ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠬᠤᠷᠢᠨᠭᠡᠷ᠎ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ᠎ᠤᠳ
ᠨᠡᠶ᠋ᠢᠲᠡᠯᠡᠭᠰᠡᠨ ᠴᠠᠭ᠄ 2025-01-03

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭ᠋ᠠᠭᠰᠠᠨ  [2024] 26 ᠳ᠋ᠤᠭ᠋ᠠᠷ ᠲᠣᠭ᠋ᠠᠲᠤ


     ᠥᠪᠥᠷ ᠮᠣᠩᠭᠤᠯ᠎ᠤᠨ ᠬᠤᠷᠢᠨᠭᠡᠷ᠎ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ᠎ᠤᠳ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄
    《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠤᠯᠤᠰ᠎ᠤᠨ ᠨᠢᠭᠡ ᠴᠣᠭᠴᠠᠵᠢᠭᠰᠠᠨ ᠪᠣᠳᠣᠬᠤ ᠴᠢᠳᠠᠪᠤᠷᠢ ᠵᠢᠨ ᠰᠦᠯᠵᠢᠶᠡᠨ᠎ᠤ ᠥᠪᠥᠷ ᠮᠣᠩᠭᠤᠯ᠎ᠤᠨ ᠵᠠᠩᠭᠢᠯᠠᠭ᠎ᠠ ᠵᠢᠨ ᠴᠡᠭ ᠪᠣᠯᠬᠤ ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ (ᠬᠤᠷᠢᠨᠭᠡᠷ ᠰᠢᠨ᠎ᠡ ᠲᠣᠭᠤᠷᠢᠭ᠂ ᠵᠢᠨᠢᠩ᠎ᠤᠨ ᠲᠣᠮᠣ ᠳ᠋ᠠᠶ᠋ᠢᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ)᠎ᠤᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
     ᠨᠢᠭᠡ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ
    (ᠨᠢᠭᠡ) ᠲᠣᠮᠣ ᠬᠡᠯᠪᠡᠷᠢ ᠵᠢᠨ᠂ ᠬᠡᠳᠦ ᠲᠣᠮᠣ ᠬᠡᠯᠪᠡᠷᠢ ᠵᠢᠨ ᠳ᠋ᠠᠶ᠋ᠢᠲ᠋ᠠ ᠵᠢᠨ ᠲᠥᠪ (ᠪᠠᠷᠢᠮᠵᠢᠶᠠᠲᠤ ᠮᠠᠰᠢᠨ᠎ᠤ ᠵᠢᠶᠠᠰᠠ᠎ᠪᠠᠷ ᠨᠤᠭᠤᠯᠵᠤ ᠪᠣᠳᠣᠪᠠᠯ 3000 ᠰᠠᠭᠤᠷᠢ ᠵᠢᠴᠢ ᠲᠡᠭᠦᠨ᠎ᠠᠴᠠ ᠳᠡᠭᠡᠭᠰᠢᠬᠢ ᠪᠠᠶ᠋ᠢᠭ᠎ᠠ)᠎ᠢ ᠰᠢᠨ᠎ᠡ᠎ᠪᠠᠷ ᠪᠠᠶ᠋ᠢᠭᠤᠯᠬᠤ᠎ᠳᠤ ᠵᠠᠷᠴᠢᠮ ᠳᠡᠭᠡᠷ᠎ᠡ᠎ᠪᠠᠨ ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ ᠬᠡᠪᠴᠢᠶᠡᠨ᠎ᠳᠤ ᠪᠠᠶ᠋ᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠴᠣᠩᠬᠤᠪᠴᠢ ᠵᠢᠯᠣᠭᠤᠳᠤᠯᠭ᠎ᠠ ᠵᠢ ᠬᠡᠷᠡᠭᠵᠢᠭᠦᠯᠵᠦ᠂ ᠪᠠᠶ᠋ᠢᠷᠢᠰᠢᠭᠤᠯᠤᠯᠲᠠ ᠵᠢᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠲᠥᠷᠥᠯ ᠵᠦᠢ᠍ᠯ᠎ᠨᠢ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠬᠦᠷᠲᠡᠬᠦ ᠦᠭᠡᠢ᠃
    (ᠬᠤᠶᠠᠷ) ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ ᠵᠶ᠋ᠠᠷ ᠬᠥᠲᠥᠯᠥᠮᠵᠢ ᠪᠣᠯᠭ᠋ᠠᠵᠤ᠂ ᠮᠡᠷᠭᠡᠵᠢᠯ ᠰᠤᠳᠤᠯᠤᠨ ᠨᠡᠭᠡᠭᠡᠬᠦ᠂ ᠲᠥᠬᠦᠭᠡᠷᠦᠮᠵᠢ ᠦᠢ᠍ᠯᠡᠳᠬᠦ᠂ ᠵᠥᠭᠡᠯᠡᠨ ᠲᠣᠨᠤᠭ ᠨᠡᠭᠡᠭᠡᠬᠦ᠂ ᠳ᠋ᠠᠶ᠋ᠢᠲ᠋ᠠ ᠨᠡᠭᠡᠭᠡᠨ ᠬᠡᠷᠡᠭᠯᠡᠬᠦ᠂ ᠪᠣᠳᠣᠬᠤ ᠴᠢᠳᠠᠪᠤᠷᠢ ᠵᠢᠨ ᠦᠢ᠍ᠯᠡᠴᠢᠯᠡᠭᠡ ᠵᠡᠷᠭᠡ ᠠᠵᠤ ᠦᠢ᠍ᠯᠡᠰ᠎ᠤᠨ ᠪᠥᠭᠡᠭᠡᠨᠡᠷᠡᠨ ᠬᠥᠭᠵᠢᠭᠰᠡᠨ ᠠᠮᠢ ᠠᠬᠤᠢ ᠵᠢᠨ ᠲᠣᠭᠲᠠᠯᠴᠠᠭ᠎ᠠ ᠵᠢ ᠲᠦᠷᠭᠡᠳᠬᠡᠨ ᠪᠦᠷᠢᠯᠳᠦᠭᠦᠯᠵᠦ᠂ ᠳᠡᠭᠡᠳᠦ ᠳᠣᠣᠷᠠᠳᠤ ᠬᠡᠯᠬᠢᠶᠡᠨ᠎ᠤ ᠠᠵᠤ ᠦᠢ᠍ᠯᠡᠰ᠎ᠤᠨ ᠬᠡᠯᠬᠢᠶᠡᠨ᠎ᠤ ᠪᠦᠯᠦᠭᠵᠢᠭᠰᠡᠨ ᠬᠥᠭᠵᠢᠯᠲᠡ ᠵᠢ ᠠᠬᠢᠭᠤᠯᠤᠨ᠎ᠠ᠃
     ᠬᠤᠶᠠᠷ᠂ ᠴᠠᠬᠢᠯᠭ᠋ᠠᠨ ᠬᠦᠴᠦᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ
    (ᠭᠤᠷᠪᠠ) ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠴᠠᠬᠢᠯᠭ᠋ᠠᠨ ᠬᠦᠴᠦᠨ᠎ᠤ ᠲᠣᠣᠷ᠎ᠤᠨ ᠬᠥᠭᠵᠢᠯᠲᠡ ᠵᠢᠨ ᠲᠥᠯᠦᠪᠵᠢᠭᠦᠯᠭᠡ᠂ ᠰᠢᠨ᠎ᠡ ᠡᠨᠧᠷᠭᠢ ᠵᠢᠨ ᠲᠥᠯᠦᠪᠵᠢᠭᠦᠯᠭᠡ᠎ᠯᠦᠭᠡ ᠨᠢᠭᠡᠳᠦᠯᠲᠡᠢ ᠲᠥᠯᠥᠪᠯᠡᠨ ᠵᠣᠯᠭ᠋ᠠᠭᠤᠯᠬᠤ ᠵᠢ ᠴᠢᠩᠭ᠋ᠠᠳᠬᠠᠨ᠎ᠠ᠃ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠰᠢᠨ᠎ᠡ ᠡᠨᠧᠷᠭᠢ ᠵᠢᠨ ᠲᠠᠯᠠᠪᠤᠷ ᠭᠠᠵᠠᠷ᠎ᠢ ᠤᠷᠢᠳᠴᠢᠯᠠᠨ ᠦᠯᠡᠳᠡᠭᠡᠬᠦ ᠪᠠ ᠴᠠᠬᠢᠯᠭ᠋ᠠᠨ ᠬᠦᠴᠦᠨ᠎ᠤ ᠲᠣᠣᠷ᠎ᠤᠨ ᠲᠥᠯᠦᠪᠵᠢᠭᠦᠯᠭᠡ ᠪᠦᠲᠦᠭᠡᠨ ᠪᠠᠶ᠋ᠢᠭᠤᠯᠤᠯᠲᠠ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠰᠠᠶ᠋ᠢᠲᠤᠷ ᠬᠢᠨ᠎ᠡ᠃
    (ᠳᠥᠷᠪᠡ) ᠳ᠋ᠠᠶ᠋ᠢᠲ᠋ᠠ ᠵᠢᠨ ᠲᠥᠪ᠎ᠤᠨ ᠴᠠᠬᠢᠯᠭ᠋ᠠᠨ ᠬᠡᠷᠡᠭᠯᠡᠭᠴᠢᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠭᠠᠷᠴᠠᠭ》 ᠶᠣᠰᠣᠭ᠋ᠠᠷ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠭᠥᠷᠳᠡᠬᠦ ᠵᠢ᠎ᠨᠢ ᠳᠡᠮᠵᠢᠵᠦ᠂ ᠳᠣᠣᠷ᠎ᠠ ᠥᠷᠲᠡᠭᠲᠦ ᠴᠠᠬᠢᠯᠭ᠋ᠠᠨ᠎ᠤ ᠦᠨ᠎ᠡ ᠵᠢᠨ ᠳᠠᠪᠠᠭᠤᠯᠢᠭ᠎ᠢ ᠲᠣᠭᠲᠠᠪᠤᠷᠢᠲᠠᠢ ᠪᠠᠲᠤᠯᠠᠵᠤ᠂ ᠪᠣᠬᠢᠷᠲᠤᠯ ᠦᠭᠡᠢ ᠴᠠᠬᠢᠯᠭ᠋ᠠᠨ᠎ᠤ ᠬᠠᠷᠢᠴᠠᠯ᠎ᠢ 80%᠎ᠠᠴᠠ ᠳᠣᠣᠷᠠᠳᠠᠭᠤᠯᠬᠤ ᠦᠭᠡᠢ᠃
    (ᠲᠠᠪᠤ) ᠰᠢᠨ᠎ᠡ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠬᠢᠭᠡᠳ ᠣᠶᠤᠨᠲᠤ ᠪᠣᠳᠣᠯᠲᠠ ᠵᠢᠨ ᠲᠥᠪ ᠴᠠᠬᠢᠯᠭ᠋ᠠᠨ ᠬᠦᠴᠦᠨ᠎ᠤ ᠠᠷᠠᠯᠵᠢᠶᠠᠨ᠎ᠤ ᠣᠯᠠᠨ ᠵᠢᠯ᠎ᠤᠨ ᠭᠡᠷ᠎ᠡ ᠵᠢ ᠪᠡᠶ᠎ᠡ᠎ᠪᠠᠨ ᠳᠠᠭ᠋ᠠᠭ᠋ᠠᠵᠤ ᠲᠣᠭᠲᠠᠬᠤ ᠵᠢ᠎ᠨᠢ ᠵᠣᠷᠢᠭᠵᠢᠭᠤᠯᠵᠤ᠂ ᠰᠢᠨ᠎ᠡ ᠡᠨᠧᠷᠭᠢ ᠵᠢᠨ ᠳᠣᠣᠷ᠎ᠠ ᠦᠨ᠎ᠡ ᠵᠢᠨ ᠴᠠᠬᠢᠯᠭ᠋ᠠᠨ᠎ᠤ ᠳᠠᠪᠠᠭᠤᠯᠢᠭ᠎ᠢ ᠠᠰᠢᠭᠯᠠᠨ ᠠᠵᠤ ᠠᠬᠤᠶ᠋ᠢᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃
    (ᠵᠢᠷᠭᠤᠭ᠎ᠠ) ᠣᠲᠣ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠳ᠋ᠠᠶ᠋ᠢᠲ᠋ᠠ ᠵᠢᠨ ᠲᠥᠪ᠎ᠢ ᠳᠡᠮᠵᠢᠵᠦ ᠪᠠᠶ᠋ᠢᠭ᠋ᠠᠳ ᠪᠣᠬᠢᠷᠲᠤᠯ ᠦᠭᠡᠢ ᠴᠠᠬᠢᠯᠭ᠋ᠠᠨ᠎ᠢ ᠰᠢᠭᠤᠳ ᠬᠠᠩᠭ᠋ᠠᠬᠤ ᠪᠠ ᠲᠣᠣᠷᠯᠢᠭ ᠬᠡᠯᠪᠡᠷᠢ ᠵᠢᠨ ᠡᠨᠧᠷᠭᠢ ᠨᠥᠭᠡᠴᠡᠯᠡᠬᠦ᠎ᠪᠠᠷ ᠳᠠᠮᠵᠢᠭᠤᠯᠤᠨ ᠪᠣᠬᠢᠷᠲᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠵᠢᠨ ᠬᠠᠷᠢᠴᠠᠯ᠎ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠴᠠᠬᠢᠯᠭ᠋ᠠᠨ᠎ᠤ ᠡᠷᠦᠬᠡ᠎ᠳᠤ ᠬᠦᠷᠬᠦ ᠦᠨ᠎ᠡ ᠵᠢ ᠪᠠᠭᠤᠷᠠᠭᠤᠯᠤᠨ᠎ᠠ᠃
    (ᠳᠤᠯᠤᠭ᠎ᠠ) ᠨᠢᠭᠡ ᠯᠡ ᠤᠳᠠᠭ᠎ᠠ ᠵᠢᠨ ᠴᠢᠨᠠᠷᠲᠠᠢ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ᠎ᠨᠢ 100 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠥᠷᠥᠭᠰᠡᠨ ᠮᠥᠷᠲᠡᠭᠡᠨ ᠪᠣᠳᠣᠬᠤ ᠴᠢᠳᠠᠪᠤᠷᠢ ᠵᠢᠨ ᠬᠡᠪᠴᠢᠶ᠎ᠡ᠎ᠨᠢ 10000P᠎ᠢ ᠳᠠᠪᠠᠭᠰᠠᠨ ᠣᠶᠤᠨᠲᠤ ᠪᠣᠳᠣᠯᠲᠠ ᠵᠢᠨ ᠲᠥᠪ᠎ᠤᠨ ᠲᠥᠷᠥᠯ ᠵᠦᠢ᠍ᠯ᠎ᠳᠤ᠂ ᠲᠥᠷᠥᠯ ᠵᠦᠢ᠍ᠯ᠎ᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠪᠠᠲᠤᠯᠠᠭ᠎ᠠ ᠵᠢᠨ ᠴᠢᠨᠠᠷᠲᠠᠢ ᠰᠢᠨ᠎ᠡ ᠡᠨᠧᠷᠭᠢ ᠵᠢᠨ ᠭᠦᠢ᠍ᠴᠡᠳᠬᠡᠯ ᠲᠤᠭ᠎ᠠ ᠵᠢ ᠵᠣᠬᠢᠰᠲᠠᠢ ᠲᠣᠬᠢᠷᠠᠭᠤᠯᠤᠨ᠎ᠠ᠃
     ᠭᠤᠷᠪᠠ᠂ ᠲᠣᠬᠢᠷᠠᠭᠤᠯᠤᠨ ᠠᠷᠠᠯᠵᠢᠶᠠᠯᠠᠬᠤ ᠵᠢ ᠠᠬᠢᠭᠤᠯᠤᠨ᠎ᠠ
    (ᠨᠠᠢ᠍ᠮᠠ) ᠰᠦᠯᠵᠢᠶᠡᠨ᠎ᠤ ᠬᠤᠯᠪᠣᠯᠴᠠᠬᠤ ᠴᠢᠳᠠᠪᠤᠷᠢ ᠪᠠ ᠳ᠋ᠠᠶ᠋ᠢᠲ᠋ᠠ ᠳᠠᠮᠵᠢᠭᠤᠯᠬᠤ ᠪᠦᠲᠦᠮᠵᠢ ᠵᠢ ᠳᠡᠭᠡᠭᠰᠢᠯᠡᠭᠦᠯᠦᠨ᠎ᠡ᠃ ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ ᠡᠯ᠎ᠡ ᠠᠶ᠋ᠢᠮᠠᠭ ᠬᠤᠲᠠ ᠵᠢᠴᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠂ ᠵᠡᠭᠦᠨ ᠭᠤᠷᠪᠠᠨ ᠮᠤᠵᠢ᠎ᠯᠤᠭ᠎ᠠ ᠳᠡᠭᠡᠳᠦ ᠬᠤᠷᠳᠤᠴᠠ᠎ᠪᠠᠷ ᠰᠢᠭᠤᠳ ᠬᠤᠯᠪᠣᠬᠤ ᠰᠦᠯᠵᠢᠶᠡᠨ᠎ᠤ ᠬᠢᠷᠢ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ᠂ ᠳᠡᠭᠡᠳᠦ ᠬᠤᠷᠳᠤᠴᠠ᠎ᠪᠠᠷ ᠰᠢᠭᠤᠳ ᠬᠦᠷᠬᠦ ᠨᠡᠪᠲᠡᠷᠡᠯ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃
    (ᠶᠢᠰᠦ) ᠠᠵᠤ ᠠᠬᠤᠶ᠋ᠢᠯᠠᠯ᠎ᠤᠨ ᠪᠣᠳᠣᠬᠤ ᠴᠢᠳᠠᠪᠤᠷᠢ ᠵᠢᠨ ᠡᠬᠢ ᠪᠠᠶᠠᠯᠢᠭ᠎ᠢ ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ 《ᠣᠯᠠᠨ ᠡᠭᠦᠯᠡ》 ᠪᠣᠳᠣᠬᠤ ᠴᠢᠳᠠᠪᠤᠷᠢ ᠵᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ᠎ᠳᠤ ᠵᠠᠯᠭ᠋ᠠᠨ ᠣᠷᠣᠭᠤᠯᠬᠤ ᠵᠢ ᠵᠣᠷᠢᠭᠵᠢᠭᠤᠯᠵᠤ᠂ ᠲᠡᠭᠦᠨ᠎ᠤ ᠲᠠᠪᠴᠠᠩ᠎ᠳᠠᠬᠢ ᠳ᠋ᠦᠩᠨᠡᠨ ᠪᠤᠳᠤᠭᠰᠠᠨ ᠲᠤᠭ᠎ᠠ ᠵᠢᠨ 10%᠎ᠪᠠᠷ ᠵᠢᠯ ᠪᠦᠷᠢ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃
    (ᠠᠷᠪᠠ) ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠪᠠ ᠶᠡᠭᠡ ᠳᠡᠭᠡᠳᠦ ᠰᠤᠷᠭ᠋ᠠᠭᠤᠯᠢ᠎ᠨᠢ ᠬᠤᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ 《ᠣᠯᠠᠨ ᠡᠭᠦᠯᠡ》 ᠪᠣᠳᠣᠬᠤ ᠴᠢᠳᠠᠪᠤᠷᠢ ᠵᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ ᠵᠶ᠋ᠠᠷ ᠳᠠᠮᠵᠢᠭᠤᠯᠤᠨ ᠪᠦᠯᠦᠭᠵᠢᠯ᠎ᠤᠨ ᠳᠣᠲᠣᠭ᠋ᠠᠳᠤᠬᠢ ᠪᠣᠳᠣᠬᠤ ᠴᠢᠳᠠᠪᠤᠷᠢ ᠵᠢᠨ ᠡᠬᠢ ᠪᠠᠶᠠᠯᠢᠭ᠎ᠢ ᠬᠤᠳᠠᠯᠳᠤᠨ ᠠᠪᠬᠤ ᠵᠢᠨ ᠬᠠᠮᠲᠤ ᠳ᠋ᠦᠩᠨᠡᠨ ᠪᠤᠳᠤᠬᠤ ᠵᠢ᠎ᠨᠢ ᠳᠡᠮᠵᠢᠨ᠎ᠡ᠃ ᠠᠳᠠᠯᠢ ᠨᠢᠭᠡᠨ ᠭᠤᠣᠯ ᠴᠣᠭᠴᠠ ᠵᠢᠨ ᠵᠢᠯ ᠪᠦᠷᠢ ᠪᠣᠳᠣᠬᠤ ᠴᠢᠳᠠᠪᠤᠷᠢ ᠵᠢᠨ ᠦᠢ᠍ᠯᠡᠴᠢᠯᠡᠭᠡ ᠬᠤᠳᠠᠯᠳᠤᠨ ᠠᠪᠤᠭᠰᠠᠨ ᠵᠠᠷᠤᠳᠠᠯ᠎ᠨᠢ 100 ᠲᠦᠮᠡᠨ ᠲᠥᠭᠦᠷᠢᠭ᠎ᠠᠴᠠ ᠳᠡᠭᠡᠭᠰᠢ ᠪᠠᠶ᠋ᠢᠪᠠᠯ᠂ ᠪᠣᠳᠣᠬᠤ ᠴᠢᠳᠠᠪᠤᠷᠢ ᠵᠢᠨ ᠦᠢ᠍ᠯᠡᠴᠢᠯᠡᠭᠡᠨ᠎ᠤ ᠪᠣᠳᠠᠲᠠᠢ ᠳ᠋ᠦᠩᠨᠡᠨ ᠪᠣᠳᠣᠭᠰᠠᠨ ᠵᠠᠷᠤᠳᠠᠯ᠎ᠤᠨ 30%᠎ᠪᠠᠷ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃
     ᠳᠥᠷᠪᠡ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ
    (ᠠᠷᠪᠠᠨ ᠨᠢᠭᠡ) ᠦᠯᠡᠳᠡᠭᠡᠯ ᠳ᠋ᠠᠶ᠋ᠢᠲ᠋ᠠ ᠵᠢᠨ ᠲᠥᠪ᠎ᠢ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠵᠦ ᠰᠢᠨᠡᠳᠬᠡᠬᠦ ᠵᠢ ᠴᠢᠩᠭ᠋ᠠᠳᠬᠠᠵᠤ᠂ ᠵᠢᠯ ᠳᠤᠮᠳᠠᠴᠢ PUE ᠬᠡᠮᠵᠢᠭᠳᠡᠯ᠎ᠨᠢ 1.5᠎ᠠᠴᠠ ᠳᠡᠭᠡᠭᠰᠢ ᠪᠠᠶ᠋ᠢᠭ᠎ᠠ ᠬᠤᠴᠤᠷᠤᠩᠭᠤᠢ ᠳ᠋ᠠᠶ᠋ᠢᠲ᠋ᠠ ᠵᠢᠨ ᠲᠥᠪ᠎ᠢ ᠡᠮᠬᠢ ᠵᠢᠷᠤᠮ᠎ᠲᠠᠢ᠎ᠪᠠᠷ ᠨᠡᠭᠦᠯᠭᠡᠨ ᠭᠠᠷᠭ᠋ᠠᠵᠤ᠂ ᠰᠢᠨ᠎ᠡ᠎ᠪᠠᠷ ᠪᠠᠶ᠋ᠢᠭᠤᠯᠤᠭᠰᠠᠨ ᠳ᠋ᠠᠶ᠋ᠢᠲ᠋ᠠ ᠵᠢᠨ ᠲᠥᠪ᠎ᠤᠨ PUE ᠬᠡᠮᠵᠢᠭᠳᠡᠯ᠎ᠢ 1.2᠎ᠠᠴᠠ ᠳᠣᠷᠣᠭᠰᠢ ᠪᠠᠶ᠋ᠢᠯᠭ᠋ᠠᠬᠤ᠎ᠪᠠᠷ ᠴᠢᠩᠭ᠎ᠠ ᠡᠵᠡᠮᠳᠡᠨ᠎ᠡ᠃
    (ᠠᠷᠪᠠᠨ ᠬᠤᠶᠠᠷ) ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠪᠤᠳᠤᠬᠤ ᠴᠢᠳᠠᠪᠤᠷᠢ ᠵᠢᠨ ᠦᠢ᠍ᠯᠡᠴᠢᠯᠡᠭᠡ᠎ᠳᠤ ᠳᠣᠣᠷ᠎ᠠ ᠨᠡᠭᠦᠷᠡᠰᠦᠲᠥ᠋ᠷᠥᠭᠴᠢᠲᠦ ᠭᠡᠷᠡᠴᠢᠯᠡᠯ ᠥᠷᠨᠢᠭᠦᠯᠬᠦ ᠵᠢ ᠳᠡᠮᠵᠢᠵᠦ᠂ ᠪᠣᠬᠢᠷᠲᠤᠯ ᠦᠭᠡᠢ ᠪᠤᠳᠤᠬᠤ ᠴᠢᠳᠠᠪᠤᠷᠢ ᠬᠢᠭᠡᠳ ᠨᠡᠭᠦᠷᠡᠰᠦᠲᠥ᠋ᠷᠥᠭᠴᠢ ᠵᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠵᠢᠨ ᠬᠤᠷᠠᠮᠠᠯ ᠠᠭᠤᠰᠤᠯᠴᠠᠨ ᠬᠥᠭᠵᠢᠬᠦ ᠬᠡᠪ ᠵᠠᠭᠪᠤᠷ᠎ᠢ ᠢᠳᠡᠪᠬᠢᠲᠡᠢ ᠬᠠᠶ᠋ᠢᠨ ᠰᠦᠪᠡᠭᠴᠢᠯᠡᠵᠦ᠂ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ ᠬᠠᠮᠢᠶ᠎ᠠ ᠪᠦᠬᠦᠢ ᠪᠠᠶ᠋ᠢᠭᠤᠯᠤᠮᠵᠢ ᠪᠤᠶᠤ ᠠᠵᠤ ᠠᠬᠤᠶ᠋ᠢᠯᠠᠯ ᠪᠣᠬᠢᠷᠳᠤᠯ ᠦᠭᠡᠢ ᠪᠣᠳᠣᠬᠤ ᠴᠢᠳᠠᠪᠤᠷᠢ ᠵᠢᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠬᠤ ᠵᠢ᠎ᠨᠢ ᠳᠡᠮᠵᠢᠨ᠎ᠠ᠃
     ᠲᠠᠪᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠴᠢᠳᠠᠪᠤᠷᠢᠲᠠᠨ ᠬᠥᠮᠥᠵᠢᠭᠦᠯᠬᠦ ᠵᠢ ᠴᠢᠩᠭ᠋ᠠᠳᠬᠠᠨ᠎ᠠ
    (ᠠᠷᠪᠠᠨ ᠭᠤᠷᠪᠠ) ᠪᠣᠳᠣᠬᠤ ᠴᠢᠳᠠᠪᠤᠷᠢ ᠵᠢᠨ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠡᠭᠦᠳᠦᠨ ᠪᠠᠶ᠋ᠢᠭᠤᠯᠬᠤ ᠵᠢ ᠬᠥᠲᠥᠯᠥᠨ ᠵᠢᠯᠤᠭᠤᠳᠴᠤ᠂ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠣᠷᠣᠨ᠎ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨ᠎ᠡ ᠡᠭᠦᠳᠦᠯᠲᠡ᠎ᠲᠠᠢ ᠡᠬᠢ ᠪᠠᠶᠠᠯᠢᠭ᠎ᠯᠤᠭ᠎ᠠ ᠬᠤᠯᠪᠤᠭ᠋ᠠᠯᠠᠨ᠂ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠥᠷᠨᠢᠭᠦᠯᠵᠦ᠂ ᠰᠢᠨ᠎ᠡ᠎ᠪᠠᠷ ᠦᠨᠡᠮᠰᠢᠭᠳᠡᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠠᠴᠠ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃
    (ᠠᠷᠪᠠᠨ ᠳᠥᠷᠪᠡ) ᠠᠵᠤ ᠠᠬᠤᠶ᠋ᠢᠯᠠᠯ ᠲᠣᠮᠣ ᠳ᠋ᠠᠶ᠋ᠢᠲ᠋ᠠ ᠬᠢᠭᠡᠳ ᠵᠥᠭᠡᠯᠡᠨ ᠲᠣᠨᠤᠭ᠎ᠤᠨ ᠠᠵᠤ ᠦᠢ᠍ᠯᠡᠰ᠎ᠤᠨ ᠳᠠᠭ᠋ᠠᠭᠤᠯᠤᠭᠴᠢ ᠴᠢᠳᠠᠪᠤᠷᠢᠲᠠᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠵᠢ ᠳᠡᠮᠵᠢᠵᠦ᠂ ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠶᠣᠰᠣᠭ᠋ᠠᠷ ᠬᠠᠮᠢᠶ᠎ᠠ ᠪᠦᠬᠦᠢ ᠣᠯᠭᠤᠮᠵᠢ ᠬᠦᠷᠲᠡᠭᠡᠵᠦ᠂ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠶᠡᠭᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠨ ᠲᠣᠮᠣ ᠳ᠋ᠠᠶ᠋ᠢᠲ᠋ᠠ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠪᠤᠶᠤ ᠵᠣᠬᠢᠶᠠᠮᠠᠯ ᠤᠶᠤᠨ᠎ᠤ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ ᠬᠠᠮᠲᠤᠷᠠᠨ ᠪᠠᠶ᠋ᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠬᠡᠷᠡᠭᠯᠡᠯᠲᠡ ᠵᠢᠨ ᠴᠢᠳᠠᠪᠤᠷᠢᠲᠠᠨ᠎ᠢ ᠬᠥᠮᠥᠵᠢᠭᠦᠯᠦᠨ᠎ᠡ᠃
     ᠵᠢᠷᠭᠤᠭ᠎ᠠ᠂ ᠬᠡᠷᠡᠭᠯᠡᠯᠲᠡ ᠵᠢᠨ ᠠᠬᠤᠢ ᠪᠠᠶ᠋ᠢᠳᠠᠯ᠎ᠢ ᠥᠷᠭᠡᠳᠬᠡᠨ᠎ᠡ
    (ᠠᠷᠪᠠᠨ ᠲᠠᠪᠤ) ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠡᠷᠡᠭᠯᠡᠯᠲᠡ ᠵᠢᠨ ᠠᠬᠤᠢ ᠪᠠᠶ᠋ᠢᠳᠠᠯ᠎ᠢ ᠶᠡᠭᠡ᠎ᠪᠠᠷ ᠥᠷᠭᠡᠳᠬᠡᠵᠦ᠂ ᠠᠵᠤ ᠦᠢ᠍ᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠰᠤᠷᠭ᠋ᠠᠨ ᠬᠥᠮᠦᠵᠢᠯ᠂ ᠡᠨᠧᠷᠭᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠰᠣᠶᠣᠯ ᠵᠢᠭᠤᠯᠴᠢᠯᠠᠯ᠂ ᠳ᠋ᠢᠭᠢᠲ ᠬᠥᠳᠡᠭᠡ ᠲᠣᠰᠬᠤᠨ᠂ ᠨᠡᠶ᠋ᠢᠭᠡᠮ᠎ᠤᠨ ᠵᠠᠰᠠᠯᠲᠠ ᠵᠡᠷᠭᠡ ᠠᠵᠢᠯ ᠲᠥᠷᠥᠯ᠎ᠤᠨ ᠳ᠋ᠢᠭᠢᠳ᠋ᠴᠢᠯᠡᠨ ᠬᠡᠯᠪᠡᠷᠢ᠎ᠪᠠᠨ ᠬᠤᠪᠢᠷᠠᠭᠤᠯᠬᠤ ᠬᠦᠴᠦᠨ ᠴᠢᠳᠠᠮᠵᠢ ᠵᠢ᠎ᠨᠢ ᠡᠷᠴᠢᠮᠯᠡᠵᠦ᠂ ᠤᠯᠤᠰ᠎ᠤᠨ ᠳ᠋ᠠᠶ᠋ᠢᠲ᠋ᠠ ᠵᠢᠨ ᠲᠣᠪᠴᠢᠶ᠎ᠠ ᠵᠢᠨ 《ᠳ᠋ᠠᠶ᠋ᠢᠲ᠋ᠠ ᠵᠢᠨ ᠬᠦᠴᠦᠨ ᠵᠦᠢ᠍ᠯ ×》᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠣᠷᠣᠭᠰᠠᠨ ᠲᠥᠷᠥᠯ ᠵᠦᠢ᠍ᠯ᠎ᠳᠤ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠦᠷᠢᠭ᠎ᠠᠴᠠ ᠬᠡᠲᠦᠷᠡᠭᠦᠯᠬᠦ ᠦᠭᠡᠢ᠎ᠪᠠᠷ ᠨᠢᠭᠡ ᠯᠡ ᠤᠳᠠᠭ᠎ᠠ᠎ᠳᠤ ᠱᠠᠩᠨᠠᠯ ᠣᠯᠭᠤᠨ᠎ᠠ᠃
    (ᠠᠷᠪᠠᠨ ᠵᠢᠷᠭᠤᠭ᠎ᠠ) ᠡᠯ᠎ᠡ ᠠᠶ᠋ᠢᠮᠠᠭ ᠬᠤᠲᠠ᠂ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠡᠷᠡᠭᠯᠡᠯᠲᠡ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠵᠢᠱ᠌ᠢᠶ᠎ᠡ ᠦᠵᠡᠭᠦᠯᠬᠦ ᠢᠨᠵᠧᠨᠧᠷᠢᠩ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠬᠦ ᠵᠢ ᠠᠬᠢᠭᠤᠯᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠤᠵᠤ᠂ ᠰᠢᠨ᠎ᠡ ᠵᠢ ᠡᠭᠦᠳᠦᠭᠰᠡᠨ ᠦᠢ᠍ᠯᠡᠳᠬᠦᠨ ᠬᠢᠭᠡᠳ ᠰᠢᠢ᠍ᠳᠪᠦᠷᠢᠯᠡᠬᠦ ᠲᠥᠰᠥᠯ᠎ᠤᠨ ᠭᠠᠷᠴᠠᠭ᠎ᠢ ᠴᠠᠭ᠎ᠲᠤ᠎ᠨᠢ ᠲᠣᠬᠢᠷᠠᠭᠤᠯᠤᠨ ᠨᠡᠶ᠋ᠢᠲᠡᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ ᠬᠤᠶ᠋ᠢᠲᠤ ᠣᠷᠣᠨ᠎ᠤ ᠭᠤᠷᠪᠠᠨ ᠮᠤᠵᠢ ᠵᠢᠨ ᠪᠣᠳᠣᠬᠤ ᠴᠢᠳᠠᠪᠤᠷᠢ ᠵᠢᠨ ᠬᠡᠷᠡᠭᠴᠡᠭᠡ᠎ᠯᠦᠭᠡ ᠢᠳᠡᠪᠬᠢᠲᠡᠢ ᠵᠣᠯᠭ᠋ᠠᠭᠤᠯᠵᠤ᠂ 《ᠵᠡᠭᠦᠨ᠎ᠤ ᠳ᠋ᠠᠶ᠋ᠢᠲ᠋ᠠ ᠵᠢ ᠪᠠᠷᠠᠭᠤᠨ᠎ᠳᠤ ᠬᠠᠳᠠᠭ᠋ᠠᠯᠠᠬᠤ》᠂ 《ᠵᠡᠭᠦᠨ᠎ᠤ ᠳ᠋ᠠᠶ᠋ᠢᠲ᠋ᠠ ᠵᠢ ᠪᠠᠷᠠᠭᠤᠨ᠎ᠳᠤ ᠪᠣᠳᠣᠬᠤ》᠂ 《ᠵᠡᠭᠦᠨ᠎ᠤ ᠳ᠋ᠠᠶ᠋ᠢᠲ᠋ᠠ ᠵᠢ ᠪᠠᠷᠠᠭᠤᠨ᠎ᠳᠤ ᠪᠣᠯᠪᠠᠰᠤᠷᠠᠭᠤᠯᠬᠤ》 ᠬᠡᠷᠡᠭᠯᠡᠯᠲᠡ ᠵᠢᠨ ᠠᠬᠤᠢ ᠪᠠᠶ᠋ᠢᠳᠠᠯ᠎ᠢ ᠪᠣᠳᠠᠲᠠᠶ᠋ᠢᠵᠢᠭᠤᠯᠤᠨ᠎ᠠ᠃
     ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠣᠨ᠎ᠠ᠃
    2024 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ
    (ᠲᠤᠰ ᠪᠢᠴᠢᠭ ᠮᠠᠲ᠋ᠧᠷᠢᠶᠠᠯ᠎ᠳᠤ ᠬᠠᠰᠤᠯᠲᠠ᠎ᠲᠠᠢ)
     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                 2024 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ ᠳᠠᠷᠤᠮᠠᠯᠯᠠᠨ ᠲᠠᠷᠬᠠᠭ᠋ᠠᠪᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠳᠡᠭᠦᠯᠬᠦ ᠪᠠ ᠬᠥᠮᠦᠨ ᠠᠮᠠ ᠨᠡᠭᠦᠯᠭᠡᠨ ᠣᠷᠣᠭᠤᠯᠬᠤ ᠵᠢ ᠴᠠᠭ᠋ᠠᠵᠠᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠎ᠠᠴᠠ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (2024 ᠣᠨ᠎ᠤ ᠬᠡᠪᠯᠡᠯ)》 ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
 
            