ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠥᠪᠥᠷ ᠵᠠᠰᠠᠭ ᠦᠰᠦᠭ [2025] 52 ᠳ᠋ᠤᠭ᠋ᠠᠷ ᠲᠣᠭ᠋ᠠᠲᠤ
《ᠬᠠᠷᠠᠴᠢᠨ ᠬᠤᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ (2024 - 2035 ᠣᠨ)》 ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
ᠲᠠᠨ᠎ᠤ ᠬᠤᠲᠠ ᠵᠢᠨ 《〈ᠬᠠᠷᠠᠴᠢᠨ ᠬᠤᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ〉 ᠵᠢᠨ ᠲᠤᠬᠠᠢ ᠡᠰᠢᠯᠡᠯᠲᠡ》 (ᠤᠯᠠᠭ᠋ᠠᠨᠬᠠᠳᠠ ᠵᠠᠰᠠᠭ ᠮᠡᠳᠡᠭᠦᠯᠦᠯᠲᠡ [2025] 25 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠶ᠋ᠢᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
ᠨᠢᠭᠡ᠂ 《ᠬᠠᠷᠠᠴᠢᠨ ᠬᠤᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ》 (ᠳᠣᠷᠣᠭᠰᠢ 《ᠬᠠᠮᠠᠭ᠋ᠠᠯᠠᠯᠲᠠ ᠵᠢᠨ ᠲᠥᠯᠦᠪᠵᠢᠭᠦᠯᠭᠡ》 ᠭᠡᠵᠦ ᠲᠣᠪᠴᠢᠯᠠᠨ᠎ᠠ) ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠲᠥᠯᠥᠪᠵᠢᠭᠦᠯᠬᠦ ᠬᠤᠭᠤᠴᠠᠭ᠎ᠠ ᠬᠢᠵᠠᠭ᠋ᠠᠷ᠎ᠨᠢ 2024 - 2035 ᠣᠨ ᠪᠣᠯᠣᠨ᠎ᠠ᠃
ᠬᠤᠶᠠᠷ᠂ ᠲᠠᠨ᠎ᠤ ᠬᠤᠲᠠ ᠬᠠᠷᠠᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠬᠢᠨᠠᠨ ᠵᠢᠯᠤᠭᠤᠳᠴᠤ ᠪᠠᠶ᠋ᠢᠭ᠋ᠠᠳ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ ᠵᠢᠨ ᠲᠥᠯᠦᠪᠵᠢᠭᠦᠯᠭᠡ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ》 ᠪᠠ 《ᠲᠡᠦᠬᠡ ᠰᠣᠶᠣᠯ᠎ᠤᠨ ᠨᠠᠷᠠᠲᠤ ᠬᠤᠲᠠ ᠨᠠᠷᠠᠲᠤ ᠪᠠᠯᠭ᠋ᠠᠰᠤ ᠨᠠᠷᠠᠲᠤ ᠲᠣᠰᠬᠤᠨ᠎ᠤ ᠬᠠᠮᠠᠭ᠋ᠠᠯᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠵᠤ᠂ 《ᠬᠠᠮᠠᠭ᠋ᠠᠯᠠᠯᠲᠠ ᠵᠢᠨ ᠲᠥᠯᠦᠪᠵᠢᠭᠦᠯᠭᠡ》 ᠵᠢ ᠬᠢᠨᠠᠮᠠᠭ᠋ᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠯ᠎ᠡ ᠵᠦᠢ᠍ᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ 《ᠬᠠᠮᠠᠭ᠋ᠠᠯᠠᠯᠲᠠ ᠵᠢᠨ ᠲᠥᠯᠦᠪᠵᠢᠭᠦᠯᠭᠡ》 ᠵᠢ ᠬᠡᠷᠡᠭᠵᠢᠭᠦᠯᠬᠦ ᠶᠠᠪᠤᠴᠠ᠎ᠳᠤ᠂ ᠬᠠᠮᠠᠭ᠋ᠠᠯᠠᠯᠲᠠ ᠬᠢᠬᠦ ᠵᠢ ᠤᠷᠢᠳ ᠵᠶ᠋ᠠᠷ ᠪᠣᠳᠣᠯᠬᠢᠯᠠᠵᠤ᠂ ᠵᠦᠢ ᠵᠣᠬᠢᠰᠲᠠᠢ ᠠᠰᠢᠭᠯᠠᠬᠤ ᠵᠠᠷᠴᠢᠮ᠎ᠢ ᠴᠢᠩᠭ᠎ᠠ ᠵᠢᠷᠤᠮᠯᠠᠨ᠂ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠪᠦᠬᠦᠯᠢ ᠴᠣᠭᠴᠠ ᠵᠢᠨ ᠳᠦᠷᠰᠦ ᠪᠠᠶ᠋ᠢᠳᠠᠯ ᠪᠠ ᠰᠣᠶᠣᠯ᠎ᠤᠨ ᠠᠭᠤᠯᠤᠭᠳᠠᠬᠤᠨ᠎ᠢ ᠬᠠᠮᠠᠭ᠋ᠠᠯᠠᠬᠤ᠎ᠪᠠᠨ ᠴᠢᠬᠤᠯᠠᠴᠢᠯᠠᠵᠤ᠂ ᠬᠡᠲᠦ ᠨᠡᠭᠡᠭᠡᠨ ᠬᠥᠭᠵᠢᠭᠦᠯᠬᠦ ᠪᠠ ᠪᠦᠲᠦᠭᠡᠯᠴᠢ ᠴᠢᠨᠠᠷᠲᠠᠢ ᠡᠪᠳᠡᠯᠡᠭᠡ ᠬᠢᠬᠦ᠎ᠠᠴᠠ ᠵᠠᠶ᠋ᠢᠯᠠᠰᠬᠢᠬᠤ ᠬᠡᠷᠡᠭᠲᠡᠢ᠃
ᠭᠤᠷᠪᠠ᠎ᠳᠤ᠂ ᠲᠡᠦᠬᠡ ᠰᠣᠶᠣᠯ᠎ᠤᠨ ᠨᠡᠷᠡᠳᠦ ᠪᠠᠯᠭ᠋ᠠᠰᠤᠨ᠎ᠤ ᠬᠠᠮᠠᠭ᠋ᠠᠯᠠᠯᠲᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠰᠣᠶᠣᠯ᠎ᠤᠨ ᠨᠡᠷᠡᠳᠦ ᠪᠠᠯᠭ᠋ᠠᠰᠤᠨ᠎ᠤ ᠠᠵᠤ ᠦᠢ᠍ᠯᠡᠰ᠎ᠤᠨ ᠬᠥᠭᠵᠢᠯᠲᠡ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠪᠦᠲᠦᠮᠵᠢᠲᠡᠢ ᠬᠠᠮᠠᠭ᠋ᠠᠯᠠᠯᠲᠠ ᠪᠠ ᠦᠷᠭᠦᠯᠵᠢᠯᠡᠬᠦᠶ᠋ᠢᠴᠡ ᠬᠥᠭᠵᠢᠯᠲᠡ ᠵᠢ ᠪᠡᠶᠡᠯᠡᠭᠦᠯᠬᠦ ᠬᠡᠷᠡᠭᠲᠡᠢ᠃
2025 ᠣᠨ᠎ᠤ 4 ᠳ᠋ᠦ᠍ᠭᠡᠷ ᠰᠠᠷ᠎ᠠ ᠵᠢᠨ 10᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)