ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-02-21

    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
     ᠥᠪᠥᠷ ᠵᠠᠰᠠᠭ ᠲᠠᠷᠬᠠᠭ᠋ᠠᠭᠰᠠᠨ  [2024] 37 ᠳ᠋ᠤᠭ᠋ᠠᠷ ᠲᠣᠭ᠋ᠠᠲᠤ

    《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                                       2024 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ
    (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
    

    ᠨᠢᠭᠡᠳᠦᠭᠡᠷ ᠪᠦᠯᠦᠭ ᠶᠡᠷᠦᠩᠬᠡᠢ ᠳᠦᠷᠢᠮ
     ᠨᠢᠭᠡᠳᠦᠭᠡᠷ ᠵᠦᠢ᠍ᠯ
ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠠᠵᠢᠯ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠬᠠᠷ᠎ᠠ ᠬᠥᠷᠥᠰᠥᠲᠦ ᠭᠠᠵᠠᠷ᠎ᠤᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠬᠤ ᠵᠢ ᠠᠬᠢᠭᠤᠯᠤᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
     ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠂ ᠵᠥᠭᠡᠭᠡᠪᠦᠷᠢᠯᠡᠬᠦ᠂ ᠬᠠᠳᠠᠭ᠋ᠠᠯᠠᠬᠤ᠂ ᠬᠠᠮᠢᠶᠠᠷᠴᠤ ᠬᠠᠮᠠᠭ᠋ᠠᠯᠠᠬᠤ᠂ ᠠᠰᠢᠭᠯᠠᠬᠤ ᠵᠡᠷᠭᠡ ᠠᠵᠢᠯᠯᠠᠭ᠎ᠠ᠎ᠳᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
     ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠬᠠᠷ᠎ᠠ ᠬᠥᠷᠥᠰᠥᠲᠦ ᠭᠠᠵᠠᠷ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠬᠠᠷ᠎ᠠ ᠪᠤᠶᠤ ᠬᠠᠷᠠᠪᠲᠤᠷ ᠢᠯᠵᠢᠮᠡᠭ ᠦᠩᠭᠡᠨ ᠬᠥᠷᠥᠰᠥᠨ᠎ᠤ ᠳᠠᠪᠬᠤᠷᠭ᠎ᠠ ᠵᠢᠨ᠂ ᠰᠢᠨᠵᠢ ᠲᠥᠯᠥᠪ ᠰᠠᠶ᠋ᠢᠲᠠᠢ ᠰᠢᠮᠡᠯᠢᠭ ᠲᠠᠷᠢᠶᠠᠯᠠᠬᠤ ᠭᠠᠵᠠᠷ᠎ᠢ ᠵᠢᠭ᠋ᠠᠵᠤ ᠪᠤᠢ᠃
     ᠲᠣᠰ ᠠᠷᠭ᠎ᠠ᠎ᠳᠤ ᠬᠡᠯᠡᠵᠦ ᠪᠠᠶ᠋ᠢᠭ᠎ᠠ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠭᠡᠳᠡᠭ᠎ᠨᠢ ᠮᠠᠰᠢᠨ ᠮᠧᠬᠠᠨᠢᠭ ᠪᠤᠶᠤ ᠬᠥᠮᠥᠨ᠎ᠤ ᠬᠦᠴᠦ᠎ᠪᠠᠷ ᠳᠠᠮᠵᠢᠭᠤᠯᠤᠨ᠂ ᠲᠠᠷᠢᠶᠠᠯᠠᠬᠤ᠎ᠳᠤ ᠲᠣᠬᠢᠷᠠᠬᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ᠂ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠶ᠋ᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ᠎ᠳᠤ ᠬᠡᠷᠡᠭᠯᠡᠬᠦ ᠵᠢ ᠵᠢᠭ᠋ᠠᠵᠤ ᠪᠣᠶ᠃
     ᠳᠥᠷᠪᠡᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠬᠠᠤᠯᠢ ᠲᠣᠭᠲᠠᠭ᠋ᠠᠯ᠎ᠢ ᠵᠢᠷᠤᠮᠯᠠᠬᠤ᠂ ᠰᠢᠨᠵᠢᠯᠡᠬᠦ ᠤᠬᠠᠭ᠋ᠠᠨᠴᠢ ᠵᠢᠷᠤᠮᠵᠢᠭᠤᠨ ᠪᠠᠶ᠋ᠢᠯᠭ᠋ᠠᠬᠤ᠂ ᠮᠠᠯᠲᠠᠨ ᠠᠪᠬᠤ ᠶᠣᠰᠣᠲᠠᠢ ᠵᠢ᠎ᠨᠢ ᠪᠦᠬᠦᠨ᠎ᠢ ᠮᠠᠯᠲᠠᠨ ᠠᠪᠬᠤ᠂ ᠣᠶ᠋ᠢᠷ᠎ᠠ ᠬᠠᠪᠢ᠎ᠳᠤ᠎ᠪᠠᠨ ᠠᠰᠢᠭᠯᠠᠬᠤ ᠵᠠᠷᠴᠢᠮ᠎ᠢ ᠵᠢᠷᠤᠮᠯᠠᠵᠤ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
     ᠲᠠᠪᠤᠳᠤᠭ᠋ᠠᠷ ᠵᠦᠢ᠍ᠯ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ ᠵᠶ᠋ᠠᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ᠂ ᠡᠳ᠋᠎ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠣᠳᠠᠲᠠᠢ ᠨᠠᠶ᠋ᠢᠳᠠᠪᠤᠷᠢᠵᠢᠭᠤᠯᠬᠤ ᠠᠵᠢᠯ᠎ᠢ ᠬᠠᠷᠢᠭᠤᠴᠠᠨ᠎ᠠ᠃
     ᠬᠤᠶᠠᠳᠤᠭ᠋ᠠᠷ ᠪᠦᠯᠦᠭ ᠬᠥᠷᠥᠰᠥ ᠰᠢᠷᠣᠢ ᠵᠢ ᠮᠠᠯᠲᠠᠨ ᠠᠪᠴᠤ ᠠᠰᠢᠭᠯᠠᠬᠤ
     ᠵᠢᠷᠭᠤᠳᠤᠭ᠋ᠠᠷ ᠵᠦᠢ᠍ᠯ
ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠ᠎ᠲᠠᠢ ᠪᠠᠶ᠋ᠢᠪᠠᠯ᠂ ᠬᠤᠰᠢᠭᠤ ᠰᠢᠶᠠᠨ (ᠬᠤᠳᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠣᠨ᠎ᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ᠂ ᠠᠶ᠋ᠢᠮᠠᠭ ᠬᠤᠳᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
     ᠳᠣᠯᠣᠳᠤᠭ᠋ᠠᠷ ᠵᠦᠢ᠍ᠯ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠣᠨ᠎ᠤ ᠲᠥᠯᠥᠪᠯᠡᠭᠡ᠎ᠨᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠂ ᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠬᠢᠭᠡᠳ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠶ᠋ᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ ᠬᠥᠷᠥᠰᠥ ᠰᠢᠷᠣᠢ ᠵᠢᠨ ᠠᠰᠢᠭᠯᠠᠯᠲᠠ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢᠨ ᠬᠠᠮᠲᠤ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠤᠰᠬᠠᠢ ᠵᠦᠢ᠍ᠯ᠎ᠤᠨ ᠲᠥᠯᠦᠪᠵᠢᠭᠦᠯᠭᠡ᠎ᠯᠦᠭᠡ ᠭᠦᠢ᠍ᠴᠡᠳ ᠵᠣᠯᠭ᠋ᠠᠭᠤᠯᠬᠤ ᠬᠡᠷᠡᠭᠲᠡᠢ᠃
     ᠨᠠᠢ᠍ᠮᠠᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠ᠎ᠲᠠᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠷᠭᠡᠵᠢᠯ᠎ᠤᠨ ᠵᠢᠷᠤᠮᠵᠢᠯ ᠶᠣᠰᠣᠭ᠋ᠠᠷ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠵᠢ ᠬᠡᠷᠡᠭᠵᠢᠭᠦᠯᠬᠦ ᠬᠡᠷᠡᠭᠲᠡᠢ᠃
     ᠳᠣᠣᠷ᠎ᠠ ᠵᠢᠭᠰᠠᠭ᠋ᠠᠭᠰᠠᠨ ᠪᠠᠶ᠋ᠢᠳᠠᠯ ᠣᠷᠣᠰᠢᠵᠤ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠮᠠᠭ᠋ᠠᠳᠯᠠᠭᠤᠯᠤᠨ ᠲᠣᠭᠲᠠᠭ᠋ᠠᠯᠭ᠋ᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠦᠨ ᠵᠥᠪᠰᠢᠶᠡᠷᠡᠭᠦᠯᠦᠭᠡᠳ᠂ ᠮᠠᠯᠲᠠᠨ ᠠᠪᠬᠤ ᠦᠭᠡᠢ ᠪᠠᠶ᠋ᠢᠵᠤ ᠪᠣᠯᠣᠨ᠎ᠠ᠄
    (ᠨᠢᠭᠡ) ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠷᠭᠡᠵᠢᠯ᠎ᠤᠨ ᠵᠢᠷᠤᠮᠵᠢᠯ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠠᠶ᠋ᠢᠬᠤ;
    (ᠬᠤᠶᠠᠷ) ᠬᠦᠨᠳᠦ ᠨᠣᠴᠢᠲᠠᠢ ᠪᠣᠬᠢᠷᠲᠤᠭ᠋ᠠᠳ ᠳᠠᠬᠢᠵᠤ ᠠᠰᠢᠭᠯᠠᠬᠤ᠎ᠳᠤ ᠲᠣᠬᠢᠷᠠᠬᠤ ᠦᠭᠡᠢ ᠪᠣᠯᠤᠭᠰᠠᠨ;
    (ᠭᠤᠷᠪᠠ) ᠬᠦᠨᠳᠦ ᠨᠣᠴᠢᠲᠠᠢ ᠡᠯᠡᠰᠦᠷᠬᠡᠭᠵᠢᠵᠦ᠂ ᠬᠤᠵᠢᠷᠰᠢᠭ᠋ᠠᠳ ᠳᠠᠬᠢᠵᠤ ᠠᠰᠢᠭᠯᠠᠬᠤ᠎ᠳᠤ ᠲᠣᠬᠢᠷᠠᠬᠤ ᠦᠭᠡᠢ ᠪᠣᠯᠤᠭᠰᠠᠨ;
    (ᠳᠥᠷᠪᠡ) ᠵᠥᠪᠰᠢᠶᠡᠷᠡᠯ ᠦᠭᠡᠢ᠎ᠪᠠᠷ ᠬᠠᠤᠯᠢ ᠪᠤᠰᠤ᠎ᠪᠠᠷ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠮᠥᠷᠲᠡᠭᠡᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ᠎ᠨᠢ ᠬᠦᠨᠳᠦ ᠨᠣᠴᠢᠲᠠᠢ ᠡᠪᠳᠡᠭᠳᠡᠭᠡᠳ ᠲᠠᠬᠢᠵᠥ ᠠᠰᠢᠭᠯᠠᠬᠤ ᠵᠢᠨ ᠠᠷᠭ᠎ᠠ ᠦᠭᠡᠢ ᠪᠣᠯᠤᠭᠰᠠᠨ᠎ᠤ ᠬᠠᠮᠲᠤ ᠨᠢᠭᠡᠨᠲᠡ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠭᠰᠡᠨ;

    (ᠲᠠᠪᠤ) ᠤᠯᠤᠰ᠎ᠤᠨ ᠠᠮᠤᠷ ᠲᠦᠪᠰᠢᠨ᠂ ᠴᠡᠷᠢᠭ᠎ᠤᠨ ᠶᠠᠪᠤᠳᠠᠯ᠂ ᠠᠶᠤᠯ ᠭᠠᠮᠰᠢᠭ᠎ᠠᠴᠠ ᠠᠪᠤᠷᠠᠬᠤ ᠵᠡᠷᠭᠡ ᠪᠠᠴᠢᠮ ᠬᠡᠷᠡᠭᠴᠡᠭᠡ᠎ᠳᠤ ᠭᠠᠵᠠᠷ᠎ᠢ ᠲᠦᠷ ᠬᠡᠷᠡᠭᠯᠡᠬᠦ;
    (ᠵᠢᠷᠭᠤᠭ᠎ᠠ) ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠵᠢ ᠡᠪᠳᠡᠬᠦ ᠦᠭᠡᠢ ᠪᠠᠶ᠋ᠢᠬᠤ᠃
     ᠶᠢᠰᠦᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠴᠢᠬᠤᠯᠠᠲᠠᠢ ᠪᠠᠶ᠋ᠢᠪᠠᠯ᠂ ᠭᠠᠵᠠᠷ ᠬᠡᠷᠡᠭᠯᠡᠬᠦ᠎ᠪᠠᠷ ᠭᠤᠶᠤᠴᠢᠯᠠᠬᠤ᠎ᠠᠴᠠ᠎ᠪᠠᠨ ᠡᠮᠦᠨ᠎ᠡ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
     ᠲᠦᠷ ᠬᠡᠷᠡᠭᠯᠡᠬᠦ ᠭᠠᠵᠠᠷ᠎ᠨᠢ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠬᠦ᠎ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠭᠤᠯᠭ᠎ᠠ ᠵᠢ ᠭᠠᠵᠠᠷ ᠰᠢᠷᠣᠢ ᠵᠢᠨ ᠳᠠᠬᠢᠨ ᠬᠠᠭ᠋ᠠᠯᠪᠤᠷᠢᠯᠠᠬᠤ ᠲᠥᠰᠥᠯ᠎ᠳᠤ᠎ᠪᠠᠨ ᠣᠷᠣᠭᠤᠯᠵᠤ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠠᠰ᠎ᠲᠤ᠎ᠨᠢ ᠨᠠᠶ᠋ᠢᠷᠠᠭᠤᠯᠤᠨ ᠵᠣᠬᠢᠶᠠᠬᠤ ᠦᠭᠡᠢ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ᠎ᠳᠤ᠎ᠪᠠᠨ ᠡᠷᠬᠡᠪᠰᠢ ᠬᠠᠷ᠎ᠠ ᠬᠥᠷᠥᠰᠥᠲᠦ ᠭᠠᠵᠠᠷ᠎ᠢ ᠰᠡᠷᠭᠦᠭᠡᠬᠦ ᠬᠡᠷᠡᠭᠲᠡᠢ᠃
     ᠠᠷᠪᠠᠳᠤᠭ᠋ᠠᠷ ᠵᠦᠢ᠍ᠯ ᠬᠤᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠶ᠋ᠢᠯ ᠲᠣᠰᠬᠤᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠨ᠎ᠠ; ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ ᠪᠠ ᠲᠦᠷ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠪᠠᠶ᠋ᠢᠪᠠᠯ᠂ ᠭᠠᠵᠠᠷ ᠬᠡᠷᠡᠭᠯᠡᠬᠦ ᠨᠢᠭᠡᠴᠢ᠎ᠠᠴᠠ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠨ᠎ᠠ᠃
     ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠯᠠᠪᠠᠶ᠎ᠨᠢ 1000 ᠲᠡᠭᠰᠢ ᠳᠥᠷᠪᠡᠯᠵᠢᠨ ᠮᠧᠳ᠋ᠷ ᠵᠢᠴᠢ ᠲᠡᠭᠦᠨ᠎ᠠᠴᠠ ᠳᠣᠷᠣᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠬᠤ ᠦᠭᠡᠢ ᠪᠠᠶ᠋ᠢᠵᠤ ᠪᠣᠯᠣᠨ᠎ᠠ᠂ ᠭᠡᠪᠡᠴᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠵᠢᠨ ᠬᠦᠰᠦᠨᠦᠭᠲᠦ ᠵᠢ ᠲᠠᠭᠯᠠᠬᠤ ᠬᠡᠷᠡᠭᠲᠡᠢ᠃
     ᠠᠷᠪᠠᠨ ᠨᠢᠭᠡᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠳᠤ ᠲᠥᠷᠥᠯ ᠵᠦᠢ᠍ᠯ᠎ᠤᠨ ᠲᠣᠶ᠋ᠢᠮᠣ ᠪᠠᠶ᠋ᠢᠳᠠᠯ᠂ ᠨᠠᠶ᠋ᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠥᠷᠥᠰᠥ ᠰᠢᠷᠣᠢ ᠵᠢ ᠪᠠᠶ᠋ᠢᠴᠠᠭ᠋ᠠᠬᠤ᠂ ᠮᠠᠯᠲᠠᠨ ᠠᠪᠬᠤ᠂ ᠵᠥᠭᠡᠭᠡᠪᠦᠷᠢᠯᠡᠬᠦ᠂ ᠰᠢᠯᠭ᠋ᠠᠨ ᠠᠪᠬᠤ᠂ ᠬᠠᠳᠠᠭ᠋ᠠᠯᠠᠬᠤ᠂ ᠬᠠᠮᠢᠶᠠᠷᠴᠤ ᠬᠠᠮᠠᠭ᠋ᠠᠯᠠᠬᠤ᠂ ᠠᠰᠢᠭᠯᠠᠬᠤ᠂ ᠪᠡᠯᠡ ᠣᠷᠣᠭᠤᠯᠤᠯᠲᠠ ᠵᠢ ᠪᠠᠷᠤᠭᠯᠠᠨ ᠪᠣᠳᠣᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠃
     ᠠᠷᠪᠠᠨ ᠬᠤᠶᠠᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠵᠤ ᠳᠠᠭᠤᠰᠤᠭᠰᠠᠨ᠎ᠤ ᠳᠠᠷᠠᠭ᠎ᠠ᠂ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠬᠤ ᠵᠢᠨ ᠬᠠᠮᠲᠤ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠥᠰᠥᠯ᠎ᠳᠤ ᠬᠢᠨᠠᠨ ᠪᠠᠶ᠋ᠢᠴᠠᠭ᠋ᠠᠯᠲᠠ ᠨᠤᠲᠠᠯᠠᠯᠲᠠ ᠬᠢᠵᠦ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠠᠴᠠ ᠬᠢᠨᠠᠨ ᠪᠠᠶ᠋ᠢᠴᠠᠭ᠋ᠠᠭᠰᠠᠨ ᠰᠠᠨᠠᠯ ᠭᠠᠷᠭ᠋ᠠᠵᠤ᠂ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃

    ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠵᠢᠨ ᠬᠦᠰᠦᠨᠦᠭᠲᠦ ᠵᠢ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭ᠋ᠠᠷ ᠬᠢᠨᠠᠨ ᠪᠠᠶ᠋ᠢᠴᠠᠭ᠋ᠠᠵᠤ ᠪᠠᠲᠤᠯᠠᠭᠰᠠᠨ᠎ᠤ ᠳᠠᠷᠠᠭ᠎ᠠ᠂ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
     ᠠᠷᠪᠠᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠭᠠᠷᠳᠠᠮ᠎ᠢ ᠭᠦᠢ᠍ᠴᠡᠳᠬᠡᠬᠦ᠎ᠪᠠᠷ ᠭᠤᠶᠤᠴᠢᠯᠠᠬᠤ᠎ᠳᠤ᠂ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ ᠪᠤᠶᠤ ᠮᠡᠳᠡᠭᠦᠯᠦᠯᠲᠡ ᠵᠢᠨ ᠬᠦᠰᠦᠨᠦᠭᠲᠦ ᠵᠢᠴᠢ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠳᠡᠭᠡᠭᠰᠢ ᠮᠡᠳᠡᠭᠦᠯᠬᠦ ᠬᠡᠷᠡᠭᠲᠡᠢ᠃
     ᠠᠷᠪᠠᠨ ᠳᠥᠷᠪᠡᠳᠦᠭᠡᠷ ᠵᠦᠢ᠍ᠯ ᠬᠤᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠶ᠋ᠢᠯ ᠲᠣᠰᠬᠤᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠦᠷᠪᠡᠯ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠵᠠᠷ ᠬᠠᠩᠭ᠋ᠠᠬᠤ᠎ᠠᠴᠠ ᠡᠮᠦᠨ᠎ᠡ ᠮᠠᠯᠲᠠᠨ ᠠᠪᠴᠤ ᠠᠰᠢᠭᠯᠠᠬᠤ ᠲᠥᠰᠥᠯ᠎ᠤᠨ ᠶᠣᠰᠣᠭ᠋ᠠᠷ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢᠨ ᠬᠠᠮᠲᠤ ᠬᠡᠷᠡᠭᠵᠢᠭᠦᠯᠬᠦ ᠭᠤᠣᠯ ᠴᠣᠭᠴᠠ ᠵᠢ ᠬᠠᠤᠯᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠬᠡᠷᠡᠭᠲᠡᠢ᠃ ᠬᠤᠯᠪᠣᠭᠳᠠᠭᠰᠠᠨ ᠬᠥᠷᠥᠰᠥ ᠰᠢᠷᠣᠢ ᠵᠢ ᠪᠠᠶ᠋ᠢᠴᠠᠭ᠋ᠠᠨ ᠦᠨᠡᠯᠡᠬᠦ ᠵᠠᠷᠤᠳᠠᠯ᠂ ᠬᠥᠷᠥᠰᠥ ᠰᠢᠷᠣᠢ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠬᠤ ᠵᠢᠴᠢ ᠬᠢᠨᠠᠨ ᠲᠣᠭᠲᠠᠭ᠋ᠠᠬᠤ ᠵᠠᠷᠤᠳᠠᠯ᠂ ᠬᠥᠷᠥᠰᠥ ᠰᠢᠷᠣᠢ ᠵᠢ ᠮᠠᠯᠲᠠᠨ ᠠᠪᠬᠤ ᠠᠵᠢᠯ᠎ᠤᠨ ᠵᠠᠷᠤᠳᠠᠯ᠂ ᠵᠥᠭᠡᠭᠡᠪᠦᠷᠢᠯᠡᠬᠦ ᠵᠠᠷᠤᠳᠠᠯ᠂ ᠬᠠᠳᠠᠭ᠋ᠠᠯᠠᠵᠤ ᠬᠠᠮᠢᠶᠠᠷᠤᠨ ᠬᠠᠮᠠᠭ᠋ᠠᠯᠠᠬᠤ ᠵᠠᠷᠤᠳᠠᠯ᠂ ᠰᠢᠯᠭ᠋ᠠᠨ ᠠᠪᠬᠤ ᠵᠠᠷᠤᠳᠠᠯ ᠵᠡᠷᠭᠡ ᠵᠢ ᠭᠠᠵᠠᠷ ᠬᠡᠷᠡᠭᠯᠡᠬᠦ ᠥᠪᠡᠷ᠎ᠤᠨ ᠥᠷᠲᠡᠭ᠎ᠲᠤ ᠣᠷᠣᠭᠤᠯᠤᠨ᠎ᠠ᠃
     ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠂ ᠲᠦᠷ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ᠎ᠨᠢ ᠲᠥᠷᠥᠯ ᠵᠦᠢ᠍ᠯ᠎ᠤᠨ ᠠᠵᠢᠯ ᠡᠬᠢᠯᠡᠬᠦ᠎ᠠᠴᠠ ᠡᠮᠦᠨ᠎ᠡ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠂ ᠮᠡᠳᠡᠭᠦᠯᠦᠯᠲᠡ ᠵᠢᠨ ᠬᠦᠰᠦᠨᠦᠭᠲᠦ ᠪᠤᠶᠤ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠲᠥᠰᠥᠯ᠎ᠤᠨ ᠶᠣᠰᠣᠭ᠋ᠠᠷ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
     ᠠᠷᠪᠠᠨ ᠲᠠᠪᠤᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠠᠵᠢᠯ ᠳᠠᠭᠤᠰᠤᠭᠰᠠᠨ᠎ᠤ ᠳᠠᠷᠠᠭ᠎ᠠ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠵᠢ ᠬᠡᠷᠡᠭᠵᠢᠭᠦᠯᠦᠭᠰᠡᠨ ᠭᠤᠣᠯ ᠴᠣᠭᠴᠠ᠎ᠨᠢ ᠴᠠᠭ ᠲᠤᠬᠠᠢ᠎ᠳᠤ᠎ᠨᠢ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠭ᠋ᠠᠨ ᠠᠪᠤᠭᠤᠯᠬᠤ ᠭᠤᠶᠤᠴᠢᠯᠠᠯ ᠳᠤᠷᠠᠳᠬᠤ ᠬᠡᠷᠡᠭᠲᠡᠢ᠃
     ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ᠎ᠳᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠣᠷᠣᠨ ᠬᠤᠪᠢᠶᠠᠨ᠂ ᠬᠡᠰᠡᠭ ᠬᠤᠪᠢᠶᠠᠨ᠂ ᠬᠤᠭᠤᠴᠠᠭ᠎ᠠ ᠬᠤᠪᠢᠶᠠᠨ ᠭᠤᠶᠤᠴᠢᠯᠠᠵᠤ ᠪᠣᠯᠣᠨ᠎ᠠ᠃
     ᠠᠷᠪᠠᠨ ᠵᠢᠷᠭᠤᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ᠎ᠪᠠᠷ ᠭᠤᠶᠤᠴᠢᠯᠠᠬᠤ᠎ᠳᠤ᠂ ᠰᠢᠯᠭ᠋ᠠᠨ ᠠᠪᠤᠭᠤᠯᠬᠤ ᠭᠤᠶᠤᠴᠢᠯᠠᠯ᠂ ᠠᠵᠢᠯ ᠳᠠᠭᠤᠰᠤᠭᠰᠠᠨ ᠮᠡᠳᠡᠭᠦᠯᠦᠯᠲᠡ᠂ ᠠᠵᠢᠯᠯᠠᠭᠰᠠᠨ ᠲᠡᠮᠳᠡᠭᠯᠡᠯ᠂ ᠬᠢᠨᠠᠨ ᠬᠠᠮᠢᠶᠠᠷᠴᠤ ᠪᠠᠶ᠋ᠢᠴᠠᠭ᠋ᠠᠨ ᠬᠡᠮᠵᠢᠭᠰᠡᠨ ᠲᠡᠮᠳᠡᠭᠯᠡᠯ᠂ ᠪᠠᠷᠢᠯᠭ᠎ᠠ ᠵᠢᠨ ᠬᠡᠮᠵᠢᠯᠲᠡ ᠵᠢᠨ ᠳ᠋ᠦᠩᠨᠡᠨ ᠪᠤᠳᠤᠭᠰᠠᠨ ᠮᠠᠲ᠋ᠧᠷᠢᠶᠠᠯ᠂ ᠮᠠᠯᠲᠠᠨ ᠠᠪᠤᠭᠰᠠᠨ ᠬᠥᠷᠥᠰᠥ ᠵᠢ ᠵᠥᠭᠡᠭᠡᠪᠦᠷᠢᠯᠡᠵᠦ ᠬᠠᠳᠠᠭ᠋ᠠᠯᠠᠨ ᠬᠠᠮᠢᠶᠠᠷᠴᠤ ᠬᠠᠮᠠᠭ᠋ᠠᠯᠠᠭᠰᠠᠨ ᠠᠵᠢᠯ᠎ᠤᠨ ᠮᠠᠲ᠋ᠧᠷᠢᠶᠠᠯ᠂ ᠬᠠᠮᠢᠶ᠎ᠠ ᠪᠦᠬᠦᠢ ᠵᠢᠷᠤᠭ ᠳᠦᠷᠰᠦ ᠵᠡᠷᠭᠡ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠃
     ᠮᠠᠯᠲᠠᠨ ᠠᠪᠤᠭᠰᠠᠨ ᠬᠥᠷᠥᠰᠥ ᠵᠢ ᠮᠠᠯᠲᠠᠬᠤ ᠵᠢᠨ ᠳᠠᠭ᠋ᠠᠤ ᠬᠡᠷᠡᠭᠯᠡᠪᠡᠯ᠂ ᠬᠥᠷᠥᠰᠥ ᠵᠢ ᠠᠰᠢᠭᠯᠠᠭᠰᠠᠨ ᠪᠠᠶ᠋ᠢᠳᠠᠯ᠎ᠢ ᠬᠠᠮᠲᠤ᠎ᠳᠤ᠎ᠨᠢ ᠰᠢᠯᠭ᠋ᠠᠨ ᠠᠪᠬᠤ ᠵᠢᠨ ᠬᠠᠮᠲᠤ᠂ ᠬᠥᠷᠥᠰᠥ ᠰᠢᠷᠣᠢ ᠵᠢᠨ ᠬᠡᠷᠡᠭᠯᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃
     ᠠᠷᠪᠠᠨ ᠳᠣᠯᠣᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠵᠢᠯ ᠡᠬᠢᠯᠡᠭᠦᠯᠬᠦ᠎ᠠᠴᠠ ᠡᠮᠦᠨ᠎ᠡ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠬᠤ ᠵᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ ᠵᠢ ᠪᠡᠶᠡᠯᠡᠭᠦᠯᠬᠦ ᠬᠡᠷᠡᠭᠲᠡᠢ᠃
     ᠠᠷᠪᠠᠨ ᠨᠠᠢ᠍ᠮᠠᠳᠤᠭ᠋ᠠᠷ ᠵᠦᠢ᠍ᠯ ᠬᠤᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠶ᠋ᠢᠯ ᠲᠣᠰᠬᠤᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠠᠴᠠ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢᠨ ᠲᠣᠬᠢᠷᠠᠭᠤᠯᠵᠤ ᠠᠰᠢᠭᠯᠠᠬᠤ ᠠᠵᠢᠯ᠎ᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ᠎ᠠ᠃
     ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠵᠠᠷ ᠬᠡᠷᠡᠭᠯᠡᠬᠦ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠤᠨ ᠶᠣᠰᠣᠭ᠋ᠠᠷ ᠠᠰᠢᠭᠯᠠᠭᠤᠯᠬᠤ ᠵᠢ ᠬᠠᠷᠢᠭᠤᠴᠠᠨ᠎ᠠ᠃ ᠭᠠᠵᠠᠷ ᠬᠡᠷᠡᠭᠯᠡᠬᠦ ᠨᠢᠭᠡᠴᠢ᠎ᠨᠢ ᠦᠪᠡᠰᠦᠪᠡᠨ ᠠᠰᠢᠭᠯᠠᠵᠤ ᠳᠡᠶ᠋ᠢᠯᠬᠦ ᠦᠭᠡᠢ᠎ᠳᠤ ᠬᠦᠷᠪᠡᠯ᠂ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠬᠠᠳᠠᠭ᠋ᠠᠯᠠᠬᠤ ᠴᠡᠭ᠎ᠲᠤ ᠵᠥᠭᠡᠭᠡᠪᠦᠷᠢᠯᠡᠨ ᠬᠦᠷᠭᠡᠵᠦ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠲᠤᠰᠢᠶᠠᠵᠤ ᠲᠣᠬᠢᠷᠠᠭᠤᠯᠤᠨ ᠠᠰᠢᠭᠯᠠᠭᠤᠯᠬᠤ ᠬᠡᠷᠡᠭᠲᠡᠢ᠃
     ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠠᠰᠢᠭᠯᠠᠬᠤ ᠬᠠᠷᠢᠭᠤᠴᠠᠯᠭ᠎ᠠ ᠵᠢᠨ ᠭᠤᠣᠯ ᠴᠣᠭᠴᠠ᠎ᠨᠢ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠠᠰᠢᠭᠯᠠᠭᠰᠠᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠣᠬᠢᠲᠠᠢ ᠦᠯᠡᠳᠡᠭᠡᠵᠦ ᠬᠠᠳᠠᠭ᠋ᠠᠯᠠᠨ ᠬᠠᠮᠢᠶᠠᠷᠬᠤ ᠬᠡᠷᠡᠭᠲᠡᠢ᠃
     ᠠᠷᠪᠠ ᠶᠢᠰᠦᠳᠦᠭᠡᠷ ᠵᠦᠢ᠍ᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠶ᠋ᠢᠷ᠎ᠠ ᠬᠠᠪᠢ ᠵᠢᠨ ᠭᠠᠵᠠᠷ᠎ᠲᠤ᠎ᠨᠢ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠶ᠋ᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ᠎ᠳᠤ ᠬᠡᠷᠡᠭᠯᠡᠬᠦ ᠬᠡᠷᠡᠭᠲᠡᠢ᠃
     ᠬᠤᠷᠢᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠦᠨ᠎ᠡ ᠲᠥᠯᠥᠪᠦᠷᠢ ᠦᠭᠡᠢ᠎ᠪᠠᠷ ᠬᠡᠷᠡᠭᠯᠡᠵᠦ ᠪᠣᠯᠣᠨ᠎ᠠ᠂ ᠵᠠᠰᠠᠭ᠎ᠤᠨ ᠣᠷᠳᠣᠨ᠎ᠤ ᠪᠤᠰᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠥᠯᠥᠪᠦᠷᠢ᠎ᠲᠠᠢ᠎ᠪᠠᠷ ᠬᠡᠷᠡᠭᠯᠡᠬᠦ ᠵᠢ ᠬᠡᠷᠡᠭᠵᠢᠭᠦᠯᠦᠨ᠎ᠡ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠡᠷᠦᠬᠡ᠂ ᠤᠯᠤᠰ᠎ᠤᠨ ᠥᠮᠴᠢᠯᠡᠯᠲᠦ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠬᠤᠷᠰᠢᠶ᠎ᠠ ᠵᠡᠷᠭᠡ ᠲᠠᠷᠢᠶᠠᠯᠠᠬᠤ ᠭᠠᠵᠠᠷ᠎ᠤᠨ ᠡᠵᠡᠩᠨᠡᠯᠲᠡ ᠵᠢᠨ ᠭᠤᠣᠯ ᠴᠣᠭᠴᠠ ᠵᠢ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠶ᠋ᠢᠷ᠎ᠠ ᠬᠠᠪᠢ᠎ᠳᠤ᠎ᠪᠠᠨ ᠦᠨ᠎ᠡ ᠲᠥᠯᠥᠪᠦᠷᠢ ᠦᠭᠡᠢ ᠠᠰᠢᠭᠯᠠᠬᠤ ᠵᠢ ᠢᠳᠡᠪᠬᠢᠲᠡᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃
     ᠮᠠᠯᠲᠠᠨ ᠠᠪᠤᠭᠰᠠᠨ ᠬᠥᠷᠥᠰᠥ ᠵᠢ ᠲᠥᠯᠥᠪᠦᠷᠢ᠎ᠲᠠᠢ᠎ᠪᠠᠷ ᠬᠡᠷᠡᠭᠯᠡᠭᠦᠯᠦᠭᠰᠡᠨ ᠠᠰᠢᠭ ᠣᠷᠤᠯᠭ᠎ᠠ ᠵᠢ ᠡᠩ ᠲᠡᠷᠢᠭᠦᠨ᠎ᠳᠤ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠬᠡᠷᠡᠭᠲᠡᠢ᠃
     ᠭᠤᠷᠪᠠᠳᠤᠭ᠋ᠠᠷ ᠪᠦᠯᠦᠭ ᠬᠥᠷᠥᠰᠥ ᠰᠢᠷᠣᠢ ᠵᠢ ᠬᠠᠳᠠᠭ᠋ᠠᠯᠠᠨ ᠬᠠᠮᠢᠶᠠᠷᠴᠤ ᠬᠠᠮᠠᠭ᠋ᠠᠯᠠᠬᠤ
     ᠬᠤᠷᠢᠨ ᠨᠢᠭᠡᠳᠦᠭᠡᠷ ᠵᠦᠢ᠍ᠯ
ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠬᠤᠷ ᠬᠤᠭᠤᠴᠠᠭ᠋ᠠᠨ᠎ᠳᠤ ᠠᠰᠢᠭᠯᠠᠬᠤ ᠵᠢᠨ ᠠᠷᠭ᠎ᠠ ᠦᠭᠡᠢ ᠪᠣᠯ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠬᠤ ᠵᠢ ᠬᠡᠷᠡᠭᠵᠢᠭᠦᠯᠦᠭᠰᠡᠨ ᠨᠢᠭᠡᠴᠢ᠎ᠨᠢ ᠲᠡᠭᠦᠨ ᠵᠶ᠋ᠠᠨ ᠣᠶ᠋ᠢᠷ᠎ᠠ ᠬᠠᠪᠢ ᠵᠢᠨ ᠲᠥᠷ ᠬᠠᠳᠠᠭ᠋ᠠᠯᠠᠬᠤ ᠴᠡᠭ᠎ᠲᠤ ᠵᠥᠭᠡᠭᠡᠪᠦᠷᠢᠯᠡᠨ ᠬᠦᠷᠭᠡᠵᠦ ᠬᠠᠳᠠᠭ᠋ᠠᠯᠠᠬᠤ ᠬᠡᠷᠡᠭᠲᠡᠢ᠂ ᠲᠥᠷ ᠬᠠᠳᠠᠭ᠋ᠠᠯᠠᠬᠤ ᠴᠡᠭ᠎ᠢ ᠬᠤᠰᠢᠭᠤ ᠰᠢᠶᠠᠨ (ᠬᠤᠳᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
     ᠲᠦᠷ ᠬᠠᠳᠠᠭ᠋ᠠᠯᠠᠬᠤ ᠴᠡᠭ᠎ᠢ ᠲᠣᠭᠲᠠᠭ᠋ᠠᠬᠤ᠎ᠳᠤ ᠵᠥᠭᠡᠭᠡᠪᠦᠷᠢᠯᠡᠬᠦ ᠵᠠᠢ᠂ ᠠᠰᠢᠭᠯᠠᠬᠤ ᠥᠪᠡᠷ᠎ᠤᠨ ᠥᠷᠲᠡᠭ ᠵᠢᠴᠢ ᠡᠷᠬᠢᠨ ᠲᠣᠭᠤᠷᠢᠨ᠎ᠤ ᠣᠷᠴᠢᠨ ᠲᠣᠭᠤᠷᠢᠨ᠎ᠳᠤ ᠦᠵᠡᠭᠦᠯᠬᠦ ᠨᠥᠯᠥᠭᠡ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠲᠠᠷᠢᠶᠠᠯᠠᠬᠤ ᠭᠠᠵᠠᠷ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠤᠰᠤᠨ ᠰᠤᠷᠪᠤᠯᠵᠢ ᠵᠢᠨ ᠣᠷᠣᠨ ᠵᠡᠷᠭᠡ ᠬᠦᠨᠳᠡᠭᠦᠷᠢ᠎ᠲᠠᠢ ᠭᠤᠣᠯᠳᠠᠯᠭ᠎ᠠ ᠪᠣᠯᠬᠤ ᠣᠷᠣᠨ ᠪᠦᠰᠡ᠎ᠠᠴᠠ ᠵᠠᠶ᠋ᠢᠯᠠᠭᠤᠯᠤᠨ᠂ ᠦᠯᠡᠳᠡᠭᠡᠯ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠤᠶᠤ ᠠᠰᠢᠭᠯᠠᠭ᠋ᠠᠳᠤᠢ ᠭᠠᠵᠠᠷ᠎ᠢ ᠤᠷᠢᠳ ᠵᠶ᠋ᠠᠷ ᠰᠣᠩᠭᠤᠨ ᠬᠠᠳᠠᠭ᠋ᠠᠯᠠᠬᠤ ᠴᠡᠭ ᠪᠣᠯᠭ᠋ᠠᠬᠤ ᠬᠡᠷᠡᠭᠲᠡᠢ᠃
     ᠬᠤᠷᠢᠨ ᠬᠤᠶᠠᠳᠤᠭ᠋ᠠᠷ ᠵᠦᠢ᠍ᠯ ᠬᠠᠳᠠᠭ᠋ᠠᠯᠠᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ (ᠬᠤᠳᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠬᠠᠮᠢᠶᠠᠷᠴᠤ᠂ ᠬᠠᠳᠠᠭ᠋ᠠᠯᠠᠬᠤ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠂ ᠬᠠᠳᠠᠭ᠋ᠠᠯᠠᠬᠤ᠎ᠳᠤ᠎ᠪᠠᠨ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ᠎ᠤᠨ ᠶᠣᠰᠣᠭ᠋ᠠᠷ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠢᠳᠡᠭᠳᠡᠬᠦ᠂ ᠬᠥᠷᠥᠰᠥ ᠰᠢᠷᠣᠢ ᠵᠢᠨ ᠴᠢᠨᠠᠷ ᠮᠠᠭᠤᠵᠢᠷᠠᠬᠤ ᠪᠠ ᠠᠮᠤᠷ ᠲᠦᠪᠰᠢᠨ ᠪᠤᠰᠤ ᠲᠠᠯᠳᠠ ᠭᠡᠮ ᠭᠠᠷᠬᠤ ᠵᠢ ᠰᠡᠷᠭᠡᠶ᠋ᠢᠯᠡᠨ ᠬᠤᠷᠢᠭᠯᠠᠬᠤ ᠬᠡᠷᠡᠭᠲᠡᠢ᠃
     ᠬᠤᠷᠢᠨ ᠭᠤᠷᠪᠠᠳᠤᠭ᠋ᠠᠷ ᠵᠦᠢ᠍ᠯ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠵᠥᠭᠡᠭᠡᠪᠦᠷᠢᠯᠡᠬᠦ᠎ᠳᠤ᠎ᠪᠠᠨ ᠵᠥᠭᠡᠭᠡᠪᠦᠷᠢᠯᠡᠬᠦ ᠵᠠᠮ ᠱᠤᠭᠤᠮ᠎ᠢ ᠵᠦᠢ ᠵᠣᠬᠢᠰᠲᠠᠢ ᠲᠣᠬᠢᠷᠠᠭᠤᠯᠵᠤ᠂ ᠵᠣᠷᠢᠭᠰᠠᠨ ᠭᠠᠵᠠᠷ᠎ᠲᠤ᠎ᠪᠠᠨ ᠨᠢᠭᠡ ᠯᠡ ᠤᠳᠠᠭ᠎ᠠ᠎ᠳᠤ ᠵᠥᠭᠡᠭᠡᠪᠦᠷᠢᠯᠡᠨ ᠬᠦᠷᠭᠡᠬᠦ ᠠᠷᠭ᠎ᠠ ᠮᠠᠶᠢᠭ ᠵᠶ᠋ᠠᠷ ᠵᠥᠭᠡᠭᠡᠪᠦᠷᠢᠯᠡᠵᠦ᠂ ᠵᠥᠭᠡᠭᠡᠪᠦᠷᠢᠯᠡᠬᠦ ᠶᠠᠪᠤᠴᠠ᠎ᠳᠤ ᠬᠥᠷᠥᠰᠥ ᠰᠢᠷᠣᠢ ᠵᠢᠨ ᠢᠳᠡᠭᠳᠡᠯ ᠪᠠ ᠲᠣᠭᠤᠰᠣ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃
     ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ
     ᠬᠤᠷᠢᠨ ᠳᠥᠷᠪᠡᠳᠦᠭᠡᠷ ᠵᠦᠢ᠍ᠯ
ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠤ ᠬᠢᠨᠠᠯᠲᠠ ᠲᠠᠯᠪᠢᠬᠤ ᠪᠠ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃
     ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠭᠰᠠᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠪᠠᠶ᠋ᠢᠴᠠᠭ᠋ᠠᠵᠤ᠂ ᠵᠢᠯ ᠪᠦᠷᠢ ᠵᠢᠨ ᠵᠢᠯ᠎ᠤᠨ ᠡᠴᠦᠰ᠎ᠲᠤ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠤ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠢ᠃
     ᠬᠤᠷᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠲᠤᠰ ᠭᠠᠵᠠᠷ ᠣᠷᠣᠨ᠎ᠤ᠎ᠪᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
     ᠬᠤᠷᠢᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠮᠡᠳᠡᠭᠡ ᠵᠠᠩᠭᠢ᠎ᠪᠠᠨ ᠴᠠᠭ ᠲᠤᠬᠠᠢ᠎ᠳᠤ᠎ᠨᠢ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠦᠬᠦᠢ ᠨᠢᠭᠡᠴᠢ᠎ᠯᠦᠭᠡ ᠮᠡᠳᠡᠭᠡ ᠵᠠᠩᠭᠢ᠎ᠪᠠᠨ ᠬᠠᠮᠲᠤ᠎ᠪᠠᠷ ᠭᠥᠷᠳᠡᠬᠦ ᠵᠢ ᠴᠢᠩᠭ᠋ᠠᠳᠬᠠᠬᠤ ᠬᠡᠷᠡᠭᠲᠡᠢ᠃
     ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
     ᠬᠤᠷᠢᠨ ᠳᠣᠯᠣᠳᠤᠭ᠋ᠠᠷ ᠵᠦᠢ᠍ᠯ
ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
        ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                  2024 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠳᠠᠷᠤᠮᠠᠯᠯᠠᠨ ᠲᠠᠷᠬᠠᠭ᠋ᠠᠪᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ ᠬᠤᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶ᠋ᠢᠯᠤᠯ ①
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠎ᠤᠨ᠎ᠬᠢᠨ ᠪᠥᠬᠦ ᠨᠠᠮ᠎ᠤᠨ ᠬᠡᠪᠴᠢᠶᠡᠨ᠎ᠳᠤ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠬᠦᠯᠬᠦ ᠲᠤᠬᠠᠢ 《ᠮᠡᠳᠡᠭᠳᠡᠯ》 ᠳᠠᠷᠤᠮᠠᠯᠯᠠᠨ ᠲᠠᠷᠬᠠᠭ᠋ᠠᠯ᠎ᠠ
ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠠᠶᠤᠯ ᠦᠭᠡᠶ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠤᠯᠤᠰ᠎ᠤᠨ ᠠᠭᠤᠷᠬᠠᠶ ᠵᠢᠨ ᠠᠶᠤᠯ ᠦᠭᠡᠶ ᠵᠢ ᠬᠢᠨᠠᠨ ᠪᠠᠶ᠋ᠢᠴᠠᠭ᠋ᠠᠬᠤ ᠲᠣᠪᠴᠢᠶ᠎ᠠ ᠥᠪᠥᠷ ᠮᠣᠩᠭᠣᠯ᠎ᠤᠨ ᠲᠣᠪᠴᠢᠶ᠎ᠠ ᠵᠢᠨ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠦᠨᠡᠯᠡᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ
 
            