ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ [2024 ] 2 ᠳ᠋ᠤᠭ᠋ᠠᠷ ᠲᠣᠭ᠋ᠠᠲᠤ
ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠣ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ ᠣᠯᠭᠣᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
《 ᠶᠠᠰᠤ ᠴᠢᠨᠠᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠥᠲᠥᠯᠪᠦᠷᠢ 》 ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠶᠠᠰᠤ ᠴᠢᠨᠠᠷ᠎ᠤᠨ ᠬᠦᠴᠦᠷᠬᠡᠭ ᠣᠷᠣᠨ᠎ᠤ ᠪᠦᠲᠦᠭᠡᠨ ᠪᠠᠢ᠌ᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ ᠂ ᠪᠥᠬᠦ ᠣᠷᠣᠨ᠎ᠤ ᠡᠯ᠎ᠡ ᠠᠵᠢᠯ ᠲᠥᠷᠥᠯᠤᠨᠬᠢᠨᠢ ᠶᠠᠰᠤ ᠴᠢᠨᠠᠷ᠎ᠤᠨ ᠲᠠᠯ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ ᠂ ᠭᠠᠷᠮᠠᠭ᠋ᠠᠢ ᠠᠮᠵᠢᠯᠲᠠ ᠪᠦᠲᠦᠮᠵᠢ ᠵᠢ ᠬᠥᠭᠡᠭᠡᠴᠡᠯᠳᠦᠨ ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠪᠠᠷ ᠬᠥᠲᠥᠯᠥᠨ ᠵᠢᠯᠤᠭᠣᠳᠬᠤ ᠪᠠ ᠤᠷᠮᠠᠰᠢᠭᠤᠯᠤᠨ ᠵᠣᠷᠢᠭᠵᠢᠭᠤᠯᠬᠤ ᠵᠢᠨ ᠲᠤᠰᠠᠳᠠ ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ 》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ ᠵᠶ᠋ᠠᠷ ᠬᠢᠨᠠᠨ ᠵᠥᠪᠯᠡᠭᠦᠯᠦᠭᠡᠳ ᠪᠤᠭᠤᠲᠤ ᠬᠤᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠤᠪᠢᠴᠠᠭ᠋ᠠᠲᠤ ᠬᠢᠵᠠᠭ᠋ᠠᠷᠲᠤ ᠺᠣᠮᠫᠠᠨᠢ ᠵᠡᠷᠭᠡ 4 ᠠᠵᠤ ᠠᠬᠤᠢ᠌ᠯᠠᠯ᠎ᠳᠤ 2023 ᠣᠨ᠎ᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠣᠯᠭᠣᠬᠤ᠎ᠪᠠᠷ ᠲᠣᠭᠲᠠᠪᠠ ᠃
ᠱᠠᠩᠨᠠᠯ ᠭᠥᠷᠳᠡᠭᠰᠡᠨ ᠠᠵᠤ ᠠᠬᠤᠢ᠌ᠯᠠᠯ᠎ᠨᠢ ᠢᠷᠠᠭᠤ ᠠᠯᠳᠠᠷ ᠵᠶ᠋ᠠᠨ ᠨᠠᠨᠳᠢᠩᠨᠠᠵᠤ ᠂ ᠴᠤᠴᠠᠯᠲᠠ ᠦᠭᠡᠢ ᠴᠢᠷᠮᠠᠢ᠌ᠵᠤ ᠶᠠᠰᠤ ᠴᠢᠨᠠᠷ᠎ᠤᠨ ᠲᠠᠯ᠎ᠠ᠎ᠪᠠᠷ ᠬᠡᠪ ᠳᠠᠭᠤᠷᠢᠶᠠᠯ ᠪᠣᠯᠵᠤ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠬᠤ ᠵᠢ ᠬᠦᠰᠡᠵᠦ ᠪᠠᠢ᠌ᠨ᠎ᠠ ᠃ ᠪᠦᠬᠦ ᠣᠷᠣᠨ᠎ᠤ ᠥᠷᠭᠡᠨ ᠣᠯᠠᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠨᠢ ᠱᠠᠩᠨᠠᠯ ᠭᠥᠷᠳᠡᠭᠰᠡᠨ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠠᠯ᠎ᠠ᠎ᠪᠠᠷ ᠬᠢ ᠲᠡᠷᠢᠭᠦᠨ᠎ᠤ ᠲᠤᠷᠰᠢᠯᠭ᠎ᠠ ᠵᠢ᠎ᠨᠢ ᠬᠢᠨᠠᠮᠠᠭ᠋ᠠᠢ ᠰᠤᠷᠤᠯᠴᠠᠨ ᠲᠣᠯᠢᠳᠠᠵᠤ ᠂ ᠶᠠᠰᠤ ᠴᠢᠨᠠᠷ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠳᠠᠭ᠋ᠠᠭ᠋ᠠᠨ ᠡᠭᠦᠷᠭᠡᠯᠡᠵᠦ ᠂ ᠶᠠᠰᠤ ᠴᠢᠨᠠᠷ᠎ᠤᠨ ᠲᠠᠯ᠎ᠠ ᠵᠢᠨ ᠦᠨᠡᠨᠴᠢ ᠢᠲᠡᠭᠡᠮᠵᠢ᠎ᠪᠠᠨ ᠬᠢᠴᠢᠶᠡᠩᠭᠦᠢ᠌ᠯᠡᠨ ᠰᠠᠬᠢᠵᠤ ᠂ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ ᠂ ᠭᠠᠪᠰᠢᠭ᠋ᠠᠢ᠌ᠯᠠᠵᠤ ᠭᠠᠷᠮᠠᠭ᠋ᠠᠢ᠌ᠯᠠᠬᠤ ᠵᠢ ᠬᠥᠭᠡᠭᠡᠴᠡᠯᠳᠦᠬᠦ ᠂ ᠶᠠᠰᠤ ᠴᠢᠨᠠᠷ᠎ᠢ ᠡᠷᠬᠢᠮᠯᠡᠬᠦ ᠵᠢ ᠪᠥᠬᠦ ᠨᠡᠢ᠌ᠭᠡᠮ᠎ᠤᠨ᠎ᠬᠢᠨ᠎ᠤ ᠥᠷᠲᠡᠭ᠎ᠤᠨ ᠬᠥᠲᠥᠯᠥᠮᠵᠢ ᠪᠠ ᠴᠠᠭ ᠦᠶ᠎ᠡ ᠵᠢᠨ ᠵᠣᠷᠢᠭ ᠰᠠᠨᠠᠭ᠎ᠠ ᠪᠣᠯᠭ᠋ᠠᠵᠦ ᠂ ᠶᠠᠰᠤ ᠴᠢᠨᠠᠷ᠎ᠢ ᠰᠠᠢ᠌ᠵᠢᠷᠠᠭᠤᠯᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠦᠨ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃
ᠳᠠᠭ᠋ᠠᠯᠳᠤᠭᠤᠯᠤᠯ ᠄ 2023 ᠣᠨ᠎ᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠭᠥᠷᠳᠡᠭᠰᠡᠨ ᠠᠵᠤ ᠠᠬᠤᠢ᠌ᠯᠠᠯ᠎ᠤᠨ ᠨᠡᠷᠡᠰ
2024 ᠣᠨ᠎ᠤ 1 ᠳ᠋ᠦ᠍ᠭᠡᠷ ᠰᠠᠷ᠎ᠠ ᠵᠢᠨ 8᠎ᠤ ᠡᠳᠦᠷ
( ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )
ᠳᠠᠭ᠋ᠠᠯᠳᠤᠭᠤᠯᠤᠯ
2023 ᠣᠨ᠎ᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠣᠬᠤ ᠶᠠᠰᠤ ᠴᠢᠨᠠᠷ᠎ᠤᠨ ᠱᠠᠩᠨᠠᠯ 》 ᠭᠥᠷᠳᠡᠭᠰᠡᠨ ᠠᠵᠤ ᠠᠬᠤᠢ᠌ᠯᠠᠯ᠎ᠤᠨ ᠨᠡᠷᠡᠰ᠎ᠤᠳ
ᠪᠤᠭᠤᠲᠤ ᠬᠣᠲᠠ ᠵᠢᠨ ᠶᠢᠨᠰᠲᠸ ᠬᠣᠪᠣᠷ ᠰᠢᠷᠣᠢ ᠵᠢᠨ ᠪᠠᠢ᠌ᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠤᠨ ᠬᠣᠪᠢᠴᠠᠭ᠋ᠠᠲᠤ ᠬᠢᠵᠠᠭ᠋ᠠᠷᠲᠤ ᠺᠣᠮᠫᠠᠨᠢ
ᠥᠪᠥᠷ ᠮᠣᠩᠭᠣᠯ᠎ᠤᠨ ᠱᠤᠸᠠᠩ ᠰᠢᠨ ᠪᠣᠬᠢᠷᠳᠤᠯ ᠦᠭᠡᠢ ᠮᠠᠲ᠋ᠧᠷᠢᠶᠠᠯ᠎ᠤᠨ ᠬᠣᠪᠢᠴᠠᠭ᠋ᠠᠲᠤ ᠬᠢᠵᠠᠭ᠋ᠠᠷᠲᠤ ᠺᠣᠮᠫᠠᠨᠢ
ᠥᠪᠥᠷ ᠮᠣᠩᠭᠣᠯ᠎ᠤᠨ ᠶᠧᠦ ᠷᠠᠨ ᠮᠠᠯ ᠠᠵᠤ ᠠᠬᠤᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
ᠥᠪᠥᠷ ᠮᠣᠩᠭᠣᠯ᠎ᠤᠨ ᠵᠦᠩ ᠬᠤᠸᠠᠨ ᠲᠠᠯᠠᠰᠲᠤ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ