ᠡᠯ᠎ᠡ ᠠᠶ᠋ᠢᠮᠠᠭ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ (ᠠᠭᠤᠷᠬᠠᠶ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)᠂ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ ᠵᠢᠨ ᠡᠯ᠎ᠡ ᠬᠠᠤᠯᠢ ᠬᠡᠷᠡᠭᠵᠢᠭᠦᠯᠬᠦ ᠭᠠᠵᠠᠷ᠄
ᠪᠦᠬᠦ ᠣᠷᠣᠨ᠎ᠤ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ ᠧᠮᠵᠢ ᠵᠢᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠵᠢᠯ᠎ᠢ ᠵᠢᠷᠤᠮᠵᠢᠭᠤᠯᠬᠤ ᠬᠡᠷᠡᠭᠲᠡᠶ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 10 ᠳ᠋ᠤᠭ᠋ᠠᠷ ᠲᠣᠭ᠋ᠠᠲᠤ) ᠪᠠ ᠠᠭᠤᠷᠬᠠᠶ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ (2024 —2026) ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠂ ᠤᠯᠤᠰ᠎ᠤᠨ ᠠᠭᠤᠷᠬᠠᠢ ᠵᠢᠨ ᠠᠶᠤᠯᠭᠦᠢ ᠵᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠨᠡᠭᠦᠷᠡᠰᠦᠨ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮ᠎ᠢ ᠬᠢᠨᠠᠨ ᠰᠢᠯᠭ᠋ᠠᠵᠤ ᠲᠡᠰ ᠲᠣᠭᠲᠠᠭ᠋ᠠᠬᠤ ᠠᠷᠭ᠎ᠠ》 ᠪᠠ 《ᠨᠡᠭᠦᠷᠡᠰᠦᠨ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮ᠎ᠤᠨ ᠦᠨᠳᠦᠰᠦᠨ ᠱᠠᠭ᠋ᠠᠷᠳᠠᠯᠭ᠎ᠠ ᠵᠢᠴᠢ ᠬᠤᠪᠢ ᠲᠣᠭᠲᠠᠭ᠋ᠠᠬᠤ ᠠᠷᠭ᠎ᠠ》 (ᠠᠭᠤᠷᠬᠠᠢ ᠵᠢᠨ ᠠᠶᠤᠯᠭᠦᠢ [2024] 109 ᠳ᠋ᠦ᠍ᠭᠡᠷ ᠲᠣᠭ᠋ᠠᠲᠤ) ᠵᠢ ᠦᠨᠳᠦᠰᠦᠯᠡᠨ᠂ ᠨᠡᠭᠦᠷᠡᠰᠦᠨ ᠠᠭᠤᠷᠬᠠᠶ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠣᠯᠪᠣᠭᠳᠠᠯ ᠪᠥᠬᠥᠶ ᠤᠴᠢᠷ᠎ᠢ ᠡᠳᠦᠭᠡ ᠳᠤᠤᠷᠠᠬᠢ ᠮᠡᠲᠦ ᠮᠡᠳᠡᠭᠳᠡᠪᠡ᠃
ᠨᠢᠭᠡ᠂ ᠨᠡᠭᠦᠷᠡᠰᠦᠨ ᠠᠭᠤᠷᠬᠠᠶ ᠵᠢᠨ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠨᠡᠭᠦᠷᠡᠰᠦᠨ ᠠᠭᠤᠷᠬᠠᠶ ᠵᠢᠨ ᠠᠵᠤ ᠠᠬᠤᠶ᠋ᠢᠯᠠᠯ᠎ᠤᠳ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠦᠢ᠍ᠯᠡᠳᠦᠯᠭᠡ ᠪᠣᠯᠬᠤ᠂ ᠨᠡᠭᠦᠷᠡᠰᠦᠨ ᠠᠭᠤᠷᠬᠠᠶ ᠵᠢᠨ ᠲᠤᠬᠠᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠨᠡᠭᠦᠷᠡᠰᠦᠨ ᠠᠭᠤᠷᠬᠠᠶ ᠵᠢᠨ ᠦᠢ᠍ᠯᠡᠳᠪᠦᠷᠢᠯᠡᠯ᠎ᠤᠨ ᠠᠶᠤᠯ ᠦᠭᠡᠶ ᠵᠢᠨ ᠡᠨᠳᠡᠯ᠎ᠢ ᠰᠡᠷᠭᠡᠶ᠋ᠢᠯᠡᠬᠦ ᠪᠠ ᠪᠠᠭ᠋ᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠵᠢ ᠭᠦᠨᠵᠡᠭᠡᠶ ᠲᠠᠨᠢᠵᠤ᠂ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠷᠢᠮᠵᠢᠶ᠎ᠠ᠎ᠳᠤ ᠬᠦᠷᠦᠭᠦᠯᠬᠦ ᠵᠢ ᠡᠭᠦᠳᠦᠨ ᠪᠠᠶ᠋ᠢᠭᠤᠯᠬᠤ ᠠᠵᠢᠯ ᠥᠷᠨᠢᠭᠦᠯᠬᠦ ᠵᠢ ᠢᠳᠡᠪᠬᠢᠲᠡᠶ᠎ᠪᠠᠷ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠎ᠨᠢ ᠪᠡᠶ᠎ᠡ᠎ᠪᠠᠷ ᠵᠶ᠋ᠠᠨ ᠲᠥᠯᠥᠪᠵᠢᠭᠦᠯᠵᠦ᠂ ᠪᠥᠬᠥ ᠶᠠᠪᠤᠴᠠ᠎ᠪᠠᠷ ᠣᠷᠣᠯᠴᠠᠨ᠂ ᠲᠤᠰᠬᠠᠶ ᠠᠵᠢᠯᠲᠠᠨ ᠲᠣᠬᠢᠷᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠶ ᠪᠣᠯᠪᠠᠰᠤᠷᠠᠭᠤᠯᠤᠯ ᠥᠷᠨᠢᠭᠦᠯᠦᠨ᠂ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠡᠯ᠎ᠡ ᠬᠦᠴᠦᠨ ᠵᠦᠢ᠍ᠯ᠂ ᠡᠯ᠎ᠡ ᠲᠤᠰᠬᠠᠶ ᠮᠡᠷᠭᠡᠵᠢᠯ᠎ᠤᠨ ᠬᠠᠮᠢᠶᠠᠷᠤᠯᠲᠠ ᠵᠢ ᠰᠠᠶ᠋ᠢᠲᠤᠷ ᠠᠳᠬᠤᠵᠤ᠂ ᠪᠡᠶ᠎ᠡ᠎ᠪᠠᠨ ᠳᠠᠭ᠋ᠠᠭ᠋ᠠᠨ ᠠᠵᠢᠯᠯᠠᠬᠤ᠂ ᠦᠷᠭᠦᠯᠵᠢᠯᠡᠨ ᠰᠠᠶ᠋ᠢᠵᠢᠷᠠᠭᠤᠯᠬᠤ ᠳᠣᠲᠣᠭ᠋ᠠᠳᠤ ᠵᠢᠨ ᠲᠣᠭᠲᠠᠴᠠ ᠵᠢ ᠦᠨᠡᠨᠬᠦ ᠪᠤᠢ ᠪᠣᠯᠭ᠋ᠠᠬᠤ ᠬᠡᠷᠡᠭᠲᠡᠶ᠃ ᠪᠤᠢ ᠪᠦᠬᠦᠢ ᠬᠠᠤᠯᠢ ᠶᠣᠰᠣᠨ᠎ᠤ ᠦᠢ᠍ᠯᠡᠳᠪᠦᠷᠢᠯᠡᠯ ᠨᠡᠭᠦᠷᠡᠰᠦᠨ ᠠᠭᠤᠷᠬᠠᠢ᠎ᠨᠢ ᠡᠷᠬᠡᠪᠰᠢ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮ᠎ᠤᠨ ᠵᠡᠷᠭᠡ ᠳᠡᠰ᠎ᠢ ᠤᠯᠬᠤ ᠬᠡᠷᠡᠭᠲᠡᠢ (3 ᠰᠠᠷ᠎ᠠ ᠵᠢᠨ ᠳᠣᠲᠣᠷ᠎ᠠ ᠡᠭᠦᠳᠡ᠎ᠪᠠᠨ ᠬᠠᠭ᠋ᠠᠵᠤ ᠤᠬᠤᠷᠢᠨ ᠭᠠᠷᠤᠭᠰᠠᠨ ᠨᠡᠭᠦᠷᠡᠰᠦᠨ ᠠᠭᠤᠷᠬᠠᠢ ᠡᠭᠦᠨ᠎ᠳᠤ ᠪᠠᠭᠲᠠᠬᠤ ᠦᠭᠡᠢ); ᠪᠠᠶ᠋ᠢᠭᠤᠯᠵᠤ ᠪᠠᠶ᠋ᠢᠭ᠎ᠠ ᠨᠡᠭᠦᠷᠡᠰᠦᠨ ᠠᠭᠤᠷᠬᠠᠶ᠎ᠨᠢ ᠬᠠᠮᠲᠤᠷᠠᠨ ᠲᠤᠷᠰᠢᠨ ᠠᠵᠢᠯᠯᠠᠵᠤ ᠪᠠᠢ᠌ᠭ᠎ᠠ ᠬᠤᠭᠤᠴᠠᠭ᠋ᠠᠨ᠎ᠳᠤ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠳᠡᠰ ᠲᠣᠭᠲᠠᠭ᠋ᠠᠬᠤ ᠵᠢ ᠭᠤᠶᠤᠴᠢᠯᠠᠵᠤ ᠪᠣᠯᠤᠨ᠎ᠠ; ᠦᠢ᠍ᠯᠡᠳᠪᠦᠷᠢᠯᠡᠯ ᠵᠣᠭᠰᠣᠭᠰᠠᠨ ᠨᠡᠭᠦᠷᠡᠰᠦᠨ ᠠᠭᠤᠷᠬᠠᠶ (ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠲᠠᠰ ᠥᠬᠡᠶ)᠎ᠨᠢ ᠦᠢ᠍ᠯᠡᠳᠪᠦᠷᠢᠯᠡᠯ ᠵᠶ᠋ᠠᠨ ᠰᠡᠷᠭᠦᠭᠡᠵᠦ ᠰᠢᠯᠭ᠋ᠠᠨ ᠠᠪᠬᠤ᠎ᠠᠴᠠ ᠡᠮᠦᠨ᠎ᠡ᠂ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠲᠠᠰ ᠲᠣᠭᠲᠠᠭ᠋ᠠᠬᠤ ᠵᠢ ᠭᠤᠶᠤᠴᠢᠯᠠᠬᠤ ᠬᠡᠷᠡᠭᠲᠡᠶ᠃
ᠬᠣᠶᠠᠷ᠂ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠬᠢᠨᠠᠨ ᠰᠢᠯᠭ᠋ᠠᠵᠤ ᠳᠡᠰ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠬᠤ ᠬᠡᠷᠡᠭᠲᠡᠶ᠃ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢᠨ ᠨᠢᠭᠡᠳᠦᠭᠡᠷ ᠳᠡᠰ ᠵᠶ᠋ᠠᠷ ᠮᠡᠳᠡᠭᠦᠯᠦᠭᠰᠡᠨ ᠨᠡᠭᠦᠷᠡᠰᠦᠨ ᠠᠭᠤᠷᠬᠠᠶ ᠵᠢ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠠᠶᠤᠯ ᠦᠭᠡᠶ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠩᠬ᠎ᠠ ᠬᠢᠨᠠᠵᠤ ᠪᠠᠲᠤᠯᠠᠭᠰᠠᠨ᠎ᠤ ᠳᠠᠷᠠᠭ᠎ᠠ᠂ ᠤᠯᠤᠰ᠎ᠤᠨ ᠠᠭᠤᠷᠬᠠᠶ ᠵᠢᠨ ᠠᠶᠤᠯ ᠦᠭᠡᠶ ᠵᠢ ᠬᠢᠨᠠᠨ ᠪᠠᠶ᠋ᠢᠴᠠᠭ᠋ᠠᠬᠤ ᠲᠣᠪᠴᠢᠶ᠎ᠠ᠎ᠳᠤ ᠮᠡᠳᠡᠭᠦᠯᠦᠨ ᠬᠢᠨᠠᠨ ᠰᠢᠯᠭ᠋ᠠᠵᠤ ᠳᠡᠰ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠬᠣᠶᠠᠳᠤᠭ᠋ᠠᠷ ᠳᠡᠰ᠂ ᠭᠤᠷᠪᠠᠳᠤᠭ᠋ᠠᠷ ᠳᠡᠰ ᠵᠶ᠋ᠠᠷ ᠮᠡᠳᠡᠭᠦᠯᠦᠭᠰᠡᠨ ᠲᠥᠪ᠎ᠤᠨ ᠠᠵᠤ ᠠᠬᠤᠶ᠋ᠢᠯᠠᠯ᠎ᠤᠨ ᠨᠡᠭᠦᠷᠡᠰᠦᠨ ᠠᠭᠤᠷᠬᠠᠶ (ᠲᠥᠪ᠎ᠤᠨ ᠠᠵᠤ ᠠᠬᠤᠶ᠋ᠢᠯᠠᠯ᠎ᠤᠨ ᠬᠤᠪᠢ ᠡᠵᠡᠯᠡᠬᠦ ᠬᠠᠷᠢᠴᠠᠯ᠎ᠨᠢ 50 %᠎ᠠᠴᠠ ᠶᠡᠬᠡ) ᠵᠢ ᠠᠶ᠋ᠢᠮᠠᠭ ᠬᠣᠲᠠ ᠵᠢᠨ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠩᠬ᠎ᠠ ᠬᠢᠨᠠᠬᠤ ᠵᠢ ᠵᠣᠬᠢᠶᠠᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠠᠶᠤᠯ ᠦᠭᠡᠶ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠢᠨᠠᠨ ᠰᠢᠯᠭ᠋ᠠᠵᠤ ᠳᠡᠰ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠬᠣᠶᠠᠳᠤᠭ᠋ᠠᠷ ᠳᠡᠰ᠂ ᠭᠤᠷᠪᠠᠳᠤᠭ᠋ᠠᠷ ᠳᠡᠰ ᠵᠶ᠋ᠠᠷ ᠮᠡᠳᠡᠭᠦᠯᠦᠭᠰᠡᠨ ᠪᠤᠰᠤᠳ ᠨᠡᠭᠦᠷᠡᠰᠦᠨ ᠠᠭᠤᠷᠬᠠᠶ ᠵᠢ ᠬᠣᠰᠢᠭᠤ ᠰᠢᠶᠠᠨ (ᠬᠣᠲᠠ᠂ ᠲᠣᠭᠣᠷᠢᠭ)᠎ᠤ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠩᠬ᠎ᠠ ᠬᠢᠨᠠᠬᠤ ᠵᠢ ᠵᠣᠬᠢᠶᠠᠨ ᠪᠠᠶ᠋ᠢᠭᠤᠯᠵᠤ᠂ ᠠᠶ᠋ᠢᠮᠠᠭ ᠬᠣᠲᠠ ᠵᠢᠨ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠰᠢᠯᠭ᠋ᠠᠵᠤ ᠳᠡᠰ ᠲᠣᠭᠲᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠠᠶ᠋ᠢᠮᠠᠭ ᠬᠣᠲᠠ ᠵᠢᠨ ᠨᠡᠭᠦᠷᠡᠰᠦᠨ ᠠᠭᠤᠷᠬᠠᠶ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠰᠢᠯᠭ᠋ᠠᠵᠤ ᠳᠡᠰ ᠲᠣᠭᠲᠠᠭ᠋ᠠᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠬᠤ ᠪᠤᠶᠤ ᠨᠠᠶ᠋ᠢᠳᠠᠵᠤ ᠪᠣᠯᠬᠤ ᠦᠭᠡᠶ᠃
ᠨᠠᠷᠢᠨ ᠠᠭᠣᠯᠭ᠎ᠠ ᠵᠢ ᠳᠣᠣᠷᠠᠬᠢ ᠰᠦᠯᠵᠢᠶᠡᠨ᠎ᠠᠴᠠ ᠦᠵᠡᠭᠡᠷᠡᠢ;
https://yjglt.nmg.gov.cn/zwgk/xxgk/fdzdgjbr/zcwj2021/202503/t20250327_2689072.html