ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-25

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
     ᠥᠪᠥᠷ ᠵᠠᠰᠠᠭ ᠠᠯᠪᠠᠨ ᠲᠠᠷᠬᠠᠭ᠋ᠠᠭᠰᠠᠨ  [2024] 24 ᠳ᠋ᠦ᠍ᠭᠡᠷ ᠲᠣᠭ᠋ᠠᠲᠤ
     ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠢ
     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠵᠢᠨ ᠲᠤᠰᠠᠳᠠ᠂ ᠤᠯᠤᠰ᠎ᠤᠨ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
     ᠨᠢᠭᠡ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠎ᠡ
    (ᠨᠢᠭᠡ) ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠰᠠᠭᠤᠷᠢ ᠰᠤᠳᠤᠯᠭ᠋ᠠᠨ᠎ᠢ ᠴᠢᠩᠭ᠋ᠠᠳᠬᠠᠨ᠎ᠠ᠃ ᠠᠵᠤ ᠠᠬᠤᠶ᠋ᠢᠯᠠᠯ᠂ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠤᠯᠤᠰ᠎ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠤᠰᠬᠠᠢ ᠵᠦᠢ᠍ᠯ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠭᠡ ᠲᠤᠰᠬᠠᠢ ᠵᠦᠢ᠍ᠯ᠎ᠳᠤ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ᠎ᠳᠠᠬᠢ ᠡᠵᠡᠮᠰᠢᠬᠦ ᠠᠵᠢᠯᠯᠠᠭ᠋ᠠᠨ᠎ᠢ ᠲᠦᠷᠭᠡᠨ ᠳᠠᠭ᠋ᠠᠵᠤ ᠭᠦᠢ᠍ᠴᠡᠳᠬᠡᠬᠦ᠂ ᠥᠪᠡᠷ᠎ᠤᠨ ᠥᠷᠲᠡᠭ ᠵᠶ᠋ᠠᠷ ᠳᠣᠣᠷ᠎ᠠ ᠪᠣᠬᠢᠷᠲᠤᠯ ᠦᠭᠡᠢ ᠶᠡᠭᠡ ᠬᠡᠪᠴᠢᠶᠡᠨ᠎ᠤ ᠤᠰᠤᠲᠥ᠋ᠷᠥᠭᠴᠢ ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠵᠡᠷᠭᠡ ᠰᠠᠭᠤᠷᠢ ᠰᠤᠳᠤᠯᠭ᠋ᠠᠨ ᠥᠷᠨᠢᠭᠦᠯᠬᠦ ᠵᠢ᠎ᠨᠢ ᠳᠡᠮᠵᠢᠨ᠎ᠡ᠃ ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ ᠵᠡᠷᠭᠡ ᠰᠢᠨ᠎ᠡ ᠵᠢ ᠡᠭᠦᠳᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ ᠪᠠ ᠬᠡᠷᠡᠭᠯᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ᠎ᠢ ᠠᠬᠢᠭᠤᠯᠤᠨ᠎ᠠ᠃
    (ᠬᠤᠶᠠᠷ) ᠤᠰᠤᠲᠥ᠋ᠷᠥᠭᠴᠢᠲᠤ ᠡᠨᠧᠷᠭᠢ ᠵᠢᠨ ᠭᠤᠣᠯᠯᠠᠬᠤ ᠮᠡᠷᠭᠡᠵᠢᠯ᠎ᠳᠤ ᠰᠢᠨ᠎ᠡ ᠵᠢ ᠡᠭᠦᠳᠬᠦ᠎ᠪᠠᠨ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠰᠤᠳᠤᠯᠤᠨ ᠨᠡᠭᠡᠭᠡᠯᠲᠡ᠎ᠳᠠᠬᠢ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠨᠢᠭᠡ ᠪᠦᠯᠦᠭ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠭᠤᠣᠯᠯᠠᠬᠤ ᠮᠡᠷᠭᠡᠵᠢᠯ᠎ᠤᠨ ᠬᠤᠭᠤᠰᠤᠨ ᠵᠠᠢ ᠵᠢ ᠨᠥᠬᠦᠪᠦᠷᠢᠯᠡᠵᠦ ᠳᠡᠶ᠋ᠢᠯᠬᠦ ᠰᠤᠳᠤᠯᠤᠨ ᠨᠡᠭᠡᠭᠡᠬᠦ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠡᠭᠡᠳᠦ ᠬᠡᠯᠬᠢᠶᠡᠨ᠎ᠳᠤ ᠦᠢ᠍ᠯᠡᠳᠬᠦ᠂ ᠳᠤᠮᠳᠠ ᠬᠡᠯᠬᠢᠶᠡᠨ᠎ᠳᠤ ᠨᠥᠭᠡᠴᠡᠯᠡᠨ ᠵᠥᠭᠡᠭᠡᠪᠦᠷᠢᠯᠡᠬᠦ᠂ ᠳᠣᠣᠷᠠᠳᠤ ᠬᠡᠯᠬᠢᠶᠡᠨ᠎ᠳᠤ ᠬᠡᠷᠡᠭᠯᠡᠬᠦ ᠵᠢᠴᠢ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠲᠠᠯ᠎ᠠ᠎ᠪᠠᠷ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠤ ᠰᠢᠨ᠎ᠡ ᠠᠷᠭ᠎ᠠ ᠵᠠᠮ᠎ᠢ ᠭᠤᠣᠯᠳᠠᠯᠭ᠎ᠠ᠎ᠲᠠᠢ᠎ᠪᠠᠷ ᠰᠦᠪᠡᠭᠴᠢᠯᠡᠨ᠎ᠡ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠦᠢ᠍ᠯᠡᠳᠦᠯ᠎ᠢ᠎ᠨᠢ ᠪᠠᠳᠠᠷᠠᠭᠤᠯᠤᠨ᠂ ᠠᠵᠤ ᠦᠢ᠍ᠯᠡᠰ᠎ᠤᠨ ᠬᠤᠰᠢᠭᠤᠷᠠᠯ ᠮᠡᠷᠭᠡᠵᠢᠯ ᠪᠠ ᠵᠠᠩᠭᠢᠯᠠᠭ᠎ᠠ ᠵᠢᠨ ᠨᠡᠶ᠋ᠢᠲᠡᠴᠢ ᠴᠢᠨᠠᠷᠲᠠᠢ ᠮᠡᠷᠭᠡᠵᠢᠯ ᠵᠶ᠋ᠠᠷ ᠤᠳᠤᠷᠢᠳᠤᠮᠵᠢ ᠪᠣᠯᠭ᠋ᠠᠵᠤ᠂ ᠤᠰᠤᠲᠥ᠋ᠷᠥᠭᠴᠢ ᠦᠢ᠍ᠯᠡᠳᠬᠦ ᠠᠵᠤ ᠠᠬᠤᠶ᠋ᠢᠯᠠᠯ ᠬᠢᠭᠡᠳ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠵᠢᠨ ᠠᠵᠤ ᠠᠬᠤᠶ᠋ᠢᠯᠠᠯ᠎ᠤᠨ 《ᠬᠡᠯᠬᠢᠶᠡᠵᠢᠭᠦᠯᠦᠨ ᠬᠠᠮᠲᠤᠷᠠᠯᠴᠠᠭᠤᠯᠬᠤ》 ᠵᠠᠭᠪᠤᠷ᠎ᠢ ᠶᠡᠭᠡ᠎ᠪᠠᠷ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠡᠯ᠎ᠡ ᠭᠤᠭᠴᠣᠭ᠋ᠠᠨ᠎ᠤ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠳᠤ ᠰᠢᠪᠲᠤᠯᠤᠯᠲᠠ ᠭᠠᠷᠭ᠋ᠠᠬᠤ᠎ᠪᠠᠨ ᠲᠦᠷᠭᠡᠳᠬᠡᠨ᠎ᠡ᠃
    (ᠭᠤᠷᠪᠠ) ᠤᠰᠤᠲᠥ᠋ᠷᠥᠭᠴᠢᠲᠤ ᠡᠨᠧᠷᠭᠢ ᠵᠢᠨ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠡᠮᠵᠢᠨ᠎ᠡ᠃ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠬᠤᠯᠠ ᠶᠡᠭᠡ ᠮᠡᠷᠭᠡᠵᠢᠯ᠎ᠤᠨ ᠲᠣᠨᠤᠭ ᠲᠥᠬᠦᠭᠡᠷᠦᠮᠵᠢ ᠪᠠ ᠮᠠᠲ᠋ᠧᠷᠢᠶᠠᠯ᠎ᠢ ᠤᠯᠤᠰ᠎ᠤᠨ ᠡᠨᠧᠷᠭᠢ ᠵᠢᠨ ᠬᠦᠷᠢᠶᠡᠨ᠎ᠳᠠᠬᠢ ᠠᠩᠬᠠᠳᠠᠭᠴᠢ ᠰᠠᠭᠤᠷᠢ (ᠢᠵᠢ) ᠴᠢᠬᠤᠯᠠ ᠶᠡᠭᠡ ᠮᠡᠷᠭᠡᠵᠢᠯ᠎ᠤᠨ ᠲᠣᠨᠤᠭ ᠲᠥᠬᠦᠭᠡᠷᠦᠮᠵᠢ᠂ ᠭᠤᠣᠯᠳᠠᠯᠭ᠎ᠠ ᠪᠣᠯᠬᠤ ᠰᠢᠨ᠎ᠡ ᠮᠠᠲ᠋ᠧᠷᠢᠶᠠᠯ᠎ᠤᠨ ᠬᠡᠷᠡᠭᠯᠡᠭᠡᠨ ᠵᠶ᠋ᠠᠷ ᠵᠢᠱ᠌ᠢᠶ᠎ᠡ ᠦᠵᠡᠭᠦᠯᠬᠦ᠂ ᠪᠣᠬᠢᠷᠲᠤᠯ ᠦᠭᠡᠢ ᠮᠡᠷᠭᠡᠵᠢᠯ ᠵᠡᠷᠭᠡ ᠲᠤᠰᠬᠠᠢ ᠵᠦᠢ᠍ᠯ ᠵᠶ᠋ᠠᠷ ᠭᠤᠶᠤᠴᠢᠯᠠᠨ ᠮᠡᠳᠡᠭᠦᠯᠬᠦ ᠵᠢ ᠶᠡᠭᠡ᠎ᠪᠠᠷ ᠳᠡᠮᠵᠢᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠢ ᠲᠠᠰ ᠳᠡᠪᠰᠢᠭᠦᠯᠵᠦ᠂ ᠠᠵᠤ ᠦᠢ᠍ᠯᠡᠰ᠎ᠤᠨ ᠬᠡᠯᠬᠢᠶᠡᠨ᠎ᠤ ᠡᠯ᠎ᠡ ᠭᠤᠭᠴᠣᠭ᠋ᠠᠨ᠎ᠳᠤ ᠪᠠᠶ᠋ᠢᠭ᠎ᠠ ᠠᠵᠤ ᠠᠬᠤᠶ᠋ᠢᠯᠠᠯ᠎ᠤᠨ ᠥᠪᠥᠷ ᠮᠣᠩᠭᠤᠯ ᠵᠶ᠋ᠠᠷ ᠲᠤᠷᠰᠢᠯᠲᠠ ᠵᠢᠨ ᠲᠠᠯᠠᠪᠠᠶ ᠪᠣᠯᠭ᠋ᠠᠨ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠵᠶ᠋ᠠᠨ ᠳᠡᠯᠭᠡᠷᠡᠭᠦᠯᠦᠨ ᠬᠡᠷᠡᠭᠯᠡᠬᠦ ᠵᠢ᠎ᠨᠢ ᠶᠡᠭᠡ᠎ᠪᠠᠷ ᠳᠡᠮᠵᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ 《ᠡᠷᠴᠢᠮᠯᠡᠬᠦ》 ᠦᠢ᠍ᠯᠡᠴᠢᠯᠡᠭᠡ ᠵᠢ᠎ᠨᠢ ᠶᠡᠬᠡᠰᠬᠡᠨ᠎ᠡ᠃ ᠰᠢᠨ᠎ᠡ ᠬᠡᠯᠪᠡᠷᠢ ᠵᠢᠨ ᠬᠤᠪᠣᠷ ᠰᠢᠷᠣᠢ ᠵᠢᠨ ᠤᠰᠤᠲᠥ᠋ᠷᠥᠭᠴᠢ ᠨᠥᠭᠡᠴᠡᠯᠡᠬᠦ ᠬᠠᠶ᠋ᠢᠯᠤᠰᠢ ᠵᠢᠨ ᠮᠠᠲ᠋ᠧᠷᠢᠶᠠᠯ᠂ ᠬᠠᠲᠠᠭᠤ ᠲᠥᠯᠥᠪᠲᠦ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ᠂ ᠴᠠᠬᠢᠯᠭ᠋ᠠᠨ ᠬᠦᠴᠦᠨ᠎ᠤ ᠲᠣᠣᠷ᠎ᠠᠴᠠ ᠰᠠᠯᠤᠩᠭᠢ᠎ᠪᠠᠷ ᠤᠰᠤᠲᠥ᠋ᠷᠥᠭᠴᠢ ᠦᠢ᠍ᠯᠡᠳᠬᠦ ᠵᠡᠷᠭᠡ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠠᠬᠢᠴᠠ᠎ᠪᠠᠨ ᠲᠦᠷᠭᠡᠳᠬᠡᠵᠦ᠂ ᠲᠣᠣᠷᠯᠢᠭ ᠬᠡᠯᠪᠡᠷᠢ ᠵᠢᠨ ᠮᠡᠷᠭᠡᠵᠢᠯ᠂ ᠴᠠᠬᠢᠯᠭ᠋ᠠᠨ ᠦᠭᠡᠢ᠎ᠪᠠᠷ ᠬᠥᠳᠡᠯᠭᠡᠬᠦ ᠮᠡᠷᠭᠡᠵᠢᠯ᠂ ᠣᠶᠤᠨᠴᠢ ᠪᠢᠴᠢᠯ ᠴᠠᠬᠢᠯᠭ᠋ᠠᠨ ᠬᠦᠴᠦᠨ᠎ᠤ ᠲᠣᠣᠷ᠎ᠤᠨ ᠮᠡᠷᠭᠡᠵᠢᠯ ᠵᠡᠷᠭᠡ ᠵᠢ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ ᠬᠦᠷᠢᠶ᠎ᠡ ᠴᠠᠷᠠᠭ᠋ᠠᠨ᠎ᠳᠠᠬᠢ ᠬᠡᠷᠡᠭᠯᠡᠭᠡᠨ᠎ᠢ ᠬᠠᠶ᠋ᠢᠨ ᠰᠦᠪᠡᠭᠴᠢᠯᠡᠵᠦ᠂ ᠴᠠᠬᠢᠯᠭ᠋ᠠᠨ ᠬᠦᠴᠦᠨ᠎ᠤ ᠲᠣᠣᠷ᠎ᠲᠤ ᠨᠡᠶ᠋ᠢᠯᠡᠭᠦᠯᠬᠦ ᠬᠡᠯᠪᠡᠷᠢ᠎ᠪᠠᠷ ᠤᠰᠤᠲᠥ᠋ᠷᠥᠭᠴᠢ ᠦᠢ᠍ᠯᠡᠳᠬᠦ᠎ᠠᠴᠠ ᠴᠠᠬᠢᠯᠭ᠋ᠠᠨ ᠬᠦᠴᠦᠨ᠎ᠤ ᠲᠣᠣᠷ᠎ᠠᠴᠠ ᠰᠠᠯᠤᠩᠭᠢ ᠬᠡᠯᠪᠡᠷᠢ᠎ᠪᠠᠷ ᠤᠰᠤᠲᠥ᠋ᠷᠥᠭᠴᠢ ᠦᠢ᠍ᠯᠡᠳᠬᠦ ᠲᠡᠶ᠋ᠢᠰᠢ ᠬᠥᠭᠵᠢᠭᠦᠯᠬᠦ ᠵᠢ ᠠᠬᠢᠭᠤᠯᠤᠨ᠎ᠠ᠃ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠪᠠᠶ᠋ᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠲᠣᠨᠤᠭ ᠲᠥᠬᠦᠭᠡᠷᠦᠮᠵᠢ ᠵᠢᠨ ᠮᠡᠷᠭᠡᠵᠢᠯ᠎ᠢ ᠰᠤᠳᠤᠯᠤᠨ ᠨᠡᠭᠡᠭᠡᠬᠦ᠂ ᠰᠢᠰᠲ᠋ᠧᠮᠵᠢᠨ ᠬᠤᠷᠠᠭᠤᠯᠬᠤ᠂ ᠪᠠᠷᠢᠮᠵᠢᠶ᠎ᠠ ᠲᠣᠭᠲᠠᠭ᠋ᠠᠬᠤ ᠵᠡᠷᠭᠡ ᠠᠵᠢᠯ᠎ᠢ ᠥᠷᠨᠢᠭᠦᠯᠦᠨ᠎ᠡ᠃ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠵᠢ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠵᠦ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠰᠦᠪᠡᠭᠴᠢᠯᠡᠨ ᠪᠠᠶ᠋ᠢᠭᠤᠯᠤᠨ᠎ᠠ᠃
    (ᠳᠥᠷᠪᠡ) ᠲᠤᠰᠬᠠᠢ ᠮᠡᠷᠭᠡᠵᠢᠯ᠎ᠤᠨ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠴᠢᠩᠭ᠋ᠠᠳᠬᠠᠨ᠎ᠠ᠃ 《ᠬᠤᠶᠠᠷ᠎ᠢ ᠡᠯᠰᠡᠵᠦ ᠬᠤᠶᠠᠷ᠎ᠢ ᠲᠠᠲᠠᠬᠤ》᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ》᠂ 《ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠳᠤ ᠦᠢ᠍ᠯᠡᠴᠢᠯᠡᠬᠦ》 ᠵᠡᠷᠭᠡ ᠲᠥᠷᠥ ᠵᠢᠨ ᠪᠣᠳᠣᠯᠭ᠎ᠠ ᠵᠢ ᠭᠦᠢ᠍ᠴᠡᠳ ᠠᠰᠢᠭᠯᠠᠨ᠂ 《ᠳᠡᠭᠡᠳᠦ ᠨᠠᠷᠢᠯᠢᠭ ᠣᠬᠢ ᠬᠤᠮᠰᠠ》 ᠴᠢᠳᠠᠪᠤᠷᠢᠲᠠᠨ᠎ᠤ ᠪᠦᠯᠬᠦᠮ ᠨᠡᠶ᠋ᠢᠲᠡ᠎ᠲᠠᠢ ᠢᠳᠡᠪᠬᠢᠲᠡᠢ᠎ᠪᠠᠷ ᠵᠣᠯᠭ᠋ᠠᠭᠤᠯᠵᠤ᠂ ᠳᠡᠭᠡᠳᠦ ᠲᠠᠰ ᠳᠠᠪᠬᠤᠷᠭ᠎ᠠ ᠵᠢᠨ ᠤᠰᠤᠲᠥ᠋ᠷᠥᠭᠴᠢᠲᠤ ᠡᠨᠧᠷᠭᠢ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠰᠤᠲᠥ᠋ᠷᠥᠭᠴᠢᠲᠤ ᠡᠨᠧᠷᠭᠢ᠎ᠲᠠᠢ ᠬᠠᠮᠢᠶᠠᠳᠠᠬᠤ ᠲᠤᠰᠬᠠᠢ ᠮᠡᠷᠭᠡᠵᠢᠯ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠪᠠᠶ᠋ᠢᠭᠤᠯᠵᠤ᠂ ᠰᠣᠷᠣᠭᠴᠢ ᠡᠯᠰᠡᠬᠦ ᠬᠡᠪᠴᠢᠶ᠎ᠡ᠎ᠪᠠᠨ ᠵᠣᠬᠢᠬᠤ ᠬᠡᠮᠵᠢᠶ᠎ᠡ᠎ᠪᠠᠷ ᠥᠷᠭᠡᠳᠬᠡᠬᠦ ᠵᠢ᠎ᠨᠢ ᠠᠬᠢᠭᠤᠯᠤᠨ᠂ ᠠᠵᠤ ᠦᠢ᠍ᠯᠡᠰ᠎ᠲᠤ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠲᠦᠷᠭᠡᠳᠬᠡᠵᠦ ᠬᠥᠮᠥᠵᠢᠭᠦᠯᠦᠨ ᠪᠣᠶ᠋ᠢᠵᠢᠭᠤᠯᠤᠨ᠎ᠠ᠃ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠬᠠᠮ ᠬᠡᠯᠪᠡᠷᠢ ᠵᠢᠨ ᠲᠤᠰᠬᠠᠢ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠲᠦᠷᠭᠡᠳᠬᠡᠨ ᠬᠥᠮᠥᠵᠢᠭᠦᠯᠵᠦ᠂ ᠴᠢᠳᠠᠪᠤᠷᠢᠲᠠᠨ᠎ᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠎ᠠ᠃
     ᠬᠤᠶᠠᠷ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠶ᠋ᠢᠷᠠᠬᠤ ᠵᠢ ᠲᠦᠷᠭᠡᠳᠬᠡᠨ ᠠᠬᠢᠭᠤᠯᠤᠨ᠎ᠠ
    (ᠨᠢᠭᠡ) ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠰᠢᠯ᠎ᠢ ᠰᠢᠯᠢᠳᠡᠭᠵᠢᠭᠦᠯᠦᠨ᠎ᠡ᠃ ᠰᠠᠯᠬᠢᠨ ᠪᠠ ᠭᠡᠷᠡᠯᠴᠢ ᠴᠡᠨᠡᠭ᠎ᠤᠨ ᠡᠬᠢ ᠪᠠᠶᠠᠯᠢᠭ᠂ ᠭᠠᠵᠠᠷ ᠰᠢᠷᠣᠢ ᠵᠢᠨ ᠡᠬᠢ ᠪᠠᠶᠠᠯᠢᠭ᠂ ᠤᠰᠤᠨ᠎ᠤ ᠡᠬᠢ ᠪᠠᠶᠠᠯᠢᠭ᠂ ᠴᠠᠬᠢᠯᠭ᠋ᠠᠨ ᠬᠦᠴᠦᠨ᠎ᠤ ᠲᠣᠣᠷ᠎ᠲᠤ ᠵᠠᠯᠭ᠋ᠠᠨ ᠣᠷᠣᠭᠤᠯᠬᠤ ᠵᠡᠷᠭᠡ ᠨᠥᠬᠦᠴᠡᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠲᠥᠷᠥᠯ ᠵᠦᠢ᠍ᠯ᠎ᠢ ᠵᠦᠢ ᠵᠣᠬᠢᠰᠲᠠᠢ ᠪᠠᠶ᠋ᠢᠷᠢᠰᠢᠭᠤᠯᠤᠨ᠎ᠠ᠃ ᠤᠰᠤᠲᠥ᠋ᠷᠥᠭᠴᠢ ᠦᠢ᠍ᠯᠡᠳᠬᠦ᠂ ᠨᠥᠭᠡᠴᠡᠯᠡᠵᠦ ᠵᠥᠭᠡᠭᠡᠪᠦᠷᠢᠯᠡᠬᠦ᠂ ᠰᠢᠩᠭᠡᠬᠡᠨ ᠪᠠᠭᠲᠠᠭ᠋ᠠᠬᠤ ᠵᠡᠷᠭᠡ ᠭᠤᠭᠴᠤᠭ᠎ᠠ ᠵᠢ ᠨᠢᠭᠡᠳᠦᠯᠲᠡᠢ ᠲᠥᠯᠥᠪᠯᠡᠵᠦ᠂ ᠠᠵᠤ ᠦᠢ᠍ᠯᠡᠳᠪᠦᠷᠢ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠎ᠯᠤᠭ᠎ᠠ ᠨᠢᠭᠲᠠ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠎ᠤᠨ ᠤᠰᠤᠲᠥ᠋ᠷᠥᠭᠴᠢ ᠦᠢ᠍ᠯᠡᠳᠬᠦ ᠲᠥᠷᠥᠯ ᠵᠦᠢ᠍ᠯ ᠪᠠᠶ᠋ᠢᠷᠢᠰᠢᠭᠤᠯᠬᠤ ᠵᠢ᠎ᠨᠢ ᠲᠡᠮᠵᠢᠵᠤ᠂ ᠰᠢᠨ᠎ᠡ ᠡᠨᠧᠷᠭᠢ ᠵᠢ ᠰᠢᠩᠭᠡᠬᠡᠨ ᠪᠠᠭᠲᠠᠭ᠋ᠠᠬᠤ ᠵᠢ ᠠᠬᠢᠭᠤᠯᠤᠨ᠎ᠠ᠃ ᠰᠠᠯᠬᠢᠨ ᠪᠠ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠲᠥᠷᠥᠯ ᠵᠦᠢ᠍ᠯ ᠬᠢᠭᠡᠳ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠤ ᠲᠥᠷᠥᠯ ᠵᠦᠢ᠍ᠯ᠎ᠢ ᠨᠢᠭᠡ ᠴᠣᠭᠴᠠᠵᠢᠭᠤᠯᠤᠨ ᠬᠢᠨᠠᠨ ᠵᠥᠪᠰᠢᠶᠡᠷᠡᠬᠦ ᠪᠠ ᠪᠦᠲᠦᠭᠡᠨ ᠪᠠᠶ᠋ᠢᠭᠤᠯᠵᠤ ᠬᠠᠮᠢᠶᠠᠷᠬᠤ ᠵᠢ ᠠᠬᠢᠭᠤᠯᠤᠨ᠎ᠠ᠃ ᠪᠣᠬᠢᠷᠲᠤᠯ ᠦᠭᠡᠢ ᠤᠰᠤᠲᠥ᠋ᠷᠥᠭᠴᠢ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ᠎ᠤ ᠪᠠᠲᠤᠯᠠᠭ᠎ᠠ ᠵᠢ ᠴᠢᠩᠭ᠋ᠠᠷᠠᠭᠤᠯᠵᠤ᠂ ᠪᠠᠶ᠋ᠢᠩᠭᠤ ᠵᠢᠨ ᠪᠤᠰᠤ ᠤᠰᠤᠨ᠎ᠤ ᠡᠬᠢ ᠰᠤᠷᠪᠤᠯᠵᠢ ᠵᠢ ᠤᠷᠢᠳ ᠵᠶ᠋ᠠᠷ ᠠᠰᠢᠭᠯᠠᠵᠤ ᠤᠰᠤᠲᠥ᠋ᠷᠥᠭᠴᠢ ᠦᠢ᠍ᠯᠡᠳᠬᠦ ᠵᠢ ᠵᠣᠷᠢᠭᠵᠢᠭᠤᠯᠤᠨ᠎ᠠ᠃
    (ᠬᠤᠶᠠᠷ) ᠲᠦᠷᠦᠯ ᠵᠦᠢ᠍ᠯ᠎ᠤᠨ ᠠᠵᠢᠯᠯᠠᠭ᠋ᠠᠨ᠎ᠤ ᠲᠣᠭᠲᠠᠴᠠ ᠵᠢ ᠰᠢᠯᠢᠳᠡᠭᠵᠢᠭᠦᠯᠦᠨ᠎ᠡ᠃ ᠰᠠᠯᠬᠢᠨ ᠪᠠ ᠭᠡᠷᠡᠯᠴᠢ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠬᠢᠭᠡᠳ ᠤᠰᠤᠲᠥ᠋ᠷᠥᠭᠴᠢ ᠦᠢ᠍ᠯᠡᠳᠬᠦ ᠳᠠᠭ᠋ᠠᠭ᠋ᠠᠴᠠ ᠵᠢ ᠥᠨᠳᠥᠷ ᠦᠷ᠎ᠡ ᠪᠦᠲᠦᠮᠵᠢᠲᠡᠶ᠎ᠪᠠᠷ ᠵᠣᠯᠭ᠋ᠠᠭᠤᠯᠬᠤ ᠵᠢ ᠢᠳᠡᠪᠬᠢᠲᠡᠢ᠎ᠪᠠᠷ ᠬᠠᠶ᠋ᠢᠨ ᠰᠦᠪᠡᠭᠴᠢᠯᠡᠵᠦ᠂ ᠰᠠᠯᠬᠢᠨ ᠬᠦᠴᠦᠨ᠎ᠤ ᠮᠠᠰᠢᠨ᠎ᠤ ᠬᠡᠯᠪᠡᠷᠢ ᠵᠢᠨ ᠲᠣᠬᠢᠷᠠᠯᠴᠠᠭᠤᠯᠤᠯ᠂ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠰᠢᠰᠲ᠋ᠧᠮ᠎ᠤᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠦᠨ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠪᠴᠢᠶᠡᠵᠢᠭᠦᠯᠦᠭᠰᠡᠨ ᠦᠢ᠍ᠯᠡᠳᠪᠦᠷᠢᠯᠡᠯ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠰᠢᠯᠭ᠋ᠠᠨ ᠬᠤᠷᠢᠶᠠᠵᠤ ᠠᠪᠬᠤ ᠵᠡᠷᠭᠡ ᠴᠤᠪᠤᠷᠠᠯ ᠪᠠ ᠱᠠᠭ᠋ᠠᠷᠳᠠᠯᠭ᠎ᠠ ᠵᠢ ᠲᠡᠭᠦᠯᠳᠡᠷᠵᠢᠭᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠪᠠ ᠪᠤᠴᠠᠭ᠋ᠠᠨ ᠭᠠᠷᠭ᠋ᠠᠬᠤ ᠬᠠᠮᠢᠶᠠᠷᠤᠯᠲᠠ ᠵᠢ ᠵᠢᠷᠤᠮᠵᠢᠭᠤᠯᠤᠨ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠤᠨ᠎ᠠ᠃ 《ᠬᠠᠷ᠎ᠠ ᠴᠠᠭ᠋ᠠᠨ ᠨᠡᠷᠡᠰ᠎ᠤᠨ ᠲᠠᠩᠰᠠ》 ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢ᠍ᠯ᠎ᠢ ᠬᠡᠷᠡᠭᠵᠢᠭᠦᠯᠦᠭᠰᠡᠨ ᠠᠵᠤ ᠠᠬᠤᠶ᠋ᠢᠯᠠᠯ᠎ᠳᠤ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃ ᠭᠤᠣᠯᠳᠠᠯᠭ᠎ᠠ ᠪᠣᠯᠬᠤ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠤᠰᠤᠲᠥ᠋ᠷᠥᠭᠴᠢ ᠵᠢᠨ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ ᠠᠬᠢᠴᠠ᠎ᠪᠠᠨ ᠲᠦᠷᠭᠡᠳᠬᠡᠬᠦ ᠵᠢ᠎ᠨᠢ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠤᠨ᠎ᠠ᠃
    (ᠭᠤᠷᠪᠠ) ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ ᠪᠤᠵᠠᠭ᠋ᠠᠶ᠋ᠢᠷᠠᠭᠤᠯᠤᠨ᠎ᠠ᠃ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠡᠯ᠎ᠡ ᠭᠤᠭᠴᠤᠭ᠎ᠠ ᠪᠠ ᠬᠡᠯᠬᠢᠶ᠎ᠡ ᠵᠢ ᠬᠦᠴᠦᠷᠬᠡᠭᠵᠢᠭᠦᠯᠦᠨ᠂ ᠬᠥᠬᠡᠬᠤᠲᠠ ᠪᠤᠭᠤᠲᠤ ᠣᠷᠳᠣᠰ ᠲᠦᠩᠯᠢᠶᠣᠣ ᠵᠢᠨ ᠲᠣᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠲᠦᠰᠢᠭᠯᠡᠨ᠂ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠡᠯᠬᠢᠶᠡᠨ᠎ᠤ ᠳᠤᠮᠳᠠ ᠳᠡᠭᠡᠳᠦ ᠦᠵᠦᠭᠦᠷ ᠲᠡᠶ᠋ᠢᠰᠢ ᠳᠠᠪᠰᠢᠬᠤ ᠵᠢ᠎ᠨᠢ ᠠᠬᠢᠭᠤᠯᠤᠨ᠎ᠠ᠃ ᠤᠰᠤᠲᠥ᠋ᠷᠥᠭᠴᠢᠲᠤ ᠡᠨᠧᠷᠭᠢ ᠵᠢᠨ 《ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠨᠡᠮᠡᠬᠦ》 ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠵᠤ᠂ ᠴᠠᠬᠢᠯᠭ᠋ᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢ᠍ᠯᠡᠳᠬᠦ ᠲᠣᠨᠤᠭ ᠲᠥᠬᠦᠭᠡᠷᠦᠮᠵᠢ᠂ ᠰᠢᠩᠭᠡᠨ ᠤᠰᠤᠲᠥ᠋ᠷᠥᠭᠴᠢ ᠵᠢ ᠨᠥᠭᠡᠴᠡᠯᠡᠵᠦ ᠵᠥᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ᠂ ᠤᠰᠤᠲᠥ᠋ᠷᠥᠭᠴᠢ ᠨᠡᠮᠡᠬᠦ ᠲᠣᠨᠤᠭ ᠲᠥᠬᠦᠭᠡᠷᠦᠮᠵᠢ ᠪᠠ ᠤᠰᠤᠲᠥ᠋ᠷᠥᠭᠴᠢ ᠰᠢᠲᠠᠮᠠᠬᠠᠢ ᠬᠡᠢ ᠵᠢᠨ ᠲᠦᠷᠪᠢᠨ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ᠎ᠢ ᠥᠷᠨᠢᠭᠦᠯᠦᠨ᠎ᠡ᠃ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠴᠢ ᠭᠤᠣᠯ ᠰᠡᠯᠪᠢᠭ ᠲᠤᠨᠤᠭ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠵᠢ ᠪᠦᠬᠦᠶ᠋ᠢᠯᠡ ᠴᠣᠭᠴᠠ᠎ᠪᠠᠷ᠎ᠨᠢ ᠠᠵᠤ ᠦᠢ᠍ᠯᠡᠰᠵᠢᠭᠦᠯᠬᠦ ᠵᠢ ᠠᠬᠢᠭᠤᠯᠵᠤ᠂ ᠡᠯ᠎ᠡ ᠵᠦᠢ᠍ᠯ᠎ᠤᠨ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠬᠡᠯᠪᠡᠷᠢ ᠬᠢᠴᠡ ᠵᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ᠎ᠢ ᠥᠷᠨᠢᠭᠦᠯᠦᠨ᠎ᠡ᠃ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠭᠤᠣᠯᠳᠠᠯᠭ᠎ᠠ᠎ᠲᠠᠢ ᠭᠠᠵᠠᠷ ᠣᠷᠣᠨ ᠪᠠ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠵᠶ᠋ᠠᠷ ᠬᠠᠷᠠᠯᠲᠠ ᠪᠣᠯᠭ᠋ᠠᠵᠤ᠂ ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠤᠰᠤᠲᠥ᠋ᠷᠥᠭᠴᠢᠲᠤ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠢ ᠬᠡᠪᠴᠢᠶᠡᠵᠢᠭᠦᠯᠦᠨ ᠬᠥᠭᠵᠢᠭᠦᠯᠬᠦ᠎ᠪᠠᠨ ᠲᠦᠷᠭᠡᠳᠬᠡᠨ᠎ᠡ᠃
     ᠭᠤᠷᠪᠠ᠂ ᠤᠰᠤᠲᠥ᠋ᠷᠥᠭᠴᠢᠲᠤ ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ
    (ᠨᠢᠭᠡ) ᠤᠰᠤᠲᠥ᠋ᠷᠥᠭᠴᠢ ᠬᠡᠢ ᠵᠢ ᠥᠨᠳᠥᠷ ᠪᠦᠲᠦᠮᠵᠢᠲᠡᠶ᠎ᠪᠠᠷ ᠨᠥᠭᠡᠴᠡᠯᠡᠵᠦ ᠵᠥᠭᠡᠭᠡᠪᠦᠷᠢᠯᠡᠬᠦ ᠵᠢ ᠶᠡᠭᠡ᠎ᠪᠠᠷ ᠠᠬᠢᠭᠤᠯᠤᠨ᠎ᠠ᠃ ᠪᠣᠬᠢᠷᠲᠤᠯ ᠦᠭᠡᠢ ᠤᠰᠤᠲᠥ᠋ᠷᠥᠭᠴᠢ ᠵᠢᠨ ᠰᠠᠭᠤᠷᠢ ᠪᠡᠯᠡᠳᠬᠡᠮᠵᠢ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠪᠠᠶ᠋ᠢᠷᠢᠰᠢᠭᠤᠯᠵᠤ᠂ ᠤᠰᠤᠲᠥ᠋ᠷᠥᠭᠴᠢ ᠨᠡᠮᠡᠬᠦ ᠥᠷᠲᠡᠭᠡᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠲᠣᠰᠣ ᠨᠡᠮᠡᠬᠦ᠂ ᠬᠡᠢ ᠨᠡᠮᠡᠬᠦ᠂ ᠴᠠᠬᠢᠯᠭ᠋ᠠᠨ ᠴᠡᠨᠡᠭᠯᠡᠬᠦ ᠥᠷᠲᠡᠭᠡ᠎ᠳᠤ ᠤᠰᠤᠲᠥ᠋ᠷᠥᠭᠴᠢ ᠨᠡᠮᠡᠬᠦ ᠥᠷᠲᠡᠭᠡ ᠲᠣᠬᠢᠷᠠᠭᠤᠯᠤᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ 30 ᠮᠧᠭ᠎ᠠ ᠫᠠᠰᠺᠠᠯ ᠪᠠ 50 ᠮᠧᠭ᠎ᠠ ᠫᠠᠰᠺᠠᠯ ᠠᠪᠴᠢᠭᠤᠯᠤᠭᠰᠠᠨ ᠤᠰᠤᠲᠥ᠋ᠷᠥᠭᠴᠢ ᠬᠡᠢ ᠵᠢᠨ ᠤᠷᠳᠤ ᠬᠤᠭᠤᠯᠠᠶ᠋ᠢᠲᠤ ᠴᠢᠷᠦᠭᠦᠯ ᠲᠡᠷᠭᠡ ᠵᠢᠨ ᠬᠡᠷᠡᠭᠯᠡᠭᠡᠨ᠎ᠢ ᠲᠡᠮᠵᠢᠵᠤ᠂ 70 ᠮᠧᠭ᠎ᠠ ᠫᠠᠰᠺᠠᠯ ᠲᠡᠷᠭᠡᠨ᠎ᠳᠤ ᠲᠠᠭ᠋ᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠥᠨᠳᠥᠷ ᠳᠠᠷᠤᠯᠲᠠᠲᠤ ᠯᠣᠩᠬᠤᠯᠢᠭ ᠪᠡᠶ᠎ᠡ ᠵᠢᠨ ᠬᠡᠷᠡᠭᠯᠡᠭᠡᠨ᠎ᠢ ᠬᠠᠶ᠋ᠢᠨ ᠰᠦᠪᠡᠭᠴᠢᠯᠡᠵᠦ᠂ ᠲᠡᠷᠭᠡᠨ᠎ᠳᠤ ᠲᠠᠭ᠋ᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠶᠡᠭᠡ ᠪᠠᠭᠲᠠᠭ᠋ᠠᠮᠵᠢᠲᠤ ᠯᠣᠩᠬᠤᠯᠢᠭ ᠪᠡᠶ᠎ᠡ ᠵᠢ ᠨᠡᠭᠡᠭᠡᠨ ᠠᠰᠢᠭᠯᠠᠬᠤ ᠪᠠ ᠬᠡᠷᠡᠭᠯᠡᠬᠦ ᠵᠢ ᠲᠡᠮᠵᠢᠨ᠎ᠡ᠃ ᠮᠧᠲ᠋ᠢᠯ ᠠᠯᠺᠣᠤᠯ᠎ᠤᠨ ᠰᠢᠩᠭᠡᠨ ᠰᠢᠪᠲᠦᠷ ᠵᠶ᠋ᠠᠷ ᠤᠰᠤᠲᠥ᠋ᠷᠥᠭᠴᠢ ᠨᠥᠭᠡᠴᠡᠯᠡᠬᠦ ᠠᠴᠢᠶᠠᠯᠠᠭᠴᠢ ᠪᠣᠯᠭ᠋ᠠᠭᠰᠠᠨ ᠬᠡᠷᠡᠭᠯᠡᠭᠡᠨ᠎ᠢ ᠬᠠᠶ᠋ᠢᠨ ᠰᠦᠪᠡᠭᠴᠢᠯᠡᠵᠦ᠂ ᠰᠢᠩᠭᠡᠨ ᠤᠰᠤᠲᠥ᠋ᠷᠥᠭᠴᠢ ᠵᠢ ᠨᠥᠭᠡᠴᠡᠯᠡᠵᠦ ᠵᠥᠭᠡᠭᠡᠪᠦᠷᠢᠯᠡᠬᠦ ᠮᠡᠷᠭᠡᠵᠢᠯ᠎ᠤᠨ ᠬᠡᠷᠡᠭᠯᠡᠭᠡᠨ᠎ᠢ ᠠᠬᠢᠭᠤᠯᠤᠨ᠎ᠠ᠃ ᠬᠠᠲᠠᠭᠤ ᠲᠥᠯᠥᠪᠲᠦ ᠨᠥᠭᠡᠴᠡ ᠤᠰᠤᠲᠥ᠋ᠷᠥᠭᠴᠢ ᠵᠢ ᠤᠰᠤᠲᠥ᠋ᠷᠥᠭᠴᠢ ᠨᠡᠮᠡᠬᠦ ᠦᠷᠳᠡᠭᠡ᠂ ᠡᠨᠧᠷᠭᠢ ᠵᠢᠨ ᠬᠠᠩᠭ᠋ᠠᠯᠭ᠎ᠠ᠂ ᠲᠡᠷᠭᠡ ᠬᠥᠰᠬᠡ᠎ᠳᠤ ᠬᠡᠷᠡᠭᠯᠡᠬᠦ ᠲᠤᠷᠰᠢᠯᠲᠠ ᠪᠠ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠎ᠡ᠃ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠤᠰᠤᠲᠥ᠋ᠷᠥᠭᠴᠢ ᠵᠢ 《ᠨᠥᠭᠡᠴᠡᠯᠡᠬᠦ᠂ ᠵᠥᠭᠡᠭᠡᠪᠦᠷᠢᠯᠡᠬᠦ᠂ ᠳᠦᠭᠦᠷᠭᠡᠨ ᠰᠠᠪᠠᠯᠠᠬᠤ》 ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠬᠤ ᠪᠠ ᠳᠠᠭ᠋ᠠᠭ᠋ᠠᠨ ᠪᠠᠶ᠋ᠢᠭᠤᠯᠬᠤ ᠵᠢ ᠵᠣᠷᠢᠭᠵᠢᠭᠤᠯᠤᠨ᠎ᠠ᠃
    (ᠬᠤᠶᠠᠷ) ᠤᠰᠤᠲᠥ᠋ᠷᠥᠭᠴᠢ ᠬᠡᠢ ᠵᠢᠨ ᠬᠤᠭᠤᠯᠠᠢ ᠭᠤᠤᠷᠰᠤ ᠵᠢᠨ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠤᠨ᠎ᠠ᠃ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ᠂ ᠳᠣᠲᠣᠭ᠋ᠠᠳᠤ᠎ᠳᠤ᠎ᠪᠠᠨ ᠰᠢᠩᠭᠡᠬᠡᠨ ᠪᠠᠭᠲᠠᠭ᠋ᠠᠬᠤ ᠪᠠ 《ᠥᠪᠥᠷ ᠮᠣᠩᠭᠤᠯ᠎ᠤᠨ ᠤᠰᠤᠲᠥ᠋ᠷᠥᠭᠴᠢ ᠵᠢ ᠭᠠᠳᠠᠭᠰᠢ ᠬᠦᠷᠭᠡᠬᠦ》 ᠨᠡᠪᠲᠡᠷᠡᠯ ᠵᠠᠮ᠎ᠢ ᠪᠥᠬᠦ ᠲᠠᠯ᠎ᠠ᠎ᠪᠠᠷ ᠨᠡᠪᠲᠡᠷᠡᠭᠦᠯᠦᠨ᠎ᠡ᠃ ᠳᠣᠲᠣᠷ ᠭᠠᠳᠠᠷ᠎ᠢ ᠬᠤᠯᠪᠣᠯᠳᠤᠭᠤᠯᠤᠨ ᠨᠡᠪᠲᠡᠷᠡᠭᠦᠯᠦᠭᠰᠡᠨ ᠬᠦᠷᠭᠡᠯᠲᠡ ᠵᠢᠨ ᠭᠤᠣᠯ ᠱᠤᠭᠤᠮ᠎ᠢ ᠭᠤᠣᠯᠳᠠᠯᠭ᠎ᠠ ᠪᠣᠯᠭ᠋ᠠᠨ ᠴᠣᠭᠴᠠᠯᠠᠵᠤ᠂ ᠠᠮᠢᠳᠤᠯᠢᠭ ᠵᠶ᠋ᠠᠷ ᠨᠥᠭᠡᠴᠡᠯᠡᠵᠦ ᠰᠠᠯᠭ᠋ᠠᠨ ᠠᠪᠬᠤ ᠰᠠᠯᠪᠤᠷᠢ ᠱᠤᠭᠤᠮ᠎ᠢ ᠪᠠᠶ᠋ᠢᠭᠤᠯᠤᠨ᠂ 《ᠨᠢᠭᠡ ᠭᠤᠣᠯ ᠱᠤᠭᠤᠮ ᠬᠤᠣᠰ ᠴᠠᠭ᠋ᠠᠷᠢᠭᠯᠠᠭᠰᠠᠨ ᠲᠣᠣᠷ ᠳᠥᠷᠪᠡᠨ ᠭᠠᠷᠴᠠ》᠎ᠲᠠᠢ ᠪᠣᠬᠢᠷᠲᠤᠯ ᠦᠭᠡᠢ ᠤᠰᠤᠲᠥ᠋ᠷᠥᠭᠴᠢ ᠵᠢ ᠳᠠᠮᠵᠢᠭᠤᠯᠤᠨ ᠬᠦᠷᠭᠡᠬᠦ ᠬᠤᠭᠤᠯᠠᠢ ᠭᠤᠤᠷᠰᠤ ᠵᠢᠨ ᠪᠠᠶ᠋ᠢᠷᠢᠰᠢᠭᠤᠯᠤᠯᠲᠠ ᠵᠢ ᠪᠣᠶ ᠪᠣᠯᠭ᠋ᠠᠨ᠎ᠠ᠃ ᠤᠰᠤᠲᠥ᠋ᠷᠥᠭᠴᠢ ᠬᠡᠢ ᠳᠠᠮᠵᠢᠭᠤᠯᠤᠨ ᠬᠦᠷᠭᠡᠬᠦ ᠬᠤᠭᠤᠯᠠᠢ ᠭᠤᠤᠷᠰᠤ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠥᠬᠦᠨ᠎ᠢ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ ᠵᠢᠨ ᠪᠠᠶ᠋ᠢᠷᠢᠰᠢᠭᠤᠯᠤᠯ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠢ ᠳᠠᠮᠵᠢᠭᠤᠯᠬᠤ ᠬᠤᠭᠤᠯᠠᠢ ᠭᠤᠤᠷᠰᠤ ᠵᠢᠨ ᠲᠣᠣᠷ᠎ᠤᠨ ᠲᠥᠷᠥᠯ ᠵᠦᠢ᠍ᠯ ᠵᠶ᠋ᠠᠷ ᠯᠠᠪᠯᠠᠯᠲᠠ ᠪᠣᠯᠭ᠋ᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ᠎ᠳᠤ ᠣᠷᠣᠭᠤᠯᠤᠭᠰᠠᠨ ᠦᠭᠡᠢ ᠳᠠᠮᠵᠢᠭᠤᠯᠬᠤ ᠬᠤᠭᠤᠯᠠᠢ ᠭᠤᠤᠷᠰᠤ ᠵᠢᠨ ᠲᠥᠷᠥᠯ ᠵᠦᠢ᠍ᠯ᠎ᠢ ᠲᠥᠷᠥᠯ ᠵᠦᠢ᠍ᠯ ᠪᠣᠯᠭ᠋ᠠᠨ ᠲᠣᠭᠲᠠᠭ᠋ᠠᠵᠤ ᠪᠣᠯᠬᠤ ᠦᠭᠡᠢ᠃
     ᠳᠥᠷᠪᠡ᠂ ᠬᠡᠷᠡᠭᠯᠡᠭᠡᠨ᠎ᠤ ᠠᠬᠤᠢ ᠪᠠᠶ᠋ᠢᠳᠠᠯ᠎ᠤᠨ ᠲᠤᠷᠰᠢᠯᠲᠠ ᠪᠠ ᠵᠢᠱ᠌ᠢᠶ᠎ᠡ ᠦᠵᠡᠭᠦᠯᠬᠦ ᠠᠵᠢᠯ᠎ᠢ ᠲᠦᠷᠭᠡᠳᠬᠡᠨ ᠠᠬᠢᠭᠤᠯᠤᠨ᠎ᠠ
    (ᠨᠢᠭᠡ) ᠪᠣᠬᠢᠷᠲᠤᠯ ᠦᠭᠡᠢ ᠤᠰᠤᠲᠥ᠋ᠷᠥᠭᠴᠢ ᠵᠢᠨ ᠣᠷᠤᠯᠠᠭᠤᠯᠤᠯᠲᠠ ᠵᠢ ᠶᠡᠭᠡ᠎ᠪᠠᠷ ᠠᠬᠢᠭᠤᠯᠵᠤ᠂ ᠣᠷᠣᠯᠠᠭᠤᠯᠵᠤ ᠳᠡᠶ᠋ᠢᠯᠬᠦ ᠪᠦᠬᠦᠨ᠎ᠢ ᠣᠷᠣᠯᠠᠭᠤᠯᠬᠤ ᠵᠢ ᠪᠡᠶᠡᠯᠡᠭᠦᠯᠦᠨ᠎ᠡ᠃ 《ᠪᠣᠬᠢᠷᠲᠤᠯ ᠦᠭᠡᠢ ᠤᠰᠤᠲᠥ᠋ᠷᠥᠭᠴᠢ + ᠠᠵᠤ ᠦᠢ᠍ᠯᠡᠳᠪᠦᠷᠢ》 ᠵᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠵᠢ ᠬᠢᠮᠢ ᠵᠢᠨ ᠠᠵᠤ ᠦᠢ᠍ᠯᠡᠳᠪᠦᠷᠢ᠎ᠲᠠᠢ ᠡᠪᠴᠡᠯᠳᠦᠭᠦᠯᠬᠦ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠲᠡᠮᠦᠷᠯᠢᠭ ᠬᠠᠶ᠋ᠢᠯᠤᠭᠤᠯᠬᠤ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠪᠣᠯᠪᠠᠰᠤᠷᠠᠭᠤᠯᠵᠤ ᠬᠠᠶ᠋ᠢᠯᠤᠭᠤᠯᠬᠤ ᠵᠢ ᠬᠡᠷᠡᠭᠵᠢᠭᠦᠯᠦᠨ᠂ ᠠᠵᠤ ᠦᠢ᠍ᠯᠡᠳᠪᠦᠷᠢ ᠵᠢ ᠨᠡᠭᠦᠷᠡᠰᠦᠲᠥ᠋ᠷᠥᠭᠴᠢ ᠦᠭᠡᠶ᠋ᠢᠳᠡᠭᠦᠯᠬᠦ ᠤᠷᠤᠭᠤ ᠬᠥᠲᠥᠯᠥᠨ ᠳᠠᠭ᠋ᠠᠭᠤᠯᠵᠤ᠂ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠎ᠠ ᠵᠢᠨ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠨ᠎ᠡ᠃ ᠤᠰᠤᠲᠥ᠋ᠷᠥᠭᠴᠢᠲᠤ ᠡᠨᠧᠷᠭᠢ ᠵᠢᠨ ᠬᠠᠩᠭ᠋ᠠᠯᠭ᠎ᠠ ᠵᠢᠨ ᠪᠦᠲᠦᠴᠡ᠎ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭ᠋ᠠᠬᠤ ᠵᠢ᠎ᠨᠢ ᠲᠦᠷᠭᠡᠳᠬᠡᠵᠦ᠂ ᠠᠵᠤ ᠦᠢ᠍ᠯᠡᠳᠪᠦᠷᠢ ᠵᠢᠨ ᠳᠠᠭ᠋ᠠᠯᠳᠤᠪᠤᠷᠢ ᠤᠰᠤᠲᠥ᠋ᠷᠥᠭᠴᠢ ᠵᠢ ᠰᠢᠯᠢᠵᠦ ᠴᠡᠪᠡᠷᠰᠢᠭᠦᠯᠦᠨ ᠠᠰᠢᠭᠯᠠᠬᠤ ᠵᠢ ᠳᠡᠮᠵᠢᠵᠦ᠂ ᠠᠵᠤ ᠦᠢ᠍ᠯᠡᠳᠪᠦᠷᠢ ᠵᠢᠨ ᠳᠠᠭ᠋ᠠᠯᠳᠤᠪᠤᠷᠢ ᠤᠰᠤᠲᠥ᠋ᠷᠥᠭᠴᠢ ᠵᠢ ᠣᠶ᠋ᠢᠷ᠎ᠠ ᠬᠠᠪᠢ᠎ᠳᠤ᠎ᠪᠠᠨ ᠰᠢᠩᠭᠡᠬᠡᠨ ᠪᠠᠭᠲᠠᠭ᠋ᠠᠬᠤ ᠵᠢ ᠵᠣᠷᠢᠭᠵᠢᠭᠤᠯᠤᠨ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠡᠬᠢᠨ᠎ᠤ ᠬᠤᠭᠤᠴᠠᠭ᠋ᠠᠨ᠎ᠳᠠᠬᠢ ᠤᠰᠤᠲᠥ᠋ᠷᠥᠭᠴᠢ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠣᠷᠣᠯᠠᠭᠤᠯᠬᠤ᠎ᠳᠤ ᠰᠢᠯᠵᠢᠨ ᠣᠷᠣᠬᠤ᠎ᠳᠤ ᠪᠦᠲᠦᠮᠵᠢᠲᠡᠶ ᠲᠤᠯᠭ᠋ᠠᠭᠤᠷᠢᠯᠠᠯ ᠬᠠᠩᠭ᠋ᠠᠨ᠎ᠠ᠃
    (ᠬᠤᠶᠠᠷ) ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠢ ᠶᠡᠭᠡ᠎ᠪᠠᠷ ᠠᠬᠢᠭᠤᠯᠵᠤ᠂ ᠬᠡᠷᠡᠭᠯᠡᠭᠡᠨ᠎ᠳᠤ ᠣᠷᠣᠭᠤᠯᠵᠤ ᠪᠣᠯᠬᠤ ᠪᠥᠬᠦᠨ᠎ᠢ ᠬᠡᠷᠡᠭᠯᠡᠭᠡᠨ᠎ᠳᠤ ᠣᠷᠣᠭᠤᠯᠬᠤ ᠵᠢ ᠪᠡᠶᠡᠯᠡᠭᠦᠯᠦᠨ᠎ᠡ᠃ 《ᠪᠣᠬᠢᠷᠲᠤᠯ ᠦᠭᠡᠢ ᠤᠰᠤᠲᠥ᠋ᠷᠥᠭᠴᠢ ++ ᠵᠠᠮ ᠬᠠᠷᠢᠯᠴᠠᠭ᠎ᠠ》 ᠵᠢ ᠭᠦᠨᠵᠡᠭᠡᠢ ᠠᠬᠢᠭᠤᠯᠵᠤ᠂ ᠠᠭᠤᠷᠬᠠᠢ ᠵᠢᠨ ᠣᠷᠣᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠵᠡᠷᠭᠡ ᠡᠵᠡᠩᠨᠡᠯᠲᠡ ᠵᠢᠨ ᠬᠦᠴᠦᠯᠡᠴᠡ᠎ᠪᠠᠷ ᠶᠡᠭᠡ᠂ ᠠᠶᠠᠯᠠᠨ ᠶᠠᠪᠤᠬᠤ ᠵᠠᠮ ᠱᠤᠭᠤᠮ᠎ᠨᠢ ᠲᠣᠭᠲᠠᠮᠠᠯ ᠠᠬᠤᠢ ᠪᠠᠶ᠋ᠢᠳᠠᠯ ᠪᠠ ᠬᠤᠳᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ᠂ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠡᠷᠭᠡ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠡᠷᠭᠡ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠭᠤᠣᠯᠳᠠᠯᠭ᠎ᠠ᠎ᠲᠠᠢ᠎ᠪᠠᠷ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠵᠢ ᠶᠡᠭᠡ᠎ᠪᠠᠷ ᠳᠡᠯᠭᠡᠷᠡᠭᠦᠯᠦᠨ ᠬᠡᠷᠡᠭᠯᠡᠵᠦ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠬᠤᠳᠠ ᠵᠢᠨ ᠪᠦᠯᠦᠭᠵᠢᠯ᠎ᠢ ᠡᠭᠦᠳᠦᠨ ᠪᠠᠶ᠋ᠢᠭᠤᠯᠬᠤ ᠡᠭᠦᠷᠭᠡ᠎ᠪᠠᠨ ᠪᠡᠶᠡᠯᠡᠭᠦᠯᠬᠦ ᠵᠢ ᠠᠬᠢᠭᠤᠯᠤᠨ᠎ᠠ᠃ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠬᠢᠭᠡᠳ ᠯᠢᠲ᠋ᠢ ᠴᠠᠬᠢᠯᠭ᠋ᠠᠨ ᠵᠠᠢ ᠵᠢᠨ ᠴᠣᠯ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡ ᠵᠢᠨ ᠬᠠᠷᠢᠯᠴᠠᠨ ᠨᠥᠬᠦᠪᠦᠷᠢᠯᠡᠬᠦ ᠬᠥᠭᠵᠢᠯᠲᠡ ᠵᠢᠨ ᠬᠡᠪ ᠵᠠᠭᠪᠤᠷ᠎ᠢ ᠪᠠᠶ᠋ᠢᠭᠤᠯᠵᠤ᠂ ᠴᠠᠶ᠋ᠢᠶᠢᠦ ᠲᠣᠰᠣᠨ᠎ᠤ ᠮᠠᠰᠢᠨ ᠲᠡᠷᠭᠡ᠎ᠪᠠᠨ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ᠎ᠪᠠᠷ ᠰᠣᠯᠢᠭᠤᠯᠬᠤ ᠵᠢ ᠬᠥᠲᠥᠯᠥᠨ ᠵᠢᠯᠣᠭᠤᠳᠴᠤ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃ 《ᠪᠣᠬᠢᠷᠲᠤᠯ ᠦᠭᠡᠢ ᠤᠰᠤᠲᠥ᠋ᠷᠥᠭᠴᠢ + ᠴᠠᠬᠢᠯᠭ᠋ᠠᠨ ᠬᠦᠴᠦᠨ》᠂ 《ᠪᠣᠬᠢᠷᠲᠤᠯ ᠦᠭᠡᠢ ᠤᠰᠤᠲᠥ᠋ᠷᠥᠭᠴᠢ + ᠪᠠᠷᠢᠯᠭ᠎ᠠ》 ᠵᠢ ᠰᠦᠪᠡᠭᠴᠢᠯᠡᠵᠦ᠂ ᠴᠠᠬᠢᠯᠭ᠋ᠠᠨ ᠬᠦᠴᠦᠨ ᠪᠠ ᠪᠠᠷᠢᠯᠭ᠎ᠠ ᠵᠢᠨ ᠬᠦᠷᠢᠶ᠎ᠡ ᠴᠠᠷᠠᠭ᠎ᠠ᠎ᠳᠤ ᠪᠡᠯᠡᠳᠬᠡᠯ ᠴᠠᠬᠢᠯᠭ᠋ᠠᠨ ᠡᠭᠦᠰᠬᠡᠭᠴᠢ᠂ ᠲᠠᠷᠬᠠᠮᠠᠯ ᠮᠠᠶᠢᠭ᠎ᠤᠨ ᠴᠠᠬᠢᠯᠭ᠋ᠠᠨ ᠭᠠᠷᠭ᠋ᠠᠯᠲᠠ᠂ ᠢᠯᠴᠢ ᠴᠠᠬᠢᠯᠭ᠋ᠠᠨ᠎ᠢ ᠵᠡᠷᠭᠡ᠎ᠪᠠᠷ ᠬᠠᠩᠭ᠋ᠠᠬᠤ ᠵᠡᠷᠭᠡ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠤ ᠠᠬᠤᠢ ᠪᠠᠶ᠋ᠢᠳᠠᠯ᠎ᠢ ᠭᠤᠣᠯᠳᠠᠯᠭ᠎ᠠ᠎ᠲᠠᠢ ᠨᠡᠭᠡᠭᠡᠨ ᠬᠥᠭᠵᠢᠭᠦᠯᠦᠨ᠎ᠡ᠃
    (ᠭᠤᠷᠪᠠ) ᠪᠣᠬᠢᠷᠲᠤᠯ ᠦᠭᠡᠢ ᠤᠰᠤᠲᠥ᠋ᠷᠥᠭᠴᠢ ᠵᠢᠨ ᠤᠯᠠᠷᠢᠭᠤᠯᠤᠯᠲᠠ ᠵᠢ ᠶᠡᠭᠡ᠎ᠪᠠᠷ ᠠᠬᠢᠭᠤᠯᠵᠤ᠂ ᠤᠯᠠᠷᠢᠭᠤᠯᠵᠤ ᠳᠡᠶ᠋ᠢᠯᠬᠦ ᠪᠥᠬᠦᠨ᠎ᠢ ᠤᠯᠠᠷᠢᠭᠤᠯᠬᠤ ᠵᠢ ᠪᠡᠶᠡᠯᠡᠭᠦᠯᠦᠨ᠎ᠡ᠃ 《ᠪᠣᠬᠢᠷᠲᠤᠯ ᠦᠭᠡᠢ ᠤᠰᠤᠲᠥ᠋ᠷᠥᠭᠴᠢ + ᠤᠯᠠᠷᠢᠭᠤᠯᠤᠯᠲᠠ》 ᠵᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠪᠣᠬᠢᠷᠲᠤᠯ ᠦᠭᠡᠢ ᠮᠧᠲ᠋ᠢᠯ ᠠᠯᠺᠣᠣᠯ᠂ ᠪᠣᠬᠢᠷᠲᠤᠯ ᠦᠭᠡᠢ ᠨᠡᠶ᠋ᠢᠯᠡᠯᠭᠡ ᠰᠢᠪᠲᠦᠷ᠂ ᠪᠣᠬᠢᠷᠲᠤᠯ ᠦᠭᠡᠢ ᠠᠭ᠋ᠠᠷ᠎ᠤᠨ ᠠᠶᠠᠯᠠᠯ᠎ᠤᠨ ᠨᠡᠭᠦᠷᠡᠰᠦ ᠦᠢ᠍ᠯᠡᠳᠬᠦ ᠵᠡᠷᠭᠡ ᠵᠢ ᠭᠤᠣᠯᠳᠠᠯᠭ᠎ᠠ᠎ᠲᠠᠢ ᠬᠥᠭᠵᠢᠭᠦᠯᠵᠦ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠡᠯᠬᠢᠶ᠎ᠡ᠂ ᠪᠣᠬᠢᠷᠲᠤᠯ ᠦᠭᠡᠢ ᠥᠷᠲᠡᠭ᠎ᠤᠨ ᠬᠡᠯᠬᠢᠶ᠎ᠡ ᠵᠢ ᠤᠷᠲᠤᠳᠬᠠᠨ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠦᠢ᠍ᠯᠡᠳᠪᠦᠷᠢᠯᠡᠯ ᠬᠡᠷᠡᠭᠯᠡᠭᠡᠨ᠎ᠤ ᠲᠣᠮᠣ ᠣᠷᠣᠨ᠎ᠢ ᠴᠣᠭᠴᠠᠯᠠᠨ᠎ᠠ᠃ ᠪᠢᠤᠮᠠᠰ᠎ᠤᠨ ᠡᠬᠢ ᠪᠠᠶᠠᠯᠢᠭ᠎ᠤᠨ ᠬᠠᠩᠭ᠋ᠠᠯᠭ᠎ᠠ᠎ᠳᠠᠬᠢ ᠦᠢ᠍ᠯᠡᠴᠢᠯᠡᠭᠡ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠎ᠳᠤ ᠠᠮᠤᠷ ᠲᠦᠪᠰᠢᠨ ᠲᠣᠭᠲᠠᠭᠤᠨ ᠡᠬᠢ ᠪᠠᠶᠠᠯᠢᠭ᠎ᠤᠨ ᠪᠠᠲᠤᠯᠠᠭ᠎ᠠ ᠵᠢ ᠬᠠᠩᠭ᠋ᠠᠨ᠎ᠠ᠃
    (ᠳᠥᠷᠪᠡ) ᠪᠣᠬᠢᠷᠲᠤᠯ ᠦᠭᠡᠢ ᠤᠰᠤᠲᠥ᠋ᠷᠥᠭᠴᠢ ᠵᠢᠨ ᠭᠠᠳᠠᠭᠰᠢ ᠳᠠᠮᠵᠢᠭᠤᠯᠤᠯᠲᠠ ᠵᠢ ᠶᠡᠭᠡ᠎ᠪᠠᠷ ᠠᠬᠢᠭᠤᠯᠵᠤ᠂ ᠭᠠᠳᠠᠭᠰᠢ ᠳᠠᠮᠵᠢᠭᠤᠯᠵᠤ ᠳᠡᠶ᠋ᠢᠯᠬᠦ ᠪᠦᠬᠦᠨ᠎ᠢ ᠳᠠᠮᠵᠢᠭᠤᠯᠬᠤ ᠵᠢ ᠪᠡᠶᠡᠯᠡᠭᠦᠯᠦᠨ᠎ᠡ᠃ 《ᠪᠣᠬᠢᠷᠲᠤᠯ ᠦᠭᠡᠢ ᠤᠰᠤᠲᠥ᠋ᠷᠥᠭᠴᠢ + ᠭᠠᠳᠠᠭᠰᠢ ᠳᠠᠮᠵᠢᠭᠤᠯᠤᠯᠲᠠ》 ᠵᠢ ᠭᠦᠨᠵᠡᠭᠡᠢ ᠠᠬᠢᠭᠤᠯᠵᠤ᠂ ᠭᠤᠣᠯᠳᠠᠭᠤ ᠪᠣᠬᠢᠷᠲᠤᠯ ᠦᠭᠡᠢ ᠤᠰᠤᠲᠥ᠋ᠷᠥᠭᠴᠢ ᠵᠢᠨ ᠬᠤᠩᠭᠢᠯ᠎ᠳᠤ ᠲᠦᠰᠢᠭᠯᠡᠨ ᠡᠷᠬᠢᠨ ᠲᠣᠭᠤᠷᠢᠨ᠎ᠤ ᠮᠤᠵᠢ (ᠣᠷᠣᠨ᠂ ᠬᠤᠲᠠ)᠎ᠯᠤᠭ᠎ᠠ ᠪᠣᠬᠢᠷᠲᠤᠯ ᠦᠭᠡᠢ ᠤᠰᠤᠲᠥ᠋ᠷᠥᠭᠴᠢ ᠵᠢᠨ ᠠᠷᠠᠯᠵᠢᠶᠠᠨ᠎ᠤ ᠬᠠᠮᠲᠤᠷᠠᠯᠴᠠᠭ᠎ᠠ ᠬᠢᠬᠦ ᠵᠢ ᠴᠢᠩᠭ᠋ᠠᠳᠬᠠᠵᠤ᠂ 《ᠪᠠᠷᠠᠭᠤᠨ ᠣᠷᠣᠨ᠎ᠤ ᠤᠰᠤᠲᠥ᠋ᠷᠥᠭᠴᠢ ᠵᠢ ᠵᠡᠭᠦᠨᠰᠢ ᠬᠦᠷᠭᠡᠬᠦ》 ᠵᠡᠷᠭᠡ ᠭᠤᠣᠯᠳᠠᠯᠭ᠎ᠠ ᠪᠣᠯᠬᠤ ᠢᠨᠵᠧᠨᠧᠷᠢᠩ᠎ᠢ ᠥᠷᠨᠢᠭᠦᠯᠵᠦ᠂ ᠭᠤᠣᠯ ᠱᠤᠭᠤᠮ᠎ᠤᠨ ᠬᠤᠭᠤᠯᠠᠢ ᠭᠤᠤᠷᠰᠤ᠎ᠳᠤ ᠭᠠᠳᠠᠭᠰᠢ ᠳᠠᠮᠵᠢᠭᠤᠯᠬᠤ ᠨᠡᠪᠲᠡᠷᠡᠯ ᠵᠠᠮ᠎ᠤᠨ ᠬᠤᠯᠪᠣᠨ ᠨᠡᠪᠲᠡᠷᠡᠭᠦᠯᠦᠭᠰᠡᠨ ᠴᠡᠭ᠎ᠢ ᠪᠠᠶ᠋ᠢᠭᠤᠯᠵᠤ᠂ ᠪᠥᠬᠦ ᠣᠷᠣᠨ᠎ᠤ ᠤᠰᠤᠲᠥ᠋ᠷᠥᠭᠴᠢ ᠵᠢᠨ ᠢᠷᠡᠯᠲᠡ ᠵᠢ ᠴᠤᠭᠯᠠᠭᠤᠯᠤᠨ ᠣᠷᠣᠨ᠎ᠤ ᠭᠠᠳᠠᠨᠠᠬᠢ ᠤᠰᠤᠲᠥ᠋ᠷᠥᠭᠴᠢ ᠵᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠳᠠᠮᠵᠢᠭᠤᠯᠤᠨ ᠬᠦᠷᠭᠡᠨ᠎ᠡ᠃
     ᠲᠠᠪᠤ᠂ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ
    (ᠨᠢᠭᠡ) ᠴᠠᠬᠢᠯᠭ᠋ᠠᠨ ᠬᠦᠴᠦᠨ᠎ᠤ ᠲᠣᠣᠷ᠎ᠤᠨ ᠪᠠᠲᠤᠯᠠᠭ᠎ᠠ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃ ᠴᠠᠬᠢᠯᠭ᠋ᠠᠨ ᠬᠦᠴᠦᠨ᠎ᠤ ᠲᠣᠣᠷ᠎ᠲᠤ ᠨᠡᠶ᠋ᠢᠯᠡᠭᠦᠯᠬᠦ ᠬᠡᠯᠪᠡᠷᠢ ᠵᠢᠨ ᠰᠠᠯᠬᠢᠨ ᠪᠠ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠵᠢᠯ᠎ᠤᠨ ᠴᠠᠬᠢᠯᠭ᠋ᠠᠨ ᠬᠦᠴᠦᠨ᠎ᠤ ᠲᠣᠣᠷ᠎ᠲᠤ ᠣᠷᠣᠭᠤᠯᠬᠤ ᠴᠠᠬᠢᠯᠭ᠋ᠠᠨ᠎ᠤ ᠬᠡᠮᠵᠢᠶ᠎ᠡ ᠵᠢ ᠲᠥᠷᠥᠯ ᠵᠦᠢ᠍ᠯ᠎ᠤᠨ ᠵᠢᠯ᠎ᠤᠨ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶᠡᠨ᠎ᠤ 20%᠎ᠠᠴᠠ ᠬᠡᠲᠦᠷᠡᠭᠦᠯᠵᠦ ᠪᠣᠯᠬᠤ ᠦᠭᠡᠢ᠂ ᠵᠢᠯ ᠵᠶ᠋ᠠᠷ ᠨᠢᠭᠡᠴᠢ ᠪᠣᠯᠭ᠋ᠠᠨ ᠬᠢᠨᠠᠨ ᠬᠠᠷᠭᠤᠭᠤᠯᠵᠤ᠂ ᠵᠠᠷᠴᠢᠮ ᠳᠡᠭᠡᠷ᠎ᠡ᠎ᠪᠠᠨ ᠵᠢᠯ ᠪᠦᠷᠢ ᠵᠢᠨ 1 ᠳ᠋ᠦ᠍ᠭᠡᠷ ᠰᠠᠷ᠎ᠠ᠎ᠳᠤ ᠳᠡᠭᠡᠷ᠎ᠡ ᠨᠢᠭᠡ ᠵᠢᠯ᠎ᠤᠨ ᠴᠠᠬᠢᠯᠭ᠋ᠠᠨ ᠬᠦᠴᠦᠨ᠎ᠤ ᠲᠣᠣᠷ᠎ᠲᠤ ᠣᠷᠣᠭᠤᠯᠤᠭᠰᠠᠨ ᠴᠠᠬᠢᠯᠭ᠋ᠠᠨ᠎ᠤ ᠬᠡᠮᠵᠢᠶ᠎ᠡ ᠵᠢ ᠬᠢᠨᠠᠨ ᠬᠠᠷᠭᠤᠭᠤᠯᠤᠨ᠎ᠠ; ᠢᠵᠢ ᠪᠦᠷᠢᠳᠦᠭᠦᠯᠦᠭᠰᠡᠨ ᠰᠢᠨ᠎ᠡ ᠡᠨᠧᠷᠭᠢ ᠵᠢᠨ ᠲᠠᠯᠠᠪᠤᠷ ᠥᠷᠲᠡᠭᠡ ᠵᠢ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠠᠴᠠ ᠤᠷᠢᠳ ᠵᠶ᠋ᠠᠷ ᠢᠯᠭ᠋ᠠᠷᠠᠭᠤᠯᠤᠨ ᠭᠠᠷᠭ᠋ᠠᠬᠤ ᠵᠢᠨ ᠬᠠᠮᠲᠤ᠂ ᠵᠣᠬᠢᠴᠠᠬᠤ ᠲᠣᠭᠲᠠᠭᠰᠠᠨ ᠴᠠᠭ᠎ᠲᠠᠬᠢ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠭᠥᠯᠢᠶᠡᠨ ᠠᠪᠴᠤ ᠪᠣᠯᠣᠨ᠎ᠠ; ᠥᠪᠡᠰᠦᠪᠡᠨ ᠭᠠᠷᠭ᠋ᠠᠵᠤ ᠥᠪᠡᠰᠦᠪᠡᠨ ᠬᠡᠷᠡᠭᠯᠡᠬᠦ ᠴᠠᠬᠢᠯᠭ᠋ᠠᠨ᠎ᠠᠴᠠ ᠰᠢᠰᠲ᠋ᠧᠮ᠎ᠤᠨ ᠪᠡᠯᠡᠳᠬᠡᠯ ᠵᠠᠷᠤᠳᠠᠯ ᠪᠠ ᠲᠥᠷᠥ ᠵᠢᠨ ᠪᠣᠳᠣᠯᠭ᠎ᠠ ᠵᠢᠨ ᠴᠢᠨᠠᠷᠲᠠᠢ ᠰᠣᠯᠪᠢᠴᠠᠯ᠎ᠤᠨ ᠨᠡᠮᠡᠭᠦᠷᠢ ᠵᠢ ᠲᠦᠷ ᠲᠠᠲᠠᠪᠤᠷᠢᠯᠠᠬᠤ ᠦᠭᠡᠢ᠃
    (ᠬᠤᠶᠠᠷ) ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠢ ᠪᠠᠷᠢᠮᠵᠢᠶᠠᠵᠢᠭᠤᠯᠬᠤ ᠠᠵᠢᠯ ᠵᠶ᠋ᠠᠨ ᠴᠢᠩᠭ᠋ᠠᠳᠬᠠᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ ᠬᠡᠷᠡᠭᠯᠡᠭᠡᠨ᠎ᠤ ᠡᠯ᠎ᠡ ᠲᠠᠯ᠎ᠠ ᠵᠢᠨ᠎ᠬᠢᠨ᠎ᠤ ᠤᠯᠤᠰ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ᠂ ᠤᠰᠤᠲᠥ᠋ᠷᠥᠭᠴᠢ ᠬᠡᠢ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ᠂ ᠤᠰᠤᠲᠥ᠋ᠷᠥᠭᠴᠢᠲᠤ ᠡᠨᠧᠷᠭᠢ ᠵᠢᠨ ᠬᠤᠭᠤᠯᠠᠢ ᠭᠤᠤᠷᠰᠤ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠲᠠᠯ᠎ᠠ ᠵᠢᠨ ᠪᠠᠷᠢᠮᠵᠢᠶ᠎ᠠ ᠵᠢ ᠲᠣᠭᠲᠠᠭ᠋ᠠᠬᠤ᠎ᠳᠤ ᠭᠤᠣᠯᠳᠠᠯᠭ᠎ᠠ᠎ᠲᠠᠢ᠎ᠪᠠᠷ ᠣᠷᠣᠯᠴᠠᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠭᠤᠷᠢᠯᠠᠯ ᠬᠠᠩᠭ᠋ᠠᠨ᠎ᠠ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠤᠨ ᠪᠠᠷᠢᠮᠵᠢᠶ᠎ᠠ ᠵᠢ ᠬᠡᠷᠡᠭᠯᠡᠭᠡᠨ᠎ᠳᠤ ᠣᠷᠣᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠂ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠢᠳᠡᠪᠬᠢᠲᠡᠢ ᠬᠡᠷᠡᠭᠯᠡᠨ᠎ᠡ᠃
     ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠵᠤ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠣᠰ ᠮᠡᠳᠡᠭᠳᠡᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠠᠵᠢᠯ ᠵᠶ᠋ᠠᠨ ᠰᠠᠶ᠋ᠢᠲᠤᠷ ᠬᠢᠵᠦ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ᠃
                                        2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ
    (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
                                       ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
                                         ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                                          2024 ᠣᠨ᠎ᠤ 6 ᠳ᠋ᠤᠭ᠋ᠠᠷ ᠰᠠᠷ᠎ᠠ ᠵᠢᠨ
                                             3᠎ᠤ ᠡᠳᠦᠷ ᠳᠠᠷᠤᠮᠠᠯᠯᠠᠨ ᠲᠠᠷᠬᠠᠭ᠋ᠠᠪᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠬᠤᠷᠢᠨᠭᠡᠷ᠎ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ᠎ᠤᠳ
ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠳᠡᠭᠦᠯᠬᠦ ᠪᠠ ᠬᠥᠮᠦᠨ ᠠᠮᠠ ᠨᠡᠭᠦᠯᠭᠡᠨ ᠣᠷᠣᠭᠤᠯᠬᠤ ᠵᠢ ᠴᠠᠭ᠋ᠠᠵᠠᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠎ᠠᠴᠠ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (2024 ᠣᠨ᠎ᠤ ᠬᠡᠪᠯᠡᠯ)》 ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
            