ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2025-02-13

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ


                       ᠥᠪᠥᠷ ᠵᠠᠰᠠᠭ ᠠᠯᠪᠠᠨ ᠲᠠᠷᠬᠠᠭ᠋ᠠᠭᠰᠠᠨ  [2024 ] 61 ᠳ᠋ᠦ᠍ᠭᠡᠷ ᠲᠣᠭ᠋ᠠᠲᠤ


ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                                         2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ
    (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


     ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ


     ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠵᠢᠨ ᠳᠤᠲᠠᠭᠤᠳᠠᠯ᠎ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠰᠡᠨ᠂ ᠠᠵᠤ ᠦᠢ᠍ᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠵᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ ᠵᠢ ᠲᠦᠷᠭᠡᠬᠡᠨ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠭᠠᠷᠤᠯᠲᠠ ᠵᠢᠨ ᠲᠣᠮᠣ ᠣᠷᠣᠨ ᠪᠠᠶ᠋ᠢᠭᠰᠠᠨ᠎ᠠᠴᠠ ᠠᠵᠤ ᠦᠢ᠍ᠯᠡᠰ᠎ᠤᠨ ᠬᠦᠴᠦᠷᠬᠡᠭ ᠣᠷᠣᠨ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ᠃
     ᠨᠢᠭᠡ᠂ ᠣᠲᠣ ᠵᠢᠨ ᠪᠠᠶ᠋ᠢᠭ᠎ᠠ ᠠᠵᠤ ᠠᠬᠤᠶ᠋ᠢᠯᠠᠯ᠎ᠤᠨ ᠪᠤᠵᠠᠭ᠋ᠠᠶ᠋ᠢᠷᠠᠨ ᠬᠦᠴᠦᠷᠬᠡᠭᠵᠢᠬᠦ ᠵᠢ ᠲᠡᠳᠬᠦᠨ᠎ᠡ
    2024 ᠣᠨ (ᠪᠠᠭᠲᠠᠨ᠎ᠠ)᠎ᠠᠴᠠ ᠬᠤᠶ᠋ᠢᠰᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠂ ᠬᠡᠪᠴᠢᠶᠡᠵᠢᠯ ᠵᠶ᠋ᠠᠨ ᠥᠷᠭᠡᠳᠬᠡᠨ ᠦᠢ᠍ᠯᠡᠳᠪᠦᠷᠢᠯᠡᠯ ᠵᠶ᠋ᠠᠨ ᠨᠡᠮᠡᠭᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠵᠢᠯ᠎ᠤᠨ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ᠎ᠳᠤ ᠭᠦᠷᠪᠡᠯ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠦᠩᠭᠦᠨ᠎ᠤ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠦᠨ᠎ᠤ ᠨᠣᠷᠮ᠎ᠠ ᠶᠣᠰᠣᠭ᠋ᠠᠷ᠂ ᠵᠢᠯ ᠪᠦᠷᠢ 200 ᠲᠦᠮᠡᠨ ᠲᠥᠭᠦᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠤᠵᠤ᠂ ᠲᠡᠳᠡᠨ᠎ᠤ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶ᠋ᠢᠯᠠᠯ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ ᠬᠤᠯᠪᠣᠭ᠋ᠠᠲᠤ ᠴᠣᠭᠴᠠ᠎ᠪᠠᠷ ᠦᠨᠡᠮᠰᠢᠭᠦᠯᠬᠦ ᠵᠢ᠎ᠨᠢ ᠵᠣᠷᠢᠭᠵᠢᠭᠤᠯᠤᠨ᠎ᠠ᠃ ᠰᠢᠨ᠎ᠡ᠎ᠪᠠᠷ ᠦᠨᠡᠮᠰᠢᠭᠰᠡᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ 50 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃ ᠤᠯᠤᠰ᠎ᠤᠨ ᠲᠡᠰ᠎ᠤᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠶ᠋ᠢᠯᠠᠯ᠎ᠤᠨ ᠨᠢᠭᠡ ᠵᠢ ᠨᠢᠭᠡ᠎ᠳᠤ ᠴᠢᠭᠯᠡᠭᠦᠯᠦᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠡᠬᠢ ᠪᠠᠶᠠᠯᠢᠭ᠎ᠤᠨ ᠬᠦᠴᠦᠨ ᠵᠶ᠋ᠠᠨ ᠲᠥᠪᠯᠡᠷᠡᠭᠦᠯᠦᠨ᠂ 《ᠨᠢᠭᠡ ᠠᠵᠤ ᠠᠬᠤᠶ᠋ᠢᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》᠎ᠪᠠᠷ ᠳᠠᠮᠵᠢᠭᠤᠯᠤᠨ ᠠᠵᠤ ᠠᠬᠤᠶ᠋ᠢᠯᠠᠯ᠎ᠳᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦᠨ᠎ᠡ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ ]
     ᠬᠤᠶᠠᠷ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠶᠡᠭᠡ᠎ᠪᠠᠷ ᠪᠣᠶ᠋ᠢᠵᠢᠭᠤᠯᠤᠨ᠎ᠠ
     ᠣᠷᠣᠨ ᠨᠤᠲᠤᠭ᠎ᠤᠨ᠎ᠬᠢᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ᠎ᠪᠠᠨ ᠨᠢᠭᠡᠳᠦᠯᠲᠡᠢ ᠲᠥᠯᠥᠪᠯᠡᠬᠦ ᠵᠢ᠎ᠨᠢ ᠵᠣᠷᠢᠭᠵᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠵᠢᠨ ᠬᠠᠮᠲᠤ᠂ ᠲᠠᠷᠢᠶᠠᠴᠢᠳ᠎ᠲᠠᠢ ᠬᠤᠯᠪᠤᠭ᠋ᠠᠯᠠᠨ ᠲᠠᠷᠢᠶᠠᠴᠢᠳ᠎ᠢ ᠳᠠᠶ᠋ᠢᠴᠢᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠢᠨ᠎ᠡ᠎ᠪᠠᠷ ᠳᠠᠩᠰᠠᠯᠠᠭᠤᠯᠤᠭᠰᠠᠨ ᠮᠥᠷᠲᠡᠭᠡᠨ ᠵᠢᠯ᠎ᠤᠨ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠨᠢ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ᠎ᠳᠤ ᠭᠦᠷᠪᠡᠯ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠦᠩᠭᠦᠨ᠎ᠤ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠦᠨ᠎ᠤ ᠨᠣᠷᠮ᠎ᠠ ᠶᠣᠰᠣᠭ᠋ᠠᠷ᠂ ᠵᠢᠯ ᠪᠦᠷᠢ 200 ᠲᠦᠮᠡᠨ ᠲᠥᠭᠦᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠤᠨ᠎ᠠ᠃ [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ ]
     ᠭᠤᠷᠪᠠ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠰᠢᠯᠢᠳᠡᠭᠵᠢᠭᠦᠯᠵᠦ ᠲᠠᠰ ᠳᠡᠪᠰᠢᠭᠦᠯᠬᠦ ᠵᠢ ᠠᠬᠢᠭᠤᠯᠤᠨ᠎ᠠ
    2024 ᠣᠨ᠎ᠠᠴᠠ ᠬᠤᠶ᠋ᠢᠰᠢᠬᠢ ᠵᠢᠯ᠎ᠤᠨ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 1.6 ᠳ᠋ᠦᠩᠰᠢᠭᠤᠷ ᠲᠥᠭᠦᠷᠢᠭ᠎ᠲᠤ ᠬᠦᠷᠴᠦ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠰᠢᠨ᠎ᠡ᠎ᠪᠠᠷ ᠪᠠᠶ᠋ᠢᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢ᠍ᠯ᠎ᠤᠨ ᠵᠢᠭᠡᠯᠡᠯᠭᠡ ᠵᠢᠭᠡᠯᠡᠭᠰᠡᠨ ᠠᠵᠤ ᠠᠬᠤᠶ᠋ᠢᠯᠠᠯ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦᠨ᠎ᠤ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠦᠨ᠎ᠤ ᠨᠣᠷᠮ᠎ᠠ ᠶᠣᠰᠣᠭ᠋ᠠᠷ᠂ ᠵᠢᠯ ᠪᠦᠷᠢ 300 ᠲᠦᠮᠡᠨ ᠲᠥᠭᠦᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠤᠨ᠎ᠠ᠃ ᠵᠢᠯ᠎ᠤᠨ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ᠎ᠨᠢ 2 ᠲᠦᠮᠡ᠎ᠠᠴᠠ ᠳᠡᠭᠡᠭᠰᠢ᠎ᠳᠤ ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠶ᠋ᠢᠯᠠᠯ᠎ᠨᠢ ᠪᠣᠷᠳᠣᠭᠰᠠᠨ ᠦᠬᠡᠷ ᠬᠤᠳᠠᠯᠳᠤᠨ ᠠᠪᠬᠤ᠎ᠪᠠᠷ ᠭᠦᠢ᠍ᠯᠭᠡᠭᠡᠨ᠎ᠤ ᠪᠡᠯᠡ ᠮᠥᠩᠭᠦᠨ᠎ᠤ ᠵᠢᠭᠡᠯᠡᠯᠭᠡ ᠵᠢᠭᠡᠯᠡᠬᠦ᠎ᠳᠤ ᠭᠦᠷᠪᠡᠯ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦᠨ᠎ᠤ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠦᠨ᠎ᠤ ᠨᠣᠷᠮ᠎ᠠ᠎ᠪᠠᠷ ᠵᠢᠯ ᠪᠦᠷᠢ 600 ᠲᠦᠮᠡᠨ ᠲᠥᠭᠦᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ᠎ᠤᠨ ᠠᠵᠤ ᠠᠬᠤᠶ᠋ᠢᠯᠠᠯ᠎ᠤᠨ ᠦᠬᠡᠷ᠎ᠤᠨ ᠮᠢᠬᠠᠨ᠎ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ᠎ᠤᠨ ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠨᠠᠷᠠᠲᠠᠢ ᠠᠵᠤ ᠠᠬᠤᠶ᠋ᠢᠯᠠᠯ᠎ᠤᠨ ᠠᠯᠠᠰᠢᠨ ᠦᠬᠡᠷ᠎ᠤᠨ ᠠᠵᠤ ᠦᠢ᠍ᠯᠡᠰ᠎ᠲᠤ ᠣᠷᠣᠬᠤ ᠵᠢ᠎ᠨᠢ ᠵᠣᠷᠢᠭᠵᠢᠭᠤᠯᠵᠤ᠂ ᠲᠡᠳᠡᠨ᠎ᠤ ᠠᠵᠤ ᠠᠬᠤᠶ᠋ᠢᠯᠠᠯ᠎ᠤᠨ ᠪᠣᠷᠤᠯᠠᠭᠤᠯᠭ᠎ᠠ ᠵᠢᠨ ᠠᠷᠭ᠎ᠠ ᠵᠠᠮ᠂ ᠨᠠᠷᠠᠲᠤ ᠲᠡᠮᠳᠡᠭ᠎ᠤᠨ ᠳᠠᠪᠠᠭᠤᠯᠢᠭ ᠪᠠ ᠬᠠᠮᠢᠶᠠᠷᠤᠯᠲᠠ ᠵᠢᠨ ᠲᠦᠪᠰᠢᠨ᠎ᠢ ᠠᠰᠢᠭᠯᠠᠨ᠂ ᠪᠥᠬᠦ ᠣᠷᠣᠨ᠎ᠤ ᠠᠯᠠᠰᠢᠨ ᠦᠬᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠳᠠᠪᠤᠷᠢ ᠵᠢᠨ ᠲᠡᠰ᠎ᠢ᠎ᠨᠢ ᠲᠡᠬᠡᠭᠰᠢᠯᠡᠬᠦᠯᠦᠨ᠎ᠡ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
     ᠳᠥᠷᠪᠡ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠬᠦᠷᠢᠶᠡᠯᠡᠩ ᠲᠣᠭᠤᠷᠢᠭ ᠲᠡᠶ᠋ᠢᠰᠢ ᠪᠥᠭᠡᠮᠨᠡᠷᠡᠬᠦ ᠵᠢ ᠠᠬᠢᠭᠤᠯᠤᠨ᠎ᠠ
     ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠤᠣᠯ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠠᠴᠠ 2᠎ᠢ ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ᠎ᠳᠤ᠎ᠪᠠᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠤᠣᠯ ᠪᠣᠯᠭ᠋ᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠠᠳᠠᠯᠢ ᠨᠥᠬᠦᠴᠡᠯ ᠳᠣᠣᠷ᠎ᠠ ᠤᠷᠢᠳ ᠵᠶ᠋ᠠᠷ ᠳᠡᠮᠵᠢᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠰᠬᠠᠢ ᠪᠡᠯᠡ ᠮᠥᠩᠭᠦ ᠵᠢ ᠬᠡᠷᠡᠭᠯᠡᠬᠦ᠎ᠳᠤ᠎ᠪᠠᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠤᠣᠯ ᠪᠣᠯᠭ᠋ᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠠᠳᠠᠯᠢ ᠨᠥᠬᠦᠴᠡᠯ ᠳᠣᠣᠷ᠎ᠠ ᠤᠷᠢᠳ ᠵᠶ᠋ᠠᠷ ᠳᠡᠮᠵᠢᠨ᠎ᠡ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ]
     ᠲᠠᠪᠤ᠂ ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ
     ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠵᠠᠮᠴᠢ ᠠᠵᠤ ᠠᠬᠤᠶ᠋ᠢᠯᠠᠯ᠂ ᠰᠦᠯᠵᠢᠶ᠎ᠡ᠎ᠪᠠᠷ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ᠎ᠤᠳ᠎ᠠᠴᠠ ᠲᠤᠰ ᠪᠦᠷᠢ ᠰᠢᠯᠭ᠋ᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶ᠋ᠢᠯᠠᠯ᠎ᠳᠤ᠂ ᠪᠣᠷᠤᠯᠠᠭᠤᠯᠭ᠎ᠠ ᠵᠢᠨ ᠲᠤᠭ᠎ᠠ᠎ᠨᠢ ᠳᠡᠭᠡᠷ᠎ᠡ ᠵᠢᠯ᠎ᠤᠨ᠎ᠬᠢ᠎ᠠᠴᠠ᠎ᠪᠠᠨ 100 ᠲᠦᠮᠡᠨ ᠲᠥᠭᠦᠷᠢᠭ ᠰᠢᠨ᠎ᠡ᠎ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ ᠬᠥᠬᠢᠭᠦᠯᠵᠦ᠂ ᠬᠠᠮᠤᠭ᠎ᠤᠨ ᠥᠨᠳᠥᠷ᠎ᠲᠤ᠎ᠪᠠᠨ 30 ᠲᠦᠮᠡᠨ ᠲᠥᠭᠦᠷᠢᠭ᠎ᠠᠴᠠ ᠦᠯᠦ ᠬᠡᠲᠦᠷᠡᠭᠦᠯᠦᠨ᠂ ᠠᠳᠠᠯᠢ ᠨᠢᠭᠡ ᠠᠵᠤ ᠠᠬᠤᠶ᠋ᠢᠯᠠᠯ᠎ᠢ ᠠᠳᠠᠯᠢ ᠨᠢᠭᠡ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
     ᠵᠢᠷᠭᠤᠭ᠎ᠠ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ
     ᠰᠢᠨ᠎ᠡ᠎ᠪᠠᠷ ᠳᠡᠪᠰᠢᠭᠰᠡᠨ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠂ 5A ᠲᠠᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠳᠤ᠂ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠶ᠋ᠢᠭ ᠵᠡᠷᠭᠡ ᠭᠤᠣᠯ ᠪᠣᠯᠬᠤ ᠬᠡᠷᠡᠭᠯᠡᠭᠡᠨ᠎ᠤ ᠭᠠᠵᠠᠷ᠎ᠲᠤ ᠤᠷᠢᠳᠠᠴᠢ ᠬᠦᠢ᠍ᠲᠡᠨ ᠬᠡᠯᠬᠢᠶᠡᠲᠦ ᠰᠣᠷᠭᠤᠭ ᠬᠠᠳᠠᠭ᠋ᠠᠯᠠᠬᠤ ᠬᠥᠮᠥᠷᠭᠡ ᠬᠥᠭᠵᠢᠭᠦᠯᠬᠦ ᠵᠢ ᠵᠣᠷᠢᠭᠵᠢᠭᠤᠯᠤᠨ᠎ᠠ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ]
     ᠳᠣᠯᠤᠭ᠎ᠠ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ᠎ᠲᠤ ᠰᠢᠨ᠎ᠡ ᠵᠢ ᠡᠭᠦᠳᠦᠨ᠎ᠡ
     ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠠᠲᠤ ᠲᠡᠮᠳᠡᠭ᠎ᠢ ᠪᠣᠶ᠋ᠢᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠠᠵᠢᠯ᠎ᠢ ᠳᠡᠮᠵᠢᠵᠦ᠂ 《ᠥᠪᠥᠷ ᠮᠣᠩᠭᠤᠯ》 ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ ᠢᠯᠭ᠋ᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠵᠢ ᠠᠬᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠥᠪᠥᠷ ᠮᠣᠩᠭᠤᠯ》 ᠨᠡᠷᠡᠮᠵᠢᠲᠦ ᠲᠡᠮᠳᠡᠭ — ᠲᠠᠯ᠎ᠠ ᠨᠤᠲᠤᠭ᠎ᠤᠨ ᠣᠬᠢ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠴᠣᠭᠴᠠᠯᠠᠨ᠎ᠠ᠃ 《ᠥᠪᠥᠷ ᠮᠣᠩᠭᠤᠯ》 ᠨᠡᠷᠡᠮᠵᠢᠲᠦ ᠲᠡᠮᠳᠡᠭ ᠵᠶ᠋ᠠᠷ ᠭᠡᠷᠡᠴᠢᠯᠡᠭᠳᠡᠭᠰᠡᠨ ᠠᠵᠤ ᠠᠬᠤᠶ᠋ᠢᠯᠠᠯ᠎ᠳᠤ ᠭᠡᠷᠡᠴᠢᠯᠡᠭᠦᠯᠬᠦ ᠪᠠ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ 2024 ᠣᠨ᠎ᠳᠤ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠭᠰᠡᠨ ᠭᠠᠷᠤᠯᠲᠠ᠎ᠨᠢ 1000 ᠲᠣᠨ᠎ᠠᠴᠠ ᠳᠡᠭᠡᠭᠰᠢ᠎ᠳᠤ ᠬᠦᠷᠦᠭᠰᠡᠨ ᠠᠵᠤ ᠠᠬᠤᠶ᠋ᠢᠯᠠᠯ᠎ᠤᠨ ᠭᠡᠷᠡᠴᠢᠯᠡᠭᠦᠯᠦᠭᠰᠡᠨ ᠵᠠᠷᠤᠳᠠᠯ᠎ᠢ ᠪᠥᠬᠦ ᠲᠤᠭ᠎ᠠ᠎ᠪᠠᠷ᠎ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠵᠢ ᠳᠡᠭᠡᠷ᠎ᠡ ᠨᠢᠭᠡ ᠵᠢᠯ᠎ᠤᠨ ᠭᠡᠷᠡᠴᠢᠯᠡᠭᠰᠡᠨ ᠭᠠᠷᠤᠯᠲᠠ᠎ᠪᠠᠷ ᠦᠨᠳᠦᠰᠦᠯᠡᠯ ᠪᠣᠯᠭ᠋ᠠᠨ ᠲᠣᠭᠲᠠᠭ᠋ᠠᠨ᠎ᠠ᠃ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠬᠡᠷᠡᠭᠵᠢᠭᠦᠯᠬᠦ ᠵᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ᠎ᠤᠨ ᠬᠤᠲᠠ᠎ᠳᠤ 《ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ᠎ᠠᠴᠠ ᠭᠠᠷᠬᠤ》 ᠬᠡᠷᠡᠭᠯᠡᠭᠡ ᠵᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠵᠢ ᠦᠷᠭᠦᠯᠵᠢᠯᠡᠨ ᠡᠷᠬᠢᠯᠡᠨ᠎ᠡ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠶᠠᠮᠤᠨ ᠵᠥᠪᠯᠡᠯ᠂ ᠲᠥᠪ᠎ᠤᠨ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭ᠋ᠠᠨ᠎ᠤ ᠦᠢ᠍ᠯᠡᠰ᠎ᠲᠤ ᠣᠷᠣᠭᠤᠯᠬᠤ ᠵᠢ ᠠᠬᠢᠭᠤᠯᠵᠤ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠣᠷᠣᠯᠠᠭᠤᠯᠬᠤ᠂  ᠡᠯᠧᠺᠲᠷᠣᠨ ᠬᠤᠳᠠᠯᠳᠤᠭ᠋ᠠᠨ᠎ᠤ ᠲᠠᠪᠴᠠᠩ ᠵᠡᠷᠭᠡ ᠰᠦᠯᠵᠢᠶᠡᠨ᠎ᠤ ᠪᠣᠷᠤᠯᠠᠭᠤᠯᠭ᠎ᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
     ᠨᠠᠢ᠍ᠮᠠ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ
     ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠪᠠ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠬᠢᠬᠦ ᠵᠢ ᠳᠡᠮᠵᠢᠵᠦ᠂ ᠵᠠᠬᠢᠶᠠᠯᠠᠭ᠎ᠠ ᠵᠢᠨ ᠬᠠᠭᠤᠳᠠᠰᠤ᠂ ᠰᠠᠩ᠎ᠤᠨ ᠬᠠᠭᠤᠳᠠᠰᠤ᠂ ᠬᠤᠷᠢᠶᠠᠪᠠᠰᠤ ᠵᠣᠬᠢᠬᠤ ᠲᠠᠩᠰᠠᠨ᠎ᠤ ᠵᠣᠭᠤᠰ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠥᠷᠨᠢᠭᠦᠯᠵᠦ᠂ ᠬᠥᠳᠡᠯᠬᠦ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠨᠡᠶ᠋ᠢᠲᠡ᠎ᠳᠤ ᠵᠠᠷᠯᠠᠬᠤ ᠰᠢᠰᠲ᠋ᠧᠮ ᠵᠶ᠋ᠠᠷ ᠳᠠᠮᠵᠢᠭᠤᠯᠤᠨ ᠳᠠᠭ᠋ᠠᠭ᠋ᠠᠯᠲᠠ᠎ᠲᠠᠢ ᠪᠡᠯᠡ ᠲᠣᠬᠢᠷᠠᠭᠤᠯᠭ᠎ᠠ ᠵᠢᠨ ᠲᠤᠬᠠᠶ᠋ᠢᠯᠠᠭᠰᠠᠨ ᠠᠵᠢᠯ᠎ᠢ ᠳᠠᠩᠰᠠᠯᠠᠨ ᠲᠡᠮᠳᠡᠭᠯᠡᠨ᠎ᠡ᠃ ᠬᠦᠦ ᠮᠥᠩᠭᠦᠨ᠎ᠤ ᠨᠣᠷᠮ᠎ᠠ᠎ᠳᠤ ᠨᠡᠮᠡᠭᠦᠷᠢ ᠥᠭᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠯᠡᠵᠦ ᠨᠠᠩ ᠣᠯᠠᠨ ᠮᠥᠩᠭᠦᠨ ᠭᠦᠢ᠍ᠯᠭᠡᠭᠡᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠮᠥᠩᠭᠦᠨ ᠭᠦᠢ᠍ᠯᠭᠡᠭᠡᠨ᠎ᠤ ᠬᠥᠷᠥᠩᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ᠎ᠳᠤ ᠣᠷᠣᠭᠤᠯᠤᠯᠲᠠ ᠬᠢᠯᠭᠡᠨ᠎ᠡ᠃ ᠨᠥᠬᠦᠴᠡᠯ᠎ᠳᠤ ᠨᠡᠶ᠋ᠢᠴᠡᠬᠦ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠠᠩᠬᠢ ᠵᠢᠨ ᠬᠤᠭᠤᠷᠣᠨᠳᠣᠬᠢ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠬᠤᠷ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢᠨ ᠲᠡᠮᠳᠡᠭᠲᠦ᠂ ᠤᠷᠲᠤᠪᠲᠤᠷ ᠬᠤᠭᠤᠴᠠᠭ᠋ᠠᠨ᠎ᠤ ᠪᠠᠷᠢᠮᠲᠠ ᠵᠡᠷᠭᠡ ᠥᠷᠢ ᠥᠭᠴᠡᠭᠡᠨ᠎ᠤ ᠪᠡᠯᠡ ᠲᠣᠬᠢᠷᠠᠭᠤᠯᠭ᠎ᠠ ᠵᠢᠨ ᠪᠠᠭ᠋ᠠᠵᠢ ᠲᠠᠷᠬᠠᠭ᠋ᠠᠵᠤ ᠪᠡᠯᠡ ᠮᠥᠩᠭᠦ ᠴᠤᠭᠯᠠᠭᠤᠯᠬᠤ ᠵᠢ ᠵᠣᠷᠢᠭᠵᠢᠭᠤᠯᠤᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠦᠨ ᠭᠦᠢ᠍ᠯᠭᠡᠭᠡᠨ᠎ᠤ ᠬᠡᠯᠬᠢᠶᠡᠨ ᠳᠠᠷᠤᠭ᠎ᠠ ᠵᠢᠨ ᠳᠦᠷᠢᠮ᠎ᠢ ᠪᠠᠶ᠋ᠢᠭᠤᠯᠵᠤ᠂ ᠠᠵᠤ ᠦᠢ᠍ᠯᠡᠰ ᠬᠤᠪᠢᠶᠠᠨ ᠬᠡᠯᠬᠢᠶᠡᠨ ᠳᠠᠷᠤᠭ᠎ᠠ ᠵᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠵᠢ ᠲᠣᠳᠣᠷᠬᠠᠶ᠋ᠢᠯᠠᠵᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠳᠤ ᠵᠠᠬᠢᠶᠠᠯᠠᠭ᠎ᠠ ᠮᠠᠶᠢᠭ᠎ᠤᠨ ᠦᠢ᠍ᠯᠡᠴᠢᠯᠡᠭᠡ ᠬᠠᠩᠭ᠋ᠠᠨ᠎ᠠ᠃ ᠥᠪᠡᠷ᠎ᠤᠨ ᠥᠷᠲᠡᠭ᠎ᠤᠨ ᠳᠠᠭ᠋ᠠᠳᠬᠠᠯ᠂ ᠶᠠᠰᠤ ᠴᠢᠨᠠᠷ᠎ᠤᠨ ᠳᠠᠭ᠋ᠠᠳᠬᠠᠯ᠂ ᠪᠡᠯᠡᠳᠬᠡᠮᠵᠢ ᠵᠢᠨ ᠳᠠᠭ᠋ᠠᠳᠬᠠᠯ᠂ ᠳᠠᠭ᠋ᠠᠳᠬᠠᠯ + ᠬᠤᠭᠤᠴᠠᠭ᠋ᠠᠲᠤ ᠪᠠᠷᠠᠭ᠎ᠠ ᠵᠡᠷᠭᠡ ᠰᠢᠷᠢᠰ ᠦᠢ᠍ᠯᠡᠴᠢᠯᠡᠭᠡ ᠪᠠ ᠨᠡᠶ᠋ᠢᠯᠡᠮᠡᠯ ᠨᠡᠷᠡᠳᠭᠦᠨ᠎ᠳᠤ ᠰᠢᠨ᠎ᠡ ᠵᠢ ᠡᠭᠦᠳᠦᠨ ᠳᠡᠯᠭᠡᠷᠡᠭᠦᠯᠦᠨ᠎ᠡ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ]
     ᠶᠢᠰᠦ᠂ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ
     ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠠᠰᠢᠭ ᠣᠯᠵᠠᠪᠤᠷᠢ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢᠨ ᠬᠠᠮᠲᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠨᠢ ᠬᠤᠳᠠᠯᠳᠤᠨ ᠠᠪᠤᠭᠰᠠᠨ ᠪᠠᠷᠢᠮᠲᠠ᠎ᠪᠠᠷ ᠵᠶ᠋ᠠᠨ ᠦᠷᠲᠡᠭ ᠨᠡᠮᠡᠭᠳᠡᠯ᠎ᠤᠨ ᠭᠠᠶ᠋ᠢᠯᠢ ᠵᠢ ᠲᠣᠭᠲᠠᠭ᠋ᠠᠯ ᠶᠣᠰᠣᠭ᠋ᠠᠷ ᠲᠤᠯᠭ᠋ᠠᠨ ᠰᠠᠭᠤᠯᠭ᠋ᠠᠵᠤ ᠪᠣᠯᠣᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠬᠥᠭᠵᠢᠯᠲᠡ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠴᠠᠬᠢᠯᠭ᠋ᠠᠨ ᠪᠠᠭᠲᠠᠭ᠋ᠠᠨ ᠰᠢᠩᠭᠡᠭᠡᠬᠦ ᠵᠢ ᠳᠡᠮᠵᠢᠵᠦ᠂ ᠠᠵᠤ ᠠᠬᠤᠶ᠋ᠢᠯᠠᠯ᠎ᠤᠨ ᠥᠪᠡᠰᠦᠪᠡᠨ ᠪᠣᠬᠢᠷᠲᠤᠯ ᠦᠭᠡᠢ ᠴᠠᠬᠢᠯᠭ᠋ᠠᠨ ᠡᠭᠦᠰᠬᠡᠭᠴᠢ ᠪᠠᠶ᠋ᠢᠭᠤᠯᠬᠤ ᠵᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭ᠋ᠠᠨ ᠬᠦᠴᠦᠨ᠎ᠤ ᠬᠡᠷᠡᠭᠯᠡᠭᠡ ᠵᠢᠨ ᠬᠠᠷᠢᠴᠠᠯ᠎ᠢ ᠳᠡᠭᠡᠭᠰᠢᠯᠡᠭᠦᠯᠦᠨ᠎ᠡ᠃ ᠤᠰᠤᠨ᠎ᠤ ᠡᠬᠢ ᠰᠤᠷᠪᠤᠯᠵᠢ᠎ᠪᠠᠷ ᠠᠵᠤ ᠦᠢ᠍ᠯᠡᠰ᠎ᠤᠨ ᠬᠡᠪᠴᠢᠶᠡᠵᠢᠯ ᠪᠠ ᠪᠦᠲᠦᠴᠡ ᠵᠢ ᠲᠥᠯᠥᠪᠵᠢᠭᠦᠯᠬᠦ ᠤᠷᠢᠲᠠᠯ ᠳᠣᠣᠷ᠎ᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠪᠠᠲᠤᠯᠠᠨ᠎ᠠ᠃  [  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠤᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ]
     ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ (ᠱᠠᠩᠨᠠᠵᠤ ᠬᠥᠬᠢᠭᠦᠯᠬᠦ) ᠪᠡᠯᠡ ᠮᠥᠩᠭᠦ ᠵᠢ ᠴᠥᠮ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠵᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠴᠦ᠂ ᠡᠯ᠎ᠡ ᠬᠠᠷᠢᠭᠤᠴᠠᠯᠭ᠋ᠠᠲᠤ ᠨᠢᠭᠡᠴᠢ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠂ ᠪᠡᠯᠡ ᠮᠥᠩᠭᠦ ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠠᠪᠬᠤ ᠵᠡᠷᠭᠡ ᠠᠭᠤᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠦ᠂ ᠴᠠᠭ᠎ᠲᠤ᠎ᠨᠢ ᠲᠣᠬᠢᠷᠠᠭᠤᠯᠤᠨ ᠦᠨᠡᠯᠡᠨ ᠵᠢᠱ᠌ᠢᠵᠦ᠂ ᠦᠷ᠎ᠡ ᠪᠦᠲᠦᠮᠵᠢ ᠵᠢ᠎ᠨᠢ ᠮᠦᠷᠳᠡᠨ ᠠᠰᠠᠭᠤᠬᠤ ᠬᠡᠷᠡᠭᠲᠡᠢ᠃
     ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ  [2024 ] 10 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
      

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                            2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠳᠠᠷᠤᠮᠠᠯᠯᠠᠨ ᠲᠠᠷᠬᠠᠭ᠋ᠠᠪᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠲᠥᠪ ᠬᠤᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶ᠋ᠢᠯᠤᠯ ①
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠎ᠤᠨ᠎ᠬᠢᠨ ᠪᠥᠬᠦ ᠨᠠᠮ᠎ᠤᠨ ᠬᠡᠪᠴᠢᠶᠡᠨ᠎ᠳᠤ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠬᠦᠯᠬᠦ ᠲᠤᠬᠠᠢ 《ᠮᠡᠳᠡᠭᠳᠡᠯ》 ᠳᠠᠷᠤᠮᠠᠯᠯᠠᠨ ᠲᠠᠷᠬᠠᠭ᠋ᠠᠯ᠎ᠠ
ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠠᠶᠤᠯ ᠦᠭᠡᠶ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠤᠯᠤᠰ᠎ᠤᠨ ᠠᠭᠤᠷᠬᠠᠶ ᠵᠢᠨ ᠠᠶᠤᠯ ᠦᠭᠡᠶ ᠵᠢ ᠬᠢᠨᠠᠨ ᠪᠠᠶ᠋ᠢᠴᠠᠭ᠋ᠠᠬᠤ ᠲᠣᠪᠴᠢᠶ᠎ᠠ ᠥᠪᠥᠷ ᠮᠣᠩᠭᠣᠯ᠎ᠤᠨ ᠲᠣᠪᠴᠢᠶ᠎ᠠ ᠵᠢᠨ ᠮᠡᠳᠡᠭᠳᠡᠯ
 
            