ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠥᠪᠥᠷ ᠵᠠᠰᠠᠭ ᠦᠰᠦᠭ [ 2025] 30 ᠳ᠋ᠤᠭ᠋ᠠᠷ ᠲᠣᠭ᠋ᠠᠲᠤ
ᠥᠪᠥᠷ ᠵᠠᠰᠠᠭ ᠲᠠᠷᠬᠠᠭ᠋ᠠᠭᠰᠠᠨ [ 2017] 77 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ [ 2017] 174 ᠳ᠋ᠦ᠍ᠭᠡᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ [ 2021] 38 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠥᠰᠥᠭ [ 2021] 92 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠤᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠦᠨᠳᠦᠰᠦᠯᠡᠵᠦ᠂ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ᠎ᠤ ᠰᠢᠯᠵᠢᠯᠲᠡ ᠵᠢᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [ 2017] 77 ᠳ᠋ᠤᠭ᠋ᠠᠷ ᠲᠣᠭ᠋ᠠᠲᠤ)᠂ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠠᠵᠤ ᠦᠢ᠍ᠯᠡᠰᠴᠢᠯᠡᠭᠰᠡᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 174 ᠳ᠋ᠦ᠍ᠭᠡᠷ ᠲᠣᠭ᠋ᠠᠲᠤ)᠂ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠶ᠋ᠢᠰᠠ ᠡᠯᠭᠦᠨ ᠠᠵᠢᠯᠯᠠᠬᠤ ᠵᠢ ᠵᠣᠷᠢᠭᠵᠢᠭᠤᠯᠤᠨ ᠱᠠᠩᠨᠠᠵᠤ ᠨᠥᠬᠦᠪᠦᠷᠢᠯᠡᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 38 ᠳ᠋ᠤᠭ᠋ᠠᠷ ᠲᠣᠭ᠋ᠠᠲᠤ)᠂ 《ᠥᠪᠥᠷ ᠵᠠᠰᠠᠭ ᠠᠯᠪᠠᠨ ᠲᠠᠷᠬᠠᠭ᠋ᠠᠭᠰᠠᠨ [2021] 38 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [ 2021] 92 ᠳ᠋ᠤᠭ᠋ᠠᠷ ᠲᠣᠭ᠋ᠠᠲᠤ) ᠵᠡᠷᠭᠡ 4 ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠪᠠ᠃
ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠴᠠᠭ ᠲᠤᠬᠠᠢᠳᠤᠨᠢ ᠢᠯᠭ᠋ᠠᠷᠠᠭᠤᠯᠤᠨ ᠴᠡᠪᠡᠷᠯᠡᠵᠦ᠂ ᠲᠦᠷᠦ ᠵᠢᠨ ᠪᠣᠳᠣᠯᠭ᠎ᠠ ᠵᠢᠨ ᠵᠣᠯᠭ᠋ᠠᠯᠳᠤᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)