ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-06-10

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ  [2025] 9 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                                        2025 ᠣᠨ᠎ᠤ 2 ᠳ᠋ᠤᠭ᠋ᠠᠷ ᠰᠠᠷ᠎ᠠ ᠵᠢᠨ 12᠎ᠤᠨ ᠡᠳᠦᠷ
    (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠥᠯ (2025-2027 ᠣᠨ)
     ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠂ ᠶᠢᠰᠦᠳᠦᠭᠡᠷ ᠤᠳᠠᠭ᠋ᠠᠨ᠎ᠤ ᠪᠦᠭᠦᠳᠡ ᠬᠤᠷᠠᠯ ᠬᠢᠭᠡᠳ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠨ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠬᠠᠷ᠎ᠠ ᠪᠤᠳᠠᠭ᠎ᠠ ᠠᠮᠢᠳᠤ ᠮᠠᠯ᠎ᠤᠨ ᠭᠠᠳᠠᠭᠰᠢ ᠠᠷᠠᠯᠵᠢᠶᠠᠯᠠᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ᠎ᠪᠠᠷ ᠬᠦᠷᠦᠯᠴᠡᠬᠦ ᠦᠭᠡᠢ ᠪᠠᠶ᠋ᠢᠬᠤ ᠵᠡᠷᠭᠡ ᠲᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ 《ᠠᠮᠤ ᠪᠤᠳᠠᠭ᠎ᠠ ᠵᠢᠨ ᠦᠢ᠍ᠯᠡᠳᠪᠦᠷᠢᠯᠡᠯ ᠵᠶ᠋ᠠᠷ ᠲᠦᠷᠦᠭᠦᠯᠡᠭᠦᠯᠵᠦ ᠲᠠᠷᠢᠶᠠᠯᠠᠩ᠎ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠵᠢ ᠬᠠᠪᠰᠤᠷᠠᠭ᠋ᠠᠬᠤ》᠂ 《ᠮᠠᠯ ᠠᠵᠤ ᠠᠬᠤᠢ ᠵᠢᠨ ᠦᠢ᠍ᠯᠡᠳᠪᠦᠷᠢᠯᠡᠯ ᠵᠶ᠋ᠠᠷ ᠲᠦᠷᠦᠭᠦᠯᠡᠭᠦᠯᠵᠦ ᠤᠯᠠᠭ᠋ᠠᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠵᠢ ᠬᠠᠪᠰᠤᠷᠠᠭ᠋ᠠᠬᠤ》᠂ 《ᠲᠠᠷᠢᠶᠠᠯᠠᠩ ᠵᠶ᠋ᠠᠷ ᠲᠦᠷᠦᠭᠦᠯᠡᠭᠦᠯᠵᠦ ᠠᠵᠤ ᠦᠢ᠍ᠯᠡᠳᠪᠦᠷᠢ ᠵᠢ ᠬᠠᠪᠰᠤᠷᠠᠭ᠋ᠠᠬᠤ》 ᠳᠡᠭᠡᠷ᠎ᠡ ᠬᠦᠴᠦ ᠲᠠᠯᠪᠢᠵᠤ᠂ ᠮᠠᠨ᠎ᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠲᠦᠷᠭᠡᠨ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ᠂ ᠠᠵᠤ ᠦᠢ᠍ᠯᠡᠰᠵᠢᠯᠲᠡ᠂ ᠨᠡᠷᠡᠲᠦ ᠲᠡᠮᠲᠡᠭᠵᠢᠯᠲᠡ ᠪᠠ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠲᠤᠰ ᠠᠵᠢᠯᠯᠠᠭ᠋ᠠᠨ᠎ᠤ ᠲᠥᠰᠥᠯ᠎ᠢ ᠲᠣᠭᠲᠠᠭ᠋ᠠᠪᠠ᠃
     ᠨᠢᠭᠡ᠂ ᠭᠤᠣᠯ ᠬᠠᠷᠠᠯᠲᠠ
    2027 ᠣᠨ ᠪᠣᠯᠬᠤ᠎ᠳᠤ᠂ ᠪᠦᠬᠦ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠤᠨ ᠬᠡᠪᠴᠢᠶᠡᠵᠢᠯ᠎ᠢ ᠤᠯᠠᠮ ᠨᠢᠭᠡ ᠠᠯᠬᠤᠮ ᠪᠤᠵᠠᠭ᠋ᠠᠶ᠋ᠢᠷᠠᠭᠤᠯᠵᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠪᠠ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠵᠢᠯ᠎ᠤᠨ ᠪᠣᠷᠤᠯᠠᠭᠤᠯᠭ᠎ᠠ ᠵᠢᠨ ᠣᠷᠤᠯᠭ᠎ᠠ᠎ᠨᠢ 10 ᠳ᠋ᠦᠩᠰᠢᠭᠤᠷ ᠲᠥᠭᠦᠷᠢᠭ᠎ᠢ ᠳᠠᠪᠠᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ 5᠎ᠠᠴᠠ ᠳᠡᠭᠡᠭᠰᠢ᠂ ᠳ᠋ᠦᠩᠰᠢᠭᠤᠷ ᠲᠥᠭᠦᠷᠢᠭ᠎ᠢ ᠳᠠᠪᠠᠭᠰᠠᠨ ᠠᠵᠤ ᠠᠬᠤᠶ᠋ᠢᠯᠠᠯ᠎ᠢ 20᠎ᠠᠴᠠ ᠳᠡᠭᠡᠭᠰᠢ ᠰᠢᠨ᠎ᠡ᠎ᠪᠠᠷ ᠪᠣᠶ᠋ᠢᠵᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ᠎ᠤᠨ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠮᠡᠳᠡᠭᠳᠡᠬᠦᠶ᠋ᠢᠴᠡ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠵᠢ ᠶᠡᠭᠡ᠎ᠪᠠᠷ ᠳᠡᠭᠡᠭᠰᠢᠯᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠣᠷᠤᠯᠠᠭᠤᠯᠭ᠎ᠠ ᠵᠢᠨ ᠣᠷᠤᠯᠭ᠎ᠠ ᠵᠢ 700 ᠳ᠋ᠦᠩᠰᠢᠭᠤᠷ ᠲᠥᠭᠦᠷᠢᠭ ᠰᠢᠨ᠎ᠡ᠎ᠪᠠᠷ ᠨᠡᠮᠡᠭᠳᠡᠭᠦᠯᠵᠦ᠂ ᠵᠢᠯ᠎ᠤᠨ ᠪᠣᠷᠤᠯᠠᠭᠤᠯᠭ᠎ᠠ ᠵᠢᠨ ᠣᠷᠤᠯᠭ᠎ᠠ ᠵᠢ 4800 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ᠃
     ᠬᠤᠶᠠᠷ᠂ ᠣᠷᠣᠨ ᠪᠦᠰᠡ ᠵᠢᠨ ᠪᠠᠶ᠋ᠢᠷᠢᠰᠢᠭᠤᠯᠤᠯᠲᠠ ᠵᠢᠴᠢ ᠰᠢᠪᠲᠤᠯᠤᠯᠲᠠ ᠵᠢᠨ ᠭᠤᠣᠯ ᠲᠦᠷᠦᠯ ᠢᠯᠭ᠋ᠠᠯ
     ᠳᠠᠪᠠᠭᠤᠯᠢᠭ ᠵᠶ᠋ᠠᠨ ᠪᠠᠳᠠᠷᠠᠭᠤᠯᠬᠤ ᠪᠠ ᠳᠤᠲᠠᠭᠤᠳᠠᠯ ᠵᠶ᠋ᠠᠨ ᠨᠥᠬᠦᠪᠦᠷᠢᠯᠡᠬᠦ ᠵᠢ ᠨᠢᠭᠡᠳᠦᠯᠲᠡᠢ ᠲᠥᠯᠥᠪᠯᠡᠵᠦ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠪᠠ ᠵᠠᠬ᠎ᠠ ᠳᠡᠯᠭᠡᠭᠦᠷ᠎ᠤᠨ ᠬᠡᠷᠡᠭᠯᠡᠭᠡ ᠵᠢᠨ ᠬᠠᠨᠳᠤᠰᠢ᠎ᠳᠤ ᠲᠦᠰᠢᠭᠯᠡᠨ᠂ ᠡᠬᠢ ᠪᠠᠶᠠᠯᠢᠭ᠎ᠤᠨ ᠬᠦᠴᠦᠨ ᠵᠶ᠋ᠠᠨ ᠲᠥᠪᠯᠡᠷᠡᠭᠦᠯᠦᠨ ᠭᠤᠣᠯᠳᠠᠯᠭ᠎ᠠ᠎ᠲᠠᠢ ᠬᠦᠷᠢᠶᠡᠯᠡᠩ ᠲᠣᠭᠤᠷᠢᠭ ᠪᠠ ᠠᠵᠤ ᠠᠬᠤᠶ᠋ᠢᠯᠠᠯ᠎ᠢ ᠳᠠᠮᠵᠢᠵᠤ᠂ ᠣᠷᠣᠨ ᠪᠦᠰᠡ ᠵᠢᠨ ᠪᠠᠶ᠋ᠢᠷᠢᠰᠢᠭᠤᠯᠤᠯᠲᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠣᠯᠳᠠᠭᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠂ ᠦᠬᠡᠷ ᠬᠤᠨᠢ ᠢᠮᠠᠭ᠋ᠠᠨ ᠮᠢᠬᠠᠨ᠎ᠤ ᠪᠦᠲᠦᠭᠡᠭᠳᠡᠬᠦᠨ᠂ ᠡᠷᠳᠡᠨᠢ ᠰᠢᠰᠢ ᠵᠢᠨ ᠪᠦᠲᠦᠭᠡᠭᠳᠡᠬᠦᠨ᠂ ᠲᠥᠮᠥᠰᠥᠨ᠎ᠤ ᠪᠦᠲᠦᠭᠡᠭᠳᠡᠬᠦᠨ᠂ ᠰᠢᠷ᠎ᠠ ᠪᠤᠷᠴᠠᠭ᠎ᠤᠨ ᠪᠦᠲᠦᠭᠡᠭᠳᠡᠬᠦᠨ᠂ ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠵᠢᠨ ᠪᠦᠲᠦᠭᠡᠭᠳᠡᠬᠦᠨ᠂ ᠨᠠᠷᠠᠨ ᠬᠤᠸᠠᠷ᠎ᠤᠨ ᠦᠷ᠎ᠡ ᠵᠡᠷᠭᠡ ᠰᠡᠯᠡᠭᠦᠴᠡᠯ᠎ᠤᠨ ᠳᠦᠭᠦᠮ ᠢᠳᠡᠭᠡᠨ᠎ᠤ ᠵᠦᠢ᠍ᠯ᠂ ᠠᠮᠲᠠ ᠣᠷᠤᠭᠤᠯᠬᠤ ᠪᠦᠲᠦᠭᠡᠭᠳᠡᠬᠦᠨ᠂ ᠣᠨᠴᠠᠯᠢᠭᠲᠤ ᠡᠷᠡᠭᠦᠯᠵᠢᠯ᠎ᠤᠨ ᠪᠦᠲᠦᠭᠡᠭᠳᠡᠬᠦᠨ᠂ ᠠᠷᠢᠬᠢᠨ᠎ᠤ ᠵᠦᠢ᠍ᠯ᠎ᠤᠨ ᠪᠦᠲᠦᠭᠡᠭᠳᠡᠬᠦᠨ ᠵᠡᠷᠭᠡ 10 ᠲᠦᠷᠦᠯ ᠢᠯᠭ᠋ᠠᠯ᠎ᠤᠨ ᠲᠠᠯ᠎ᠠ᠎ᠳᠤ ᠰᠢᠪᠲᠤᠯᠤᠯᠲᠠ ᠭᠠᠷᠭ᠋ᠠᠵᠤ ᠬᠥᠭᠵᠢᠭᠦᠯᠦᠨ᠎ᠡ᠃
    (ᠨᠢᠭᠡ) ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠃ ᠬᠠᠲᠤᠨ ᠭᠤᠣᠯ᠂ ᠨᠤᠨ ᠮᠥᠷᠡᠨ᠂ ᠪᠠᠷᠠᠭᠤᠨ ᠯᠢᠶᠣᠣ ᠾᠧ ᠭᠤᠣᠯ᠎ᠤᠨ ᠰᠠᠪᠠ ᠭᠠᠵᠠᠷ ᠪᠠ ᠬᠥᠯᠥᠨ ᠪᠣᠶ᠋ᠢᠷ᠂ ᠰᠢᠯᠢ ᠵᠢᠨ ᠭᠤᠣᠯ᠎ᠤᠨ ᠲᠠᠯ᠎ᠠ ᠨᠤᠲᠤᠭ ᠵᠡᠷᠭᠡ 5 ᠲᠣᠮᠣ ᠰᠦ ᠵᠢᠨ ᠭᠠᠷᠤᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠪᠠᠨ ᠴᠢᠩᠭ᠋ᠠᠳᠬᠠᠵᠤ᠂ ᠰᠦ ᠵᠢᠨ ᠭᠠᠷᠤᠯᠲᠠ ᠵᠢᠨ ᠳᠠᠪᠠᠭᠤᠯᠢᠭ᠎ᠲᠤ ᠲᠦᠰᠢᠭᠯᠡᠨ᠂ ᠰᠢᠩᠭᠡᠨ ᠲᠥᠯᠥᠪᠲᠦ ᠰᠦ ᠵᠢᠨ ᠠᠵᠤ ᠦᠢ᠍ᠯᠡᠰ᠎ᠢ ᠦᠷᠭᠦᠯᠵᠢᠯᠡᠨ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠃ ᠪᠦᠲᠦᠭᠡᠭᠳᠡᠬᠦᠨ᠎ᠤ ᠪᠦᠲᠦᠴᠡ᠎ᠨᠢ ᠰᠢᠯᠢᠳᠡᠭ ᠪᠤᠰᠤ᠂ ᠵᠠᠬ᠎ᠠ ᠳᠡᠯᠭᠡᠭᠦᠷ᠎ᠢ ᠥᠷᠭᠡᠵᠢᠭᠦᠯᠬᠦ ᠲᠠᠯ᠎ᠠ᠎ᠪᠠᠷ ᠨᠡᠯᠢᠶᠡᠳ ᠤᠳᠠᠭ᠋ᠠᠯᠢᠭ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ᠎ᠬᠢᠨ᠎ᠤ ᠪᠦᠲᠦᠭᠡᠭᠳᠡᠬᠦᠨ᠎ᠤ ᠪᠦᠲᠦᠴᠡ᠎ᠳᠤ᠎ᠪᠠᠨ ᠲᠣᠬᠢᠷᠠᠭᠤᠯᠤᠯᠲᠠ ᠬᠢᠬᠦ ᠪᠠ ᠠᠵᠤ ᠦᠢ᠍ᠯᠡᠰ᠎ᠤᠨ ᠳᠡᠰ ᠳᠡᠪᠰᠢᠬᠦ᠎ᠳᠤ᠎ᠨᠢ ᠳᠡᠮᠵᠢᠯᠭᠡ ᠦᠵᠡᠭᠦᠯᠵᠦ᠂ ᠪᠢᠰᠢᠯᠠᠭ᠂ ᠰᠢᠷᠠᠰᠤ᠂ ᠰᠦᠨ ᠲᠡᠮᠦᠷᠳᠦ ᠤᠭᠤᠷᠠᠭ᠂ ᠠᠨᠠᠭ᠋ᠠᠬᠤ ᠤᠬᠠᠭ᠋ᠠᠨ᠎ᠤ ᠣᠨᠴᠠ ᠬᠡᠷᠡᠭᠴᠡᠭᠡᠨ᠎ᠳᠤ ᠬᠡᠷᠡᠭᠯᠡᠬᠦ ᠨᠠᠶ᠋ᠢᠷᠠᠯᠭ᠎ᠠ᠎ᠲᠠᠢ ᠢᠳᠡᠭᠡᠨ᠎ᠤ ᠵᠦᠢ᠍ᠯ ᠵᠡᠷᠭᠡ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶ᠋ᠢᠯᠠᠯ᠎ᠤᠨ 《ᠲᠤᠰᠬᠠᠢ ᠨᠠᠷᠢᠯᠢᠭ ᠥᠪᠡᠷᠮᠢᠴᠡ ᠰᠢᠨ᠎ᠡ》 ᠵᠠᠮ ᠵᠶ᠋ᠠᠷ ᠵᠠᠮᠨᠠᠬᠤ ᠵᠢ ᠳᠠᠮᠵᠢᠵᠤ᠂ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠠᠵᠤ ᠠᠬᠤᠶ᠋ᠢᠯᠠᠯ᠂ ᠵᠢᠵᠢᠭ ᠬᠡᠯᠪᠡᠷᠢ ᠵᠢᠨ ᠦᠢ᠍ᠯᠡᠳᠪᠦᠷᠢᠯᠡᠯ᠎ᠤᠨ ᠦᠢ᠍ᠯᠡᠳᠬᠡᠯ᠎ᠤᠨ ᠭᠠᠵᠠᠷ᠎ᠤᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠤ ᠵᠦᠢ᠍ᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ᠎ᠲᠤ ᠰᠠᠭᠤᠷᠢᠰᠢᠬᠤ ᠵᠢ ᠠᠬᠢᠭᠤᠯᠵᠤ᠂ ᠨᠥᠬᠦᠴᠡᠯ᠎ᠲᠠᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠢᠨ ᠲᠤᠬᠠᠢ ᠵᠢᠨ ᠭᠠᠵᠠᠷ᠎ᠲᠤ᠎ᠪᠠᠨ ᠡᠳ᠋ᠰᠢᠭᠦᠯᠦᠨ ᠪᠣᠯᠪᠠᠰᠤᠷᠠᠭᠤᠯᠬᠤ᠂ ᠣᠶ᠋ᠢᠷ᠎ᠠ ᠬᠠᠪᠢ᠎ᠳᠤ᠎ᠪᠠᠨ ᠲᠣᠬᠢᠷᠠᠭᠤᠯᠤᠨ ᠬᠦᠷᠭᠡᠬᠦ ᠵᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠯᠪᠠᠰᠤᠷᠠᠭᠤᠯᠬᠤ ᠵᠢᠨ ᠨᠢᠭᠡ ᠴᠣᠭᠴᠠᠵᠢᠨ ᠬᠥᠭᠵᠢᠬᠦ ᠵᠢ᠎ᠨᠢ ᠠᠬᠢᠭᠤᠯᠤᠨ᠎ᠠ᠃ ᠭᠡᠭᠦᠦ ᠵᠢᠨ ᠰᠦ᠂ ᠬᠤᠨᠢ ᠢᠮᠠᠭ᠋ᠠᠨ ᠰᠦ᠂ ᠢᠩᠭᠡᠨ ᠰᠦ ᠵᠡᠷᠭᠡ ᠰᠦᠨ᠎ᠤ ᠪᠦᠲᠦᠭᠡᠭᠳᠡᠬᠦᠨ᠎ᠢ ᠢᠳᠡᠪᠬᠢᠲᠡᠢ ᠬᠥᠭᠵᠢᠭᠦᠯᠦᠨ᠎ᠡ᠃

ᠨᠠᠷᠢᠨ ᠠᠭᠣᠯᠭ᠎ᠠ ᠵᠢ ᠳᠣᠣᠷᠠᠬᠢ ᠰᠦᠯᠵᠢᠶᠠᠨ᠎ᠠᠴᠠ ᠦᠵᠡᠭᠡᠷᠡᠢ

https://mgl.nmg.gov.cn/am/2025/4/15/U_76436_1163606.html?pid=13035


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠯᠪᠠᠨ ᠵᠠᠷᠯᠠᠯ
ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠋ᠠᠨ᠎ᠤ ᠠᠵᠦ ᠠᠬᠤᠢ᠌ᠯᠠᠯ ᠪᠤᠯᠤᠨ ᠬᠢᠵᠢᠭ᠎ᠤᠨ ᠪᠠᠢ᠌ᠳᠠᠯ᠎ᠳᠤ ᠨᠦᠯᠦᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠳᠡ᠎ᠨᠢ ᠬᠦᠴᠢᠷᠳᠡᠯᠳᠡᠢ ᠲᠤᠮᠳᠠ ᠵᠢᠵᠢᠭ ᠠᠵᠦ ᠠᠬᠤᠢ᠌ᠯᠠᠯ᠎ᠤᠨ ᠡᠷᠡᠭᠦᠯ ᠵᠶ᠋ᠡᠷ ᠬᠦᠭᠵᠢᠬᠦ ᠵᠢ ᠳᠡᠮᠵᠢᠬᠦ ᠲᠦᠷᠥ ᠵᠢᠨ ᠪᠤᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠬᠠᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            