ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠯᠪᠠᠨ ᠵᠠᠷᠯᠠᠯ
ᠲᠠᠪᠢᠨ ᠳᠥᠷᠪᠡᠳᠦᠭᠡᠷ ᠲᠤᠭ᠋ᠠᠲᠣ
2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠲᠦᠷᠢᠮ》᠎ᠢ ᠪᠠᠲᠤᠯᠠᠵᠤ᠂ ᠡᠳᠦᠭᠡ ᠨᠡᠶ᠋ᠢᠲᠡᠯᠡᠵᠦ᠂ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ
(2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠤᠷᠪᠣᠰ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠠᠵᠢᠯᠯᠠᠭ᠎ᠠ ᠵᠢ ᠵᠢᠷᠤᠮᠵᠢᠭᠤᠯᠤᠨ᠂ ᠬᠦᠯᠦᠰᠦᠨ ᠲᠠᠷᠢᠶᠠᠴᠢᠨ᠎ᠤ ᠴᠠᠭ ᠲᠤᠬᠠᠢᠳᠤᠨᠢ ᠲᠤᠭ᠎ᠠ ᠶᠣᠰᠣᠭ᠋ᠠᠷ ᠴᠠᠯᠢᠩ ᠣᠯᠬᠤ ᠵᠢ ᠪᠠᠲᠤᠯᠠᠬᠤ ᠵᠢᠨ ᠲᠦᠯᠦᠭᠡ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ》᠂ 《ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ》 ᠵᠡᠷᠭᠡ ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠤᠶᠠᠳᠤᠭ᠋ᠠᠷ ᠵᠤᠷᠪᠣᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠠᠷᠠᠭ᠋ᠠᠨ᠎ᠤ ᠳᠣᠲᠣᠷ᠎ᠠ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ ᠪᠠᠲᠤᠯᠠᠬᠤ᠎ᠳᠤ ᠲᠤᠰ ᠲᠦᠷᠢᠮ ᠲᠣᠬᠢᠷᠠᠨ᠎ᠠ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠬᠦᠯᠦᠰᠦᠨ ᠲᠠᠷᠢᠶᠠᠴᠢᠨ ᠭᠡᠳᠡᠭ᠎ᠨᠢ ᠬᠥᠮᠦᠨ ᠬᠡᠷᠡᠭᠯᠡᠬᠦ ᠨᠢᠭᠡᠴᠢ᠎ᠳᠤ ᠬᠥᠳᠡᠯᠮᠦᠷᠢ ᠬᠠᠩᠭ᠋ᠠᠵᠤ ᠪᠠᠶ᠋ᠢᠭ᠎ᠠ ᠬᠦᠳᠡᠭᠡ ᠲᠣᠰᠬᠤᠨ᠎ᠤ ᠰᠠᠭᠤᠭ᠋ᠠᠯᠢ ᠠᠷᠠᠳ᠎ᠢ ᠵᠢᠭ᠋ᠠᠵᠤ ᠪᠤᠶ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠴᠠᠯᠢᠩ ᠭᠡᠳᠡᠭ᠎ᠨᠢ ᠬᠦᠯᠦᠰᠦᠨ ᠲᠠᠷᠢᠶᠠᠴᠢᠨ᠎ᠠᠴᠠ ᠬᠥᠮᠦᠨ ᠬᠡᠷᠡᠭᠯᠡᠬᠦ ᠨᠢᠭᠡᠴᠢ᠎ᠳᠤ ᠬᠦᠳᠡᠯᠮᠦᠷᠢ ᠬᠠᠩᠭ᠋ᠠᠭᠰᠠᠨ᠎ᠤ ᠳᠠᠷᠠᠭ᠎ᠠ ᠣᠯᠪᠠᠰᠤ ᠵᠣᠬᠢᠬᠤ ᠬᠥᠳᠡᠯᠮᠦᠷᠢ ᠵᠢᠨ ᠬᠥᠯᠥᠰᠥ ᠣᠯᠭᠤᠮᠵᠢ ᠵᠢ ᠵᠢᠭ᠋ᠠᠵᠤ ᠪᠤᠶ᠃
ᠭᠤᠷᠪᠠᠳᠤᠭ᠋ᠠᠷ ᠵᠤᠷᠪᠣᠰ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠬᠠᠷᠢᠭᠤᠴᠠᠬᠤ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠢᠨᠠᠨ ᠬᠠᠮᠢᠶᠠᠷᠬᠤ᠂ ᠨᠡᠶ᠋ᠢᠭᠡᠮ ᠨᠡᠶ᠋ᠢᠲᠡ᠎ᠠᠴᠠ ᠬᠠᠮᠵᠢᠯᠴᠠᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠠᠵᠢᠯ᠎ᠢ ᠪᠠᠲᠤᠯᠠᠬᠤ᠎ᠳᠤ᠎ᠪᠠᠨ ᠡᠬᠢ ᠡᠭᠦᠰᠦᠯ᠎ᠠᠴᠠ᠎ᠨᠢ ᠵᠠᠰᠠᠬᠤ᠂ ᠣᠷᠢᠳᠴᠢᠯᠠᠨ ᠰᠡᠷᠭᠡᠶ᠋ᠢᠯᠡᠬᠦ᠎ᠪᠠᠷ ᠭᠤᠤᠯ ᠪᠣᠯᠭ᠋ᠠᠬᠤ᠂ ᠰᠡᠷᠭᠡᠶ᠋ᠢᠯᠡᠬᠦ ᠪᠠ ᠵᠠᠰᠠᠬᠤ ᠵᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠣᠷᠪᠣᠯᠵᠢ ᠵᠢ᠎ᠨᠢ ᠵᠡᠷᠭᠡ᠎ᠪᠠᠷ ᠵᠠᠰᠠᠬᠤ ᠱᠠᠭ᠋ᠠᠷᠳᠠᠯᠭ᠎ᠠ ᠶᠣᠰᠣᠭ᠋ᠠᠷ᠂ ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ᠂ ᠪᠡᠯᠡ ᠮᠥᠩᠭᠦ ᠵᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ᠂ ᠲᠥᠷᠥᠯ ᠵᠦᠢ᠍ᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ ᠵᠢ ᠬᠡᠷᠡᠭᠵᠢᠭᠦᠯᠵᠦ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠬᠤ ᠠᠰᠠᠭᠤᠳᠠᠯ᠎ᠢ ᠬᠠᠤᠯᠢ ᠶᠣᠰᠣᠭ᠋ᠠᠷ ᠦᠨᠳᠦᠰᠦᠨ᠎ᠠᠴᠠ᠎ᠨᠢ ᠵᠠᠰᠠᠬᠤ ᠬᠡᠷᠡᠭᠲᠡᠶ᠃
ᠳᠥᠷᠪᠡᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠬᠠᠷᠢᠭᠤᠴᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠪᠠ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠬᠢᠨᠠᠨ ᠰᠢᠯᠭ᠋ᠠᠬᠤ ᠪᠠ ᠬᠢᠨᠠᠯᠲᠠ ᠲᠠᠯᠪᠢᠬᠤ ᠠᠭᠤᠯᠭ᠎ᠠ᠎ᠳᠤ ᠣᠷᠣᠭᠤᠯᠬᠤ ᠬᠡᠷᠡᠭᠲᠡᠶ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠪᠠᠶ᠋ᠢᠭ᠎ᠠ ᠵᠥᠷᠢᠴᠡᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠵᠤ᠂ ᠵᠥᠷᠢᠴᠡᠯ᠎ᠢ ᠰᠡᠷᠭᠡᠶ᠋ᠢᠯᠡᠨ ᠠᠷᠢᠯᠭ᠋ᠠᠵᠤ᠂ ᠵᠢᠭᠤᠷᠠᠯᠳᠤᠭ᠋ᠠᠨ᠎ᠢ ᠴᠠᠭ ᠲᠤᠬᠠᠶ᠎ᠳᠤᠨᠢ ᠡᠶᠡᠳᠡᠭᠦᠯᠬᠦ ᠬᠡᠷᠡᠭᠲᠡᠶ᠃
ᠲᠠᠪᠤᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠣᠯᠠᠬᠤ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ᠂ ᠬᠠᠮᠢᠶᠠᠷᠤᠨ ᠵᠢᠯᠣᠭᠤᠳᠬᠤ ᠪᠠ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠬᠤᠯᠪᠣᠭᠳᠠᠯ ᠪᠦᠬᠦᠢ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ᠃
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠰᠣᠶᠣᠯ ᠪᠠ ᠵᠢᠭᠤᠯᠴᠢᠯᠠᠯ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠤᠯᠢ᠎ᠠᠴᠠ ᠵᠥᠷᠢᠴᠡᠨ ᠳᠠᠭ᠋ᠠᠭ᠋ᠠᠴᠢᠯᠠᠭᠤᠯᠤᠭᠰᠠᠨ᠂ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠂ ᠬᠠᠤᠯᠢ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ᠂ ᠲᠦᠰᠢᠭᠦᠯᠦᠭᠰᠡᠨ᠂ ᠢᠨᠵᠧᠨᠧᠷᠢᠩ᠎ᠤᠨ ᠵᠣᠭᠤᠰ᠎ᠢ ᠦᠷᠢᠲᠦᠵᠦ ᠣᠳᠠᠭ᠋ᠠᠰᠢᠷᠠᠭᠤᠯᠣᠭᠰᠠᠨ ᠵᠡᠷᠭᠡ᠎ᠠᠴᠠ ᠪᠣᠯᠣᠭᠰᠠᠨ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠬᠡᠷᠡᠭ᠎ᠢ ᠰᠢᠮᠳᠠᠭᠤᠯᠤᠨ ᠭᠦᠢ᠍ᠴᠡᠳᠬᠡᠨ᠎ᠡ᠃
ᠬᠥᠭᠵᠢᠭᠦᠯᠦᠯᠲᠡ ᠪᠠ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠣᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠬᠠᠷᠢᠭᠤᠴᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠣᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠦ ᠵᠢᠨ ᠢᠷᠡᠯᠲᠡ ᠪᠣᠯᠤᠨ ᠪᠠᠵᠠᠭ᠋ᠠᠵᠦ ᠪᠡᠯᠡᠳᠬᠡᠬᠦ ᠠᠷᠭ᠎ᠠ ᠮᠠᠶᠢᠭ᠎ᠢ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠵᠤ᠂ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠴᠠᠭ ᠲᠤᠬᠠᠶ᠎ᠳᠤᠨᠢ ᠲᠣᠬᠢᠷᠠᠭᠤᠯᠤᠨ᠂ ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠢᠲᠡᠭᠡᠮᠵᠢ ᠠᠯᠳᠠᠭᠰᠠᠨ᠎ᠢ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠢ ᠬᠠᠤᠯᠢ ᠶᠣᠰᠣᠭ᠋ᠠᠷ ᠬᠢᠵᠠᠭ᠋ᠠᠷᠯᠠᠬᠤ ᠪᠠ ᠵᠠᠯᠬᠠᠭ᠋ᠠᠨ ᠴᠡᠭᠡᠷᠯᠡᠭᠦᠯᠬᠦ ᠵᠢ ᠵᠣᠬᠢᠶᠠᠨ ᠪᠠᠶ᠋ᠢᠭᠤᠯᠣᠨ᠎ᠠ᠃
ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠪᠡᠯᠡ ᠮᠥᠩᠭᠦ ᠵᠢᠨ ᠲᠥᠰᠦᠪ᠎ᠤᠨ ᠬᠠᠮᠢᠶᠠᠷᠤᠯᠲᠠ ᠵᠢ ᠬᠠᠷᠢᠭᠤᠴᠠᠵᠤ᠂ ᠵᠥᠪᠰᠢᠶᠡᠷᠡᠭᠦᠯᠦᠭᠰᠡᠨ ᠲᠥᠰᠦᠪ ᠵᠶ᠋ᠠᠨ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠪᠡᠯᠡ ᠮᠥᠩᠭᠦ ᠵᠢ ᠲᠣᠭᠲᠠᠭ᠋ᠠᠯ ᠶᠣᠰᠣᠭ᠋ᠠᠷ ᠴᠠᠭ ᠲᠤᠬᠠᠶᠲᠤᠨᠢ ᠲᠤᠭ᠎ᠠ ᠶᠣᠰᠣᠭ᠋ᠠᠷ ᠰᠠᠯᠭ᠋ᠠᠨ ᠦᠭᠬᠦᠨ᠎ᠡ᠃
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠥᠳᠡᠯᠮᠦᠷᠢ ᠵᠢᠨ ᠬᠥᠯᠥᠰᠥ ᠣᠯᠭᠤᠮᠵᠢ ᠥᠭᠬᠦ ᠵᠢ ᠲᠡᠪᠴᠢᠭᠰᠡᠨ ᠰᠡᠵᠢᠭᠯᠡᠯᠲᠡᠢ ᠡᠷᠡᠭᠦᠦ ᠵᠢᠨ ᠬᠡᠷᠡᠭ᠎ᠢ ᠴᠠᠭ ᠲᠤᠬᠠᠶ᠎ᠳᠤᠨᠢ ᠬᠦᠯᠢᠶᠡᠨ ᠠᠪᠴᠤ ᠰᠢᠢ᠍ᠳᠪᠦᠷᠢᠯᠡᠬᠦ᠂ ᠲᠠᠩᠨᠠᠨ ᠰᠢᠢ᠍ᠳᠪᠦᠷᠢᠯᠡᠬᠦ ᠵᠢ ᠬᠠᠷᠢᠭᠤᠴᠠᠵᠦ᠂ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨᠠᠴᠠ ᠪᠣᠯᠤᠭᠰᠠᠨ ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠢ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃
ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠷᠠᠳ᠎ᠤᠨ ᠪᠠᠩᠬᠢ᠂ ᠬᠢᠨᠠᠨ ᠪᠣᠳᠣᠯᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠣᠯᠤᠨ ᠪᠠᠶ᠋ᠢᠭᠤᠯᠤᠮᠵᠢ᠎ᠨᠤᠭᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠵᠢᠷᠭᠤᠳᠤᠭ᠋ᠠᠷ ᠵᠤᠷᠪᠣᠰ ᠠᠵᠢᠯᠴᠢᠨ᠎ᠤ ᠡᠪᠯᠡᠯ ᠬᠥᠯᠥᠰᠥᠨ ᠲᠠᠷᠢᠶᠠᠴᠢᠨ᠎ᠤ ᠴᠠᠭ ᠲᠣᠬᠠᠢᠳᠤᠨᠢ ᠲᠤᠭ᠎ᠠ ᠶᠣᠰᠣᠭ᠋ᠠᠷ ᠴᠠᠯᠢᠩ ᠣᠯᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠥᠮᠦᠨ ᠬᠡᠷᠡᠭᠯᠡᠬᠦ ᠨᠢᠭᠡᠴᠢ ᠵᠢᠨ ᠴᠠᠯᠢᠩ ᠦᠭᠬᠦᠭᠰᠡᠨ ᠪᠠᠶ᠋ᠢᠳᠠᠯ ᠪᠣᠯᠤᠨ ᠬᠥᠯᠥᠰᠥᠨ ᠲᠠᠷᠢᠶᠠᠴᠢᠨ᠎ᠤ ᠴᠠᠯᠢᠩ᠎ᠤᠨ ᠡᠷᠬᠡ ᠠᠰᠢᠭ᠎ᠢ ᠪᠠᠲᠤᠯᠠᠬᠤ ᠬᠤᠯᠪᠣᠭᠳᠠᠯ ᠪᠦᠬᠦᠢ ᠵᠦᠢ᠍ᠯ᠎ᠳᠤ ᠬᠢᠨᠠᠯᠲᠠ ᠲᠠᠯᠪᠢᠨ᠎ᠠ᠃
ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ ᠵᠡᠷᠭᠡ ᠵᠣᠬᠢᠶᠠᠨ ᠪᠠᠶ᠋ᠢᠭᠤᠯᠤᠯᠲᠠ᠎ᠨᠤᠭᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠥᠯᠥᠰᠥᠨ ᠲᠠᠷᠢᠶᠠᠴᠢᠨ᠎ᠤ ᠴᠠᠯᠢᠩ ᠣᠯᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠨ᠎ᠠ᠃
ᠳᠣᠯᠣᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠦᠢ᠍ᠯᠡᠴᠢᠯᠡᠭᠡᠨ᠎ᠤ ᠬᠠᠯᠠᠮᠰᠢᠯ ᠤᠲᠠᠰᠤ ᠨᠡᠭᠡᠭᠡᠬᠦ ᠪᠠ ᠴᠠᠯᠢᠩ ᠦᠷᠢᠲᠦᠭᠰᠡᠨ ᠰᠦᠪᠡᠭᠴᠢ ᠵᠢ ᠲᠤᠰᠬᠠᠬᠤ ᠲᠠᠪᠴᠠᠩ ᠭᠠᠷᠭ᠋ᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠨ᠎ᠠ᠃
ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠯᠣᠭᠤᠳᠤᠯᠭ᠎ᠠ ᠵᠢᠨ ᠴᠢᠨᠠᠷᠲᠠᠶ ᠬᠡᠷᠡᠭ᠎ᠤᠨ ᠵᠢᠱ᠌ᠢᠶ᠎ᠡ ᠪᠤᠶᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠠᠰᠢᠭᠯᠠᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠤᠬᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃
ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ ᠪᠠᠲᠤᠯᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠪᠣᠯᠤᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠮᠡᠳᠡᠭᠡᠯᠡᠯ᠎ᠢ ᠥᠷᠨᠢᠭᠦᠯᠵᠦ᠂ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠲᠤᠬᠠᠢ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠬᠥᠮᠦᠨ ᠬᠡᠷᠡᠭᠯᠡᠬᠦ ᠨᠢᠭᠡᠴᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠤᠯᠢ ᠶᠣᠰᠣᠭ᠋ᠠᠷ ᠠᠵᠢᠯᠴᠢᠨ ᠬᠡᠷᠡᠭᠯᠡᠬᠦ᠂ ᠴᠠᠭ ᠲᠤᠬᠠᠢᠳᠤᠨᠢ ᠲᠤᠭ᠎ᠠ ᠶᠣᠰᠣᠭ᠋ᠠᠷ ᠴᠠᠯᠢᠩ ᠥᠭᠬᠦ ᠬᠠᠤᠯᠢ ᠴᠠᠭ᠋ᠠᠵᠠ ᠵᠢᠨ ᠤᠬᠠᠮᠰᠠᠷ᠎ᠢ᠎ᠨᠢ ᠨᠡᠮᠡᠭᠳᠡᠭᠦᠯᠵᠦ᠂ ᠬᠦᠯᠦᠰᠦᠨ ᠲᠠᠷᠢᠶᠠᠴᠢᠨ᠎ᠤ ᠬᠠᠤᠯᠢ ᠶᠣᠰᠣᠭ᠋ᠠᠷ ᠡᠷᠬᠡ᠎ᠪᠠᠨ ᠬᠠᠮᠠᠭ᠋ᠠᠯᠠᠬᠤ ᠵᠢ ᠬᠦᠲᠦᠯᠦᠨ ᠵᠢᠯᠣᠭᠤᠳᠣᠨ᠎ᠠ᠃
ᠨᠠᠢ᠍ᠮᠠᠳᠤᠭ᠋ᠠᠷ ᠵᠤᠷᠪᠣᠰ ᠬᠦᠯᠦᠰᠦᠨ ᠲᠠᠷᠢᠶᠠᠴᠢᠨ᠎ᠨᠢ ᠴᠠᠯᠢᠩ᠎ᠢ ᠲᠣᠭᠲᠠᠭᠰᠠᠨ ᠴᠠᠭ᠎ᠲᠤ᠎ᠪᠠᠨ ᠲᠤᠭ᠎ᠠ ᠶᠤᠰᠤᠭ᠋ᠠᠷ ᠴᠠᠯᠢᠩ ᠣᠯᠬᠤ ᠡᠷᠬᠡ᠎ᠲᠠᠢ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠵᠦ ᠪᠣᠯᠬᠤ ᠦᠭᠡᠶ᠃
ᠴᠠᠯᠢᠩ᠎ᠨᠢ ᠥᠷᠢᠲᠦᠭᠳᠡᠵᠦ ᠣᠳᠠᠭ᠋ᠠᠰᠢᠷᠠᠭᠤᠯᠣᠭᠳᠠᠭᠰᠠᠨ ᠬᠦᠯᠦᠰᠦᠨ ᠲᠠᠷᠢᠶᠠᠴᠢᠨ᠎ᠨᠢ ᠬᠠᠤᠯᠢ ᠶᠣᠰᠣᠭ᠋ᠠᠷ ᠵᠠᠭ᠋ᠠᠯᠳᠤᠬᠤ ᠪᠤᠶᠤ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠵᠦ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠬᠤ ᠪᠠ ᠵᠠᠭ᠋ᠠᠯᠳᠤᠬᠤ ᠡᠷᠬᠡ᠎ᠲᠠᠢ᠃
ᠶᠠᠮᠠᠷᠪᠠ ᠨᠢᠭᠡᠴᠢ ᠪᠤᠶᠤ ᠬᠤᠪᠢ ᠬᠥᠮᠦᠨ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠠᠵᠢᠯᠯᠠᠭ᠎ᠠ ᠵᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠵᠠᠭ᠋ᠠᠯᠳᠣᠭᠰᠠᠨ᠂ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠨᠢᠭᠡᠳᠦᠯᠲᠡᠶ ᠴᠤᠭᠯᠠᠭᠤᠯᠬᠤ ᠪᠠ ᠰᠢᠯᠵᠢᠭᠦᠯᠦᠨ ᠭᠦᠢ᠍ᠴᠡᠳᠬᠡᠬᠦ ᠵᠢᠨ ᠬᠠᠮᠲᠤ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠃ ᠰᠢᠯᠵᠢᠭᠦᠯᠦᠨ ᠭᠦᠢ᠍ᠴᠡᠳᠬᠡᠭᠰᠡᠨ ᠰᠦᠪᠡᠭᠴᠢ ᠵᠢ ᠬᠦᠯᠢᠶᠡᠨ ᠠᠪᠤᠭᠰᠠᠨ ᠰᠠᠯᠠᠭ᠎ᠠ ᠮᠥᠴᠢᠷ ᠪᠣᠯᠤᠨ ᠨᠢᠭᠡᠴᠢ᠎ᠨᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠭᠦᠢ᠍ᠴᠡᠳᠬᠡᠬᠦ ᠵᠢᠨ ᠬᠠᠮᠲᠤ ᠭᠦᠢ᠍ᠴᠡᠳᠬᠡᠭᠰᠡᠨ ᠦᠷ᠎ᠡ ᠳ᠋ᠦᠩ ᠵᠶ᠋ᠠᠨ ᠠᠳᠠᠯᠢ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠵᠠᠭ᠋ᠠᠯᠳᠣᠭᠰᠠᠨ᠂ ᠢᠯᠡᠴᠢᠯᠡᠨ ᠮᠡᠳᠡᠭᠦᠯᠦᠭᠰᠡᠨ ᠬᠥᠮᠦᠨ᠎ᠳᠤ ᠮᠡᠳᠡᠭᠳᠡᠬᠦ ᠬᠡᠷᠡᠭᠲᠡᠶ᠃
ᠶᠠᠮᠠᠷᠪᠠ ᠨᠢᠭᠡᠴᠢ ᠪᠤᠶᠤ ᠬᠤᠪᠢ ᠬᠥᠮᠦᠨ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠠᠵᠢᠯᠯᠠᠭ᠎ᠠ ᠵᠢ ᠵᠠᠭ᠋ᠠᠯᠳᠣᠭᠰᠠᠨ᠂ ᠢᠯᠡᠴᠢᠯᠡᠨ ᠮᠡᠳᠡᠭᠦᠯᠦᠭᠰᠡᠨ ᠬᠥᠮᠦᠰ᠎ᠲᠤ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠶ᠃
ᠬᠤᠶᠠᠳᠤᠭ᠋ᠠᠷ ᠪᠦᠯᠦᠭ ᠴᠠᠯᠢᠩ ᠥᠭᠬᠦ ᠪᠠ ᠦᠷᠢ᠎ᠪᠠᠨ ᠲᠥᠯᠥᠵᠦ ᠳᠠᠭᠤᠰᠬᠠᠬᠤ
ᠶᠢᠰᠦᠳᠦᠭᠡᠷ ᠵᠤᠷᠪᠣᠰ ᠬᠥᠮᠦᠨ ᠬᠡᠷᠡᠭᠯᠡᠬᠦ ᠨᠢᠭᠡᠴᠢ᠎ᠨᠢ ᠬᠦᠯᠦᠰᠦᠨ ᠲᠠᠷᠢᠶᠠᠴᠢᠨ᠎ᠤ ᠬᠦᠳᠡᠯᠮᠦᠷᠢ ᠵᠢ ᠬᠡᠷᠡᠭᠯᠡᠬᠦ᠎ᠳᠤ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠡᠯᠰᠡᠨ ᠬᠡᠷᠡᠭᠯᠡᠭᠰᠡᠨ ᠬᠦᠯᠦᠰᠦᠨ ᠲᠠᠷᠢᠶᠠᠴᠢᠨ᠎ᠤ ᠴᠠᠭ᠋ᠠᠰᠤᠨ ᠭᠡᠷ᠎ᠡ᠂ ᠡᠯᠧᠺᠲᠷᠣᠨ ᠭᠡᠷ᠎ᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠣᠯᠵᠣᠨ ᠲᠣᠭᠲᠠᠬᠤ ᠪᠤᠶᠤ ᠬᠠᠤᠯᠢ ᠶᠣᠰᠣᠭ᠋ᠠᠷ ᠲᠣᠭᠲᠠᠭ᠋ᠠᠭᠰᠠᠨ ᠳᠦᠷᠢᠮ ᠲᠣᠭᠲᠠᠭ᠋ᠠᠯ ᠵᠶ᠋ᠠᠷ ᠴᠠᠯᠢᠩ ᠥᠭᠬᠦ ᠪᠠᠷᠢᠮᠵᠢᠶ᠎ᠠ᠂ ᠥᠭᠬᠦ ᠠᠷᠭ᠎ᠠ ᠮᠠᠶᠢᠭ᠂ ᠥᠭᠬᠦ ᠦᠶᠡᠯᠡᠯ᠎ᠤᠨ ᠬᠤᠭᠤᠴᠠᠭ᠎ᠠ ᠪᠣᠯᠤᠨ ᠪᠣᠳᠠᠲᠠᠶ ᠥᠭᠬᠦ ᠡᠳᠦᠷ ᠬᠤᠭᠤᠴᠠᠭ᠎ᠠ ᠵᠡᠷᠭᠡ ᠠᠭᠤᠯᠭ᠎ᠠ ᠵᠢ ᠲᠣᠭᠲᠠᠭ᠋ᠠᠬᠤ ᠵᠢᠨ ᠬᠠᠮᠲᠤ ᠪᠣᠯᠵᠣᠨ ᠲᠣᠭᠲᠠᠭᠰᠠᠨ ᠪᠤᠶᠤ ᠲᠣᠭᠲᠠᠭ᠋ᠠᠭᠰᠠᠨ ᠠᠭᠤᠯᠭ᠎ᠠ ᠵᠢᠨ ᠶᠣᠰᠣᠭ᠋ᠠᠷ ᠴᠠᠯᠢᠩ᠎ᠢ ᠴᠠᠭ ᠲᠣᠬᠠᠢᠳᠤᠨᠢ ᠲᠤᠭ᠎ᠠ ᠶᠣᠰᠣᠭ᠋ᠠᠷ ᠴᠠᠯᠢᠩ ᠥᠭᠬᠦ ᠬᠡᠷᠡᠭᠲᠡᠶ᠃
ᠠᠷᠪᠠᠳᠤᠭ᠋ᠠᠷ ᠵᠤᠷᠪᠣᠰ ᠬᠦᠯᠦᠰᠦᠨ ᠲᠠᠷᠢᠶᠠᠴᠢᠨ᠎ᠤ ᠴᠠᠯᠢᠩ᠎ᠢ ᠵᠣᠭᠤᠰ᠎ᠤᠨ ᠬᠡᠯᠪᠡᠷᠢ᠎ᠪᠠᠷ ᠪᠠᠩᠬᠢ᠎ᠪᠠᠷ ᠳᠠᠮᠵᠢᠭᠤᠯᠣᠨ ᠳᠠᠩᠰᠠ ᠰᠢᠯᠵᠢᠭᠦᠯᠬᠦ ᠪᠤᠶᠤ ᠪᠡᠯᠡᠨ ᠵᠣᠭᠤᠰ ᠵᠶ᠋ᠠᠷ ᠬᠦᠯᠦᠰᠦᠨ ᠲᠠᠷᠢᠶᠠᠴᠢᠨ᠎ᠤ ᠲᠤᠰ ᠬᠥᠮᠦᠨ᠎ᠳᠤ᠎ᠨᠢ ᠥᠭᠬᠦ ᠬᠡᠷᠡᠭᠲᠡᠶ᠂ ᠪᠣᠳᠠᠲᠤ ᠡᠳ᠋ ᠪᠤᠶᠤ ᠦᠨᠡᠲᠦ ᠲᠡᠮᠳᠡᠭᠲᠦ ᠵᠡᠷᠭᠡ ᠪᠤᠰᠤᠳ ᠬᠡᠯᠪᠡᠷᠢ᠎ᠪᠠᠷ ᠣᠷᠣᠯᠠᠭᠤᠯᠵᠤ ᠪᠣᠯᠬᠤ ᠦᠭᠡᠶ᠃
ᠰᠠᠷ᠎ᠠ᠂ ᠭᠠᠷᠠᠭ᠂ ᠡᠳᠦᠷ᠂ ᠴᠠᠭ᠎ᠤᠨ ᠴᠠᠯᠢᠩ᠎ᠤᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠪᠠᠯ᠂ ᠰᠠᠷ᠎ᠠ᠂ ᠭᠠᠷᠠᠭ᠂ ᠡᠳᠦᠷ᠂ ᠴᠠᠭ ᠵᠶ᠋ᠠᠷ ᠦᠶᠡᠯᠡᠯ᠎ᠤᠨ ᠬᠤᠭᠤᠴᠠᠭ᠎ᠠ ᠪᠣᠯᠭ᠋ᠠᠵᠦ ᠴᠠᠯᠢᠩ ᠥᠭᠭᠦᠨ᠎ᠡ᠂ ᠲᠤᠭ᠎ᠠ᠎ᠪᠠᠷ ᠪᠤᠳᠤᠬᠤ ᠴᠠᠯᠢᠩ᠎ᠤᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠪᠠᠯ᠂ ᠴᠠᠯᠢᠩ ᠥᠭᠬᠦ ᠦᠶᠡᠯᠡᠯ᠎ᠤᠨ ᠬᠤᠭᠤᠴᠠᠭ᠎ᠠ ᠵᠢ ᠬᠤᠶᠠᠷ ᠲᠠᠯ᠎ᠠ᠎ᠪᠠᠷ ᠵᠶ᠋ᠠᠨ ᠬᠠᠤᠯᠢ ᠶᠣᠰᠣᠭ᠋ᠠᠷ ᠪᠣᠯᠵᠣᠨ ᠲᠣᠭᠲᠠᠭ᠋ᠠᠨ᠎ᠠ᠃
ᠠᠷᠪᠠᠨ ᠨᠢᠭᠡᠳᠦᠭᠡᠷ ᠵᠤᠷᠪᠣᠰ ᠬᠥᠮᠦᠨ ᠬᠡᠷᠡᠭᠯᠡᠬᠦ ᠨᠢᠭᠡᠴᠢ᠎ᠨᠢ ᠴᠠᠯᠢᠩ ᠦᠭᠬᠦ ᠦᠶᠡᠯᠡᠯ᠎ᠤᠨ ᠬᠤᠭᠤᠴᠠᠭ᠎ᠠ ᠵᠢᠨ ᠶᠣᠰᠣᠭ᠋ᠠᠷ ᠴᠠᠯᠢᠩ ᠦᠭᠬᠦ ᠪᠢᠴᠢᠭ᠎ᠤᠨ ᠡᠬᠡ ᠳᠠᠩᠰᠠ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠂ ᠡᠬᠡ ᠳᠠᠩᠰᠠᠨ᠎ᠳᠤ ᠬᠥᠮᠦᠨ ᠬᠡᠷᠡᠭᠯᠡᠬᠦ ᠨᠢᠭᠡᠴᠢ ᠵᠢᠨ ᠨᠡᠷᠡᠶ᠋ᠢᠳᠦᠯ᠂ ᠦᠭᠬᠦ ᠦᠶᠡᠯᠡᠯ᠎ᠤᠨ ᠬᠤᠭᠤᠴᠠᠭ᠎ᠠ᠂ ᠦᠭᠬᠦ ᠡᠳᠦᠷ ᠬᠤᠭᠤᠴᠠᠭ᠎ᠠ᠂ ᠦᠭᠬᠦ ᠡᠲᠡᠭᠡᠳ᠎ᠤᠨ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠬᠠᠷᠢᠯᠴᠠᠬᠤ ᠠᠷᠭ᠎ᠠ ᠮᠠᠶᠢᠭ᠂ ᠠᠵᠢᠯᠯᠠᠬᠤ ᠴᠠᠭ ᠬᠤᠭᠤᠴᠠᠭ᠎ᠠ᠂ ᠦᠭᠬᠦ ᠶᠣᠰᠣᠲᠠᠢ ᠴᠠᠯᠢᠩ᠎ᠤᠨ ᠲᠥᠷᠥᠯ ᠵᠦᠢ᠍ᠯ ᠵᠢᠴᠢ ᠲᠤᠭ᠎ᠠ᠂ ᠣᠷᠣᠯᠠᠨ ᠰᠠᠭᠤᠯᠭ᠋ᠠᠨ ᠠᠪᠬᠤ᠂ ᠣᠷᠣᠯᠠᠨ ᠲᠤᠰᠢᠶᠠᠬᠤ᠂ ᠰᠠᠭᠤᠯᠭ᠋ᠠᠨ ᠠᠪᠬᠤ ᠲᠥᠷᠥᠯ ᠵᠦᠢ᠍ᠯ ᠪᠠ ᠲᠤᠭ᠎ᠠ ᠬᠡᠮᠵᠢᠶ᠎ᠡ᠂ ᠪᠣᠳᠠᠲᠠᠶ ᠦᠭᠬᠦ ᠴᠠᠯᠢᠩ᠎ᠤᠨ ᠲᠤᠭ᠎ᠠ ᠬᠡᠮᠵᠢᠶ᠎ᠡ᠂ ᠪᠠᠩᠬᠢ ᠵᠢᠨ ᠣᠷᠣᠯᠠᠨ ᠦᠭᠬᠦ ᠴᠠᠯᠢᠩ᠎ᠤᠨ ᠭᠡᠷᠡᠴᠢ ᠪᠠᠷᠢᠮᠲᠠ ᠪᠤᠶᠤ ᠬᠦᠯᠦᠰᠦᠨ ᠲᠠᠷᠢᠶᠠᠴᠢᠨ᠎ᠤ ᠭᠠᠷᠤᠨ ᠦᠰᠦᠭ ᠵᠢᠷᠤᠭᠰᠠᠨ ᠵᠡᠷᠭᠡ ᠠᠭᠤᠯᠭ᠎ᠠ ᠵᠢ ᠣᠷᠣᠯᠠᠨ ᠲᠠᠷᠬᠠᠭ᠋ᠠᠬᠤ ᠵᠢᠨ ᠬᠠᠮᠲᠤ ᠨᠠᠭ᠋ᠠᠳᠤ ᠵᠠᠬ᠎ᠠ᠎ᠳᠤ᠎ᠪᠠᠨ ᠭᠤᠷᠪᠠᠨ ᠵᠢᠯ ᠬᠠᠳᠠᠭ᠋ᠠᠯᠠᠬᠤ ᠬᠡᠷᠡᠭᠲᠡᠶ᠃
ᠬᠥᠮᠦᠨ ᠬᠡᠷᠡᠭᠯᠡᠬᠦ ᠨᠢᠭᠡᠴᠢ᠎ᠨᠢ ᠴᠠᠯᠢᠩ ᠦᠭᠬᠦ ᠡᠬᠡ ᠳᠠᠩᠰᠠ ᠵᠢ ᠬᠠᠭᠤᠷᠮᠠᠭᠯᠠᠵᠤ᠂ ᠵᠣᠬᠢᠶᠠᠵᠤ᠂ ᠳᠠᠯᠳᠠᠯᠠᠵᠤ᠂ ᠨᠢᠭᠤᠵᠦ ᠪᠣᠯᠬᠤ ᠦᠭᠡᠶ᠃
ᠬᠥᠮᠦᠨ ᠬᠡᠷᠡᠭᠯᠡᠬᠦ ᠨᠢᠭᠡᠴᠢ ᠵᠢ ᠵᠣᠷᠢᠭᠵᠢᠭᠤᠯᠤᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦᠭᠰᠡᠨ ᠪᠠᠶ᠋ᠢᠳᠠᠯ᠎ᠢ ᠲᠡᠮᠳᠡᠭᠯᠡᠬᠦ ᠬᠡᠷᠡᠭᠲᠡᠶ᠃
ᠠᠷᠪᠠᠨ ᠬᠤᠶᠠᠳᠤᠭ᠋ᠠᠷ ᠵᠤᠷᠪᠣᠰ ᠬᠥᠮᠦᠨ ᠬᠡᠷᠡᠭᠯᠡᠬᠦ ᠨᠢᠭᠡᠴᠢ᠎ᠨᠢ ᠬᠦᠯᠦᠰᠦᠨ ᠲᠠᠷᠢᠶᠠᠴᠢᠨ᠎ᠳᠤ ᠴᠠᠯᠢᠩ ᠥᠭᠬᠦ᠎ᠳᠤ᠎ᠪᠠᠨ ᠬᠦᠯᠦᠰᠦᠨ ᠲᠠᠷᠢᠶᠠᠴᠢᠨ᠎ᠤ ᠲᠤᠰ ᠬᠥᠮᠦᠨ᠎ᠤ ᠴᠠᠯᠢᠩ᠎ᠤᠨ ᠲᠣᠳᠣᠷᠬᠠᠶ ᠬᠠᠭᠤᠳᠠᠰᠤ ᠵᠢ ᠬᠠᠩᠭ᠋ᠠᠬᠤ ᠬᠡᠷᠡᠭᠲᠡᠶ᠃
ᠬᠦᠯᠦᠰᠦᠨ ᠲᠠᠷᠢᠶᠠᠴᠢᠨ᠎ᠨᠢ ᠬᠥᠮᠦᠨ ᠬᠡᠷᠡᠭᠯᠡᠬᠦ ᠨᠢᠭᠡᠴᠢ᠎ᠠᠴᠠ ᠬᠤᠪᠢ ᠬᠥᠮᠦᠨ᠎ᠤ ᠴᠠᠯᠢᠩ᠎ᠢ ᠦᠭᠬᠦᠭᠰᠡᠨ ᠲᠡᠮᠳᠡᠭᠯᠡᠯ ᠵᠶ᠋ᠠᠨ ᠪᠠᠶ᠋ᠢᠴᠠᠭ᠋ᠠᠨ ᠯᠠᠪᠯᠠᠬᠤ ᠡᠷᠬᠡ᠎ᠲᠠᠢ᠃
ᠲᠤᠰ ᠬᠥᠮᠦᠨ᠎ᠤ ᠴᠠᠯᠢᠩ ᠦᠭᠬᠦᠭᠰᠡᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ᠎ᠳᠤ᠂ ᠬᠥᠮᠦᠨ ᠬᠡᠷᠡᠭᠯᠡᠬᠦ ᠨᠢᠭᠡᠴᠢ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠤᠷᠪᠣᠰ ᠬᠥᠮᠦᠨ ᠬᠡᠷᠡᠭᠯᠡᠬᠦ ᠨᠢᠭᠡᠴᠢ᠎ᠨᠢ ᠬᠦᠯᠦᠰᠦᠨ ᠲᠠᠷᠢᠶᠠᠴᠢᠨ᠎ᠲᠠᠢ ᠬᠠᠤᠯᠢ ᠶᠣᠰᠣᠭ᠋ᠠᠷ ᠬᠥᠳᠡᠯᠮᠦᠷᠢ ᠵᠢᠨ ᠬᠠᠷᠢᠴᠠᠭ᠎ᠠ᠎ᠪᠠᠨ ᠬᠦᠴᠦᠨ ᠦᠭᠡᠢ ᠪᠣᠯᠭ᠋ᠠᠬᠤ ᠪᠤᠶᠤ ᠳᠠᠭᠤᠰᠬᠠᠬᠤ ᠦᠶ᠎ᠡ᠎ᠳᠤ ᠥᠷᠢᠲᠦᠵᠦ ᠪᠠᠶ᠋ᠢᠭ᠎ᠠ ᠬᠦᠯᠦᠰᠦᠨ ᠲᠠᠷᠢᠶᠠᠴᠢᠨ᠎ᠤ ᠴᠠᠯᠢᠩ᠎ᠢ ᠨᠢᠭᠡ ᠯᠠ ᠤᠳᠠᠭ᠎ᠠ ᠵᠢᠨ ᠴᠢᠨᠠᠷᠲᠠᠶ ᠥᠭᠴᠦ ᠳᠠᠭᠤᠰᠬᠠᠬᠤ ᠬᠡᠷᠡᠭᠲᠡᠶ᠃
ᠬᠥᠮᠦᠨ ᠬᠡᠷᠡᠭᠯᠡᠬᠦ ᠨᠢᠭᠡᠴᠢ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠵᠦ ᠳᠠᠭᠤᠰᠬᠠᠬᠤ ᠬᠡᠷᠡᠭᠲᠡᠶ᠃
ᠠᠷᠪᠠᠨ ᠳᠥᠷᠪᠡᠳᠦᠭᠡᠷ ᠵᠤᠷᠪᠣᠰ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠎ᠨᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠯᠦᠭᠡ ᠢᠨᠵᠧᠨᠧᠷᠢᠩ᠎ᠤᠨ ᠪᠠᠷᠢᠯᠭ᠎ᠠ ᠪᠠᠷᠢᠬᠤ ᠵᠢ ᠬᠠᠣᠯᠢ ᠶᠣᠰᠣᠭ᠋ᠠᠷ ᠴᠠᠭ᠋ᠠᠰᠣᠨ ᠳᠡᠭᠡᠷ᠎ᠡ ᠭᠡᠷ᠎ᠡ ᠲᠣᠭᠲᠠᠬᠤ᠎ᠳᠤ᠎ᠪᠠᠨ᠂ ᠢᠨᠵᠧᠨᠧᠷᠢᠩ᠎ᠤᠨ ᠵᠣᠭᠤᠰ᠎ᠢ ᠬᠡᠮᠵᠢᠨ ᠪᠣᠳᠣᠬᠤ ᠦᠶᠡᠯᠡᠯ᠎ᠤᠨ ᠬᠤᠭᠤᠴᠠᠭ᠎ᠠ᠂ ᠢᠨᠵᠧᠨᠧᠷᠢᠩ᠎ᠤᠨ ᠵᠣᠭᠤᠰ᠎ᠤᠨ ᠠᠬᠢᠴᠠ ᠵᠢ ᠳ᠋ᠦᠩᠨᠡᠨ ᠪᠣᠳᠣᠬᠤ ᠠᠷᠭ᠎ᠠ ᠵᠢᠴᠢ ᠬᠥᠮᠦᠨ᠎ᠤ ᠬᠦᠴᠦᠨ᠎ᠤ ᠵᠠᠷᠣᠳᠠᠯ᠎ᠢ ᠰᠠᠯᠭ᠋ᠠᠨ ᠥᠭᠬᠦ ᠦᠶᠡᠯᠡᠯ᠎ᠤᠨ ᠬᠤᠭᠤᠴᠠᠭ᠎ᠠ ᠵᠢ ᠪᠣᠯᠵᠣᠨ ᠲᠣᠭᠲᠠᠬᠤ ᠵᠢᠨ ᠬᠠᠮᠲᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠴᠠᠭ ᠲᠤᠬᠠᠢᠳᠤᠨᠢ ᠲᠤᠭ᠎ᠠ ᠶᠣᠰᠣᠭ᠋ᠠᠷ ᠥᠭᠬᠦ ᠵᠢ ᠪᠠᠲᠣᠯᠠᠬᠤ ᠱᠠᠭ᠋ᠠᠷᠳᠠᠯᠭ᠎ᠠ ᠶᠣᠰᠣᠭ᠋ᠠᠷ᠂ ᠬᠥᠮᠦᠨ᠎ᠤ ᠬᠦᠴᠦᠨ᠎ᠤ ᠵᠠᠷᠤᠳᠠᠯ᠎ᠤᠨ ᠲᠤᠭ᠎ᠠ ᠬᠡᠮᠵᠢᠶ᠎ᠡ ᠪᠣᠯᠤᠨ ᠬᠥᠮᠦᠨ᠎ᠤ ᠬᠦᠴᠦᠨ᠎ᠤ ᠵᠠᠷᠤᠳᠠᠯ᠎ᠤᠨ ᠢᠨᠵᠧᠨᠧᠷᠢᠩ᠎ᠤᠨ ᠵᠣᠭᠤᠰᠲᠤᠬᠢ ᠡᠵᠡᠯᠡᠬᠦ ᠬᠠᠷᠢᠴᠠᠯ᠎ᠢ ᠵᠦᠢ ᠵᠣᠬᠢᠰᠲᠠᠶ ᠪᠣᠯᠵᠣᠨ ᠲᠣᠭᠲᠠᠬᠤ ᠬᠡᠷᠡᠭᠲᠡᠶ᠃ ᠢᠨᠵᠧᠨᠧᠷᠢᠩ᠎ᠤᠨ ᠵᠣᠭᠤᠰᠲᠤᠬᠢ ᠡᠵᠡᠯᠡᠬᠦ ᠬᠥᠮᠦᠨ᠎ᠤ ᠬᠦᠴᠦᠨ᠎ᠤ ᠵᠠᠷᠤᠳᠠᠯ᠎ᠤᠨ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠠᠷᠪᠠᠨ ᠲᠠᠪᠤᠳᠤᠭ᠋ᠠᠷ ᠵᠤᠷᠪᠣᠰ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠦᠷᠢᠶ᠎ᠡ ᠴᠠᠷᠠᠭ᠎ᠠ᠎ᠳᠤ ᠬᠥᠮᠦᠨ᠎ᠤ ᠬᠦᠴᠦᠨ᠎ᠤ ᠵᠠᠷᠤᠳᠠᠯ ᠪᠣᠯᠤᠨ ᠪᠣᠰᠣᠳ ᠢᠨᠵᠧᠨᠧᠷᠢᠩ᠎ᠤᠨ ᠵᠣᠭᠤᠰ᠎ᠢ ᠠᠰᠲᠤᠨᠢ ᠲᠠᠩᠰᠠ ᠪᠠᠶ᠋ᠢᠭᠤᠯᠤᠨ ᠬᠠᠮᠢᠶᠠᠷᠬᠤ ᠵᠢ ᠬᠡᠷᠡᠭᠵᠢᠭᠦᠯᠦᠨ᠎ᠡ᠃ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠪᠠᠷᠢᠯᠭ᠎ᠠ ᠪᠠᠷᠢᠬᠤ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠢᠨᠵᠧᠨᠧᠷᠢᠩ᠎ᠤᠨ ᠵᠣᠭᠤᠰ ᠭᠤᠶᠤᠴᠢᠯᠠᠬᠤ᠎ᠳᠤ᠎ᠪᠠᠨ᠂ ᠬᠥᠮᠦᠨ᠎ᠤ ᠬᠦᠴᠦᠨ᠎ᠤ ᠵᠠᠷᠤᠳᠠᠯ᠎ᠢ ᠠᠰ ᠵᠶ᠋ᠠᠷ᠎ᠨᠢ ᠭᠤᠶᠤᠴᠢᠯᠠᠵᠤ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠬᠥᠮᠦᠨ᠎ᠤ ᠬᠦᠴᠦᠨ᠎ᠤ ᠵᠠᠷᠤᠳᠠᠯ᠎ᠢ ᠤᠷᠢᠳ ᠵᠶ᠋ᠠᠷ ᠰᠠᠯᠭ᠋ᠠᠨ ᠥᠭᠬᠦ ᠬᠡᠷᠡᠭᠲᠡᠶ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠥᠮᠦᠨ᠎ᠤ ᠬᠦᠴᠦᠨ᠎ᠤ ᠵᠠᠷᠤᠳᠠᠯ᠎ᠤᠨ ᠬᠠᠮᠢᠶᠠᠷᠤᠯᠲᠠ ᠪᠠ ᠴᠠᠭ ᠲᠤᠬᠠᠢᠳᠤᠨᠢ ᠲᠤᠭ᠎ᠠ ᠶᠣᠰᠣᠭ᠋ᠠᠷ ᠰᠠᠯᠭ᠋ᠠᠨ ᠥᠭᠭᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠢᠨᠵᠧᠨᠧᠷᠢᠩ᠎ᠤᠨ ᠵᠣᠭᠤᠰ᠎ᠢ ᠭᠤᠶᠤᠴᠢᠯᠠᠬᠤ᠎ᠳᠤ᠎ᠪᠠᠨ᠂ ᠬᠥᠮᠦᠨ᠎ᠤ ᠬᠦᠴᠦᠨ᠎ᠤ ᠵᠠᠷᠣᠳᠠᠯ᠎ᠢ ᠠᠰᠲᠤᠨᠢ ᠭᠤᠶᠤᠴᠢᠯᠠᠬᠤ ᠬᠡᠷᠡᠭᠲᠡᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠭᠤᠶᠣᠴᠢᠯᠠᠯ ᠶᠣᠰᠣᠭ᠋ᠠᠷ ᠬᠥᠮᠦᠨ᠎ᠤ ᠬᠦᠴᠦᠨ᠎ᠤ ᠵᠠᠷᠣᠳᠠᠯ ᠪᠠ ᠪᠤᠰᠤᠳ ᠢᠨᠵᠧᠨᠧᠷᠢᠩ᠎ᠤᠨ ᠵᠣᠭᠤᠰ᠎ᠢ ᠲᠤᠰ ᠲᠤᠰ ᠰᠠᠯᠭ᠋ᠠᠨ ᠥᠭᠬᠦ ᠵᠢᠨ ᠬᠠᠮᠲᠤ᠂ ᠬᠥᠮᠦᠨ᠎ᠤ ᠬᠦᠴᠦᠨ᠎ᠤ ᠵᠠᠷᠣᠳᠠᠯ᠎ᠢ ᠤᠷᠢᠳ ᠵᠶ᠋ᠠᠷ ᠰᠠᠯᠭ᠋ᠠᠨ ᠥᠭᠬᠦ ᠬᠡᠷᠡᠭᠲᠡᠶ᠃
ᠠᠷᠪᠠᠨ ᠵᠢᠷᠭᠤᠳᠤᠭ᠋ᠠᠷ ᠵᠤᠷᠪᠣᠰ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠭᠡᠷ᠎ᠡ ᠲᠣᠭᠲᠠᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠲᠤ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠ ᠡᠷᠦᠬᠡ ᠭᠠᠷᠭ᠋ᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ᠎ᠳᠤ ᠲᠤᠰᠬᠠᠶ ᠵᠦᠢ᠍ᠯ ᠵᠶ᠋ᠠᠷ ᠬᠡᠷᠡᠭᠯᠡᠬᠦ ᠵᠢᠨ ᠬᠠᠮᠲᠤ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠂ ᠳᠠᠩᠰᠠ ᠪᠠᠶ᠋ᠢᠭᠤᠯᠤᠭᠰᠠᠨ ᠪᠠᠩᠬᠢ᠎ᠯᠤᠭ᠎ᠠ ᠪᠡᠯᠡ ᠮᠥᠩᠭᠦ ᠵᠢᠨ ᠬᠠᠮᠢᠶᠠᠷᠤᠯᠲᠠ ᠵᠢᠨ ᠭᠤᠷᠪᠠᠨ ᠲᠠᠯ᠎ᠠ ᠵᠢᠨ ᠵᠥᠪᠳᠡᠯᠴᠡᠬᠡᠷ ᠲᠣᠭᠲᠠᠵᠤ᠂ ᠳᠠᠩᠰᠠᠨ ᠡᠷᠦᠬᠡ ᠵᠢᠨ ᠬᠡᠷᠡᠭᠯᠡᠭᠡ᠂ ᠪᠡᠯᠡ ᠮᠥᠩᠭᠦ ᠵᠢ ᠰᠠᠯᠭ᠋ᠠᠨ ᠥᠭᠬᠦ ᠵᠢᠴᠢ ᠲᠡᠭᠦᠨ᠎ᠤ ᠡᠳᠦᠷ ᠲᠤᠲᠤᠮ᠎ᠤᠨ ᠬᠠᠮᠢᠶᠠᠷᠤᠯᠲᠠ ᠵᠡᠷᠭᠡ ᠠᠭᠤᠯᠭ᠎ᠠ ᠵᠢ ᠪᠣᠯᠵᠣᠨ ᠲᠣᠭᠲᠠᠬᠤ ᠬᠡᠷᠡᠭᠲᠡᠶ᠃
ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠥᠮᠦᠨ᠎ᠤ ᠬᠦᠴᠦᠨ᠎ᠤ ᠵᠠᠷᠣᠳᠠᠯ᠎ᠢ ᠤᠷᠢᠳᠴᠢᠯᠠᠨ ᠰᠠᠯᠭ᠋ᠠᠨ ᠥᠭᠬᠦ ᠳᠦᠷᠢᠮ᠎ᠢ ᠬᠡᠷᠡᠭᠵᠢᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠨᠢᠭᠡᠴᠢ᠎ᠨᠢ ᠲᠥᠷᠥᠯ ᠵᠦᠢ᠍ᠯ᠎ᠤᠨ ᠠᠵᠢᠯ ᠡᠬᠢᠯᠡᠭᠦᠯᠦᠭᠰᠡᠨ ᠡᠳᠦᠷ᠎ᠠᠴᠠ ᠡᠬᠢᠯᠡᠨ᠂ ᠢᠨᠵᠧᠨᠧᠷᠢᠩ᠎ᠤᠨ ᠵᠣᠭᠤᠰᠣᠨᠳᠤᠬᠢ ᠬᠥᠮᠦᠨ᠎ᠤ ᠬᠦᠴᠦᠨ᠎ᠤ ᠵᠠᠷᠤᠳᠠᠯ᠎ᠤᠨ ᠡᠵᠡᠯᠡᠬᠦ ᠬᠠᠷᠢᠴᠠᠯ ᠬᠢᠭᠡᠳ ᠢᠨᠵᠧᠨᠧᠷᠢᠩ᠎ᠤᠨ ᠠᠬᠢᠴᠠ ᠵᠢᠨ ᠶᠣᠰᠣᠭ᠋ᠠᠷ ᠰᠠᠷ᠎ᠠ ᠪᠦᠷᠢ ᠵᠢᠨ ᠡᠬᠢᠨ᠎ᠳᠤ ᠬᠥᠮᠦᠨ᠎ᠤ ᠬᠦᠴᠦᠨ᠎ᠤ ᠵᠠᠷᠤᠳᠠᠯ᠎ᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠵᠢᠨ ᠭᠠᠷᠭ᠋ᠠᠭᠰᠠᠨ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ᠎ᠳᠤ ᠴᠠᠭ ᠲᠤᠬᠠᠶ᠎ᠳᠤᠨᠢ ᠰᠠᠯᠭ᠋ᠠᠨ ᠥᠭᠬᠦ ᠬᠡᠷᠡᠭᠲᠡᠶ᠃ ᠪᠣᠳᠠᠲᠠᠶ ᠪᠠᠷᠢᠯᠭ᠎ᠠ ᠪᠠᠷᠢᠬᠤ᠎ᠳᠤ ᠪᠤᠶ ᠪᠣᠯᠤᠭᠰᠠᠨ ᠬᠥᠮᠦᠨ᠎ᠤ ᠬᠦᠴᠦᠨ᠎ᠤ ᠵᠠᠷᠤᠳᠠᠯ᠎ᠤᠨ ᠦᠯᠡᠳᠡᠭᠰᠡᠨ ᠬᠡᠰᠡᠭ᠎ᠢ ᠲᠣᠭ᠋ᠠᠴᠠᠭ᠎ᠠ ᠬᠢᠭᠰᠡᠨ᠎ᠤ ᠳᠠᠷᠠᠭ᠎ᠠ ᠰᠠᠷ᠎ᠠ᠎ᠪᠠᠷ ᠲᠤᠭ᠎ᠠ ᠶᠣᠰᠣᠭ᠋ᠠᠷ ᠰᠠᠯᠭ᠋ᠠᠨ ᠥᠭᠴᠦ᠂ ᠬᠥᠮᠦᠨ᠎ᠤ ᠬᠦᠴᠦᠨ᠎ᠤ ᠵᠠᠷᠤᠳᠠᠯ᠎ᠢ ᠰᠢᠯᠵᠢᠭᠦᠯᠦᠨ ᠥᠭᠬᠦ ᠦᠶᠡᠯᠡᠯ᠎ᠤᠨ ᠬᠤᠭᠤᠴᠠᠭ᠎ᠠ ᠵᠢ ᠨᠢᠭᠡ ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠶ᠃
ᠠᠷᠪᠠᠨ ᠳᠣᠯᠣᠳᠤᠭ᠋ᠠᠷ ᠵᠤᠷᠪᠣᠰ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠲᠥᠷᠥᠯ ᠵᠦᠢ᠍ᠯ᠎ᠤᠨ ᠶᠠᠮᠤᠨ᠎ᠳᠤ ᠬᠦᠳᠡᠯᠮᠦᠷᠢ ᠪᠠ ᠬᠦᠷᠦᠩᠭᠡ ᠵᠢᠨ ᠲᠤᠰᠬᠠᠶ ᠬᠠᠮᠢᠶᠠᠷᠤᠭᠴᠢ ᠵᠢ ᠲᠤᠬᠢᠷᠠᠭᠤᠯᠬᠤ ᠬᠡᠷᠡᠭᠲᠡᠢ᠂ ᠬᠦᠳᠡᠯᠮᠦᠷᠢ ᠪᠠ ᠬᠦᠷᠦᠩᠭᠡ ᠵᠢᠨ ᠲᠤᠰᠬᠠᠶ ᠬᠠᠮᠢᠶᠠᠷᠤᠭᠴᠢ᠎ᠨᠢ ᠳᠣᠣᠷ᠎ᠠ ᠵᠢᠭᠰᠠᠭ᠋ᠠᠭᠰᠠᠨ ᠲᠣᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
(ᠨᠢᠭᠡ) ᠲᠠᠯᠠᠪᠣᠷ᠎ᠲᠤ ᠤᠷᠤᠭᠰᠠᠨ ᠬᠦᠯᠦᠰᠦᠨ ᠲᠠᠷᠢᠶᠠᠴᠢᠨ᠎ᠤ ᠦᠨᠡᠨ ᠨᠡᠷ᠎ᠡ ᠵᠢᠨ ᠳᠦᠷᠢᠮ᠎ᠤᠨ ᠠᠵᠢᠯ᠎ᠳᠤ ᠭᠠᠷᠬᠤ ᠵᠢ ᠰᠢᠯᠭ᠋ᠠᠬᠤ ᠬᠠᠮᠢᠶᠠᠷᠤᠯᠲᠠ ᠵᠢ ᠬᠠᠷᠢᠭᠤᠴᠠᠵᠤ᠂ ᠬᠦᠯᠦᠰᠦᠨ ᠲᠠᠷᠢᠶᠠᠴᠢᠨ᠎ᠤ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠥᠳᠡᠯᠦᠩᠭᠦᠶ᠎ᠪᠠᠷ ᠰᠢᠨᠡᠳᠬᠡᠨ᠎ᠡ᠂
(ᠬᠤᠶᠠᠷ) ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠨᠠᠶ᠋ᠢᠷᠠᠭᠤᠯᠤᠨ ᠵᠣᠬᠢᠶᠠᠭᠰᠠᠨ ᠬᠦᠯᠦᠰᠦᠨ ᠲᠠᠷᠢᠶᠠᠴᠢᠨ ᠦᠪᠡᠷ ᠵᠶ᠋ᠠᠨ ᠭᠠᠷᠤᠨ ᠦᠰᠦᠭ ᠵᠢᠷᠤᠵᠦ ᠨᠤᠲᠠᠯᠠᠭᠰᠠᠨ᠎ᠤ ᠳᠠᠷᠠᠭ᠋ᠠᠬᠢ ᠴᠠᠯᠢᠩ ᠥᠭᠬᠦ ᠬᠦᠰᠦᠨᠦᠭᠲᠦ ᠵᠢ ᠬᠢᠨᠠᠨ ᠬᠠᠷᠭᠤᠭᠤᠯᠬᠤ ᠵᠢᠨ ᠬᠠᠮᠲᠤ ᠲᠡᠭᠦᠨ᠎ᠢ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠳᠡᠭᠡᠭᠰᠢ ᠳᠠᠮᠵᠢᠭᠤᠯᠣᠨ᠎ᠠ᠂
(ᠭᠤᠷᠪᠠ) ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠣᠴᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠯᠦᠰᠦᠨ ᠲᠠᠷᠢᠶᠠᠴᠢᠨ᠎ᠤ ᠴᠠᠯᠢᠩ ᠥᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠳᠠᠯ᠎ᠢ ᠮᠡᠳᠡᠭᠦᠯᠦᠨ᠎ᠡ᠃
(ᠲᠦᠷᠪᠡ) ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠬᠥᠳᠡᠯᠮᠦᠷᠢ ᠬᠦᠴᠦᠨ ᠬᠡᠷᠡᠭᠯᠡᠬᠦ ᠪᠠ ᠬᠥᠳᠡᠯᠮᠦᠷᠢ ᠵᠢᠨ ᠭᠡᠷ᠎ᠡ ᠲᠣᠭᠲᠠᠬᠤ ᠵᠡᠷᠭᠡ᠎ᠳᠤ ᠬᠢᠨᠠᠯᠲᠠ ᠬᠠᠮᠢᠶᠠᠷᠣᠯᠲᠠ ᠵᠢ ᠬᠡᠷᠡᠭᠵᠢᠭᠦᠯᠵᠦ᠂ ᠪᠠᠷᠢᠯᠭ᠎ᠠ ᠵᠢᠨ ᠲᠤᠬᠠᠶ ᠵᠢᠨ ᠭᠠᠵᠠᠷ᠎ᠤᠨ ᠠᠵᠢᠯᠴᠢᠨ ᠬᠡᠷᠡᠭᠯᠡᠬᠦ᠂ ᠠᠵᠢᠯ᠎ᠳᠤ ᠭᠠᠷᠬᠤ ᠵᠢ ᠲᠡᠮᠳᠡᠭᠯᠡᠬᠦ᠂ ᠴᠠᠯᠢᠩ ᠥᠭᠬᠦ ᠵᠡᠷᠭᠡ ᠪᠠᠶ᠋ᠢᠳᠠᠯ᠎ᠢ ᠡᠵᠡᠮᠰᠢᠨ᠎ᠡ᠃
ᠠᠷᠪᠠᠨ ᠨᠠᠢ᠍ᠮᠠᠳᠤᠭ᠋ᠠᠷ ᠵᠤᠷᠪᠣᠰ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠪᠠᠷᠢᠯᠭ᠎ᠠ ᠪᠠᠷᠢᠬᠤ ᠵᠥᠪᠰᠢᠶᠡᠷᠡᠯ᠎ᠢ ᠣᠯᠤᠭᠰᠠᠨ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠵᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠣᠲᠣᠷ᠎ᠠ᠂ ᠲᠥᠷᠥᠯ ᠵᠦᠢ᠍ᠯ᠎ᠤᠨ ᠢᠨᠵᠧᠨᠧᠷᠢᠩ᠎ᠤᠨ ᠪᠠᠶ᠋ᠢᠭ᠎ᠠ ᠭᠠᠵᠠᠷ᠎ᠲᠤ ᠴᠠᠯᠢᠩ᠎ᠤᠨ ᠪᠠᠲᠤᠯᠠᠭ᠎ᠠ ᠵᠢᠨ ᠮᠥᠩᠭᠦ ᠵᠢ ᠬᠠᠤᠯᠢ ᠶᠣᠰᠣᠭ᠋ᠠᠷ ᠬᠠᠳᠠᠭ᠋ᠠᠯᠠᠵᠤ᠂ ᠳᠠᠭ᠋ᠠᠭ᠋ᠠᠴᠢᠯᠠᠭᠰᠠᠨ ᠢᠨᠵᠧᠨᠧᠷᠢᠩ᠎ᠲᠤ ᠬᠥᠳᠡᠯᠮᠦᠷᠢ ᠬᠠᠩᠭ᠋ᠠᠭᠰᠠᠨ ᠬᠦᠯᠦᠰᠦᠨ ᠲᠠᠷᠢᠶᠠᠴᠢᠨ᠎ᠤ ᠥᠷᠢᠲᠦᠭᠳᠡᠵᠦ ᠣᠳᠠᠭ᠋ᠠᠰᠢᠷᠠᠭᠤᠯᠣᠭᠳᠠᠭᠰᠠᠨ ᠴᠠᠯᠢᠩ᠎ᠢ ᠥᠭᠬᠦ᠎ᠳᠤ ᠲᠤᠰᠬᠠᠶ ᠬᠡᠷᠡᠭᠯᠡᠬᠦ ᠬᠡᠷᠡᠭᠲᠡᠶ᠃
ᠴᠠᠯᠢᠩ᠎ᠤᠨ ᠪᠠᠲᠣᠯᠠᠭ᠎ᠠ ᠵᠢᠨ ᠮᠥᠩᠭᠦ ᠵᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠠᠲᠣᠯᠠᠭ᠎ᠠ ᠵᠢᠨ ᠪᠢᠴᠢᠭ ᠪᠤᠶᠤ ᠳᠠᠭ᠋ᠠᠳᠬᠠᠯ᠎ᠤᠨ ᠺᠣᠮᠫᠠᠨᠢ ᠵᠢᠨ ᠳᠠᠭ᠋ᠠᠳᠬᠠᠯ᠎ᠤᠨ ᠬᠠᠭᠤᠳᠠᠰᠤ ᠵᠡᠷᠭᠡ ᠬᠡᠯᠪᠡᠷᠢ᠎ᠪᠠᠷ ᠣᠷᠣᠯᠠᠭᠤᠯᠵᠤ ᠪᠣᠯᠣᠨ᠎ᠠ᠂ ᠪᠠᠲᠣᠯᠠᠭ᠎ᠠ ᠵᠢᠨ ᠪᠢᠴᠢᠭ᠂ ᠳᠠᠭ᠋ᠠᠳᠬᠠᠯ᠎ᠤᠨ ᠬᠠᠭᠤᠳᠠᠰᠤ ᠵᠢᠨ ᠰᠢᠨᠵᠢ ᠴᠢᠨᠠᠷ᠎ᠨᠢ ᠬᠦᠴᠦᠨ ᠦᠭᠡᠢ ᠪᠣᠯᠭ᠋ᠠᠵᠦ ᠪᠣᠯᠬᠤ ᠦᠭᠡᠢ ᠬᠡᠳᠦᠢ᠎ᠳᠤ ᠠᠪᠣᠨ᠎ᠠ ᠭᠡᠪᠡᠯ ᠳᠠᠷᠦ᠋ᠢ᠍ᠬᠠᠨ ᠲᠦᠯᠦᠵᠦ ᠦᠭᠬᠦᠨ᠎ᠡ᠃
ᠬᠠᠣᠯᠢ ᠶᠣᠰᠣᠭ᠋ᠠᠷ ᠪᠠᠷᠢᠯᠭ᠎ᠠ ᠵᠢᠨ ᠠᠵᠢᠯ᠎ᠤᠨ ᠵᠦᠪᠰᠢᠶᠡᠷᠡᠯ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠵᠢ ᠵᠦᠪᠰᠢᠶᠡᠷᠡᠭᠦᠯᠬᠦ ᠵᠢ ᠭᠦᠢ᠍ᠴᠡᠳᠬᠡᠬᠦ ᠴᠢᠬᠤᠯᠠ ᠦᠭᠡᠢ ᠢᠨᠵᠧᠨᠧᠷᠢᠩ᠎ᠲᠤ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠪᠠᠷᠢᠯᠭ᠎ᠠ ᠪᠠᠷᠢᠬᠤ ᠭᠡᠷ᠎ᠡ ᠲᠣᠭᠲᠠᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠣᠲᠣᠷ᠎ᠠ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠠᠷᠪᠠ ᠶᠢᠰᠦᠳᠦᠭᠡᠷ ᠵᠤᠷᠪᠣᠰ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠲᠠᠯᠠᠪᠣᠷ᠎ᠤᠨ ᠢᠯᠡ ᠭᠠᠵᠠᠷ᠎ᠲᠤ ᠡᠷᠬᠡ᠎ᠪᠠᠨ ᠬᠠᠮᠠᠭ᠋ᠠᠯᠠᠬᠤ ᠮᠡᠳᠡᠭᠡ ᠵᠠᠩᠭᠢ ᠵᠢᠨ ᠵᠠᠷᠯᠠᠯ᠎ᠤᠨ ᠫᠠᠶ᠋ᠢᠰᠠ ᠭᠠᠷᠭ᠋ᠠᠵᠤ᠂ ᠳᠣᠣᠷ᠎ᠠ ᠵᠢᠭᠰᠠᠭ᠋ᠠᠭᠳᠠᠭᠰᠠᠨ ᠵᠦᠢ᠍ᠯᠡᠰ᠎ᠢ ᠲᠣᠳᠣᠷᠬᠠᠶ᠋ᠢᠯᠠᠬᠤ ᠬᠡᠷᠡᠭᠲᠡᠶ᠄
(ᠨᠢᠭᠡ) ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠵᠢᠴᠢ ᠪᠠᠶ᠋ᠢᠭ᠎ᠠ ᠲᠥᠷᠥᠯ ᠵᠦᠢ᠍ᠯ᠎ᠤᠨ ᠬᠡᠯᠲᠡᠰ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠦᠳᠡᠯᠮᠦᠷᠢ ᠪᠠ ᠬᠦᠷᠦᠩᠭᠡ ᠵᠢᠨ ᠲᠤᠰᠬᠠᠶ ᠬᠠᠮᠢᠶᠠᠷᠤᠭᠴᠢ ᠵᠡᠷᠭᠡ ᠦᠨᠳᠦᠰᠦᠨ ᠮᠡᠳᠡᠭᠡ ᠵᠠᠩᠭᠢ᠂
(ᠬᠤᠶᠠᠷ) ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠢᠯ ᠲᠥᠷᠥᠯ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯᠲᠠᠨ᠎ᠤ ᠦᠨᠳᠦᠰᠦᠨ ᠮᠡᠳᠡᠭᠡ ᠵᠠᠩᠭᠢ ᠵᠢ ᠪᠠᠶ᠋ᠢᠴᠠᠭ᠋ᠠᠬᠤ᠂
(ᠭᠤᠷᠪᠠ) ᠲᠤᠬᠠᠶ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠂ ᠴᠠᠯᠢᠩ ᠦᠭᠬᠦ ᠡᠳᠦᠷ ᠬᠤᠭᠤᠴᠠᠭ᠎ᠠ ᠵᠡᠷᠭᠡ ᠦᠨᠳᠦᠰᠦᠨ ᠮᠡᠳᠡᠭᠡ ᠵᠠᠩᠭᠢ᠂
(ᠲᠦᠷᠪᠡ) ᠬᠠᠮᠢᠶ᠎ᠠ ᠪᠥᠬᠦᠶ ᠠᠵᠢᠯ ᠲᠥᠷᠥᠯ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠯᠲᠠ ᠵᠢᠨ ᠢᠯᠡᠴᠢᠯᠡᠨ ᠮᠡᠳᠡᠭᠦᠯᠬᠦ ᠤᠲᠠᠰᠤ᠂ ᠴᠠᠯᠢᠩ ᠥᠷᠢᠲᠦᠬᠦ ᠵᠠᠭ᠋ᠠᠯᠳᠤᠯᠭ᠎ᠠ ᠵᠢᠨ ᠬᠤᠶᠠᠷ ᠬᠡᠮᠵᠢᠯᠳᠦ ᠺᠣᠳ᠋᠂ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠵᠢ ᠭᠤᠶᠤᠴᠢᠯᠠᠬᠤ ᠠᠷᠭ᠎ᠠ ᠵᠠᠮ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠡᠷᠭᠡ᠃
ᠬᠤᠷᠢᠳᠤᠭ᠋ᠠᠷ ᠵᠤᠷᠪᠣᠰ ᠪᠦᠲᠦᠭᠡᠨ ᠪᠠᠶ᠋ᠢᠭᠤᠯᠣᠯᠲᠠ ᠵᠢᠨ ᠨᠢᠭᠡᠴᠢ ᠪᠣᠯᠣᠨ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠪᠤᠶᠤ ᠳᠠᠭ᠋ᠠᠭ᠋ᠠᠴᠢᠯᠠᠭᠰᠠᠨ ᠨᠢᠭᠡᠴᠢ ᠪᠣᠯᠣᠨ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠧᠨᠧᠷᠢᠩ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠪᠠᠶ᠋ᠢᠭᠤᠯᠤᠭᠰᠠᠨ ᠦᠨ᠎ᠡ ᠵᠡᠷᠭᠡ᠎ᠠᠴᠠ ᠪᠣᠯᠵᠤ ᠮᠠᠷᠭᠤᠯᠳᠤᠭ᠋ᠠᠨ ᠡᠭᠦᠰᠦᠭᠰᠡᠨ ᠪᠠᠶ᠋ᠢᠪᠠᠯ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠎ᠨᠢ ᠮᠠᠷᠭᠤᠯᠳᠤᠭ᠋ᠠᠨ᠎ᠠᠴᠠ ᠪᠣᠯᠵᠤ ᠢᠨᠵᠧᠨᠧᠷᠢᠩ᠎ᠤᠨ ᠵᠣᠭᠤᠰ᠎ᠤᠨ ᠳᠣᠮᠳᠠᠬᠢ ᠬᠦᠮᠦᠨ᠎ᠤ ᠬᠦᠴᠦᠨ᠎ᠤ ᠵᠠᠷᠣᠳᠠᠯ᠎ᠢ ᠲᠡᠪᠴᠢᠵᠦ᠂ ᠰᠠᠯᠭ᠋ᠠᠨ ᠦᠭᠬᠦ ᠵᠢ ᠪᠠᠭ᠋ᠠᠰᠬᠠᠵᠦ ᠬᠤᠶ᠋ᠢᠰᠢᠯᠠᠭᠤᠯᠵᠤ ᠪᠣᠯᠬᠤ ᠦᠭᠡᠢ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠴᠤ᠌ ᠮᠠᠷᠭᠤᠭ᠋ᠠᠨ᠎ᠠᠴᠠ ᠪᠣᠯᠵᠤ ᠬᠦᠯᠦᠰᠦᠨ ᠲᠠᠷᠢᠶᠠᠴᠢᠨ᠎ᠤ ᠴᠠᠯᠢᠩ᠎ᠢ ᠣᠷᠣᠯᠠᠨ ᠥᠭᠬᠦ ᠵᠢ ᠲᠡᠪᠴᠢᠵᠦ᠂ ᠬᠤᠶ᠋ᠢᠰᠢᠯᠠᠭᠤᠯᠵᠤ ᠪᠣᠯᠬᠤ ᠦᠭᠡᠶ᠃
ᠬᠤᠷᠢᠨ ᠨᠢᠭᠡᠳᠦᠭᠡᠷ ᠵᠤᠷᠪᠣᠰ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠎ᠨᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠵᠢᠨ ᠬᠦᠯᠦᠰᠦᠨ ᠲᠠᠷᠢᠶᠠᠴᠢᠨ᠎ᠤ ᠴᠠᠯᠢᠩ᠎ᠢ ᠴᠠᠭ ᠲᠤᠬᠠᠢᠳᠤᠨᠢ ᠲᠤᠭ᠎ᠠ ᠶᠣᠰᠣᠭ᠋ᠠᠷ ᠥᠭᠬᠦ᠎ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠡᠭᠦᠷᠭᠡᠯᠡᠨ᠎ᠡ᠃ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠎ᠨᠢ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠢᠨᠵᠧᠨᠧᠷᠢᠩ᠎ᠤᠨ ᠵᠣᠭᠤᠰ᠎ᠢ ᠴᠠᠭ ᠲᠤᠬᠠᠶ᠎ᠳᠤᠨᠢ ᠰᠠᠯᠭ᠋ᠠᠨ ᠥᠭᠭᠦᠭᠰᠡᠨ ᠦᠭᠡᠶ᠎ᠠᠴᠠ ᠪᠣᠯᠵᠤ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ᠂ ᠳ᠋ᠦᠩᠨᠡᠨ ᠪᠣᠳᠣᠭ᠋ᠠᠳᠤᠶ ᠢᠨᠵᠧᠨᠧᠷᠢᠩ᠎ᠤᠨ ᠵᠣᠭᠤᠰ ᠵᠶ᠋ᠠᠷ ᠬᠢᠵᠠᠭ᠋ᠠᠷ ᠪᠣᠯᠭ᠋ᠠᠵᠤ ᠥᠷᠢᠲᠦᠵᠦ ᠪᠠᠶ᠋ᠢᠭ᠎ᠠ ᠬᠦᠯᠦᠰᠦᠨ ᠲᠠᠷᠢᠶᠠᠴᠢᠨ᠎ᠤ ᠴᠠᠯᠢᠩ᠎ᠢ ᠤᠷᠢᠳ ᠵᠶ᠋ᠠᠷ ᠣᠷᠣᠯᠠᠨ ᠥᠭᠬᠦ ᠬᠡᠷᠡᠭᠲᠡᠶ᠃
ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠳᠠᠭ᠋ᠠᠭ᠋ᠠᠴᠢᠯᠠᠭᠰᠠᠨ ᠢᠨᠵᠧᠨᠧᠷᠢᠩ᠎ᠤᠨ ᠲᠦᠷᠦᠯ ᠵᠦᠢ᠍ᠯ᠎ᠤᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠬᠥᠳᠡᠯᠮᠦᠷᠢ ᠬᠦᠴᠦᠨ᠎ᠢ ᠬᠡᠷᠡᠭᠯᠡᠬᠦ᠂ ᠴᠠᠯᠢᠩ ᠦᠭᠬᠦ᠂ ᠴᠠᠯᠢᠩ᠎ᠢ ᠲᠥᠯᠥᠵᠦ ᠳᠠᠭᠤᠰᠬᠠᠬᠤ ᠵᠡᠷᠭᠡ ᠪᠠᠶ᠋ᠢᠳᠠᠯ᠎ᠳᠤ ᠪᠦᠬᠦ ᠶᠠᠪᠤᠴᠠ᠎ᠳᠤ ᠬᠢᠨᠠᠯᠲᠠ ᠲᠠᠯᠪᠢᠨ᠎ᠠ᠃
ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠡᠯᠰᠡᠨ ᠬᠡᠷᠡᠭᠯᠡᠭᠰᠡᠨ ᠬᠦᠯᠦᠰᠦᠨ ᠲᠠᠷᠢᠶᠠᠴᠢ᠎ᠳᠤ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠪᠣᠯᠤᠨ ᠴᠠᠯᠢᠩ ᠥᠭᠬᠦ᠎ᠳᠤ ᠰᠢᠭᠤᠳ ᠬᠠᠷᠢᠭᠤᠴᠠᠯᠭ᠎ᠠ ᠡᠭᠦᠷᠭᠡᠯᠡᠨ᠎ᠡ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠵᠦ ᠳᠠᠭᠤᠰᠬᠠᠬᠤ ᠬᠡᠷᠡᠭᠲᠡᠶ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠲᠥᠯᠥᠵᠦ ᠳᠠᠭᠤᠰᠬᠠᠬᠤ ᠦᠭᠡᠶ ᠪᠣᠯ ᠪᠠᠷᠢᠯᠭ᠎ᠠ ᠵᠢᠨ ᠠᠵᠢᠯ᠎ᠢ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ᠎ᠨᠢ ᠤᠷᠢᠳ ᠵᠶ᠋ᠠᠷ ᠲᠥᠯᠥᠵᠦ ᠳᠠᠭᠤᠰᠬᠠᠭᠰᠠᠨ᠎ᠤ ᠳᠠᠷᠠᠭ᠎ᠠ ᠬᠠᠤᠯᠢ ᠶᠣᠰᠣᠭ᠋ᠠᠷ ᠨᠡᠬᠡᠮᠵᠢᠯᠡᠨ ᠲᠦᠯᠦᠭᠦᠯᠦᠨ᠎ᠡ᠃
ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠎ᠠᠴᠠ ᠪᠣᠯᠵᠤ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ ᠪᠠᠷᠢᠯᠭ᠎ᠠ ᠵᠢᠨ ᠠᠵᠢᠯ᠎ᠢ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ᠎ᠨᠢ ᠤᠷᠢᠳ ᠵᠶ᠋ᠠᠷ ᠲᠥᠯᠥᠵᠦ ᠳᠠᠭᠤᠰᠭ᠋ᠠᠭᠰᠠᠨᠤ ᠳᠠᠷᠠᠭ᠎ᠠ ᠬᠠᠤᠯᠢ ᠶᠣᠰᠣᠭ᠋ᠠᠷ ᠨᠡᠬᠡᠮᠵᠢᠯᠡᠨ ᠲᠦᠯᠦᠭᠦᠯᠦᠨ᠎ᠡ᠃
ᠭᠤᠷᠪᠠᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢᠶ᠎ᠡ
ᠬᠤᠷᠢᠨ ᠬᠤᠶᠠᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭ᠋ᠠᠲᠠᠨ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ ᠪᠠᠲᠤᠯᠠᠬᠤ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠣᠯᠤᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠢᠮᠳᠠᠭᠤᠯᠤᠨ ᠪᠠᠶ᠋ᠢᠴᠠᠭ᠋ᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠬᠦ ᠳᠦᠷᠢᠮ ᠪᠠᠶ᠋ᠢᠭᠤᠯᠤᠨ᠂ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠭᠰᠡᠨ᠎ᠠᠴᠠ ᠪᠣᠯᠵᠤ ᠡᠭᠦᠰᠦᠭᠰᠡᠨ ᠭᠡᠨᠡᠳᠲᠡ ᠵᠢᠨ ᠴᠢᠨᠠᠷᠲᠠᠶ᠂ ᠬᠠᠮᠲᠣᠯᠢᠭ᠎ᠤᠨ ᠴᠢᠨᠠᠷᠲᠠᠶ ᠬᠡᠷᠡᠭ᠎ᠢ ᠰᠡᠷᠭᠡᠶ᠋ᠢᠯᠡᠬᠦ ᠪᠠ ᠰᠢᠢ᠍ᠳᠪᠦᠷᠢᠯᠡᠵᠦ᠂ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠰᠢᠮᠳᠠᠭᠤᠯᠤᠨ ᠵᠢᠯᠣᠭᠤᠳᠬᠤ᠎ᠪᠠᠨ ᠴᠢᠩᠭ᠋ᠠᠳᠬᠠᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠢᠶᠠᠨ ᠰᠢᠢ᠍ᠳᠪᠦᠷᠢᠯᠡᠭᠦᠯᠦᠭᠰᠡᠨ ᠬᠤᠯᠪᠣᠭᠳᠠᠯ ᠪᠦᠬᠦᠢ ᠬᠡᠷᠡᠭ᠎ᠢ ᠰᠢᠮᠳᠠᠭᠤᠯᠤᠨ ᠰᠢᠢ᠍ᠳᠪᠦᠷᠢᠯᠡᠨ᠎ᠡ᠃
ᠬᠤᠷᠢᠨ ᠭᠤᠷᠪᠠᠳᠤᠭ᠋ᠠᠷ ᠵᠤᠷᠪᠣᠰ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ᠎ᠤᠨ ᠪᠡᠯᠡ ᠮᠥᠩᠭᠦ ᠵᠢ ᠨᠠᠶ᠋ᠢᠳᠠᠪᠤᠷᠢᠵᠢᠭᠤᠯᠬᠤ ᠬᠡᠷᠡᠭᠲᠡᠶ᠂ ᠪᠠᠷᠢᠯᠭ᠎ᠠ ᠪᠠᠷᠢᠬᠤ ᠨᠢᠭᠡᠴᠢ᠎ᠠᠴᠠ ᠪᠡᠯᠡ ᠮᠦᠩᠬᠦ ᠵᠢ ᠣᠷᠣᠯᠠᠨ ᠪᠦᠲᠦᠭᠡᠨ ᠪᠠᠶ᠋ᠢᠭᠤᠯᠵᠤ ᠪᠣᠯᠬᠤ ᠦᠭᠡᠶ᠂ ᠵᠠᠰᠠᠭ᠎ᠤᠨ ᠣᠷᠳᠣᠨ᠎ᠤ ᠨᠢᠭᠤᠭᠳᠠᠮᠠᠯ ᠥᠷᠢ ᠥᠭᠴᠡᠭᠡ ᠵᠢ ᠨᠡᠮᠡᠭᠳᠡᠭᠦᠯᠵᠦ ᠪᠣᠯᠬᠤ ᠦᠭᠡᠶ᠂ ᠪᠡᠯᠡ ᠣᠷᠣᠭᠤᠯᠤᠯᠲᠠ ᠵᠢᠨ ᠲᠦᠢ᠍ᠮᠣ ᠲᠥᠰᠦᠪ᠎ᠢ ᠳᠤᠷ᠎ᠠ᠎ᠪᠠᠷ ᠵᠶ᠋ᠠᠨ ᠨᠡᠮᠡᠭᠳᠡᠭᠦᠯᠵᠦ ᠪᠣᠯᠬᠤ ᠦᠭᠡᠶ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠰᠡᠨ ᠦᠭᠡᠢ ᠲᠥᠷᠥᠯ ᠵᠦᠢ᠍ᠯ᠎ᠤᠨ ᠪᠡᠯᠡ ᠮᠥᠩᠭᠦ ᠵᠢ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃
ᠬᠤᠷᠢᠨ ᠳᠥᠷᠪᠡᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠤᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ᠂ ᠬᠥᠮᠦᠨ᠎ᠤ ᠬᠦᠴᠦᠨ᠎ᠤ ᠵᠠᠷᠤᠳᠠᠯ᠎ᠢ ᠰᠠᠯᠭ᠋ᠠᠨ ᠥᠭᠬᠦ᠂ ᠴᠠᠯᠢᠩ᠎ᠢ ᠥᠭᠬᠦ ᠲᠣᠭᠲᠠᠭ᠋ᠠᠯ᠎ᠢ ᠵᠥᠷᠢᠴᠡᠭᠰᠡᠨ ᠵᠡᠷᠭᠡ ᠪᠠᠶ᠋ᠢᠳᠠᠯ᠎ᠢ ᠴᠠᠭ ᠲᠤᠬᠠᠶ᠎ᠳᠤᠨᠢ ᠰᠡᠷᠡᠮᠵᠢᠯᠡᠭᠦᠯᠵᠦ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠪᠦᠬᠦ ᠶᠠᠪᠤᠴᠠ ᠵᠢ ᠬᠥᠳᠡᠯᠦᠩᠭᠦᠶ᠎ᠪᠠᠷ ᠬᠢᠨᠠᠨ ᠬᠠᠮᠢᠶᠠᠷᠬᠤ ᠬᠡᠷᠡᠭᠲᠡᠶ᠃
ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠯᠦᠭᠡ ᠢᠨᠵᠧᠨᠧᠷᠢᠩ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠪᠠᠯᠠ ᠮᠥᠩᠭᠦ ᠵᠢ ᠨᠠᠶ᠋ᠢᠳᠠᠪᠤᠷᠢᠵᠢᠭᠤᠯᠬᠤ᠂ ᠬᠥᠳᠡᠯᠮᠦᠷᠢ ᠬᠦᠴᠦᠨ ᠬᠡᠷᠡᠭᠯᠡᠬᠦ᠂ ᠴᠠᠯᠢᠩ ᠥᠭᠬᠦ ᠵᠡᠷᠭᠡ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠬᠡᠷᠡᠭᠲᠡᠶ᠃
ᠬᠤᠷᠢᠨ ᠲᠠᠪᠤᠳᠤᠭ᠋ᠠᠷ ᠵᠤᠷᠪᠣᠰ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠡᠷᠭᠡ ᠬᠠᠮᠢᠶ᠎ᠠ ᠪᠦᠬᠦᠢ ᠨᠢᠭᠡᠴᠢ᠎ᠨᠦᠭᠦᠳ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠬᠠᠮᠢᠶ᠎ᠠ ᠪᠦᠬᠦᠢ ᠮᠡᠳᠡᠭᠡ ᠵᠠᠩᠭᠢ ᠵᠢ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ ᠲᠤᠬᠠᠶ᠎ᠳᠤᠨᠢ ᠬᠦᠷᠭᠡᠬᠦ ᠬᠡᠷᠡᠭᠲᠡᠶ᠃
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠵᠢᠯ ᠲᠥᠷᠥᠯ᠎ᠤᠨ ᠢᠨᠵᠧᠨᠧᠷᠢᠩ᠎ᠤᠨ ᠲᠥᠷᠥᠯ ᠵᠦᠢ᠍ᠯ ᠵᠢᠴᠢ ᠬᠤᠲᠠ ᠵᠢᠨ ᠶᠠᠪᠤᠳᠠᠯ᠎ᠤᠨ ᠪᠦᠲᠦᠭᠡᠨ ᠪᠠᠶ᠋ᠢᠭᠤᠯᠤᠯᠲᠠ᠂ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠲᠣᠭᠤᠷᠢᠭ᠎ᠤᠨ ᠦᠭᠡᠷᠡᠴᠢᠯᠡᠯᠲᠡ ᠪᠠ ᠠᠵᠤ ᠠᠬᠤᠶ ᠵᠢᠨ ᠨᠡᠭᠡᠭᠡᠯᠲᠡ ᠵᠢᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠢᠨᠵᠧᠨᠧᠷᠢᠩ᠎ᠤᠨ ᠲᠥᠷᠥᠯ ᠵᠦᠢ᠍ᠯ᠎ᠢ ᠠᠵᠢᠯ ᠡᠬᠢᠯᠡᠭᠦᠯᠦᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃
ᠬᠤᠷᠢᠨ ᠵᠢᠷᠭᠤᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ᠂ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ᠂ ᠴᠠᠯᠢᠩ᠎ᠤᠨ ᠪᠠᠲᠤᠯᠠᠭ᠎ᠠ ᠵᠢᠨ ᠮᠥᠩᠭᠦ᠂ ᠬᠥᠮᠦᠨ᠎ᠤ ᠬᠦᠴᠦᠨ᠎ᠤ ᠵᠠᠷᠤᠳᠠᠯ ᠪᠣᠯᠤᠨ ᠢᠨᠵᠧᠨᠧᠷᠢᠩ᠎ᠤᠨ ᠪᠤᠰᠤᠳ ᠵᠣᠭᠤᠰ᠎ᠢ ᠳᠠᠩᠰᠠ ᠬᠤᠪᠢᠶᠠᠨ ᠬᠠᠮᠢᠶᠠᠷᠬᠤ᠂ ᠪᠠᠷᠢᠯᠭ᠎ᠠ ᠵᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ ᠵᠢᠨ ᠴᠠᠯᠢᠩ᠎ᠢ ᠣᠷᠣᠯᠠᠨ ᠦᠭᠬᠦ᠂ ᠡᠷᠬᠡ᠎ᠪᠠᠨ ᠬᠠᠮᠠᠭ᠋ᠠᠯᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠵᠡᠷᠭᠡ ᠳᠦᠷᠢᠮ᠎ᠢ ᠲᠣᠭᠲᠠᠭ᠋ᠠᠵᠤ᠂ ᠳᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠬᠤᠷᠢᠨ ᠳᠣᠯᠣᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠠᠵᠢᠯ ᠲᠥᠷᠥᠯ᠎ᠤᠨ ᠵᠶ᠋ᠠᠨ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠬᠦ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ᠎ᠪᠠᠨ ᠴᠢᠩᠭ᠋ᠠᠳᠬᠠᠵᠤ᠂ ᠲᠤᠰ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠣᠷᠣᠭᠤᠯᠬᠤ᠎ᠳᠤ ᠬᠢᠨᠠᠯᠲᠠ ᠲᠠᠯᠪᠢᠵᠤ᠂ ᠲᠣᠰ ᠠᠵᠢᠯ ᠲᠦᠷᠦᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠣᠯᠲᠠ ᠵᠢᠨ ᠲᠦᠷᠦᠯ ᠵᠦᠢ᠍ᠯ᠎ᠤᠨ ᠠᠵᠢᠯᠴᠢᠨ ᠬᠡᠷᠡᠭᠯᠡᠬᠦ ᠦᠨᠡᠨ ᠨᠡᠷ᠎ᠡ ᠵᠢᠨ ᠳᠦᠷᠢᠮ᠎ᠤᠨ ᠬᠢᠨᠠᠯᠲᠠ ᠬᠠᠮᠢᠶᠠᠷᠣᠯᠲᠠ ᠵᠢ ᠴᠢᠩᠭ᠋ᠠᠷᠠᠭᠤᠯᠵᠦ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠣᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠯᠤᠭ᠎ᠠ ᠢᠨᠵᠧᠨᠧᠷᠢᠩ᠎ᠤᠨ ᠮᠡᠳᠡᠭᠡ ᠵᠠᠩᠭᠢ᠂ ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ ᠥᠭᠬᠦ ᠵᠡᠷᠭᠡ ᠲᠤᠭ᠎ᠠ ᠪᠠᠷᠢᠮᠲᠠ ᠵᠢ ᠬᠤᠯᠪᠣᠯᠳᠣᠭᠤᠯᠣᠨ ᠨᠡᠪᠲᠡᠷᠡᠭᠦᠯᠬᠦ ᠵᠢ ᠪᠡᠶᠡᠯᠡᠭᠦᠯᠵᠦ᠂ ᠬᠥᠮᠦᠨ ᠬᠡᠷᠡᠭᠯᠡᠬᠦ ᠨᠢᠭᠡᠴᠢ ᠵᠢᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠣᠯᠠᠬᠤ ᠳᠦᠷᠢᠮ᠎ᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ᠃
ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠲᠤᠰ ᠠᠵᠢᠯ ᠲᠥᠷᠥᠯ᠎ᠤᠨ ᠳᠣᠲᠣᠷᠠᠬᠢ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠵᠢ ᠬᠤᠪᠢᠶᠠᠨ ᠳᠠᠭ᠋ᠠᠭ᠋ᠠᠴᠢᠯᠠᠭᠤᠯᠬᠤ ᠪᠠ ᠳᠠᠭ᠋ᠠᠭ᠋ᠠᠴᠢᠯᠠᠭᠤᠯᠬᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ᠂ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠪᠣᠳᠠᠲᠠᠶ ᠬᠠᠷᠢᠭᠤᠴᠠᠬᠤ ᠵᠢᠨ ᠬᠠᠮᠲᠤ ᠬᠠᠤᠯᠢ᠎ᠠᠴᠠ ᠵᠥᠷᠢᠴᠡᠨ ᠳᠠᠭ᠋ᠠᠭ᠋ᠠᠴᠢᠯᠠᠭᠤᠯᠣᠭᠰᠠᠨ᠂ ᠰᠢᠯᠵᠢᠭᠦᠯᠦᠨ ᠳᠠᠭ᠋ᠠᠭ᠋ᠠᠴᠢᠯᠠᠭᠤᠯᠣᠭᠰᠠᠨ᠂ ᠬᠠᠤᠯᠢ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠣᠭᠰᠠᠨ᠂ ᠲᠦᠰᠢᠬᠦ ᠵᠡᠷᠭᠡ᠎ᠠᠴᠠ ᠪᠣᠯᠣᠭᠰᠠᠨ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠠᠭ ᠲᠤᠬᠠᠶ᠎ᠳᠤᠨᠢ ᠬᠤᠷᠢᠭᠯᠠᠨ ᠵᠣᠭᠰᠣᠭ᠋ᠠᠵᠤ᠂ ᠵᠠᠯᠠᠷᠠᠭᠤᠯᠬᠤ ᠬᠡᠷᠡᠭᠲᠡᠶ᠃
ᠬᠤᠷᠢᠨ ᠨᠠᠢ᠍ᠮᠠᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠬᠤ ᠨᠢᠭᠡᠴᠢ ᠵᠢᠨ ᠢᠨᠵᠧᠨᠧᠷᠢᠩ᠎ᠤᠨ ᠪᠠᠷᠢᠯᠭ᠎ᠠ ᠪᠠᠷᠢᠬᠤ ᠭᠡᠷ᠎ᠡ ᠵᠢᠨ ᠪᠣᠯᠵᠣᠨ ᠲᠣᠭᠲᠠᠭᠰᠠᠨ ᠶᠣᠰᠣᠭ᠋ᠠᠷ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ᠎ᠳᠤ ᠪᠡᠯᠡ ᠮᠦᠩᠬᠦ ᠰᠠᠯᠭ᠋ᠠᠨ ᠦᠭᠴᠦ ᠪᠠᠶ᠋ᠢᠭ᠎ᠠ ᠪᠠᠶ᠋ᠢᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠲᠡᠶ᠃
ᠬᠤᠷᠢ ᠶᠢᠰᠦᠳᠦᠭᠡᠷ ᠵᠤᠷᠪᠣᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠠᠶ᠋ᠢᠮᠠᠭ᠎ᠤᠨ ᠵᠠᠬᠢᠷᠭ᠎ᠠ ᠪᠣᠯᠤᠨ ᠲᠣᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠴᠢ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ ᠪᠡᠯᠡ ᠭᠠᠷᠭ᠋ᠠᠭᠴᠢ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠪᠠᠶ᠋ᠢᠭᠤᠯᠤᠮᠵᠢ᠎ᠨᠤᠭᠤᠳ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠦᠯᠦᠰᠦᠨ ᠲᠠᠷᠢᠶᠠᠴᠢᠨ᠎ᠢ ᠬᠡᠷᠡᠭᠯᠡᠬᠦ ᠬᠠᠮᠢᠶᠠᠷᠤᠯᠲᠠ ᠵᠢᠨ ᠵᠢᠯᠣᠭᠤᠳᠣᠯᠭ᠎ᠠ ᠪᠠ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ ᠪᠠᠲᠤᠯᠠᠬᠤ ᠳᠦᠷᠢᠮ᠎ᠢ ᠨᠠᠶ᠋ᠢᠳᠠᠪᠤᠷᠢᠵᠢᠭᠤᠯᠵᠤ᠂ ᠬᠠᠷᠢᠶᠠᠯᠠᠭᠳᠠᠬᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠬᠦᠯᠦᠰᠦᠨ ᠲᠠᠷᠢᠶᠠᠴᠢᠨ᠎ᠤ ᠴᠠᠯᠢᠩ᠎ᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠥᠭᠭᠦᠭᠦᠯᠬᠦ ᠬᠡᠷᠡᠭᠲᠡᠶ᠃
ᠭᠤᠴᠢᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠦ ᠵᠢ ᠰᠠᠯᠭ᠋ᠠᠨ ᠥᠭᠬᠦ᠂ ᠪᠡᠯᠡ ᠮᠥᠩᠭᠦ ᠵᠢ ᠬᠠᠮᠢᠶᠠᠷᠬᠤ ᠪᠠ ᠬᠡᠷᠡᠭᠯᠡᠬᠦ ᠵᠡᠷᠭᠡ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠣᠯᠠᠬᠤ ᠬᠤᠯᠪᠣᠭᠳᠠᠯ ᠪᠦᠬᠦᠢ ᠪᠠᠶ᠋ᠢᠳᠠᠯ᠎ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃
ᠭᠤᠴᠢᠨ ᠨᠢᠭᠡᠳᠦᠭᠡᠷ ᠵᠤᠷᠪᠣᠰ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠪᠠᠶ᠋ᠢᠭᠤᠯᠬᠤ ᠦᠢ᠍ᠯᠡᠴᠢᠯᠡᠭᠡᠨ᠎ᠤ ᠴᠤᠪᠤᠷᠠᠯ᠎ᠢ ᠰᠢᠯᠢᠳᠡᠭᠵᠢᠭᠦᠯᠵᠦ᠂ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠵᠢᠨ ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠳᠤ᠎ᠪᠠᠨ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ᠎ᠳᠤ ᠣᠨᠴᠠᠭ᠋ᠠᠢ ᠲᠡᠮᠳᠡᠭ ᠲᠠᠯᠪᠢᠵᠤ᠂ ᠪᠡᠯᠡ ᠮᠥᠩᠭᠦ ᠵᠢᠨ ᠬᠠᠮᠢᠶᠠᠷᠤᠯᠲᠠ ᠵᠢᠨ ᠵᠥᠪᠳᠡᠯᠴᠡᠬᠡᠷ ᠪᠣᠯᠤᠨ ᠴᠠᠯᠢᠩ ᠥᠭᠬᠦ ᠬᠦᠰᠦᠨᠦᠭᠲᠦ ᠵᠢᠨ ᠶᠣᠰᠣᠭ᠋ᠠᠷ ᠴᠠᠯᠢᠩ᠎ᠢ ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ᠎ᠪᠠᠷ ᠳᠠᠮᠵᠢᠭᠤᠯᠤᠨ ᠬᠦᠯᠦᠰᠦᠨ ᠲᠠᠷᠢᠶᠠᠴᠢᠨ᠎ᠤ ᠲᠤᠰ ᠬᠥᠮᠦᠨ᠎ᠤ ᠪᠠᠩᠬᠢ ᠵᠢᠨ ᠳᠠᠩᠰᠠᠨ ᠡᠷᠦᠬᠡ᠎ᠳᠤ ᠴᠠᠭ ᠲᠤᠬᠠᠶ᠎ᠳᠤᠨᠢ ᠰᠢᠭᠤᠳ ᠰᠠᠯᠭ᠋ᠠᠨ ᠥᠭᠬᠦ ᠬᠡᠷᠡᠭᠲᠡᠶ᠃
ᠬᠦᠯᠦᠰᠦᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠨᠡᠭᠡᠭᠡᠭᠰᠡᠨ ᠪᠠᠩᠬᠢ᠎ᠨᠢ ᠬᠦᠯᠦᠰᠦᠨ ᠲᠠᠷᠢᠶᠠᠴᠢᠨ᠎ᠤ ᠨᠢᠭᠡᠨᠲᠡ ᠪᠠᠶ᠋ᠢᠭ᠎ᠠ ᠪᠠᠩᠬᠢ ᠵᠢᠨ ᠺᠠᠷᠲ ᠪᠤᠶᠤ ᠪᠠᠩᠬᠢ ᠵᠢᠨ ᠳᠠᠩᠰᠠᠨ ᠡᠷᠦᠬᠡ ᠵᠢᠨ ᠴᠢᠳᠠᠮᠵᠢ ᠪᠦᠬᠦᠢ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠬᠡᠷᠡᠭᠯᠡᠬᠦ ᠵᠢ ᠳᠡᠮᠵᠢᠬᠦ ᠬᠡᠷᠡᠭᠲᠡᠶ᠂ ᠴᠠᠯᠢᠩ᠎ᠤᠨ ᠺᠠᠷᠲ᠎ᠢ ᠲᠠᠬᠢᠨ ᠰᠢᠨ᠎ᠡ᠎ᠪᠠᠷ ᠬᠢᠯᠭᠡᠬᠦ᠎ᠪᠠᠷ ᠠᠯᠪᠠᠳᠠᠨ ᠱᠠᠭ᠋ᠠᠷᠳᠠᠵᠤ ᠱᠠᠭ᠋ᠠᠷᠳᠠᠵᠤ ᠪᠣᠯᠬᠤ ᠦᠭᠡᠶ᠃
ᠭᠤᠴᠢᠨ ᠬᠤᠶᠠᠳᠤᠭ᠋ᠠᠷ ᠵᠤᠷᠪᠣᠰ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠵᠠᠬᠢᠳᠠᠯ ᠰᠣᠷᠪᠣᠯᠵᠢᠯᠭ᠎ᠠ ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠦᠯᠦᠰᠦᠨ ᠲᠠᠷᠢᠶᠠᠴᠢᠨ᠎ᠤ ᠬᠠᠤᠯᠢ ᠶᠣᠰᠣᠭ᠋ᠠᠷ ᠡᠶᠡᠳᠡᠬᠦ᠂ ᠡᠶᠡᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠳᠡᠮᠵᠢᠬᠦ ᠬᠡᠷᠡᠭᠲᠡᠶ᠃
ᠭᠤᠴᠢᠨ ᠭᠤᠷᠪᠠᠳᠤᠭ᠋ᠠᠷ ᠵᠤᠷᠪᠣᠰ ᠬᠥᠮᠦᠨ ᠬᠡᠷᠡᠭᠯᠡᠬᠦ ᠨᠢᠭᠡᠴᠢ᠎ᠨᠢ ᠦᠷᠢᠲᠦᠵᠦ ᠪᠠᠶ᠋ᠢᠭ᠎ᠠ ᠬᠦᠯᠦᠰᠦᠨ ᠲᠠᠷᠢᠶᠠᠴᠢᠨ᠎ᠤ ᠴᠠᠯᠢᠩ᠎ᠢ ᠲᠦᠷ ᠴᠠᠭ ᠦᠭᠬᠦ᠎ᠳᠤ ᠬᠦᠴᠢᠷ᠎ᠲᠠᠢ ᠪᠤᠶᠤ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠨ ᠤᠷᠭᠤᠨ ᠳᠠᠯᠳᠠᠯᠠᠭᠰᠠᠨ ᠪᠠᠶ᠋ᠢᠪᠠᠯ ᠠᠶ᠋ᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠤᠲᠠ ᠵᠢᠴᠢ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠷᠭᠢᠯᠲᠡ ᠵᠢᠨ ᠮᠥᠩᠭᠦ ᠵᠢ ᠬᠥᠳᠡᠯᠭᠡᠨ ᠬᠥᠮᠦᠨ ᠬᠡᠷᠡᠭᠯᠡᠬᠦ ᠨᠢᠭᠡᠴᠢ ᠵᠢᠨ ᠥᠷᠢᠲᠦᠵᠦ ᠪᠠᠶ᠋ᠢᠭ᠎ᠠ ᠬᠦᠯᠦᠰᠦᠨ ᠲᠠᠷᠢᠶᠠᠴᠢᠨ᠎ᠤ ᠬᠡᠰᠡᠭ ᠴᠠᠯᠢᠩ ᠪᠤᠶᠤ ᠦᠨᠳᠦᠰᠦᠨ ᠠᠮᠢᠳᠤᠷᠠᠯ᠎ᠤᠨ ᠵᠠᠷᠤᠳᠠᠯ᠎ᠢ ᠤᠷᠢᠳ ᠵᠶ᠋ᠠᠷ ᠥᠭᠬᠦ ᠵᠢᠨ ᠬᠠᠮᠲᠤ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠵᠦ ᠪᠠᠶ᠋ᠢᠭ᠎ᠠ ᠬᠥᠮᠦᠨ ᠬᠡᠷᠡᠭᠯᠡᠬᠦ ᠨᠢᠭᠡᠴᠢ᠎ᠠᠴᠠ ᠬᠠᠤᠯᠢ ᠶᠣᠰᠣᠭ᠋ᠠᠷ ᠨᠡᠬᠡᠮᠵᠢᠯᠡᠨ ᠲᠥᠯᠥᠭᠦᠯᠵᠦ ᠪᠣᠯᠤᠨ᠎ᠠ᠃
ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶ᠋ᠢᠴᠠᠭ᠋ᠠᠬᠤ
ᠭᠤᠴᠢᠨ ᠳᠥᠷᠪᠡᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠬᠤᠨᠤᠭ ᠪᠠᠭᠤᠳᠠᠯ ᠬᠤᠭᠤᠯᠠ ᠤᠮᠳᠠ ᠵᠢᠨ ᠭᠠᠵᠠᠷ᠂ ᠡᠳ᠋ᠰᠢᠭᠦᠯᠦᠨ ᠦᠢ᠍ᠯᠡᠳᠬᠦ᠂ ᠪᠥᠭᠡᠮ ᠵᠶ᠋ᠠᠷ ᠬᠤᠳᠠᠯᠳᠣᠬᠤ ᠪᠠ ᠵᠢᠵᠢᠭᠯᠡᠨ ᠬᠤᠳᠠᠯᠳᠤᠬᠤ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ ᠵᠡᠷᠭᠡ ᠠᠵᠢᠯ ᠲᠥᠷᠥᠯ᠎ᠤᠨ ᠬᠦᠷᠢᠶᠡᠨ᠎ᠳᠠᠬᠢ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠠᠵᠢᠯ᠎ᠤᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃
ᠭᠤᠴᠢᠨ ᠲᠠᠪᠤᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠲᠤᠰᠬᠠᠶ ᠠᠵᠢᠯᠲᠠᠨ᠎ᠢ ᠲᠣᠬᠢᠷᠠᠭᠤᠯᠵᠦ ᠰᠠᠷ᠎ᠠ ᠪᠦᠷᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠴᠠᠯᠢᠩ᠎ᠢ ᠥᠭᠬᠦ ᠪᠠ ᠲᠠᠷᠢᠶᠠᠴᠢᠨ᠎ᠤ ᠬᠦᠴᠦ ᠶᠠᠪᠤᠭᠰᠠᠳ᠎ᠤᠨ ᠴᠠᠯᠢᠩ ᠥᠭᠬᠦ ᠪᠠ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ ᠪᠠᠲᠤᠯᠠᠬᠤ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠬᠢᠬᠦ ᠵᠢᠨ ᠬᠠᠮᠲᠤ ᠪᠠᠶ᠋ᠢᠴᠠᠭ᠋ᠠᠭᠰᠠᠨ ᠡᠳᠦᠷ᠎ᠤᠨ ᠲᠡᠮᠳᠡᠭᠯᠡᠯ ᠵᠶ᠋ᠠᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠳᠠᠮᠵᠢᠭᠤᠯᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠷᠢᠶ᠎ᠠ ᠪᠦᠬᠦᠢ ᠠᠵᠤ ᠠᠬᠤᠶ ᠵᠢᠨ ᠨᠡᠭᠡᠭᠡᠯᠲᠡ ᠵᠢᠨ ᠬᠦᠷᠢᠶᠡᠯᠡᠩ ᠲᠣᠭᠤᠷᠢᠭ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠣᠷᠬᠠᠶ᠋ᠢᠯᠠᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠭᠤᠴᠢᠨ ᠵᠢᠷᠭᠤᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ᠂ ᠬᠢᠨᠠᠨ ᠪᠠᠶ᠋ᠢᠴᠠᠭ᠋ᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠵᠢᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠪᠠᠶ᠋ᠢᠭᠤᠯᠵᠤ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠬᠡᠷᠡᠭᠲᠡᠶ᠃
ᠭᠤᠴᠢᠨ ᠳᠣᠯᠣᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠨ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ᠎ᠳᠤ ᠢᠲᠡᠭᠡᠮᠵᠢ ᠠᠯᠳᠠᠭᠰᠠᠨ ᠨᠡᠷᠡᠰ᠎ᠢ ᠮᠠᠭ᠋ᠠᠳᠯᠠᠨ ᠲᠣᠭᠲᠠᠭ᠋ᠠᠬᠤ᠂ ᠵᠢᠭᠰᠠᠭ᠋ᠠᠨ ᠣᠷᠣᠭᠤᠯᠬᠤ᠂ ᠢᠯᠡ ᠪᠣᠯᠭ᠋ᠠᠬᠤ᠂ ᠬᠦᠷᠭᠡᠬᠦ ᠵᠡᠷᠭᠡ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠬᠠᠤᠯᠢ ᠶᠣᠰᠣᠭ᠋ᠠᠷ ᠥᠷᠨᠢᠭᠦᠯᠵᠦ᠂ ᠮᠠᠭᠤ ᠰᠠᠨᠠᠭ᠎ᠠ᠎ᠲᠠᠢ᠎ᠪᠠᠷ ᠴᠠᠯᠢᠩ ᠥᠷᠢᠲᠦᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠢᠲᠡᠭᠡᠮᠵᠢ ᠵᠢᠨ ᠬᠢᠵᠠᠭ᠋ᠠᠷᠯᠠᠯ᠎ᠢ ᠴᠢᠩᠭ᠋ᠠᠷᠠᠭᠤᠯᠬᠤ ᠬᠡᠷᠡᠭᠲᠡᠶ᠃
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠥᠮᠦᠨ ᠬᠡᠷᠡᠭᠯᠡᠬᠦ ᠨᠢᠭᠡᠴᠢ ᠵᠢᠨ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨᠨᠢ ᠢᠲᠡᠭᠡᠮᠵᠢ ᠠᠯᠳᠠᠭᠰᠠᠨ ᠠᠵᠢᠯᠯᠠᠭ᠎ᠠ᠎ᠳᠤ ᠲᠤᠭ᠋ᠠᠴᠢᠭᠳᠠᠨᠠ ᠭᠡᠵᠦ ᠮᠠᠭ᠋ᠠᠳᠯᠠᠨ ᠲᠣᠭᠲᠠᠭ᠋ᠠᠭᠰᠠᠨ ᠪᠠᠶ᠋ᠢᠪᠠᠯ᠂ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠲᠤᠰ ᠬᠥᠮᠦᠨ ᠬᠡᠷᠡᠭᠯᠡᠬᠦ ᠨᠢᠭᠡᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠤᠤᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠵᠢ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠢᠲᠡᠭᠡᠮᠵᠢ ᠠᠯᠳᠠᠭᠰᠠᠨ᠎ᠢ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠲᠤ ᠵᠢᠭᠰᠠᠭ᠋ᠠᠨ ᠣᠷᠣᠭᠤᠯᠬᠤ ᠲᠣᠭᠲᠠᠭ᠋ᠠᠯ ᠭᠠᠷᠭ᠋ᠠᠨ᠎ᠠ᠂ ᠲᠣᠭᠲᠠᠭ᠋ᠠᠯ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠨ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ ᠢᠲᠡᠭᠡᠮᠵᠢ ᠠᠯᠳᠠᠭᠰᠠᠨ ᠬᠥᠮᠦᠨ ᠬᠡᠷᠡᠭᠯᠡᠬᠦ ᠨᠢᠭᠡᠴᠢ ᠪᠠ ᠢᠲᠡᠭᠡᠮᠵᠢ ᠠᠯᠳᠠᠭᠰᠠᠨ ᠬᠥᠮᠦᠰ᠎ᠤᠨ ᠮᠡᠳᠡᠭᠡ ᠵᠠᠩᠭᠢ ᠵᠢ ᠠᠳᠠᠯᠢ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠲᠤ ᠬᠠᠮᠲᠤ᠎ᠪᠠᠷ ᠬᠦᠷᠭᠡᠬᠦ ᠵᠢᠨ ᠬᠠᠮᠲᠤ ᠠᠳᠠᠯᠢ ᠱᠠᠲᠤᠨ᠎ᠤ ᠪᠤᠶᠤ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠳᠠᠮᠵᠢᠭᠤᠯᠤᠨ ᠬᠦᠷᠭᠡᠬᠦ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠢᠲᠡᠭᠡᠮᠵᠢ ᠠᠯᠳᠠᠭᠰᠠᠳ᠎ᠤᠨ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠢ ᠣᠯᠣᠭᠰᠠᠨ᠎ᠤ ᠳᠠᠷᠠᠭ᠋ᠠᠬᠢ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ ᠢᠲᠡᠭᠡᠮᠵᠢ ᠠᠯᠳᠠᠭᠰᠠᠨ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠬᠠᠮᠲᠤ᠎ᠪᠠᠷ ᠬᠦᠷᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠰᠢᠮᠳᠠᠭᠤᠯᠵᠤ ᠪᠠᠶ᠋ᠢᠭ᠋ᠠᠳ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠢᠲᠡᠭᠡᠮᠵᠢ ᠠᠯᠳᠠᠭᠰᠠᠳ᠎ᠤᠨ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠢ ᠬᠠᠤᠯᠢ ᠶᠣᠰᠣᠭ᠋ᠠᠷ ᠬᠢᠵᠠᠭ᠋ᠠᠷᠯᠠᠬᠤ ᠪᠠ ᠵᠠᠯᠬᠠᠭ᠋ᠠᠨ ᠴᠡᠭᠡᠷᠯᠡᠭᠦᠯᠬᠦ ᠬᠡᠷᠡᠭᠲᠡᠶ᠃
ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠪᠠᠯᠠ ᠮᠥᠩᠭᠦ ᠵᠢᠨ ᠳᠡᠮᠵᠢᠯᠭᠡ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠡᠨᠧᠷᠭᠢ ᠵᠡᠷᠭᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠳᠤ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ ᠪᠠᠯᠠ ᠲᠣᠬᠢᠷᠠᠭᠤᠯᠭ᠎ᠠ ᠵᠢᠨ ᠵᠢᠭᠡᠯᠡᠯᠭᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠵᠢᠯᠴᠢᠨ᠎ᠤ ᠡᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠤᠳ ᠵᠠᠮ ᠬᠠᠷᠢᠯᠴᠠᠭ᠎ᠠ ᠶᠠᠪᠣᠵᠦ ᠰᠠᠭᠤᠬᠤ ᠵᠡᠷᠭᠡ ᠲᠠᠯ᠎ᠠ᠎ᠪᠠᠷ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠢᠲᠡᠭᠡᠮᠵᠢ ᠠᠯᠳᠠᠭᠰᠠᠨ ᠬᠥᠮᠦᠨ ᠬᠡᠷᠡᠭᠯᠡᠬᠦ ᠨᠢᠭᠡᠴᠢ ᠪᠠ ᠢᠲᠡᠭᠡᠮᠵᠢ ᠠᠯᠳᠠᠭᠰᠠᠨ ᠬᠥᠮᠦᠰ᠎ᠢ ᠬᠠᠤᠯᠢ ᠲᠣᠭᠲᠠᠭ᠋ᠠᠯ ᠶᠣᠰᠣᠭ᠋ᠠᠷ ᠬᠢᠵᠠᠭ᠋ᠠᠷᠯᠠᠨ᠎ᠠ᠃
ᠭᠤᠴᠢ ᠶᠢᠰᠦᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠥᠮᠦᠨ ᠬᠡᠷᠡᠭᠯᠡᠬᠦ ᠨᠢᠭᠡᠴᠢ ᠵᠢᠴᠢ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠠᠤᠯᠢ ᠵᠢ ᠰᠠᠬᠢᠬᠤ ᠦᠨᠡᠨᠴᠢ ᠢᠲᠡᠭᠡᠮᠵᠢ ᠵᠢᠨ ᠳᠠᠩᠰᠠ ᠡᠪᠬᠡᠮᠡᠯ ᠪᠠᠶ᠋ᠢᠭᠤᠯᠵᠤ᠂ ᠬᠥᠮᠦᠨ ᠬᠡᠷᠡᠭᠯᠡᠬᠦ ᠨᠢᠭᠡᠴᠢ᠎ᠳᠤ ᠬᠠᠤᠯᠢ ᠵᠢ ᠰᠠᠬᠢᠬᠤ ᠦᠨᠡᠨᠴᠢ ᠢᠲᠡᠭᠡᠮᠵᠢ ᠵᠢᠨ ᠵᠡᠷᠭᠡ ᠲᠠᠰ᠎ᠤᠨ ᠦᠨᠡᠯᠡᠯᠲᠡ ᠬᠢᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠯᠲᠠ ᠵᠢᠨ ᠡᠳᠦᠷ ᠲᠤᠲᠤᠮ᠎ᠤᠨ ᠲᠣᠭᠤᠷᠢᠨ ᠪᠠᠶ᠋ᠢᠴᠠᠭ᠋ᠠᠬᠤ ᠤᠳᠠᠭ᠎ᠠ᠂ ᠴᠠᠯᠢᠩ᠎ᠤᠨ ᠪᠠᠲᠤᠯᠠᠭ᠎ᠠ ᠵᠢᠨ ᠮᠥᠩᠭᠦ ᠵᠢ ᠬᠠᠳᠠᠭ᠋ᠠᠯᠠᠬᠤ ᠬᠠᠷᠢᠴᠠᠯ᠂ ᠴᠠᠯᠢᠩ᠎ᠤᠨ ᠪᠠᠲᠤᠯᠠᠭ᠎ᠠ ᠵᠢᠨ ᠮᠥᠩᠭᠦ ᠵᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ᠎ᠪᠠᠷ ᠬᠠᠤᠯᠢ ᠶᠣᠰᠣᠭ᠋ᠠᠷ ᠵᠥᠷᠢᠶᠡᠴᠢᠯᠡᠭᠰᠡᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃
ᠬᠥᠮᠦᠨ ᠬᠡᠷᠡᠭᠯᠡᠬᠦ ᠨᠢᠭᠡᠴᠢ᠎ᠨᠢ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠬᠦᠨᠳᠦ ᠨᠣᠴᠢᠲᠠᠶ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠲᠠᠢ ᠪᠠᠶ᠋ᠢᠪᠠᠯ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠥᠷᠢᠲᠦᠵᠦ ᠪᠠᠶ᠋ᠢᠭ᠎ᠠ ᠬᠦᠯᠦᠰᠦᠨ ᠲᠠᠷᠢᠶᠠᠴᠢᠨ᠎ᠤ ᠴᠠᠯᠢᠩ᠎ᠢ ᠵᠠᠷᠯᠢᠭᠳᠠᠨ ᠦᠭᠬᠦᠬᠦᠯᠬᠦ ᠲᠣᠭᠲᠠᠭ᠋ᠠᠯ ᠭᠠᠷᠭ᠋ᠠᠵᠦ᠂ ᠬᠤᠯᠪᠣᠭᠳᠠᠯ ᠪᠦᠬᠦᠢ ᠨᠢᠭᠡᠴᠢ᠎ᠨᠢ ᠥᠭᠬᠦ ᠦᠭᠡᠶ ᠪᠠᠶ᠋ᠢᠪᠠᠯ ᠠᠷᠠᠳ᠎ᠤᠨ ᠰᠢᠭᠦᠬᠦ ᠬᠤᠷᠢᠶᠠᠨ᠎ᠳᠤ ᠠᠯᠪᠠᠳᠠᠨ ᠭᠦᠢ᠍ᠴᠡᠳᠬᠡᠬᠦᠯᠬᠦᠪᠠᠷ ᠬᠠᠤᠯᠢ ᠶᠣᠰᠣᠭ᠋ᠠᠷ ᠭᠤᠶᠣᠴᠢᠯᠠᠵᠦ ᠪᠣᠯᠤᠨ᠎ᠠ᠃
ᠳᠥᠴᠢᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠵᠦ ᠪᠠᠶ᠋ᠢᠭ᠎ᠠ ᠵᠢ ᠪᠢᠴᠢᠭ᠂ ᠳ᠋ᠢᠶᠠᠩᠬᠤᠸᠠ᠂ ᠣᠬᠤᠷ ᠴᠢᠮᠡᠭᠡ ᠵᠡᠷᠭᠡ ᠨᠣᠲᠠᠯᠠᠵᠦ ᠳᠡᠶ᠋ᠢᠯᠬᠦ ᠬᠦᠮᠦᠨ ᠬᠡᠷᠡᠭᠯᠡᠬᠦ ᠨᠢᠭᠡᠴᠢ ᠪᠤᠶᠤ ᠬᠤᠪᠢ ᠬᠥᠮᠦᠨ᠎ᠤ ᠣᠯᠵᠦ ᠮᠡᠳᠡᠭᠰᠡᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠣᠭᠲᠠᠭ᠋ᠠᠭᠰᠠᠨ ᠴᠠᠭ ᠬᠤᠭᠤᠴᠠᠭ᠋ᠠᠨ᠎ᠳᠤ ᠲᠣᠭᠲᠠᠭ᠋ᠠᠭᠰᠠᠨ ᠭᠠᠵᠠᠷ᠎ᠲᠤ ᠬᠦᠷᠴᠦ ᠬᠦᠯᠦᠰᠦᠨ ᠲᠠᠷᠢᠶᠠᠴᠢᠨ᠎ᠳᠤ ᠴᠠᠯᠢᠩ ᠥᠭᠬᠦ ᠵᠢ ᠬᠠᠮᠵᠢᠯᠴᠠᠨ ᠰᠢᠢ᠍ᠳᠪᠦᠷᠢᠯᠡᠬᠦ ᠵᠢ ᠲᠡᠲᠡᠨ᠎ᠳᠤ ᠮᠡᠳᠡᠭᠳᠡᠵᠦ᠂ ᠲᠣᠭᠲᠠᠭ᠋ᠠᠭᠰᠠᠨ ᠭᠠᠵᠠᠷ᠎ᠲᠤ ᠴᠠᠭ ᠲᠣᠬᠠᠢᠳᠤᠨᠢ ᠣᠴᠢᠵᠦ ᠬᠠᠮᠵᠢᠨ ᠰᠢᠢ᠍ᠳᠪᠦᠷᠢᠯᠡᠬᠦ ᠵᠢ ᠲᠡᠪᠴᠢᠭᠰᠡᠨ ᠪᠣᠶᠣ ᠴᠠᠯᠢᠩ ᠦᠷᠢᠲᠦᠭᠰᠡᠨ ᠰᠦᠪᠡᠭᠴᠢ ᠵᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠨ᠎ᠡ᠃
ᠳᠥᠴᠢᠨ ᠨᠢᠭᠡᠳᠦᠭᠡᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠠᠷᠠᠳ᠎ᠤᠨ ᠰᠢᠭᠦᠬᠦ ᠬᠤᠷᠢᠶ᠎ᠠ ᠵᠡᠷᠭᠡ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠬᠦ᠂ ᠵᠥᠪᠳᠡᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ᠂ ᠴᠠᠯᠢᠩ ᠦᠷᠢᠲᠦᠭᠰᠡᠨ ᠰᠦᠪᠡᠭᠴᠢ ᠵᠢ ᠬᠦᠯᠢᠶᠡᠨ ᠠᠪᠴᠤ ᠰᠢᠢ᠍ᠳᠪᠦᠷᠢᠯᠡᠬᠦ᠂ ᠵᠠᠰᠠᠭ ᠵᠠᠬᠢᠷᠭ᠋ᠠᠨ ᠵᠶ᠋ᠠᠷ ᠰᠢᠢ᠍ᠳᠬᠡᠯ ᠲᠣᠷᠭ᠋ᠠᠭᠤᠯᠢ᠂ ᠵᠠᠷᠭᠤ ᠵᠢᠨ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ᠂ ᠰᠢᠭᠦᠨ ᠲᠠᠰᠤᠯᠵᠤ ᠭᠦᠢ᠍ᠴᠡᠳᠬᠡᠬᠦ ᠵᠡᠷᠭᠡ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠬᠦ ᠬᠡᠷᠡᠭᠲᠡᠶ᠃
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠥᠮᠦᠨ ᠬᠡᠷᠡᠭᠯᠡᠬᠦ ᠨᠢᠭᠡᠴᠢ ᠪᠤᠶᠤ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ ᠵᠡᠷᠭᠡ ᠬᠥᠳᠡᠯᠮᠦᠷᠢ ᠵᠢᠨ ᠬᠥᠯᠥᠰᠥ ᠣᠯᠭᠤᠮᠵᠢ ᠥᠭᠬᠦ ᠵᠢ ᠲᠡᠪᠴᠢᠭᠰᠡᠨ ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠬᠡᠷᠡᠭ᠎ᠤᠨ ᠮᠠᠲ᠋ᠧᠷᠢᠶᠠᠯ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠬᠦ ᠵᠢᠨ ᠬᠠᠮᠲᠤ ᠠᠳᠠᠯᠢ ᠱᠠᠲᠤᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠳᠤ ᠬᠠᠭᠤᠯᠤᠨ ᠬᠦᠷᠭᠡᠬᠦ ᠬᠡᠷᠡᠭᠲᠡᠶ᠃
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠢᠯᠵᠢᠭᠦᠯᠦᠨ ᠬᠦᠷᠭᠡᠭᠰᠡᠨ ᠬᠡᠷᠡᠭ᠎ᠤᠨ ᠮᠠᠲ᠋ᠧᠷᠢᠶᠠᠯ᠎ᠢ ᠲᠡᠷᠡ ᠳᠠᠷᠤᠢ᠎ᠳᠤ᠎ᠨᠢ ᠬᠢᠨᠠᠨ ᠪᠠᠶ᠋ᠢᠴᠠᠭ᠋ᠠᠵᠤ᠂ ᠬᠠᠤᠯᠢ ᠶᠣᠰᠣᠭ᠋ᠠᠷ ᠴᠠᠭ ᠲᠤᠬᠠᠶ᠎ᠳᠤᠨᠢ ᠬᠡᠷᠡᠭ ᠪᠣᠯᠭ᠋ᠠᠨ ᠳᠠᠩᠰᠠᠯᠠᠬᠤ ᠪᠤᠶᠤ ᠦᠯᠦ ᠬᠡᠷᠡᠭ ᠪᠣᠯᠭ᠋ᠠᠨ ᠳᠠᠩᠰᠠᠯᠠᠬᠤ ᠰᠢᠢ᠍ᠳᠪᠦᠷᠢ ᠭᠠᠷᠭ᠋ᠠᠬᠤ ᠵᠢᠨ ᠬᠠᠮᠲᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠳᠤ ᠬᠠᠭᠤᠯᠤᠨ ᠬᠦᠷᠭᠡᠬᠦ ᠬᠡᠷᠡᠭᠲᠡᠶ᠃
ᠳᠥᠴᠢᠨ ᠬᠤᠶᠠᠳᠤᠭ᠋ᠠᠷ ᠵᠤᠷᠪᠣᠰ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠶᠠᠯ᠎ᠠ ᠬᠢᠭᠰᠡᠨ ᠰᠡᠵᠢᠭᠯᠡᠯᠲᠡᠢ ᠰᠦᠪᠡᠭᠴᠢ ᠵᠢ ᠰᠢᠯᠵᠢᠭᠦᠯᠦᠨ ᠬᠦᠷᠭᠡᠬᠦ ᠶᠣᠰᠣᠲᠠᠢ ᠪᠠᠶ᠋ᠢᠲᠠᠯ᠎ᠠ ᠰᠢᠯᠵᠢᠭᠦᠯᠦᠨ ᠬᠦᠷᠭᠡᠬᠦ ᠦᠭᠡᠢ ᠪᠠᠶ᠋ᠢᠪᠠᠯ ᠰᠢᠪᠳᠠᠵᠦ ᠪᠠᠶ᠋ᠢᠭ᠋ᠠᠳ ᠰᠢᠯᠵᠢᠭᠦᠯᠦᠨ ᠬᠦᠷᠭᠡᠬᠦ ᠬᠡᠷᠡᠭᠲᠡᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠬᠡᠷᠡᠭ ᠪᠣᠯᠭ᠋ᠠᠨ ᠳᠠᠩᠰᠠᠯᠠᠬᠤ ᠶᠣᠰᠣᠲᠠᠢ ᠪᠠᠢ᠍ᠲᠠᠯᠠ ᠬᠡᠷᠡᠭ ᠪᠣᠯᠭ᠋ᠠᠨ ᠳᠠᠩᠰᠠᠯᠠᠭᠰᠠᠨ ᠦᠭᠡᠢ ᠪᠠᠶ᠋ᠢᠪᠠᠯ ᠬᠡᠷᠡᠭ ᠪᠣᠯᠭ᠋ᠠᠨ ᠳᠠᠩᠰᠠᠯᠠᠬᠤ᠎ᠳᠤ ᠬᠢᠨᠠᠯᠲᠠ ᠲᠠᠯᠪᠢᠬᠤ ᠵᠢᠷᠤᠮ᠎ᠢ ᠬᠠᠣᠯᠢ ᠶᠣᠰᠣᠭ᠋ᠠᠷ ᠡᠬᠢᠯᠡᠭᠦᠯᠦᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠬᠤᠣᠰ ᠴᠢᠭᠯᠡᠯ ᠵᠶ᠋ᠠᠷ ᠵᠣᠯᠭ᠋ᠠᠭᠤᠯᠬᠤ ᠲᠣᠭᠲᠠᠴᠠ ᠵᠢ ᠴᠢᠩᠭ᠋ᠠᠳᠬᠠᠵᠤ᠂ ᠬᠦᠯᠦᠰᠦᠨ ᠲᠠᠷᠢᠶᠠᠴᠢᠨ᠎ᠤ ᠴᠠᠯᠢᠩ ᠦᠷᠢᠲᠦᠭᠰᠡᠨ᠎ᠠᠴᠠ ᠪᠤᠯᠵᠦ ᠡᠷᠬᠡ᠎ᠪᠠᠨ ᠬᠠᠮᠠᠭ᠋ᠠᠯᠠᠬᠤ᠎ᠳᠤ ᠬᠦᠴᠢᠷᠳᠡᠯ᠎ᠲᠠᠢ ᠪᠠᠶ᠋ᠢᠪᠠᠯ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠠᠴᠠ ᠲᠡᠭᠦᠨ᠎ᠤ ᠠᠷᠠᠳ᠎ᠤᠨ ᠰᠢᠭᠦᠬᠦ ᠬᠤᠷᠢᠶ᠎ᠠ᠎ᠳᠤ ᠢᠷᠭᠡᠨ᠎ᠤ ᠬᠡᠷᠡᠭ᠎ᠤᠨ ᠵᠠᠭ᠋ᠠᠯᠳᠣᠯᠭ᠎ᠠ ᠭᠠᠷᠭ᠋ᠠᠬᠤ ᠵᠢ ᠳᠡᠮᠵᠢᠵᠦ ᠪᠣᠯᠣᠨ᠎ᠠ᠃ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠶ ᠪᠠᠶ᠋ᠢᠪᠠᠯ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠬᠠᠤᠯᠢ ᠶᠣᠰᠣᠭ᠋ᠠᠷ ᠰᠢᠮᠳᠠᠭᠤᠯᠤᠨ ᠵᠠᠯᠠᠷᠠᠭᠤᠯᠵᠤ ᠪᠣᠯᠤᠨ᠎ᠠ᠃
ᠠᠷᠠᠳ᠎ᠤᠨ ᠰᠢᠭᠦᠬᠦ ᠬᠤᠷᠢᠶ᠎ᠠ ᠬᠠᠤᠯᠢ ᠶᠣᠰᠣᠭ᠋ᠠᠷ ᠰᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠭᠦᠢ᠍ᠴᠡᠳᠬᠡᠵᠦ᠂ ᠰᠠᠭ᠋ᠠᠳ ᠦᠭᠡᠶ ᠨᠡᠪᠲᠡᠷᠡᠬᠦ ᠵᠠᠮ᠎ᠢ ᠨᠡᠭᠡᠭᠡᠵᠦ᠂ ᠰᠦᠯᠵᠢᠶᠡᠨ ᠳᠡᠭᠡᠷ᠎ᠡ ᠬᠡᠷᠡᠭ ᠪᠣᠯᠭ᠋ᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭ᠋ᠠᠨ ᠳᠠᠩᠰᠠᠯᠠᠬᠤ᠂ ᠲᠣᠭᠤᠷᠢᠨ ᠰᠢᠭᠦᠨ ᠲᠠᠰᠤᠯᠬᠤ᠂ ᠰᠦᠯᠵᠢᠶᠡᠨ ᠳᠡᠭᠡᠷ᠎ᠡ ᠡᠶᠡᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠦᠯᠦᠰᠦᠨ ᠲᠠᠷᠢᠶᠠᠴᠢᠨ᠎ᠤ ᠡᠷᠬᠡ᠎ᠪᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠬᠤ ᠬᠡᠷᠡᠭᠲᠡᠶ᠃ ᠤᠷᠢᠳ ᠵᠶ᠋ᠠᠷ ᠭᠦᠢ᠍ᠴᠡᠳᠬᠡᠬᠦ ᠳᠡᠰ ᠳᠠᠷᠠᠭ᠋ᠠᠯᠠᠯ᠂ ᠳᠥᠭᠦᠮ ᠳᠡᠰ ᠳᠠᠷᠠᠭ᠋ᠠᠯᠠᠯ ᠪᠣᠯᠤᠨ ᠪᠠᠭ᠎ᠠ ᠲᠣᠭ᠋ᠠᠨ᠎ᠤ ᠲᠦᠷᠭᠡᠨ ᠲᠠᠰᠤᠯᠬᠤ ᠳᠡᠰ ᠳᠠᠷᠠᠭ᠋ᠠᠯᠠᠯ ᠵᠡᠷᠭᠡ ᠵᠢ ᠬᠠᠤᠯᠢ ᠶᠣᠰᠣᠭ᠋ᠠᠷ ᠬᠡᠷᠡᠭᠯᠡᠨ ᠲᠦᠷᠭᠡᠨ ᠲᠣᠭᠲᠠᠭ᠋ᠠᠵᠤ ᠲᠦᠷᠭᠡᠨ ᠰᠢᠭᠦᠨ ᠲᠠᠰᠣᠯᠵᠦ ᠲᠦᠷᠭᠡᠨ ᠭᠦᠢ᠍ᠴᠡᠳᠬᠡᠵᠦ᠂ ᠰᠢᠭᠦᠨ ᠲᠠᠰᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠰᠢᠭᠦᠨ ᠲᠠᠰᠤᠯᠬᠤ ᠭᠦᠢ᠍ᠴᠡᠳᠬᠡᠬᠦ ᠦᠷ᠎ᠡ ᠪᠦᠲᠦᠮᠵᠢ ᠵᠢ ᠴᠢᠩᠭ᠋ᠠᠳᠬᠠᠵᠤ᠂ ᠬᠦᠯᠦᠰᠦᠨ ᠲᠠᠷᠢᠶᠠᠴᠢᠨ᠎ᠤ ᠡᠷᠬᠡ ᠠᠰᠢᠭ᠎ᠢ ᠪᠠᠲᠣᠯᠠᠨ᠎ᠠ᠃
ᠳᠥᠴᠢᠨ ᠭᠤᠷᠪᠠᠳᠤᠭ᠋ᠠᠷ ᠵᠤᠷᠪᠣᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠡᠭᠡᠷ᠎ᠡ ᠨᠢᠭᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ ᠵᠢᠨ ᠬᠠᠮᠲᠤ ᠲᠤᠰ ᠰᠠᠯᠠᠭ᠎ᠠ ᠮᠥᠴᠢᠷ᠎ᠤᠨ ᠣᠨ᠎ᠤ ᠰᠢᠯᠭ᠋ᠠᠨ ᠬᠢᠨᠠᠵᠤ ᠦᠨᠡᠯᠡᠬᠦ᠎ᠳᠤ ᠣᠷᠣᠭᠤᠯᠤᠨ᠎ᠠ᠄
(ᠨᠢᠭᠡ) ᠢᠨᠵᠧᠨᠧᠷᠢᠩ᠎ᠤᠨ ᠲᠥᠷᠥᠯ ᠵᠦᠢ᠍ᠯ᠎ᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠣᠷᠣᠭᠤᠯᠬᠤ᠎ᠳᠤ ᠬᠢᠨᠠᠯᠲᠠ ᠲᠠᠯᠪᠢᠭᠰᠠᠨ ᠦᠭᠡᠢ᠂
(ᠬᠤᠶᠠᠷ) ᠢᠨᠵᠧᠨᠧᠷᠢᠩ᠎ᠤᠨ ᠲᠥᠷᠥᠯ ᠵᠦᠢ᠍ᠯ᠎ᠢ ᠮᠠᠭ᠋ᠠᠳᠯᠠᠨ ᠲᠣᠭᠲᠠᠭ᠋ᠠᠬᠤ᠂ ᠵᠢᠭᠰᠠᠭ᠋ᠠᠨ ᠣᠷᠣᠭᠤᠯᠬᠤ᠂ ᠢᠯᠡ ᠪᠣᠯᠭ᠋ᠠᠬᠤ᠂ ᠬᠦᠷᠭᠡᠬᠦ᠂ ᠮᠡᠳᠡᠭᠡ ᠵᠠᠩᠬᠢᠴᠢᠯᠠᠭᠰᠠᠨ ᠦᠨᠡᠨ ᠨᠡᠷ᠎ᠡ ᠵᠢᠨ ᠲᠦᠷᠢᠮ᠎ᠤᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠣᠷᠢᠵᠢᠭᠤᠯᠬᠤ ᠵᠢ ᠰᠢᠮᠳᠠᠭᠤᠯᠣᠭᠰᠠᠨ ᠦᠭᠡᠢ᠂
(ᠭᠤᠷᠪᠠ) ᠢᠨᠵᠧᠨᠧᠷᠢᠩ᠎ᠤᠨ ᠲᠥᠷᠥᠯ ᠵᠦᠢ᠍ᠯ᠎ᠳᠤ ᠢᠨᠵᠧᠨᠧᠷᠢᠩ᠎ᠤᠨ ᠵᠣᠭᠤᠰ᠎ᠢ ᠦᠭᠬᠦ ᠳᠠᠭ᠋ᠠᠭ᠋ᠠᠯᠲᠠ᠂ ᠬᠥᠮᠦᠨ᠎ᠤ ᠬᠦᠴᠦᠨ᠎ᠤ ᠵᠠᠷᠤᠳᠠᠯ᠎ᠢ ᠲᠠᠩᠰᠠ ᠬᠤᠪᠢᠶᠠᠨ ᠬᠠᠮᠢᠶᠠᠷᠬᠤ᠂ ᠬᠥᠯᠥᠰᠥᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠪᠠ ᠪᠠᠲᠤᠯᠠᠭ᠎ᠠ ᠵᠢᠨ ᠮᠥᠩᠭᠦ᠂ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ ᠵᠢᠨ ᠴᠠᠯᠢᠩ᠎ᠢ ᠣᠷᠣᠯᠠᠨ ᠦᠭᠬᠦ ᠲᠦᠷᠢᠮ᠎ᠢ ᠴᠠᠯᠢᠩ᠎ᠢ ᠨᠡᠬᠡᠵᠦ ᠠᠪᠬᠤ᠂ ᠡᠰᠡᠬᠦᠯ᠎ᠡ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠨᠡᠷ᠎ᠡ᠎ᠪᠠᠷ ᠢᠨᠵᠧᠨᠧᠷᠢᠩ᠎ᠤᠨ ᠵᠣᠭᠤᠰ᠎ᠢ ᠨᠡᠬᠡᠵᠦ ᠠᠪᠬᠤ ᠵᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠳᠥᠴᠢᠨ ᠳᠣᠯᠣᠳᠤᠭ᠋ᠠᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ》᠂ 《ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ》 ᠵᠡᠷᠭᠡ ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠬᠡᠬᠦ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠳᠥᠴᠢᠨ ᠨᠠᠢ᠍ᠮᠠᠳᠤᠭ᠋ᠠᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ᠂ ᠬᠥᠮᠦᠨ ᠬᠡᠷᠡᠭᠯᠡᠬᠦ ᠨᠢᠭᠡᠴᠢ ᠴᠠᠯᠢᠩ ᠦᠭᠬᠦ ᠡᠬᠡ ᠳᠠᠩᠰᠠ ᠵᠢ ᠬᠠᠭᠤᠷᠮᠠᠭᠯᠠᠨ᠂ ᠵᠣᠬᠢᠶᠠᠭᠰᠠᠨ᠂ ᠨᠢᠭᠤᠨ᠂ ᠳᠠᠯᠳᠠᠯᠠᠭᠰᠠᠨ ᠡᠰᠡᠬᠦᠯ᠎ᠡ ᠬᠠᠮᠢᠶ᠎ᠠ ᠪᠦᠬᠦᠢ ᠠᠵᠢᠯ᠎ᠤᠨ ᠡᠬᠡ ᠳᠠᠩᠰᠠ ᠵᠢ ᠬᠠᠤᠯᠢ ᠶᠣᠰᠣᠭ᠋ᠠᠷ ᠬᠠᠩᠭ᠋ᠠᠭᠰᠠᠨ ᠦᠭᠡᠶ ᠪᠠᠶ᠋ᠢᠪᠠᠯ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠣᠭᠤᠯᠣᠨᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠣᠭᠰᠠᠨ ᠦᠭᠡᠶ ᠪᠠᠶ᠋ᠢᠪᠠᠯ 2 ᠲᠦᠮᠡᠨ ᠲᠥᠭᠦᠷᠢᠭ᠎ᠠᠴᠠ ᠳᠡᠭᠡᠭᠰᠢ 5 ᠲᠦᠮᠡᠨ ᠲᠥᠭᠦᠷᠢᠭ᠎ᠠᠴᠠ ᠳᠣᠷᠣᠭᠰᠢ ᠵᠣᠭᠤᠰ᠎ᠪᠠᠷ ᠲᠣᠷᠭ᠋ᠠᠨ ᠰᠢᠢ᠍ᠳᠬᠡᠵᠦ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠤᠤᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠵᠢ 1 ᠲᠦᠮᠡᠨ ᠲᠥᠭᠦᠷᠢᠭ᠎ᠠᠴᠠ ᠳᠡᠭᠡᠭᠰᠢ 3 ᠲᠦᠮᠡᠨ ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ ᠰᠢᠢ᠍ᠳᠬᠡᠨ᠎ᠡ᠃
ᠳᠥᠴᠢ ᠶᠢᠰᠦᠳᠦᠭᠡᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ ᠵᠶ᠋ᠠᠷ ᠳᠠᠮᠵᠢᠭᠤᠯᠤᠨ ᠴᠠᠯᠢᠩ ᠥᠭᠬᠦ ᠬᠦᠰᠦᠨᠦᠭᠲᠦ ᠵᠢ ᠳᠡᠭᠡᠭᠰᠢ ᠮᠡᠳᠡᠭᠦᠯᠦᠭᠰᠡᠨ ᠦᠭᠡᠶ ᠪᠤᠶᠤ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠢᠢ᠍ᠳᠪᠦᠷᠢᠯᠡᠭᠰᠡᠨ ᠦᠭᠡᠶ ᠪᠠᠶ᠋ᠢᠪᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠣᠭᠤᠯᠣᠨᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠣᠭᠰᠠᠨ ᠦᠭᠡᠶ ᠪᠠᠶ᠋ᠢᠪᠠᠯ 5 ᠲᠦᠮᠡᠨ ᠲᠥᠭᠦᠷᠢᠭ᠎ᠠᠴᠠ ᠳᠡᠭᠡᠭᠰᠢ 10 ᠲᠦᠮᠡᠨ ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ ᠰᠢᠢ᠍ᠳᠬᠡᠨ᠎ᠡ᠃
ᠲᠠᠪᠢᠳᠤᠭ᠋ᠠᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ᠂ ᠪᠦᠲᠦᠭᠡᠨ ᠪᠠᠶ᠋ᠢᠭᠤᠯᠣᠯᠲᠠ ᠵᠢᠨ ᠨᠢᠭᠡᠴᠢ᠂ ᠪᠠᠷᠢᠯᠭ᠎ᠠ ᠵᠢᠨ ᠠᠵᠢᠯ᠎ᠢ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ᠎ᠨᠢ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ ᠵᠶ᠋ᠠᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ ᠲᠣᠬᠠᠢᠳᠤᠨᠢ ᠣᠷᠣᠭᠤᠯᠵᠦ ᠬᠢᠨᠠᠨ ᠬᠠᠮᠢᠶᠠᠷᠤᠭᠰᠠᠨ ᠦᠭᠡᠢ ᠪᠠᠶ᠋ᠢᠪᠠᠯ᠂ ᠪᠠᠷᠢᠯᠭ᠎ᠠ ᠵᠢᠨ ᠠᠵᠢᠯ᠎ᠢ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠪᠠᠷᠢᠯᠭ᠎ᠠ ᠪᠠᠷᠢᠬᠤ᠎ᠳᠤ ᠣᠷᠣᠯᠴᠠᠭᠰᠠᠨ ᠨᠢᠭᠡᠴᠢ ᠵᠢᠨ ᠮᠡᠳᠡᠭᠡ ᠵᠠᠩᠭᠢ᠂ ᠢᠨᠵᠧᠨᠧᠷᠢᠩ᠎ᠤᠨ ᠪᠠᠷᠢᠯᠭ᠎ᠠ ᠪᠠᠷᠢᠬᠤ ᠵᠥᠪᠰᠢᠶᠡᠷᠡᠯ᠂ ᠢᠨᠵᠧᠨᠧᠷᠢᠩ᠎ᠤᠨ ᠵᠣᠭᠤᠰ ᠥᠭᠬᠦ ᠳᠠᠭ᠋ᠠᠭ᠋ᠠᠯᠲᠠ᠂ ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ ᠦᠭᠬᠦ ᠵᠡᠷᠭᠡ ᠮᠡᠳᠡᠭᠡ ᠵᠠᠩᠭᠢ ᠵᠢ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠬᠢᠨᠠᠨ ᠡᠵᠡᠮᠳᠡᠵᠦ ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ ᠲᠤᠬᠠᠶ᠎ᠳᠤᠨᠢ ᠳᠡᠭᠡᠭᠰᠢ ᠳᠠᠮᠵᠢᠭᠤᠯᠤᠭᠰᠠᠨ ᠦᠭᠡᠶ᠂ ᠦᠨᠡᠨ ᠨᠡᠷ᠎ᠡ ᠵᠢᠨ ᠳᠦᠷᠢᠮ᠎ᠤᠨ ᠠᠵᠢᠯ᠎ᠳᠤ ᠭᠠᠷᠬᠤ ᠵᠢ ᠰᠢᠯᠭ᠋ᠠᠬᠤ ᠲᠦᠬᠦᠭᠡᠷᠦᠮᠵᠢ᠎ᠪᠠᠷ ᠳᠠᠮᠵᠢᠭᠤᠯᠣᠨ ᠡᠯᠰᠡᠨ ᠬᠡᠷᠡᠭᠯᠡᠭᠰᠡᠨ ᠬᠦᠯᠦᠰᠦᠨ ᠲᠠᠷᠢᠶᠠᠴᠢᠨ᠎ᠤ ᠮᠡᠳᠡᠭᠡ ᠵᠠᠩᠬᠢᠵᠢᠯᠲᠠ ᠵᠢᠨ ᠦᠨᠡᠨ ᠨᠡᠷ᠎ᠡ ᠵᠢᠨ ᠳᠦᠷᠢᠮᠲᠤ ᠠᠵᠢᠯ᠎ᠳᠤ ᠭᠠᠷᠬᠤ ᠵᠢ ᠰᠢᠯᠭ᠋ᠠᠭᠰᠠᠨ ᠪᠠᠶ᠋ᠢᠳᠠᠯ᠎ᠢ ᠦᠨᠡᠨ ᠮᠦᠨ ᠵᠶ᠋ᠠᠷ᠎ᠨᠢ ᠲᠡᠮᠳᠡᠭᠯᠡᠭᠰᠡᠨ ᠦᠭᠡᠢ ᠪᠠᠶ᠋ᠢᠪᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠣᠭᠤᠯᠣᠨᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠣᠭᠰᠠᠨ ᠦᠭᠡᠶ ᠪᠠᠶ᠋ᠢᠪᠠᠯ 5 ᠲᠦᠮᠡᠨ ᠲᠥᠭᠦᠷᠢᠭ᠎ᠠᠴᠠ ᠳᠡᠭᠡᠭᠰᠢ 10 ᠲᠦᠮᠡᠨ ᠲᠥᠭᠦᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ ᠰᠢᠢ᠍ᠳᠬᠡᠨ᠎ᠡ᠃
ᠲᠠᠪᠢᠨ ᠨᠢᠭᠡᠳᠦᠭᠡᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ᠂ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠰᠡᠬᠦ ᠪᠡᠯᠡ ᠮᠥᠩᠭᠦ᠎ᠨᠢ ᠪᠠᠷᠢᠮᠵᠢᠶ᠎ᠠ᠎ᠳᠤ ᠬᠦᠷᠦᠭᠰᠡᠨ ᠦᠭᠡᠢ ᠪᠣᠶᠣ ᠰᠢᠬᠠᠨ ᠡᠵᠡᠯᠡᠵᠦ᠂ ᠨᠡᠭᠦᠯᠭᠡᠨ ᠬᠡᠷᠡᠭᠯᠡᠭᠰᠡᠨ᠎ᠠᠴᠠ ᠪᠣᠯᠵᠤ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ᠂ ᠳᠡᠭᠡᠷ᠎ᠡ ᠨᠢᠭᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠬᠠᠷᠢᠭᠤᠴᠠᠯᠭ᠎ᠠ ᠡᠭᠦᠷᠭᠡᠯᠡᠵᠦ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ ᠵᠢᠨ ᠬᠠᠮᠲᠤ ᠲᠡᠭᠦᠨ᠎ᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠂ ᠴᠠᠯᠢᠩ ᠬᠥᠯᠥᠰᠥ ᠵᠢ᠎ᠨᠢ ᠬᠤᠪᠢᠶᠠᠷᠢᠯᠠᠬᠤ᠂ ᠰᠢᠯᠢᠳᠡᠭ᠎ᠢ᠎ᠨᠢ ᠰᠢᠯᠭ᠋ᠠᠷᠠᠭᠤᠯᠵᠦ ᠲᠡᠷᠢᠭᠦᠨ᠎ᠤ᠎ᠬᠢ ᠨᠢ ᠰᠢᠯᠭ᠋ᠠᠷᠠᠭᠤᠯᠬᠤ᠂ ᠲᠤᠰᠢᠶᠠᠯ᠎ᠢ᠎ᠨᠢ ᠳᠡᠪᠰᠢᠭᠦᠯᠬᠦ ᠵᠡᠷᠭᠡ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠡᠪᠲᠡᠷᠡᠭᠦᠯᠵᠦ᠂ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭ᠋ᠠᠲᠠᠨ ᠪᠤᠶᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠨ᠎ᠠ᠃
ᠲᠤᠰ ᠳᠦᠷᠢᠮ᠎ᠤᠨ ᠲᠣᠭᠲᠠᠭ᠋ᠠᠯ᠎ᠠᠴᠠ ᠵᠦᠷᠢᠴᠡᠵᠦ᠂ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠥᠷᠥᠯ ᠵᠦᠢ᠍ᠯ᠎ᠤᠨ ᠪᠡᠯᠡ ᠮᠥᠩᠭᠦ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠣᠷᠢᠵᠢᠭᠤᠯᠣᠭᠰᠠᠨ ᠦᠭᠡᠶ᠂ ᠪᠠᠷᠢᠯᠭ᠎ᠠ ᠪᠠᠷᠢᠬᠤ ᠨᠢᠭᠡᠴᠢ᠎ᠠᠴᠠ ᠪᠡᠯᠡ ᠮᠥᠩᠭᠦ ᠵᠢ ᠣᠷᠣᠯᠠᠨ ᠪᠦᠲᠦᠭᠡᠨ ᠪᠠᠶ᠋ᠢᠭᠤᠯᠵᠦ᠂ ᠪᠡᠯᠡ ᠣᠷᠣᠭᠤᠯᠤᠯᠲᠠ ᠵᠢᠨ ᠲᠦᠢ᠍ᠮᠣ ᠲᠥᠰᠦᠪ᠎ᠢ ᠳᠤᠷ᠎ᠠ᠎ᠪᠠᠷ ᠵᠶ᠋ᠠᠨ ᠨᠡᠮᠡᠭᠳᠡᠭᠦᠯᠦᠭᠰᠡᠨ ᠪᠤᠶᠤ ᠲᠥᠷᠥᠯ ᠵᠦᠢ᠍ᠯ᠎ᠤᠨ ᠪᠡᠯᠡ ᠮᠥᠩᠭᠦ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠵᠡᠷᠭᠡ᠎ᠠᠴᠠ ᠪᠣᠯᠵᠤ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠣᠳᠠᠭ᠋ᠠᠰᠢᠷᠠᠭᠤᠯᠣᠭᠰᠠᠨ ᠪᠠᠶ᠋ᠢᠪᠠᠯ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠲᠡᠮᠳᠡᠭᠯᠡᠯ᠎ᠳᠤ ᠣᠷᠣᠭᠤᠯᠣᠨ᠎ᠠ᠃
ᠲᠠᠪᠢᠨ ᠬᠤᠶᠠᠳᠤᠭ᠋ᠠᠷ ᠵᠤᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠤᠯᠣᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ᠎ᠪᠠᠨ ᠴᠠᠯᠢᠩ ᠥᠷᠢᠲᠦᠭᠰᠡᠨ ᠦᠨᠡᠨ ᠪᠣᠳᠠᠲᠠᠶ ᠠᠵᠢᠯᠯᠠᠭ᠎ᠠ ᠵᠢ᠎ᠨᠢ ᠪᠠᠶ᠋ᠢᠴᠠᠭ᠋ᠠᠨ ᠲᠣᠳᠣᠯᠠᠵᠤ᠂ ᠬᠠᠤᠯᠢ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠦᠭᠬᠦᠭᠦᠯᠬᠦ᠂ ᠵᠣᠭᠤᠰ ᠵᠶ᠋ᠠᠷ ᠲᠣᠷᠭ᠋ᠠᠬᠤ ᠵᠡᠷᠭᠡ ᠵᠠᠰᠠᠭ ᠵᠠᠬᠢᠷᠭ᠋ᠠᠨ᠎ᠤ ᠰᠢᠢ᠍ᠳᠪᠦᠷᠢᠯᠡᠯᠲᠡ ᠪᠣᠶᠣ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠦᠭᠴᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠬᠦᠨᠳᠦ᠎ᠪᠠᠷ ᠰᠢᠳᠬᠡᠨ ᠲᠣᠷᠭ᠋ᠠᠨ᠎ᠠ᠃
ᠲᠠᠪᠢᠨ ᠭᠤᠷᠪᠠᠳᠤᠭ᠋ᠠᠷ ᠵᠤᠷᠪᠣᠰ ᠲᠥᠷᠥ ᠵᠢᠨ ᠠᠵᠢᠯᠲᠠᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠳᠤᠮᠳᠠ ᠠᠯᠪᠠᠨ ᠲᠤᠰᠢᠶᠠᠯ ᠬᠠᠷᠢᠭᠤᠴᠠᠯᠭ᠎ᠠ᠎ᠪᠠᠨ ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠲᠠᠪᠢᠨ ᠳᠥᠷᠪᠡᠳᠦᠭᠡᠷ ᠵᠤᠷᠪᠣᠰ ᠲᠤᠰ ᠳᠦᠷᠢᠮ᠎ᠢ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃