ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠪᠠᠶᠠᠨᠨᠠᠭᠤᠷ ᠬᠤᠲᠠ ᠵᠢᠨ ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》᠎ᠤᠨ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠤᠬᠤᠯᠠᠪᠤᠷᠢ
ᠨᠡᠶ᠋ᠢᠲᠡᠯᠡᠭᠰᠡᠨ ᠴᠠᠭ᠄ 2025-05-15

ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠦᠪᠦᠷ ᠵᠠᠰᠠᠭ ᠦᠰᠦᠭ  [2025] 48 ᠳ᠋ᠤᠭ᠋ᠠᠷ ᠲᠤᠭ᠋ᠠᠲᠤ
    《ᠪᠠᠶᠠᠨᠨᠠᠭᠤᠷ ᠬᠤᠲᠠ ᠵᠢᠨ ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》᠎ᠤᠨ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠤᠬᠤᠯᠠᠪᠤᠷᠢ


ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
     ᠲᠠᠨ᠎ᠤ ᠬᠤᠲᠠ ᠵᠢᠨ 《ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ᠎ᠤᠨ ᠲᠤᠬᠠᠢ ᠡᠰᠢᠯᠡᠯᠲᠡ》 (ᠪᠠᠶᠠᠨᠨᠠᠭᠤᠷ ᠵᠠᠰᠠᠭ ᠮᠡᠳᠡᠭᠦᠯᠦᠯᠲᠡ  [2025] 22 ᠳ᠋ᠤᠭ᠋ᠠᠷ ᠲᠤᠭ᠋ᠠᠲᠤ) ᠵᠢ ᠭᠦᠯᠢᠶᠡᠨ ᠠᠪᠴᠤ ᠤᠶ᠋ᠢᠯᠠᠭ᠋ᠠᠯ᠎ᠠ᠃ ᠡᠳᠦᠬᠡ ᠲᠤᠤᠷᠠᠬᠢ ᠮᠡᠲᠦ ᠴᠤᠬᠤᠯᠠᠪᠤᠷᠢᠯᠠᠪᠠ᠄
     ᠦᠪᠡᠷᠳᠡᠬᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠬᠡᠵᠢᠯᠳᠡᠨ᠎ᠢ ᠵᠤᠬᠢᠶᠠᠨ ᠪᠠᠶ᠋ᠢᠭᠤᠯᠵᠦ ᠨᠣᠳᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠪᠠᠶᠠᠨᠨᠠᠭᠤᠷ ᠬᠤᠲᠠ ᠵᠢᠨ ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》᠎ᠨᠢ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠲᠠ ᠵᠢᠨ ᠬᠠᠤᠯᠢ》᠂ 《〈ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠲᠤᠨᠨᠳᠠᠭ᠋ᠠᠯ  [2023] 7 ᠳ᠋ᠤᠭ᠋ᠠᠷ ᠲᠤᠭ᠋ᠠᠲᠤ) ᠪᠠ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠵᠢ ᠬᠡᠷᠡᠭᠵᠢᠬᠦᠯᠬᠦ ᠨᠠᠷᠢᠨ ᠲᠦᠷᠢᠮ (ᠲᠤᠷᠰᠢᠨ ᠬᠡᠷᠡᠭᠵᠢᠬᠦᠯᠬᠦ)》᠂ 《ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠲᠦᠰᠦᠯ᠎ᠤᠨ ᠬᠤᠯᠪᠤᠨᠨᠳᠠᠯ ᠪᠦᠭᠦᠢ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭᠳᠡᠯ》 (ᠦᠪᠦᠷ ᠪᠠᠶ᠋ᠢᠭ᠋ᠠᠯᠢ ᠡᠬᠢ ᠦᠰᠦᠭ  [2024] 15 ᠳ᠋ᠤᠭ᠋ᠠᠷ ᠲᠤᠭ᠋ᠠᠲᠤ)᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠤᠯᠤᠰ᠎ᠤᠨ ᠨᠣᠳᠤᠭ ᠲᠡᠪᠢᠰᠬᠡᠷ᠎ᠤᠨ ᠤᠷᠤᠨ ᠵᠠᠢ ᠵᠢᠨ ᠶᠡᠷᠦᠩᠬᠡᠢ ᠲᠦᠯᠦᠪᠵᠢᠬᠦᠯᠬᠡ ᠵᠢᠨ ᠬᠠᠮᠢᠶᠠᠷᠤᠨ ᠡᠵᠡᠮᠳᠡᠬᠦ ᠲᠦᠷᠢᠮ᠎ᠳᠤ ᠨᠡᠶ᠋ᠢᠴᠡᠵᠦ ᠪᠠᠶ᠋ᠢᠨ᠎ᠠ᠂ ᠡᠶ᠋ᠢᠨ ᠬᠦ᠌ 《ᠪᠠᠶᠠᠨᠨᠠᠭᠤᠷ ᠬᠤᠲᠠ ᠵᠢᠨ ᠯᠢᠨᠾᠧ ᠲᠤᠭᠤᠷᠢᠭ᠎ᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》᠎ᠢ ᠵᠠᠷᠴᠢᠮ ᠳᠡᠭᠡᠷ᠎ᠡ᠎ᠪᠠᠨ ᠵᠦᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠤᠨᠨᠳᠠᠭ᠋ᠠᠯ ᠶᠤᠰᠤᠭ᠋ᠠᠷ ᠰᠠᠶ᠋ᠢᠳᠤᠷ ᠬᠢᠳᠦᠬᠡᠢ᠃
                                      2025 ᠤᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ
    (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠳᠡᠯᠡᠨ᠎ᠡ)
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠬᠠᠷᠠᠴᠢᠨ ᠬᠤᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ (2024 - 2035 ᠣᠨ)》 ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠭᠦᠬᠡᠬᠤᠲᠡ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠯᠪᠠᠨ ᠵᠠᠷᠯᠠᠯ
 
            