ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠬᠥᠬᠡᠬᠣᠲᠠ ᠵᠢᠨ ᠠᠩᠬᠠᠳᠠᠭᠴᠢ ᠪᠦᠯᠦᠭ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠭᠰᠠᠨ ᠨᠡᠷᠡᠰ᠎ᠢ ᠨᠡᠢ᠌ᠲᠡᠯᠡᠬᠦ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-04-29


     ᠬᠥᠬᠡᠬᠣᠲᠠ ᠵᠠᠰᠠᠭ ᠲᠠᠷᠬᠠᠭ᠋ᠠᠭᠰᠠᠨ [2024] 15 ᠳ᠋ᠤᠭ᠋ᠠᠷ ᠲᠣᠭ᠋ᠠᠲᠤ   
     ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ᠄ 
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠬᠤ ᠠᠷᠭ᠎ᠠ》 (ᠥᠪᠥᠷ ᠠᠵᠤ ᠦᠢ᠍ᠯᠡᠳᠪᠦᠷᠢ ᠮᠡᠳᠡᠭᠡ ᠵᠠᠩᠭᠢᠴᠢᠯᠠᠯᠲᠠ ᠠᠯᠪᠠᠨ ᠵᠠᠬᠢᠳᠠᠯ [2023] 225 ᠳ᠋ᠤᠭ᠋ᠠᠷ ᠲᠣᠭ᠋ᠠᠲᠤ)᠂ 《ᠬᠥᠬᠡᠬᠣᠲᠠ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠨᠠᠷᠢᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ》 (ᠬᠥᠬᠡᠬᠣᠲᠠ ᠵᠠᠰᠠᠭ ᠠᠯᠪᠠᠨ ᠲᠠᠷᠬᠠᠭ᠋ᠠᠭᠰᠠᠨ [2024] 56 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠲᠠ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ            (ᠲᠥᠪᠯᠡᠷᠡᠭᠰᠡᠨ ᠲᠣᠭᠣᠷᠢᠭ)᠎ᠤᠨ ᠭᠠᠳᠠᠨ᠎ᠠ ᠪᠠᠢ᠌ᠭ᠎ᠠ᠂ ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ᠂  ᠪᠠᠶ᠋ᠢᠭᠤᠯᠬᠤ ᠭᠠᠷ ᠭᠦᠢ᠍ᠴᠡᠳᠬᠡᠯ᠎ᠨᠢ ᠪᠦᠷᠢᠨ ᠭᠦᠢ᠍ᠴᠡᠳ᠂ ᠬᠠᠮᠢᠶᠠᠷᠤᠯᠲᠠ ᠵᠢᠨ ᠴᠤᠪᠤᠷᠠᠯ᠎ᠨᠢ ᠵᠢᠷᠤᠮᠵᠢᠯ᠎ᠲᠠᠢ᠂ ᠠᠶᠤᠯᠭᠦᠢ ᠪᠠ ᠣᠷᠴᠢᠨ ᠲᠣᠭᠣᠷᠢᠨ᠎ᠢ  ᠬᠠᠮᠠᠭ᠋ᠠᠯᠠᠬᠤ ᠠᠷᠭ᠎ᠠ ᠬᠡᠮᠵᠢᠶ᠎ᠡ᠎ᠨᠢ ᠪᠦᠷᠢᠨ ᠲᠡᠭᠦᠯᠳᠡᠷ᠂ ᠠᠵᠤ ᠠᠬᠤᠢ ᠵᠢᠨ ᠦᠷ᠎ᠡ ᠠᠰᠢᠭ᠎ᠨᠢ ᠲᠣᠪᠣᠢ᠌ᠮ᠎ᠠ᠂ ᠨᠡᠭᠦᠯᠭᠡᠬᠦ᠎ᠳᠤ ᠨᠡᠯᠢᠶᠡᠳ ᠬᠦᠴᠢᠷᠲᠡᠢ ᠨᠢᠭᠡᠨᠲᠡ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠢ᠌ᠯᠠᠯ᠎ᠢ ᠬᠢᠨᠠᠨ ᠲᠣᠭᠲᠠᠭ᠋ᠠᠵᠤ᠂ ᠡᠳᠦᠭᠡ           《ᠬᠥᠬᠡᠬᠣᠲᠠ ᠵᠢᠨ ᠠᠩᠬᠠᠳᠠᠭᠴᠢ  ᠪᠦᠯᠦᠭ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠭᠰᠠᠨ ᠨᠡᠷᠡᠰ》᠎ᠢ ᠨᠡᠢ᠌ᠲᠡᠯᠡᠪᠡ᠃ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ 2024 ᠣᠨ᠎ᠤ 4 ᠳ᠋ᠦ᠍ᠭᠡᠷ  ᠰᠠᠷ᠎ᠠ ᠵᠢᠨ 24᠎ᠤ ᠡᠳᠦᠷ (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
     ᠬᠥᠬᠡᠬᠣᠲᠠ ᠵᠢᠨ ᠠᠩᠬᠠᠳᠠᠭᠴᠢ ᠪᠦᠯᠦᠭ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ ᠎ᠲᠠᠢ ᠬᠢᠨᠠᠨ ᠡᠵᠡᠮᠳᠡᠬᠦ ᠴᠡᠭ᠎ᠢ ᠬᠢᠨᠠᠨ ᠲᠣᠭᠲᠠᠭ᠋ᠠᠭᠰᠠᠨ ᠨᠡᠷᠡᠰ ᠳ᠋ᠤᠭ᠋ᠠᠷ ᠠᠵᠤ ᠠᠬᠤᠢ᠌ᠯᠠᠯ᠎ᠤᠨ ᠨᠡᠷ᠎ᠡ ᠪᠠᠢ᠌ᠭ᠎ᠠ ᠭᠠᠵᠠᠷ 1 ᠴᠢ ᠯᠤ᠌ ᠡᠮ ᠦᠢ᠍ᠯᠡᠳᠬᠦ (ᠥᠪᠥᠷ ᠮᠣᠩᠭᠣᠯ) ᠬᠢᠵᠠᠭ᠋ᠠᠷᠲᠤ ᠺᠣᠮᠫᠠᠨᠢ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ  

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠵᠦᠪᠰᠢᠶᠡᠷᠡᠯ ᠦᠭᠬᠦ ᠵᠢ ᠵᠦᠪᠰᠢᠶᠡᠷᠡᠬᠦ ᠳᠣᠭᠲᠠᠭ᠋ᠠᠯ᠎ᠤᠨ ᠪᠢᠴᠢᠭ
 
            