣᠬᠢᠶᠠᠨ ᠪᠠᠢ᠌ᠭᠤᠯᠵᠤ ᠥᠷᠨᠢᠭᠦᠯᠬᠦ     ᠬᠡᠷᠡᠭᠲᠡᠢ᠃ ᠠᠰᠠᠭᠤᠳᠠᠯ᠎ᠢ ᠣᠯᠵᠤ ᠮᠡᠳᠡᠭᠡᠳ ᠴᠡᠭᠴᠡᠯᠡᠨ ᠰᠠᠢ᠌ᠵᠢᠷᠠᠭᠤᠯᠬᠤ ᠵᠢ ᠲᠡᠪᠴᠢᠭᠰᠡᠨ ᠵᠢᠴᠢ ᠬᠠᠮᠢᠶᠠᠷᠤᠯᠲᠠ ᠵᠢ ᠲᠠᠭ᠋ᠠᠬᠣ ᠦᠭᠡᠢ ᠪᠤᠶᠤ ᠵᠣᠷᠢᠭᠤᠳᠠ ᠵᠦᠷᠢᠴᠡᠭᠰᠡᠳ᠎ᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠰᠢᠢ᠍ᠳᠬᠡᠨ ᠰᠢᠢ᠍ᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠣᠰᠣᠭ᠋ᠠᠷ ᠭᠠᠯ ᠲᠦᠢ᠍ᠮᠡᠷ᠎ᠤᠨ ᠰᠡᠷᠭᠡᠢ᠌ᠯᠡᠯᠲᠡ ᠵᠢᠨ ᠲᠤᠰᠠᠭ᠋ᠠᠷᠯᠠᠬᠤ ᠪᠦᠰᠡ ᠭᠠᠷᠭ᠋ᠠᠵᠤ᠂ ᠮᠣᠩᠭᠣᠯ ᠤᠯᠤᠰ᠂ ᠣᠷᠣᠰ᠎ᠤᠨ ᠬᠣᠯᠪᠣᠭᠳᠠᠯ ᠪᠦᠬᠦᠢ ᠲᠠᠯ᠎ᠠ᠎ᠯᠤᠭ᠎ᠠ ᠵᠢᠨ ᠬᠠᠮᠲᠤᠷᠠᠨ ᠰᠡᠷᠭᠡᠢ᠌ᠯᠡᠵᠦ ᠬᠣᠯᠪᠣᠭ᠎ᠠ ᠠᠪᠬᠤ᠎ᠪᠠᠨ ᠴᠢᠩᠭ᠋ᠠᠳᠬᠠᠨ᠂ ᠬᠥᠷᠰᠢ ᠵᠡᠷᠭᠡᠯᠡᠳᠡᠭᠡ ᠭᠠᠵᠠᠷ ᠣᠷᠣᠨ᠎ᠤ ᠨᠢᠭᠡᠴᠢ ᠵᠢᠨ ᠬᠣᠭᠣᠷᠣᠨᠳᠣᠬᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ ᠴᠢᠩᠭ᠋ᠠᠷᠠᠭᠤᠯᠵᠤ᠂ ᠬᠢᠯᠢ ᠵᠢᠨ ᠭᠠᠳᠠᠨᠠᠬᠢ ᠭᠠᠯ ᠲᠦᠢ᠍ᠮᠡᠷ᠎ᠢ ᠰᠡᠷᠭᠡᠢ᠌ᠯᠡᠨ ᠬᠠᠰᠢᠬᠤ ᠪᠠ ᠬᠢᠯᠢ ᠵᠢᠨ ᠳᠣᠲᠣᠷᠠᠬᠢ ᠠᠭᠤᠯᠵᠠᠷ ᠭᠠᠵᠠᠷ ᠬᠡᠰᠡᠭ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠄

     (ᠨᠢᠭᠡ) ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ᠎ᠳᠤ ᠲᠠᠮᠠᠬᠢ ᠲᠠᠲᠠᠬᠤ᠂ ᠬᠡᠭᠡᠷ᠎ᠡ ᠬᠣᠭᠣᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠨᠣᠴᠣᠭ᠋ᠠᠵᠤ ᠳᠤᠯᠠᠭ᠋ᠠᠯᠠᠬᠤ᠂ ᠬᠣᠭ ᠨᠣᠪᠰᠢ ᠰᠢᠲᠠᠭ᠋ᠠᠬᠤ ᠵᠢᠴᠢ ᠪᠤᠰᠤᠳ ᠦᠢ᠍ᠯᠡᠳᠪᠦᠷᠢᠯᠡᠯ᠎ᠤᠨ ᠪᠤᠰᠤ ᠬᠡᠷᠡᠭᠴᠡᠭᠡᠨ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃

     (ᠬᠣᠶᠠᠷ) ᠬᠡᠭᠡᠷ᠎ᠡ ᠭᠠᠳᠠᠨ᠎ᠠ ᠦᠢ᠍ᠯᠡᠳᠪᠦᠷᠢᠯᠡᠯ᠎ᠤᠨ ᠬᠡᠷᠡᠭᠴᠡᠭᠡ᠎ᠪᠠᠷ ᠭᠠᠯ ᠬᠡᠷᠡᠭᠯᠡᠬᠦ᠎ᠳᠤ ᠬᠢᠨᠠᠨ ᠵᠥᠪᠰᠢᠶᠡᠷᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠨᠡᠨ ᠬᠦ᠌ ᠣᠨᠴᠠᠭ᠋ᠠᠢ ᠰᠢᠯᠲᠠᠭ᠋ᠠᠨ᠎ᠠᠴᠠ ᠪᠣᠯᠵᠤ ᠬᠡᠭᠡᠷ᠎ᠡ ᠭᠠᠳᠠᠨ᠎ᠠ ᠦᠢ᠍ᠯᠡᠳᠪᠦᠷᠢᠯᠡᠯ ᠠᠮᠢᠳᠤᠷᠠᠯ ᠬᠢᠭᠡᠳ ᠲᠠᠷᠢᠶᠠᠯᠠᠩ᠎ᠤᠨ ᠶᠠᠪᠤᠳᠠᠯ᠎ᠳᠤ ᠭᠠᠯ ᠬᠡᠷᠡᠭᠯᠡᠬᠦ ᠴᠢᠬᠤᠯᠠ᠎ᠲᠠᠢ ᠪᠣᠯ ᠲᠤᠬᠠᠢ ᠵᠢᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠡᠳ᠂ ᠵᠢᠭ᠋ᠠᠨ ᠲᠣᠭᠲᠠᠭ᠋ᠠᠭᠰᠠᠨ ᠴᠠᠭ ᠬᠤᠭᠤᠴᠠᠭ᠎ᠠ᠂ ᠵᠢᠭ᠋ᠠᠨ ᠲᠣᠭᠲᠠᠭ᠋ᠠᠭᠰᠠᠨ ᠭᠠᠵᠠᠷ ᠣᠷᠣᠨ᠎ᠳᠤ ᠬᠠᠷᠢᠭᠤᠴᠠᠯᠭ᠎ᠠ ᠡᠭᠦᠷᠭᠡᠯᠡᠭᠴᠢ ᠵᠢ ᠲᠣᠳᠣᠷᠬᠠᠢ᠌ᠯᠠᠵᠤ ᠪᠠᠢ᠌ᠭ᠋ᠠᠳ ᠰᠡᠷᠭᠡᠢ᠌ᠯᠡᠵᠦ ᠠᠪᠤᠷᠠᠬᠤ ᠪᠡᠯᠡᠳᠬᠡᠯ᠎ᠢ ᠰᠠᠢ᠌ᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠢ᠃

     (ᠭᠤᠷᠪᠠ) ᠡᠯ᠎ᠡ ᠪᠠᠢ᠌ᠴᠠᠭ᠋ᠠᠬᠤ ᠥᠷᠲᠡᠭᠡ᠂ ᠠᠵᠢᠭᠯᠠᠨ ᠪᠠᠷᠠᠯᠠᠬᠤ ᠲᠠᠢ᠌ᠰᠠ᠂ ᠴᠠᠭᠳᠠᠨ ᠲᠣᠭᠣᠷᠢᠵᠤ ᠬᠠᠮᠠᠭ᠋ᠠᠯᠠᠬᠤ ᠠᠵᠢᠯ᠎ᠤᠨ ᠪᠠᠢ᠌ᠷᠢᠨ᠎ᠳᠠᠬᠢ ᠬᠥᠮᠥᠰ᠎ᠨᠢ ᠪᠦᠬᠦᠯᠢ ᠡᠳᠦᠷ ᠵᠶ᠋ᠡᠷ ᠵᠢᠵᠢᠭᠦᠷᠯᠡᠨ ᠰᠠᠬᠢᠵᠤ᠂ 《ᠭᠠᠯ ᠲᠦᠢ᠍ᠮᠡᠷ᠎ᠤᠨ ᠰᠡᠷᠭᠡᠢ᠌ᠯᠡᠯᠲᠡ ᠵᠢᠨ ᠮᠡᠷᠭᠡᠨ ᠴᠣᠬᠣᠷ》 ᠲᠣᠬᠢᠷᠠᠭᠤᠯᠤᠨ᠂ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ᠎ᠳᠤ ᠣᠷᠣᠬᠤ ᠬᠥᠮᠥᠰ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠴᠤ᠂ ᠭᠠᠯ᠎ᠤᠨ ᠴᠤᠭ ᠪᠤᠶᠤ ᠨᠣᠴᠣᠮᠠᠲᠠᠭ᠋ᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠣᠷᠣᠬᠤ ᠵᠢ ᠴᠢᠩᠭ᠎ᠠ ᠴᠠᠭ᠋ᠠᠵᠠᠯᠠᠨ᠂ ᠴᠢᠬᠤᠯᠠ᠎ᠲᠠᠢ ᠦᠶ᠎ᠡ᠎ᠳᠤ 《ᠭᠠᠯ ᠰᠡᠷᠭᠡᠢ᠌ᠯᠡᠬᠦ ᠪᠦᠲᠡᠭᠡᠯᠭᠡ》 ᠨᠡᠮᠡᠨ ᠤᠭᠰᠠᠷᠠᠵᠤ ᠪᠤᠬ᠎ᠠ ᠲᠡᠷᠭᠡ ᠳᠦᠷᠡᠯᠵᠡᠨ ᠨᠣᠴᠣᠬᠤ ᠵᠢ ᠰᠡᠷᠭᠡᠢ᠌ᠯᠡᠬᠦ᠂ ᠨᠡᠭᠦᠷᠡᠰᠦ ᠲᠡᠭᠡᠭᠡᠭᠰᠡᠨ ᠲᠡᠷᠭᠡᠨ᠎ᠤ ᠸᠠᠭᠣᠨ᠎ᠢ ᠪᠢᠲᠡᠭᠦᠯᠡᠵᠦ ᠨᠡᠭᠦᠷᠡᠰᠦᠨ ᠬᠡᠮᠬᠡᠳᠡᠭ᠎ᠨᠢ ᠰᠠᠳᠠᠷᠠᠵᠦ ᠭᠣᠭᠣᠵᠢᠭ᠋ᠠᠳ ᠠᠶᠠᠨᠳᠠᠭ᠋ᠠᠨ ᠨᠣᠴᠣᠬᠤ ᠵᠢ ᠰᠡᠷᠭᠡᠢ᠌ᠯᠡᠬᠦ ᠵᠡᠷᠭᠡ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃

      ᠳᠥᠷᠪᠡ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠪᠠᠨ ᠴᠢᠩᠭ᠋ᠠᠷᠠᠭᠤᠯᠬᠤ ᠬᠡᠷᠡᠭᠲᠡᠢ

      ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠠᠶᠤᠯ᠎ᠤᠨ ᠴᠠᠭ ᠠᠭᠤᠷ᠎ᠤᠨ ᠮᠡᠳᠡᠭᠡ᠎ᠪᠠᠨ ᠤᠷᠢᠳᠴᠢᠯᠠᠨ ᠮᠡᠳᠡᠭᠡᠯᠡᠬᠦ᠎ᠪᠠᠨ ᠴᠢᠩᠭ᠋ᠠᠳᠬᠠᠵᠤ᠂ ᠭᠠᠯ ᠲᠦᠢ᠍ᠮᠡᠷ᠎ᠤᠨ ᠠᠶᠤᠯ ᠶᠡᠬᠡᠲᠡᠢ ᠴᠠᠭ ᠠᠭᠤᠷ ᠪᠣᠯ ᠴᠠᠭ ᠲᠤᠬᠠᠢ᠎ᠳᠤ᠎ᠨᠢ ᠵᠠᠯᠭ᠋ᠠᠭ᠎ᠠ ᠵᠠᠯᠭ᠋ᠠᠭ᠎ᠠ᠎ᠪᠠᠷ ᠰᠡᠷᠡᠮᠵᠢ ᠵᠢᠨ ᠳᠣᠬᠢᠶ᠎ᠠ ᠨᠡᠢ᠌ᠲᠡᠯᠡᠨ᠂ ᠤᠷᠢᠳᠴᠢᠯᠠᠨ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠯ᠎ᠡ ᠱᠠᠲᠤᠨ᠎ᠤ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭ᠋ᠠᠲᠤ ᠨᠢᠭᠡᠴᠢ᠎ᠨᠢ 24 ᠴᠠᠭ ᠵᠶ᠋ᠠᠷ ᠵᠢᠵᠢᠭᠦᠷᠯᠡᠬᠦ᠂ ᠤᠳᠤᠷᠢᠳᠤᠯᠭ᠎ᠠ ᠳᠠᠭ᠋ᠠᠭᠤᠯᠤᠨ ᠵᠢᠵᠢᠭᠦᠷᠯᠡᠬᠦ᠂ ᠭᠠᠯ ᠲᠦᠢ᠍ᠮᠡᠷ᠎ᠤᠨ ᠪᠠᠢ᠌ᠳᠠᠯ᠎ᠤᠨ ᠮᠡᠳᠡᠭᠡ ᠵᠠᠩᠭᠢ ᠵᠢ 《ᠰᠢᠰᠲ᠋ᠧᠮᠵᠢᠭᠦᠯᠦᠨ ᠮᠡᠳᠡᠭᠦᠯᠬᠦ》 《ᠭᠠᠯ ᠲᠦᠢ᠍ᠮᠡᠷ ᠭᠠᠷᠪᠠᠯ ᠵᠠᠪᠠᠯ ᠮᠡᠳᠡᠭᠦᠯᠬᠦ》 ᠪᠠ ᠴᠢᠬᠤᠯᠠ ᠴᠠᠭ ᠬᠤᠭᠤᠴᠠᠭ᠋ᠠᠨ᠎ᠳᠤ 《ᠡᠳᠦᠷ᠎ᠤᠨ ᠮᠡᠳᠡᠭᠦᠯᠦᠯᠲᠡ》 《ᠭᠠᠯ ᠲᠦᠢ᠍ᠮᠡᠷ ᠦᠭᠡᠢ ᠮᠡᠳᠡᠭᠦᠯᠦᠯᠲᠡ》 ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠢᠭᠤᠵᠤ ᠮᠡᠳᠡᠭᠦᠯᠬᠦ ᠦᠭᠡᠢ᠂ ᠬᠣᠵᠢᠭᠤ ᠮᠡᠳᠡᠭᠦᠯᠬᠦ ᠵᠡᠷᠭᠡ ᠦᠢᠯᠡ ᠠᠵᠢᠯᠯᠠᠭ᠎ᠠ ᠵᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠦᠭᠦᠳ ᠭᠠᠯ ᠲᠦᠢ᠍ᠮᠡᠷ᠎ᠤᠨ ᠪᠠᠢ᠌ᠳᠠᠯ᠎ᠢ ᠨᠢᠭᠲᠠ ᠠᠵᠢᠭᠯᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠥᠯ ᠵᠶ᠋ᠡᠨ ᠲᠡᠭᠦᠯᠳᠡᠷᠵᠢᠭᠦᠯᠦᠨ᠂ ᠡᠩᠨᠡᠭᠡᠨ᠎ᠤ ᠪᠠᠢ᠌ᠷᠢᠯᠠᠭᠤᠯᠤᠯᠲᠠ᠎ᠪᠠᠨ ᠰᠢᠯᠢᠳᠡᠭᠵᠢᠭᠦᠯᠵᠦ᠂ ᠶᠡᠷᠦᠩᠬᠡᠢ᠌ᠯᠡᠭᠰᠡᠨ ᠪᠠᠲᠤᠯᠠᠭ᠎ᠠ᠎ᠪᠠᠨ ᠴᠢᠩᠭ᠋ᠠᠳᠬᠠᠨ᠂ ᠭᠡᠨᠡᠳᠲᠡ ᠡᠭᠦᠰᠦᠭᠰᠡᠨ ᠭᠠᠯ ᠲᠦᠢ᠍ᠮᠡᠷ᠎ᠢ ᠪᠤᠰᠢᠭᠤ ᠲᠦᠷᠭᠡᠨ ᠤᠨᠲᠠᠷᠠᠭ᠋ᠠᠵᠤ᠂ ᠥᠨᠳᠥᠷ ᠪᠦᠲᠦᠮᠵᠢᠲᠡᠶ ᠰᠢᠢ᠍ᠳᠪᠦᠷᠢᠯᠡᠨ᠂ 《ᠡᠷᠲᠡ᠎ᠠᠴᠠ᠎ᠨᠢ ᠪᠠᠭ᠎ᠠ ᠳᠡᠭᠡᠷ᠎ᠡ᠎ᠨᠢ ᠪᠦᠷᠢᠮᠦᠰᠦᠨ ᠤᠨᠲᠠᠷᠠᠭ᠋ᠠᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ᠎ᠳᠤ ᠬᠠᠷᠢᠶ᠎ᠠ ᠭᠠᠵᠠᠷ ᠵᠶ᠋ᠠᠷ ᠭᠣᠣᠯ ᠪᠣᠯᠭ᠋ᠠᠬᠤ ᠵᠠᠷᠴᠢᠮ᠎ᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠵᠢᠯᠤᠭᠣᠳᠬᠤ ᠭᠠᠵᠠᠷ᠎ᠤᠨ ᠡᠷᠬᠡ ᠰᠦᠷ᠎ᠢ ᠪᠠᠳᠠᠷᠠᠭ᠋ᠠᠵᠤ᠂ ᠨᠢᠭᠡᠳᠦᠯᠲᠡᠢ ᠵᠢᠯᠣᠭᠣᠳᠤᠨ᠂ ᠰᠢᠨᠵᠢᠯᠡᠬᠦ ᠤᠬᠠᠭ᠋ᠠᠨᠴᠢ᠎ᠪᠠᠷ ᠤᠨᠲᠠᠷᠠᠭ᠋ᠠᠵᠤ ᠠᠪᠤᠷᠠᠬᠤ ᠬᠡᠷᠡᠭᠲᠡᠢ᠃ ᠠᠮᠢ ᠨᠠᠰᠤ ᠵᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂ ᠲᠤᠰᠬᠠᠢ ᠮᠡᠷᠭᠡᠵᠢᠯ᠎ᠤᠨ ᠵᠢᠯᠣᠭᠣᠳᠤᠯᠭ᠎ᠠ᠎ᠲᠠᠢ᠂ ᠭᠠᠯ ᠲᠦᠢ᠍ᠮᠡᠷ ᠤᠨᠲᠠᠷᠠᠭ᠋ᠠᠬᠤ ᠲᠤᠰᠬᠠᠢ᠌ᠵᠢᠭᠰᠠᠨ ᠵᠠᠮ ᠵᠶ᠋ᠠᠷ ᠵᠠᠮᠨᠠᠵᠤ᠂ ᠣᠯᠠᠨ ᠲᠦᠮᠡᠨ᠎ᠤ ᠭᠠᠯ ᠲᠦᠢ᠍ᠮᠡᠷ ᠤᠨᠲᠠᠷᠠᠭ᠋ᠠᠬᠤ ᠠᠵᠢᠯ᠎ᠳᠤ ᠰᠢᠭᠤᠳ ᠣᠷᠤᠯᠴᠠᠬᠤ᠎ᠠᠴᠠ ᠡᠷᠡᠰ ᠵᠠᠢ᠌ᠯᠠᠰᠬᠢᠵᠦ᠂ ᠨᠠᠰᠤᠲᠠᠢ᠌ᠴᠤᠳ᠂ ᠨᠠᠰᠤᠨ᠎ᠳᠤ ᠥᠯᠥ ᠬᠦᠷᠦᠭᠰᠡᠳ᠂ ᠰᠤᠷᠤᠭᠴᠢᠳ ᠵᠡᠷᠭᠡ ᠭᠠᠯ ᠲᠦᠢ᠍ᠮᠡᠷ ᠤᠨᠲᠠᠷᠠᠭ᠋ᠠᠬᠤ᠎ᠳᠤ ᠣᠷᠣᠯᠴᠠᠬᠤ ᠵᠢ ᠴᠠᠭ᠋ᠠᠵᠠᠯᠠᠵᠤ᠂ ᠬᠥᠮᠥᠨ ᠬᠠᠷ᠎ᠠ ᠡᠨᠳᠡᠵᠦ ᠰᠢᠷᠬᠠᠲᠤᠬᠤ ᠭᠡᠨᠡᠳᠡᠯ ᠭᠠᠷᠬᠤ᠎ᠠᠴᠠ ᠴᠢᠩᠭ᠎ᠠ ᠰᠡᠷᠭᠡᠢ᠌ᠯᠡᠬᠦ ᠬᠡᠷᠡᠭᠲᠡᠢ᠃

      ᠲᠠᠪᠤ᠂ ᠰᠢᠮᠳᠠᠭᠤᠯᠤᠨ ᠵᠢᠯᠤᠭᠣᠳᠴᠤ ᠬᠠᠷᠢᠭᠤᠴᠠᠯᠭ᠎ᠠ ᠲᠤᠯᠭ᠋ᠠᠨ ᠬᠡᠯᠡᠯᠴᠡᠬᠦ ᠵᠢ ᠴᠢᠩᠳᠠᠯᠠᠬᠤ ᠬᠡᠷᠡᠭᠲᠡᠢ

      ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠡᠷᠡᠭ ᠪᠦᠷᠢ ᠵᠢ ᠵᠠᠪᠠᠯ ᠪᠠᠢ᠌ᠴᠠᠭ᠋ᠠᠵᠤ᠂ ᠬᠡᠷᠡᠭ ᠪᠦᠷᠢ᠎ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠭᠠᠯ ᠲᠦᠢ᠍ᠮᠡᠷ ᠰᠡᠷᠭᠡᠢ᠌ᠯᠡᠵᠦ ᠤᠨᠲᠠᠷᠠᠭ᠋ᠠᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠭᠰᠠᠨ ᠦᠭᠡᠢ ᠪᠤᠶᠤ ᠨᠠᠢ᠌ᠳᠠᠪᠤᠷᠢᠵᠢᠭᠤᠯᠤᠭᠰᠠᠨ ᠵᠶ᠋ᠠᠷ ᠠᠨᠠᠢ᠌ᠬᠠᠨ᠎ᠠᠴᠠ ᠪᠣᠯᠵᠤ ᠬᠦᠨᠳᠦ ᠣᠨᠴᠠ ᠶᠡᠬᠡ ᠭᠠᠯ ᠲᠦᠢ᠍ᠮᠡᠷ ᠭᠠᠷᠤᠭᠰᠠᠨ ᠪᠤᠶᠤ ᠬᠥᠮᠥᠨ ᠬᠠᠷ᠎ᠠ ᠡᠨᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠭᠠᠵᠠᠷ ᠣᠷᠣᠨ᠂ ᠨᠢᠭᠡᠴᠢ ᠪᠣᠯᠣᠨ ᠬᠠᠷᠢᠭᠤᠴᠠᠯᠭ᠋ᠠᠲᠠᠨ᠎ᠠᠴᠠ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

      ᠵᠢᠷᠭᠤᠭ᠎ᠠ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠬᠡᠷᠡᠭᠲᠡᠢ

      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ᠎ᠨᠢ ᠡᠯ᠎ᠡ ᠵᠦᠢ᠍ᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠡᠷ ᠣᠶ ᠰᠢᠭᠤᠢ ᠵᠢᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠥᠷᠭᠡᠨ ᠳᠡᠯᠭᠡᠷ ᠥᠷᠨᠢᠭᠦᠯᠦᠨ᠂ ᠣᠯᠠᠨ ᠨᠡᠶ᠋ᠢᠲᠡ ᠵᠢᠨ ᠬᠠᠷᠢᠭᠤᠴᠠᠯᠭ᠋ᠠᠲᠤ ᠦᠵᠡᠯ ᠤᠬᠠᠮᠰᠠᠷ᠂ ᠠᠮᠤᠷ ᠲᠦᠪᠰᠢᠨ᠎ᠤ ᠦᠵᠡᠯ ᠤᠬᠠᠮᠰᠠᠷ ᠪᠣᠯᠣᠨ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ᠎ᠨᠢ ᠨᠡᠮᠡᠭᠳᠡᠭᠦᠯᠵᠦ᠂ ᠣᠯᠠᠨ ᠨᠡᠶ᠋ᠢᠲᠡ ᠵᠢᠨ ᠤᠷᠢᠳᠴᠢᠯᠠᠨ ᠰᠡᠷᠭᠡᠢ᠌ᠯᠡᠬᠦ᠂ ᠠᠶᠤᠯ᠎ᠠᠴᠠ ᠵᠠᠢ᠌ᠯᠠᠰᠬᠢᠬᠦ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠯ ᠲᠦᠢ᠍ᠮᠡᠷ ᠭᠠᠷᠤᠭᠰᠠᠨ ᠴᠦ᠍ ᠭᠠᠮᠰᠢᠭ ᠪᠣᠯᠬᠤ ᠦᠭᠡᠢ᠂ ᠭᠠᠯ᠎ᠤᠨ ᠭᠠᠮᠰᠢᠭ ᠡᠭᠦᠰᠦᠭᠰᠡᠨ ᠴᠦ᠍ ᠡᠨᠳᠡᠵᠦ ᠰᠢᠷᠬᠠᠲᠤᠭᠰᠠᠨ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃

     2023 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ

     (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)



ᠢᠷᠡᠯᠲᠡ᠄ ᠥᠪᠥᠷ ᠮᠣᠩᠭᠣᠯ ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠬᠥᠬᠡᠬᠣᠲᠠ ᠵᠢᠨ ᠠᠩᠬᠠᠳᠠᠭᠴᠢ ᠪᠦᠯᠦᠭ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠭᠰᠠᠨ ᠨᠡᠷᠡᠰ᠎ᠢ ᠨᠡᠢ᠌ᠲᠡᠯᠡᠬᠦ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠵᠢ ᠵᠦᠪᠰᠢᠶᠡᠷᠡᠬᠦ ᠳᠣᠭᠲᠠᠭ᠋ᠠᠯ᠎ᠤᠨ ᠪᠢᠴᠢᠭ
 
            