ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠦᠢ᠍ᠯ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠤᠯᠭ᠋ᠠᠵᠤ᠂ ᠤᠢ ᠰᠢᠭᠤᠢ ᠵᠢᠨ ᠦᠢ᠍ᠯᠡᠰ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠶ᠋ᠢᠷᠡᠬᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠳᠤᠮᠳᠠᠬᠢ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠨᠥᠯᠥᠭᠡᠯᠡᠨ ᠳᠠᠶ᠋ᠢᠴᠢᠯᠠᠬᠤ ᠴᠢᠳᠠᠪᠤᠷᠢ ᠵᠢ ᠴᠢᠩᠭ᠋ᠠᠷᠠᠭᠤᠯᠵᠤ᠂ ᠪᠥᠬᠦ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》 (ᠣᠶ ᠰᠢᠭᠤᠶ ᠥᠭᠡᠷᠡᠴᠢᠯᠡᠯᠲᠡ ᠬᠥᠭᠵᠢᠭᠦᠯᠦᠯᠲᠡ [2019] 14 ᠳ᠋ᠦ᠍ᠭᠡᠷ ᠲᠣᠭ᠋ᠠᠲᠤ) ᠪᠠ 《〈ᠤᠯᠤᠰ᠎ᠤᠨ ᠣᠶ ᠰᠢᠭᠤᠶ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠵᠤ ᠦᠨᠡᠯᠡᠨ ᠲᠣᠭᠲᠠᠭ᠋ᠠᠬᠤ ᠠᠷᠭ᠎ᠠ〉 ᠪᠠ 〈ᠤᠯᠤᠰ᠎ᠤᠨ ᠣᠶ ᠰᠢᠭᠤᠶ ᠵᠢᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠦᠨᠡᠯᠡᠨ ᠲᠣᠭᠲᠠᠭ᠋ᠠᠬᠤ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ》 (ᠣᠶ ᠰᠢᠭᠤᠶ ᠵᠢᠨ ᠥᠭᠡᠷᠡᠴᠢᠯᠡᠯᠲᠡ ᠵᠢᠨ ᠲᠣᠭᠲᠠᠭ᠋ᠠᠯ [2023] 5 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ》 ᠭᠡᠵᠦ ᠲᠣᠪᠴᠢᠯᠠᠨ᠎ᠠ) ᠭᠡᠳᠡᠭ᠎ᠨᠢ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠲᠦ ᠭᠠᠵᠠᠷ (ᠳᠣᠷᠣᠭᠰᠢ 《ᠣᠶ ᠰᠢᠭᠤᠶ ᠨᠤᠲᠤᠭ ᠪᠡᠯᠴᠢᠭᠡᠷ ᠭᠡᠵᠦ ᠲᠣᠪᠴᠢᠯᠠᠨ᠎ᠠ)᠎ᠤᠨ ᠠᠮᠢ ᠠᠬᠤᠶ ᠵᠢᠨ ᠡᠬᠢ ᠪᠠᠶᠠᠯᠢᠭ ᠵᠶ᠋ᠠᠷ ᠡᠵᠡᠩᠨᠡᠯᠲᠡ ᠵᠢᠨ ᠠᠭᠤᠯᠭ᠎ᠠ᠎ᠪᠠᠨ ᠪᠣᠯᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠪᠦᠲᠦᠭᠡᠭᠳᠡᠬᠦᠨ ᠦᠢ᠍ᠯᠡᠳᠪᠦᠷᠢᠯᠡᠬᠦ᠂ ᠡᠵᠡᠩᠨᠡᠬᠦ᠂ ᠡᠳ᠋ᠰᠢᠭᠦᠯᠬᠦ᠂ ᠭᠦᠢ᠍ᠯᠭᠡᠭᠡᠬᠦ ᠪᠠ ᠦᠢ᠍ᠯᠡᠴᠢᠯᠡᠬᠦ᠎ᠪᠠᠷ ᠭᠤᠤᠯ ᠦᠢ᠍ᠯᠡᠰ ᠵᠶ᠋ᠠᠨ ᠪᠣᠯᠭ᠋ᠠᠵᠤ᠂ ᠠᠵᠤ ᠦᠢ᠍ᠯᠡᠰ᠎ᠤᠨ ᠬᠤᠯᠪᠣᠭᠳᠠᠬᠤ ᠬᠡᠮᠵᠢᠶ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠂ ᠦᠢ᠍ᠯᠡᠳᠬᠦᠨ᠎ᠤ ᠶᠠᠰᠤ ᠴᠢᠨᠠᠷ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠂ ᠡᠵᠡᠩᠨᠡᠯᠲᠡ ᠵᠢᠨ ᠬᠡᠪᠴᠢᠶ᠎ᠡ ᠵᠡᠷᠭᠡ᠎ᠨᠢ ᠠᠵᠢᠯ ᠲᠥᠷᠥᠯ᠎ᠤᠨ ᠡᠮᠦᠨ᠎ᠡ ᠡᠩᠨᠡᠭᠡᠨ᠎ᠳᠤ ᠪᠠᠶ᠋ᠢᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠦᠨᠡᠯᠡᠨ ᠲᠤᠭᠲᠠᠭ᠋ᠠᠯᠳᠠ᠎ᠪᠠᠷ ᠳᠠᠮᠵᠢᠭᠰᠠᠨ᠂ ᠲᠤᠰ ᠠᠷᠭ᠎ᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠠᠵᠤ ᠠᠬᠤᠶ᠋ᠢᠯᠠᠯ ᠪᠠᠶ᠋ᠢᠬᠤ ᠬᠡᠷᠡᠭᠳᠡᠢ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠦᠨᠡᠯᠠᠨ ᠲᠤᠭᠲᠠᠭ᠋ᠠᠯᠳᠠ ᠪᠠ ᠠᠵᠢᠯᠯᠠᠭ᠋ᠠᠨ᠎ᠢ ᠬᠢᠨᠠᠨ ᠰᠢᠨᠵᠢᠬᠦ ᠠᠵᠢᠯ᠎ᠨᠢ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠵᠢᠮ᠎ᠡ ᠶᠣᠰᠣ ᠵᠢ ᠵᠢᠷᠤᠮᠯᠠᠨ᠂ ᠥᠷᠢᠰᠥᠯᠳᠦᠭᠡᠨ ᠵᠶ᠋ᠠᠷ ᠰᠢᠯᠭ᠋ᠠᠷᠠᠭᠤᠯᠬᠤ ᠲᠣᠭᠲᠠᠴᠠ ᠵᠢ ᠬᠡᠷᠡᠭᠵᠢᠬᠦᠯᠵᠦ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶ᠋ᠢᠬᠤ ᠵᠠᠷᠴᠢᠮ᠎ᠢ ᠪᠠᠷᠢᠮᠲᠠᠯᠠᠨ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠡᠵᠡᠨ ᠮᠡᠳᠡᠬᠦ ᠡᠷᠬᠡ᠎ᠳᠤ ᠭᠠᠷ ᠲᠦᠷᠦᠭᠦ ᠥᠬᠡᠶ᠃
ᠬᠤᠶᠠᠳᠤᠭ᠋ᠠᠷ ᠪᠦᠯᠦᠭ ᠭᠤᠶᠤᠴᠢᠯᠠᠨ ᠮᠡᠳᠡᠭᠦᠯᠬᠦ ᠨᠥᠬᠦᠴᠡᠯ ᠪᠠ ᠳᠡᠰ ᠳᠠᠷᠠᠭ᠋ᠠᠯᠠᠯ
ᠳᠥᠷᠪᠡᠳᠦᠭᠡᠷ ᠵᠦᠢ᠍ᠯ ᠭᠤᠶᠤᠴᠢᠯᠠᠨ ᠮᠡᠳᠡᠬᠦᠯᠬᠦ ᠠᠵᠤ ᠠᠬᠤᠶ᠋ᠢᠯᠠᠯ᠎ᠨᠢ ᠳᠤᠤᠷᠠᠬᠢ ᠦᠨᠳᠦᠰᠦᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠃ ᠬᠠᠤᠯᠢ ᠶᠣᠰᠣᠭ᠋ᠠᠷ ᠪᠠᠶ᠋ᠢᠭᠤᠯᠤᠭᠰᠠᠨ ᠣᠶ ᠰᠢᠭᠤᠶ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠬᠦ᠂ ᠡᠳ᠋ᠰᠢᠭᠦᠯᠬᠦ᠂ ᠭᠦᠢ᠍ᠯᠭᠡᠭᠡᠬᠦ ᠪᠤᠶᠤ ᠦᠢ᠍ᠯᠡᠴᠢᠯᠡᠬᠦ᠎ᠪᠠᠷ ᠭᠤᠤᠯ ᠦᠢ᠍ᠯᠡᠰ ᠪᠣᠯᠭ᠋ᠠᠵᠤ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠃
(ᠬᠤᠶᠠᠷ) ᠭᠤᠣᠯ ᠡᠵᠡᠩᠨᠡᠯᠲᠡ ᠵᠢᠨ ᠣᠷᠣᠯᠭ᠎ᠠ᠃ ᠠᠵᠤ ᠠᠬᠤᠶ᠋ᠢᠯᠠᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠡᠵᠡᠩᠨᠡᠯᠲᠡ ᠵᠢᠨ ᠣᠷᠣᠯᠭ᠎ᠠ (ᠠᠷᠠᠯᠵᠢᠶᠠᠯᠠᠭᠰᠠᠨ ᠲᠤᠭ᠎ᠠ)᠎ᠨᠢ ᠶᠡᠷᠦᠩᠬᠡᠶ ᠡᠵᠡᠩᠨᠡᠯᠲᠡ ᠵᠢᠨ ᠣᠷᠣᠯᠭ᠎ᠠ (ᠠᠷᠠᠯᠵᠢᠶᠠᠯᠠᠭᠰᠠᠨ ᠲᠤᠭ᠎ᠠ) ᠵᠢᠨ 60 %᠎ᠠᠴᠠ ᠳᠡᠭᠡᠭᠰᠢᠬᠢ ᠵᠢ ᠡᠵᠡᠯᠡᠭᠰᠡᠨ᠃
(ᠭᠤᠷᠪᠠ) ᠠᠵᠤ ᠠᠬᠤᠶ᠋ᠢᠯᠠᠯ᠎ᠤᠨ ᠬᠡᠪᠴᠢᠶ᠎ᠡ᠃ ᠠᠵᠤ ᠠᠬᠤᠶ᠋ᠢᠯᠠᠯ᠎ᠤᠨ ᠶᠡᠷᠦᠩᠬᠡᠶ ᠬᠥᠷᠥᠩᠭᠡ ᠵᠢᠨ ᠬᠡᠪᠴᠢᠶ᠎ᠡ᠂ ᠦᠢ᠍ᠯᠡᠳᠪᠦᠷᠢᠯᠡᠯ᠎ᠤᠨ ᠬᠡᠪᠴᠢᠶ᠎ᠡ᠂ ᠣᠶ᠋ᠢᠷ᠎ᠠ ᠵᠢᠨ ᠬᠤᠶᠠᠷ ᠵᠢᠯ᠎ᠤᠨ ᠳᠤᠮᠳᠠᠴᠢ ᠡᠵᠡᠩᠨᠡᠯᠲᠡ ᠵᠢᠨ ᠣᠷᠣᠯᠭ᠎ᠠ ᠵᠡᠷᠭᠡ᠎ᠨᠢ ᠪᠦᠬᠦ ᠣᠷᠣᠨ᠎ᠤ ᠠᠳᠠᠯᠢ ᠠᠵᠤ ᠦᠢ᠍ᠯᠡᠰ᠎ᠤᠨ ᠲᠥᠷᠥᠯ ᠬᠡᠯᠪᠡᠷᠢ ᠵᠢᠨ ᠡᠮᠦᠨ᠎ᠡ ᠡᠩᠨᠡᠭᠡᠨ᠎ᠳᠤ ᠣᠷᠣᠵᠤ᠂ ᠡᠵᠡᠩᠨᠡᠯᠲᠡ ᠵᠢᠨ ᠭᠦᠢ᠍ᠴᠡᠳᠬᠡᠯ ᠲᠤᠭ᠎ᠠ᠎ᠨᠢ ᠲᠤᠰ ᠠᠷᠭ᠎ᠠ᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠪᠠᠷᠢᠮᠵᠢᠶ᠎ᠠ᠎ᠳᠤ ᠬᠦᠷᠦᠭᠰᠡᠨ᠃
(ᠳᠥᠷᠪᠡ) ᠠᠵᠤ ᠠᠬᠤᠶ᠋ᠢᠯᠠᠯ᠎ᠤᠨ ᠦᠷ᠎ᠡ ᠠᠰᠢᠭ᠃ ᠠᠵᠤ ᠠᠬᠤᠶ᠋ᠢᠯᠠᠯ᠎ᠤᠨ ᠶᠡᠷᠦᠩᠬᠡᠶ ᠡᠳ᠋ ᠬᠥᠷᠥᠩᠭᠡ ᠵᠢᠨ ᠬᠥᠯᠥᠰᠥ ᠣᠯᠭᠤᠮᠵᠢ ᠵᠢᠨ ᠨᠣᠷᠮ᠎ᠠ᠎ᠨᠢ ᠠᠳᠠᠯᠢ ᠬᠤᠭᠤᠴᠠᠭ᠋ᠠᠨ᠎ᠤ ᠪᠠᠩᠬᠢ ᠵᠢᠨ ᠵᠢᠭᠡᠯᠡᠯᠭᠡ ᠵᠢᠨ ᠰᠠᠭᠤᠷᠢ ᠪᠠᠷᠢᠮᠵᠢᠶᠠᠲᠤ ᠬᠦᠦ ᠵᠢᠨ ᠨᠣᠷᠮ᠎ᠠ᠎ᠠᠴᠠ ᠥᠨᠳᠥᠷ᠂ ᠦᠢ᠍ᠯᠡᠳᠪᠦᠷᠢᠯᠡᠵᠦ ᠪᠣᠷᠣᠯᠠᠭᠤᠯᠬᠤ ᠨᠣᠷᠮ᠎ᠠ᠎ᠨᠢ 80 %᠎ᠠᠴᠠ ᠳᠡᠭᠡᠭᠰᠢ᠂ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ᠎ᠨᠢ ᠵᠠᠷᠴᠢᠮ ᠳᠡᠭᠡᠷ᠎ᠡ᠎ᠪᠠᠨ 70 %᠎ᠠᠴᠠ ᠳᠤᠤᠷ᠎ᠠ ᠪᠠᠶ᠋ᠢᠬᠤ᠃
(ᠲᠠᠪᠤ) ᠠᠵᠤ ᠠᠬᠤᠶ᠋ᠢᠯᠠᠯ᠎ᠤᠨ ᠢᠲᠡᠭᠡᠮᠵᠢ᠃ ᠠᠵᠤ ᠠᠬᠤᠶ᠋ᠢᠯᠠᠯ᠎ᠤᠨ ᠬᠠᠤᠯᠢ ᠵᠢ ᠰᠠᠬᠢᠵᠤ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ᠂ ᠴᠠᠯᠢᠩ ᠦᠷᠢᠳᠦᠭᠰᠡᠨ ᠦᠭᠡᠢ ᠮᠦᠷᠲᠡᠭᠡᠨ ᠨᠡᠶ᠋ᠢᠭᠡᠮ᠎ᠤᠨ ᠳᠠᠭ᠋ᠠᠳᠬᠠᠯ᠎ᠤᠨ ᠮᠥᠩᠭᠦ ᠵᠢ ᠬᠠᠤᠯᠢ ᠶᠣᠰᠣᠭ᠋ᠠᠷ ᠲᠤᠰᠢᠶᠠᠭᠰᠠᠨ ᠦᠭᠡᠢ ᠵᠡᠷᠭᠡ ᠬᠥᠳᠡᠯᠮᠦᠷᠢᠴᠢᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠦᠢ᠍ᠯᠡ ᠠᠵᠢᠯᠯᠠᠭ᠎ᠠ ᠪᠠᠶ᠋ᠢᠬᠤ ᠦᠭᠡᠢ᠃ ᠭᠠᠶ᠋ᠢᠯᠢ ᠲᠤᠰᠢᠶᠠᠭᠰᠠᠨ ᠢᠲᠡᠭᠡᠮᠵᠢ ᠰᠠᠶ᠋ᠢᠨ᠂ ᠭᠠᠶ᠋ᠢᠯᠢ ᠦᠷᠢᠳᠦᠭᠰᠡᠨ ᠦᠭᠡᠢ᠃ ᠣᠶ᠋ᠢᠷ᠎ᠠ ᠵᠢᠨ ᠬᠤᠶᠠᠷ ᠵᠢᠯ᠎ᠤᠨ ᠳᠣᠲᠣᠷ᠎ᠠ ᠢᠲᠡᠭᠡᠮᠵᠢ ᠮᠠᠭᠤᠲᠠᠶ ᠲᠡᠮᠳᠡᠭᠯᠡᠯ ᠥᠬᠡᠶ᠂ ᠰᠢᠭᠦᠬᠦ ᠬᠤᠷᠢᠶ᠎ᠠ ᠪᠤᠶᠤ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ ᠰᠢᠰᠲ᠋ᠧᠮ᠎ᠤᠨ ᠢᠲᠡᠭᠡᠮᠵᠢ ᠠᠯᠳᠠᠭᠰᠠᠨ ᠨᠡᠷᠡᠰ᠎ᠲᠤ ᠵᠢᠭᠰᠠᠭ᠋ᠠᠭᠳᠠᠭᠰᠠᠨ ᠥᠬᠡᠶ᠃
(ᠵᠢᠷᠭᠤᠭ᠎ᠠ) ᠠᠵᠤ ᠠᠬᠤᠶ᠋ᠢᠯᠠᠯ᠎ᠤᠨ ᠳᠠᠶ᠋ᠢᠴᠢᠯᠠᠬᠤ ᠴᠢᠳᠠᠪᠤᠷᠢ᠃ ᠠᠵᠤ ᠠᠬᠤᠶ᠋ᠢᠯᠠᠯ᠎ᠤᠨ ᠭᠠᠵᠠᠷ ᠰᠢᠷᠣᠶ ᠵᠢ ᠰᠢᠯᠵᠢᠭᠦᠯᠦᠨ ᠲᠦᠷᠢᠶᠡᠰᠦᠯᠡᠭᠦᠯᠬᠦ᠂ ᠠᠵᠤ ᠦᠢ᠍ᠯᠡᠰ᠎ᠤᠨ ᠠᠵᠢᠯᠴᠢᠨ᠎ᠢ ᠤᠷᠢᠨ ᠬᠡᠷᠡᠭᠯᠡᠬᠦ᠂ ᠤᠯᠠᠷᠢᠯ᠎ᠤᠨ ᠴᠢᠨᠠᠷᠲᠠᠶ ᠠᠵᠢᠯᠴᠢᠨ ᠬᠡᠷᠡᠭᠯᠡᠬᠦ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠶ ᠰᠢᠭᠤᠶ ᠵᠢᠨ ᠲᠠᠷᠢᠶᠠᠴᠢᠨ ᠡᠷᠦᠬᠡ ᠵᠢ ᠳᠠᠶ᠋ᠢᠴᠢᠯᠠᠭᠰᠠᠨ ᠪᠠᠶ᠋ᠢᠳᠠᠯ᠃
(ᠳᠣᠯᠤᠭ᠎ᠠ) ᠠᠵᠤ ᠠᠬᠤᠶ᠋ᠢᠯᠠᠯ᠎ᠤᠨ ᠥᠷᠢᠰᠦᠯᠳᠦᠬᠦ ᠬᠦᠴᠦᠨ᠃ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠶᠠᠰᠤ ᠴᠢᠨᠠᠷ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ᠂ ᠰᠢᠨ᠎ᠡ ᠦᠢ᠍ᠯᠡᠳᠬᠦᠨ᠎ᠢ ᠰᠤᠳᠤᠯᠤᠨ ᠨᠡᠭᠡᠭᠡᠬᠦ ᠴᠢᠳᠠᠪᠤᠷᠢ᠎ᠨᠢ ᠠᠳᠠᠯᠢ ᠠᠵᠢᠯ ᠲᠥᠷᠥᠯ᠎ᠤᠨ ᠳᠣᠲᠣᠷ᠎ᠠ ᠲᠡᠷᠢᠭᠦᠨ᠎ᠤ ᠬᠢᠷᠢ ᠬᠡᠮᠵᠢᠶᠡᠨ᠎ᠳᠤ ᠣᠷᠣᠰᠢᠵᠤ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠪᠣᠯᠤᠨ ᠲᠦᠷᠦᠯ ᠲᠡᠮᠳᠡᠭ᠎ᠲᠠᠢ ᠪᠠᠶ᠋ᠢᠬᠤ ᠬᠡᠷᠡᠭᠲᠡᠶ᠃ ᠦᠢ᠍ᠯᠡᠳᠬᠦᠨ᠎ᠨᠢ ᠤᠯᠤᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠵᠢᠨ ᠬᠠᠮᠲᠤ ᠬᠠᠮᠢᠶ᠎ᠠ ᠪᠦᠬᠦᠢ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢᠨ ᠭᠡᠷᠡᠴᠢᠯᠡᠯ᠎ᠢ ᠣᠯᠤᠭᠰᠠᠨ ᠪᠠᠶ᠋ᠢᠬᠤ ᠬᠡᠷᠡᠭᠲᠡᠶ᠃
(ᠨᠠᠢ᠍ᠮᠠ) ᠠᠶᠤᠯᠬᠦᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ᠃ ᠣᠶ᠋ᠢᠷ᠎ᠠ ᠵᠢᠨ ᠬᠤᠶᠠᠷ ᠵᠢᠯ᠎ᠤᠨ ᠳᠣᠲᠣᠷ᠎ᠠ ᠠᠶᠤᠯ ᠦᠭᠡᠶ ᠦᠢ᠍ᠯᠡᠳᠪᠦᠷᠢᠯᠡᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠶᠠᠰᠤ ᠴᠢᠨᠠᠷ᠎ᠤᠨ ᠲᠠᠯ᠎ᠠ᠎ᠪᠠᠷ᠎ᠬᠢ ᠴᠢᠬᠤᠯᠠ ᠶᠡᠭᠡ ᠠᠳᠡᠯ ᠪᠠᠶ᠋ᠢᠬᠤ ᠦᠭᠡᠶ ᠪᠠ ᠣᠶ ᠰᠢᠭᠤᠶ ᠨᠤᠲᠤᠭ ᠪᠡᠯᠴᠢᠭᠡᠷ᠎ᠲᠤ ᠬᠤᠯᠪᠣᠭᠳᠠᠭᠰᠠᠨ ᠴᠢᠬᠤᠯᠠ ᠶᠡᠭᠡ ᠬᠡᠷᠡᠭ ᠶᠠᠪᠤᠳᠠᠯ ᠪᠠᠶ᠋ᠢᠬᠤ ᠦᠭᠡᠶ᠂ ᠦᠢ᠍ᠯᠡᠳᠬᠦᠨ᠎ᠤ ᠶᠠᠰᠤ ᠴᠢᠨᠠᠷ᠎ᠨᠢ ᠤᠯᠤᠰ ᠪᠣᠯᠤᠨ ᠣᠷᠣᠨ ᠨᠤᠲᠤᠭ᠎ᠤᠨ ᠰᠤᠭᠤᠴᠢᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠶ ᠲᠡᠮᠳᠡᠭᠯᠡᠯ ᠪᠠᠶ᠋ᠢᠬᠤ ᠦᠭᠡᠶ᠃
(ᠶᠢᠰᠦ) ᠭᠤᠶᠤᠴᠢᠯᠠᠨ ᠮᠡᠳᠡᠭᠦᠯᠬᠦ᠎ᠠᠴᠠ ᠡᠮᠦᠨᠡᠬᠢ ᠬᠤᠶᠠᠷ ᠵᠢᠯ᠎ᠤᠨ ᠪᠣᠷᠣᠯᠠᠭᠤᠯᠤᠯᠲᠠ ᠵᠢᠨ ᠣᠷᠣᠯᠭ᠎ᠠ ᠵᠢᠨ ᠨᠡᠮᠡᠭᠳᠡᠯ᠎ᠨᠢ 30 %᠎ᠠᠴᠠ ᠳᠡᠭᠡᠭᠰᠢ ᠵᠢ ᠳᠠᠪᠠᠭᠰᠠᠨ᠂ ᠤᠢ ᠰᠢᠭᠤᠢ ᠵᠢᠨ ᠲᠠᠷᠢᠶᠠᠴᠢᠨ ᠡᠷᠦᠬᠡ ᠡᠰᠡᠬᠦᠯ᠎ᠡ ᠤᠢ ᠰᠢᠭᠤᠢ ᠵᠢᠨ ᠲᠠᠷᠢᠶᠠᠴᠢᠨ ᠡᠷᠦᠬᠡ᠎ᠯᠦᠭᠡ ᠲᠣᠭᠲᠠᠭᠤᠨ ᠠᠰᠢᠭ ᠲᠤᠰᠠ ᠵᠢᠨ ᠬᠠᠷᠢᠴᠠᠭ᠎ᠠ ᠪᠠᠶ᠋ᠢᠭᠤᠯᠬᠤ᠎ᠪᠠᠷ ᠳᠠᠮᠵᠢᠭᠤᠯᠤᠨ 500᠎ᠠᠴᠠ ᠳᠡᠭᠡᠭᠰᠢᠬᠢ ᠤᠢ ᠰᠢᠭᠤᠢ ᠵᠢᠨ ᠲᠠᠷᠢᠶᠠᠴᠢᠨ ᠡᠷᠦᠬᠡ ᠵᠢ ᠳᠠᠶ᠋ᠢᠴᠢᠯᠠᠭᠰᠠᠨ᠂ ᠡᠰᠡᠬᠦᠯ᠎ᠡ ᠲᠣᠭᠲᠠᠮᠠᠯ ᠬᠥᠷᠥᠩᠭᠡ ᠣᠷᠣᠭᠤᠯᠤᠯᠲᠠ᠎ᠨᠢ 1000 ᠲᠦᠮᠡᠨ ᠲᠥᠭᠦᠷᠢᠭ᠎ᠢ ᠳᠠᠪᠠᠭᠰᠠᠨ ᠠᠵᠤ ᠠᠬᠤᠶ᠋ᠢᠯᠠᠯ᠎ᠢ ᠬᠢᠨᠠᠨ ᠰᠢᠨᠵᠢᠬᠦ ᠪᠠ ᠦᠨᠡᠯᠡᠨ ᠲᠣᠭᠲᠠᠭ᠋ᠠᠬᠤ᠎ᠳᠠᠭᠠᠨ 1 ᠵᠦᠢ᠍ᠯ᠎ᠤᠨ ᠭᠦᠢ᠍ᠴᠡᠳᠬᠡᠬᠦ ᠱᠠᠭ᠋ᠠᠷᠳᠠᠯᠭ᠎ᠠ ᠵᠢ ᠵᠣᠬᠢᠰᠲᠠᠶ᠎ᠪᠠᠷ ᠴᠢᠯᠦᠭᠡᠳᠡᠢ ᠬᠡᠷᠡᠭᠯᠡᠵᠦ ᠪᠣᠯᠤᠨ᠎ᠠ᠃
ᠲᠠᠪᠤᠳᠤᠭ᠋ᠠᠷ ᠵᠦᠢ᠍ᠯ ᠭᠤᠶᠤᠴᠢᠯᠠᠨ ᠮᠡᠳᠡᠬᠦᠯᠬᠦ ᠲᠡᠰ ᠳᠠᠷᠠᠭ᠋ᠠᠯᠠᠯ᠄
(ᠨᠢᠭᠡ) ᠭᠤᠶᠤᠴᠢᠯᠠᠨ ᠮᠡᠳᠡᠬᠦᠯᠬᠦ ᠠᠵᠤ ᠠᠬᠤᠶ᠋ᠢᠯᠠᠯ᠎ᠨᠢ ᠰᠠᠶ᠋ᠢᠨ ᠳᠤᠷ᠎ᠠ ᠵᠢᠨ ᠪᠠᠶ᠋ᠢᠬᠤ ᠵᠠᠷᠴᠢᠮ ᠶᠣᠰᠣᠭ᠋ᠠᠷ᠂ ᠪᠠᠶ᠋ᠢᠭ᠎ᠠ ᠭᠠᠵᠠᠷ᠎ᠤᠨ ᠵᠶ᠋ᠠᠨ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠭᠤᠳ ᠭᠤᠶᠤᠴᠢᠯᠠᠯ ᠵᠶ᠋ᠠᠨ ᠳᠤᠷᠠᠳᠴᠤ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
(ᠬᠤᠶᠠᠷ) ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠠᠨᠢᠯᠴᠠᠭᠤᠯᠤᠭᠰᠠᠨ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠬᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠬᠦ ᠬᠡᠷᠡᠭᠲᠡᠶ᠃
(ᠭᠤᠷᠪᠠ) ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠭᠡᠷᠡᠴᠢᠯᠡᠯᠲᠡ ᠬᠥᠭᠵᠢᠭᠦᠯᠦᠯᠲᠡ᠂ ᠭᠠᠶ᠋ᠢᠯᠢ ᠵᠢᠨ ᠶᠠᠪᠤᠳᠠᠯ᠂ ᠠᠮᠢ ᠠᠬᠤᠶ ᠵᠢᠨ ᠣᠷᠴᠢᠨ ᠲᠣᠭᠤᠷᠢᠨ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠵᠡᠷᠭᠡ ᠰᠠᠯᠠᠭ᠎ᠠ ᠮᠥᠴᠢᠷ ᠪᠣᠯᠤᠨ ᠪᠠᠶ᠋ᠢᠭᠤᠯᠭ᠎ᠠ ᠨᠢᠭᠡᠴᠡ ᠵᠢᠨ ᠭᠤᠶᠤᠴᠢᠯᠠᠭᠰᠠᠨ ᠠᠵᠤ ᠠᠬᠤᠶ᠋ᠢᠯᠠᠯ᠎ᠤᠨ ᠰᠠᠨᠠᠯ᠎ᠢ ᠭᠦᠢ᠍ᠴᠡᠳ ᠬᠤᠷᠢᠶᠠᠵᠤ᠂ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠪᠠᠲᠤᠯᠠᠨ ᠲᠠᠨᠢᠯᠴᠠᠭᠤᠯᠬᠤ ᠵᠢᠨ ᠬᠠᠮᠲᠤ᠂ ᠬᠢᠨᠠᠭᠰᠠᠨ ᠰᠠᠨᠠᠯ ᠪᠠ ᠬᠠᠮᠢᠶ᠎ᠠ ᠪᠥᠬᠦᠶ ᠮᠠᠲ᠋ᠧᠷᠢᠶᠠᠯ᠎ᠢ ᠪᠢᠴᠢᠭ ᠵᠶ᠋ᠠᠷ ᠳᠠᠭ᠋ᠠᠯᠳᠤᠭᠤᠯᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠭᠤᠶᠤᠴᠢᠯᠠᠨ ᠮᠡᠳᠡᠬᠦᠯᠬᠦ ᠮᠠᠲ᠋ᠧᠷᠢᠶᠠᠯ ᠭᠤᠶᠤᠴᠢᠯᠠᠨ ᠮᠡᠳᠡᠬᠦᠯᠬᠦ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠨᠳᠦᠰᠦᠨ ᠪᠠᠶ᠋ᠢᠳᠠᠯ᠎ᠢ ᠬᠠᠩᠭ᠋ᠠᠬᠤ ᠵᠢᠨ ᠬᠠᠮᠲᠤ᠂ ᠲᠣᠰ ᠠᠷᠭ᠎ᠠ ᠵᠢᠨ ᠳᠥᠷᠪᠡᠳᠦᠭᠡᠷ ᠵᠦᠢ᠍ᠯ᠎ᠤᠨ ᠶᠣᠰᠣᠭ᠋ᠠᠷ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
(ᠨᠢᠭᠡ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠬᠦᠯᠬᠦ ᠬᠦᠰᠦᠨᠦᠭᠲᠦ᠃
(ᠬᠤᠶᠠᠷ) ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ ᠪᠤᠶᠤ ᠡᠯᠧᠺᠲᠷᠣᠨ ᠡᠵᠡᠩᠨᠡᠯᠲᠡ ᠵᠢᠨ ᠦᠨᠡᠮᠯᠡᠯ᠃
(ᠭᠤᠷᠪᠠ) ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠡᠮᠳᠡᠭᠯᠡᠯ᠃ ᠠᠵᠤ ᠠᠬᠤᠶ᠋ᠢᠯᠠᠯ᠎ᠤᠳ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠮᠥᠩᠭᠦᠨ ᠭᠦᠢ᠍ᠯᠭᠡᠭᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠰᠠᠭᠤᠷᠢ ᠳ᠋ᠠᠶ᠋ᠢᠲ᠋ᠠ ᠬᠥᠮᠥᠷᠭᠡ᠎ᠠᠴᠠ ᠭᠠᠷᠭ᠋ᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠦᠯᠦᠯᠲᠡ᠃
(ᠳᠥᠷᠪᠡ) ᠬᠢᠷᠢ ᠬᠡᠮ᠎ᠲᠠᠢ ᠨᠢᠭᠲᠠᠯᠠᠨ ᠪᠤᠳᠤᠭᠴᠢ (ᠬᠢᠨᠠᠨ ᠪᠤᠳᠤᠯᠲᠠ) ᠵᠢᠨ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠠᠵᠤ ᠠᠬᠤᠶ᠋ᠢᠯᠠᠯ᠎ᠤᠨ ᠲᠦᠷᠦᠭᠦᠦ ᠬᠤᠶᠠᠷ ᠵᠢᠯ᠎ᠤᠨ ᠡᠳ᠋᠎ᠤᠨ ᠶᠠᠪᠤᠳᠠᠯ᠎ᠤᠨ ᠬᠢᠨᠠᠨ ᠪᠤᠳᠤᠯᠲᠠ ᠵᠢᠨ ᠮᠡᠳᠡᠭᠦᠯᠦᠯᠲᠡ᠃
(ᠲᠠᠪᠤ) ᠠᠵᠤ ᠠᠬᠤᠶ᠋ᠢᠯᠠᠯ᠎ᠤᠨ ᠳᠠᠶ᠋ᠢᠴᠢᠯᠠᠬᠤ ᠴᠢᠳᠠᠪᠤᠷᠢ ᠪᠠ ᠠᠰᠢᠭ ᠲᠤᠰᠠ ᠵᠢᠨ ᠬᠠᠷᠢᠴᠠᠭ᠋ᠠᠨ᠎ᠤ ᠭᠡᠷᠡᠴᠢᠯᠡᠯ᠃ ᠬᠤᠰᠢᠭᠤ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠵᠤ᠂ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠨᠤᠲᠠᠯᠠᠭᠤᠯᠤᠭ᠋ᠠᠳ ᠨᠡᠶ᠋ᠢᠲᠡ᠎ᠳᠤ ᠵᠠᠷᠯᠠᠵᠤ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠭᠰᠡᠨ ᠪᠠᠶ᠋ᠢᠬᠤ ᠬᠡᠷᠡᠭᠲᠡᠶ᠃
(ᠵᠢᠷᠭᠤᠭ᠎ᠠ) ᠠᠵᠤ ᠠᠬᠤᠶ᠋ᠢᠯᠠᠯ᠎ᠤᠨ ᠭᠠᠶ᠋ᠢᠯᠢ ᠲᠤᠰᠢᠶᠠᠭᠰᠠᠨ ᠪᠠᠶ᠋ᠢᠳᠠᠯ᠎ᠤᠨ ᠭᠡᠷᠡᠴᠢ᠃ ᠠᠵᠤ ᠠᠬᠤᠶ᠋ᠢᠯᠠᠯ᠎ᠤᠨ ᠪᠠᠶ᠋ᠢᠭ᠎ᠠ ᠭᠠᠵᠠᠷ᠎ᠤᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠢᠵᠦ ᠥᠭᠭᠦᠭᠰᠡᠨ ᠲᠦᠷᠦᠭᠦᠦ ᠬᠤᠶᠠᠷ ᠵᠢᠯ᠎ᠤᠨ ᠭᠠᠶ᠋ᠢᠯᠢ ᠲᠤᠰᠢᠶᠠᠭᠰᠠᠨ ᠪᠠᠶ᠋ᠢᠳᠠᠯ᠎ᠤᠨ ᠭᠡᠷᠡᠴᠢ (ᠪᠤᠶᠤ ᠰᠦᠯᠵᠢᠶᠡᠨ ᠳᠡᠭᠡᠷᠡᠬᠢ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠳᠠᠷᠤᠮᠠᠯᠯᠠᠭᠰᠠᠨ ᠠᠵᠤ ᠠᠬᠤᠶ᠋ᠢᠯᠠᠯ᠎ᠤᠨ ᠭᠠᠶ᠋ᠢᠯᠢ ᠲᠤᠰᠢᠶᠠᠭᠰᠠᠨ ᠪᠠᠶ᠋ᠢᠳᠠᠯ)᠃
(ᠲᠤᠯᠤᠭ᠎ᠠ) ᠪᠤᠰᠤᠳ ᠵᠦᠢ᠍ᠯ᠃ ᠠᠵᠤ ᠠᠬᠤᠶ᠋ᠢᠯᠠᠯ᠎ᠤᠨ ᠣᠯᠤᠭᠰᠠᠨ ᠲᠤᠰᠬᠠᠶ ᠠᠰᠢᠭ᠂ ᠦᠷ᠎ᠡ ᠪᠦᠲᠦᠭᠡᠯ᠎ᠤᠨ ᠦᠨᠡᠮᠯᠡᠯ᠂ ᠢᠳᠡᠭᠡᠨ᠂ ᠡᠮ᠎ᠤᠨ ᠵᠦᠢ᠍ᠯᠡᠰ᠎ᠤᠨ ᠬᠢᠷᠢ ᠲᠡᠩᠴᠡᠭᠰᠡᠨ ᠦᠨᠡᠮᠯᠡᠯ᠂ ᠪᠣᠬᠢᠷᠲᠤᠯ ᠥᠬᠡᠶ᠂ ᠣᠷᠭ᠋ᠠᠨᠢᠭ᠂ ᠭᠠᠵᠠᠷ ᠵᠦᠶ ᠵᠢᠨ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ᠂ ᠭᠠᠵᠠᠷ ᠵᠦᠶ ᠵᠢᠨ ᠲᠡᠮᠳᠡᠭᠲᠦ ᠬᠠᠮᠠᠭ᠋ᠠᠯᠠᠯᠳᠠ ᠵᠢᠨ ᠪᠦᠲᠦᠭᠡᠭᠳᠡᠬᠦᠨ᠂ ᠣᠶ ᠰᠢᠭᠤᠶ ᠵᠢᠨ ᠭᠡᠷᠡᠴᠢᠯᠡᠯ ᠵᠡᠷᠭᠡ ᠭᠡᠷᠡᠴᠢᠯᠡᠯ᠎ᠤᠨ ᠭᠡᠷᠡᠴᠢ ᠮᠠᠲ᠋ᠧᠷᠢᠶᠠᠯ᠃
(ᠨᠠᠢ᠍ᠮᠠ) ᠠᠮᠠᠯᠠᠯᠲᠠ ᠵᠢᠨ ᠪᠢᠴᠢᠭ᠃ ᠠᠵᠤ ᠠᠬᠤᠶ᠋ᠢᠯᠠᠯ᠎ᠤᠨ ᠭᠠᠷᠭ᠋ᠠᠭᠰᠠᠨ ᠠᠯᠪᠠᠨ ᠲᠠᠮᠠᠭ᠎ᠠ ᠳᠠᠷᠤᠭᠰᠠᠨ ᠪᠦᠬᠦ ᠮᠡᠳᠡᠬᠦᠯᠦᠯᠲᠡ ᠵᠢᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠭᠰᠠᠨ ᠪᠠ ᠪᠠᠲᠤᠯᠠᠭᠰᠠᠨ ᠠᠮᠠᠯᠠᠯᠲᠠ ᠵᠢᠨ ᠪᠢᠴᠢᠭ᠃
ᠭᠤᠷᠪᠠᠳᠤᠭ᠋ᠠᠷ ᠪᠦᠯᠦᠭ ᠦᠨᠡᠯᠡᠨ ᠲᠤᠭᠲᠠᠭ᠋ᠠᠬᠤ
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠲᠤᠯᠠᠨ ᠲᠠᠨᠢᠯᠴᠠᠭᠤᠯᠤᠭᠰᠠᠨ ᠨᠡᠷᠡᠰ᠎ᠢ ᠦᠨᠳᠦᠰᠦᠯᠡᠨ᠂ ᠪᠠᠲᠤᠯᠠᠨ ᠲᠠᠨᠢᠯᠴᠠᠭᠤᠯᠤᠭᠰᠠᠨ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠢᠲᠡᠭᠡᠮᠵᠢ᠂ ᠭᠠᠶ᠋ᠢᠯᠢ ᠲᠤᠰᠢᠶᠠᠭᠰᠠᠨ ᠪᠠᠶ᠋ᠢᠳᠠᠯ᠂ ᠢᠲᠡᠭᠡᠮᠵᠢ ᠵᠢᠨ ᠲᠡᠮᠳᠡᠭᠯᠡᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠠᠶᠤᠯ ᠥᠬᠡᠶ ᠦᠢ᠍ᠯᠡᠳᠪᠦᠷᠢᠯᠡᠯ᠂ ᠶᠠᠰᠤ ᠴᠢᠨᠠᠷ ᠵᠡᠷᠭᠡ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠭᠦᠯᠦᠯᠲᠡ᠂ ᠭᠠᠶ᠋ᠢᠯᠢ ᠵᠢᠨ ᠶᠠᠪᠤᠳᠠᠯ᠂ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠠᠮᠢ ᠠᠬᠤᠶ ᠵᠢᠨ ᠣᠷᠴᠢᠨ ᠲᠣᠭᠤᠷᠢᠨ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠵᠡᠷᠭᠡ ᠰᠠᠯᠠᠭ᠎ᠠ ᠮᠥᠴᠢᠷ᠂ ᠪᠠᠶ᠋ᠢᠭᠤᠯᠭ᠎ᠠ ᠨᠢᠭᠡᠴᠡ ᠵᠢᠨ ᠰᠠᠨᠠᠯ᠎ᠢ ᠬᠤᠷᠢᠶᠠᠵᠤ᠂ ᠵᠠᠬ᠎ᠠ ᠳᠡᠯᠭᠡᠭᠦᠷᠴᠢᠯᠡᠬᠦ᠂ ᠫᠠᠶ᠋ᠢᠰᠠ ᠡᠯᠭᠦᠬᠦ ᠵᠢᠴᠢ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ᠎ᠳᠤ ᠬᠤᠯᠪᠣᠭᠳᠠᠭᠰᠠᠨ ᠠᠵᠤ ᠠᠬᠤᠶ᠋ᠢᠯᠠᠯ᠎ᠨᠢ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠠᠩᠬᠠᠨ᠎ᠤ ᠬᠢᠨᠠᠯᠲᠠ ᠵᠢᠨ ᠰᠠᠨᠠᠯ᠎ᠢ ᠪᠦᠷᠢᠯᠳᠦᠭᠦᠯᠦᠨ᠎ᠡ᠃
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠭᠤᠷᠪᠠᠳᠠᠬᠢ ᠡᠲᠡᠭᠡᠳ᠎ᠲᠤ ᠨᠠᠶ᠋ᠢᠳᠠᠬᠤ ᠪᠤᠶᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠠᠬᠤᠶ᠂ ᠳᠠᠷᠢᠵᠤ ᠲᠡᠵᠢᠭᠡᠵᠦ ᠦᠷᠡᠵᠢᠭᠦᠯᠬᠦ᠂ ᠣᠶ ᠰᠢᠭᠤᠶ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠢ ᠡᠳ᠋ᠰᠢᠭᠦᠯᠬᠦ᠂ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠴᠢᠯᠡᠭᠡ᠂ ᠠᠵᠤ ᠠᠬᠤᠶ᠋ᠢᠯᠠᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠢᠨᠠᠨ ᠪᠤᠳᠤᠯᠲᠠ ᠵᠡᠷᠭᠡ ᠲᠠᠯ᠎ᠠ ᠵᠢᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠩᠬ᠎ᠠ ᠬᠢᠨᠠᠭᠰᠠᠨ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠦᠨᠡᠯᠡᠵᠦ᠂ ᠬᠢᠨᠠᠨ ᠲᠣᠭᠲᠠᠭ᠋ᠠᠭᠰᠠᠨ ᠰᠠᠨᠠᠯ ᠳᠤᠷᠠᠳᠴᠤ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠪᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠪᠠᠶ᠋ᠢᠳᠠᠯ᠎ᠳᠤ ᠪᠣᠳᠠᠲᠠᠶ ᠭᠠᠵᠠᠷ᠎ᠲᠤᠨᠢ ᠬᠢᠨᠠᠨ ᠰᠢᠯᠭ᠋ᠠᠯᠲᠠ ᠬᠢᠯᠭᠡᠬᠦ ᠬᠡᠷᠡᠭᠲᠡᠶ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠲᠣᠭᠲᠠᠭ᠋ᠠᠭᠰᠠᠨ ᠰᠠᠨᠠᠯ ᠵᠢᠴᠢ ᠪᠣᠳᠠᠲᠠᠶ ᠭᠠᠵᠠᠷ᠎ᠲᠤᠨᠢ ᠬᠢᠨᠠᠨ ᠰᠢᠯᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ ᠦᠨᠡᠯᠡᠨ ᠲᠣᠭᠲᠠᠭ᠋ᠠᠬᠤ ᠰᠠᠨᠠᠭᠤᠯᠭ᠎ᠠ ᠵᠢᠨ ᠨᠡᠷᠡᠰ᠎ᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠰᠦᠯᠵᠢᠶ᠎ᠡ᠎ᠳᠤ ᠵᠠᠷᠯᠠᠨ ᠨᠡᠶ᠋ᠢᠲᠡᠯᠡᠨ᠎ᠡ᠃ ᠤᠨᠳᠤᠤ ᠰᠠᠨᠠᠯ ᠥᠬᠡᠶ ᠠᠵᠤ ᠠᠬᠤᠶ᠋ᠢᠯᠠᠯ᠎ᠢ ᠨᠡᠶ᠋ᠢᠲᠡ᠎ᠳᠤ ᠵᠠᠷᠯᠠᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠳᠤ ᠳᠡᠪᠰᠢᠭᠦᠯᠵᠦ ᠬᠢᠨᠠᠨ ᠲᠣᠭᠲᠠᠭ᠋ᠠᠯᠭ᠋ᠠᠨ᠎ᠠ᠃ ᠬᠢᠨᠠᠨ ᠲᠤᠭᠲᠠᠭ᠋ᠠᠯᠳᠠ᠎ᠪᠠᠷ ᠳᠠᠮᠵᠢᠭᠰᠠᠨ ᠠᠵᠤ ᠠᠬᠤᠶ᠋ᠢᠯᠠᠯ᠎ᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠪᠢᠴᠢᠭ ᠮᠠᠲ᠋ᠧᠷᠢᠶᠠᠯ ᠪᠠᠭᠤᠯᠭ᠋ᠠᠵᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠦ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ ᠵᠶ᠋ᠠᠷ ᠦᠨᠡᠯᠡᠨ ᠲᠣᠭᠲᠠᠭ᠋ᠠᠬᠤ ᠵᠢᠨ ᠬᠠᠮᠲᠤ ᠦᠨᠡᠮᠯᠡᠯ᠂ ᠫᠠᠶ᠋ᠢᠰᠠ ᠲᠡᠮᠳᠡᠭ ᠣᠯᠭᠤᠨ᠎ᠠ᠃ ᠤᠯᠤᠰ᠎ᠤᠨ ᠣᠢ ᠰᠢᠭᠤᠶ ᠵᠢᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠠᠴᠠ ᠰᠣᠩᠭᠤᠨ᠎ᠠ᠃
ᠳᠥᠷᠪᠡᠳᠦᠭᠡᠷ ᠪᠦᠯᠦᠭ ᠠᠵᠢᠯᠯᠠᠭ᠋ᠠᠨ᠎ᠢ ᠬᠢᠨᠠᠨ ᠬᠡᠮᠵᠢᠬᠦ
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠳᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠬᠡᠮᠵᠢᠵᠦ᠂ ᠥᠷᠢᠰᠥᠯᠳᠦᠬᠦ ᠪᠠ ᠰᠢᠭᠰᠢᠨ ᠲᠠᠶᠠᠭᠳᠠᠬᠤ ᠲᠣᠭᠲᠠᠴᠠ ᠵᠢ ᠪᠠᠶ᠋ᠢᠭᠤᠯᠤᠨ᠎ᠠ᠃
(ᠨᠢᠭᠡ) ᠬᠤᠶᠠᠷ ᠵᠢᠯ᠎ᠳᠤ ᠨᠢᠭᠡ ᠤᠳᠠᠭ᠎ᠠ ᠬᠢᠨᠠᠨ ᠬᠡᠮᠵᠢᠵᠦ ᠦᠨᠡᠯᠡᠬᠦ ᠲᠦᠷᠢᠮ᠎ᠢ ᠪᠠᠶ᠋ᠢᠭᠤᠯᠵᠤ᠂ ᠨᠢᠭᠡᠳᠦᠭᠡᠷ ᠤᠳᠠᠭ᠋ᠠᠨ᠎ᠤ ᠬᠢᠨᠠᠨ ᠬᠡᠮᠵᠢᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ ᠵᠶ᠋ᠠᠷ ᠦᠨᠡᠯᠡᠭᠳᠡᠭᠡᠳ ᠪᠦᠬᠦᠯᠢ ᠬᠤᠶᠠᠷ ᠵᠢᠯ ᠪᠣᠯᠤᠭᠰᠠᠨ᠎ᠤ ᠳᠠᠷᠠᠭ᠎ᠠ ᠥᠷᠨᠢᠭᠦᠯᠵᠦ᠂ ᠲᠠᠷᠠᠭ᠋ᠠᠴᠢ ᠵᠢᠨ ᠪᠦᠯᠦᠭ ᠮᠠᠭ᠋ᠠᠳᠯᠠᠨ ᠲᠣᠭᠲᠠᠭ᠋ᠠᠬᠤ ᠠᠵᠢᠯ᠎ᠲᠠᠢ ᠠᠳᠠᠯᠢ ᠬᠤᠭᠤᠴᠠᠭ᠋ᠠᠨ᠎ᠳᠤ ᠥᠷᠨᠢᠭᠦᠯᠦᠨ᠎ᠡ᠃ ᠬᠢᠨᠠᠨ ᠬᠡᠮᠵᠢᠬᠦ᠎ᠳᠤ ᠭᠤᠶᠤᠴᠢᠯᠠᠨ ᠮᠡᠳᠡᠭᠦᠯᠬᠦ᠎ᠳᠤ ᠱᠠᠭ᠋ᠠᠷᠳᠠᠭᠰᠠᠨ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠶ᠃ ᠭᠤᠷᠪᠠᠳᠠᠬᠢ ᠡᠲᠡᠭᠡᠳ᠎ᠲᠤ ᠨᠠᠶ᠋ᠢᠳᠠᠬᠤ ᠪᠤᠶᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ᠂ ᠢᠯᠡ ᠨᠡᠶ᠋ᠢᠲᠡᠯᠡᠬᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠬᠢᠨᠠᠨ ᠲᠣᠭᠲᠠᠭ᠋ᠠᠬᠤ ᠵᠡᠷᠭᠡ ᠬᠢᠨᠠᠨ ᠬᠡᠮᠵᠢᠬᠦ ᠭᠦᠢ᠍ᠴᠡᠳᠬᠡᠯ᠎ᠢ ᠮᠠᠭ᠋ᠠᠳᠯᠠᠨ ᠲᠣᠭᠲᠠᠭ᠋ᠠᠬᠤ ᠲᠠᠰ ᠳᠠᠷᠠᠭ᠋ᠠᠯᠠᠯ ᠶᠣᠰᠣᠭ᠋ᠠᠷ ᠬᠡᠷᠡᠭᠵᠢᠭᠦᠯᠦᠨ᠎ᠡ᠃
(ᠬᠤᠶᠠᠷ) ᠣᠨ᠎ᠤ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠬᠡᠷᠡᠭᠵᠢᠭᠦᠯᠵᠦ᠂ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠷᠢᠶ᠎ᠠ ᠭᠠᠵᠠᠷ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠠᠴᠠ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠨᠢᠭᠡᠳᠦᠯᠲᠡᠶ ᠴᠤᠭᠯᠠᠭᠤᠯᠵᠤ᠂ ᠠᠵᠤ ᠠᠬᠤᠶ᠋ᠢᠯᠠᠯ᠎ᠤᠨ ᠳᠡᠭᠡᠷ᠎ᠡ ᠨᠢᠭᠡ ᠵᠢᠯ᠎ᠤᠨ ᠦᠢ᠍ᠯᠡᠳᠪᠦᠷᠢᠯᠡᠯ ᠡᠵᠡᠩᠨᠡᠯᠲᠡ ᠪᠠ ᠡᠵᠡᠩᠨᠡᠯᠲᠡ ᠵᠢᠨ ᠤᠷᠤᠯᠭ᠎ᠠ ᠵᠢᠨ ᠪᠠᠶ᠋ᠢᠳᠠᠯ᠂ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠮᠡᠳᠡᠭᠦᠯᠦᠨ ᠬᠦᠷᠭᠡᠵᠦ᠂ ᠮᠠᠯᠵᠢᠬᠤ ᠲᠠᠷᠢᠶᠠᠯᠠᠬᠤ ᠡᠷᠦᠬᠡ ᠵᠢ ᠳᠠᠶ᠋ᠢᠴᠢᠯᠠᠬᠤ ᠵᠡᠷᠭᠡ ᠵᠢᠨ ᠪᠢᠴᠢᠭ ᠮᠠᠲ᠋ᠧᠷᠢᠶᠠᠯ᠎ᠢ ᠵᠢᠯ ᠪᠦᠷᠢ ᠵᠢᠨ 3 ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠶ᠃
(ᠭᠤᠷᠪᠠ) ᠬᠢᠨᠠᠨ ᠬᠡᠮᠵᠢᠬᠦ᠎ᠳᠤ ᠬᠢᠷᠢ ᠲᠡᠩᠴᠡᠭᠰᠡᠨ ᠦᠭᠡᠶ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠬᠢᠷᠢ ᠬᠡᠮ᠎ᠢ᠎ᠨᠢ ᠬᠦᠴᠦᠨ ᠦᠭᠡᠶ ᠪᠣᠯᠭ᠋ᠠᠵᠤ᠂ ᠦᠨᠡᠮᠯᠡᠯ᠎ᠢ᠎ᠨᠢ ᠬᠤᠷᠢᠶᠠᠨ ᠠᠪᠤᠨ᠎ᠠ᠃
ᠠᠷᠪᠠᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠳᠠᠬᠢᠨ ᠰᠢᠨ᠎ᠡ᠎ᠪᠠᠷ ᠨᠤᠲᠠᠯᠠᠨ ᠲᠣᠭᠲᠠᠭ᠋ᠠᠬᠤ ᠴᠢᠬᠤᠯᠠᠲᠠᠶ ᠪᠠᠶ᠋ᠢᠪᠠᠯ᠂ ᠠᠵᠤ ᠠᠬᠤᠶ᠋ᠢᠯᠠᠯ᠎ᠠᠴᠠ ᠡᠵᠡᠩᠨᠡᠯᠲᠡ ᠵᠢᠨ ᠦᠨᠡᠮᠯᠡᠯ ᠵᠡᠷᠭᠡ ᠨᠡᠷ᠎ᠡ ᠬᠠᠯᠠᠬᠤ ᠮᠠᠲ᠋ᠧᠷᠢᠶᠠᠯ᠎ᠢ ᠭᠠᠷᠭ᠋ᠠᠨ ᠥᠭᠴᠦ᠂ ᠠᠵᠤ ᠠᠬᠤᠶ᠋ᠢᠯᠠᠯ᠎ᠤᠨ ᠪᠠᠶ᠋ᠢᠭ᠎ᠠ ᠭᠠᠵᠠᠷ᠎ᠤᠨ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠨᠤᠲᠠᠯᠠᠨ ᠲᠣᠭᠲᠠᠭ᠋ᠠᠯᠭ᠋ᠠᠨ᠎ᠠ᠃
ᠠᠷᠪᠠᠨ ᠬᠤᠶᠠᠳᠤᠭ᠋ᠠᠷ ᠵᠦᠢ᠍ᠯ ᠳᠣᠣᠷᠠᠬᠢ ᠪᠠᠶ᠋ᠢᠳᠠᠯ ᠢᠯᠡᠷᠡᠪᠡᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠬᠢᠷᠢ ᠬᠡᠮ᠎ᠢ᠎ᠨᠢ ᠬᠠᠰᠤᠵᠤ᠂ 3 ᠵᠢᠯ᠎ᠤᠨ ᠳᠣᠲᠣᠷ᠎ᠠ ᠳᠠᠬᠢᠵᠤ ᠮᠡᠳᠡᠭᠦᠯᠵᠦ ᠪᠣᠯᠬᠤ ᠦᠭᠡᠶ᠃
(ᠨᠢᠭᠡ) ᠪᠠᠶ᠋ᠢᠴᠠᠭ᠋ᠠᠯᠳᠠ᠎ᠪᠠᠷ ᠳᠠᠮᠵᠢᠨ᠂ ᠠᠵᠤ ᠠᠬᠤᠶ᠋ᠢᠯᠠᠯ᠎ᠨᠢ ᠭᠤᠶᠤᠴᠢᠯᠠᠨ ᠮᠡᠳᠡᠭᠦᠯᠬᠦ ᠪᠠ ᠬᠢᠨᠠᠨ ᠬᠡᠮᠵᠢᠬᠦ ᠶᠠᠪᠤᠴᠠ᠎ᠳᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠤᠶᠤ ᠭᠡᠮ ᠬᠢᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠲᠤᠳᠤᠯᠠᠭᠰᠠᠨ᠃
(ᠬᠤᠶᠠᠷ) ᠠᠵᠤ ᠠᠬᠤᠶ᠋ᠢᠯᠠᠯ᠎ᠨᠢ ᠡᠵᠡᠩᠨᠡᠯᠲᠡ ᠵᠢᠨ ᠡᠷᠡᠭᠦᠯ ᠪᠤᠰᠤ ᠬᠦᠷᠦᠩᠭᠡ᠎ᠨᠢ ᠥᠷᠢ ᠰᠢᠷᠢ᠎ᠳᠡᠭᠡᠨ ᠦᠯᠦ ᠬᠦᠷᠬᠦ᠎ᠠᠴᠠ ᠪᠤᠯᠵᠤ ᠳᠠᠮᠫᠤᠷᠠᠭᠰᠠᠨ ᠪᠤᠶᠤ ᠨᠡᠶ᠋ᠢᠯᠡᠭᠦᠯᠦᠭᠳᠡᠭᠰᠡᠨ᠃
(ᠭᠤᠷᠪᠠ) ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠶᠠᠪᠤᠴᠠ᠎ᠳᠤ ᠤᠯᠤᠰ᠎ᠤᠨ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ ᠵᠢ ᠵᠥᠷᠢᠴᠡᠵᠦ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠬᠤ᠃
(ᠳᠥᠷᠪᠡ) ᠠᠵᠤ ᠠᠬᠤᠶ᠋ᠢᠯᠠᠯ᠎ᠨᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠎ᠠᠴᠠ ᠪᠣᠯᠵᠤ ᠠᠶᠤᠯ ᠦᠭᠡᠶ ᠦᠢ᠍ᠯᠡᠳᠪᠦᠷᠢᠯᠡᠯ᠂ ᠦᠢ᠍ᠯᠡᠳᠬᠦᠨ᠎ᠤ ᠶᠠᠰᠤ ᠴᠢᠨᠠᠷ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠠᠯ᠎ᠠ ᠵᠢᠨ ᠴᠢᠬᠤᠯᠠ ᠶᠡᠭᠡ ᠠᠰᠠᠭᠤᠳᠠᠯ ᠭᠠᠷᠤᠭᠰᠠᠨ᠃
(ᠲᠠᠪᠤ) ᠠᠵᠤ ᠠᠬᠤᠶ᠋ᠢᠯᠠᠯ᠎ᠨᠢ ᠬᠡᠳᠦ᠋ᠢ᠍ᠪᠡᠷ ᠬᠡᠪ᠎ᠤᠨ ᠶᠣᠰᠣᠭ᠋ᠠᠷ ᠡᠵᠡᠩᠨᠡᠵᠦ ᠪᠠᠶ᠋ᠢᠭ᠎ᠠ ᠪᠣᠯᠪᠠᠴᠤ ᠨᠢᠭᠡᠨᠲᠡ ᠦᠢ᠍ᠯᠡᠳᠪᠦᠷᠢᠯᠡᠯ ᠵᠶ᠋ᠠᠨ ᠬᠤᠪᠢᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠵᠡᠷᠭᠡ ᠠᠵᠤ ᠦᠢ᠍ᠯᠡᠰ ᠵᠶ᠋ᠠᠷ ᠭᠤᠣᠯ ᠪᠣᠯᠭ᠋ᠠᠬᠤ᠎ᠪᠠᠨ ᠪᠤᠯᠢᠭᠰᠠᠨ᠃
(ᠵᠢᠷᠭᠤᠭ᠎ᠠ) ᠠᠵᠤ ᠠᠬᠤᠶ᠋ᠢᠯᠠᠯ᠎ᠨᠢ ᠠᠵᠢᠯᠯᠠᠭ᠋ᠠᠨ᠎ᠢ ᠬᠢᠨᠠᠨ ᠬᠡᠮᠵᠢᠭᠰᠡᠨ ᠮᠠᠲ᠋ᠧᠷᠢᠶᠠᠯ ᠪᠣᠯᠤᠨ ᠣᠨ᠎ᠤ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠮᠠᠲ᠋ᠧᠷᠢᠶᠠᠯ ᠵᠶ᠋ᠠᠨ ᠱᠠᠭ᠋ᠠᠷᠳᠠᠯᠭ᠎ᠠ ᠶᠣᠰᠣᠭ᠋ᠠᠷ ᠬᠠᠩᠭ᠋ᠠᠭᠰᠠᠨ ᠦᠭᠡᠶ ᠪᠤᠶᠤ ᠠᠵᠢᠯᠯᠠᠭ᠋ᠠᠨ᠎ᠢ ᠬᠢᠨᠠᠨ ᠬᠡᠮᠵᠢᠵᠦ ᠦᠨᠡᠯᠡᠬᠦ᠎ᠳᠤ ᠣᠷᠣᠯᠴᠠᠬᠤ ᠵᠢ ᠲᠡᠪᠴᠢᠭᠰᠡᠨ᠃
(ᠲᠤᠯᠤᠭ᠎ᠠ) ᠬᠢᠷᠢ ᠬᠡᠮ᠎ᠢ᠎ᠨᠢ ᠬᠠᠰᠤᠬᠤ ᠶᠣᠰᠣᠲᠠᠢ ᠪᠤᠰᠤᠳ ᠪᠠᠶ᠋ᠢᠳᠠᠯ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠠᠷᠪᠠᠨ ᠭᠤᠷᠪᠠᠳᠤᠭ᠋ᠠᠷ ᠵᠦᠢ᠍ᠯ ᠠᠶ᠋ᠢᠮᠠᠭ ᠬᠤᠲᠠ᠎ᠨᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠵᠤ᠂ ᠲᠣᠰ ᠭᠠᠵᠠᠷ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠲᠣᠰ ᠠᠷᠭ᠎ᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
ᠠ᠊ᠷᠪᠠᠨ ᠲᠠᠪᠤᠳᠤᠭ᠋ᠠᠷ ᠵᠦᠢ᠍ᠯ ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃