ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2025 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠨᠡᠶ᠋ᠢᠲᠡᠯᠡᠭᠰᠡᠨ ᠴᠠᠭ᠄ 2025-04-17

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
     ᠥᠪᠥᠷ ᠵᠠᠰᠠᠭ ᠲᠠᠷᠬᠠᠭ᠋ᠠᠭᠰᠠᠨ  [2025 10 ᠳ᠋ᠤᠭ᠋ᠠᠷ ᠲᠣᠭ᠋ᠠᠲᠤ


      2025 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠲᠤᠬᠠᠢ
      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     ᠶᠡᠷᠦᠩᠬᠡᠢ ᠱᠦᠵᠢ ᠰᠢ ᠵᠢᠨ ᠫᠢᠩ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠢ ᠪᠦᠲᠦᠮᠵᠢᠲᠡᠶ ᠰᠡᠷᠭᠡᠶ᠋ᠢᠯᠡᠨ ᠬᠤᠷᠢᠭᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠵᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ᠎ᠢ ᠨᠡᠶ᠋ᠢᠲᠡᠯᠡᠪᠡ᠃
     ᠨᠢᠭᠡ᠂ ᠭᠠᠯ ᠰᠡᠷᠭᠡᠶ᠋ᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ
     ᠰᠢᠯᠢ ᠵᠢᠨ ᠭᠤᠣᠯ ᠠᠶ᠋ᠢᠮᠠᠭ ᠵᠢᠴᠢ ᠲᠡᠭᠦᠨ᠎ᠠᠴᠠ ᠵᠡᠭᠦᠨᠰᠢᠬᠢ ᠭᠠᠵᠠᠷ ᠣᠷᠣᠨ᠎ᠤ ᠭᠠᠯ ᠲᠦᠢ᠍ᠮᠡᠷ ᠰᠡᠷᠭᠡᠶ᠋ᠢᠯᠡᠬᠦ ᠬᠤᠭᠤᠴᠠᠭ᠎ᠠ᠎ᠨᠢ ᠬᠠᠪᠤᠷ᠎ᠤᠨ ᠤᠯᠠᠷᠢᠯ᠎ᠤᠨ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 15᠎ᠤ ᠡᠳᠦᠷ᠂ ᠨᠠᠮᠤᠷ᠎ᠤᠨ ᠤᠯᠠᠷᠢᠯ᠎ᠤᠨ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠣᠨ᠎ᠠ᠂ ᠤᠯᠠᠭ᠋ᠠᠨᠴᠠᠪ ᠬᠤᠲᠠ ᠵᠢᠴᠢ ᠲᠡᠭᠦᠨ᠎ᠠᠴᠠ ᠪᠠᠷᠠᠭᠤᠨᠰᠢᠬᠢ ᠭᠠᠵᠠᠷ ᠣᠷᠣᠨ᠎ᠤ ᠭᠠᠯ ᠲᠦᠢ᠍ᠮᠡᠷ ᠰᠡᠷᠭᠡᠶ᠋ᠢᠯᠡᠬᠦ ᠬᠤᠭᠤᠴᠠᠭ᠎ᠠ᠎ᠨᠢ ᠲᠣᠰ ᠵᠢᠯ᠎ᠤᠨ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠢᠷᠡᠬᠦ ᠵᠢᠯ᠎ᠤᠨ 6 ᠳ᠋ᠤᠭ᠋ᠠᠷ ᠰᠠᠷ᠎ᠠ ᠵᠢᠨ 15᠎ᠤ ᠡᠳᠦᠷ ᠪᠣᠯᠣᠨ᠎ᠠ᠂ ᠡᠭᠦᠨ᠎ᠳᠤ᠂ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠭᠠᠯ ᠲᠦᠢ᠍ᠮᠡᠷ ᠰᠡᠷᠭᠡᠶ᠋ᠢᠯᠡᠬᠦ ᠬᠤᠭᠤᠴᠠᠭ᠎ᠠ᠎ᠨᠢ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠣᠨ᠎ᠠ᠃ ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠨᠢ ᠬᠠᠪᠤᠷ᠎ᠤᠨ ᠤᠯᠠᠷᠢᠯ᠎ᠤᠨ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ᠂ ᠨᠠᠮᠤᠷ᠎ᠤᠨ ᠤᠯᠠᠷᠢᠯ᠎ᠤᠨ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠃ ᠡᠯ᠎ᠡ ᠭᠠᠵᠠᠷ ᠣᠷᠣᠨ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠵᠦ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠪᠠᠨ ᠤᠷᠢᠳᠴᠢᠯᠠᠭᠤᠯᠬᠤ ᠪᠤᠶᠤ ᠬᠤᠶ᠋ᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭ᠋ᠠᠷ ᠪᠠ ᠣᠷᠣᠨ ᠪᠦᠰᠡ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠤᠨ ᠠᠯᠪᠠᠨ ᠭᠡᠷ᠎ᠲᠤ ᠪᠦᠷᠢᠳᠬᠡᠨ ᠳᠠᠩᠰᠠᠯᠠᠭᠤᠯᠬᠤ ᠵᠢᠨ ᠬᠠᠮᠲᠤ᠂ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃
     ᠬᠤᠶᠠᠷ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ
     ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠥᠨᠳᠡᠯᠡᠨ ᠭᠤᠯᠳᠤ᠎ᠪᠠᠷ ᠥᠷᠭᠡᠵᠢᠨ ᠭᠦᠨᠵᠡᠭᠡᠶ᠋ᠢᠷᠡᠭᠰᠡᠨ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠲᠠᠯ᠎ᠠ᠎ᠳᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠳᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠷᠢᠶ᠎ᠠ ᠭᠠᠵᠠᠷ᠎ᠤᠨ ᠤᠳᠤᠷᠢᠳᠬᠤ ᠬᠠᠷᠢᠭᠤᠴᠠᠯᠭ᠎ᠠ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠦᠢ᠍ᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ (ᠬᠤᠪᠢ ᠬᠥᠮᠥᠨ) ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠶ᠋ᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠤᠨ ᠪᠦᠷᠢᠯᠳᠦᠭᠦᠨ ᠨᠢᠭᠡᠴᠢ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠤᠪᠢ ᠬᠤᠪᠢᠨ᠎ᠤ ᠬᠠᠷᠢᠭᠤᠴᠠᠯᠭ᠎ᠠ᠎ᠪᠠᠨ ᠡᠭᠦᠷᠭᠡᠯᠡᠨ᠂ ᠨᠢᠭᠲᠠ ᠬᠠᠮᠵᠢᠯᠴᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠬᠠᠷᠠᠯᠲᠠ ᠨᠢᠭᠡᠲᠡᠢ ᠰᠠᠶ᠋ᠢᠲᠤᠷ ᠬᠦᠴᠦᠯᠡᠨ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠤᠪᠢᠶᠠᠷᠢᠯᠠᠨ ᠲᠣᠭᠲᠠᠭ᠋ᠠᠭᠰᠠᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠬᠦ ᠬᠠᠷᠢᠭᠤᠴᠠᠯᠭ᠎ᠠ ᠵᠢᠨ ᠣᠷᠣᠨ ᠪᠦᠰᠡ ᠵᠢᠨ ᠶᠣᠰᠣᠭ᠋ᠠᠷ᠂ ᠡᠭᠦᠷᠭᠡ ᠬᠠᠷᠢᠭᠤᠴᠠᠯᠭ᠎ᠠ ᠵᠢᠨ ᠡᠭᠦᠷᠭᠡ ᠵᠢᠴᠢ ᠬᠠᠷᠢᠭᠤᠴᠠᠬᠤ ᠬᠥᠮᠥᠨ᠎ᠢ ᠲᠣᠳᠣᠷᠬᠠᠶ᠋ᠢᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠭᠤᠶ᠋ᠢᠲᠤ ᠣᠷᠣᠨ ᠮᠠᠯᠵᠢᠬᠤ ᠣᠷᠣᠨ᠎ᠤ ᠬᠥᠷᠰᠢ ᠵᠡᠷᠭᠡᠯᠡᠳᠡᠭᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ᠎ᠨᠦᠭᠦᠳ ᠬᠤᠯᠪᠤᠭ᠋ᠠᠯᠠᠨ ᠰᠡᠷᠭᠡᠶ᠋ᠢᠯᠡᠬᠦ ᠵᠥᠪᠯᠡᠯᠴᠡᠭᠡᠷ ᠲᠣᠬᠢᠷᠠᠯᠴᠠᠵᠤ᠂ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠬᠤᠯᠪᠤᠭ᠋ᠠᠯᠠᠨ ᠰᠡᠷᠭᠡᠶ᠋ᠢᠯᠡᠬᠦ ᠣᠷᠣᠨ ᠪᠦᠰᠡ ᠵᠢᠨ ᠳᠣᠲᠣᠷᠠᠬᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠰᠠᠶ᠋ᠢᠲᠤᠷ ᠬᠢᠬᠦ ᠬᠡᠷᠡᠭᠲᠡᠢ᠃
     ᠭᠤᠷᠪᠠ᠂ ᠭᠠᠯ᠎ᠤᠨ ᠡᠬᠢ ᠡᠭᠦᠰᠦᠯ᠎ᠢ ᠵᠠᠰᠠᠬᠤ᠎ᠪᠠᠨ ᠴᠢᠩᠭ᠋ᠠᠷᠠᠭᠤᠯᠤᠨ᠎ᠠ
     ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠪᠥᠬᠦ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠤᠷᠢᠳᠴᠢᠯᠠᠨ ᠰᠡᠷᠭᠡᠶ᠋ᠢᠯᠡᠬᠦ ᠵᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠬᠤ ᠵᠢ ᠪᠠᠷᠢᠮᠲᠠᠯᠠᠨ᠂ ᠤᠴᠢᠷ ᠶᠠᠪᠤᠳᠠᠯ᠎ᠤᠨ ᠡᠮᠦᠨ᠎ᠡ᠎ᠨᠢ ᠬᠦᠴᠦᠯᠡᠵᠦ᠂ ᠬᠢᠨᠠᠨ ᠰᠡᠷᠭᠡᠶ᠋ᠢᠯᠡᠬᠦ ᠠᠵᠢᠯ᠎ᠢ ᠤᠷᠢᠳ ᠵᠶ᠋ᠠᠷ ᠬᠢᠬᠦ ᠪᠠ ᠭᠤᠣᠯᠳᠠᠯᠭ᠎ᠠ᠎ᠪᠠᠨ ᠦᠨᠳᠦᠰᠦᠨ ᠱᠠᠲᠤᠨ᠎ᠳᠤ ᠪᠠᠭᠤᠯᠭ᠋ᠠᠨ᠂ ᠭᠤᠣᠯᠳᠠᠯᠭ᠎ᠠ ᠪᠣᠯᠬᠤ ᠴᠠᠭ ᠬᠤᠭᠤᠴᠠᠭ᠎ᠠ ᠵᠢ ᠰᠠᠶ᠋ᠢᠲᠤᠷ ᠠᠳᠬᠤᠵᠤ᠂ ᠭᠤᠣᠯᠳᠠᠯᠭ᠎ᠠ ᠪᠣᠯᠬᠤ ᠣᠷᠣᠨ ᠪᠦᠰᠡ ᠵᠢ ᠰᠠᠶ᠋ᠢᠲᠤᠷ ᠰᠠᠬᠢᠵᠤ᠂ ᠭᠤᠣᠯᠳᠠᠯᠭ᠎ᠠ ᠪᠣᠯᠬᠤ ᠬᠥᠮᠥᠰ᠎ᠢ ᠰᠠᠶ᠋ᠢᠲᠤᠷ ᠠᠩᠬᠠᠷᠴᠤ᠂ ᠲᠤᠰᠠᠭ᠋ᠠᠷᠯᠠᠬᠤ ᠪᠦᠰᠡ ᠵᠢ ᠪᠦᠲᠦᠭᠡᠨ ᠪᠠᠶ᠋ᠢᠭᠤᠯᠬᠤ᠂ ᠬᠡᠭᠡᠷ᠎ᠡ ᠭᠠᠳᠠᠭ᠎ᠠ ᠭᠠᠯ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠣᠶ ᠵᠢᠨ ᠬᠤᠷᠮᠣᠢ ᠵᠢᠨ ᠰᠢᠲᠠᠮᠠᠬᠠᠢ ᠪᠣᠳᠠᠰ᠎ᠢ ᠠᠷᠢᠯᠭ᠋ᠠᠬᠤ᠂ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠵᠡᠷᠭᠡ ᠭᠠᠯ᠎ᠤᠨ ᠡᠬᠢ ᠡᠭᠦᠰᠦᠯ᠎ᠢ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠭᠠᠯ ᠲᠦᠢ᠍ᠮᠡᠷ᠎ᠤᠨ ᠭᠠᠮᠰᠢᠭ᠎ᠤᠨ ᠬᠡᠮ ᠰᠣᠭᠤᠭ᠎ᠢ ᠬᠥᠳᠡᠯᠦᠩᠭᠦᠢ᠎ᠪᠠᠷ ᠠᠷᠢᠯᠭ᠋ᠠᠬᠤ ᠠᠵᠢᠯᠯᠠᠭ᠋ᠠᠨ᠎ᠢ ᠪᠠᠶ᠋ᠢᠩᠭᠤᠰᠢᠭᠤᠯᠤᠨ ᠥᠷᠨᠢᠭᠦᠯᠦᠨ᠂ ᠲᠠᠷᠢᠶᠠᠯᠠᠩ᠎ᠤᠨ ᠠᠳᠠᠯ ᠣᠶ ᠰᠢᠭᠤᠢ ᠵᠢᠨ ᠠᠳᠠᠯ ᠡᠷᠬᠢᠯᠡᠬᠦ᠂ ᠪᠠᠷᠢᠯᠭ᠎ᠠ ᠵᠢᠨ ᠠᠵᠢᠯ ᠬᠢᠬᠦ᠂ ᠦᠢ᠍ᠯᠡᠳᠪᠦᠷᠢᠯᠡᠵᠦ ᠲᠡᠭᠡᠭᠡᠪᠦᠷᠢᠯᠡᠬᠦ᠂ ᠵᠤᠭ᠋ᠠᠴᠠᠨ ᠨᠠᠭ᠋ᠠᠳᠴᠤ ᠲᠠᠬᠢᠯᠭ᠎ᠠ ᠲᠠᠬᠢᠬᠤ ᠵᠡᠷᠭᠡ ᠬᠡᠭᠡᠷ᠎ᠡ ᠭᠠᠳᠠᠭ᠎ᠠ ᠭᠠᠯ ᠬᠡᠷᠡᠭᠯᠡᠬᠦ ᠡᠯ᠎ᠡ ᠲᠥᠷᠥᠯ᠎ᠤᠨ  ᠦᠢ᠍ᠯᠡ ᠠᠵᠢᠯᠯᠠᠭ᠎ᠠ ᠵᠢ ᠴᠢᠩᠭ᠎ᠠ ᠬᠠᠮᠢᠶᠠᠷᠴᠤ᠂ 《ᠰᠢᠯᠤᠭᠤᠳᠬᠠᠬᠤ ᠪᠠ ᠬᠤᠷᠢᠭᠯᠠᠬᠤ ᠵᠢ ᠤᠶᠠᠯᠳᠤᠭᠤᠯᠬᠤ》᠎ᠪᠠᠷ ᠳᠠᠮᠵᠢᠭᠤᠯᠤᠨ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ᠎ᠨᠢ ᠳᠣᠣᠷᠠᠬᠢ ᠲᠣᠭᠲᠠᠭ᠋ᠠᠯ᠎ᠤᠳ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠄
    (ᠨᠢᠭᠡ) ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠤᠭᠤᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠨᠣᠴᠣᠭ᠋ᠠᠵᠤ ᠳᠤᠯᠠᠭ᠋ᠠᠯᠠᠬᠤ᠂ ᠬᠤᠭ ᠨᠣᠪᠰᠢ ᠰᠢᠲᠠᠭ᠋ᠠᠬᠤ ᠵᠡᠷᠭᠡ ᠦᠢ᠍ᠯᠡᠳᠪᠦᠷᠢᠯᠡᠯ᠎ᠤᠨ ᠪᠤᠰᠤ ᠬᠡᠷᠡᠭᠴᠡᠭᠡᠨ᠎ᠳᠤ ᠭᠠᠯ ᠬᠡᠷᠡᠭᠯᠡᠬᠦ ᠪᠠ ᠠᠲᠠᠷ ᠰᠢᠲᠠᠭ᠋ᠠᠬᠤ᠂ ᠡᠰᠢ ᠰᠦᠷᠡᠯ ᠰᠢᠲᠠᠭ᠋ᠠᠬᠤ ᠵᠡᠷᠭᠡ ᠲᠠᠷᠢᠶᠠᠯᠠᠩ᠎ᠤᠨ ᠠᠳᠠᠯ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
    (ᠬᠤᠶᠠᠷ) ᠬᠡᠭᠡᠷ᠎ᠡ ᠭᠠᠳᠠᠨᠠᠬᠢ ᠦᠢ᠍ᠯᠡᠳᠪᠦᠷᠢᠯᠡᠯ᠎ᠳᠤ ᠭᠠᠯ ᠬᠡᠷᠡᠭᠯᠡᠬᠦ᠎ᠳᠤ᠎ᠪᠠᠨ ᠡᠷᠬᠡᠪᠰᠢ ᠲᠤᠬᠠᠢ ᠵᠢᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠡᠳ᠂ ᠴᠠᠭ ᠵᠶ᠋ᠠᠨ ᠲᠣᠭᠲᠠᠭᠰᠠᠨ᠂ ᠭᠠᠵᠠᠷ ᠵᠶ᠋ᠠᠨ ᠲᠣᠭᠲᠠᠭᠰᠠᠨ᠂ ᠬᠠᠷᠢᠭᠤᠴᠠᠯᠭ᠋ᠠᠲᠠᠨ ᠵᠶ᠋ᠠᠨ ᠲᠣᠳᠣᠷᠬᠠᠶ᠋ᠢᠯᠠᠭᠰᠠᠨ᠂ ᠰᠡᠷᠭᠡᠶ᠋ᠢᠯᠡᠵᠦ ᠠᠪᠤᠷᠠᠬᠤ ᠪᠡᠯᠡᠳᠬᠡᠯ ᠵᠶ᠋ᠠᠨ ᠰᠠᠶ᠋ᠢᠲᠤᠷ ᠬᠢᠭᠰᠡᠨ ᠤᠷᠢᠲᠠᠯ ᠳᠣᠣᠷ᠎ᠠ ᠬᠡᠷᠡᠭᠵᠢᠭᠦᠯᠦᠨ᠎ᠡ᠃
    (ᠭᠤᠷᠪᠠ) ᠵᠠᠬᠢᠷᠤᠨ ᠬᠠᠮᠢᠶᠠᠷᠬᠤ ᠣᠷᠣᠨ ᠪᠦᠰᠡ᠎ᠳᠤ ᠣᠷᠣᠬᠤ ᠬᠥᠮᠥᠨ ᠬᠠᠷ᠎ᠠ ᠲᠡᠷᠭᠡ ᠬᠥᠰᠬᠡ ᠵᠢᠨ ᠭᠠᠯ᠎ᠤᠨ ᠴᠤᠭ ᠪᠤᠶᠤ ᠨᠣᠴᠣᠮᠠᠲᠠᠭ᠋ᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠶᠠᠪᠤᠬᠤ ᠵᠢ ᠴᠢᠩᠭ᠎ᠠ ᠴᠠᠭ᠋ᠠᠵᠠᠯᠠᠵᠤ᠂ ᠴᠢᠬᠤᠯᠠᠲᠠᠢ ᠦᠶᠡᠰ 《ᠭᠠᠯ ᠰᠡᠷᠭᠡᠶ᠋ᠢᠯᠡᠬᠦ ᠪᠦᠲᠡᠭᠡᠯᠭᠡ》 ᠨᠡᠮᠡᠨ ᠤᠭᠰᠠᠷᠠᠵᠤ ᠪᠠᠶ᠋ᠢᠭ᠋ᠠᠳ ᠪᠤᠬ᠎ᠠ ᠲᠡᠷᠭᠡ ᠭᠠᠯ ᠵᠣᠯᠭ᠋ᠠᠵᠤ ᠳᠦᠷᠡᠯᠵᠡᠨ ᠨᠣᠴᠣᠬᠤ ᠵᠢ ᠰᠡᠷᠡᠮᠵᠢᠯᠡᠨ ᠰᠡᠷᠭᠡᠶ᠋ᠢᠯᠡᠬᠦ ᠪᠠ ᠠᠴᠢᠶᠠᠨ᠎ᠤ ᠲᠡᠷᠭᠡ ᠵᠢᠨ ᠲᠡᠷᠭᠡᠨ ᠲᠠᠰᠤᠯᠭ᠎ᠠ ᠵᠢ ᠪᠢᠲᠡᠭᠦᠮᠵᠢᠯᠡᠵᠦ ᠪᠠᠶ᠋ᠢᠭ᠋ᠠᠳ ᠰᠢᠲᠠᠮᠠᠬᠠᠢ ᠪᠣᠳᠠᠰ ᠠᠰᠬᠠᠷᠠᠵᠤ ᠭᠠᠷᠬᠤ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠲᠠᠯ᠎ᠠ᠎ᠳᠤ ᠰᠡᠷᠡᠮᠵᠢᠯᠡᠨ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠨ᠎ᠠ᠃ ᠭᠠᠯᠲᠤ ᠲᠡᠷᠭᠡ᠂ ᠨᠡᠶ᠋ᠢᠲᠡ ᠵᠢᠨ ᠮᠠᠰᠢᠨ ᠲᠡᠷᠭᠡ ᠵᠡᠷᠭᠡ ᠵᠢᠨ ᠵᠢᠯᠣᠭᠤᠴᠢ ᠦᠢ᠍ᠯᠡᠴᠢᠯᠡᠭᠴᠢ ᠪᠠ ᠠᠶᠠᠨᠴᠢᠳ᠎ᠤᠨ ᠭᠠᠳᠠᠭᠰᠢ᠎ᠪᠠᠨ ᠤᠨᠲᠠᠷᠠᠭ᠋ᠠᠭᠰᠠᠨ ᠦᠭᠡᠢ ᠭᠠᠯ ᠵᠣᠯᠭ᠋ᠠᠬᠤ ᠵᠦᠢ᠍ᠯ ᠰᠢᠳᠡᠬᠦ ᠵᠢ ᠴᠢᠩᠭ᠎ᠠ ᠴᠠᠭ᠋ᠠᠵᠠᠯᠠᠨ᠎ᠠ᠃
    (ᠳᠥᠷᠪᠡ) ᠡᠯ᠎ᠡ ᠪᠠᠶ᠋ᠢᠴᠠᠭ᠋ᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠬᠠᠮᠠᠭ᠋ᠠᠯᠠᠬᠤ ᠠᠵᠢᠯ᠎ᠤᠨ ᠪᠠᠶ᠋ᠢᠷᠢ ᠵᠡᠷᠭᠡ᠎ᠨᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠵᠤ᠂ ᠰᠢᠭᠤᠶ᠋ᠢᠲᠤ ᠣᠷᠣᠨ᠂ ᠨᠤᠲᠤᠭ ᠪᠡᠯᠴᠢᠭᠡᠷ᠎ᠲᠤ ᠣᠷᠣᠬᠤ ᠬᠥᠮᠥᠰ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠤᠨ᠎ᠠ᠃ ᠰᠢᠭᠤᠶ᠋ᠢᠲᠤ ᠣᠷᠣᠨ᠂ ᠨᠤᠲᠤᠭ ᠪᠡᠯᠴᠢᠭᠡᠷ᠎ᠲᠤ ᠣᠷᠣᠬᠤ ᠬᠥᠮᠥᠰ ᠪᠠ ᠲᠡᠷᠭᠡ ᠬᠥᠰᠬᠡ᠎ᠨᠦᠭᠦᠳ ᠡᠷᠬᠡᠪᠰᠢ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠠᠶ᠋ᠢᠴᠠᠭ᠋ᠠᠯᠲᠠ ᠵᠢ ᠬᠦᠯᠢᠶᠡᠵᠦ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠭᠲᠠᠭ᠋ᠠᠯ᠎ᠢ ᠵᠢᠷᠤᠮᠯᠠᠨ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠢ᠃
     ᠳᠡᠭᠡᠷᠡᠬᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠵᠣᠬᠢᠬᠤ ᠰᠢᠢ᠍ᠳᠬᠡᠯ ᠲᠣᠷᠭ᠋ᠠᠭᠤᠯᠢ ᠥᠭᠭᠦᠨ᠎ᠡ᠃
     ᠳᠥᠷᠪᠡ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠎ᠪᠠᠨ ᠴᠢᠩᠭ᠋ᠠᠷᠠᠭᠤᠯᠤᠨ᠎ᠠ
     ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ 《ᠤᠷᠢᠳᠴᠢᠯᠠᠨ ᠰᠡᠷᠭᠡᠶ᠋ᠢᠯᠡᠬᠦ ᠵᠢ ᠲᠡᠷᠢᠭᠦᠨ᠎ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ ᠳᠡᠭᠡᠷ᠎ᠡ᠎ᠨᠢ ᠰᠢᠢ᠍ᠳᠪᠦᠷᠢᠯᠡᠬᠦ》 ᠵᠢ ᠪᠣᠳᠣᠯᠬᠢᠯᠠᠨ ᠪᠠᠶ᠋ᠢᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠂ ᠲᠠᠰᠤᠯᠳᠠᠯ ᠦᠭᠡᠢ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠵᠦ ᠨᠡᠶ᠋ᠢᠲᠡᠯᠡᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠳᠠᠭ᠋ᠠᠭᠤᠯᠢ ᠣᠳᠣ᠎ᠪᠠᠷ ᠬᠢᠨᠠᠨ ᠰᠢᠨᠵᠢᠬᠦ᠂ ᠭᠠᠵᠠᠷ ᠳᠡᠭᠡᠷ᠎ᠡ ᠲᠣᠭᠤᠷᠢᠨ ᠪᠠᠶ᠋ᠢᠴᠠᠭ᠋ᠠᠬᠤ᠂ ᠠᠭ᠋ᠠᠷ ᠠᠶᠠᠯᠠᠯ ᠵᠶ᠋ᠠᠷ ᠴᠠᠭᠳᠠᠨ ᠬᠠᠮᠠᠭ᠋ᠠᠯᠠᠬᠤ᠂ ᠸᠢᠳᠢᠤ᠋᠎ᠪᠠᠷ ᠬᠢᠨᠠᠨ ᠡᠵᠡᠮᠳᠡᠬᠦ᠂ ᠬᠥᠮᠥᠨ᠎ᠤ ᠬᠦᠴᠦ᠎ᠪᠠᠷ ᠪᠠᠷᠠᠯᠠᠬᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠰᠢᠨᠵᠢᠬᠦ 《ᠵᠢᠷᠭᠤᠭ᠎ᠠ ᠵᠢ ᠨᠢᠭᠡ ᠴᠣᠭᠴᠠᠵᠢᠭᠤᠯᠬᠤ》 ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠭᠠᠯ ᠲᠦᠢ᠍ᠮᠡᠷ᠎ᠤᠨ ᠪᠠᠶ᠋ᠢᠳᠠᠯ᠎ᠢ ᠬᠢᠨᠠᠨ ᠰᠢᠨᠵᠢᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ ᠲᠦᠢ᠍ᠮᠡᠷ᠎ᠤᠨ ᠲᠦᠭᠰᠢᠭᠦᠷᠢ ᠶᠡᠬᠡᠲᠡᠢ ᠬᠤᠭᠤᠴᠠᠭ᠋ᠠᠨ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ᠎ᠤᠳ ᠴᠠᠭ ᠠᠭᠤᠷ ᠪᠠ ᠭᠠᠯ ᠲᠦᠢ᠍ᠮᠡᠷ᠎ᠤᠨ ᠲᠦᠭᠰᠢᠭᠦᠷᠢ ᠵᠢᠨ ᠬᠤᠪᠢᠷᠠᠯᠲᠠ ᠵᠢᠨ ᠬᠠᠨᠳᠤᠰᠢ ᠵᠢ ᠨᠢᠭᠲᠠ ᠠᠩᠬᠠᠷᠴᠤ᠂ ᠣᠬᠤᠷ ᠬᠤᠭᠤᠴᠠᠭ᠋ᠠᠨ᠎ᠳᠤ ᠪᠠᠴᠢᠮ ᠰᠤᠳᠤᠯᠤᠨ ᠮᠠᠭ᠋ᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠲᠦᠷᠭᠡᠨ ᠮᠡᠳᠡᠭᠦᠯᠬᠦ᠎ᠪᠠᠨ ᠴᠢᠩᠭ᠋ᠠᠳᠬᠠᠨ᠂ ᠴᠠᠭ ᠲᠤᠬᠠᠢ᠎ᠳᠤ᠎ᠨᠢ ᠭᠠᠯ ᠲᠦᠢ᠍ᠮᠡᠷ᠎ᠤᠨ ᠲᠦᠭᠰᠢᠭᠦᠷᠢ ᠶᠡᠬᠡᠲᠡᠢ ᠣᠷᠣᠨ᠎ᠳᠤ ᠠᠮᠤᠷ ᠲᠦᠪᠰᠢᠨ᠎ᠤ ᠰᠠᠨᠠᠭᠤᠯᠤᠮᠵᠢ ᠥᠭᠴᠦ᠂ 《ᠰᠢᠭᠤᠳ ᠨᠡᠪᠲᠡᠷᠡᠬᠦ ᠮᠠᠶᠢᠭ》᠂ 《ᠴᠡᠭ᠎ᠢ ᠴᠡᠭ᠎ᠲᠤ᠎ᠨᠢ ᠬᠠᠨᠳᠤᠭᠤᠯᠬᠤ》 ᠠᠷᠭ᠎ᠠ ᠮᠠᠶᠢᠭ᠎ᠢ ᠬᠡᠷᠡᠭᠯᠡᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠰᠢᠭᠤᠳ ᠬᠦᠷᠬᠦ ᠭᠠᠮᠰᠢᠭ᠎ᠤᠨ ᠪᠠᠴᠢᠮ 《ᠳᠠᠭᠤᠳᠠᠯᠲᠠ》 ᠵᠢᠨ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠴᠤᠤᠷᠢᠶᠠᠲᠤᠨ ᠳᠠᠭ᠋ᠠᠬᠤ ᠠᠷᠭ᠎ᠠ ᠬᠡᠮᠵᠢᠶ᠎ᠡ ᠵᠢ ᠮᠥᠷᠳᠡᠵᠦ ᠨᠠᠶ᠋ᠢᠳᠠᠪᠤᠷᠢᠵᠢᠭᠤᠯᠬᠤ ᠬᠡᠷᠡᠭᠲᠡᠢ᠃ ᠰᠡᠵᠢᠭᠯᠡᠯᠲᠦ ᠭᠠᠯ ᠲᠦᠢ᠍ᠮᠡᠷ᠎ᠤᠨ ᠪᠠᠶ᠋ᠢᠳᠠᠯ᠎ᠢ ᠦᠳᠲᠡᠷ ᠲᠦᠷᠭᠡᠨ ᠬᠠᠷᠭᠤᠭᠤᠯᠤᠨ ᠪᠠᠶ᠋ᠢᠴᠠᠭ᠋ᠠᠵᠤ᠂ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃
     ᠲᠠᠪᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠠᠵᠢᠯ ᠵᠶ᠋ᠠᠨ ᠴᠢᠩᠭ᠋ᠠᠷᠠᠭᠤᠯᠤᠨ᠎ᠠ
     ᠭᠠᠯ ᠲᠦᠢ᠍ᠮᠡᠷ ᠰᠡᠷᠭᠡᠶ᠋ᠢᠯᠡᠬᠦ ᠬᠤᠭᠤᠴᠠᠭ᠋ᠠᠨ᠎ᠳᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠪᠠᠶ᠋ᠢᠭᠤᠯᠤᠮᠵᠢ᠎ᠨᠢ 24 ᠴᠠᠭ ᠵᠶ᠋ᠠᠷ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠢ ᠳᠡᠰ ᠬᠤᠪᠢᠶᠠᠵᠤ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠯ᠎ᠡ ᠲᠥᠷᠥᠯ᠎ᠤᠨ ᠭᠠᠯ ᠲᠦᠢ᠍ᠮᠡᠷ ᠤᠨᠲᠠᠷᠠᠭ᠋ᠠᠬᠤ ᠡᠩᠨᠡᠭᠡ᠎ᠨᠢ ᠳᠠᠶ᠋ᠢᠯᠠᠯᠳᠤᠭ᠋ᠠᠨ᠎ᠠᠴᠠ ᠡᠮᠦᠨᠡᠬᠢ ᠵᠠᠷᠯᠢᠭ ᠬᠦᠯᠢᠶᠡᠬᠦ ᠪᠠᠶ᠋ᠢᠳᠠᠯ ᠵᠶ᠋ᠠᠨ ᠪᠠᠲᠤᠯᠠᠵᠤ᠂ ᠪᠡᠯᠡᠳᠬᠡᠯ ᠲᠥᠰᠥᠯ᠎ᠤᠨ ᠪᠣᠯᠪᠠᠰᠤᠷᠠᠯ ᠪᠠ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠬᠢᠬᠦ᠎ᠪᠠᠨ ᠴᠢᠩᠭ᠋ᠠᠷᠠᠭᠤᠯᠤᠨ᠂ ᠡᠳ᠋ ᠪᠠᠷᠠᠭ᠎ᠠ᠂ ᠮᠠᠰᠢᠨ ᠪᠠᠭ᠋ᠠᠵᠢ ᠪᠠ ᠲᠣᠨᠤᠭ ᠲᠥᠬᠦᠭᠡᠷᠦᠮᠵᠢ ᠵᠢᠨ ᠨᠥᠭᠡᠴᠡ᠎ᠪᠠᠨ ᠴᠢᠩᠭ᠋ᠠᠳᠬᠠᠵᠤ᠂ ᠵᠢᠭ᠋ᠠᠨ ᠵᠢᠯᠣᠭᠤᠳᠤᠯᠭ᠎ᠠ᠂ ᠬᠦᠴᠦᠨ ᠴᠢᠳᠠᠯ᠂ ᠲᠣᠨᠤᠭ ᠲᠥᠬᠦᠭᠡᠷᠦᠮᠵᠢ 《ᠭᠤᠷᠪᠠ ᠵᠢ ᠤᠷᠢᠳ ᠵᠶ᠋ᠠᠷ ᠪᠠᠶ᠋ᠢᠷᠢᠯᠠᠭᠤᠯᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠠᠯ ᠲᠦᠢ᠍ᠮᠡᠷ᠎ᠤᠨ ᠠᠬᠤᠢ ᠲᠠᠯᠠᠪᠠᠢ ᠵᠢᠨ ᠵᠢᠯᠤᠭᠤᠳᠬᠤ ᠭᠠᠵᠠᠷ᠎ᠤᠨ᠎ᠬᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠵᠤ᠂ ᠭᠠᠯ ᠲᠦᠢ᠍ᠮᠡᠷ᠎ᠤᠨ ᠠᠬᠤᠢ ᠲᠠᠯᠠᠪᠠᠢ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠂ ᠲᠤᠰᠬᠠᠢ ᠮᠡᠷᠭᠡᠵᠢᠯ᠎ᠤᠨ ᠵᠢᠯᠣᠭᠤᠳᠤᠯᠭ᠎ᠠ᠎ᠪᠠᠨ ᠨᠠᠶ᠋ᠢᠳᠠᠪᠤᠷᠢᠵᠢᠭᠤᠯᠵᠤ᠂ ᠬᠦᠨᠳᠦ ᠶᠡᠭᠡ ᠰᠡᠷᠭᠡᠭ ᠴᠢᠨᠠᠷᠲᠠᠢ ᠭᠠᠯ ᠲᠦᠢ᠍ᠮᠡᠷ᠎ᠤᠨ ᠭᠠᠮᠰᠢᠭ᠎ᠢ ᠲᠡᠰ ᠳᠡᠪᠰᠢᠭᠦᠯᠦᠨ ᠠᠷᠭ᠋ᠠᠴᠠᠭ᠋ᠠᠬᠤ ᠪᠠ ᠲᠡᠭᠦᠨ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠨ ᠬᠥᠳᠡᠯᠦᠯᠴᠡᠵᠦ᠂ ᠭᠠᠯ ᠲᠦᠢ᠍ᠮᠡᠷ᠎ᠤᠨ ᠰᠦᠷᠳᠡᠭᠦᠯᠭᠡ᠎ᠳᠤ ᠤᠴᠠᠷᠠᠭᠰᠠᠨ ᠤᠯᠠᠨ ᠲᠦᠮᠡᠨ᠎ᠢ ᠲᠡᠷᠡ ᠳᠠᠷᠤᠢ᠎ᠳᠤ᠎ᠨᠢ ᠰᠢᠯᠵᠢᠭᠦᠯᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ᠎ᠢ ᠡᠷᠡᠰ ᠬᠤᠷᠢᠭᠯᠠᠬᠤ ᠬᠡᠷᠡᠭᠲᠡᠢ᠃
     ᠵᠢᠷᠭᠤᠭ᠎ᠠ᠂ ᠮᠡᠳᠡᠭᠦᠯᠬᠦ ᠳᠦᠷᠢᠮ ᠵᠶ᠋ᠠᠨ ᠴᠢᠩᠭ᠋ᠠᠷᠠᠭᠤᠯᠤᠨ᠎ᠠ
     ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠭᠠᠯ ᠲᠦᠢ᠍ᠮᠡᠷ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠭᠠᠯ ᠲᠦᠢ᠍ᠮᠡᠷ᠎ᠤᠨ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠬᠤ ᠪᠠ ᠡᠷᠲᠡ᠎ᠠᠴᠠ ᠰᠢᠢ᠍ᠳᠪᠦᠷᠢᠯᠡᠬᠦ᠎ᠪᠠᠨ ᠴᠢᠩᠭ᠋ᠠᠷᠠᠭᠤᠯᠤᠨ᠂ ᠵᠠᠰᠠᠭ᠎ᠤᠨ ᠵᠠᠷᠯᠢᠭ᠎ᠤᠨ ᠮᠡᠳᠡᠭᠡ ᠵᠠᠩᠭᠢ ᠵᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠵᠤ᠂ ᠭᠠᠯ ᠲᠦᠢ᠍ᠮᠡᠷ ᠢᠯᠡᠷᠡᠪᠡᠯ ᠵᠠᠪᠠᠯ ᠮᠡᠳᠡᠭᠦᠯᠬᠦ᠂ ᠳᠠᠷᠤᠵᠤ ᠮᠡᠳᠡᠭᠦᠯᠬᠦ ᠵᠢ ᠵᠡᠷᠭᠡ᠎ᠳᠤ᠎ᠨᠢ ᠶᠠᠪᠤᠭᠤᠯᠬᠤ ᠵᠢ ᠬᠢᠵᠦ ᠴᠢᠳᠠᠭᠰᠠᠨ ᠪᠠᠶ᠋ᠢᠬᠤ ᠬᠡᠷᠡᠭᠲᠡᠢ᠃ ᠪᠤᠰᠤᠳ ᠰᠠᠯᠠᠭ᠎ᠠ ᠮᠥᠴᠢᠷ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠣᠯᠵᠤ ᠮᠡᠳᠡᠪᠡᠯ ᠲᠡᠷᠡ ᠳᠠᠷᠤᠢ᠎ᠳᠤ᠎ᠨᠢ 《12119》 ᠴᠠᠭᠳᠠᠭ᠎ᠠ᠎ᠳᠤ ᠮᠡᠳᠡᠭᠦᠯᠬᠦ ᠤᠲᠠᠰᠤ ᠠᠪᠬᠤ ᠪᠤᠶᠤ ᠪᠤᠰᠤᠳ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠬᠠᠢ ᠵᠢᠨ ᠭᠠᠵᠠᠷ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
     ᠳᠣᠯᠤᠭ᠎ᠠ᠂ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠷᠠᠭᠤᠯᠤᠨ᠎ᠠ
     ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢ᠍ᠯ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ᠂ ᠭᠠᠯ ᠲᠦᠢ᠍ᠮᠡᠷ ᠰᠡᠷᠭᠡᠶ᠋ᠢᠯᠡᠬᠦ ᠤᠬᠠᠭᠤᠯᠭ᠎ᠠ ᠵᠢᠨ ᠰᠠᠷ᠎ᠠ᠂ ᠭᠠᠯ ᠲᠦᠢ᠍ᠮᠡᠷ ᠰᠡᠷᠭᠡᠶ᠋ᠢᠯᠡᠬᠦ ᠤᠬᠠᠭᠤᠯᠭ᠎ᠠ ᠵᠢ 《ᠲᠠᠪᠤᠨ ᠭᠠᠵᠠᠷ᠎ᠲᠤ ᠤᠷᠤᠭᠤᠯᠬᠤ》 ᠵᠡᠷᠭᠡ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠭᠠᠯ ᠲᠦᠢ᠍ᠮᠡᠷ ᠰᠡᠷᠭᠡᠶ᠋ᠢᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠠᠮᠤᠷ ᠲᠦᠪᠰᠢᠨ ᠵᠶ᠋ᠠᠷ ᠠᠶᠤᠯ᠎ᠠᠴᠠ ᠵᠠᠶ᠋ᠢᠯᠠᠬᠤ ᠮᠡᠳᠡᠯᠭᠡ ᠪᠠ ᠭᠠᠯ ᠲᠦᠢ᠍ᠮᠡᠷ᠎ᠤᠨ ᠭᠠᠮᠰᠢᠭ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠲᠦᠭᠡᠮᠡᠯᠵᠢᠭᠦᠯᠦᠨ᠂ ᠣᠯᠠᠨ ᠲᠦᠮᠡᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠭᠠᠯ ᠲᠦᠢ᠍ᠮᠡᠷ ᠰᠡᠷᠭᠡᠶ᠋ᠢᠯᠡᠬᠦ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠭᠤᠯᠵᠤ᠂ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠦᠢ᠍ᠯᠡ ᠠᠵᠢᠯᠯᠠᠭ᠎ᠠ ᠵᠢ ᠢᠳᠡᠪᠬᠢᠲᠡᠢ᠎ᠪᠠᠷ ᠢᠯᠡᠴᠢᠯᠡᠨ ᠮᠡᠳᠡᠭᠦᠯᠵᠦ᠂ ᠪᠦᠬᠦ ᠨᠡᠶ᠋ᠢᠭᠡᠮ᠎ᠤᠨ ᠭᠠᠯ ᠲᠦᠢ᠍ᠮᠡᠷ ᠰᠡᠷᠭᠡᠶ᠋ᠢᠯᠡᠬᠦ ᠤᠬᠠᠮᠰᠠᠷ᠎ᠢ ᠳᠡᠭᠡᠭᠰᠢᠯᠡᠭᠦᠯᠦᠨ᠂ 《ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠬᠦ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ》 ᠬᠡᠮᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ ᠪᠣᠶ ᠪᠣᠯᠭ᠋ᠠᠬᠤ ᠬᠡᠷᠡᠭᠲᠡᠢ᠃
     ᠨᠠᠢ᠍ᠮᠠ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠬᠡᠯᠡᠯᠴᠡᠬᠦ᠎ᠪᠠᠨ ᠴᠢᠩᠭ᠋ᠠᠷᠠᠭᠤᠯᠤᠨ᠎ᠠ
     ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠤᠨ ᠭᠡᠮ ᠰᠣᠭᠤᠭ᠎ᠢ ᠬᠥᠳᠡᠯᠦᠩᠭᠦᠢ᠎ᠪᠠᠷ ᠠᠷᠢᠯᠭ᠋ᠠᠬᠤ ᠪᠠ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠢ ᠠᠵᠢᠯᠯᠠᠭ᠋ᠠᠨ᠎ᠢ ᠪᠦᠬᠦ ᠲᠠᠯ᠎ᠠ᠎ᠪᠠᠷ ᠥᠷᠨᠢᠭᠦᠯᠦᠨ᠂ ᠠᠰᠠᠭᠤᠳᠠᠯ᠎ᠤᠨ ᠲᠣᠳᠣᠷᠬᠠᠢ ᠬᠠᠭᠤᠳᠠᠰᠤ ᠵᠢ ᠪᠠᠶ᠋ᠢᠭᠤᠯᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ᠎ᠤᠨ ᠭᠡᠮ ᠰᠣᠭᠤᠭ᠎ᠢ ᠨᠡᠷᠡᠯᠡᠨ ᠵᠢᠭ᠋ᠠᠵᠤ ᠰᠢᠮᠳᠠᠭᠤᠯᠤᠨ ᠰᠢᠢ᠍ᠳᠪᠦᠷᠢᠯᠡᠭᠦᠯᠵᠦ᠂ ᠮᠥᠷᠳᠡᠵᠦ ᠦᠷ᠎ᠡ ᠪᠦᠲᠦᠮᠵᠢ ᠵᠢ᠎ᠨᠢ ᠲᠤᠯᠭ᠋ᠠᠨ ᠠᠰᠠᠭᠤᠬᠤ ᠬᠡᠷᠡᠭᠲᠡᠢ᠃ ᠭᠠᠯ ᠲᠦᠢ᠍ᠮᠡᠷ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠤᠨ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡᠴᠢᠯᠡᠨ ᠢᠯᠡᠷᠡᠭᠦᠯᠵᠦ᠂ ᠨᠢᠭᠡ ᠬᠡᠷᠡᠭ ᠶᠠᠪᠤᠳᠠᠯ᠎ᠢ ᠪᠠᠶ᠋ᠢᠴᠠᠭ᠋ᠠᠨ ᠰᠢᠢ᠍ᠳᠪᠦᠷᠢᠯᠡᠪᠡᠯ᠂ ᠨᠢᠭᠡ ᠲᠠᠯ᠎ᠠ ᠵᠢᠨ᠎ᠬᠢᠨ᠎ᠳᠤ ᠰᠦᠷ ᠦᠵᠡᠭᠦᠯᠵᠦ᠂ ᠨᠢᠭᠡ ᠪᠦᠯᠦᠭ ᠬᠥᠮᠥᠰ᠎ᠢ ᠬᠥᠮᠥᠵᠢᠭᠦᠯᠬᠦ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠲᠡᠢ᠃ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠤᠭᠰᠠᠨ ᠦᠭᠡᠢ᠂ ᠠᠵᠢᠯ᠎ᠤᠨ ᠠᠷᠭ᠎ᠠ ᠬᠡᠮᠵᠢᠶ᠎ᠡ᠎ᠪᠠᠨ ᠪᠣᠳᠠᠲᠠᠶ᠋ᠢᠵᠢᠭᠤᠯᠤᠭᠰᠠᠨ ᠦᠭᠡᠢ᠂ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠭᠰᠠᠨ᠎ᠨᠢ ᠲᠤᠭᠤᠰᠢ ᠦᠭᠡᠢ᠂ ᠴᠠᠭ ᠲᠤᠬᠠᠢ᠎ᠳᠤ᠎ᠨᠢ ᠭᠠᠯ ᠲᠦᠢ᠍ᠮᠡᠷ ᠤᠨᠲᠠᠷᠠᠭ᠋ᠠᠬᠤ ᠵᠢ ᠵᠣᠬᠢᠶᠠᠨ ᠪᠠᠶ᠋ᠢᠭᠤᠯᠤᠭᠰᠠᠨ ᠦᠭᠡᠢ ᠵᠡᠷᠭᠡ᠎ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ᠎ᠤᠨ ᠬᠦᠨᠳᠦ ᠶᠡᠭᠡ ᠭᠠᠯ ᠲᠦᠢ᠍ᠮᠡᠷ᠎ᠤᠨ ᠭᠠᠮᠰᠢᠭ ᠪᠤᠶᠤ ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠪᠠᠶ᠋ᠢᠪᠠᠯ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
                         2025 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ
    (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
                      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
                        ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                   2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠵᠠᠰᠠᠭ ᠲᠠᠷᠬᠠᠭ᠋ᠠᠭᠰᠠᠨ [2017] 77 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ [2017] 174 ᠳ᠋ᠦ᠍ᠭᠡᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ [2021] 38 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠥᠰᠥᠭ [2021] 92 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠤᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠠᠶ᠋ᠢᠽ ᠡᠪᠡᠳᠴᠢᠨ᠎ᠢ ᠬᠤᠷᠢᠨᠨᠯᠠᠨ ᠵᠤᠨᠨᠰᠤᠭ᠋ᠠᠬᠤ ᠬᠢᠬᠡᠳ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2025 — 2030 ᠣᠨ) ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠪᠠᠶᠠᠨᠨᠠᠭᠤᠷ ᠬᠤᠲᠠ ᠵᠢᠨ ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》᠎ᠤᠨ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠤᠬᠤᠯᠠᠪᠤᠷᠢ
《ᠬᠠᠷᠠᠴᠢᠨ ᠬᠤᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ (2024 - 2035 ᠣᠨ)》 ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
 
            