ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠨᠡᠶ᠋ᠢᠲᠡᠯᠡᠭᠰᠡᠨ ᠴᠠᠭ᠄ 2024-03-15

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

                  ᠥᠪᠥᠷ ᠵᠠᠰᠠᠭ ᠦᠰᠦᠭ [2024 ] 2 ᠳ᠋ᠤᠭ᠋ᠠᠷ ᠲᠣᠭ᠋ᠠᠲᠤ

 

ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ  ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

      《  ᠶᠠᠰᠤ ᠴᠢᠨᠠᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠥᠲᠥᠯᠪᠦᠷᠢ 》 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠶᠠᠰᠤ ᠴᠢᠨᠠᠷ᠎ᠤᠨ ᠬᠦᠴᠦᠷᠬᠡᠭ ᠣᠷᠣᠨ᠎ᠤ ᠪᠦᠲᠦᠭᠡᠨ ᠪᠠᠢ᠌ᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ ᠂  ᠪᠥᠬᠦ ᠣᠷᠣᠨ᠎ᠤ ᠡᠯ᠎ᠡ ᠠᠵᠢᠯ ᠲᠥᠷᠥᠯ᠎ᠤᠨ᠎ᠬᠢᠨ᠎ᠢ ᠶᠠᠰᠤ ᠴᠢᠨᠠᠷ᠎ᠤᠨ ᠲᠠᠯ᠎ᠠ ᠵᠢᠨ ᠬᠠᠮᠢᠶᠠᠷᠤᠯᠲᠠ᠎ᠪᠠᠨ  ᠴᠢᠩᠭ᠋ᠠᠳᠬᠠᠵᠤ ᠂  ᠭᠠᠷᠮᠠᠭ᠋ᠠᠢ ᠠᠮᠵᠢᠯᠲᠠ ᠪᠦᠲᠦᠮᠵᠢ ᠵᠢ ᠬᠥᠭᠡᠭᠡᠴᠡᠯᠳᠦᠨ ᠂  ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠪᠠᠷ  ᠬᠥᠲᠥᠯᠥᠨ ᠵᠢᠯᠤᠭᠣᠳᠬᠤ ᠪᠠ ᠤᠷᠮᠠᠰᠢᠭᠤᠯᠤᠨ ᠵᠣᠷᠢᠭᠵᠢᠭᠤᠯᠬᠤ ᠵᠢᠨ ᠲᠤᠰᠠᠳᠠ ᠂ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ 》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠂  ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ ᠵᠶ᠋ᠠᠷ ᠬᠢᠨᠠᠨ ᠵᠥᠪᠯᠡᠭᠦᠯᠦᠭᠡᠳ ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠤᠪᠢᠴᠠᠭ᠋ᠠᠲᠤ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠣᠯᠭᠣᠬᠤ᠎ᠪᠠᠷ  ᠲᠣᠭᠲᠠᠪᠠ ᠃

       ᠱᠠᠩᠨᠠᠯ ᠭᠥᠷᠳᠡᠭᠰᠡᠨ ᠠᠵᠤ ᠠᠬᠤᠢ᠌ᠯᠠᠯ᠎ᠨᠢ ᠢᠷᠠᠭᠤ ᠠᠯᠳᠠᠷ ᠵᠶ᠋ᠠᠨ ᠨᠠᠨᠳᠢᠩᠨᠠᠵᠤ ᠂  ᠴᠤᠴᠠᠯᠲᠠ ᠦᠭᠡᠢ   ᠴᠢᠷᠮᠠᠢ᠌ᠵᠤ ᠶᠠᠰᠤ ᠴᠢᠨᠠᠷ᠎ᠤᠨ ᠲᠠᠯ᠎ᠠ᠎ᠪᠠᠷ  ᠬᠡᠪ ᠳᠠᠭᠤᠷᠢᠶᠠᠯ ᠪᠣᠯᠵᠤ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠬᠤ ᠵᠢ ᠬᠦᠰᠡᠵᠦ ᠪᠠᠢ᠌ᠨ᠎ᠠ ᠃  ᠪᠦᠬᠦ ᠣᠷᠣᠨ᠎ᠤ ᠥᠷᠭᠡᠨ ᠣᠯᠠᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠨᠢ ᠱᠠᠩᠨᠠᠯ ᠭᠥᠷᠳᠡᠭᠰᠡᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠠᠯ᠎ᠠ᠎ᠪᠠᠷ ᠎ᠬᠢ ᠲᠡᠷᠢᠭᠦᠨ᠎ᠤ ᠲᠤᠷᠰᠢᠯᠭ᠎ᠠ ᠵᠢ᠎ᠨᠢ ᠬᠢᠨᠠᠮᠠᠭ᠋ᠠᠢ ᠰᠤᠷᠤᠯᠴᠠᠨ ᠲᠣᠯᠢᠳᠠᠵᠤ ᠂  ᠶᠠᠰᠤ ᠴᠢᠨᠠᠷ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ  ᠳᠠᠭ᠋ᠠᠭ᠋ᠠᠨ ᠡᠭᠦᠷᠭᠡᠯᠡᠵᠦ ᠂  ᠶᠠᠰᠤ ᠴᠢᠨᠠᠷ᠎ᠤᠨ ᠲᠠᠯ᠎ᠠ ᠵᠢᠨ ᠦᠨᠡᠨᠴᠢ ᠢᠲᠡᠭᠡᠮᠵᠢ᠎ᠪᠠᠨ ᠬᠢᠴᠢᠶᠡᠩᠭᠦᠢ᠌ᠯᠡᠨ ᠰᠠᠬᠢᠵᠤ ᠂  ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠃  ᠡᠯ᠎ᠡ ᠭᠠᠵᠠᠷ ᠣᠷᠣᠨ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠥᠷᠥ ᠵᠢᠨ ᠪᠣᠳᠣᠯᠭ᠎ᠠ᠎ᠪᠠᠷ  ᠬᠥᠲᠥᠯᠥᠨ ᠵᠢᠯᠤᠭᠣᠳᠬᠤ᠎ᠪᠠᠨ  ᠤᠯᠠᠮ ᠨᠢᠭᠡ ᠠᠯᠬᠤᠮ ᠴᠢᠩᠭ᠋ᠠᠳᠬᠠᠵᠤ ᠂  ᠭᠠᠪᠰᠢᠭ᠋ᠠᠢ᠌ᠯᠠᠵᠤ ᠭᠠᠷᠮᠠᠭ᠋ᠠᠢ᠌ᠯᠠᠬᠤ ᠵᠢ ᠬᠥᠭᠡᠭᠡᠴᠡᠯᠳᠦᠬᠦ ᠂  ᠶᠠᠰᠤ ᠴᠢᠨᠠᠷ᠎ᠢ ᠡᠷᠬᠢᠮᠯᠡᠬᠦ ᠵᠢ ᠪᠥᠬᠦ ᠨᠡᠢ᠌ᠭᠡᠮ᠎ᠤᠨ᠎ᠬᠢᠨ᠎ᠤ ᠥᠷᠲᠡᠭ᠎ᠤᠨ ᠬᠥᠲᠥᠯᠥᠮᠵᠢ ᠪᠠ ᠴᠠᠭ ᠦᠶ᠎ᠡ ᠵᠢᠨ ᠵᠣᠷᠢᠭ ᠰᠠᠨᠠᠭ᠎ᠠ ᠪᠣᠯᠭ᠋ᠠᠵᠦ ᠂  ᠶᠠᠰᠤ ᠴᠢᠨᠠᠷ᠎ᠢ ᠰᠠᠢ᠌ᠵᠢᠷᠠᠭᠤᠯᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠦᠨ ᠂  ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃

       ᠳᠠᠭ᠋ᠠᠯᠳᠤᠭᠤᠯᠤᠯ ᠄ 2023 ᠣᠨ᠎ᠤ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠭᠥᠷᠳᠡᠭᠰᠡᠨ ᠠᠵᠤ ᠠᠬᠤᠢ᠌ᠯᠠᠯ᠎ᠤᠨ ᠨᠡᠷᠡᠰ

                                         2024 ᠣᠨ᠎ᠤ 1 ᠳ᠋ᠦ᠍ᠭᠡᠷ ᠰᠠᠷ᠎ᠠ ᠵᠢᠨ 8᠎ᠤ ᠡᠳᠦᠷ

                   (  ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

ᠳᠠᠭ᠋ᠠᠯᠳᠤᠭᠤᠯᠤᠯ

      2023 ᠣᠨ᠎ᠤ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠭᠥᠷᠳᠡᠭᠰᠡᠨ ᠠᠵᠤ ᠠᠬᠤᠢ᠌ᠯᠠᠯ᠎ᠤᠨ ᠨᠡᠷᠡᠰ᠎ᠤᠳ

       ᠪᠤᠭᠤᠲᠤ ᠬᠣᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ  ᠮᠠᠲ᠋ᠧᠷᠢᠶᠠᠯ᠎ᠤᠨ  ᠬᠣᠪᠢᠴᠠᠭ᠋ᠠᠲᠤ ᠬᠢᠵᠠᠭ᠋ᠠᠷᠲᠤ ᠺᠣᠮᠫᠠᠨᠢ

       ᠥᠪᠥᠷ ᠮᠣᠩᠭᠣᠯ᠎ᠤᠨ ᠱᠤᠸᠠᠩ ᠰᠢᠨ ᠪᠣᠬᠢᠷᠳᠤᠯ ᠦᠭᠡᠢ  ᠮᠠᠲ᠋ᠧᠷᠢᠶᠠᠯ᠎ᠤᠨ ᠬᠣᠪᠢᠴᠠᠭ᠋ᠠᠲᠤ ᠬᠢᠵᠠᠭ᠋ᠠᠷᠲᠤ ᠺᠣᠮᠫᠠᠨᠢ

       ᠥᠪᠥᠷ ᠮᠣᠩᠭᠣᠯ᠎ᠤᠨ ᠶᠧᠦ ᠷᠠᠨ ᠮᠠᠯ ᠠᠵᠤ ᠠᠬᠤᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ

       ᠥᠪᠥᠷ ᠮᠣᠩᠭᠣᠯ᠎ᠤᠨ ᠵᠦᠩ ᠬᠤᠸᠠᠨ ᠲᠠᠯᠠᠰᠲᠤ  ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ

 



ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠠᠩᠬᠠᠳᠠᠭᠴᠢ ᠪᠦᠯᠦᠭ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠭᠰᠠᠨ ᠨᠡᠷᠡᠰ᠎ᠢ ᠨᠡᠢ᠌ᠲᠡᠯᠡᠬᠦ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠵᠢ ᠵᠦᠪᠰᠢᠶᠡᠷᠡᠬᠦ ᠳᠣᠭᠲᠠᠭ᠋ᠠᠯ᠎ᠤᠨ ᠪᠢᠴᠢᠭ
 
            