ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠪᠥᠬᠦ ᠨᠠᠮ᠎ᠤᠨ ᠬᠡᠪᠴᠢᠶᠡᠨ᠎ᠳᠤ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》 (《ᠮᠡᠳᠡᠭᠳᠡᠯ》 ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ᠄ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠵᠦ᠂ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠢᠨᠲᠠᠷᠠᠰᠢ ᠦᠭᠡᠢ ᠨᠠᠶ᠋ᠢᠳᠠᠪᠤᠷᠢᠵᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠶ ᠪᠣᠯᠭ᠋ᠠᠬᠤ ᠲᠡᠶ᠋ᠢᠰᠢ ᠠᠬᠢᠭᠤᠯᠵᠤ᠂ ᠨᠠᠮ᠎ᠤᠨ ᠲᠥᠪ ᠬᠤᠷᠢᠶ᠎ᠠ᠎ᠪᠠᠷ ᠵᠥᠪᠰᠢᠶᠡᠷᠡᠭᠦᠯᠦᠭᠡᠳ ᠪᠦᠬᠦ ᠨᠠᠮ᠎ᠤᠨ ᠳᠣᠲᠣᠷ᠎ᠠ ᠲᠥᠪ ᠬᠤᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ (〈ᠰᠤᠷᠤᠯᠴᠠᠯᠭ᠎ᠠ ᠬᠥᠮᠦᠵᠢᠯ〉 ᠭᠡᠵᠦ ᠲᠤᠪᠴᠢᠯᠠᠶ᠎ᠠ)᠎ᠢ ᠥᠷᠨᠢᠭᠦᠯᠦᠨ᠎ᠡ᠃ ᠰᠤᠷᠤᠯᠴᠠᠯᠭ᠎ᠠ ᠬᠥᠮᠦᠵᠢᠯ᠎ᠢ 2025 ᠣᠨ᠎ᠤ ᠪᠦᠬᠦ ᠤᠯᠤᠰ᠎ᠤᠨ ᠬᠤᠶᠠᠷ ᠬᠤᠷᠠᠯ᠎ᠤᠨ ᠳᠠᠷᠠᠭ᠎ᠠ ᠡᠬᠢᠯᠡᠭᠦᠯᠵᠦ᠂ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠦᠨᠳᠦᠰᠦᠨ᠎ᠳᠤ᠎ᠪᠠᠨ ᠲᠠᠭᠤᠰᠬᠠᠨ᠎ᠠ》 ᠬᠡᠵᠡᠢ᠃
《ᠮᠡᠳᠡᠭᠳᠡᠯ》᠎ᠳᠤ᠄ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠢᠨ᠎ᠡ ᠡᠭᠦᠳᠦᠯᠲᠡ ᠵᠢᠨ ᠣᠨᠣᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠦᠬᠦ ᠨᠠᠮ᠎ᠢ ᠵᠣᠬᠢᠶᠠᠨ ᠪᠠᠶ᠋ᠢᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠰᠢᠬᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭ᠋ᠠᠳ ᠣᠯᠣᠭᠰᠠᠨ ᠢᠯᠡᠳᠲᠡ ᠦᠷ᠎ᠡ ᠪᠦᠲᠦᠮᠵᠢ ᠵᠢ ᠰᠢᠰᠲ᠋ᠧᠮ᠎ᠲᠠᠢ ᠳ᠋ᠦᠩᠨᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ . ᠴᠡᠭᠴᠡᠯᠡᠵᠤ᠂ ᠰᠤᠷᠲᠠᠯ ᠪᠠ ᠢᠯᠵᠠᠷᠠᠯ᠎ᠤᠨ ᠵᠢᠱ᠌ᠢᠶ᠎ᠡ᠎ᠪᠠᠷ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ ᠨᠠᠮ᠎ᠤᠨ ᠭᠡᠰᠢᠭᠦᠨ᠂ ᠺᠠᠳ᠋ᠷᠴᠤᠳ᠎ᠢ ᠵᠢᠯᠤᠭᠤᠳᠴᠤ ᠪᠠᠶ᠋ᠢᠭ᠋ᠠᠳ ᠨᠠᠮᠴᠢ ᠴᠢᠨᠠᠷ᠎ᠢ᠎ᠨᠢ ᠳᠠᠪᠲᠠᠨ ᠪᠣᠯᠪᠠᠰᠤᠷᠠᠭᠤᠯᠵᠤ᠂ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢ ᠪᠠᠳᠤᠯᠠᠨ ᠠᠷᠠᠳ ᠤᠯᠠᠨ᠎ᠤ ᠢᠲᠡᠭᠡᠯ ᠬᠦᠷᠢᠶᠡᠯᠡᠯ᠎ᠢ ᠲᠠᠰᠤᠷᠠᠯᠳᠠ ᠦᠭᠡᠢ ᠣᠯᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠨᠭ᠌ᠭ᠋ᠠᠬᠤ ᠬᠡᠷᠡᠭᠳᠡᠢ》 ᠭᠡᠵᠤ ᠱᠠᠭ᠋ᠠᠷᠳᠠᠪᠠ᠃
《ᠮᠡᠳᠡᠭᠳᠡᠯ》᠎ᠳᠤ᠄ 《ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠵᠤ᠂ ᠬᠢᠯᠪᠠᠷᠴᠢᠯᠠᠨ ᠪᠣᠳᠠᠲᠠᠢ ᠵᠢ ᠡᠷᠬᠢᠮᠯᠡᠵᠦ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ᠎ᠪᠠᠷ ᠰᠤᠷᠤᠯᠴᠠᠬᠤ ᠪᠠᠶ᠋ᠢᠴᠠᠭ᠋ᠠᠬᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ᠎ᠤᠨ ᠠᠵᠢᠯ᠎ᠳᠤ ᠠᠭᠤᠰᠤᠯᠴᠠᠭᠤᠯᠤᠨ᠂ ᠪᠠᠶ᠋ᠢᠩᠭᠤ ᠠᠳᠬᠤᠬᠤ ᠬᠡᠷᠡᠭᠲᠡᠢ᠃ ᠰᠤᠷᠤᠯᠴᠠᠵᠤ ᠰᠤᠳᠤᠯᠤᠨ ᠶᠠᠷᠢᠯᠴᠠᠬᠤ᠎ᠳᠤ ᠪᠠᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠠ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠵᠣᠬᠢᠶᠠᠨ ᠪᠠᠶ᠋ᠢᠭᠤᠯᠤᠨ ᠰᠤᠷᠤᠯᠴᠠᠵᠤ᠂ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢ ᠳ᠋ᠦᠩᠨᠡᠨ ᠰᠤᠷᠤᠯᠴᠠᠵᠤ ᠲᠠᠨᠢᠯᠲᠠ᠎ᠪᠠᠨ ᠳᠡᠭᠡᠭᠰᠢᠯᠡᠭᠦᠯᠦᠨ ᠢᠲᠡᠭᠡᠯ ᠵᠶ᠋ᠠᠨ ᠨᠡᠮᠡᠭᠳᠡᠭᠦᠯᠵᠦ ᠨᠠᠶ᠋ᠢᠳᠠᠪᠤᠷᠢᠵᠢᠭᠤᠯᠤᠯᠲᠠ ᠵᠢ ᠡᠷᠡᠰ ᠭᠤᠶ᠋ᠢᠪᠢᠰᠢ ᠦᠭᠡᠢ᠎ᠪᠠᠷ ᠰᠠᠶ᠋ᠢᠲᠤᠷ ᠠᠳᠬᠤᠬᠤ ᠬᠡᠷᠡᠭᠲᠡᠢ᠃ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦᠳᠤᠪᠠᠨ ᠪᠠᠷᠢᠮᠵᠢᠶ᠎ᠠ ᠵᠢ ᠬᠠᠷᠭᠤᠭᠤᠯᠬᠤ ᠬᠦᠰᠦᠨᠦᠭᠲᠦ ᠵᠢ ᠪᠠᠶ᠋ᠢᠴᠠᠭ᠋ᠠᠨ ᠳᠡᠯᠭᠡᠬᠦ᠎ᠪᠠᠷ ᠳᠠᠮᠵᠢᠭᠤᠯᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ᠂ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶ᠋ᠢᠴᠠᠭ᠋ᠠᠬᠤ᠂ ᠪᠠᠶ᠋ᠢᠴᠠᠭ᠋ᠠᠨ ᠰᠤᠳᠤᠯᠤᠯᠲᠠ ᠬᠢᠬᠦ᠂ ᠵᠠᠬᠢᠳᠠᠯ ᠰᠣᠷᠪᠤᠯᠵᠢᠯᠠᠭ᠎ᠠ᠎ᠪᠠᠷ ᠲᠤᠰᠬᠠᠬᠤ ᠵᠡᠷᠭᠡ ᠠᠷᠭ᠎ᠠ ᠵᠠᠮ᠎ᠢ ᠭᠦᠢ᠍ᠴᠡᠳ ᠬᠡᠷᠡᠭᠯᠡᠨ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠭᠦᠨᠵᠡᠭᠡᠢ ᠡᠷᠢᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠬᠦ᠎ᠳᠤ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ᠎ᠢ ᠰᠢᠢ᠍ᠳᠪᠦᠷᠢᠯᠡᠬᠦ᠂ ᠶᠠᠮᠠᠷ ᠠᠰᠠᠭᠤᠳᠠᠯ ᠲᠣᠪᠣᠶ᠋ᠢᠮ᠎ᠠ ᠪᠠᠶ᠋ᠢᠪᠠᠯ ᠲᠡᠷᠡ ᠠᠰᠠᠭᠤᠳᠠᠯ᠎ᠢ ᠭᠤᠣᠯᠳᠠᠯᠭ᠎ᠠ᠎ᠲᠠᠢ ᠴᠡᠭᠴᠡᠯᠡᠬᠡᠳ ᠳᠠᠷᠤᠢ ᠪᠠᠶ᠋ᠢᠴᠠᠭ᠋ᠠᠵᠤ ᠳᠠᠷᠤᠢ ᠥᠭᠡᠷᠡᠴᠢᠯᠡᠵᠦ ᠲᠠᠷᠤᠢ ᠮᠡᠳᠡᠵᠦ ᠳᠠᠷᠤᠢ ᠥᠭᠡᠷᠡᠴᠢᠯᠡᠬᠦ ᠬᠡᠷᠡᠭᠲᠡᠢ᠃ ᠨᠡᠬᠡᠬᠡᠯᠳᠡᠯᠢᠭ ᠵᠶ᠋ᠠᠷ ᠬᠥᠮᠥᠵᠢᠭᠦᠯᠬᠦ᠎ᠳᠤ ᠤᠯᠠᠨ ᠲᠦᠮᠡᠨ᠎ᠤ ᠤᠷᠤᠯᠴᠠᠭ᠎ᠠ ᠵᠢ ᠴᠢᠬᠤᠯᠠᠴᠢᠯᠠᠵᠤ᠂ ᠤᠯᠠᠨ ᠲᠦᠮᠡᠨ᠎ᠤ ᠬᠢᠨᠠᠯᠲᠠ ᠵᠢ ᠬᠦᠯᠢᠶᠡᠵᠦ ᠡᠯ᠎ᠡ ᠱᠠᠲᠤᠨ᠎ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠵᠠᠮᠨᠠᠨ ᠨᠠᠮ᠎ᠤᠨ ᠭᠡᠰᠢᠭᠦᠨ᠂ ᠺᠠᠳ᠋ᠷ᠎ᠢ ᠵᠣᠬᠢᠶᠠᠨ ᠪᠠᠶ᠋ᠢᠭᠤᠯᠤᠨ ᠠᠵᠢᠯ᠎ᠤᠨ ᠪᠠᠶ᠋ᠢᠷᠢ᠎ᠳᠤ᠎ᠪᠠᠨ ᠰᠠᠭᠤᠷᠢᠯᠠᠵᠤ ᠴᠢᠨᠠᠷᠯᠢᠭ ᠬᠥᠭᠵᠢᠯᠲᠡ ᠵᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠬᠤ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠵᠢ ᠪᠡᠶᠡᠯᠡᠭᠦᠯᠬᠦ ᠳᠤᠮᠳᠠ ᠡᠭᠦᠷᠭᠡᠯᠡᠨ ᠠᠵᠢᠯᠯᠠᠵᠤ ᠤᠯᠠᠨ ᠲᠦᠮᠡᠨ᠎ᠳᠤ ᠦᠢ᠍ᠯᠡᠴᠢᠯᠡᠵᠦ ᠤᠯᠠᠨ ᠲᠦᠮᠡᠨ᠎ᠳᠤ ᠰᠠᠶ᠋ᠢᠬᠠᠨ ᠲᠥᠷᠥᠭᠳᠡᠯ ᠦᠭᠭᠦ ᠬᠡᠷᠡᠭᠳᠡᠢ》 ᠭᠡᠵᠤ ᠴᠢᠬᠤᠯᠠᠴᠢᠯᠠᠯ᠎ᠠ᠃
《ᠮᠡᠳᠡᠭᠳᠡᠯ》᠎ᠳᠤ᠄ 《ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠬᠡᠴᠢ ᠵᠢᠨ ᠰᠤᠷᠤᠯᠴᠠᠯᠭ᠎ᠠ ᠬᠥᠮᠦᠵᠢᠯ᠎ᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠭᠤᠣᠯ ᠬᠠᠷᠢᠭᠤᠴᠠᠯᠭ᠋ᠠᠲᠠᠨ ᠨᠥᠬᠦᠳ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠵᠦ ᠭᠤᠣᠯ ᠠᠵᠢᠯ᠎ᠲᠠᠢ ᠨᠢᠭᠲᠠ ᠤᠶᠠᠯᠳᠤᠭᠤᠯᠵᠤ ᠪᠠᠶ᠋ᠢᠭ᠋ᠠᠳ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠲᠦᠷᠦᠯ ᠬᠤᠪᠢᠶᠠᠨ ᠵᠢᠯᠤᠭᠤᠳᠬᠤ ᠠᠵᠢᠯ᠎ᠢ ᠴᠢᠩᠭ᠋ᠠᠳᠬᠠᠵᠤ ᠤᠬᠠᠭᠤᠯᠵᠤ ᠵᠢᠯᠤᠭᠤᠳᠬᠤ ᠠᠵᠢᠯ᠎ᠢ ᠰᠠᠶ᠋ᠢᠲᠤᠷ ᠬᠢᠵᠦ ᠬᠡᠯᠪᠡᠷᠢᠴᠢ ᠦᠵᠡᠯ᠎ᠢ ᠡᠷᠡᠰ ᠡᠰᠡᠷᠭᠦᠴᠡᠬᠦ ᠬᠡᠷᠡᠭᠲᠡᠢ》 ᠬᠡᠵᠡᠢ᠃